2022-06-16 11:21:14
— ᠥᠪᠡᠷᠲᠡᠭᠡᠨ ᠵᠠᠰᠠᠬᠤ ᠣᠷᠣᠨ ᠤ᠋ ᠶᠡᠬᠡ ᠳᠡᠭᠡᠳᠦ ᠰᠤᠷᠭᠠᠭᠤᠯᠢ᠂ ᠤᠯᠤᠰ ᠤ᠋ᠨ ᠥᠮᠴᠢᠯᠡᠯ ᠦᠨ ᠠᠵᠤ ᠠᠬᠤᠢᠯᠠᠯ ᠤ᠋ᠨ ᠨᠠᠮ ᠤ᠋ᠨ ᠬᠣᠷᠢᠶᠠᠨ ᠤ᠋ ᠱᠦᠵᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ᠎ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠲᠤᠬᠠᠢ ᠶᠠᠷᠢᠭᠰᠠᠨ ᠨᠢ
ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠱᠦᠵᠢ ᠯᠢᠦ ᡁᠢ ᠢᠦᠢ᠄
ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠡᠭᠳᠠᠯᠠᠵᠤ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢ ᠠᠬᠤᠶ ᠶ᠋ᠢ ᠴᠡᠪᠡᠷᠰᠢᠭᠦᠯᠦᠨ᠂ ᠲᠤᠪᠤᠢᠮ᠎ᠠ ᠤᠨᠴᠠᠯᠢᠬ ᠪᠦᠬᠦᠢ ᠲᠡᠷᠢᠭᠦᠨ ᠤ᠋ ᠶᠡᠬᠡ ᠰᠤᠷᠭᠠᠭᠤᠯᠢ ᠶ᠋ᠢ ᠪᠥᠲᠥᠭᠡᠨ ᠪᠠᠢᠭᠤᠯᠬᠤ ᠳ᠋ᠦ ᠴᠢᠬᠤᠯᠠ ᠪᠠᠲᠤᠯᠠᠭ᠎ᠠ ᠬᠠᠩᠭᠠᠨ᠎ᠠ
ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠨᠠᠮ ᠤ᠋ᠨ ᠬᠣᠷᠢᠶ᠎ᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ᠎ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠪᠠᠢᠷᠢᠯᠠᠭᠤᠯᠤᠯᠲᠠ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠰᠤᠷᠭᠠᠨ ᠬᠥᠮᠦᠵᠢᠯ᠎ᠦᠨ ᠠᠵᠢᠯ ᠤ᠋ᠨ ᠬᠣᠷᠢᠶ᠎ᠠ ᠶ᠋ᠢᠨ ᠠᠵᠢᠯ ᠤ᠋ᠨ ᠲᠣᠬᠢᠷᠠᠭᠤᠯᠤᠯᠲᠠ ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ ᠢ᠋ ᠲᠤᠭᠲᠠᠭᠠᠬᠰᠠᠨ 》 ᠢ᠋ ᠤᠬᠠᠮᠰᠠᠷ᠎ᠠᠴᠠ᠎ᠪᠠᠨ ᠦᠨᠡᠨᠴᠢ ᠱᠢᠳᠤᠷᠭᠤ᠎ᠪᠠᠷ ᠬᠦᠷᠢᠶᠡᠯᠡᠵᠦ ᠂ 《 ᠬᠣᠶᠠᠷ ᠢ᠋ ᠬᠠᠮᠠᠭᠠᠯᠠᠬᠤ》ᠵᠢ ᠡᠷᠡᠰ ᠪᠡᠶᠡᠯᠡᠭᠦᠯᠬᠦ᠌ ᠦᠨᠳᠦᠷᠴᠡ᠎ᠳ᠋ᠤ ᠵᠣᠭ᠍ᠰᠣᠨ᠂ ᠨᠠᠮ ᠢ᠋ ᠬᠠᠮᠢᠶᠠᠷᠴᠤ᠌ ᠨᠠᠮ ᠢ᠋ ᠵᠠᠰᠠᠬᠤ᠂ ᠰᠤᠷᠭᠠᠭᠤᠯᠢ ᠡᠷᠭᠢᠯᠡᠵᠦ᠍ ᠰᠤᠷᠭᠠᠭᠤᠯᠢ ᠶ᠋ᠢ ᠵᠠᠰᠠᠬᠤ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠤᠨ᠂ ᠤᠨᠴᠠᠯᠢᠬ ᠲᠤᠪᠤᠢᠮ᠎ᠠ ᠲᠡᠷᠢᠭᠦᠨ᠎ᠦ ᠶᠡᠬᠡ ᠰᠤᠷᠭᠠᠭᠤᠯᠢ ᠶ᠋ᠢ ᠪᠥᠲᠥᠭᠡᠨ ᠪᠠᠢᠭᠤᠯᠬᠤ ᠳ᠋ᠦ ᠴᠢᠬᠤᠯᠠ ᠪᠠᠲᠤᠯᠠᠭ᠎ᠠ ᠬᠠᠩᠭᠠᠨ᠎ᠠ᠃
ᠬᠦᠰᠡᠯᠡᠩ ᠢᠲᠡᠭᠡᠯ ᠪᠢᠱᠢᠷᠡᠯ ᠵᠢᠡᠨ ᠪᠠᠲᠤᠳᠭᠠᠬᠤ ᠶ᠋ᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠥᠷᠨᠢᠭᠦᠯᠬᠦ᠌ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ᠎ᠪᠠᠷ ᠰᠦᠭ ᠰᠦᠨᠡᠰᠦ ᠶ᠋ᠢ ᠱᠤᠭᠤᠵᠤ ᠬᠥᠮᠦᠨ ᠢ᠋ ᠬᠦᠮᠦᠵᠢᠭᠦᠯᠦᠨ᠂ ᠨᠠᠮ ᠤ᠋ᠨ ᠭᠡᠱᠢᠭᠦᠨ ᠺᠠᠳ᠋ᠷᠴᠤᠳ ᠤ᠋ᠨ《 ᠤᠯᠤᠰ ᠤ᠋ᠨ ᠶᠡᠬᠡ ᠶᠠᠪᠤᠳᠠᠯ 》 ᠢ᠋ ᠢᠮᠠᠭ᠍ᠲᠠ ᠰᠡᠳᠬᠢᠯ ᠵᠢᠷᠤᠭᠡᠨ ᠳ᠋ᠡᠭᠡᠨ ᠪᠤᠳᠤᠬᠤ᠎ᠵᠢ ᠬᠦᠲᠦᠯᠦᠨ ᠵᠢᠯᠤᠭᠤᠳᠴᠤ᠂ ᠨᠠᠮ ᠤ᠋ᠨ ᠲᠥᠯᠥᠭᠡ ᠬᠥᠮᠦᠨ ᠬᠥᠮᠦᠵᠢᠭᠦᠯᠬᠦ᠌ ᠂ ᠤᠯᠤᠰ ᠤ᠋ᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠨ᠂ ᠦᠨᠳᠦᠰᠦᠲᠡᠨ᠎ᠦ ᠰᠡᠷᠭᠦᠨ ᠮᠠᠨᠳᠤᠯᠲᠠ ᠶ᠋ᠢᠨ ᠶᠡᠬᠡ ᠡᠭᠦᠷᠭᠡ ᠶ᠋ᠢ ᠡᠭᠦᠷᠭᠡᠯᠡᠬᠦ᠌ ᠴᠠᠭ ᠦᠶ᠎ᠡ ᠶ᠋ᠢᠨ ᠱᠢᠨ᠎ᠡ ᠬᠥᠮᠦᠨ ᠢ᠋ ᠲᠠᠰᠤᠷᠠᠯᠲᠠ ᠦᠭᠡᠢ ᠬᠦᠮᠦᠵᠢᠭᠦᠯᠦᠨ᠎ᠡ᠃
ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠦᠨᠳᠦᠰᠦᠨ ᠵᠢᠷᠤᠮᠵᠢᠯ ᠢ᠋ ᠴᠢᠩᠭ᠎ᠠ ᠬᠡᠷᠡᠭ᠌ᠵᠢᠭᠦᠯᠵᠦ᠍᠂ 《ᠬᠣᠶᠠᠷ ᠢ᠋ ᠲᠤᠭᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ ᠢ᠋ ᠭᠦᠨᠵᠡᠭᠡᠶ ᠤᠢᠯᠠᠭᠠᠨ᠂ 《ᠳᠥᠷᠪᠡᠨ ᠤᠬᠠᠮᠰᠠᠷ》ᠵᠢᠡᠨ ᠴᠢᠩᠭᠠᠳᠭᠠᠵᠤ ᠂ 《ᠳᠥᠷᠪᠡᠨ ᠢᠲᠡᠭᠡᠯ》ᠵᠢᠡᠨ ᠪᠠᠲᠤᠳᠭᠠᠨ᠂ 《ᠬᠣᠶᠠᠷ ᠢ᠋ ᠬᠠᠮᠠᠭᠠᠯᠠᠬᠤ 》ᠵᠢ ᠪᠡᠶᠡᠯᠡᠭᠦᠯᠵᠦ᠍᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ ᠶ᠋ᠢ ᠪᠠᠳᠠᠷᠠᠭᠤᠯᠤᠨ᠂ ᠲᠡᠮᠦᠷ ᠮᠡᠲᠦ ᠰᠠᠬᠢᠯᠭ᠎ᠠ ᠪᠠᠲᠤ᠎ᠪᠠᠷ ᠨᠠᠮ ᠢ᠋ ᠴᠢᠩᠭ᠎ᠠ ᠵᠠᠰᠠᠵᠤ᠂ ᠥᠪᠥᠷ ᠮᠣᠩᠭᠣᠯ ᠤ᠋ᠨ ᠳᠡᠭᠡᠳᠦ ᠵᠡᠷᠭᠡ ᠶ᠋ᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠳ᠋ᠦ ᠦᠪᠦᠷ ᠮᠤᠡᠭᠭᠤᠯ ᠤ᠋ᠨ ᠶᠡᠬᠡ ᠰᠤᠷᠭᠠᠭᠤᠯᠢ᠎ᠵᠢᠨ ᠲᠥᠰᠦᠯ ᠪᠠ ᠬᠦᠴᠦᠨ ᠴᠢᠳᠠᠯ ᠶ᠋ᠢᠡᠨ ᠡᠷᠭᠦᠨ᠎ᠡ᠃
ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠱᠦᠵᠢ ᠶ᠋ᠢᠨ ᠨᠢᠭᠡᠳᠦᠭᠡᠷ ᠬᠠᠷᠢᠭᠤᠴᠠᠯᠭᠠᠲᠠᠨ ᠤ᠋ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠨ᠂ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ ᠶ᠋ᠢ ᠢᠮᠠᠭ᠍ᠲᠠ ᠲᠤᠭᠤᠱᠢᠯᠠᠭᠤᠯᠵᠤ ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠲᠦᠷᠢᠮ᠎ᠠᠴᠠ ᠵᠥᠷᠢᠴᠡᠭ᠌ᠰᠡᠨ ᠡᠯ᠎ᠡ ᠵᠦᠢᠯ᠎ᠦᠨ ᠠᠵᠢᠯᠯᠠᠭ᠎ᠠ ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠤᠳᠠᠭᠠᠨ ᠳᠠᠭᠠᠭᠠᠮᠠᠭᠠᠢ ᠳᠠᠢᠯᠠᠯᠳᠤᠭᠠᠨ ᠢ᠋ ᠡᠷᠡᠰ ᠰᠠᠢᠲᠤᠷ ᠬᠢᠵᠦ᠍᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠡᠷᠡᠭᠦᠯ ᠠᠮᠢᠵᠢᠷᠠᠯ ᠤ᠋ᠨ ᠬᠦᠴᠦᠨ ᠢ᠋ ᠲᠠᠰᠤᠷᠠᠯᠲᠠ ᠦᠭᠡᠢ ᠴᠢᠩᠭᠠᠳᠭᠠᠨ᠂ 《ᠬᠣᠣᠰ ᠲᠡᠷᠢᠭᠦᠨ》 ᠤ᠋ ᠪᠠᠢᠭᠤᠯᠤᠯᠲᠠ ᠪᠣᠯᠤᠨ《ᠶᠠᠮᠤᠨ ᠣᠷᠣᠨ ᠬᠠᠮᠲᠤᠷᠠᠨ ᠪᠠᠢᠭᠤᠯᠬᠤ》 ᠳ᠋ᠤ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢ ᠪᠣᠯᠤᠨ ᠬᠥᠮᠦᠨ ᠬᠥᠮᠦᠵᠢᠭᠦᠯᠬᠦ᠌ ᠣᠷᠴᠢᠨ ᠲᠣᠭᠣᠷᠢᠨ ᠢ᠋ ᠪᠤᠢ ᠪᠣᠯᠭᠠᠵᠤ᠂ ᠪᠣᠳᠠᠲᠤ ᠠᠵᠢᠯᠯᠠᠭ᠎ᠠ᠎ᠪᠠᠷ ᠶ᠋ᠢᠡᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ᠎ᠲᠠᠶ ᠬᠤᠷᠠᠯᠳᠤᠬᠤ ᠶ᠋ᠢ ᠤᠭᠳᠤᠨ᠎ᠠ!
ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠱᠦᠵᠢ ᠭᠡᠷᠡᠯᠳᠤ᠄
ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠵᠤ ᠲᠥᠪᠯᠡᠷᠡᠭᠦᠯᠦᠨ ᠵᠠᠰᠠᠬᠤ ᠶ᠋ᠢ ᠦᠨᠡᠨ ᠬᠦ᠌ ᠠᠬᠢᠭᠤᠯᠵᠤ ᠦᠷ᠎ᠡ ᠪᠦᠲᠦᠮᠵᠢ ᠭᠠᠷᠭᠠᠨ᠎ᠠ
ᠰᠤᠷᠭᠠᠭᠤᠯᠢ ᠶ᠋ᠢᠨ ᠨᠠᠮ ᠤ᠋ᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠢᠷᠢᠯᠠᠭᠤᠯᠤᠯᠲᠠ ᠱᠠᠭᠠᠷᠳᠠᠯᠭ᠎ᠠ ᠪᠣᠯᠤᠨ ᠰᠤᠷᠭᠠᠨ ᠬᠥᠮᠦᠵᠢᠯ᠎ᠦᠨ ᠠᠵᠢᠯ ᠤ᠋ᠨ ᠬᠣᠷᠢᠶᠠᠨ ᠤ᠋ ᠠᠵᠢᠯ ᠤ᠋ᠨ ᠲᠤᠬᠢᠷᠠᠭᠤᠯᠤᠯᠳᠠ ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠭ᠎ᠠ ᠪᠣᠳᠠᠲᠠᠢ ᠠᠳᠬᠤᠨ᠂ ᠤᠯᠤᠰ ᠲᠦᠷᠦ᠍ ᠶ᠋ᠢᠨ ᠠᠮᠢ ᠠᠬᠤᠢ ᠶ᠋ᠢ ᠦᠷᠭᠦᠯᠵᠢᠯᠡᠨ ᠰᠡᠷᠭᠦᠭᠡᠨ ᠴᠡᠪᠡᠷᠱᠢᠭᠦᠯᠬᠦ᠌ ᠶ᠋ᠢ ᠠᠬᠢᠭᠤᠯᠵᠤ᠂ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃
ᠰᠤᠷᠭᠠᠭᠤᠯᠢ ᠶ᠋ᠢᠨ ᠨᠠᠮ ᠤ᠋ᠨ ᠬᠣᠷᠢᠶ᠎ᠠ ᠨᠠᠮ ᠢ᠋ ᠴᠢᠩᠭ᠎ᠠ ᠵᠠᠰᠠᠬᠤ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠵᠦ᠍᠂ ᠲᠥᠪᠯᠡᠷᠡᠭᠦᠯᠦᠨ ᠵᠠᠰᠠᠬᠤ ᠠᠵᠢᠯ ᠤ᠋ᠨ ᠡᠮᠬᠢ ᠵᠢᠷᠤᠮ᠎ᠲᠠᠶ ᠶᠠᠪᠤᠭ᠍ᠳᠠᠬᠤ ᠶ᠋ᠢ ᠦᠨᠡᠨ ᠬᠦ᠌ ᠪᠠᠲᠤᠯᠠᠨ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ᠎ᠪᠡᠷ 《ᠬᠣᠶᠠᠷ ᠢ᠋ ᠲᠤᠭᠲᠠᠭᠠᠭᠰᠠᠨ》 ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ ᠢ᠋ ᠬᠠᠮᠠᠭᠠᠯᠠᠬᠤ》ᠵᠢ ᠡᠷᠡᠰ ᠪᠡᠶᠡᠯᠡᠭᠦᠯᠦᠨ᠎ᠡ᠃ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ ᠂ ᠨᠠᠮ ᠢ᠋ ᠬᠠᠮᠢᠶᠠᠷᠴᠤ᠌ ᠨᠠᠮ ᠢ᠋ ᠵᠠᠰᠠᠬᠤ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠴᠢᠩᠭᠠᠳᠭᠠᠨ ᠪᠣᠳᠠᠲᠠᠢᠵᠢᠭᠤᠯᠵᠦ᠂ ᠡᠯ᠎ᠡ ᠵᠦᠶ᠋ᠯ᠎ᠦᠨ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠪᠠᠷ ᠠᠬᠢᠭᠤᠯᠤᠨ᠎ᠠ᠃
ᠲᠤᠰᠭᠠᠶ ᠰᠡᠳᠦᠪᠲᠦ ᠬᠥᠮᠦᠵᠢᠯ ᠢ᠋ ᠴᠢᠩᠭᠠᠳᠭᠠᠨ᠂ ᠲᠤᠰᠭᠠᠶ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠭᠤᠤᠯ ᠰᠡᠳᠦᠪᠲᠦ ᠰᠡᠷᠡᠮᠵᠢᠯᠡᠭᠦᠯᠬᠦ᠌ ᠬᠥᠮᠦᠵᠢᠯ ᠢ᠋ ᠥᠷᠨᠢᠭᠦᠯᠤᠨ᠂ ᠤᠯᠤᠰ ᠲᠥᠷᠥ ᠶ᠋ᠢᠨ ᠠᠮᠢ ᠠᠬᠤᠶ ᠶ᠋ᠢ ᠴᠡᠪᠡᠷᠱᠢᠭᠦᠯᠬᠦ᠌ ᠪᠠ ᠵᠠᠰᠠᠨ ᠰᠡᠷᠭᠦᠭᠡᠬᠦ᠌ ᠤᠬᠠᠮᠰᠠᠷᠲᠤ ᠴᠢᠨᠠᠷ ᠶ᠋ᠢᠡᠨ ᠲᠠᠰᠤᠷᠠᠯᠲᠠ ᠥᠬᠡᠶ ᠴᠢᠡᠭᠭᠠᠳᠬᠠᠨ᠎ᠠ᠃ ᠨᠠᠵᠠᠭᠠᠢ ᠪᠤᠷᠤᠭᠤ ᠶ᠋ᠢ ᠵᠠᠯᠠᠷᠠᠭᠤᠯᠬᠤ ᠶ᠋ᠢ ᠰᠠᠢᠲᠤᠷ ᠠᠳᠭᠤᠵᠤ ᠂ ᠥᠪᠡᠷ ᠢ᠋᠎ᠪᠡᠨ ᠪᠠᠢᠴᠠᠭᠠᠵᠤ ᠥᠪᠡᠷ ᠢ᠋᠎ᠪᠡᠨ ᠵᠠᠯᠠᠷᠠᠭᠤᠯᠬᠤ ᠶ᠋ᠢ ᠭᠦᠨᠵᠡᠭᠡᠶ ᠥᠷᠨᠢᠭᠦᠯᠦᠨ᠂ ᠪᠠᠷᠢᠨ ᠪᠠᠢᠴᠠᠭᠠᠵᠤ ᠪᠠᠷᠢᠨ ᠰᠠᠢᠵᠢᠷᠠᠭᠤᠯᠬᠤ ᠶ᠋ᠢ ᠪᠡᠶᠡᠯᠡᠭᠦᠯᠵᠦ᠍᠂ ᠦᠨᠡᠨ ᠬᠦ᠌ ᠴᠡᠭ᠌ᠴᠡᠯᠡᠨ ᠰᠠᠢᠵᠢᠷᠠᠭᠤᠯᠵᠦ᠂ ᠲᠤᠭᠤᠱᠢᠲᠠᠶ ᠰᠠᠢᠵᠢᠷᠠᠭᠤᠯᠬᠤ ᠶ᠋ᠢ ᠪᠠᠲᠤᠯᠠᠨ᠎ᠠ᠃
ᠣᠨᠣᠯ ᠵᠢᠡᠷ ᠵᠡᠪᠰᠡᠭ᠌ᠯᠡᠬᠦ᠌ ᠶ᠋ᠢ ᠲᠡᠷᠢᠭᠦᠨ ᠪᠠᠢᠷᠢᠨ ᠳ᠋ᠦ ᠲᠠᠯᠪᠢᠵᠤ᠂ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠢ᠋ ᠪᠠᠢᠩᠭᠤ ᠴᠢᠩᠭ᠎ᠠ ᠪᠠᠢᠯᠭᠠᠨ᠂ ᠰᠠᠬᠢᠯᠭ᠎ᠠ ᠪᠠᠲᠤ ᠶᠣᠰᠣ ᠲᠦᠷᠢᠮ ᠢ᠋ ᠲᠡᠷᠢᠭᠦᠨ᠎ᠳᠦ ᠲᠠᠯᠪᠢᠵᠤ ᠂ ᠲᠥᠪᠯᠡᠷᠡᠭᠦᠯᠦᠨ ᠵᠠᠰᠠᠬᠤ ᠠᠵᠢᠯ ᠢ᠋ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠪᠠᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠪᠠᠢᠯᠭᠠᠬᠤ ᠶ᠋ᠢ ᠠᠬᠢᠭᠤᠯᠬᠤ᠎ᠲᠠᠶ ᠤᠶᠠᠯᠳᠤᠭᠤᠯᠤᠨ᠂ ᠰᠤᠷᠭᠠᠭᠤᠯᠢ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠪᠥᠬᠥ᠌ ᠲᠠᠯ᠎ᠠ᠎ᠪᠠᠷ ᠠᠬᠢᠭᠤᠯᠬᠤ ᠳ᠋ᠦ ᠬᠦᠴᠦᠲᠡᠶ ᠤᠯᠤᠰ ᠲᠥᠷᠥ ᠶ᠋ᠢᠨ ᠪᠠᠲᠤᠯᠠᠭ᠎ᠠ ᠬᠠᠩᠭᠠᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ᠎ᠲᠠᠶ ᠬᠤᠷᠠᠯᠳᠤᠬᠤ ᠳ᠋ᠦ ᠰᠤᠷᠲᠠᠯ ᠴᠢᠬᠡᠴᠢ ᠣᠪᠣᠷ ᠲᠥᠪ ᠰᠤᠷᠭᠠᠭᠤᠯᠢ ᠶ᠋ᠢᠨ ᠬᠦᠷᠢᠶᠡᠨ᠎ᠦ ᠤᠯᠤᠰ ᠲᠥᠷᠥ ᠶ᠋ᠢᠨ ᠠᠮᠢ ᠠᠬᠤᠶ ᠶ᠋ᠢ ᠪᠣᠶ ᠪᠣᠯᠭᠠᠨ᠎ᠠ᠃
ᠥᠪᠥᠷ ᠮᠣᠩᠭᠣᠯ᠎ᠤᠨ ᠲᠦᠷᠭᠡᠨ᠎ᠦ ᠵᠠᠮ᠎ᠤᠨ ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠱᠢᠶᠠᠩ ᠄
ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠵᠦ ᠪᠦᠯᠦᠭ᠌ᠯᠡᠯ ᠺᠣᠮᠫᠠᠨᠢ᠎ᠶ᠋ᠢᠨ ᠥᠭᠡᠷᠡᠴᠢᠯᠡᠯᠲᠡ ᠬᠥᠭ᠌ᠵᠢᠯᠲᠡ᠎ᠳᠦ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠎ᠢ ᠪᠣᠶ ᠪᠣᠯᠭᠠᠨ᠎ᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨᠠᠮᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠥᠷᠨᠢᠭᠦᠯᠬᠦ᠌ ᠲᠥᠪᠯᠡᠷᠡᠩᠭᠦᠢ ᠵᠠᠰᠠᠯᠲᠠ᠎ᠶ᠋ᠢᠨ ᠪᠠᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠪᠦᠯᠦᠭ᠌ᠯᠡᠯ ᠺᠣᠮᠫᠠᠨᠢ᠎ᠶ᠋ᠢᠨ ᠨᠠᠮ᠎ᠤᠨ ᠬᠤᠷᠢᠶ᠎ᠠ ᠲᠥᠪᠯᠡᠷᠡᠭᠦᠯᠦᠨ ᠵᠠᠰᠠᠬᠤ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠪᠡ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠶ ᠴᠢᠬᠤᠯᠠ ᠥᠭᠦᠯᠡᠯᠲᠡ᠂ 《ᠱᠢᠨ᠎ᠡ ᠪᠠᠢᠳᠠᠯ ᠳᠤᠤᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠲᠤᠬᠠᠶ ᠲᠦᠷᠢᠮ ᠨᠤᠬᠦᠳ》ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠬᠠᠮᠢᠶ᠎ᠠ ᠪᠥᠬᠥᠶ ᠱᠠᠭᠠᠷᠳᠠᠯᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠪᠦᠯᠦᠭ᠌ᠯᠡᠯ ᠺᠣᠮᠫᠠᠨᠢ᠎ᠶ᠋ᠢᠨ ᠥᠭᠡᠷᠡᠴᠢᠯᠡᠯᠲᠡ ᠬᠥᠭ᠌ᠵᠢᠯᠲᠡ᠎ᠳᠦ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠎ᠢ ᠴᠢᠷᠮᠠᠢᠨ ᠪᠣᠶ ᠪᠤᠯᠭᠠᠨ᠎ᠠ᠃
ᠲᠥᠪᠯᠡᠷᠡᠭᠦᠯᠦᠨ ᠵᠠᠰᠠᠬᠤ᠎ᠶ᠋ᠢ ᠥᠷᠨᠢᠭᠦᠯᠬᠦ᠌ ᠪᠣᠯ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌ ᠤᠯᠤᠰ ᠲᠥᠷᠥ᠎ᠶ᠋ᠢᠨ ᠱᠠᠭᠠᠷᠳᠠᠯᠭ᠎ᠠ ᠪᠠ ᠴᠢᠬᠤᠯᠠ ᠠᠷᠭ᠎ᠠ ᠵᠠᠮ ᠮᠥᠨ᠃ ᠡᠷᠬᠡᠪᠰᠢ《ᠬᠣᠶᠠᠷ᠎ᠢ ᠲᠣᠭ᠍ᠲᠠᠭᠠᠬᠰᠠᠨ》᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠦᠨᠳᠦᠷᠴᠡ ᠳ᠋ᠦ᠍ ᠵᠣᠭ᠍ᠰᠣᠵᠤ ᠂ ᠴᠢᠩᠭ᠎ᠠ ᠪᠥᠭᠡᠳ ᠪᠣᠳᠠᠲᠠᠢ ᠰᠤᠷᠲᠠᠯ᠎ᠢᠶᠠᠷ ᠨᠠᠮ᠎ᠢ ᠴᠢᠩᠭ᠎ᠠ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ ᠱᠢᠨ᠎ᠡ ᠳᠡᠭ᠌ᠲᠡᠷ᠎ᠲᠦ ᠭᠠᠷᠭᠠᠨ᠎ᠠ; ᠢᠮᠠᠭ᠍ᠲᠠ ᠡᠷᠡᠰ ᠪᠠᠲᠤ ᠤᠯᠤᠰ ᠲᠥᠷᠥ᠎ᠶ᠋ᠢᠨ ᠢᠲᠡᠭᠡᠯ ᠪᠢᠰᠢᠷᠡᠯ᠂ ᠪᠠᠲᠤ ᠴᠢᠩᠭ᠎ᠠ ᠤᠯᠤᠰ ᠲᠥᠷᠥ᠎ᠶ᠋ᠢᠨ ᠡᠭᠦᠷᠭᠡᠯᠡᠯ᠎ᠢᠶᠡᠷ ᠳᠡᠭᠡᠷ᠎ᠠ ᠱᠠᠲᠤᠨ᠎ᠤ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ᠎ᠶ᠋ᠢ ᠲᠡᠷᠡ ᠶᠣᠰᠣᠭᠠᠷ᠎ᠨᠢ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ; ᠢᠮᠠᠭ᠍ᠲᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠳᠣᠪᠣᠢᠯᠭᠠᠵᠤ ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠯᠠᠪᠳᠠᠭᠤᠨ ᠪᠠᠲᠤᠲᠠᠶ ᠥᠷᠨᠢᠭᠦᠯᠦᠨ᠎ᠠ᠃
ᠢᠮᠠᠭ᠍ᠲᠠ ᠪᠦᠬᠦ᠌ ᠲᠠᠯ᠎ᠠ᠎ᠪᠠᠷ ᠴᠢᠩᠭ᠎ᠠ ᠪᠠᠢᠬᠤ᠎ᠶ᠋ᠢ ᠪᠠᠷᠢᠮᠲᠠᠯᠠᠵᠤ᠂ ᠺᠣᠮᠫᠠᠨᠢ᠎ᠶ᠋ᠢᠨ ᠥᠭᠡᠷᠡᠴᠢᠯᠡᠯᠲᠡ ᠬᠥᠭ᠌ᠵᠢᠯᠲᠡ᠎ᠳᠦ ᠤᠯᠤᠰ ᠲᠥᠷᠥ᠎ᠶ᠋ᠢᠨ ᠰᠠᠭᠤᠷᠢ᠎ᠶ᠋ᠢ ᠪᠡᠬᠢᠵᠢᠭᠦᠯᠤᠨ᠎ᠠ᠃ ᠨᠢᠭᠡ᠎ᠳᠦ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ ᠂ ᠤᠯᠤᠰ ᠲᠦᠷᠦ᠍᠎ᠶ᠋ᠢᠨ ᠦᠨᠡᠨᠴᠢ ᠱᠢᠳᠤᠷᠭᠤ᠎ᠶ᠋ᠢ ᠪᠠᠲᠤ ᠴᠣᠭ᠍ᠴᠠᠯᠠᠨ᠎ᠠ᠃ ᠬᠣᠶᠠᠷ᠎ᠲᠤ᠂ ᠰᠠᠬᠢᠯᠭ᠎ᠠ ᠪᠠᠲᠤ ᠶᠣᠰᠣ ᠲᠦᠷᠢᠮ᠎ᠢ ᠪᠠᠲᠤ ᠰᠠᠬᠢᠵᠤ᠂ ᠣᠷᠣᠱᠢᠨ ᠲᠣᠭ᠍ᠲᠠᠨᠢᠬᠤ ᠦᠨᠳᠦᠰᠦ᠎ᠪᠡᠨ ᠪᠡᠬᠢᠵᠢᠭᠦᠯᠦᠨ᠎ᠠ᠃ ᠭᠤᠷᠪᠠ᠎ᠳᠤ᠂ ᠠᠵᠢᠯ ᠬᠢᠵᠦ᠍ ᠦᠢᠯᠡᠰ ᠪᠤᠰᠭᠠᠬᠤ᠎ᠶ᠋ᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠲᠤᠱᠢᠶᠠᠯ᠎ᠢᠶᠠᠨ ᠭᠦᠢᠴᠡᠳᠭᠡᠬᠦ᠌᠎ᠶ᠋ᠢ ᠴᠢᠩᠭᠠᠳᠭᠠᠨ᠎ᠠ᠃
ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠮᠠ ᠸᠠᠨ ᠪᠢᠨ᠄
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠢᠷᠠᠭᠤ ᠠᠯᠳᠠᠷᠲᠤ ᠤᠯᠠᠮᠵᠢᠯᠠᠯ ᠪᠠ ᠤᠯᠤᠰ ᠲᠦᠷᠦ᠍᠎ᠶ᠋ᠢᠨ ᠳᠠᠪᠠᠭᠤᠯᠢᠭ᠎ᠢ ᠪᠠᠳᠠᠷᠠᠭᠤᠯᠵᠤ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠲᠥᠪᠯᠡᠷᠡᠩᠭᠦᠢ ᠵᠠᠰᠠᠯᠲᠠ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠤᠨ᠎ᠠ
ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠡᠨᠡ ᠬᠦ᠌ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠤᠯᠤᠰ ᠲᠦᠷᠦ᠍᠎ᠶ᠋ᠢᠨ ᠳᠠᠪᠠᠭᠤᠯᠢᠭ᠎ᠢ ᠪᠠᠳᠠᠷᠠᠭᠤᠯᠵᠦ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ᠎ᠶ᠋ᠢ ᠪᠠᠲᠤᠯᠠᠨ᠎ᠠ᠃
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢᠨ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠵᠤ ᠂ ᠴᠢᠬᠤᠯᠠ ᠶᠡᠬᠡ ᠠᠴᠢ ᠬᠣᠯᠪᠣᠭ᠍ᠳᠠᠯ᠎ᠢ ᠪᠦᠬᠦ᠌ ᠲᠠᠯ᠎ᠠ᠎ᠪᠠᠷ ᠲᠣᠳᠣᠷᠬᠠᠢ ᠲᠠᠨᠢᠨ᠂ ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢᠶᠠᠷ ᠳᠠᠮᠵᠢᠭᠤᠯᠤᠨ᠂ ᠤᠯᠤᠰ ᠲᠦᠷᠦ᠍᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠬᠣᠭ ᠲᠣᠭᠣᠰᠣ᠎ᠶ᠋ᠢ ᠴᠡᠪᠡᠷᠯᠡᠨ ᠠᠷᠢᠯᠭᠠᠵᠦ᠂ ᠤᠯᠤᠰ ᠲᠦᠷᠦ᠍᠎ᠶ᠋ᠢᠨ ᠰᠦᠭ ᠰᠦᠨᠡᠰᠦ᠎ᠶ᠋ᠢ ᠠᠷᠢᠭᠤᠰᠬᠠᠵᠦ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠤᠨ᠂ ᠡᠪ ᠬᠠᠮᠲᠤᠴᠤᠳ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠡᠭᠦᠷᠢᠳᠡ ᠪᠠᠲᠤᠯᠠᠨ᠎ᠠ᠃
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠮᠥᠨ ᠴᠢᠨᠠᠷ᠎ᠤᠨ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠣᠷᠣᠨ᠎ᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠪᠠ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠬᠦᠷᠢᠶᠡᠨ᠎ᠳᠡᠬᠢ ᠠᠰᠠᠭᠤᠳᠠᠯ᠎ᠤᠨ ᠲᠤᠷᠱᠢᠯᠭ᠎ᠠ ᠰᠤᠷᠭᠠᠮᠵᠢ᠎ᠶ᠋ᠢ ᠭᠦᠨᠵᠡᠭᠡᠢ ᠱᠢᠩᠭᠡᠭᠡᠨ ᠠᠪᠴᠤ᠌᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠴᠡᠪᠡᠷᠱᠢᠭᠦᠯᠬᠦ᠌᠂ ᠦᠨᠳᠦᠰᠦᠨ᠎ᠡᠴᠡ ᠨᠢ ᠰᠠᠢᠵᠢᠷᠠᠭᠤᠯᠬᠤ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃
ᠡᠨᠡ ᠤᠳᠠᠭ᠎ᠠ᠎ᠶ᠋ᠢᠨ ᠲᠥᠪᠯᠡᠷᠡᠩᠭᠦᠢ ᠵᠠᠰᠠᠯᠲᠠ᠎ᠪᠠᠷ ᠠᠵᠠ ᠲᠣᠬᠢᠶᠠᠯ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ᠂ ᠠᠷᠠᠯᠵᠢᠶᠠᠯᠠᠭᠰᠠᠨ ᠵᠡᠷᠭᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠤᠨ ᠭᠦᠨᠵᠡᠭᠡᠢ ᠪᠠᠢ᠌ᠴᠠᠭᠠᠨ ᠢᠯᠡᠷᠡᠭᠦᠯᠵᠤ ᠴᠡᠭ᠌ᠴᠡᠯᠡᠨ ᠵᠠᠰᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠡᠷᠡᠭᠦᠯ ᠵᠢᠷᠤᠮᠵᠢᠭᠤᠨ ᠵᠠᠮ᠎ᠳᠤ ᠪᠤᠴᠠᠬᠤ᠎ᠶ᠋ᠢ ᠦᠨᠡᠨ ᠬᠦ᠌ ᠪᠠᠲᠤᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃