ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-06-23 09:14:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠬᠤᠰᠢᠭᠤ ᠰᠢᠶᠠᠨ ᠤ᠋ ᠨᠠᠮ ᠤ᠋ᠨ ᠬᠤᠷᠢᠶᠠᠨ ᠤ᠋ ᠱᠦᠵᠢ ᠨᠠᠮ ᠤ᠋ᠨ ᠲᠤᠲᠤᠭᠠᠲᠦ ᠢ᠋ᠢᠨ ᠤᠯᠤᠰ ᠲᠦᠷᠦ ᠢ᠋ᠢᠨ ᠠᠮᠢᠳᠤᠷᠠᠯ ᠢ᠋ ᠴᠢᠩᠳᠠᠯᠠᠬᠤ ᠲᠤᠬᠠᠢ ᠶᠠᠷᠢᠬᠰᠠᠨ ᠨᠢ (ᠬᠤᠶᠠᠷ)


ᠰᠢᠯᠢ ᠢ᠋ᠢᠨ ᠭᠤᠤᠯ ᠠᠢᠮᠠᠭ ᠤ᠋ᠨ ᠵᠡᠭᠦᠨ ᠦᠵᠦᠮᠦᠴᠢᠨ ᠬᠤᠰᠢᠭᠤᠨ ᠤ᠋ ᠨᠠᠮ ᠤ᠋ᠨ ᠬᠤᠷᠢᠶᠠᠨ ᠤ᠋ ᠱᠦᠵᠢ ᠬᠢᠩᠭᠠᠨ᠄

ᠨᠠᠮ ᠤ᠋ᠨ ᠲᠤᠲᠤᠭᠠᠲᠦ ᠢ᠋ᠢᠨ ᠤᠯᠤᠰ ᠲᠦᠷᠦ ᠢ᠋ᠢᠨ ᠠᠮᠢᠳᠤᠷᠠᠯ ᠢ᠋ ᠴᠢᠩᠲᠠᠯᠠᠵᠦ ᠰᠠᠢᠨ ᠰᠠᠢᠬᠠᠨ ᠤᠯᠤᠰ ᠲᠦᠷᠦ ᠢ᠋ᠢᠨ ᠠᠮᠢ ᠠᠬᠤᠢ ᠵᠢ ᠪᠤᠢ ᠪᠤᠯᠭᠠᠨ᠎ᠠ

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠦᠬᠦᠷ ᠢ᠋ᠢᠡᠷ ᠭᠤᠤᠯ ᠪᠤᠯᠭᠠᠬᠰᠠᠨ ᠨᠠᠮ ᠤ᠋ᠨ ᠲᠦᠪ ᠬᠤᠷᠢᠶ᠎ᠠ ᠨᠠᠮ ᠤ᠋ᠨ ᠲᠤᠲᠤᠭᠠᠲᠦ ᠢ᠋ᠢᠨ ᠤᠯᠤᠰ ᠲᠦᠷᠦ ᠢ᠋ᠢᠨ ᠠᠮᠢᠳᠤᠷᠠᠯ ᠢ᠋ ᠴᠢᠩᠳᠠᠯᠠᠬᠤ ᠲᠤᠬᠠᠢ ᠠᠯᠢ ᠤᠯᠠᠨ ᠴᠢᠬᠤᠯᠠ ᠱᠠᠭᠠᠷᠲᠠᠯᠭ᠎ᠠ ᠲᠤᠷᠠᠳᠴᠤ᠂ ᠨᠠᠮ ᠨᠢ ᠨᠠᠮ᠎ᠢᠶᠠᠨ ᠬᠠᠮᠢᠶᠠᠷᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠡᠴᠡ ᠡᠬᠢᠯᠡᠨ ᠬᠠᠮᠢᠶᠠᠷᠬᠤ ᠬᠡᠷᠡᠭ᠌ᠲᠡᠢ; ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠡᠴᠡ ᠡᠬᠢᠯᠡᠵᠦ᠍ ᠴᠢᠩᠳᠠᠯᠠᠬᠤ ᠬᠡᠷᠡᠭ᠌ᠲᠡᠢ᠃ ᠡᠨᠡ ᠨᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠲᠠᠯᠠᠬᠤ᠂ ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠨᠡᠮᠡᠷᠢᠯᠡᠪᠡ᠃ ᠲᠤᠰ ᠤᠳᠠᠭ᠎ᠠ᠎ᠶ᠋ᠢᠨ᠎ᠥᠷᠨᠢᠭᠦᠯᠦᠭ᠌ᠰᠡᠨ᠎ᠨᠠᠮ᠎ᠤᠨ᠎ᠳᠣᠲᠣᠭᠠᠳᠤ᠎ᠶ᠋ᠢᠨ᠎ᠤᠯᠤᠰ᠎ᠲᠦᠷᠦ᠍᠎ᠶ᠋ᠢᠨ᠎ᠠᠮᠢᠳᠤᠷᠠᠯ᠎ᠳᠡᠬᠢ᠎ᠪᠣᠯᠬᠢᠴᠢᠯᠠᠬᠰᠠ ᠠᠷᠠᠯᠵᠢᠶᠠᠯᠠᠬᠰᠠᠨ ᠠᠰᠠᠭᠤᠳᠠᠯ ᠢ᠋ ᠲᠦᠪᠯᠡᠷᠡᠭᠦᠯᠦᠨ ᠵᠠᠰᠠᠬᠤ ᠲᠠᠢ ᠤᠶᠠᠯᠳᠤᠭᠤᠯᠤᠨ᠂ ᠭᠤᠷᠪᠠᠨ ᠲᠠᠯ᠎ᠠ ᠢ᠋ᠢᠨ ᠣᠢᠯᠠᠭᠠᠯᠲᠠ᠎ᠪᠠᠨ ᠶᠠᠷᠢᠶ᠎ᠠ ᠃

ᠨᠢᠭᠡ᠎ᠳᠦ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢᠨ ᠴᠢᠬᠤᠯᠠ ᠠᠴᠢ ᠬᠣᠯᠪᠣᠭ᠍ᠳᠠᠯ ᠎ᠢ ᠭᠦᠢᠴᠡᠳ ᠲᠠᠨᠢᠬᠤ ᠬᠡᠷᠡᠭᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠬᠠᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠥᠷᠨᠢᠭᠦᠯᠬᠦ᠌ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠬᠦ᠌᠎ᠶ᠋ᠢᠨ ᠬᠡᠷᠡᠭ᠌ᠴᠡᠭᠡ ᠮᠥᠨ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠰᠠᠢᠵᠢᠷᠠᠭᠤᠯᠬᠤ ᠪᠣᠳᠠᠲᠤ ᠠᠵᠢᠯᠯᠠᠭ᠎ᠠ ᠮᠥᠨ᠂ 《ᠬᠣᠶᠠᠷ᠎ᠢ ᠲᠣᠭ᠍ᠲᠠᠭᠠᠬᠰᠠᠨ》 ᠢ᠋ ᠦᠨᠡᠨᠴᠢ᠎ᠪᠡᠷ ᠬᠦᠷᠢᠶᠡᠯᠡᠬᠦ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌᠎ᠶ᠋ᠢᠨ ᠴᠢᠬᠤᠯᠠ ᠢᠯᠡᠷᠡᠯ ᠮᠥᠨ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠥᠪᠯᠡᠷᠡᠭᠦᠯᠦᠨ ᠵᠠᠰᠠᠬᠤ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠶᠡᠷᠦᠮᠳᠡᠭ᠌ᠵᠢᠭᠦᠯᠦᠭᠰᠡᠨ᠂ ᠳᠤᠷ᠎ᠠ᠎ᠪᠠᠷ᠎ᠢᠶᠠᠨ ᠪᠣᠯᠭᠠᠬᠰᠠᠨ᠂ ᠪᠣᠯᠬᠢᠴᠢᠯᠠᠬᠰᠠᠨ᠂ ᠠᠷᠠᠯᠵᠢᠶᠠᠯᠠᠬᠰᠠᠨ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠲᠠᠰᠤᠷᠠᠯᠲᠠ ᠦᠭᠡᠢ ᠴᠢᠩᠭᠠᠳᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ ᠎ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠲᠣᠭᠣᠷᠢᠨ᠎ᠢ ᠪᠤᠢ ᠪᠣᠯᠭᠠᠬᠤ ᠬᠡᠷᠡᠭ᠌ᠲᠡᠢ ᠃

ᠬᠣᠶᠠᠷ᠎ᠲᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠶᠠᠪᠤᠳᠠᠯ᠎ᠢ ᠲᠠᠰᠤᠷᠠᠯᠲᠠ ᠦᠭᠡᠢ ᠠᠬᠢᠭᠤᠯᠬᠤ ᠬᠡᠷᠡᠭ᠌ᠲᠡᠶ᠃ ᠡᠨᠡ ᠤᠳᠠᠭ᠎ᠠ᠎ᠶ᠋ᠢᠨ ᠥᠷᠨᠢᠭᠦᠯᠦᠭ᠌ᠰᠡᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠭ᠍ᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠪᠣᠯ ᠰᠤᠷᠲᠠᠯ᠎ᠢ ᠴᠡᠭ᠌ᠴᠡᠯᠡᠵᠦ ᠮᠠᠭᠤ᠎ᠶ᠋ᠢ ᠨᠢ ᠮᠠᠭᠤᠱᠢᠶᠠᠵᠤ ᠰᠠᠢ᠌ᠨ᠎ᠢ ᠨᠢ ᠪᠠᠳᠠᠷᠠᠭᠤᠯᠬᠤ᠂ ᠰᠠᠬᠢᠯᠭ᠎ᠠ ᠪᠠᠲᠤ᠎ᠶ᠋ᠢ ᠴᠢᠩᠳᠠᠯᠠᠵᠤ ᠬᠢᠨᠠᠯᠲᠠ ᠬᠢᠵᠠᠭᠠᠷᠯᠠᠯ᠎ᠢ ᠴᠢᠩᠭᠠᠳᠭᠠᠬᠤ ᠶᠠᠪᠤᠴᠠ ᠮᠥᠨ᠂ ᠲᠦᠱᠢᠮᠡᠳ᠎ᠢ ᠴᠢᠩᠭ᠎ᠠ ᠵᠠᠰᠠᠵᠤ ᠬᠥᠮᠦᠨ ᠬᠡᠷᠡᠭ᠌ᠯᠡᠬᠦ᠌ ᠤᠳᠤᠷᠢᠳᠤᠮᠵᠢ᠎ᠶ᠋ᠢ ᠵᠠᠰᠠᠨ ᠵᠠᠯᠠᠷᠠᠭᠤᠯᠬᠤ᠎ᠶ᠋ᠢᠨ ᠢᠯᠡᠷᠡᠯ ᠮᠥᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠠᠰᠤᠷᠠᠯᠲᠠ ᠦᠭᠡᠢ ᠴᠢᠩᠳᠠᠯᠠᠵᠤ᠂ ᠪᠣᠳᠠᠲᠠᠢᠵᠢᠭᠤᠯᠬᠤ᠎ᠶ᠋ᠢᠨ ᠤᠳᠤᠷᠢᠳᠤᠮᠵᠢ ᠮᠥᠨ᠃ ᠪᠢᠳᠡ ᠤᠯᠤᠰ ᠲᠦᠷᠦ᠍᠎ᠶ᠋ᠢᠨ ᠰᠠᠬᠢᠯᠭ᠎ᠠ ᠪᠠᠲᠤ᠌᠂ ᠤᠯᠤᠰ ᠲᠦᠷᠦ᠍᠎ᠶ᠋ᠢᠨ ᠶᠣᠰᠣ ᠲᠦᠷᠢᠮ᠎ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ 11ᠲᠠᠯ᠎ᠠ᠎ᠶ᠋ᠢᠨ 54 ᠵᠦᠢᠯ᠎ᠦᠨ ᠪᠣᠳᠠᠲᠠᠢ ᠪᠠᠢᠳᠠᠯ᠎ᠲᠠᠶ ᠨᠠᠷᠢᠨ ᠬᠢᠨᠠᠮᠠᠭᠠᠢ ᠬᠠᠷᠢᠴᠠᠭᠤᠯᠤᠨ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠵᠤ᠂ ᠬᠤᠪᠢ ᠬᠥᠮᠦᠨ᠎ᠦ ᠠᠰᠠᠭᠤᠳᠠᠯ᠎ᠤᠨ ᠨᠠᠷᠢᠨ ᠲᠠᠩᠰᠠ᠎ᠶ᠋ᠢ ᠵᠢᠭ᠍ᠰᠠᠭᠠᠵᠤ᠂ ᠴᠡᠭ᠌ᠴᠡᠯᠡᠨ᠎ᠰᠠᠢᠵᠢᠷᠠᠭᠤᠯᠬᠤ᠎ᠠᠷᠭ᠎ᠠ᠎ᠬᠡᠮᠵᠢᠶ᠎ᠡ᠎ᠲᠣᠭ᠍ᠲᠠᠭᠠᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠦᠵᠡᠯ ᠰᠠᠨᠠᠭᠠᠨ᠎ᠤ ᠤᠬᠠᠮᠰᠠᠷ᠎ᠢᠶᠠᠨ ᠴᠢᠩᠭᠠᠳᠭᠠᠵᠤ᠂ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠌ ᠬᠡᠷᠡᠭ᠌ᠲᠡᠢ ᠃

ᠭᠤᠷᠪᠠ᠎ᠳᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ᠎ᠶ᠋ᠢ ᠦᠷᠭᠦᠯᠵᠢᠯᠡᠨ ᠶᠡᠬᠡᠰᠭᠡᠬᠦ᠌ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠬᠡᠪ᠎ᠦᠨ ᠡᠷᠡᠭᠦᠯ ᠤᠯᠤᠰ ᠲᠦᠷᠦ᠍᠎ᠶ᠋ᠢᠨ ᠠᠮᠢᠳᠤᠷᠠᠯ ᠨᠢ ᠴᠡᠪᠡᠷ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ ᠡᠴᠡ ᠰᠠᠯᠵᠤ ᠴᠢᠳᠠᠬᠤ ᠦᠭᠡᠢ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ ᠵᠢ ᠱᠢᠨᠲᠠᠷᠠᠰᠢ ᠦᠭᠡᠢ ᠴᠢᠩᠭ᠎ᠠ ᠠᠳᠭᠤᠵᠤ ᠪᠣᠳᠠᠲᠠᠢ ᠠᠳᠭᠤᠵᠤ ᠪᠠᠢᠩᠭᠤ ᠠᠳᠭᠤᠬᠤ ᠬᠡᠷᠡᠭ᠌ᠲᠡᠢ᠃ ᠲᠥᠪᠯᠡᠷᠡᠭᠦᠯᠦᠨ ᠵᠠᠰᠠᠭ᠍ᠰᠠᠨ ᠲᠤᠷᠱᠢᠯᠭ᠎ᠠ ᠬᠢᠳᠡᠯ᠎ᠢᠶᠡᠨ ᠲᠠᠰᠤᠷᠠᠯᠲᠠ ᠦᠭᠡᠶ ᠳ᠋ᠦᠩᠨᠡᠨ ᠪᠣᠯᠪᠠᠰᠤᠷᠠᠭᠤᠯᠵᠤ᠂ 《ᠴᠢᠩᠭ᠎ᠠ》 ᠬᠡᠬᠦ ᠡᠨᠡ᠎ᠬᠦ ᠭᠣᠣᠯ ᠬᠦᠭ ᠠᠶᠠᠰ᠎ᠢ ᠢᠮᠠᠭ᠍ᠲᠠ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠰᠠᠭᠤᠷᠢ ᠢᠨᠵᠧᠨᠧᠷᠢᠩ᠎ᠢ ᠴᠢᠩᠳᠠᠯᠠᠬᠤ᠎ᠶ᠋ᠢ 《ᠢᠯᠵᠠᠷᠠᠬᠤ ᠡᠴᠡ ᠵᠢᠷᠦᠬᠡᠰᠢᠶᠡᠬᠦ᠂ ᠢᠯᠵᠠᠷᠠᠵᠦ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ》 ᠵᠢ ᠨᠢᠭᠡ ᠴᠤᠭ᠍ᠴᠠᠵᠢᠭᠤᠯᠤᠨ ᠠᠬᠢᠭᠤᠯᠬᠤ᠎ᠲᠠᠶ ᠤᠶᠠᠯᠳᠤᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠢᠯᠡᠷᠡᠭᠦᠯᠬᠦ᠂ ᠪᠠᠢᠴᠠᠭᠠᠨ ᠱᠢᠢᠳᠪᠦᠷᠢᠯᠡᠬᠦ᠂ ᠴᠡᠭ᠌ᠴᠡᠯᠡᠨ ᠰᠠᠢᠵᠢᠷᠠᠭᠤᠯᠬᠤ ᠪᠦᠬᠦ᠌ ᠶᠠᠪᠤᠴᠠ᠎ᠶ᠋ᠢᠨ ᠠᠵᠢᠯ᠎ᠤᠨ ᠲᠣᠭ᠍ᠲᠠᠴᠠ᠎ᠶ᠋ᠢ ᠲᠠᠰᠤᠷᠠᠯᠲᠠ ᠦᠭᠡᠢ ᠪᠦᠷᠢᠨᠱᠢᠬᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠳᠠᠬᠢᠨ ᠴᠣᠭ᠍ᠴᠠᠯᠠᠬᠤ᠂ ᠦᠨᠳᠦᠰᠦᠨ᠎ᠡᠴᠡ ᠨᠢ ᠰᠠᠢᠵᠢᠷᠠᠭᠤᠯᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠃

ᠤᠯᠠᠭᠠᠨᠴᠠᠪ ᠬᠤᠲᠠ᠎ᠶᠢᠨ ᠰᠢᠩ ᠡᠾᠸ ᠰᠢᠶᠠᠨ᠎ᠤ ᠨᠠᠮ᠎ᠤᠨ ᠬᠤᠷᠢᠶᠠᠨ᠎ᠤ ᠱᠦᠵᠢ ᠸᠠᠩ ᠬᠤᠢ ᠢᠥᠢ᠄

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠨ ᠵᠢᠷᠤᠮᠵᠢᠭᠤᠯᠵᠤ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠠᠭᠤᠷᠢ᠎ᠶ᠋ᠢ ᠪᠡᠬᠢᠵᠢᠭᠦᠯᠦᠨ᠎ᠡ

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠠᠢᠵᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠱᠢᠩ ᠾᠧ ᠱᠢᠶᠠᠨ ᠲᠥᠪᠯᠡᠷᠡᠭᠦᠯᠦᠨ ᠵᠠᠰᠠᠬᠤ᠎ᠶ᠋ᠢ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠦᠵᠡᠯ ᠰᠠᠨᠠᠭᠠᠨ᠎ᠤ ᠲᠠᠯ᠎ᠠ᠎ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠲᠦᠷᠭᠡᠨ᠂ ᠠᠷᠭ᠎ᠠ ᠬᠡᠮᠵᠢᠶ᠎ᠡ᠎ᠶ᠋ᠢᠨ ᠲᠠᠯ᠎ᠠ᠎ᠪᠠᠷ ᠬᠦᠴᠦᠲᠡᠢ ᠪᠠᠢᠬᠤ᠎ᠶ᠋ᠢ ᠡᠷᠡᠰ ᠪᠡᠶᠡᠯᠡᠭᠦᠯᠵᠦ᠍᠂ ᠡᠯ᠎ᠡ ᠵᠦᠢᠯ᠎ᠦᠨ ᠡᠭᠦᠷᠭᠡ᠎ᠶ᠋ᠢ ᠭᠦᠨᠵᠡᠭᠡᠢᠷᠡᠭᠦᠯᠵᠦ᠍᠂ ᠪᠣᠳᠠᠲᠠᠢ ᠠᠳᠭᠤᠵᠤ᠂ ᠲᠤᠢᠯᠪᠤᠷᠢᠲᠠᠢ ᠠᠳᠭᠤᠵᠤ᠂ ᠲᠥᠪᠯᠡᠷᠡᠭᠦᠯᠦᠨ ᠵᠠᠰᠠᠬᠤ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠨ᠎ᠠ᠃

ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠦᠳᠲᠡᠷ ᠲᠦᠷᠭᠡᠨ ᠪᠠᠢᠷᠢᠯᠠᠭᠤᠯᠤᠨ ᠬᠡᠷᠡᠭ᠌ᠵᠢᠭᠦᠯᠦᠨ᠎ᠡ᠃ ᠲᠥᠪᠯᠡᠷᠡᠭᠦᠯᠦᠨ ᠵᠠᠰᠠᠬᠤ᠎ᠶ᠋ᠢ 《ᠬᠣᠶᠠᠷ᠎ᠢ ᠲᠣᠭ᠍ᠲᠠᠭᠠᠬᠰᠠᠨ》᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》 ᠪᠣᠳᠠᠲᠠᠶ ᠠᠵᠢᠯᠯᠠᠭ᠎ᠠ᠎ᠪᠤᠯᠭᠠᠬᠤ᠎ᠶᠢ ᠡᠷᠡᠰ ᠪᠡᠶᠡᠯᠡᠭᠦᠯᠵᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠴᠢᠬᠤᠯᠠ ᠡᠭᠦᠷᠭᠡ ᠪᠤᠯᠭᠠᠵᠦ᠂ ᠱᠢᠶᠠᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠬᠤᠷᠠᠯ᠎ᠢ ᠴᠠᠭ ᠲᠤᠬᠠᠶ᠎ᠳᠤᠨᠢ ᠵᠣᠬᠢᠶᠠᠨ ᠪᠠᠢᠭᠤᠯᠵᠤ ᠬᠤᠷᠠᠯᠳᠤᠭᠤᠯᠵᠦ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠎ᠶ᠋ᠢᠨ ᠬᠤᠷᠠᠯ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠪᠠ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠎ᠢ᠋ ᠭᠦᠨᠵᠡᠭᠡᠢ ᠰᠤᠷᠤᠯᠴᠠᠨ ᠲᠤᠭᠤᠱᠢᠯᠠᠭᠤᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠥᠪᠯᠡᠷᠡᠭᠦᠯᠦᠨ ᠵᠠᠰᠠᠬᠤ 《ᠬᠡᠷᠡᠭ᠌ᠵᠢᠭᠦᠯᠬᠦ᠌ ᠲᠥᠰᠦᠯ》᠎ᠢ᠋ ᠤᠯᠠᠮᠵᠢᠯᠠᠵᠦ ᠂ ᠠᠰᠠᠭᠤᠳᠠᠯ᠎ᠤᠨ ᠨᠠᠷᠢᠨ ᠲᠠᠩᠰᠠ᠎ᠶ᠋ᠢ ᠨᠡᠢᠲᠡᠯᠡᠬᠦ ᠂ ᠪᠣᠳᠠᠲᠠᠶ᠎ᠲᠠᠶ ᠤᠶᠠᠯᠳᠤᠭᠤᠯᠤᠨ ᠪᠣᠳᠠᠲᠠᠶ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠦ᠂ ᠲᠤᠰᠭᠠᠶ ᠬᠥᠮᠦᠨ ᠲᠤᠰᠭᠠᠶ ᠠᠩᠭᠢ ᠬᠠᠷᠢᠭᠤᠴᠠᠨ ᠨᠠᠢᠳᠠᠪᠤᠷᠢᠵᠢᠭᠤᠯᠵᠦ᠂ ᠲᠥᠪᠯᠡᠷᠡᠭᠦᠯᠦᠨ ᠵᠠᠰᠠᠬᠤ᠎ᠶ᠋ᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠬᠤ᠎ᠶ᠋ᠢ ᠦᠨᠡᠨ ᠬᠦ᠌ ᠪᠠᠲᠤᠯᠠᠨ᠎ᠠ ᠃

ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠰᠠᠭᠤᠷᠢ ᠲᠣᠭ᠎ᠠ᠎ᠶ᠋ᠢ ᠲᠣᠳᠣᠷᠬᠠᠶ ᠣᠢᠯᠠᠭᠠᠬᠤ᠂ ᠠᠰᠠᠭᠤᠳᠠᠯ᠎ᠢ ᠣᠨᠣᠪᠴᠢᠲᠠᠶ ᠡᠷᠢᠬᠦ᠌᠎ᠶ᠋ᠢ ᠲᠥᠪᠯᠡᠷᠡᠭᠦᠯᠦᠨ ᠵᠠᠰᠠᠬᠤ ᠶ᠋ᠢᠨ ᠴᠢᠬᠤᠯᠠ ᠭᠠᠷᠳᠠᠬᠤ ᠴᠡᠭ ᠪᠠ ᠰᠠᠭᠤᠷᠢ ᠠᠵᠢᠯ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠢᠶᠠᠷ ᠭᠤᠤᠯᠳᠠᠯᠭ᠎ᠠ ᠪᠣᠯᠭᠠᠵᠤ᠂ ᠲᠥᠪᠯᠡᠷᠡᠭᠦᠯᠦᠨ ᠵᠠᠰᠠᠬᠤ 6 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠣᠨᠣᠪᠴᠢᠲᠠᠶ ᠡᠵᠡᠮᠳᠡᠵᠦ᠍᠂ 11 ᠲᠠᠯ᠎ᠠ᠎ᠶ᠋ᠢᠨ ᠠᠰᠠᠭᠤᠳᠠᠯ 54 ᠵᠦᠶ᠋ᠯ᠎ᠦᠨ ᠪᠣᠳᠠᠲᠠᠶ ᠪᠠᠢᠳᠠᠯ ᠵᠢᠴᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭᠠᠱᠢᠬᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠣᠯᠠᠨ ᠲᠦᠮᠡᠨ᠎ᠦ ᠲᠤᠰᠭᠠᠯ᠂ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠬᠦ᠌ ᠳᠤᠮᠳᠠ ᠢᠯᠡᠷᠡᠭᠦᠯᠦᠭ᠌ᠰᠡᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠭ᠍ᠰᠠᠨ ᠠᠰᠠᠭᠤᠳᠠᠯ᠎ᠲᠠᠶ ᠨᠠᠷᠢᠨ ᠬᠢᠨᠠᠮᠠᠭᠠᠶ ᠬᠠᠷᠭᠤᠭᠤᠯᠵᠤ ᠂ ᠭᠦᠨᠵᠡᠭᠡᠶ ᠲᠤᠩᠭᠠᠨ ᠪᠤᠳᠤᠵᠤ᠂ ᠪᠥᠬᠥ᠌ ᠲᠠᠯ᠎ᠠ᠎ᠪᠠᠷ ᠦᠨᠳᠦᠰᠦᠨ ᠵᠦᠶ᠋ᠯ᠎ᠢ ᠠᠳᠭᠤᠵᠤ᠂ ᠠᠰᠠᠭᠤᠳᠠᠯ᠎ᠢ ᠣᠨᠣᠪᠴᠢᠲᠠᠶ ᠡᠷᠢᠵᠦ᠍᠂ ᠡᠬᠡ ᠲᠠᠩᠰᠠ ᠪᠠᠢᠭᠤᠯᠵᠤ᠂ ᠬᠠᠨᠳᠤᠯᠭᠠᠲᠤ ᠴᠢᠨᠠᠷᠲᠠᠢ ᠪᠡᠷ ᠴᠡᠭ᠌ᠴᠡᠯᠡᠨ ᠰᠠᠢᠵᠢᠷᠠᠭᠤᠯᠤᠨ᠎ᠠ᠃ ᠲᠥᠪᠯᠡᠷᠡᠭᠦᠯᠦᠨ ᠵᠠᠰᠠᠬᠤ᠎ᠶ᠋ᠢ《ᠠᠯᠵᠠᠭᠤ ᠵᠠᠯᠬᠠᠭᠤ ᠰᠤᠯᠠ ᠵᠠᠳᠠᠭᠠᠢ᠂ ᠲᠦᠯᠬᠢᠯᠴᠡᠨ ᠤᠳᠠᠭᠠᠱᠢᠷᠠᠭᠤᠯᠬᠤ᠂ ᠬᠣᠢᠷᠭᠣᠱᠢᠬᠤ》 ᠵᠠᠰᠠᠯᠲᠠ᠎ᠶ᠋ᠢᠨ ᠠᠵᠢᠯ᠎ᠢ ᠭᠦᠨᠵᠡᠭᠡᠢᠷᠡᠭᠦᠯᠬᠦ᠌᠎ᠲᠡᠶ ᠨᠢᠭ᠍ᠲᠠ ᠤᠶᠠᠯᠳᠤᠭᠤᠯᠵᠤ᠂ 《ᠢᠯᠡ᠎ᠪᠡᠷ ᠠᠳᠠᠯᠢᠳᠭᠠᠨ》 ᠲᠡᠷᠢᠭᠦᠨ᠎ᠦ ᠬᠢ᠎ᠶ᠋ᠢ ᠡᠭᠦᠳᠴᠦ᠍ ᠱᠢᠯᠢᠳᠡᠭ ᠪᠣᠯᠬᠤ᠎ᠪᠠᠷ ᠴᠢᠷᠮᠠᠢᠬᠤ ᠠᠵᠢᠯᠯᠠᠭ᠎ᠠ ᠪᠣᠯᠤᠨ《〈ᠪᠣᠭᠣᠮᠲᠠ᠎ᠶ᠋ᠢᠨ ᠭᠠᠳᠠᠨᠠᠬᠢ ᠲᠡᠨᠡᠭ ᠡᠪᠦᠭᠡᠨ〉ᠳ᠋ᠦᠩ ᠬᠣᠩ ᠷᠦ᠋ ᠵᠢᠨ ᠲᠡᠷᠢᠭᠦᠨ ᠎ᠦ ᠎ᠦᠢᠯᠡ ᠎ᠠᠵᠢᠯᠯᠠᠭ᠎ᠠ ᠎ᠶ᠋ᠢ ᠰᠤᠷᠤᠯᠴᠠᠵᠤ᠂᠎ᠱᠢᠨ᠎ᠡ ᠴᠠᠭ ᠦᠶ᠎ᠡ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠦᠢᠯᠡᠳᠦᠯᠭᠡᠵᠢᠭᠦᠯᠦᠭ᠌ᠴᠢ ᠪᠣᠯᠬᠤ᠎ᠪᠠᠷ ᠴᠢᠷᠮᠠᠢᠬᠤ》 ᠦᠢᠯᠡᠳᠦᠯᠭᠡ᠎ᠶ᠋ᠢᠨ ᠠᠵᠢᠯᠯᠠᠭ᠎ᠠ᠎ᠲᠠᠶ ᠨᠢᠭ᠍ᠲᠠ ᠤᠶᠠᠯᠳᠤᠭᠤᠯᠵᠤ᠂ ᠵᠠᠰᠠᠯᠲᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠦᠨ᠎ᠠ ᠃

ᠦᠩᠬᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠎ᠶ᠋ᠢ ᠴᠢᠬᠤᠯᠠᠴᠢᠯᠠᠵᠤ᠂ ᠪᠠᠢᠩᠭᠤ ᠵᠠᠰᠠᠵᠤ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ᠎ᠶ᠋ᠢ ᠡᠷᠬᠢᠮᠯᠡᠨ᠎ᠠ᠃ 《ᠴᠢᠩᠭ᠎ᠠ》 ᠪᠠᠢᠬᠤ ᠭᠣᠣᠯ ᠬᠦᠭ ᠠᠶᠠᠰ᠎ᠢ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠠᠢᠯᠭᠠᠬᠤ᠎ᠶ᠋ᠢ ᠨᠢᠭᠡ ᠴᠣᠭ᠍ᠴᠠ᠎ᠪᠠᠷ 《ᠭᠤᠷᠪᠠ᠎ᠶ᠋ᠢ ᠦᠯᠦ᠍ ᠬᠢᠬᠦ᠌ 》 ᠵᠢ ᠠᠬᠢᠭᠤᠯᠬᠤ᠎ᠲᠠᠶ ᠤᠶᠠᠯᠳᠤᠭᠤᠯᠵᠤ ᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠠᠴᠠ ᠡᠬᠢᠯᠡᠨ ᠠᠳᠭᠤᠵᠤ᠂ ᠡᠳᠦᠷ ᠲᠤᠳᠤᠮ᠎ᠤᠨ ᠬᠥᠮᠦᠵᠢᠯ ᠬᠠᠮᠢᠶᠠᠷᠤᠯᠲᠠ ᠬᠢᠨᠠᠯᠲᠠ᠎ᠠᠴᠠ ᠡᠬᠢᠯᠡᠨ ᠴᠢᠩᠳᠠᠯᠠᠵᠤ᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠪᠣᠯᠤᠨ 《ᠠᠷᠪᠠᠨ ᠨᠢᠭᠡᠨ ᠴᠢᠩᠭ᠎ᠠ ᠴᠠᠭᠠᠵᠠᠯᠠᠯ》 ᠎ᠤ᠋ᠨ ᠡᠯ᠎ᠡ ᠵᠦᠢᠯ᠎ᠦᠨ ᠱᠠᠭᠠᠷᠳᠠᠯᠭ᠎ᠠ᠎ᠲᠠᠶ ᠴᠢᠩᠭ᠎ᠠ ᠬᠠᠷᠭᠤᠭᠤᠯᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠬᠢᠨᠠᠨ ᠵᠢᠯᠣᠭᠣᠳᠴᠤ᠌ ᠪᠠᠢᠴᠠᠭᠠᠬᠤ ᠠᠵᠢᠯ ᠥᠷᠨᠢᠭᠦᠯᠵᠦ᠍᠂ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠪᠦᠬᠦ᠌ ᠱᠢᠶᠠᠨ᠎ᠤ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠢ ᠬᠦᠳᠦᠯᠥᠨ ᠳᠠᠭᠠᠭᠤᠯᠵᠤ ᠪᠠᠢᠭᠠᠳ ᠤᠯᠤᠰ ᠲᠦᠷᠦ᠍᠎ᠶ᠋ᠢᠨ ᠪᠡᠶ᠎ᠡ᠎ᠶ᠋ᠢᠨ ᠪᠠᠢᠴᠠᠭᠠᠯᠲᠠ᠎ᠶ᠋ᠢ ᠪᠠᠢᠩᠭᠤ ᠥᠷᠨᠢᠭᠦᠯᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠬᠢ 《ᠬᠣᠭ ᠲᠣᠭᠣᠰᠣ》᠎ᠶ᠋ᠢ ᠴᠡᠪᠡᠷᠯᠡᠨ᠎ᠠ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠪᠠᠢᠩᠭᠤ ᠰᠠᠨᠠᠭᠤᠯᠬᠤ᠂ ᠰᠦᠪᠡᠭ᠌ᠴᠢ᠎ᠶ᠋ᠢ ᠢᠯᠡᠷᠡᠭᠦᠯᠬᠦ᠌᠂ ᠠᠰᠠᠭᠤᠳᠠᠯ᠎ᠢ ᠪᠠᠢᠴᠠᠭᠠᠨ ᠱᠢᠢᠳᠪᠦᠷᠢᠯᠡᠬᠦ᠌ ᠵᠡᠷᠭᠡ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭ᠎ᠠ ᠠᠳᠭᠤᠬᠤ ᠪᠠ ᠵᠢᠷᠤᠮᠵᠢᠭᠤᠯᠬᠤ᠎ᠶ᠋ᠢ ᠪᠠᠢᠩᠭᠤ ᠠᠳᠭᠤᠵᠤ᠂ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠨᠥᠬᠥᠴᠡᠯ᠎ᠢᠶᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ᠃

ᠤᠷᠳᠤᠰ ᠬᠤᠳᠠ᠎ᠶ᠋ᠢᠨ ᠬᠠᠩᠭᠢᠨ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠬᠤᠸᠠ ᠴᠧᠩ ᠄

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠡᠷᠬᠡᠪᠰᠢ ᠦᠨᠡᠨ ᠬᠦ᠌ ᠬᠠᠮᠢᠶᠠᠷᠴᠤ᠌ ᠴᠢᠩᠭ᠎ᠠ ᠠᠳᠭᠤᠬᠤ ᠬᠡᠷᠡᠭᠳᠡᠢ

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠪᠣᠯ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠰᠠᠭᠤᠷᠢ ᠪᠠ ᠴᠢᠬᠤᠯᠠ ᠬᠦᠴᠦᠯᠡᠬᠦ᠌ ᠴᠡᠭ ᠮᠥᠨ᠂ ᠨᠠᠮ᠎ᠤᠨ ᠲᠡᠷᠢᠭᠦᠨ᠎ᠦ ᠴᠢᠨᠠᠷ ᠴᠡᠪᠡᠷ ᠴᠢᠨᠠᠷ᠎ᠢ ᠪᠠᠲᠤᠯᠠᠬᠤ᠂ ᠨᠠᠮ᠎ᠤᠨ ᠪᠦᠲᠦᠭᠡᠯᠴᠢ ᠬᠦᠴᠦᠨ ᠨᠢᠭ᠍ᠲᠠᠷᠠᠯ᠎ᠤᠨ ᠬᠦᠴᠦᠨ ᠲᠠᠢ᠌ᠴᠢᠨ ᠬᠦᠴᠦᠨ᠎ᠢ ᠳᠡᠭᠡᠭ᠌ᠰᠢᠯᠡᠭᠦᠯᠬᠦ᠌᠎ᠶ᠋ᠢᠨ ᠴᠢᠬᠤᠯᠠ ᠨᠥᠬᠥᠴᠡᠯ ᠮᠥᠨ᠂ ᠪᠠᠰᠠ ᠴᠤ᠌ ᠨᠠᠮ᠎ᠤᠨ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠦ ᠬᠥᠳᠡᠯᠭᠡᠬᠦ᠌ ᠬᠦᠴᠦᠨ᠎ᠦ ᠡᠬᠢ ᠪᠤᠯᠠᠭ ᠮᠥᠨ᠃ ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠨᠢ ᠨᠠᠮ᠎ᠤᠨ ᠦᠢᠯᠡᠰ᠎ᠢ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠣᠯᠭᠠᠬᠤ᠎ᠪᠠᠷ ᠪᠠᠷᠠᠬᠤ ᠦᠭᠡᠢ᠂ ᠥᠷᠭᠡᠨ ᠤᠯᠠᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠨᠡᠭᠡᠭᠡᠬᠦ᠌᠎ᠳᠦ ᠨᠡᠩ ᠠᠱᠢᠭ᠍ᠲᠠᠢ ᠪᠠᠢᠵᠤ᠂ ᠡᠷᠬᠡᠪᠰᠢ ᠦᠨᠡᠨ ᠬᠦ᠌ ᠬᠠᠮᠢᠶᠠᠷᠴ ᠂ ᠴᠢᠩᠳᠠᠯᠠᠬᠤ ᠬᠡᠷᠡᠭ᠌ᠲᠡᠢ᠃

ᠡᠷᠬᠡᠪᠰᠢ ᠬᠢᠳᠤᠭᠠᠨ ᠢᠷ᠎ᠢ ᠳᠣᠲᠣᠭ᠍ᠰᠢ ᠬᠠᠨᠳᠤᠭᠤᠯᠤᠨ ᠪᠠᠢᠴᠠᠭᠠᠨ ᠳᠡᠯᠭᠡᠬᠦ᠌᠎ᠶ᠋ᠢ ᠴᠢᠩᠭ᠎ᠠ ᠠᠳᠭᠤᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠳ᠋ᠤ ᠬᠠᠮᠤᠭ᠎ᠤᠨ ᠴᠢᠬᠤᠯᠠ ᠨᠢ ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠨ ᠲᠤᠭᠤᠷᠢᠨ ᠳ᠋ᠤ ᠂ ᠨᠠᠮ᠎ᠤᠨ ᠳᠦᠷᠢᠮ᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠲᠦ᠍ ᠠᠩᠬᠠᠷᠤᠯ ᠵᠢᠡᠨ ᠲᠦᠪᠯᠡᠷᠡᠬᠦᠯᠵᠦ᠂ ᠠᠰᠠᠭᠤᠳᠠᠯ ᠤ᠋ᠨ ᠨᠠᠷᠢᠨ ᠲᠠᠩᠰᠠ ᠲᠠᠢ ᠬᠠᠷᠢᠴᠠᠭᠤᠯᠵᠤ᠂ ᠠᠰᠠᠭᠤᠳᠠᠯ᠎ᠳᠤ ᠵᠥᠪ᠎ᠢᠶᠡᠷ ᠬᠠᠨᠳᠤᠬᠤ ᠤᠬᠠᠮᠰᠠᠷ᠎ᠢᠶᠠᠷ᠂ ᠬᠢᠳᠤᠭᠠᠨ ᠢᠷ᠎ᠢ ᠳᠣᠲᠣᠭ᠍ᠰᠢ ᠬᠠᠨᠳᠤᠭᠤᠯᠬᠤ ᠰᠥᠰᠥ᠍ ᠵᠣᠷᠢᠭ ᠵᠢᠡᠷ᠂ ᠲᠤᠪᠤᠢ᠌ᠮ᠎ᠠ ᠠᠰᠠᠭᠤᠳᠠᠯ᠎ᠢ ᠲᠦᠪᠯᠡᠷᠡᠬᠦᠯᠦᠨ ᠰᠠᠢᠲᠤᠷ ᠱᠢᠢᠳᠪᠦᠷᠢᠯᠡᠵᠦ᠂ ᠨᠠᠮ᠎ᠤᠨ ᠤᠬᠠᠮᠰᠠᠷ᠂ ᠨᠠᠮ᠎ᠤᠨ ᠭᠡᠱᠢᠭᠦᠨ᠎ᠦ ᠤᠬᠠᠮᠰᠠᠷ᠂ ᠵᠣᠷᠢᠯᠲᠠ᠎ᠶ᠋ᠢᠨ ᠤᠬᠠᠮᠰᠠᠷ ᠵᠢᠡᠨ ᠲᠠᠰᠤᠷᠠᠯᠳᠠ ᠦᠬᠡᠢ ᠴᠢᠩᠭᠠᠳᠬᠠᠵᠤ᠂ ᠵᠥᠪ ᠵᠠᠮ᠎ᠢ ᠪᠠᠲᠤ ᠰᠠᠬᠢᠬᠤ᠂ ᠵᠠᠷᠴᠢᠮ᠎ᠢ ᠪᠠᠷᠢᠮᠲᠠᠯᠠᠬᠤ᠂ ᠶᠣᠰᠣ ᠳᠦᠷᠢᠮ᠎ᠢ ᠰᠠᠬᠢᠬᠤ ᠵᠢ ᠪᠡᠶᠡᠯᠡᠬᠦᠯᠵᠦ᠂ ᠣᠷᠣᠱᠢᠨ ᠲᠣᠭ᠍ᠲᠠᠨᠢᠬᠤ ᠦᠨᠳᠦᠰᠦ᠎ᠪᠡᠨ ᠪᠡᠬᠢᠵᠢᠭᠦᠯᠬᠦ ᠬᠡᠷᠡᠭᠳᠡᠢ᠃

ᠡᠷᠬᠡᠪᠰᠢ ᠤᠨᠢᠨ ᠳᠡᠭᠡᠷ᠎ᠡ ᠨᠢ ᠵᠠᠰᠠᠬᠤ᠎ᠶ᠋ᠢ ᠪᠠᠷᠢᠮᠲᠠᠯᠠᠵᠤ ᠡᠪᠡᠳᠴᠢᠨ᠎ᠦ ᠦᠨᠳᠦᠰᠦ ᠶ᠋ᠢ ᠠᠷᠢᠯᠭᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠳᠤ ᠢᠳᠡᠪᠬᠢ ᠬᠦᠴᠦᠨ ᠲᠡᠭᠦᠯᠳᠡᠷ ᠪᠠᠢᠪᠠᠯ ᠭᠠᠵᠢᠭᠤ ᠰᠤᠷᠲᠠᠯ ᠣᠷᠣ ᠮᠥᠷ ᠦᠭᠡᠢ ᠠᠷᠢᠯᠵᠤ ᠴᠢᠳᠠᠨ᠎ᠠ᠃ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠪᠣᠯ ᠬᠠᠮᠤᠭ᠎ᠤᠨ ᠠᠮᠢᠨ᠎ᠳᠤ ᠬᠥᠷᠬᠥ᠌ 《ᠪᠣᠬᠢᠷᠲᠤᠯ᠎ᠤᠨ ᠡᠬᠢ ᠰᠤᠷᠪᠤᠯᠵᠢ》 ᠮᠥᠨ᠂ ᠪᠠᠰᠠ ᠴᠤ᠌ ᠸᠢᠷᠦ᠋ᠰ᠎ᠦᠨ ᠪᠣᠶ ᠪᠣᠯᠬᠤ 《ᠬᠥᠮᠦᠵᠢᠯ᠎ᠦᠨ ᠬᠠᠢᠷᠴᠠᠭ》ᠮᠥᠨ᠂ ᠡᠷᠬᠡᠪᠰᠢ ᠴᠠᠭ ᠲᠤᠬᠠᠶ᠎ᠳᠤᠨᠢ ᠢᠯᠡᠷᠡᠭᠦᠯᠵᠦ᠍᠂ ᠴᠠᠭ ᠲᠤᠬᠠᠶ᠎ᠳᠤᠨᠢ ᠴᠡᠪᠡᠷᠯᠡᠨ ᠠᠷᠢᠯᠭᠠᠵᠤ᠂ ᠶᠠᠮᠠᠷ ᠴᠤ᠌ ᠵᠠᠪᠰᠢᠬᠤ ᠲᠤᠬᠢᠶᠠᠯ ᠤᠯᠭᠤᠬᠤ ᠥᠬᠡᠶ ᠪᠠᠢᠵᠤ᠂ ᠲᠡᠳᠡᠭᠡᠷ ᠦᠨᠡᠨᠴᠢ ᠱᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠳᠡᠭ ᠺᠠᠳ᠋ᠷ᠎ᠢ ᠦᠨᠡᠨ ᠬᠦ᠌ ᠰᠠᠢᠱᠢᠶᠠᠨ ᠬᠥᠬᠢᠭᠦᠯᠬᠦ᠌ ᠪᠠ ᠬᠦᠨᠳᠦ᠍᠎ᠪᠡᠷ ᠬᠡᠷᠡᠭ᠌ᠯᠡᠵᠦ᠍᠂ ᠲᠡᠳᠡᠭᠡᠷ ᠵᠢᠵᠢᠭ ᠪᠦᠯᠬᠦᠮ ᠤ᠋ᠨ ᠰᠣᠶᠣᠯ᠂ ᠡᠷᠬᠡ ᠮᠥᠩᠭᠥᠨ᠎ᠦ ᠠᠷᠠᠯᠵᠢᠶ᠎ᠠ᠂ ᠤᠯᠤᠰ ᠲᠥᠷᠥ᠎ᠶ᠋ᠢᠨ ᠲᠠᠭᠠᠯᠳᠠ ᠵᠡᠷᠭᠡ ᠪᠣᠯᠬᠢᠴᠢᠯᠠᠬᠰᠠᠨ ᠠᠷᠠᠯᠵᠢᠶᠠᠯᠠᠬᠰᠠᠨ ᠦᠶ᠋ᠯᠡ ᠠᠵᠢᠯᠯᠠᠭ᠎ᠠ᠎ᠲᠠᠶ ᠺᠠᠳ᠋ᠷ᠎ᠢ ᠵᠠᠬ᠎ᠠ ᠳᠡᠯᠭᠡᠭᠦᠷ ᠥᠬᠡᠶ ᠪᠤᠯᠭᠠᠵᠤ᠂ ᠵᠠᠯᠬᠠᠭᠠᠨ ᠴᠡᠭᠡᠷᠯᠡᠭᠦᠯᠵᠦ᠍᠂ ᠠᠷᠢᠭᠤᠨ ᠴᠢᠬᠡᠴᠢ ᠨᠥᠬᠥᠳ᠎ᠦᠨ ᠬᠠᠷᠢᠴᠠᠭ᠎ᠠ ᠪᠠ ᠶᠣᠰᠣ ᠲᠦᠷᠢᠮ᠎ᠲᠡᠶ ᠳᠡᠭᠡᠳᠦ ᠳᠤᠤᠷᠠᠳᠤ ᠱᠠᠲᠤᠨ᠎ᠤ ᠬᠠᠷᠢᠴᠠᠭ᠎ᠠ᠎ᠶ᠋ᠢ ᠪᠠᠢᠭᠤᠯᠵᠤ᠂ ᠰᠤᠷᠳᠠᠯ ᠴᠢᠬᠡᠴᠢ ᠤᠪᠤᠷ ᠲᠦᠪ ᠤᠯᠤᠰ ᠲᠥᠷᠥ᠎ᠶ᠋ᠢᠨ ᠠᠮᠢ ᠠᠬᠤᠶ᠎ᠶ᠋ᠢ ᠪᠣᠶ ᠪᠣᠯᠭᠠᠬᠤ ᠬᠡᠷᠡᠭ᠌ᠲᠡᠶ ᠃

ᠡᠷᠬᠡᠪᠰᠢ ᠬᠡᠷᠡᠭ᠎ᠢ ᠭᠠᠷᠬᠤ᠎ᠡᠴᠨ ᠨᠢ ᠡᠮᠦᠨ᠎ᠡ ᠰᠡᠷᠭᠡᠢᠯᠡᠵᠦ᠍ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠬᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠤ᠋ᠨ 《ᠠᠷᠪᠠᠨ ᠨᠢᠬᠡᠨ ᠴᠢᠩᠭ᠎ᠠ ᠴᠠᠭᠠᠵᠠᠯᠠᠯ》 ᠰᠠᠬᠢᠯᠭ᠎ᠠ ᠪᠠᠲᠤ᠎ᠶ᠋ᠢᠨ ᠲᠣᠭ᠍ᠲᠠᠭᠠᠯ᠎ᠢ ᠦᠨᠡᠨᠬᠦ ᠨᠠᠢᠳᠠᠪᠤᠷᠢᠵᠢᠭᠤᠯᠬᠤ ᠵᠢ ᠦᠨᠡᠨ ᠬᠦ᠌ 《ᠥᠨᠳᠥᠷ ᠬᠦᠴᠦᠳᠡᠯᠲᠦ ᠴᠠᠬᠢᠯᠭᠠᠨ ᠤᠲᠠᠰᠤ 》 ᠪᠣᠯᠭᠠᠵᠤ᠂ ᠲᠤᠬᠳᠠᠭᠠᠨ ᠪᠠᠢᠭᠤᠯᠵᠤ ᠴᠢᠩᠳᠠᠯᠠᠬᠤ᠎ᠪᠠᠷ ᠪᠠᠷᠠᠬᠤ ᠦᠭᠡᠢ ᠪᠠᠰᠠ ᠪᠠᠢᠩᠭᠤᠵᠢᠭᠤᠯᠤᠨ ᠰᠠᠨᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠴᠠᠭ ᠲᠤᠬᠠᠢ᠎ᠳᠤᠨᠢ ᠴᠢᠬᠢᠨ᠎ᠳᠦᠨᠢ ᠱᠢᠪᠡᠨᠡᠵᠦ᠍ ᠬᠠᠨᠴᠤᠢ᠎ᠡᠴᠨ ᠨᠢ ᠲᠠᠲᠠᠨ ᠰᠠᠨᠠᠭᠤᠯᠵᠤ᠂ ᠵᠠᠬᠢᠳᠠᠯ᠎ᠢᠶᠠᠷ ᠠᠰᠠᠭᠤᠵᠤ᠂ ᠱᠢᠭᠦᠮᠵᠢᠯᠡᠨ ᠰᠤᠷᠭᠠᠵᠤ᠂ ᠤᠯᠤᠰ ᠲᠦᠷᠦ᠍᠎ᠶ᠋ᠢᠨ ᠮᠢᠺᠷᠣᠪ᠎ᠲᠤ ᠡᠭᠦᠰᠴᠦ᠍ ᠳᠡᠯᠭᠡᠷᠡᠬᠦ᠌ ᠣᠷᠣᠨ ᠵᠠᠢ ᠦᠯᠡᠳᠡᠭᠡᠵᠦ᠍ ᠪᠣᠯᠬᠤ ᠦᠭᠡᠢ᠃ ᠢᠯᠠᠩᠭᠤᠶ᠎ᠠ ᠱᠢᠶᠠᠨ᠎ᠤ ᠱᠠᠲᠤᠨ᠎ᠤ ᠤᠳᠤᠷᠢᠳᠭᠤ ᠺᠠᠳ᠋ᠷᠴᠤᠳ ᠳᠡᠭᠡᠷ᠎ᠠ ᠱᠠᠳᠤ ᠨᠢ ᠲᠤᠤᠷ᠎ᠠ ᠱᠠᠳᠤ᠎ᠪᠠᠨ ᠳᠠᠭᠠᠭᠤᠯᠤᠨ᠂ ᠨᠠᠮ᠎ᠳᠠᠭᠠᠨ ᠦᠨᠡᠨᠴᠢ ᠱᠢᠳᠤᠷᠭᠤ ᠪᠠᠢᠵᠤ᠂ ᠨᠠᠮ᠎ᠤᠨ ᠲᠦᠷᠢᠮ ᠪᠠ ᠶᠣᠰᠣ ᠲᠦᠷᠢᠮ᠎ᠢ ᠴᠢᠩᠭ᠎ᠠ ᠵᠢᠷᠤᠮᠯᠠᠨ ᠠᠵᠢᠯᠯᠠᠵᠤ᠂ ᠨᠠᠮ ᠪᠠ ᠠᠷᠠᠳ ᠲᠦᠮᠡᠨ᠎ᠦ ᠲᠥᠯᠥᠭᠡ ᠡᠳᠦᠷᠵᠢᠨ ᠰᠥᠨᠢᠵᠢᠨ ᠠᠵᠢᠯᠯᠠᠵᠤ᠂ ᠳᠡᠭᠡᠷᠡᠬᠢ ᠨᠢ ᠶᠠᠭᠠᠬᠢᠵᠤ ᠬᠢᠪᠡᠯ ᠳᠣᠣᠷᠠᠬᠢ ᠨᠢ ᠳᠠᠭᠤᠷᠢᠶᠠᠬᠤ ᠰᠠᠢ᠌ᠨ ᠰᠠᠢᠬᠠᠨ ᠬᠡᠪ ᠰᠤᠷᠲᠠᠯ᠎ᠢ ᠪᠤᠢ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ ᠬᠦᠴᠦᠷᠬᠡᠭ ᠶᠡᠬᠡ ᠰᠦᠷ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃

ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ᠂ ᠡᠷᠬᠡᠪᠰᠢ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠰᠠᠭᠤᠷᠢ ᠴᠢᠨᠠᠷᠲᠠᠢ᠂ ᠪᠠᠢᠩᠭᠤ᠎ᠶ᠋ᠢᠨ ᠴᠢᠨᠠᠷᠲᠠᠢ ᠠᠵᠢᠯ ᠪᠣᠯᠭᠠᠨ ᠴᠢᠩᠭ᠎ᠠ ᠠᠳᠭᠤᠵᠤ ᠪᠣᠳᠠᠲᠠᠢ ᠠᠳᠭᠤᠵᠤ ᠂ ᠨᠠᠮ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠲᠠᠰᠤᠷᠠᠯᠳᠠ ᠦᠭᠡᠢ ᠴᠢᠩᠭᠠᠳᠭᠠᠵᠤ ᠂ ᠬᠡᠪ᠎ᠦᠨ ᠡᠷᠡᠭᠦᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢᠶᠠᠷ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ᠃

ᠪᠠᠶᠠᠨᠨᠠᠭᠤᠷ ᠬᠤᠳᠠ᠎ᠶᠢᠨ ᠤᠷᠠᠳ᠎ᠤᠨ ᠳᠤᠮᠳᠠᠳᠤ ᠬᠣᠰᠢᠭᠤᠨ᠎ᠤ ᠨᠠᠮ᠎ᠤᠨ ᠬᠣᠷᠢᠶᠠᠨ᠎ᠤ ᠱᠦᠵᠢ ᠼᠦᠢ ᠵᠢᠩ ᠰᠢᠶᠠᠩ᠄

ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ ᠳᠤᠬᠠᠢ ᠰᠤᠷᠤᠯᠴᠠᠯᠭ᠎ᠠ ᠵᠢᠨ ᠣᠢᠯᠠᠭᠠᠯᠲᠠ ᠪᠠ ᠦᠢᠯᠡᠳᠦᠯᠭᠡ᠎ᠶᠢᠨ ᠪᠣᠳᠣᠯᠬᠢᠯᠠᠯ

ᠨᠠᠮ ᠨᠢ ᠨᠠᠮ ᠵᠢᠡᠨ ᠬᠠᠮᠢᠶᠠᠷᠬᠤ᠎ᠳᠤ ᠡᠷᠬᠡᠪᠰᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠠᠴᠠ ᠡᠬᠢᠯᠡᠨ ᠬᠠᠮᠢᠶᠠᠷᠴᠤ᠂ ᠨᠠᠮ᠎ᠢ ᠴᠢᠩᠭ᠎ᠠ ᠵᠠᠰᠠᠬᠤ᠎ᠳᠤ ᠡᠷᠬᠡᠪᠰᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠠᠴᠠ ᠡᠬᠢᠯᠡᠨ ᠴᠢᠩᠳᠠᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠬᠣᠲᠠ᠎ᠶᠢᠨ ᠨᠠᠮ᠎ᠤᠨ ᠬᠣᠷᠢᠶᠠᠨ᠎ᠤ ᠱᠠᠭᠠᠷᠳᠠᠯᠭ᠎ᠠ ᠪᠡᠷ᠂ ᠪᠢ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠳᠣᠲᠣᠭᠠᠳᠤ᠎ᠶᠢᠨ ᠤᠯᠤᠰ ᠲᠥᠷᠥ᠍᠎ᠶᠢᠨ ᠠᠮᠢᠳᠤᠷᠠᠯ᠎ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠵᠡᠷᠭᠡ ᠬᠠᠮᠢᠶ᠎ᠠ ᠪᠦᠬᠦᠢ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠪᠥᠬᠥ ᠬᠣᠰᠢᠭᠤᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠲᠠᠨᠢᠯᠲᠠ ᠪᠠ ᠲᠥᠷᠥᠭᠳᠡᠯ᠎ᠢᠶᠡᠨ ᠬᠡᠳᠦᠨ ᠲᠠᠯ᠎ᠠ᠎ᠪᠠᠷ ᠶᠠᠷᠢᠶ᠎ᠠ ᠃

ᠨᠢᠭᠡ᠎ᠳᠦ᠂ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠵᠠᠰᠠᠬᠤ᠎ᠶᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠳᠠᠨᠢᠨ᠎ᠠ᠃ ᠶᠡᠷᠦᠩᠬᠡᠢ ᠱᠦᠵᠢ ᠰᠢ᠎ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠤᠯᠴᠠᠬᠤ᠎ᠳᠠᠭᠠᠨ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ ᠵᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠭᠦᠨᠵᠡᠭᠡᠢᠷᠡᠨ ᠬᠥᠭᠵᠢᠬᠦ᠎ᠶᠢ ᠠᠬᠢᠭᠤᠯᠬᠤ ᠰᠠᠭᠤᠷᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠡᠷᠡᠭᠦᠯ ᠪᠥᠭᠡᠳ ᠵᠢᠷᠤᠮᠵᠢᠭ᠍ᠰᠠᠨ ᠵᠠᠮ᠎ᠳᠤ ᠪᠦᠬᠦ ᠲᠠᠯ᠎ᠠ᠎ᠪᠠᠷ ᠪᠤᠴᠠᠬᠤ᠎ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠣᠨᠴᠠᠭᠠᠢᠯᠠᠨ ᠴᠢᠬᠤᠯᠠᠴᠢᠯᠠᠪᠠ᠃ ᠶᠡᠷᠦᠩᠬᠡᠢ ᠱᠦᠵᠢ ᠵᠠᠷᠯᠢᠭ᠋᠎ᠲᠠᠢ᠂ ᠨᠠᠮ᠎ᠤᠨ ᠲᠥᠪ ᠬᠣᠷᠢᠶ᠎ᠠ ᠪᠠᠢᠷᠢᠯᠠᠭᠤᠯᠤᠯᠲᠠ᠎ᠲᠠᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠬᠤᠳᠠ᠎ᠶᠢᠨ ᠨᠠᠮ᠎ᠤᠨ ᠬᠣᠷᠢᠶ᠎ᠠ ᠱᠠᠭᠠᠷᠳᠠᠯᠭ᠎ᠠ᠎ᠲᠠᠢ ᠪᠣᠯᠬᠣᠷ ᠪᠢᠳᠡ ᠠᠵᠢᠯᠯᠠᠭ᠎ᠠ ᠠᠪᠬᠤ ᠬᠡᠷᠡᠭᠲᠡᠢ᠃ ᠨᠠᠮ᠎ᠤᠨ ᠭᠡᠰᠢᠭᠦᠨ ᠤᠳᠤᠷᠢᠳᠬᠤ ᠺᠠᠳ᠋ᠷ ᠪᠣᠯᠤᠭᠰᠠᠨ᠎ᠤ ᠬᠤᠪᠢ᠎ᠳᠤ ᠂ ᠡᠷᠬᠡᠪᠰᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠵᠦ᠂ ᠲᠥᠪᠯᠡᠷᠡᠭᠦᠯᠦᠨ ᠵᠠᠰᠠᠬᠤ᠎ᠶᠢ ᠥᠷᠨᠢᠭᠦᠯᠬᠦ᠎ᠶᠢ ᠣᠳᠣᠬᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠵᠤ᠂ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠳᠤᠭᠳᠠᠭᠠᠭᠰᠠᠨ》 ᠢ᠋ ᠦᠨᠡᠨᠴᠢ᠎ᠪᠡᠷ ᠬᠦᠷᠢᠶᠡᠯᠡᠵᠦ᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠬᠦᠯᠦᠨ᠎ᠡ ᠃

ᠬᠣᠶᠠᠷ᠎ᠲᠤ ᠂ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠵᠠᠰᠠᠬᠤ᠎ᠶᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠠᠬᠢᠭᠤᠯᠤᠨ᠎ᠠ᠃ ᠬᠣᠲᠠ᠎ᠶᠢᠨ ᠨᠠᠮ᠎ᠤᠨ ᠬᠣᠷᠢᠶᠠᠨ᠎ᠤ《ᠲᠥᠪᠯᠡᠷᠡᠭᠦᠯᠦᠨ ᠵᠠᠰᠠᠬᠤ ᠠᠵᠢᠯ᠎ᠤᠨ ᠲᠥᠰᠥᠯ》 ᠳ᠋ᠤ《ᠠᠰᠠᠭᠤᠳᠠᠯ᠎ᠤᠨ ᠨᠠᠷᠢᠨ ᠲᠠᠩᠰᠠ᠎ᠶᠢ ᠵᠠᠷᠯᠠᠨ ᠮᠡᠳᠡᠭᠳᠡᠬᠦ᠂ ᠲᠤᠰᠬᠠᠢ ᠰᠤᠷᠭᠠᠨ ᠬᠥᠮᠦᠵᠢᠯ᠎ᠦᠷᠨᠢᠬᠦᠯᠬᠦ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠂ ᠠᠮᠠᠯᠳᠠᠭᠰᠠᠨ᠎ᠢᠶᠠᠨ ᠪᠡᠶᠡᠯᠡᠭᠦᠯᠬᠦ᠂ ᠪᠣᠳᠠᠲᠠᠢ᠎ᠶᠢ ᠠᠳᠬᠤᠵᠤ ᠬᠡᠷᠡᠭ᠎ᠢᠶᠡᠷ ᠥᠭᠡᠷᠡᠴᠢᠯᠡᠯᠲᠡ᠎ᠶᠢ ᠠᠬᠢᠭᠤᠯᠬᠤ᠂ ᠳᠦᠷᠢᠮ ᠲᠣᠭᠲᠠᠭᠠᠯ ᠲᠣᠭᠲᠠᠭᠠᠬᠤ᠎ᠶᠢ ᠠᠬᠢᠭᠤᠯᠬᠤ᠂ ᠪᠥᠬᠥ ᠲᠠᠯ᠎ᠠ᠎ᠪᠠᠷ ᠵᠢᠷᠤᠮᠵᠢᠭᠤᠯᠤᠨ ᠳᠡᠭᠡᠭᠰᠢᠯᠡᠭᠦᠯᠬᠦ》7 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠲᠣᠳᠣᠷᠬᠠᠢ ᠲᠣᠭᠲᠠᠭᠠᠵᠤ᠂ ᠲᠥᠪᠯᠡᠷᠡᠭᠦᠯᠦᠨ ᠵᠠᠰᠠᠬᠤ᠎ᠶᠢ ᠱᠠᠲᠤ ᠬᠤᠪᠢᠶᠠᠬᠤ ᠦᠭᠡᠢ᠂ ᠭᠣᠭᠴᠣᠭ᠎ᠠ ᠬᠤᠪᠢᠶᠠᠬᠤ ᠦᠭᠡᠢ᠂ ᠣᠷᠭᠠᠨᠢᠭ᠋᠎ᠢᠶᠠᠷ ᠠᠭᠤᠰᠤᠯᠴᠠᠭᠤᠯᠵᠤ᠂ ᠰᠤᠷᠤᠯᠴᠠᠬᠤ᠂ ᠪᠠᠢᠴᠠᠭᠠᠬᠤ᠂ ᠥᠭᠡᠷᠡᠴᠢᠯᠡᠬᠦ ᠠᠵᠢᠯ᠎ᠢ ᠲᠤᠭᠤᠰᠢᠯᠠᠭᠤᠯᠤᠨ ᠠᠬᠢᠭᠤᠯᠤᠨ᠎ᠠ ᠭᠡᠵᠦ ᠳᠤᠷᠠᠳᠪᠠ᠃ ᠮᠠᠨ᠎ᠤ ᠬᠣᠰᠢᠭᠤ 7 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠴᠢᠩᠭ᠎ᠠ ᠠᠳᠬᠤᠵᠤ᠂ ᠲᠥᠪᠯᠡᠷᠡᠭᠦᠯᠦᠨ ᠵᠠᠰᠠᠬᠤ ᠵᠠᠩᠭᠢᠯᠠᠭ᠎ᠠ᠎ᠶᠢᠨ ᠴᠡᠭ ᠪᠣᠯᠣᠨ ᠪᠠᠷᠢᠮᠵᠢᠶ᠎ᠠ᠎ᠶᠢᠨ ᠱᠠᠭᠠᠷᠳᠠᠯᠭ᠎ᠠ᠎ᠶᠢ ᠣᠨᠣᠪᠴᠢᠲᠠᠶ ᠡᠵᠡᠮᠰᠢᠵᠦ᠂ ᠢᠯᠠᠩᠭᠤᠶ᠎ᠠ ᠭᠠᠵᠠᠷ᠎ᠤᠨ ᠲᠠᠰ᠎ᠤᠨ ᠤᠳᠤᠷᠢᠳᠬᠤ ᠨᠥᠬᠥᠳ ᠳᠡᠭᠡᠷ᠎ᠠ ᠱᠠᠲᠤ ᠨᠢ ᠳᠣᠣᠷ᠎ᠠ ᠱᠠᠲᠤ᠎ᠪᠠᠨ ᠳᠠᠢᠴᠢᠯᠠᠬᠤ᠂ ᠲᠦᠷᠦᠭᠦᠯᠡᠨ ᠵᠢᠱ᠌ᠢᠶ᠎ᠡ ᠦᠵᠡᠭᠦᠯᠬᠦ᠎ᠶᠢ ᠪᠠᠷᠢᠮᠲᠠᠯᠠᠨ᠂ ᠲᠣᠭᠲᠠᠭᠠᠭᠰᠠᠨ ᠠᠵᠢᠯᠯᠠᠭ᠎ᠠ ᠵᠢ ᠯᠠᠪᠳᠠᠭᠤᠨ ᠪᠠᠲᠤᠲᠠᠢ ᠬᠢᠵᠦ᠂ ᠥᠪᠡᠰᠦᠪᠡᠨ ᠰᠣᠩᠭᠣᠬᠤ ᠬᠥᠳᠡᠯᠭᠡᠭᠡᠨ᠎ᠢ ᠪᠣᠳᠠᠲᠠᠢ᠎ᠳᠤ ᠨᠠᠢᠳᠠᠪᠤᠷᠢᠵᠢᠭᠤᠯᠤᠨ᠂ ᠰᠤᠷᠤᠯᠴᠠᠬᠤ᠂ ᠪᠠᠢᠴᠠᠭᠠᠬᠤ᠂ ᠥᠭᠡᠷᠡᠴᠢᠯᠡᠬᠦ ᠠᠵᠢᠯ᠎ᠢ ᠪᠥᠬᠥ ᠬᠣᠰᠢᠭᠤᠨ᠎ᠤ 《ᠳᠥᠷᠪᠡ᠎ᠶᠢ ᠲᠡᠮᠡᠴᠡᠨ ᠣᠯᠬᠤ》 ᠵᠡᠷᠭᠡ ᠭᠣᠣᠯᠳᠠᠯᠭ᠎ᠠ᠎ᠲᠠᠢ ᠡᠭᠦᠷᠭᠡ᠎ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠲᠥᠪᠯᠡᠷᠡᠭᠦᠯᠦᠨ ᠵᠠᠰᠠᠬᠤ᠎ᠶᠢ ᠥᠨᠳᠥᠷ ᠪᠠᠷᠢᠮᠵᠢᠶ᠎ᠠ᠎ᠪᠠᠷ ᠡᠬᠢᠯᠡᠭᠦᠯᠵᠦ᠂ ᠴᠢᠨᠠᠷ ᠰᠠᠢᠲᠠᠢ ᠥᠷᠨᠢᠭᠦᠯᠬᠦ᠎ᠶᠢ ᠦᠨᠡᠨ ᠬᠦ᠌ ᠪᠠᠳᠤᠯᠠᠵᠤ ᠪᠠᠢᠨ᠎ᠠ᠃

ᠭᠤᠷᠪᠠ᠎ᠳᠤ᠂ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠲᠥᠪᠯᠡᠷᠡᠭᠦᠯᠦᠨ ᠵᠠᠰᠠᠬᠤ ᠠᠵᠢᠯ᠎ᠤᠨ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳᠡᠬᠡᠭᠰᠢᠯᠡᠬᠦᠯᠦᠨ᠎ᠡ᠃ ᠲᠥᠪᠯᠡᠷᠡᠭᠦᠯᠦᠨ ᠵᠠᠰᠠᠬᠤ᠎ᠶᠢ ᠥᠷᠨᠢᠭᠦᠯᠬᠦ᠎ᠳᠦ᠂ ᠡᠯ᠎ᠡ ᠨᠠᠮ᠎ᠤᠨ ᠬᠣᠷᠢᠶᠠᠨ(ᠨᠠᠮ᠎ᠤᠨ ᠤᠳᠤᠷᠢᠳᠬᠤ ᠳᠤᠭᠤᠢᠯᠠᠩ) ᠤ᠋ ᠭᠣᠣᠯ ᠬᠠᠷᠢᠭᠤᠴᠠᠯᠭᠠᠲᠠᠨ ᠨᠥᠬᠥᠳ《ᠨᠢᠭᠡᠳᠦᠭᠡᠷ ᠬᠠᠷᠢᠭᠤᠴᠠᠯᠭᠠᠲᠠᠨ》 ᠤ᠋ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠠᠷᠢᠨ ᠨᠢᠮᠪᠠᠢ ᠲᠣᠬᠢᠷᠠᠭᠤᠯᠵᠤ᠂ ᠪᠣᠳᠠᠲᠠᠢ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠵᠤ᠂ ᠲᠤᠰᠬᠠᠢ ᠬᠥᠮᠥᠨ ᠲᠤᠰᠬᠠᠢ ᠠᠩᠭᠢ ᠲᠣᠬᠢᠷᠠᠭᠤᠯᠵᠤ ᠲᠤᠰᠬᠠᠢ ᠬᠠᠷᠢᠭᠤᠴᠠᠯᠭ᠎ᠠ ᠡᠭᠦᠷᠭᠡᠯᠡᠨ ᠨᠠᠢᠳᠠᠪᠤᠷᠢᠵᠢᠭᠤᠯᠤᠯᠲᠠ᠎ᠶᠢ ᠠᠬᠢᠭᠤᠯᠬᠤ ᠠᠵᠢᠯ᠎ᠢ ᠰᠠᠢᠲᠤᠷ ᠠᠳᠬᠤᠨ᠎ᠠ᠃《ᠣᠳᠣᠬᠠᠨ᠎ᠳᠤ ᠵᠠᠰᠠᠬᠤ》 ᠪᠠ 《ᠤᠷᠲᠤ ᠬᠤᠭᠤᠴᠠᠭ᠎ᠠ ᠪᠡᠷ ᠴᠢᠩᠭᠠᠳᠬᠠᠬᠤ》 ᠵᠢ ᠤᠶᠠᠯᠳᠤᠭᠤᠯᠬᠤ᠎ᠶᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠳᠡᠬᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠪᠠᠢᠩᠭᠤ ᠰᠡᠷᠡᠮᠵᠢᠯᠡᠭᠦᠯᠬᠦ᠂ ᠠᠰᠠᠭᠤᠳᠠᠯ᠎ᠢ ᠪᠠᠢᠴᠠᠭᠠᠨ ᠰᠢᠢᠳᠪᠦᠷᠢᠯᠡᠬᠦ᠂ ᠬᠥᠮᠥᠨ ᠰᠣᠩᠭᠣᠵᠤ ᠬᠥᠮᠥᠨ ᠬᠡᠷᠡᠭᠯᠡᠬᠦ ᠪᠣᠭᠣᠮᠲᠠ᠎ᠶᠢ ᠡᠵᠡᠮᠳᠡᠬᠦ ᠵᠡᠷᠭᠡ ᠠᠵᠢᠯ᠎ᠤᠨ ᠲᠣᠭᠲᠠᠴᠠ᠎ᠶᠢ ᠪᠠᠢᠭᠤᠯᠤᠨ ᠪᠦᠷᠢᠨᠰᠢᠬᠦᠯᠦᠨ᠎ᠡ᠃ ᠡᠭᠦᠨ᠎ᠦ ᠬᠠᠮᠲᠤ᠂ ᠨᠠᠮ᠎ᠤᠨ ᠭᠡᠰᠢᠭᠦᠨ ᠺᠠᠳ᠋ᠷ᠎ᠤᠨ ᠡᠳᠦᠷ ᠲᠤᠲᠤᠮ᠎ᠤᠨ ᠬᠠᠮᠢᠶᠠᠷᠤᠯᠲᠠ᠎ᠶᠢᠨ ᠳᠦᠷᠢᠮ᠎ᠢ ᠪᠠᠢᠭᠤᠯᠤᠨ ᠲᠡᠭᠦᠯᠳᠡᠷᠵᠢᠭᠦᠯᠵᠦ ᠂ ᠨᠠᠮ᠎ᠤᠨ ᠤᠯᠤᠰ ᠲᠥᠷᠥ᠍᠎ᠶᠢᠨ ᠰᠠᠬᠢᠯᠭ᠎ᠠ ᠪᠠᠲᠤ ᠪᠠ ᠤᠯᠤᠰ ᠲᠥᠷᠥ᠍᠎ᠶᠢᠨ ᠶᠣᠰᠣ᠌ ᠳᠦᠷᠢᠮ᠎ᠢ ᠴᠢᠩᠳᠠᠯᠠᠵᠤ ᠂ ᠠᠷᠠᠳᠴᠢᠯᠠᠯ ᠲᠥᠪᠯᠡᠷᠡᠯ᠎ᠦᠨ ᠶᠣᠰᠣ᠌᠂ 《 ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ ᠵᠡᠷᠭᠡ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠲᠥᠪᠯᠡᠷᠡᠭᠦᠯᠦᠨ ᠵᠠᠰᠠᠬᠤ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠨᠠᠮ᠎ᠤᠨ ᠳᠣᠲᠣᠭᠠᠳᠤ ᠵᠢᠨ ᠤᠯᠤᠰ ᠲᠦᠷᠦ᠎ᠶᠢᠨ ᠠᠮᠢᠳᠤᠷᠠᠯ᠎ᠤᠨ ᠡᠷᠡᠭᠦᠯ ᠵᠢᠷᠤᠮᠵᠢᠭ᠍ᠰᠠᠨ ᠵᠠᠮ᠎ᠳᠤ ᠪᠦᠬᠦ ᠲᠠᠯ᠎ᠠ᠎ᠪᠠᠷ ᠪᠤᠴᠠᠬᠤ᠎ᠶᠢ ᠠᠬᠢᠭᠤᠯᠵᠤ᠂ ᠴᠢᠩᠭ᠎ᠠ ᠳᠦᠷᠢᠮ ᠭᠣᠷᠢᠮ᠎ᠲᠠᠢ᠂ ᠥᠨᠳᠥᠷ ᠪᠠᠷᠢᠮᠵᠢᠶ᠎ᠠ᠎ᠲᠠᠢ᠂ ᠪᠣᠳᠠᠲᠠᠢ ᠠᠭᠤᠯᠭ᠎ᠠ᠎ᠲᠠᠢ᠂ ᠰᠠᠢᠨ ᠦᠷ᠎ᠡ ᠪᠦᠲᠦᠮᠵᠢ᠎ᠲᠠᠢ ᠪᠠᠢᠬᠤ᠎ᠶᠢ ᠪᠡᠶᠡᠯᠡᠭᠦᠯᠵᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶᠢ ᠤᠭᠲᠤᠬᠤ᠎ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠣᠷᠴᠢᠨ ᠲᠣᠭᠣᠷᠢᠨ᠎ᠢ ᠪᠤᠢ ᠪᠤᠯᠭᠠᠨ᠎ᠠ᠃

ᠦᠬᠠᠶ ᠬᠣᠲᠠ᠎ᠶ᠋ᠢᠨ ᠬᠠᠢᠨᠠᠨ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠢᠦᠶ ᡁᠢ ᠶᠦᠩ ᠄

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠵᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠶ᠋ᠢ ᠦᠷᠭᠦᠯᠵᠢᠯᠡᠨ ᠴᠡᠪᠡᠷᠱᠢᠭᠦᠯᠦᠨ᠎ᠡ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠬᠤᠲᠠ᠎ᠶ᠋ᠢᠨ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠠᠢᠨᠠᠨ ᠲᠣᠭᠣᠷᠢᠭ᠎ᠤᠨ ᠨᠠᠮ᠎ᠤᠨ ᠬᠣᠷᠢᠢ᠎ᠠ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭ᠎ᠠ ᠵᠢᠷᠤᠮᠵᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠪᠠᠷ ᠠᠵᠤ ᠠᠬᠤᠢ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠦᠨᠡᠨ ᠬᠦ᠌ ᠠᠬᠢᠭᠤᠯᠤᠨ᠎ᠠ᠃

ᠨᠢᠭᠡ᠎ᠳᠦ ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠬᠠᠷᠢᠴᠠᠯᠠᠱᠢᠭᠦᠢ ᠦᠨᠡᠨᠴᠢ ᠱᠢᠳᠤᠷᠭᠤ ᠤᠯᠤᠰ ᠲᠦᠷᠦ᠍᠎ᠶ᠋ᠢᠨ ᠢᠲᠡᠭᠡᠯ ᠪᠢᠱᠢᠷᠡᠯ᠎ᠢ ᠪᠠᠲᠤ ᠴᠣᠭ᠍ᠴᠠᠯᠠᠨ᠎ᠠ᠃ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠰᠤᠷᠤᠯᠴᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ᠎ᠢ ᠴᠥᠬᠥᠷᠡᠰᠢ ᠥᠬᠡᠶ ᠴᠢᠩᠭᠠᠳᠭᠠᠨ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ᠌ ᠪᠠᠢᠭᠠᠳ ᠬᠦᠰᠡᠯᠡᠩ ᠢᠲᠡᠭᠡᠯ ᠪᠢᠱᠢᠷᠡᠯ᠎ᠦᠨ 《ᠶᠡᠷᠦᠩᠬᠡᠶ ᠨᠡᠭᠡᠭᠡᠯᠭᠡ》᠎ᠶ᠋ᠢ ᠴᠢᠩᠭ᠎ᠠ ᠮᠤᠰᠭᠢᠵᠦ᠍᠂ ᠣᠨᠣᠯ᠎ᠢᠶᠠᠷ ᠵᠡᠪᠰᠡᠭ᠌ᠯᠡᠬᠦ᠌《ᠬᠠᠲᠠᠭᠤ ᠲᠤᠯᠭᠠᠭᠤᠷᠢᠯᠠᠯ》᠎ᠢ᠋ ᠪᠠᠲᠤ ᠴᠣᠭ᠍ᠴᠠᠯᠠᠨ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ᠎ᠶ᠋ᠢ ᠪᠠᠲᠤᠯᠠᠵᠤ᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠳᠤᠮᠳᠠ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠬᠰᠠᠨ》 ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠦᠨ᠎ᠡ᠃

ᠬᠣᠶᠠᠷ᠎ᠲᠤ᠂ ᠰᠠᠬᠢᠯᠭ᠎ᠠ ᠪᠠᠲᠤ ᠶᠣᠰᠣ ᠲᠦᠷᠢᠮ᠎ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠲᠦᠷᠢᠮ ᠲᠣᠭ᠍ᠲᠠᠭᠠᠯ᠎ᠢ ᠵᠢᠷᠤᠮᠯᠠᠵᠤ ᠰᠠᠬᠢᠯᠭ᠎ᠠ ᠪᠠᠲᠤ᠎ᠶ᠋ᠢ ᠰᠠᠬᠢᠬᠤ ᠪᠠᠲᠤ ᠪᠡᠬᠢ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠦᠨ᠎ᠡ᠃ ᠢᠯᠵᠠᠷᠠᠯ᠎ᠢ ᠡᠷᠡᠰ ᠭᠤᠢᠪᠢᠰᠢ ᠦᠭᠡᠢ᠎ᠪᠡᠷ ᠵᠠᠯᠬᠠᠭᠠᠨ ᠱᠢᠢᠳᠭᠡᠵᠦ᠍᠂ 《ᠲᠦᠷᠪᠡᠨ ᠰᠤᠷᠲᠠᠯ》 ᠎ᠢ᠋ ᠵᠠᠯᠠᠷᠠᠭᠤᠯᠤᠨ ᠵᠠᠰᠠᠵᠤ᠂ ᠠᠰᠠᠭᠤᠳᠠᠯ᠎ᠤᠨ ᠲᠣᠳᠣᠷᠬᠠᠢ ᠬᠠᠭᠤᠳᠠᠰᠤ᠎ᠲᠠᠶ ᠪᠦᠬᠦ᠌ ᠲᠠᠯ᠎ᠠ᠎ᠪᠠᠷ ᠬᠠᠷᠢᠴᠠᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠴᠤᠬᠤᠢᠯᠲᠠ᠎ᠶ᠋ᠢᠨ ᠴᠢᠨᠠᠷᠲᠠᠢ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠴᠠᠭ ᠲᠤᠬᠠᠢ᠎ᠳᠤᠨᠢ ᠢᠯᠡᠷᠡᠭᠦᠯᠦᠨ ᠱᠢᠢᠳᠪᠦᠷᠢᠯᠡᠵᠦ᠍᠂ 《ᠠᠷᠪᠠᠨ ᠨᠢᠭᠡᠨ ᠴᠢᠩᠭ᠎ᠠ ᠴᠠᠭᠠᠵᠠᠯᠠᠯ》 ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ 《ᠬᠡᠯᠡᠭᠰᠡᠨ᠎ᠳᠡᠭᠡᠨ ᠰᠠᠭᠤᠵᠦ᠂ ᠳᠤᠬᠳᠠᠭᠠᠯ ᠶᠤᠰᠤᠭᠠᠷ ᠪᠠᠶᠡᠯᠡᠬᠦᠯᠵᠦ᠂ ᠳᠠᠷᠤᠢ ᠲᠦᠷᠭᠡᠨ ᠬᠦᠢᠴᠡᠳᠭᠡᠬᠦ》 ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢ ᠶᠡᠬᠡ᠎ᠪᠡᠷ ᠪᠠᠳᠠᠷᠠᠭᠤᠯᠵᠤ᠂ ᠦᠨᠳᠦᠰᠦᠨ ᠱᠠᠲᠤᠨ᠎ᠳᠤ ᠣᠴᠢᠵᠤ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠬᠦᠴᠢᠷ ᠠᠰᠠᠭᠤᠳᠠᠯ᠎ᠢ ᠱᠢᠢᠳᠪᠦᠷᠢᠯᠡᠨ᠂ ᠨᠢᠭᠡᠳᠦᠭᠡᠷ ᠹᠷᠣᠨᠲ᠎ᠲᠤ ᠬᠦᠷᠴᠦ᠍ ᠲᠦᠷᠦᠯ ᠵᠦᠢᠯ᠎ᠢ ᠠᠳᠭᠤᠨ᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠤᠶᠤᠨ ᠴᠢᠳᠠᠯ᠎ᠢᠶᠠᠨ ᠦᠨᠡᠨ ᠬᠦ᠌ ᠬᠥᠭ᠌ᠵᠢᠯᠲᠡ᠎ᠶ᠋ᠢ ᠠᠬᠢᠭᠤᠯᠬᠤ᠂ ᠤᠯᠠᠨ ᠲᠦᠮᠡᠨ᠎ᠳᠦ ᠪᠤᠶᠠᠨ ᠦᠢᠯᠡᠳᠬᠦ᠌ ᠳᠡᠭᠡᠷ᠎ᠡ ᠲᠠᠯᠪᠢᠨ᠎ᠠ᠃

ᠭᠤᠷᠪᠠ᠎ᠳᠤ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠪᠠᠢᠩᠭᠤ ᠴᠢᠩᠭ᠎ᠠ ᠪᠠᠢᠯᠭᠠᠬᠤ᠎ᠶ᠋ᠢ ᠪᠠᠷᠢᠮᠲᠠᠯᠠᠵᠤ᠂ ᠨᠠᠮᠴᠢ ᠴᠢᠨᠠᠷ᠎ᠢᠶᠠᠷ ᠪᠠᠲᠤ ᠴᠢᠩᠭ᠎ᠠ ᠺᠠᠳ᠋ᠷ᠎ᠤᠨ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠤᠨ᠎ᠠ᠃ ᠠᠷᠠᠳᠴᠢᠯᠠᠯ ᠲᠥᠪᠯᠡᠷᠡᠯ᠎ᠦᠨ ᠶᠣᠰᠣᠨ᠎ᠤ ᠵᠠᠷᠴᠢᠮ᠎ᠢ ᠪᠠᠷᠢᠮᠲᠠᠯᠠᠵᠤ᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》᠎ᠢ᠋ ᠨᠠᠷᠢᠨ ᠬᠢᠨᠠᠮᠠᠭᠠᠢ ᠭᠦᠢᠴᠡᠳᠭᠡᠵᠦ᠍᠂ 《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠵᠡᠷᠭᠡ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠪᠦᠬᠦ᠌ ᠲᠠᠯ᠎ᠠ᠎ᠪᠠᠷ ᠲᠥᠪᠯᠡᠷᠡᠭᠦᠯᠦᠨ ᠵᠠᠰᠠᠵᠤ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠨᠠᠮ᠎ᠤᠨ ᠭᠡᠱᠢᠭᠦᠨ᠎ᠦ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ 《 ᠬᠠᠢᠯᠤᠭᠤᠯᠬᠤ ᠵᠤᠤᠬ᠎ᠠ》 ᠪᠣᠯᠭᠠᠵᠤ᠂ ᠨᠠᠮ᠎ᠤᠨ ᠭᠡᠱᠢᠭᠦᠨ ᠨᠢᠭᠡᠪᠦᠷᠢ᠎ᠶ᠋ᠢᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠠᠬᠢ ᠦᠵᠡᠯ ᠰᠠᠨᠠᠭᠠᠨ᠎ᠳᠤ ᠬᠥᠮᠦᠵᠢᠯ ᠬᠦᠷᠲᠡᠭᠡᠵᠦ᠍᠂ ᠪᠡᠶᠡᠴᠢ ᠶᠢᠷᠲᠢᠨᠴᠦ᠍᠎ᠳᠦ ᠥᠭᠡᠷᠡᠴᠢᠯᠡᠯᠲᠡ ᠬᠢᠵᠦ᠍᠂ ᠤᠯᠤᠰ ᠲᠦᠷᠦ᠍᠎ᠶ᠋ᠢᠨ ᠬᠡᠪ ᠴᠢᠨᠠᠷ᠎ᠢ ᠳᠡᠭᠡᠭ᠌ᠰᠢᠯᠡᠭᠦᠯᠦᠨ᠎ᠡ᠃

ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠸᠠᠩ ᠯᠢ ᠵᠢᠶᠦ᠋ᠨ᠄

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠵᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠠᠮᠢ ᠠᠬᠤᠶ᠎ᠶ᠋ᠢ ᠪᠥᠬᠥ᠌ ᠬᠦᠴᠦ ᠪᠡᠷ ᠵᠢᠡᠨ ᠪᠤᠢ ᠪᠤᠯᠭᠠᠨ᠎ᠠ

ᠶᠡᠷᠦᠩᠬᠡᠢ ᠱᠦᠵᠢ ᠰᠢ ᠵᠢᠨ ᠫᠢᠩ᠂ ᠨᠠᠮ ᠨᠢ ᠨᠠᠮ᠎ᠢᠶᠠᠨ ᠬᠠᠮᠢᠶᠠᠷᠬᠤ᠎ᠳᠤ᠂ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠠᠴᠠ ᠡᠬᠢᠯᠡᠨ ᠬᠠᠮᠢᠶᠠᠷᠬᠤ ᠬᠡᠷᠡᠭ᠌ᠲᠡᠢ; ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ᠌ ᠣᠷᠣᠨ᠎ᠳᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠵᠤ ᠪᠠᠢᠭ᠎ᠠ ᠨᠢ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠤᠭᠰᠠᠨ ᠪᠣᠳᠠᠲᠠᠢ ᠠᠵᠢᠯᠯᠠᠭ᠎ᠠ ᠮᠥᠨ᠂ ᠪᠠᠰᠠ ᠴᠤ᠌ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠎ᠶ᠋ᠢ ᠭᠦᠨᠵᠡᠭᠡᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠪᠢᠳᠠ ᠤᠬᠠᠮᠰᠠᠷ᠎ᠠᠴᠠ᠎ᠪᠠᠨ《ᠬᠣᠶᠠᠷ᠎ᠢ ᠲᠣᠭ᠍ᠲᠠᠭᠠᠭᠰᠠᠨ》 ᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠤᠯᠤᠰ ᠲᠦᠷᠦ᠍᠎ᠶ᠋ᠢᠨ ᠦᠨᠳᠦᠷᠴᠡ ᠡᠴᠡ ᠲᠦᠪᠯᠡᠷᠡᠭᠦᠯᠦᠨ ᠵᠠᠰᠠᠬᠤ ᠵᠢ ᠯᠠᠪᠳᠠᠭᠤᠨ ᠪᠠᠲᠤᠲᠠᠢ ᠥᠷᠨᠢᠭᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠤᠯᠭᠠᠨ᠎ᠠ᠃

ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠡᠷᠡᠰ ᠭᠤᠢᠪᠢᠰᠢ ᠦᠭᠡᠢ᠎ᠪᠡᠷ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠬᠤ ᠵᠢᠴᠢ ᠨᠠᠮ᠎ᠤᠨ ᠳᠦᠷᠢᠮ᠂《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠵᠡᠷᠭᠡ ᠠᠭᠤᠯᠭ᠎ᠠ᠎ᠶ᠋ᠢ ᠵᠠᠪᠠᠯ ᠰᠤᠷᠬᠤ᠂ ᠪᠠᠢᠩᠭᠤ ᠰᠤᠷᠬᠤ᠂ ᠨᠠᠰᠤᠨ ᠲᠤᠷᠰᠢᠲᠠ᠎ᠰᠤᠷᠬᠤ ᠬᠢᠴᠢᠶᠡᠯ ᠪᠤᠯᠭᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠰᠤᠷᠤᠯᠴᠠᠯᠭ᠎ᠠ᠎ᠶ᠋ᠢᠨ ᠳᠤᠮᠳᠠ᠎ᠠᠴᠠ ᠰᠤᠷᠭᠠᠮᠵᠢ ᠠᠪᠴᠤ᠂ ᠦᠵᠡᠯ ᠰᠠᠨᠠᠭ᠎ᠠ ᠪᠠᠨ ᠤᠮᠳᠠᠯᠠᠵᠤ᠂ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ᠂ ᠢᠲᠡᠭᠡᠯ ᠪᠢᠱᠢᠷᠡᠯ᠎ᠦᠨ ᠰᠠᠭᠤᠷᠢ ᠵᠢ ᠪᠠᠲᠤ ᠴᠤᠭᠴᠠᠯᠠᠵᠤ᠂ ᠣᠶᠤᠨ ᠰᠠᠨᠠᠭᠠᠨ ᠎ᠤ ᠰᠢᠮ᠎ᠡ ᠵᠢ ᠭᠦᠶ᠋ᠴᠡᠳ ᠨᠥᠬᠥᠪᠥᠷᠢᠯᠡᠵᠦ᠂ ᠦᠵᠡᠯ ᠰᠠᠨᠠᠭᠠᠨ᠎ᠤ ᠴᠢᠭᠯᠡᠯ᠎ᠢ ᠯᠠᠪᠳᠠᠭᠤᠨ ᠡᠵᠡᠮᠳᠡᠬᠦ ᠵᠢ ᠬᠦᠮᠦᠵᠢᠭᠦᠯᠦᠨ ᠵᠢᠯᠤᠭᠤᠳᠴᠤ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠭᠦᠢᠴᠡᠳᠭᠡᠬᠦ᠌ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃

ᠲᠣᠰ ᠤᠳᠠᠭᠠᠨ᠎ᠤ ᠲᠦᠪᠯᠡᠷᠡᠭᠦᠯᠦᠨ ᠵᠠᠰᠠᠬᠤ ᠠᠵᠢᠯ ᠳ᠋ᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠣᠨᠣᠪᠴᠢᠲᠠᠶ ᠪᠠᠢᠷᠢ ᠲᠣᠭ᠍ᠲᠠᠭᠠᠯᠲᠠ ᠬᠢᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠤᠨ ᠨᠠᠷᠢᠨ ᠲᠠᠩᠰᠠ᠎ᠶ᠋ᠢ ᠱᠢᠰᠲ᠋ᠧᠮ᠎ᠲᠡᠶ ᠡᠮᠬᠢᠯᠡᠨ ᠭᠠᠷᠭᠠᠪᠠ᠂ ᠥᠷᠭᠡᠨ ᠣᠯᠠᠨ ᠨᠠᠮ ᠎ᠤᠨ ᠭᠡᠱᠢᠭᠦᠨ ᠺᠠᠳ᠋ᠷ ᠠᠰᠠᠭᠤᠳᠠᠯ᠎ᠤᠨ ᠨᠠᠷᠢᠨ ᠲᠠᠩᠰᠠ᠎ᠲᠠᠶ ᠤᠶᠠᠯᠳᠤᠭᠤᠯᠤᠨ᠂ ᠴᠡᠭ᠌ᠴᠡᠯᠡᠨ ᠰᠠᠢᠵᠢᠷᠠᠭᠤᠯᠬᠤ ᠡᠬᠡ ᠲᠠᠩᠰᠠ ᠪᠠᠢᠭᠤᠯᠵᠤ᠂ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠥᠰᠥᠭ ᠵᠢᠷᠤᠵᠤ᠂ ᠥᠪᠡᠷ᠎ᠢ᠎ᠪᠡᠨ ᠴᠡᠪᠡᠷᠵᠢᠭᠦᠯᠦᠨ᠂ ᠥᠪᠡᠷ ᠎ᠢ᠎ᠪᠡᠨ ᠲᠡᠭᠦᠯᠳᠡᠷᠵᠢᠭᠦᠯᠵᠦ᠂ ᠥᠪᠡᠷ᠎ᠢ᠎ᠪᠡᠨ ᠱᠢᠨᠡᠴᠢᠯᠡᠨ᠂ ᠥᠪᠡᠷ᠎ᠢ᠎ᠪᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠠᠰᠠᠭᠤᠳᠠᠯ᠎ᠢ ᠲᠦᠷᠦᠭᠦᠯᠡᠨ ᠡᠷᠢᠵᠦ᠍᠂ ᠲᠦᠷᠦᠭᠦᠯᠡᠨ ᠠᠮᠠᠯᠠᠯᠲᠠ ᠬᠢᠵᠦ᠍ ᠠᠮᠠᠯᠠᠯᠲᠠ᠎ᠪᠠᠨ ᠦᠶ᠋ᠯᠡᠳᠦᠯᠭᠡᠵᠢᠭᠦᠯᠵᠦ᠍᠂《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠵᠢᠡᠷ《ᠵᠣᠩᠬᠢᠯᠠᠬᠤ ᠣᠯᠠᠨ ᠲᠣᠭᠠᠲᠠᠨ》᠎ᠢ᠋ ᠵᠢᠱ᠌ᠢᠶ᠎ᠡ ᠦᠵᠡᠭᠦᠯᠦᠨ ᠳᠠᠢᠴᠢᠯᠠᠬᠤ ᠬᠡᠷᠡᠭ᠌ᠲᠡᠶ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠬᠢᠨ ᠱᠠᠯᠠᠪᠳᠠᠭᠤᠯᠤᠨ ᠵᠢᠯᠣᠭᠣᠳᠭᠤ᠎ᠪᠠᠨ ᠴᠢᠩᠭᠠᠳᠭᠠᠵᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠵᠣᠬᠢᠶᠠᠨ ᠪᠠᠢᠭᠤᠯᠤᠨ ᠠᠬᠢᠭᠤᠯᠬᠤ ᠪᠠ ᠱᠠᠯᠠᠪᠳᠠᠭᠤᠯᠤᠨ ᠵᠢᠯᠣᠭᠣᠳᠭᠤ᠎ᠪᠠᠨ ᠲᠠᠰᠤᠷᠠᠯᠳᠠ ᠦᠭᠡᠢ ᠴᠢᠩᠭᠠᠳᠭᠠᠵᠤ᠂ ᠲᠦᠪᠯᠡᠷᠡᠭᠦᠯᠦᠨ ᠵᠠᠰᠠᠬᠤ ᠠᠵᠢᠯ᠎ᠤᠨ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠯᠠᠭ᠎ᠠ ᠮᠥᠴᠢᠷ᠎ᠤᠨ ᠬᠢᠨ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠵᠦ᠍᠂ ᠲᠦᠪᠯᠡᠷᠡᠭᠦᠯᠦᠨ ᠵᠠᠰᠠᠬᠤ ᠠᠵᠢᠯ᠎ᠤᠨ ᠠᠬᠢᠴᠠ᠂ ᠦᠢᠯᠡᠳᠦᠯᠭᠡ᠎ᠶ᠋ᠢᠨ ᠦᠷ᠎ᠡ ᠪᠦᠲᠦᠮᠵᠢ᠎ᠶ᠋ᠢ ᠴᠠᠭ ᠲᠤᠬᠠᠢ᠎ᠳᠤᠨᠢ ᠡᠵᠡᠮᠱᠢᠵᠦ᠍᠂ ᠲᠦᠪᠯᠡᠷᠡᠭᠦᠯᠦᠨ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃

ᠪᠡᠬᠢᠵᠢᠭᠦᠯᠦᠨ ᠳᠡᠭᠡᠭ᠌ᠰᠢᠯᠡᠭᠦᠯᠬᠦ᠌ ᠳᠡᠭᠡᠷ᠎ᠡ ᠶᠡᠬᠡ ᠬᠦᠴᠦ᠍ ᠣᠷᠣᠭᠤᠯᠵᠤ᠂ ᠲᠦᠷᠢᠮ᠎ᠦᠨ ᠪᠠᠢᠭᠤᠯᠤᠯᠲᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠬᠡᠷᠡᠭᠳᠡᠢ᠃ ᠲᠥᠪᠯᠡᠷᠡᠭᠦᠯᠦᠨ ᠵᠠᠰᠠᠭ᠍ᠰᠠᠨ ᠰᠠᠢᠨ ᠲᠤᠷᠱᠢᠯᠭ᠎ᠠ᠂ ᠰᠠᠢᠨ ᠠᠷᠭ᠎ᠠ ᠬᠢᠳᠡᠯ᠎ᠢ ᠳ᠋ᠦᠩᠨᠡᠵᠦ᠂ ᠪᠠᠢᠩᠭᠤ ᠰᠡᠷᠡᠮᠵᠢᠯᠡᠭᠦᠯᠬᠦ᠌ ᠲᠣᠭ᠍ᠲᠠᠴᠠ᠂ ᠠᠰᠠᠭᠤᠳᠠᠯ᠎ᠢ ᠪᠠᠢᠴᠠᠭᠠᠨ ᠱᠢᠶ᠋ᠳᠪᠦᠷᠢᠯᠡᠬᠦ᠌ ᠲᠣᠭ᠍ᠲᠠᠴᠠ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌᠎ᠶ᠋ᠢ ᠡᠵᠡᠮᠳᠡᠬᠦ᠌ ᠲᠣᠭ᠍ᠲᠠᠴᠠ᠂ ᠰᠦᠪᠡᠭ᠌ᠴᠢ᠎ᠶ᠋ᠢ ᠢᠯᠡᠷᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠨᠠᠮ᠎ᠤᠨ ᠳᠣᠲᠣᠭᠠᠳᠤ ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠎ᠢ ᠦᠨᠡᠨ ᠬᠦ᠌ ᠱᠢᠶ᠋ᠳᠪᠦᠷᠢᠯᠡᠵᠦ᠍᠂ ᠪᠥᠬᠥ᠌ ᠬᠣᠱᠢᠭᠤᠨ᠎ᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠶ᠋ᠢᠨ ᠰᠠᠢᠵᠢᠷᠠᠯᠲᠠ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠶ ᠃ ᠪᠦᠬᠦ᠌ ᠬᠣᠱᠢᠭᠤᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠢᠮᠠᠭ ᠎ᠤᠨ ᠨᠠᠮ᠎ᠤᠨ ᠬᠣᠷᠢᠶᠠᠨ᠎ᠤ ᠲᠦᠪᠯᠡᠷᠡᠭᠦᠯᠦᠨ ᠵᠠᠰᠠᠯᠲᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠠᠮᠤᠭ ᠎ᠤᠨ ᠡᠷᠡᠰ ᠱᠢᠭᠤᠷᠬᠠᠢ ᠣᠪᠣᠷ᠂ ᠬᠠᠮᠤᠭ᠎ᠤᠨ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠲᠦᠪᠯᠡᠷᠡᠭᠦᠯᠦᠨ ᠵᠠᠰᠠᠬᠤ᠎ᠶ᠋ᠢ ᠴᠢᠩᠭ᠎ᠠ ᠨᠠᠷᠢᠯᠢᠭ ᠪᠣᠳᠠᠲᠠᠢ ᠠᠳᠭᠤᠵᠤ᠂ ᠪᠦᠬᠦ᠌ ᠬᠣᠱᠢᠭᠤᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠪᠣᠳᠠᠲᠤ ᠠᠵᠢᠯᠯᠠᠭ᠎ᠠ ᠪᠣᠯᠤᠨ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面