2022-06-09 09:36:07
ᠲᠥᠪᠯᠡᠷᠡᠭᠦᠯᠦᠨ ᠵᠠᠰᠠᠬᠤ᠎ᠶ᠋ᠢ ᠵᠣᠬᠢᠶᠠᠨ ᠪᠠᠢᠭᠤᠯᠵᠦ ᠬᠡᠷᠡᠭ᠌ᠵᠢᠭᠦᠯᠬᠦ᠌ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠨᠠᠭ᠍ᠰᠢᠳᠠ ᠴᠢᠩᠳᠠᠯᠠᠨ᠎ᠠ — ᠠᠢᠮᠠᠭ ᠬᠣᠲᠠ᠎ᠶ᠋ᠢᠨ
ᠱᠢᠯᠢ᠎ᠶ᠋ᠢᠨ ᠭᠣᠣᠯ ᠠᠢᠮᠠᠭ᠎ᠤᠨ ᠨᠠᠮ᠎ᠤᠨ ᠬᠣᠷᠢᠶᠠᠨ᠎ᠤ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠵᠧᠦ ᠱᠢᠶᠠᠩ ᠸᠧᠢ᠄
ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ ᠲᠥᠪᠯᠡᠷᠡᠩᠭᠦᠶ ᠵᠠᠰᠠᠯᠲᠠ᠎ᠶ᠋ᠢᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ
ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠬᠦ᠌ ᠪᠣᠯ ᠮᠠᠨ᠎ᠤ ᠨᠠᠮ᠎ᠤᠨ ᠴᠢᠬᠤᠯᠠ ᠣᠨᠴᠠᠯᠢᠭ ᠪᠠ ᠱᠢᠯᠢᠳᠡᠭ ᠤᠯᠠᠮᠵᠢᠯᠠᠯ ᠮᠥᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢᠨ ᠦᠨᠳᠦᠰᠦᠨ ᠴᠢᠨᠠᠷᠲᠠᠢ ᠰᠠᠭᠤᠷᠢ ᠠᠵᠢᠯ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ᠌ ᠣᠷᠣᠨ᠎ᠳᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠪᠠᠢᠷᠢᠯᠠᠭᠤᠯᠵᠤ᠂ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠠᠷᠠᠯᠲᠠ᠎ᠲᠠᠶ ᠪᠠᠷ ᠬᠦᠴᠦᠯᠡᠵᠦ᠍᠂ ᠵᠠᠩᠭᠢᠯᠠᠭ᠎ᠠ ᠪᠠ ᠦᠨᠳᠦᠰᠦ᠎ᠶ᠋ᠢ ᠠᠳᠭᠤᠪᠠ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠴᠢᠬᠤᠯᠠ ᠡᠭᠦᠷᠭᠡ ᠴᠢᠲᠠᠪᠬᠢᠲᠦ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠡᠷᠬᠡᠪᠰᠢ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠨᠡᠩ ᠬᠦᠴᠦᠲᠡᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌ ᠪᠠᠢᠭᠠᠳ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠦᠨᠡᠨ ᠬᠦ᠌ ᠬᠠᠮᠢᠶᠠᠷᠴᠤ᠌᠂ ᠴᠢᠩᠭ᠎ᠠ ᠪᠣᠳᠠᠲᠠᠢ ᠠᠳᠭᠤᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠡᠷᠡᠭᠦᠯ ᠪᠥᠭᠡᠳ ᠵᠢᠷᠤᠮᠵᠢᠭ᠍ᠰᠠᠨ ᠵᠠᠮ᠎ᠳᠤ ᠪᠦᠬᠦ᠌ ᠲᠠᠯ᠎ᠠ᠎ᠪᠠᠷ ᠪᠤᠴᠠᠭᠠᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ᠃
ᠦᠵᠡᠯ ᠰᠠᠨᠠᠭ᠎ᠠ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠨ᠎ᠠ᠃ ᠡᠷᠬᠡᠪᠰᠢ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠬᠤ᠎ᠶ᠋ᠢ ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ᠎ᠶ᠋ᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠲᠤᠰᠭᠠᠢ ᠰᠡᠳᠦᠪ᠎ᠢᠶᠡᠷ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠡᠷ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠬᠡᠷᠡᠭ᠌ᠲᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠤᠯᠤᠰ ᠲᠦᠷᠦ᠍᠎ᠶ᠋ᠢᠨ ᠰᠠᠬᠢᠯᠭ᠎ᠠ ᠪᠠᠲᠤ᠂ ᠤᠯᠤᠰ ᠲᠦᠷᠦ᠍᠎ᠶ᠋ᠢᠨ ᠶᠣᠰᠣ ᠳᠦᠷᠢᠮ᠎ᠦᠨ ᠬᠥᠮᠦᠵᠢᠯ᠎ᠢ ᠴᠢᠩᠭᠠᠳᠭᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠂ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠷᠠᠭᠤᠯᠤᠨ᠂ ᠢᠯᠵᠠᠷᠠᠯ᠎ᠢ ᠡᠰᠡᠷᠭᠦᠴᠡᠨ ᠬᠤᠪᠢᠷᠠᠬᠤ᠎ᠶ᠋ᠢ ᠰᠡᠷᠭᠡᠢᠯᠡᠬᠦ᠌ ᠦᠵᠡᠯ ᠰᠠᠨᠠᠭᠠᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠤᠬᠴᠠᠯᠠᠬᠤ ᠬᠡᠷᠡᠭᠳᠡᠢ᠃
ᠬᠥᠮᠦᠨ ᠬᠡᠷᠡᠭ᠌ᠯᠡᠬᠦ᠌ ᠢᠯᠡ ᠲᠣᠳᠣ ᠤᠳᠤᠷᠢᠳᠤᠮᠵᠢ᠎ᠶ᠋ᠢ ᠪᠤᠢ ᠪᠣᠯᠭᠠᠵᠤ᠂ ᠲᠥᠪ ᠰᠤᠷᠲᠠᠯ ᠲᠡᠭᠦᠯᠳᠡᠷ ᠤᠯᠤᠰ ᠲᠥᠷᠥ᠎ᠶ᠋ᠢᠨ ᠠᠮᠢ ᠠᠬᠤᠶ᠎ᠶ᠋ᠢ ᠪᠦᠷᠢᠯᠳᠦᠭᠦᠯᠦᠨ᠎ᠡ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠪᠠᠷᠢᠮᠵᠢᠶ᠎ᠠ᠎ᠶ᠋ᠢᠨ ᠲᠠᠯ᠎ᠠ᠎ᠪᠠᠷ ᠴᠢᠩᠭ᠎ᠠ ᠪᠠᠢᠬᠤ᠂ ᠨᠠᠷᠢᠯᠢᠭ ᠣᠨᠣᠴᠠᠲᠠᠢ᠎ᠪᠠᠷ ᠱᠢᠯᠭᠠᠨ ᠪᠠᠢᠴᠠᠭᠠᠵᠤ ᠬᠢᠨᠠᠨ ᠱᠢᠯᠭᠠᠬᠤ ᠲᠠᠯ᠎ᠠ᠎ᠪᠠᠷ ᠴᠢᠩᠭ᠎ᠠ ᠪᠠᠢᠬᠤ᠂ ᠲᠥᠪ ᠭᠣᠣᠯᠴᠢ ᠴᠢᠬᠡᠴᠢ ᠪᠠᠢᠬᠤ ᠲᠠᠯ᠎ᠠ᠎ᠪᠠᠷ ᠴᠢᠩᠭ᠎ᠠ ᠪᠠᠢᠬᠤ᠎ᠶ᠋ᠢ ᠪᠠᠷᠢᠮᠲᠠᠯᠠᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠱᠢᠨᠵᠢᠯᠡᠬᠦ᠌ ᠤᠬᠠᠭᠠᠨᠴᠢ ᠪᠥᠭᠡᠳ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠵᠤ᠂ ᠬᠥᠮᠦᠨ ᠬᠡᠷᠡᠭ᠌ᠯᠡᠬᠦ᠌ ᠤᠳᠤᠷᠢᠳᠤᠮᠵᠢ᠎ᠶ᠋ᠢᠨ ᠲᠥᠪ ᠴᠢᠬᠡᠴᠢ ᠰᠤᠷᠲᠠᠯ᠎ᠢᠶᠠᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠥᠪ ᠴᠢᠩᠭ᠎ᠠ ᠴᠢᠨᠠᠷ ᠪᠠ ᠠᠷᠢᠭᠤᠨ ᠴᠡᠪᠡᠷ ᠴᠢᠨᠠᠷ᠎ᠢ ᠪᠠᠲᠤᠯᠠᠬᠤ ᠬᠡᠷᠡᠭ᠌ᠲᠡᠢ᠃ ᠦᠵᠡᠯ ᠰᠠᠨᠠᠭ᠎ᠠ᠎ᠶ᠋ᠢ ᠬᠠᠮᠢᠶᠠᠷᠬᠤ᠂ ᠠᠵᠢᠯ᠎ᠢ ᠬᠠᠮᠢᠶᠠᠷᠬᠤ᠂ ᠰᠤᠷᠲᠠᠯ᠎ᠢ ᠬᠠᠮᠢᠶᠠᠷᠬᠤ᠂ ᠰᠠᠬᠢᠯᠭ᠎ᠠ ᠪᠠᠲᠤ᠎ᠶ᠋ᠢ ᠬᠠᠮᠢᠶᠠᠷᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠨᠠᠮ᠎ᠤᠨ ᠭᠡᠱᠢᠭᠦᠨ ᠺᠠᠳ᠋ᠷᠴᠤᠳ᠎ᠲᠤ ᠬᠢᠨᠠᠯᠲᠠ ᠲᠠᠯᠪᠢᠵᠤ ᠬᠠᠮᠢᠶᠠᠷᠬᠤ ᠡᠷᠴᠢᠮ᠎ᠢᠶᠡᠨ ᠴᠢᠩᠭᠠᠷᠠᠭᠤᠯᠵᠤ᠂ 《ᠵᠢᠵᠢᠭ ᠪᠦᠯᠬᠦᠮ ᠤ᠋ᠨ ᠰᠣᠶᠣᠯ》᠂ 《ᠤᠯᠤᠮ᠎ᠤᠨ ᠰᠣᠶᠣᠯ》 ᠵᠡᠷᠭᠡ 11 ᠲᠠᠯ᠎ᠠ᠎ᠶ᠋ᠢᠨ ᠠᠰᠠᠭᠤᠳᠠᠯ᠎ᠢ ᠪᠦᠬᠦ᠌ ᠬᠦᠴᠦᠨ᠎ᠢᠶᠡᠷ᠎ᠢᠶᠡᠨ ᠴᠡᠭ᠌ᠴᠡᠯᠡᠨ ᠵᠠᠰᠠᠵᠤ᠂ 6 ᠵᠦᠢᠯ᠎ᠦᠨ ᠪᠠᠢᠴᠠᠭᠠᠨ ᠱᠢᠢᠳᠪᠦᠷᠢᠯᠡᠬᠦ᠌ ᠠᠷᠭ᠎ᠠ ᠬᠡᠮᠵᠢᠶ᠎ᠡ᠎ᠶ᠋ᠢ ᠰᠠᠢᠲᠤᠷ ᠬᠡᠷᠡᠭ᠌ᠯᠡᠵᠦ᠍᠂ ᠲᠥᠪᠯᠡᠷᠡᠭᠦᠯᠦᠨ ᠵᠠᠰᠠᠬᠤ ᠦᠷ᠎ᠡ ᠪᠦᠲᠦᠮᠵᠢ᠎ᠪᠡᠷ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠴᠡᠪᠡᠷ ᠲᠤᠩᠭᠠᠯᠠᠭ ᠪᠠᠢᠬᠤ᠎ᠶ᠋ᠢ ᠠᠬᠢᠭᠤᠯᠬᠤ ᠬᠡᠷᠡᠭᠲᠡᠢ᠃
ᠲᠦᠷᠢᠮ᠎ᠦᠨ ᠵᠢᠷᠤᠮᠵᠢᠯ᠎ᠢ ᠪᠦᠷᠢᠨᠱᠢᠬᠦᠯᠵᠤ᠂ ᠪᠣᠯᠬᠢᠴᠢᠯᠠᠭ᠍ᠰᠠᠨ ᠠᠷᠠᠯᠵᠢᠶᠠᠯᠠᠬᠰᠠᠨ ᠵᠠᠰᠠᠯᠲᠠ᠎ᠶ᠋ᠢᠨ ᠳᠤᠲᠠᠭᠤᠳᠠᠯ᠎ᠢ ᠨᠥᠬᠥᠪᠥᠷᠢᠯᠡᠨ᠎ᠡ᠃ ᠨᠢᠭᠡ ᠲᠠᠯ᠎ᠠ᠎ᠪᠠᠷ ᠲᠥᠪᠯᠡᠷᠡᠭᠦᠯᠦᠨ ᠵᠠᠰᠠᠬᠤ᠎ᠶ᠋ᠢ ᠠᠳᠭᠤᠬᠤ᠂ ᠨᠥᠭᠥᠭᠡ ᠲᠠᠯ᠎ᠠ᠎ᠪᠠᠷ ᠲᠦᠷᠢᠮ᠎ᠦᠨ ᠵᠢᠷᠤᠮᠵᠢᠯ᠎ᠢ ᠠᠳᠭᠤᠬᠤ᠎ᠶ᠋ᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠪᠠᠢᠩᠭᠤ ᠰᠠᠨᠠᠭᠤᠯᠬᠤ᠂ ᠠᠰᠠᠭᠤᠳᠠᠯ᠎ᠢ ᠪᠠᠢᠴᠠᠭᠠᠨ ᠱᠢᠶ᠋ᠳᠪᠦᠷᠢᠯᠡᠬᠦ᠌᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠪᠣᠭᠣᠮᠲᠠ᠎ᠶ᠋ᠢ ᠰᠠᠬᠢᠬᠤ ᠪᠠ ᠰᠦᠪᠡᠭ᠌ᠴᠢ᠎ᠶ᠋ᠢ ᠢᠯᠡᠷᠡᠭᠦᠯᠬᠦ᠌ ᠵᠡᠷᠭᠡ 4 ᠵᠦᠶ᠋ᠯ᠎ᠦᠨ ᠠᠵᠢᠯ᠎ᠤᠨ ᠲᠣᠭ᠍ᠲᠠᠴᠠ᠎ᠶ᠋ᠢ ᠱᠠᠯᠠᠪᠳᠠᠨ ᠪᠠᠢᠭᠤᠯᠵᠤ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠤᠯᠤᠰ ᠲᠦᠷᠦ᠍᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠬᠤ ᠬᠡᠬᠦ ᠡᠨᠡ ᠬᠦ᠌ ᠵᠠᠩᠭᠢᠯᠠᠭ᠎ᠠ᠂ ᠠᠷᠠᠳᠴᠢᠯᠠᠯ ᠲᠥᠪᠯᠡᠷᠡᠯ᠎ᠦᠨ ᠶᠣᠰᠣ ᠭᠡᠬᠦ᠌ ᠡᠨᠡ ᠬᠦ᠌ ᠪᠠᠲᠤᠯᠠᠭ᠎ᠠ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠭᠡᠬᠦ᠌ ᠡᠨᠡ ᠬᠦ᠌ ᠪᠠᠢᠩᠭᠤ᠎ᠶ᠋ᠢᠨ ᠴᠢᠨᠠᠷᠲᠠᠢ ᠠᠷᠭ᠎ᠠ ᠪᠠᠷᠢᠯ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠰᠣᠶᠣᠯ ᠭᠡᠬᠦ᠌ ᠡᠨᠡ ᠬᠦ᠌ ᠰᠦᠭ ᠰᠦᠨᠡᠰᠦ᠎ᠶ᠋ᠢ ᠠᠳᠭᠤᠵᠤ᠂ ᠲᠤᠷᠱᠢᠯᠭ᠎ᠠ ᠠᠷᠭ᠎ᠠ ᠬᠢᠳᠡᠯ᠎ᠢ ᠳ᠋ᠦᠩᠨᠡᠨ ᠪᠣᠯᠪᠠᠰᠤᠷᠠᠭᠤᠯᠵᠤ᠂ ᠪᠣᠳᠠᠲᠠᠢ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠬᠤ ᠪᠠ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ ᠲᠠᠢ ᠤᠶᠠᠯᠳᠤᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠢ᠃
ᠤᠯᠠᠭᠠᠨᠴᠠᠪ ᠬᠤᠳᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠴᠢᠶᠣᠤ ᠶᠦᠨ ᠯᠢ᠄
ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠠᠷᠢᠮᠲᠠᠯᠠᠵᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠨᠠᠭ᠍ᠰᠢᠳᠠ ᠴᠢᠩᠳᠠᠯᠠᠨ᠎ᠠ
ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠵᠦᠭ᠌ᠯᠡᠭᠦᠷ ᠮᠥᠨ᠃ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠠᠴᠠ 《ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠠᠷᠢᠮᠲᠠᠯᠠᠬᠤ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠠᠢᠯᠭᠠᠬᠤ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠮᠥᠨ》 ᠭᠡᠵᠦ ᠵᠢᠭᠠᠵᠦ ᠭᠠᠷᠭᠠᠪᠠ᠃ ᠭᠠᠭ᠍ᠴᠠ ᠬᠦ᠌ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠠᠲᠤ ᠪᠤᠢ ᠪᠣᠯᠭᠠᠵᠤ᠂ ᠤᠯᠤᠰ ᠲᠦᠷᠦ᠍᠎ᠶ᠋ᠢᠨ ᠪᠠᠷᠢᠮᠵᠢᠶ᠎ᠠ᠎ᠶ᠋ᠢ ᠪᠠᠷᠢᠮᠲᠠᠯᠠᠨ᠂ ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠤᠷᠮᠠᠱᠢᠭᠤᠯᠤᠨ ᠵᠣᠷᠢᠭ᠍ᠵᠢᠭᠤᠯᠪᠠᠯ ᠰᠠᠶᠢ ᠬᠥᠮᠦᠨ ᠬᠡᠷᠡᠭ᠌ᠯᠡᠬᠦ᠌ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠤᠯᠭᠠᠵᠦ ᠴᠢᠳᠠᠨ᠎ᠠ᠃
ᠤᠯᠤᠰ ᠲᠥᠷᠥ᠎ᠶ᠋ᠢᠨ ᠪᠠᠷᠢᠮᠵᠢᠶ᠎ᠠ᠎ᠪᠠᠷ ᠬᠥᠮᠦᠨ ᠰᠣᠩᠭᠣᠨ ᠬᠡᠷᠡᠭ᠌ᠯᠡᠬᠦ᠌᠎ᠶ᠋ᠢ ᠪᠠᠷᠢᠮᠲᠠᠯᠠᠨ᠎ᠠ᠃ ᠤᠯᠤᠰ ᠲᠦᠷᠦ᠍᠎ᠶ᠋ᠢᠨ ᠪᠠᠷᠢᠮᠵᠢᠶ᠎ᠠ ᠪᠣᠯ ᠨᠢᠭᠡᠳᠦᠭᠡᠷ ᠪᠠᠷᠢᠮᠵᠢᠶ᠎ᠠ᠂ ᠤᠯᠤᠰ ᠲᠦᠷᠦ᠍᠎ᠶ᠋ᠢᠨ ᠱᠠᠭᠠᠷᠳᠠᠯᠭ᠎ᠠ ᠪᠣᠯ ᠨᠢᠭᠡᠳᠦᠭᠡᠷ ᠱᠠᠭᠠᠷᠳᠠᠯᠭ᠎ᠠ ᠪᠠᠢᠵᠦ᠂ ᠡᠨᠡ ᠨᠢ ᠺᠠᠳ᠋ᠷ᠎ᠤᠨ ᠠᠵᠢᠯ᠎ᠤᠨ ᠢᠯᠡ ᠲᠣᠳᠣ ᠤᠯᠤᠰ ᠲᠦᠷᠦ᠍᠎ᠶ᠋ᠢᠨ ᠴᠢᠨᠠᠷ᠎ᠠᠴᠠ ᠲᠤᠭ᠍ᠲᠠᠭᠠᠭ᠍ᠳᠠᠵᠦ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠬᠠᠲᠠᠭᠤ ᠪᠠᠷᠢᠮᠵᠢᠶ᠎ᠠ ᠮᠥᠨ᠃ ᠤᠯᠠᠭᠠᠨᠴᠠᠪ ᠬᠣᠲᠠ ᠢᠮᠠᠭ᠍ᠲᠠ ᠤᠯᠤᠰ ᠲᠥᠷᠥ᠎ᠶ᠋ᠢᠨ ᠪᠠᠷᠢᠮᠵᠢᠶ᠎ᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠺᠠᠳ᠋ᠷ᠎ᠢ ᠱᠢᠯᠭᠠᠨ ᠪᠠᠢᠴᠠᠭᠠᠬᠤ ᠤᠯᠤᠰ ᠲᠥᠷᠥ᠎ᠶ᠋ᠢᠨ ᠵᠣᠭ᠍ᠰᠣᠯᠲᠠ᠂ ᠤᠯᠤᠰ ᠲᠥᠷᠥ᠎ᠶ᠋ᠢᠨ ᠣᠪᠣᠷ᠂ ᠤᠯᠤᠰ ᠲᠥᠷᠥ᠎ᠶ᠋ᠢᠨ ᠤᠬᠠᠮᠰᠠᠷ ᠪᠠ ᠤᠯᠤᠰ ᠲᠥᠷᠥ᠎ᠶ᠋ᠢᠨ 《ᠭᠤᠷᠪᠠᠨ ᠬᠦᠴᠦᠨ》 ᠢ᠋ ᠬᠥᠮᠦᠨ ᠰᠣᠩᠭᠣᠵᠦ ᠬᠦᠮᠦᠨ ᠬᠡᠷᠡᠭ᠌ᠯᠡᠬᠦ᠌ ᠪᠥᠬᠥ᠌ ᠶᠠᠪᠤᠴᠠ᠎ᠶ᠋ᠢᠨ ᠡᠯ᠎ᠡ ᠲᠠᠯ᠎ᠠ᠎ᠳᠤ ᠲᠤᠭᠤᠱᠢᠯᠠᠭᠤᠯᠵᠤ᠂ ᠱᠢᠯᠢᠳᠡᠭ ᠵᠠᠯᠠᠭᠤ ᠺᠠᠳ᠋ᠷ᠎ᠢ ᠲᠣᠬᠢᠷᠠᠭᠤᠯᠬᠤ ᠲᠥᠯᠥᠪᠯᠡᠭᠡ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠭᠠᠵᠠᠷ᠎ᠤᠨ ᠲᠠᠰ᠎ᠤᠨ ᠤᠳᠤᠷᠢᠳᠭᠤ ᠺᠠᠳ᠋ᠷᠴᠤᠳ᠎ᠤᠨ ᠤᠯᠤᠰ ᠲᠥᠷᠥ᠎ᠶ᠋ᠢᠨ ᠬᠡᠪ ᠴᠢᠨᠠᠷ᠎ᠤᠨ ᠲᠠᠩᠰᠠ ᠡᠪᠬᠡᠮᠡᠯ᠎ᠢ ᠪᠠᠢᠭᠤᠯᠵᠤ᠂ ᠺᠠᠳ᠋ᠷᠴᠤᠳ᠎ᠤᠨ ᠤᠯᠤᠰ ᠲᠥᠷᠥ᠎ᠶ᠋ᠢᠨ ᠤᠬᠠᠮᠰᠠᠷ᠎ᠢ ᠣᠨᠣᠪᠴᠢᠲᠠᠶ ᠢᠯᠭᠠᠨ ᠲᠠᠨᠢᠵᠤ᠂ ᠺᠠᠳ᠋ᠷᠴᠤᠳ᠎ᠤᠨ ᠤᠯᠤᠰ ᠲᠥᠷᠥ᠎ᠶ᠋ᠢᠨ ᠬᠡᠪ ᠪᠣᠯᠪᠠᠰᠤᠷᠠᠯ᠂ ᠺᠠᠳ᠋ᠷᠴᠤᠳ᠎ᠤᠨ ᠤᠯᠤᠰ ᠲᠥᠷᠥ᠎ᠶ᠋ᠢᠨ ᠢᠯᠡᠷᠡᠯ᠎ᠢ ᠨᠠᠷᠢᠨ ᠬᠢᠨᠠᠮᠠᠭᠠᠶ ᠢᠯᠭᠠᠨ ᠲᠠᠨᠢᠵᠤ᠂《ᠬᠣᠶᠠᠷ᠎ᠢ ᠲᠣᠭ᠍ᠲᠠᠭᠠᠬᠰᠠᠨ》 ᠢ᠋ ᠦᠨᠡᠨᠴᠢ ᠱᠢᠳᠤᠷᠭᠤ᠎ᠪᠠᠷ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠰᠠᠢᠨ ᠺᠠᠳ᠋ᠷ᠎ᠢ ᠢᠯᠡᠷᠡᠭᠦᠯᠦᠨ ᠬᠡᠷᠡᠭ᠌ᠯᠡᠨ᠎ᠡ᠃
ᠬᠥᠮᠦᠨ ᠰᠣᠩᠭᠣᠵᠤ ᠬᠥᠮᠦᠨ ᠬᠡᠷᠡᠭ᠌ᠯᠡᠬᠦ᠌᠎ᠶ᠋ᠢ ᠴᠢᠩᠭ᠎ᠠ ᠬᠢᠨᠠᠨ ᠬᠠᠮᠢᠶᠠᠷᠤᠨ᠎ᠠ᠃ ᠰᠠᠢ᠌ᠨ ᠺᠠᠳ᠋ᠷ᠎ᠢ ᠪᠣᠯ ᠰᠣᠩᠭᠣᠵᠤ ᠭᠠᠷᠭᠠᠭ᠍ᠰᠠᠨ ᠶᠤᠮ᠂ ᠨᠡᠩ ᠴᠤ᠌ ᠬᠠᠮᠢᠶᠠᠷᠴᠤ᠌ ᠭᠠᠷᠭᠠᠭ᠍ᠰᠠᠨ ᠶᠤᠮ᠃ ᠴᠢᠩᠭ᠎ᠠ ᠬᠠᠮᠢᠶᠠᠷᠬᠤ ᠪᠣᠯ ᠳᠠᠷᠤᠢ ᠭᠦᠨ ᠬᠠᠢᠷ᠎ᠠ ᠮᠥᠨ᠂ ᠺᠠᠳ᠋ᠷᠴᠤᠳ᠎ᠲᠤ ᠦᠨᠡᠨ ᠬᠦ᠌ ᠬᠠᠷᠢᠭᠤᠴᠠᠵᠦ ᠪᠠᠢᠭ᠎ᠠ ᠶᠠᠪᠤᠳᠠᠯ ᠪᠤᠯᠤᠨ᠎ᠠ᠃ ᠤᠯᠠᠭᠠᠨᠴᠠᠪ ᠬᠤᠳᠠ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠴᠢᠩᠭ᠎ᠠ ᠬᠢᠨᠠᠯᠲᠠ ᠬᠠᠮᠢᠶᠠᠷᠤᠯᠲᠠ ᠲᠠᠢ ᠺᠠᠳ᠋ᠷ᠎ᠢ ᠱᠢᠯᠢᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌ ᠪᠦᠬᠦ᠌ ᠲᠠᠯ᠎ᠠ᠎ᠶ᠋ᠢᠨ ᠡᠯ᠎ᠡ ᠭᠣᠭ᠍ᠴᠣᠭ᠎ᠠ᠎ᠳᠤ ᠲᠤᠭᠤᠱᠢᠯᠠᠭᠤᠯᠵᠤ᠂ ᠮᠡᠳᠡᠭᠡ ᠵᠠᠩᠭᠢ᠎ᠪᠠᠷ ᠬᠢᠨᠠᠯᠲᠠ ᠲᠠᠯᠪᠢᠬᠤ᠂ ᠬᠠᠮᠢᠶᠠᠷᠴᠤ᠌ ᠬᠢᠨᠠᠯᠲᠠ ᠲᠠᠯᠪᠢᠬᠤ᠂ ᠪᠠᠢᠴᠠᠭᠠᠵᠤ ᠬᠢᠨᠠᠯᠲᠠ ᠲᠠᠯᠪᠢᠬᠤ 《ᠭᠤᠷᠪᠠ᠎ᠶ᠋ᠢ ᠨᠢᠭᠡ ᠴᠤᠬ᠍ᠴᠠᠵᠢᠭᠤᠯᠤᠬ᠍ᠰᠠᠨ》ᠺᠠᠳ᠋ᠷ᠎ᠲᠤ ᠬᠢᠨᠠᠯᠲᠠ ᠲᠠᠯᠪᠢᠬᠤ ᠠᠵᠢᠯ᠎ᠤᠨ ᠱᠢᠰᠲ᠋ᠧᠮ᠎ᠢ ᠪᠠᠢᠭᠤᠯᠤᠨ ᠪᠦᠷᠢᠨᠱᠢᠬᠦᠯᠵᠤ᠂ 《ᠨᠢᠭᠡ ᠪᠡᠯᠡᠳᠭᠡᠯ ᠬᠣᠶᠠᠷ ᠪᠠᠢᠴᠠᠭᠠᠯᠲᠠ》 ᠵᠢᠨ ᠲᠦᠷᠢᠮ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠮᠡᠳᠡᠭᠡ ᠵᠠᠩᠭᠢ᠎ᠶ᠋ᠢ ᠴᠤᠭ᠍ᠯᠠᠭᠤᠯᠬᠤ᠂ ᠵᠠᠳᠠᠯᠵᠤ ᠰᠤᠳᠤᠯᠤᠨ ᠮᠠᠭᠠᠳᠯᠠᠬᠤ᠂ ᠦᠷ᠎ᠡ ᠳ᠋ᠦᠩ᠎ᠢ ᠬᠡᠷᠡᠭ᠌ᠯᠡᠬᠦ᠌ 《ᠭᠤᠷᠪᠠ᠎ᠶ᠋ᠢ ᠵᠡᠷᠭᠡ᠎ᠪᠡᠷ ᠶᠠᠪᠤᠭ᠍ᠳᠠᠭᠤᠯᠬᠤ》 ᠺᠠᠳ᠋ᠷ᠎ᠢ ᠱᠢᠯᠭᠠᠨ ᠪᠠᠢᠴᠠᠭᠠᠵᠤ ᠢᠯᠭᠠᠨ ᠲᠠᠨᠢᠬᠤ ᠲᠣᠭ᠍ᠲᠠᠴᠠ᠎ᠶ᠋ᠢ ᠪᠠᠢᠭᠤᠯᠵᠤ᠂ ᠤᠳᠤᠷᠢᠳᠭᠤ ᠺᠠᠳ᠋ᠷ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠭᠰᠡᠨ ᠤᠯᠤᠰ ᠲᠦᠷᠦ᠍᠎ᠶ᠋ᠢᠨ ᠲᠠᠩᠰᠠ ᠡᠪᠬᠡᠮᠡᠯ᠎ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠵᠠᠩᠭᠢᠯᠠᠭ᠎ᠠ᠎ᠶ᠋ᠢᠨ ᠬᠥᠮᠦᠨ᠎ᠢ ᠰᠠᠢᠲᠤᠷ ᠬᠠᠮᠢᠶᠠᠷᠬᠤ᠂ ᠵᠠᠩᠭᠢᠯᠠᠭ᠎ᠠ᠎ᠶ᠋ᠢᠨ ᠭᠠᠵᠠᠷ᠎ᠲᠤ ᠬᠦᠷᠲᠡᠯ᠎ᠡ ᠬᠠᠮᠢᠶᠠᠷᠬᠤ᠂ ᠵᠠᠩᠭᠢᠯᠠᠭ᠎ᠠ᠎ᠶ᠋ᠢᠨ ᠶᠠᠪᠤᠳᠠᠯ᠎ᠢ ᠴᠢᠩᠭ᠎ᠠ ᠬᠠᠮᠢᠶᠠᠷᠬᠤ᠂ ᠵᠠᠩᠭᠢᠯᠠᠭ᠎ᠠ᠎ᠶ᠋ᠢᠨ ᠦᠶ᠎ᠡ᠎ᠳᠦ ᠬᠠᠮᠢᠶᠠᠷᠬᠤ᠎ᠶ᠋ᠢ ᠦᠨᠡᠨ ᠬᠦ᠌ ᠪᠡᠶᠡᠯᠡᠭᠦᠯᠦᠨ᠎ᠡ᠃
ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠵᠤᠷᠢᠬᠵᠢᠭᠤᠯᠤᠨ ᠬᠥᠮᠦᠨ ᠰᠣᠩᠭᠣᠵᠤ ᠬᠥᠮᠦᠨ ᠬᠡᠷᠡᠭ᠌ᠯᠡᠨ᠎ᠠ᠃ ᠺᠠᠳ᠋ᠷ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠪᠣᠯ ᠤᠯᠤᠰ ᠲᠥᠷᠥ᠎ᠶ᠋ᠢᠨ ᠬᠡᠪ ᠰᠤᠷᠲᠠᠯ ᠪᠣᠯᠬᠤ ᠪᠥᠭᠡᠳ ᠪᠠᠰᠠ ᠴᠤ᠌ ᠵᠠᠰᠠᠭ ᠶᠠᠪᠤᠭᠤᠯᠬᠤ ᠬᠠᠷᠢᠭᠤᠴᠠᠯᠭ᠎ᠠ ᠪᠣᠯᠤᠨ᠎ᠠ᠃ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ᠎ᠳᠤ ᠺᠠᠳ᠋ᠷ᠎ᠤᠨ ᠵᠣᠷᠢᠭ᠍ᠲᠠᠢ᠎ᠪᠠᠷ ᠠᠵᠢᠯ ᠬᠢᠵᠦ᠍ ᠦᠢᠯᠡᠰ ᠪᠤᠰᠭᠠᠬᠤ᠂ ᠵᠣᠷᠢᠭ᠍ᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ᠂ ᠠᠵᠢᠯ ᠶᠠᠪᠤᠳᠠᠯ ᠬᠢᠬᠦ᠌ ᠬᠦᠰᠡᠯᠲᠡᠶᠳᠦᠨᠢ ᠠᠵᠠ ᠲᠣᠬᠢᠶᠠᠯ ᠣᠯᠭᠣᠵᠤ᠂ ᠠᠵᠢᠯ ᠶᠠᠪᠤᠳᠠᠯ ᠬᠢᠵᠦ᠍ ᠳᠡᠢᠯᠬᠦ᠌ᠳᠦᠨᠢ ᠲᠠᠪᠴᠠᠩ ᠬᠠᠩᠭᠠᠨ᠎ᠠ᠃ ᠤᠯᠠᠭᠠᠨᠴᠠᠪ ᠬᠣᠲᠠ ᠪᠣᠳᠠᠲᠠᠶ ᠠᠵᠢᠯᠯᠠᠬᠤ᠎ᠶ᠋ᠢ ᠴᠢᠬᠤᠯᠠᠴᠢᠯᠠᠬᠤ ᠪᠣᠳᠠᠲᠤ ᠠᠮᠵᠢᠯᠲᠠ᠎ᠶ᠋ᠢ ᠴᠢᠬᠤᠯᠠᠴᠢᠯᠠᠬᠤ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠬᠤᠯᠠᠴᠢᠯᠠᠬᠤ ᠬᠥᠮᠦᠨ ᠬᠡᠷᠡᠭ᠌ᠯᠡᠬᠦ᠌ ᠤᠳᠤᠷᠢᠳᠤᠮᠵᠢ᠎ᠶ᠋ᠢ ᠢᠯᠡ ᠲᠣᠳᠣ ᠪᠣᠶ ᠪᠣᠯᠭᠠᠵᠤ᠂ ᠭᠤᠷᠪᠠᠨ ᠶᠡᠬᠡ ᠪᠣᠭᠣᠮᠲᠠ ᠱᠢᠪᠲᠤᠯᠬᠤ ᠳᠠᠢᠯᠠᠯᠳᠤᠭᠠᠨ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠴᠢᠬᠤᠯᠠ ᠶᠡᠬᠡ ᠡᠭᠦᠷᠭᠡ ᠴᠢᠬᠤᠯᠠ ᠶᠡᠬᠡ ᠲᠡᠮᠡᠴᠡᠯ᠎ᠦᠨ ᠡᠮᠦᠨ᠎ᠡ ᠹᠷᠣᠨᠲ᠎ᠲᠤ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ᠂ ᠱᠢᠯᠭᠠᠨ ᠪᠠᠢᠴᠠᠭᠠᠵᠤ ᠢᠯᠭᠠᠨ ᠲᠠᠨᠢᠬᠤ ᠪᠠ ᠰᠣᠩᠭᠣᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌᠎ᠶ᠋ᠢ ᠴᠢᠬᠤᠯᠠᠴᠢᠯᠠᠵᠤ᠂ ᠱᠢᠯᠢᠳᠡᠭ ᠵᠠᠯᠠᠭᠤ ᠺᠠᠳ᠋ᠷ᠎ᠢ ᠪᠡᠷᠬᠡ ᠬᠠᠲᠠᠭᠤᠵᠢᠯᠲᠠᠶ ᠨᠠᠷᠢᠨ ᠪᠤᠳᠤᠯᠢᠶᠠᠨᠲᠠᠶ ᠭᠠᠵᠠᠷ ᠣᠷᠣᠨ ᠪᠠ ᠵᠠᠩᠭᠢᠯᠠᠭ᠎ᠠ᠎ᠶ᠋ᠢᠨ ᠬᠦᠴᠦ᠍ ᠲᠠᠯᠪᠢᠬᠤ ᠠᠵᠢᠯ᠎ᠤᠨ ᠪᠠᠢᠷᠢᠨ᠎ᠳᠤ ᠳᠠᠪᠲᠠᠨ ᠪᠣᠯᠪᠠᠰᠤᠷᠠᠭᠤᠯᠤᠨ᠎ᠠ᠃ ᠬᠡᠰᠡᠭ ᠲᠤᠱᠢᠶᠠᠯ᠎ᠤᠨ ᠲᠠᠰ᠎ᠤᠨ ᠣᠷᠣᠨ ᠲᠣᠭ᠎ᠠ᠎ᠶ᠋ᠢ ᠨᠢᠭᠡᠳᠦᠯᠲᠡᠶ ᠲᠥᠯᠥᠪᠵᠢᠭᠦᠯᠦᠨ ᠡᠵᠡᠮᠱᠢᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠰᠠᠨ ᠺᠠᠳ᠋ᠷ᠎ᠢ ᠵᠣᠷᠢᠭ᠍ᠵᠢᠭᠤᠯᠬᠤ᠎ᠳ᠋ᠤ ᠲᠤᠰᠭᠠᠶ ᠬᠡᠷᠡᠭ᠌ᠯᠡᠵᠦ᠂ ᠺᠠᠳ᠋ᠷ᠎ᠤᠨ ᠪᠣᠳᠠᠲᠤ ᠠᠮᠵᠢᠯᠲᠠ ᠪᠦᠲᠦᠮᠵᠢ᠎ᠶ᠋ᠢᠨ ᠬᠢᠨᠠᠨ ᠱᠢᠯᠭᠠᠯᠳᠠ᠎ᠶ᠋ᠢ ᠴᠢᠩᠭᠠᠳᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠠᠵᠢᠯ ᠬᠢᠵᠦ᠍ ᠦᠶ᠋ᠯᠡᠰ ᠪᠤᠰᠭᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠳᠠᠢᠴᠢᠯᠠᠵᠤ᠂ ᠤᠯᠠᠭᠠᠨᠴᠠᠪ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠨ᠎ᠠ᠃
ᠣᠷᠳᠣᠰ ᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠱᠸ ᠰᠢ ᠸᠸᠨ᠄
ᠲᠥᠪᠯᠡᠷᠡᠭᠦᠯᠦᠨ ᠵᠠᠰᠠᠬᠤ ᠠᠵᠢᠯ᠎ᠤᠨ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠡ
ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠡᠷᠡᠭᠦᠯ ᠪᠥᠭᠡᠳ ᠵᠢᠷᠤᠮᠵᠢᠭ᠍ᠰᠠᠨ ᠵᠠᠮ᠎ᠳᠤ ᠪᠦᠬᠦ᠌ ᠲᠠᠯ᠎ᠠ᠎ᠪᠠᠷ ᠪᠤᠴᠠᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ ᠣᠨᠴᠠᠭᠠᠢᠯᠠᠨ ᠴᠢᠬᠤᠯᠠᠴᠢᠯᠠᠪᠠ᠃ ᠪᠦᠬᠦ᠌ ᠣᠷᠣᠨ᠎ᠳᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠦᠭᠰᠡᠨ ᠨᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠶᠡᠷᠦᠩᠬᠡᠶ ᠱᠦᠵᠢᠰᠢ ᠵᠢᠨ ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠣᠷᠢᠭ ᠪᠠ ᠡᠷᠡᠰ ᠵᠣᠷᠢᠭ᠎ᠢ ᠢᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠣᠷᠢᠭ ᠪᠠ ᠡᠷᠡᠰ ᠵᠣᠷᠢᠭ᠎ᠢ ᠢᠯᠡᠷᠡᠭᠦᠯᠵᠦ᠍᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠤᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠰᠡᠷᠭᠦᠭᠡᠨ ᠴᠡᠪᠡᠷᠱᠢᠭᠦᠯᠬᠦ᠂ ᠦᠨᠳᠦᠰᠦᠨ᠎ᠡᠴᠡ ᠨᠢ ᠰᠠᠢᠵᠢᠷᠠᠭᠤᠯᠬᠤ᠎ᠶ᠋ᠢ ᠪᠡᠶᠡᠯᠡᠭᠦᠯᠬᠦ᠌ ᠵᠣᠷᠢᠭ ᠪᠠ ᠡᠷᠡᠰ ᠵᠣᠷᠢᠭ᠎ᠢ ᠢᠯᠡᠷᠡᠭᠦᠯᠪᠡ᠃
ᠠᠰᠠᠭᠤᠳᠠᠯ᠎ᠤᠨ ᠨᠠᠷᠢᠨ ᠲᠠᠩᠰᠠ ᠪᠣᠯ ᠨᠠᠮ᠎ᠳᠠᠭᠠᠨ ᠦᠨᠡᠨᠴᠢ ᠱᠢᠳᠤᠷᠭᠤ ᠪᠠᠢᠬᠤ᠎ᠶ᠋ᠢ ᠱᠢᠯᠭᠠᠬᠤ ᠡᠰᠡᠷᠭᠦ᠌ ᠲᠠᠯ᠎ᠠ᠎ᠶ᠋ᠢᠨ ᠬᠡᠮᠵᠢᠭᠦᠷ ᠪᠣᠯᠤᠨ᠎ᠠ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠭ᠍ᠰᠠᠨ ᠠᠰᠠᠭᠤᠳᠠᠯ᠎ᠤᠨ ᠨᠠᠷᠢᠨ ᠲᠠᠩᠰᠠ᠎ᠶ᠋ᠢᠨ ᠵᠢᠷᠤᠭ ᠲᠦᠷᠰᠦ ᠨᠢ ᠣᠨᠣᠴᠠᠳᠠᠢ ᠪᠥᠭᠡᠳ ᠭᠦᠨᠵᠡᠭᠡᠢ᠂ ᠬᠦᠷᠢᠶ᠎ᠡ ᠬᠡᠪᠴᠢᠶ᠎ᠡ ᠨᠢ ᠨᠠᠷᠢᠯᠢᠭ ᠪᠥᠭᠡᠳ ᠥᠷᠭᠡᠨ ᠳᠡᠯᠭᠡᠷ᠂ ᠳᠤᠷᠠᠳᠤᠯᠭ᠎ᠠ ᠨᠢ ᠤᠨᠤᠪᠴᠢᠳᠠᠢ ᠪᠥᠭᠡᠳ ᠪᠤᠰᠤᠳᠴᠢ ᠪᠠᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠤᠯᠠᠨ ᠲᠦᠮᠡᠨ᠎ᠡᠴᠡ ᠬᠥᠨᠳᠡᠢᠷᠡᠬᠦ᠌ ᠠᠶᠤᠯ᠂ ᠨᠠᠵᠠᠭᠠᠢᠷᠠᠵᠤ ᠢᠯᠵᠠᠷᠠᠨ ᠲᠤᠷᠤᠢ᠌ᠳᠠᠬᠤ ᠠᠶᠤᠯ᠎ᠤᠨ ᠦᠷᠭᠦᠯᠵᠢᠯᠡᠯ ᠪᠠ ᠣᠨᠳᠣᠣᠱᠢᠯ ᠪᠠᠢᠵᠤ᠂ ᠵᠠᠷᠢᠮ ᠨᠠᠮ᠎ᠤᠨ ᠭᠡᠱᠢᠭᠦᠨ ᠺᠠᠳ᠋ᠷᠴᠤᠳ᠎ᠤᠨ ᠤᠯᠤᠰ ᠲᠦᠷᠦ᠍᠎ᠶ᠋ᠢᠨ ᠠᠮᠢᠳᠤᠷᠠᠯ᠎ᠳᠤ ᠠᠳᠠᠯᠢ ᠪᠤᠰᠤ ᠬᠡᠮᠵᠢᠶ᠎ᠡ᠎ᠪᠡᠷ ᠣᠷᠣᠱᠢᠵᠤ ᠪᠠᠢᠳᠠᠭ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠤ ᠣᠷᠣᠱᠢᠵᠤ ᠪᠠᠢᠭ᠎ᠠ ᠬᠡᠯᠪᠡᠢᠭᠦᠦ᠂ ᠥᠭᠡᠷᠡᠲᠦᠬᠦ᠂ ᠰᠡᠳᠦᠪᠡᠴᠡᠪᠡᠨ ᠰᠠᠯᠬᠤ ᠵᠡᠷᠭᠡ ᠲᠤᠪᠤᠢ᠌ᠮ᠎ᠠ ᠠᠰᠠᠭᠤᠳᠠᠯ᠎ᠢ ᠱᠢᠭᠤᠳ ᠳᠤᠷᠠᠳᠤᠨ ᠭᠠᠷᠭᠠᠵᠠᠢ᠃ ᠵᠢᠱ᠌ᠢᠶᠡᠯᠡᠪᠡᠯ᠂ 《ᠵᠢᠵᠢᠭ ᠪᠦᠯᠬᠦᠮ᠎ᠤᠨ ᠰᠣᠶᠣᠯ》 ᠢ᠋ ᠦᠵᠡᠬᠦ᠌᠎ᠳᠦ ᠨᠢᠭᠡ ᠵᠦᠢᠯ᠎ᠦᠨ ᠡᠩ᠎ᠦᠨ ᠨᠡᠢᠭᠡᠮ᠎ᠦᠨ ᠬᠠᠷᠢᠯᠴᠠᠭ᠎ᠠ ᠱᠢᠭ᠋ ᠪᠣᠯᠪᠠᠴᠤ᠌ ᠡᠬᠢ ᠰᠤᠷᠪᠤᠯᠵᠢ᠎ᠠᠴᠠ ᠨᠢ ᠠᠪᠴᠤ᠌ ᠦᠵᠡᠪᠡᠯ ᠡᠵᠡᠷᠬᠡᠭ ᠶᠣᠰᠣᠨ᠎ᠤ ᠱᠢᠭᠠᠷᠤ᠎ᠶ᠋ᠢᠨ ᠦᠯᠡᠳᠡᠭ᠌ᠳᠡᠯ᠂ ᠬᠡᠯᠪᠡᠷᠢ᠎ᠡᠴᠡ ᠨᠢ ᠠᠪᠴᠤ᠌ ᠦᠵᠡᠪᠡᠯ ᠨᠠᠮ᠎ᠤᠨ ᠳᠣᠲᠣᠭᠠᠳᠤ᠎ᠶ᠋ᠢᠨ ᠠᠢᠮᠠᠭ᠍ᠴᠢᠯᠠᠬᠤ ᠦᠵᠡᠯ᠎ᠦᠨ ᠬᠤᠪᠢᠯᠪᠤᠷᠢ ᠮᠥᠨ᠂ ᠮᠥᠨ ᠴᠢᠨᠠᠷ᠎ᠠᠴᠠ ᠨᠢ ᠠᠪᠴᠤ᠌ ᠦᠵᠡᠪᠡᠯ ᠠᠮᠢᠨᠴᠢᠷ ᠦᠵᠡᠯ᠎ᠦᠨ ᠮᠠᠭᠤ ᠬᠥᠭ᠌ᠵᠢᠯᠲᠡ ᠮᠥᠨ᠃
ᠠᠰᠠᠭᠤᠳᠠᠯ᠎ᠤᠨ ᠨᠠᠷᠢᠨ ᠲᠠᠩᠰᠠ᠎ᠶ᠋ᠢ 《ᠴᠡᠪᠡᠷᠯᠡᠨ ᠠᠷᠢᠯᠭᠠᠬᠤ》 ᠵᠢ ᠪᠠᠲᠤᠯᠠᠬᠤ ᠪᠣᠯ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠤᠨ᠎ᠠ᠃ ᠠᠰᠠᠭᠤᠳᠠᠯ᠎ᠤᠨ ᠨᠠᠷᠢᠨ ᠳᠠᠩᠰᠠ᠎ᠠᠴᠠ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠲᠤ 《ᠵᠢᠵᠢᠭ ᠪᠦᠯᠬᠦᠮ᠎ᠤᠨ ᠰᠣᠶᠣᠯ》᠂ 《ᠤᠯᠤᠮ᠎ᠤᠨ ᠰᠣᠶᠣᠯ》 ᠵᠡᠷᠭᠡ ᠪᠤᠯᠬᠢ ᠰᠣᠶᠣᠯ᠎ᠠᠴᠠ ᠰᠠᠨᠠᠭᠠᠴᠢᠯᠠᠭ᠎ᠠ᠎ᠠᠴᠠ᠎ᠪᠠᠨ ᠵᠠᠢᠳᠠᠵᠤ᠂ ᠡᠷᠬᠡ ᠶ᠋ᠢᠨ ᠰᠣᠯᠢᠯᠴᠠᠭ᠎ᠠ᠂ ᠡᠷᠬᠡ ᠠᠰᠢᠭ᠎ᠤᠨ ᠰᠣᠯᠢᠯᠴᠠᠭ᠎ᠠ᠂ ᠤᠯᠤᠰ ᠲᠦᠷᠦ᠍᠎ᠶ᠋ᠢᠨ ᠲᠠᠯ᠎ᠠ᠎ᠪᠠᠷ ᠠᠲᠠᠭᠠᠷᠬᠠᠬᠤ᠂ ᠤᠯᠤᠰ ᠲᠦᠷᠦ᠍᠎ᠶ᠋ᠢᠨ ᠲᠠᠯ᠎ᠠ᠎ᠪᠠᠷ ᠵᠠᠪᠱᠢᠨ ᠳᠠᠯᠢᠮᠳᠠᠭᠤᠯᠬᠤ ᠵᠡᠷᠭᠡ ᠰᠣᠯᠢᠯᠴᠠᠭᠠᠨ᠎ᠤ ᠠᠵᠢᠯᠯᠠᠭ᠎ᠠ᠎ᠶ᠋ᠢ ᠡᠷᠡᠰ ᠬᠣᠷᠢᠭ᠍ᠯᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠲᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠳᠠᠲᠠᠢ ᠱᠠᠭᠠᠷᠳᠠᠯᠭ᠎ᠠ᠎ᠶ᠋ᠢ ᠴᠠᠭ ᠲᠤᠬᠠᠢᠳᠤᠨᠢ ᠳᠤᠷᠠᠳᠴᠤ᠌᠂ ᠨᠢᠭᠤᠷ ᠤᠯᠠᠢᠯᠭᠠᠨ ᠬᠥᠯᠥᠰᠥ᠍ ᠭᠠᠷᠭᠠᠬᠤ᠂ ᠰᠡᠷᠡᠮᠵᠢᠯᠡᠭᠦᠯᠬᠦ᠌ ᠦᠷ᠎ᠡ ᠪᠦᠲᠦᠮᠵᠢ᠎ᠶ᠋ᠢ ᠦᠨᠡᠨ ᠬᠦ᠌ ᠭᠠᠷᠭᠠᠭ᠍ᠰᠠᠨ ᠪᠠᠢᠬᠤ᠎ᠶ᠋ᠢ ᠰᠠᠨᠠᠭᠤᠯᠪᠠ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠢ ᠨᠠᠮ᠎ᠤᠨ ᠬᠣᠷᠢᠶᠠᠨ᠎ᠤ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠭᠦᠢᠴᠡᠳᠭᠡᠬᠦ᠌ ᠴᠢᠬᠤᠯᠠ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠲᠤᠰ ᠤᠳᠠᠭᠠᠨ᠎ᠤ ᠲᠥᠪᠯᠡᠷᠡᠭᠦᠯᠦᠨ ᠵᠠᠰᠠᠬᠤ ᠠᠵᠢᠯ᠎ᠤᠨ ᠵᠣᠬᠢᠶᠠᠨ ᠪᠠᠢᠭᠤᠯᠤᠭ᠍ᠴᠢ ᠪᠣᠯᠬᠤ᠎ᠪᠠᠷ ᠪᠠᠷᠠᠬᠤ ᠦᠭᠡᠢ ᠪᠠᠰᠠ ᠱᠢᠭᠤᠳ ᠣᠷᠣᠯᠴᠠᠭ᠍ᠴᠢ ᠪᠠᠢᠵᠦ᠂ ᠡᠷᠬᠡᠪᠰᠢ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠡᠷᠬᠡᠪᠰᠢ ᠲᠥᠪᠯᠡᠷᠡᠭᠦᠯᠦᠨ ᠵᠠᠰᠠᠬᠤ ᠡᠯ᠎ᠡ ᠵᠦᠢᠯ᠎ᠦᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠲᠡᠷᠡ ᠬᠡᠪ᠎ᠢᠶᠡᠷ ᠨᠢ ᠠᠬᠢᠭᠤᠯᠵᠤ᠂ ᠡᠷᠬᠡᠪᠰᠢ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭ᠎ᠠ ᠪᠥᠭᠡᠳ ᠪᠣᠳᠠᠲᠠᠢ᠎ᠪᠠᠷ ᠰᠠᠢᠲᠤᠷ ᠠᠳᠭᠤᠬᠤ ᠬᠡᠷᠡᠭ᠌ᠲᠡᠢ᠃
ᠲᠥᠪᠯᠡᠷᠡᠭᠦᠯᠦᠨ ᠵᠠᠰᠠᠬᠤ᠎ᠪᠠᠷ ᠠᠵᠠ ᠲᠣᠬᠢᠶᠠᠯ ᠪᠣᠯᠭᠠᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠡᠷᠡᠰ ᠭᠤᠢᠪᠢᠰᠢ ᠦᠭᠡᠢ ᠠᠬᠢᠭᠤᠯᠤᠨ᠎ᠠ᠃ ᠲᠥᠪᠯᠡᠷᠡᠭᠦᠯᠦᠨ ᠵᠠᠰᠠᠬᠤ᠎ᠳᠤ ᠡᠷᠬᠡᠪᠰᠢ ᠦᠨᠭ᠌ᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠨᠢ ᠵᠡᠷᠭᠡ᠎ᠪᠡᠷ ᠵᠠᠰᠠᠬᠤ᠎ᠶ᠋ᠢ ᠪᠠᠷᠢᠮᠲᠠᠯᠠᠬᠤ ᠬᠡᠷᠡᠭ᠌ᠲᠡᠶ᠃ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠶᠡᠷᠦᠩᠬᠡᠶ ᠱᠦᠵᠢᠰᠢ ᠵᠢᠨ ᠫᠢᠡᠭ ᠤ᠋ᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠶ ᠴᠢᠬᠤᠯᠠ ᠥᠭᠦᠯᠡᠯᠲᠡ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠭᠤᠯᠵᠤ᠂ ᠬᠢᠲᠤᠭᠠᠨ ᠢᠷ᠎ᠢ ᠳᠣᠲᠣᠭ᠍ᠰᠢ᠎ᠪᠠᠨ ᠬᠠᠨᠳᠤᠭᠤᠯᠬᠤ᠎ᠶ᠋ᠢ ᠪᠠᠷᠢᠮᠲᠠᠯᠠᠵᠤ᠂ ᠵᠣᠷᠢᠭ᠍ᠲᠠᠶ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍᠂ ᠥᠪᠡᠷᠲᠡᠭᠡᠨ ᠪᠠᠢᠴᠠᠭᠠᠬᠤ ᠪᠠ ᠰᠠᠨᠠᠭᠤᠯᠬᠤ᠎ᠶ᠋ᠢ ᠤᠶᠠᠯᠳᠤᠭᠤᠯᠵᠤ᠂ ᠪᠠᠢᠴᠠᠭᠠᠬᠤ ᠪᠠ ᠵᠠᠯᠠᠷᠠᠭᠤᠯᠬᠤ᠎ᠶ᠋ᠢ ᠤᠶᠠᠯᠳᠤᠭᠤᠯᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠪᠠ ᠤᠶᠤᠨ ᠰᠠᠨᠠᠭᠠᠨ᠎ᠤ ᠭᠦᠨ᠎ᠳᠦ 《ᠬᠤᠪᠢᠰᠭᠠᠯ ᠬᠢᠬᠦ᠌》 ᠶ᠋ᠢ ᠤᠶᠠᠯᠳᠤᠭᠤᠯᠵᠤ᠂ ᠦᠵᠡᠯ ᠰᠠᠨᠠᠭᠠᠨ᠎ᠤ ᠪᠠᠢᠭᠤᠯᠤᠯᠲᠠ ᠪᠠ ᠲᠦᠷᠢᠮ᠎ᠦᠨ ᠪᠠᠢᠭᠤᠯᠤᠯᠲᠠ᠎ᠪᠠᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠬᠡᠪ᠎ᠦᠨ ᠪᠣᠯᠭᠠᠬᠤ᠎ᠶ᠋ᠢ ᠪᠡᠬᠢᠵᠢᠭᠦᠯᠵᠦ᠍᠂ ᠠᠷᠢᠭᠤᠨ ᠴᠢᠬᠡᠴᠢ᠂ ᠶᠣᠰᠣ ᠲᠦᠷᠢᠮ᠎ᠲᠠᠶ ᠨᠥᠬᠥᠳ᠎ᠤᠨ ᠬᠠᠷᠢᠴᠠᠭ᠎ᠠ᠂ ᠳᠡᠭᠡᠷ᠎ᠡ ᠳᠤᠤᠷ᠎ᠡ ᠱᠠᠲᠤᠨ᠎ᠤ ᠬᠠᠷᠢᠴᠠᠭ᠎ᠠ᠎ᠶ᠋ᠢ ᠪᠦᠬᠦ᠌ ᠲᠠᠯ᠎ᠠ᠎ᠪᠠᠷ ᠪᠤᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠠᠢ᠃
ᠪᠠᠶᠠᠨᠨᠠᠭᠤᠷ ᠬᠤᠳᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠸᠠᠩ ᠶᠠ ᠵᠦᠩ ᠄
ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠷᠭᠦᠯᠵᠢᠯᠡᠨ ᠴᠡᠪᠡᠷᠱᠢᠭᠦᠯᠦᠨ᠎ᠡ
ᠶᠡᠷᠦᠩᠬᠡᠢ ᠱᠦᠵᠢ ᠰᠢ ᠵᠢᠨ ᠫᠢᠩ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠨᠠᠮ᠎ᠤᠨ ᠡᠭᠦᠷᠢᠳᠡ ᠠᠮᠢᠵᠢᠷᠠᠯ᠎ᠤᠨ ᠬᠦᠴᠦᠨ᠎ᠢᠶᠡᠨ ᠪᠠᠲᠤᠯᠠᠵᠤ᠂ ᠱᠢᠨ᠎ᠡ ᠱᠢᠯᠭᠠᠯᠲᠠ᠎ᠶ᠋ᠢ ᠲᠤᠭᠤᠯᠬᠤ ᠵᠠᠮ᠎ᠢᠶᠠᠷ ᠰᠠᠢᠲᠤᠷ ᠵᠠᠮᠨᠠᠬᠤ ᠵᠠᠢᠯᠠᠰᠢ ᠦᠭᠡᠢ ᠵᠠᠮ ᠮᠥᠨ᠃ ᠨᠠᠮ ᠨᠢ ᠨᠠᠮ᠎ᠢᠶᠠᠨ ᠬᠠᠮᠢᠶᠠᠷᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯᠡᠴᠨ ᠡᠬᠢᠯᠡᠨ ᠬᠠᠮᠢᠶᠠᠷᠬᠤ ᠬᠡᠷᠡᠭ᠌ᠲᠡᠢ; ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯᠡᠴᠨ ᠡᠬᠢᠯᠡᠵᠦ᠍ ᠴᠢᠩᠳᠠᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠰᠡᠷᠭᠦᠭᠡᠨ ᠴᠡᠪᠡᠷᠱᠢᠭᠦᠯᠬᠦ᠌ ᠴᠢᠬᠤᠯᠠ ᠭᠠᠷᠳᠠᠴᠠ ᠮᠥᠨ ᠭᠡᠵᠦ ᠴᠢᠬᠤᠯᠠᠴᠢᠯᠠᠪᠠ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠪᠣᠳᠠᠲᠠᠢ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠡᠭᠦᠷᠭᠡ ᠴᠢᠳᠠᠪᠤᠷᠢ᠎ᠶ᠋ᠢ ᠡᠭᠦᠷᠭᠡᠯᠡᠵᠦ᠍ ᠪᠠᠢᠭ᠎ᠠ ᠪᠣᠯᠬᠣᠷ ᠡᠷᠬᠡᠪᠰᠢ ᠴᠢᠩᠭ᠎ᠠ ᠣᠪᠣᠷ᠂ ᠴᠢᠩᠭ᠎ᠠ ᠱᠠᠭᠠᠷᠳᠠᠯᠭ᠎ᠠ᠂ ᠴᠢᠩᠭ᠎ᠠ ᠠᠷᠭ᠎ᠠ ᠬᠡᠮᠵᠢᠶ᠎ᠡ ᠪᠡᠷ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠯᠢᠳᠡᠭ ᠬᠢᠷᠢ ᠪᠦᠲᠦᠮᠵᠢ᠎ᠪᠡᠷ ᠵᠢᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠳᠠᠲᠠᠶᠪᠠᠷ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ᠃
ᠲᠥᠪᠯᠡᠷᠡᠭᠦᠯᠦᠨ ᠵᠠᠰᠠᠬᠤ᠎ᠶ᠋ᠢ ᠪᠠᠷᠢᠮᠲᠠᠯᠠᠨ᠂ ᠲᠣᠪᠣᠢᠮ᠎ᠠ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠨ᠎ᠡ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠤ᠎ᠶ᠋ᠢᠨ ᠠᠮᠢᠳᠤᠷᠠᠯ᠎ᠢ ᠴᠢᠩᠳᠠᠯᠠᠬᠤ ᠳᠤ ᠡᠷᠬᠡᠪᠰᠢ ᠠᠰᠠᠭᠤᠳᠠᠯ᠎ᠤᠨ ᠲᠤᠬᠠᠢ ᠤᠬᠠᠮᠰᠠᠷ᠎ᠢᠶᠠᠨ ᠴᠢᠩᠭᠠᠳᠭᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠲᠤᠪᠤᠢ᠌ᠯᠭᠠᠨ᠂ ᠪᠠᠢᠯᠳᠤᠬᠤ ᠪᠤᠳᠤᠯᠭ᠎ᠠ᠎ᠶ᠋ᠢᠨ ᠲᠠᠯ᠎ᠠ᠎ᠪᠠᠷ ᠤᠳᠠᠭᠠᠨ ᠳᠠᠭᠠᠭᠠᠮᠠᠭᠠᠢ ᠲᠠᠢ᠌ᠨ ᠬᠢᠬᠦ᠌᠂ ᠪᠠᠢᠯᠳᠤᠬᠤ ᠠᠷᠭ᠎ᠠ᠎ᠶ᠋ᠢᠨ ᠲᠠᠯ᠎ᠠ᠎ᠪᠠᠷ ᠰᠥᠨᠥᠭᠡᠬᠦ᠌ ᠲᠠᠢ᠌ᠨ᠎ᠢ ᠰᠠᠢᠲᠤᠷ ᠬᠢᠬᠦ᠌ ᠬᠡᠷᠡᠭ᠌ᠲᠡᠢ᠃ ᠲᠥᠪᠯᠡᠷᠡᠭᠦᠯᠦᠨ ᠵᠠᠰᠠᠬᠤ᠎ᠶ᠋ᠢ ᠰᠠᠢᠲᠤᠷ ᠠᠳᠭᠤᠬᠤ᠎ᠳᠤ᠂ ᠳᠠᠷᠤᠢ 《ᠵᠢᠵᠢᠭ ᠪᠦᠯᠬᠦᠮ᠎ᠦᠨ ᠰᠣᠶᠣᠯ》᠂ 《ᠤᠯᠤᠮ᠎ᠤᠨ ᠰᠣᠶᠣᠯ》᠂ 《ᠠᠷᠢᠬᠢᠨ ᠱᠢᠷᠡᠭᠡᠨ᠎ᠦ ᠰᠣᠶᠣᠯ》 ᠵᠡᠷᠭᠡ 11 ᠲᠠᠯ᠎ᠠ᠎ᠶ᠋ᠢᠨ ᠠᠰᠠᠭᠤᠳᠠᠯ᠎ᠤᠨ ᠨᠠᠷᠢᠨ ᠲᠠᠩᠰᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠦᠯ ᠵᠦᠢᠯ ᠬᠤᠪᠢᠶᠠᠨ᠂ ᠬᠠᠷᠠᠯᠲᠠ᠎ᠲᠠᠶ᠎ᠪᠠᠷ ᠬᠦᠴᠦᠯᠡᠨ᠂ ᠤᠨᠢᠨ ᠳᠡᠭᠡᠷ᠎ᠡ ᠨᠢ ᠬᠡᠷᠡᠭ᠌ᠵᠢᠭᠦᠯᠵᠦ᠍᠂ ᠣᠷᠣᠱᠢᠵᠤ ᠪᠠᠢᠭ᠎ᠠ ᠠᠰᠠᠭᠤᠳᠠᠯ᠎ᠢ ᠦᠨᠡᠨ ᠬᠦ᠌ ᠣᠨᠣᠪᠴᠢᠲᠠᠢ ᠪᠥᠭᠡᠳ ᠪᠦᠷᠢᠨ ᠡᠷᠢᠵᠦ᠍᠂ ᠠᠰᠠᠭᠤᠳᠠᠯ᠎ᠤᠨ ᠪᠤᠢ ᠪᠣᠯᠤᠭ᠍ᠰᠠᠨ ᠱᠢᠯᠲᠠᠭᠠᠨ᠎ᠢ ᠲᠤᠭᠤᠱᠢᠲᠠᠢ ᠪᠠᠢᠴᠠᠭᠠᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠶ᠋ᠢ ᠨᠠᠷᠢᠯᠢᠭ ᠪᠣᠳᠠᠲᠠᠢ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠨᠥᠯᠥᠭᠡᠯᠡᠬᠦ᠌ ᠮᠠᠭᠤ ᠦᠵᠡᠭ᠌ᠳᠡᠯ᠎ᠢ ᠡᠷᠡᠰ ᠠᠷᠢᠯᠭᠠᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠪᠠᠷ ᠨᠠᠮ᠎ᠤᠨ ᠭᠡᠱᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ᠎ᠶ᠋ᠢ ᠵᠣᠷᠢᠭ᠍ᠵᠢᠭᠤᠯᠬᠤ ᠬᠡᠷᠡᠭ᠌ᠲᠡᠢ᠃
ᠡᠬᠢ ᠡᠭᠦᠰᠦᠯ᠎ᠡᠴᠡ ᠨᠢ ᠵᠠᠰᠠᠬᠤ᠎ᠶ᠋ᠢ ᠪᠠᠷᠢᠮᠲᠠᠯᠠᠵᠤ᠂ ᠦᠵᠡᠯ ᠰᠠᠨᠠᠭᠠᠨ᠎ᠤ ᠬᠥᠮᠦᠵᠢᠯ᠎ᠢ ᠬᠦᠴᠦᠯᠡᠨ ᠴᠢᠩᠭᠠᠳᠬᠠᠨ᠎ᠡ᠃ ᠤᠢ᠍ᠢᠷ᠎ᠠ᠎ᠶ᠋ᠢᠨ ᠵᠢᠯ᠎ᠳᠦ ᠪᠠᠶᠠᠨᠨᠠᠭᠤᠷ᠎ᠲᠤ ᠡᠭᠦᠰᠦᠭ᠌ᠰᠡᠨ ᠰᠠᠬᠢᠯᠭ᠎ᠠ ᠪᠠᠲᠤ᠎ᠶ᠋ᠢ ᠵᠥᠷᠢᠴᠡᠵᠦ᠍ ᠬᠠᠤᠯᠢ᠎ᠡᠴᠨ ᠵᠥᠷᠢᠴᠡᠭ᠌ᠰᠡᠨ ᠬᠡᠷᠡᠭ᠎ᠡᠴᠡ ᠦᠵᠡᠪᠡᠯ᠂ ᠦᠨᠳᠦᠰᠦᠨ ᠱᠢᠯᠲᠠᠭᠠᠨ ᠨᠢ ᠵᠠᠷᠢᠮ ᠨᠠᠮ᠎ᠤᠨ ᠭᠡᠱᠢᠭᠦᠨ ᠺᠠᠳ᠋ᠷ᠎ᠤᠨ ᠬᠦᠰᠡᠯᠡᠩ ᠢᠲᠡᠭᠡᠯ ᠪᠢᠱᠢᠷᠡᠯ ᠭᠡᠬᠦ᠌ ᠡᠨᠡ ᠬᠦ᠌ 《ᠰᠠᠭᠤᠷᠢ ᠴᠢᠯᠠᠭᠤ》 ᠨᠢ ᠭᠤᠢᠪᠢᠯᠵᠠᠵᠤ᠂ ᠶᠢᠷᠲᠢᠨᠴᠦ ᠶ᠋ᠢᠨ ᠦᠵᠡᠯᠲᠡ᠂ ᠠᠮᠢᠳᠤᠷᠠᠬᠤᠢ ᠶ᠋ᠢᠨ ᠦᠵᠡᠯᠲᠡ᠂ ᠦᠷᠳᠡᠭ᠎ᠦᠨ ᠦᠵᠡᠯᠲᠡ ᠭᠡᠬᠦ᠌ ᠡᠨᠡ ᠬᠦ᠌ 《ᠶᠡᠷᠦᠩᠬᠡᠢ ᠨᠡᠭᠡᠭᠡᠯᠭᠡ》 ᠨᠢ ᠬᠡᠯᠪᠡᠢᠭᠦᠦ ᠪᠣᠯᠤᠭ᠍ᠰᠠᠨ᠎ᠳᠤ ᠪᠠᠢᠨ᠎ᠠ᠃ ᠲᠥᠪᠯᠡᠷᠡᠭᠦᠯᠦᠨ ᠵᠠᠰᠠᠬᠤ᠎ᠶ᠋ᠢ ᠰᠠᠢᠲᠤᠷ ᠠᠳᠭᠤᠬᠤ᠎ᠳᠤ᠂ ᠦᠵᠡᠯ ᠰᠠᠨᠠᠭᠠᠨ᠎ᠤ 《ᠦᠨᠳᠦᠰᠦ》 ᠶ᠋ᠢᠨ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠨᠣᠯ᠎ᠢᠶᠠᠷ ᠵᠡᠪᠰᠡᠭ᠌ᠯᠡᠬᠦ᠌᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠦᠵᠡᠯ ᠰᠠᠨᠠᠭᠠᠨ᠎ᠤ ᠬᠠᠱᠢᠯᠭ᠎ᠠ᠎ᠶ᠋ᠢ ᠲᠠᠰᠤᠷᠠᠯᠲᠠ ᠥᠬᠡᠶ ᠪᠡᠬᠢᠵᠢᠭᠦᠯᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠳᠡᠷᠭᠡᠳᠡᠬᠢ ᠤᠴᠢᠷ ᠶᠠᠪᠤᠳᠠᠯ᠎ᠢᠶᠠᠷ ᠳᠡᠷᠭᠡᠳᠡᠬᠢ ᠬᠥᠮᠦᠨ᠎ᠢᠶᠡᠨ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠸᠠᠩ ᠶᠦᠨ ᠯᠢᠶᠠᠩ ᠵᠡᠷᠭᠡ ᠬᠠᠤᠯᠢ ᠴᠠᠭᠠᠵᠠ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠬᠡᠷᠡᠭ᠎ᠦᠨ ᠵᠢᠱ᠌ᠢᠢ᠎ᠡ᠎ᠪᠡᠷ ᠲᠤᠯᠢ ᠪᠣᠯᠭᠠᠵᠤ᠂ ᠬᠡᠷᠡᠭ᠎ᠢᠶᠡᠷ ᠰᠠᠬᠢᠯᠭ᠎ᠠ ᠪᠠᠲᠤ᠎ᠶ᠋ᠢ ᠲᠣᠳᠣᠷᠬᠠᠢᠯᠠᠵᠤ᠂ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠰᠠᠬᠢᠯᠭ᠎ᠠ ᠪᠠᠲᠤ ᠶᠣᠰᠣ ᠲᠦᠷᠢᠮ᠎ᠢ ᠴᠠᠭ ᠢᠮᠠᠭ᠍ᠲᠠ ᠴᠢᠩᠳᠠᠯᠠᠨ᠎ᠠ᠃
ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠳᠦᠷᠢᠮ᠎ᠦᠨ ᠬᠡᠷᠡᠭ᠌ᠵᠢᠭᠦᠯᠦᠯᠲᠡ᠎ᠶ᠋ᠢ ᠬᠦᠴᠦᠯᠡᠨ ᠴᠢᠩᠭᠠᠳᠬᠠᠨ᠎ᠠ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠨᠢᠭᠡ ᠢᠮᠠᠬᠤ ᠰᠤᠯᠠᠷᠠᠪᠠᠯ᠂ ᠨᠠᠮ᠎ᠤᠨ ᠭᠡᠱᠢᠭᠦᠨ ᠺᠠᠳ᠋ᠷ᠎ᠤᠨ ᠡᠩᠨᠡᠭᠡ ᠨᠢᠭᠡ ᠲᠤᠬᠤᠢ ᠰᠤᠯᠠᠷᠠᠬᠤ ᠪᠣᠯᠤᠨ᠎ᠠ᠃ ᠲᠥᠪᠯᠡᠷᠡᠭᠦᠯᠦᠨ ᠵᠠᠰᠠᠬᠤ᠎ᠶ᠋ᠢ ᠰᠠᠢᠲᠤᠷ ᠠᠳᠭᠤᠬᠤ ᠳ᠋ᠤ᠂ ᠪᠠᠢᠩᠭᠤ᠎ᠶ᠋ᠢᠨ ᠴᠢᠨᠠᠷᠳᠠᠢ ᠤᠷᠲᠤ ᠬᠤᠭᠤᠴᠠᠭ᠎ᠠ ᠪᠡᠷ ᠪᠦᠲᠦᠮᠵᠢᠲᠡᠶ ᠪᠠᠢᠯᠭᠠᠬᠤ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠤ᠂ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠦ᠂ ᠰᠢᠯᠢᠳᠡᠭ ᠨᠠᠮ᠎ᠤᠨ ᠰᠤᠷᠳᠠᠯ ᠵᠢᠡᠷ ᠨᠠᠮ᠎ᠤᠨ ᠰᠡᠳᠭᠢᠯ ᠠᠷᠠᠳ᠎ᠤᠨ ᠰᠡᠳᠭᠢᠯ ᠢ ᠨᠢᠬᠳᠠᠷᠠᠭᠤᠯᠵᠦ᠂ ᠵᠠᠰᠠᠭ᠎ᠤᠨ ᠰᠤᠷᠳᠠᠯ ᠢᠷᠭᠡᠳ᠎ᠤᠨ ᠰᠤᠷᠳᠠᠯ᠎ᠢ ᠳᠠᠢᠴᠢᠯᠠᠵᠦ᠂ ᠤᠳᠤᠬᠢᠴᠢᠯᠠᠬᠰᠠᠨ ᠪᠠᠶᠠᠨᠨᠠᠭᠤᠷ᠎ᠤᠨ ᠪᠦᠳᠦᠭᠡᠨ ᠪᠠᠢᠭᠤᠯᠤᠯᠳᠠ᠎ᠳᠤ ᠬᠦᠴᠦᠳᠦ ᠪᠠᠳᠤᠯᠠᠭ᠎ᠠ ᠬᠠᠩᠭᠠᠨ᠎ᠠ᠃
ᠦᠬᠠᠢ ᠬᠤᠳᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠠᠩ᠄
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠪᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠨᠳᠦᠰᠦ ᠰᠠᠭᠤᠷᠢ᠎ᠶ᠋ᠢ ᠪᠡᠬᠢᠵᠢᠭᠦᠯᠦᠨ᠎ᠡ
ᠶᠡᠷᠦᠩᠬᠡᠶ ᠱᠦᠵᠢ ᠰᠢ ᠵᠢᠨ ᠫᠢᠩᠦᠨᠴᠢᠬᠤᠯᠠ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠪᠣᠯ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ《ᠤᠯᠤᠰ ᠲᠥᠷᠥ᠎ᠶ᠋ᠢᠨ ᠭᠤᠷᠪᠠᠨ ᠬᠦᠴᠦᠨ》 ᠴᠢᠩᠭ᠎ᠠ ᠪᠠᠢᠬᠤ ᠡᠰᠡᠬᠦ᠌᠎ᠶ᠋ᠢᠨ ᠴᠢᠬᠤᠯᠠ ᠱᠢᠯᠭᠠᠯᠲᠠ ᠪᠠ ᠦᠶ᠋ᠯᠡᠳᠦᠯᠭᠡ᠎ᠶ᠋ᠢᠨ ᠱᠢᠯᠭᠠᠯᠲᠠ ᠪᠣᠯᠤᠨ᠎ᠠ᠂ ᠡᠷᠬᠡᠪᠰᠢ ᠦᠵᠡᠯ ᠰᠠᠨᠠᠭ᠎ᠠ ᠦᠵᠡᠯᠳᠡ ᠲᠠᠨᠢᠯᠲᠠ᠎ᠪᠠᠨ ᠭᠦᠨᠵᠡᠭᠡᠢᠷᠡᠭᠦᠯᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠠᠵᠢᠯ᠎ᠤᠨ ᠠᠷᠭ᠎ᠠ ᠬᠡᠮᠵᠢᠶ᠎ᠡ᠎ᠪᠡᠨ ᠪᠣᠳᠠᠲᠠᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠤᠯᠤᠰ ᠳᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠳᠠᠢᠴᠢᠨ ᠴᠢᠨᠠᠷ᠎ᠢ ᠬᠦᠴᠦᠯᠡᠨ ᠴᠢᠩᠭᠠᠳᠭᠠᠬᠤ ᠬᠡᠷᠡᠭ᠌ᠲᠡᠶ ᠃
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠵᠦ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌ ᠪᠣᠯ ᠠᠭᠤᠤ ᠶᠡᠬᠡ ᠲᠡᠮᠡᠴᠡᠯ ᠬᠢᠵᠦ᠍᠂ ᠠᠭᠤᠤ ᠶᠡᠬᠡ ᠢᠨᠵᠧᠨᠧᠷᠢᠩ᠎ᠢ ᠪᠠᠢᠭᠤᠯᠬᠤ᠎ᠶ᠋ᠢᠨ ᠪᠠᠢᠪᠠᠰᠤ ᠵᠣᠬᠢᠬᠤ ᠠᠭᠤᠯᠭ᠎ᠠ ᠮᠥᠨ᠃ ᠵᠠᠭᠤᠨ ᠵᠢᠯ᠎ᠦᠨ ᠲᠤᠷᠰᠢ᠂ ᠮᠠᠨ᠎ᠤ ᠨᠠᠮ ᠲᠣᠭ᠎ᠠ ᠲᠣᠮᠰᠢ ᠦᠭᠡᠢ ᠤᠯᠠᠨ ᠬᠦᠴᠢᠷ ᠪᠡᠷᠬᠡᠱᠢᠶᠡᠯ ᠬᠠᠷᠰᠢ ᠰᠠᠭᠠᠳ᠎ᠤᠨ ᠱᠢᠯᠭᠠᠯᠲᠠ᠎ᠶ᠋ᠢ ᠲᠤᠭᠤᠯᠵᠦ᠍᠂ ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠬᠦ᠌᠎ᠶ᠋ᠢ ᠪᠠᠷᠢᠮᠲᠠᠯᠠᠵᠤ᠂ ᠨᠠᠮ᠎ᠤᠨ ᠲᠡᠷᠢᠭᠦᠨ᠎ᠦ ᠴᠢᠨᠠᠷ ᠪᠠ ᠠᠷᠢᠭᠤᠨ ᠴᠡᠪᠡᠷ ᠴᠢᠨᠠᠷ᠎ᠢ ᠢᠮᠠᠭ᠍ᠲᠠ ᠪᠠᠲᠤᠯᠠᠭ᠍ᠰᠠᠨ᠎ᠲᠠᠶ ᠰᠠᠯᠤᠰᠢ ᠦᠭᠡᠢ ᠬᠣᠯᠪᠣᠭ᠎ᠠ᠎ᠲᠠᠶ ᠶᠤᠮ᠃ ᠲᠡᠦᠬᠡ᠎ᠶ᠋ᠢᠨ ᠱᠢᠨ᠎ᠡ ᠡᠬᠢᠯᠡᠯᠲᠡ᠎ᠶ᠋ᠢᠨ ᠴᠡᠭ ᠳᠡᠭᠡᠷ᠎ᠡ᠂ ᠡᠷᠬᠡᠪᠰᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠶᠡᠷᠦᠮᠳᠡᠭ ᠪᠣᠯᠭᠠᠬᠤ᠂ ᠪᠣᠯᠬᠢᠴᠢᠯᠠᠬᠤ᠂ ᠠᠷᠠᠯᠵᠢᠶᠠᠯᠠᠬᠤ ᠠᠰᠠᠭᠤᠳᠠᠯ᠎ᠢ ᠡᠷᠡᠰ ᠵᠠᠰᠠᠵᠤ᠂ ᠥᠪᠡᠷ᠎ᠢ᠎ᠪᠡᠨ ᠴᠡᠪᠡᠷᠱᠢᠭᠦᠯᠬᠦ᠌ ᠤᠯᠤᠰ ᠲᠦᠷᠦ᠍᠎ᠶ᠋ᠢᠨ ᠪᠠᠲᠤ ᠬᠦᠴᠦᠨ᠎ᠢᠶᠡᠷ ᠦᠵᠡᠯ ᠰᠠᠨᠠᠭᠠᠨ᠎ᠤ ᠲᠥᠭᠡᠷᠢᠭ᠌ᠳᠡᠯ᠎ᠢ ᠠᠷᠢᠯᠭᠠᠵᠤ᠂ ᠥᠪᠡᠷ᠎ᠢ᠎ᠪᠡᠨ ᠲᠡᠭᠦᠯᠳᠡᠷᠵᠢᠭᠦᠯᠬᠦ᠌ ᠤᠯᠤᠰ ᠲᠦᠷᠦ᠍᠎ᠶ᠋ᠢᠨ ᠵᠣᠷᠢᠭ ᠰᠠᠨᠠᠭ᠎ᠠ᠎ᠪᠠᠷ ᠤᠷᠤᠭ᠍ᠰᠢᠯᠠᠯᠲᠠ᠎ᠶ᠋ᠢᠨ ᠬᠠᠷᠰᠢ ᠰᠠᠭᠠᠳ᠎ᠢ ᠠᠷᠢᠯᠭᠠᠵᠤ᠂ ᠥᠪᠡᠷ᠎ᠢ᠎ᠪᠡᠨ ᠱᠢᠨᠡᠴᠢᠯᠡᠬᠦ᠌ ᠤᠯᠤᠰ ᠲᠦᠷᠦ᠍᠎ᠶ᠋ᠢᠨ ᠰᠥᠰᠥ᠍ ᠵᠣᠷᠢᠭ᠎ᠢᠶᠠᠷ ᠬᠠᠭᠤᠴᠢᠨ ᠠᠷᠬᠠᠭ᠎ᠢ ᠠᠷᠢᠯᠭᠠᠵᠤ᠂ ᠥᠪᠡᠷ᠎ᠢ᠎ᠪᠡᠨ ᠳᠡᠭᠡᠭ᠌ᠰᠢᠯᠡᠭᠦᠯᠬᠦ᠌ ᠤᠯᠤᠰ ᠲᠦᠷᠦ᠍᠎ᠶ᠋ᠢᠨ ᠡᠭᠦᠷᠭᠡᠯᠡᠯ᠎ᠢᠶᠡᠷ ᠬᠥᠭ᠌ᠵᠢᠯᠲᠡ᠎ᠶ᠋ᠢᠨ ᠬᠠᠷᠰᠢ ᠰᠠᠭᠠᠳ᠎ᠢ ᠠᠷᠢᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠡᠷᠡᠭᠦᠯ ᠪᠥᠭᠡᠳ ᠵᠢᠷᠤᠮᠵᠢᠭ᠍ᠰᠠᠨ ᠵᠠᠮ᠎ᠳᠤ ᠤᠷᠤᠭᠤᠯᠬᠤ ᠵᠢ ᠲᠦᠷᠭᠡᠳᠭᠡᠨ ᠠᠬᠢᠭᠤᠯᠬᠤ ᠬᠡᠷᠡᠭ᠌ᠲᠡᠢ᠃
ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠡᠭᠦᠷᠭᠡ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠬᠦ᠌ ᠬᠡᠷᠡᠭ᠌ᠲᠡᠢ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠴᠢᠬᠤᠯᠠ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠤᠨ ᠳᠤᠮᠳᠠ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠴᠢᠬᠤᠯᠠ ᠲᠤᠱᠢᠶᠠᠯ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠳᠠᠭ᠃
ᠠᠵᠢᠯ᠎ᠤᠨ ᠠᠷᠭ᠎ᠠ ᠬᠡᠮᠵᠢᠶ᠎ᠡ᠎ᠪᠡᠨ ᠪᠣᠳᠠᠲᠠᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭᠠᠳᠭᠠᠨ ᠵᠢᠷᠤᠮᠵᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ᠂ ᠲᠥᠪᠯᠡᠷᠡᠭᠦᠯᠦᠨ ᠵᠠᠰᠠᠬᠤ ᠠᠵᠢᠯ᠎ᠢ ᠰᠠᠢᠲᠤᠷ ᠠᠳᠭᠤᠬᠤ ᠮᠥᠷᠲᠡᠭᠡᠨ ᠡᠳᠦᠷ ᠲᠤᠳᠤᠮ᠎ᠤᠨ ᠠᠵᠢᠯ᠎ᠢ ᠴᠤ᠌ ᠪᠠᠢᠩᠭᠤ ᠠᠳᠭᠤᠬᠤ ᠬᠡᠷᠡᠭ᠌ᠲᠡᠢ᠃ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠬᠤ᠎ᠶ᠋ᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠵᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ ᠪᠣᠯᠤᠨ ᠱᠢᠨ᠎ᠡ᠎ᠶ᠋ᠢ ᠡᠭᠦᠳᠬᠦ᠌ ᠤᠨᠤᠯ᠎ᠢᠶᠠᠷ ᠵᠡᠪᠰᠡᠭ᠌ᠯᠡᠬᠦ᠌᠎ᠶ᠋ᠢ ᠬᠦᠴᠦᠯᠡᠨ ᠴᠢᠩᠭᠠᠳᠭᠠᠵᠤ᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠤᠨ ᠦᠵᠡᠯ ᠰᠠᠨᠠᠭ᠎ᠠ᠎ᠶ᠋ᠢ ᠬᠦᠨᠳᠡᠵᠤ᠂ ᠰᠦᠭ ᠰᠦᠨᠡᠰᠦ᠎ᠶ᠋ᠢ ᠠᠷᠢᠭᠤᠰᠭᠠᠵᠤ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠤᠨ᠎ᠠ᠃ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠭᠠᠵᠤ᠂ ᠺᠠᠳ᠋ᠷ᠎ᠤᠨ ᠤᠯᠤᠰ ᠲᠦᠷᠦ᠍᠎ᠶ᠋ᠢᠨ ᠬᠡᠪ ᠴᠢᠨᠠᠷ᠎ᠢ ᠱᠢᠯᠭᠠᠨ ᠪᠠᠢᠴᠠᠭᠠᠵᠤ ᠣᠨᠣᠪᠴᠢᠲᠠᠢ ᠱᠢᠯᠭᠠᠬᠤ ᠪᠠ ᠳᠠᠪᠱᠢᠵᠤ ᠪᠠᠭᠤᠵᠤ ᠪᠦᠷ ᠪᠣᠯᠬᠤ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠺᠠᠳ᠋ᠷ᠎ᠢ ᠲᠥᠪ ᠭᠣᠣᠯᠴᠢ᠎ᠪᠠᠷ ᠬᠡᠷᠡᠭ᠌ᠯᠡᠬᠦ᠌᠂ ᠺᠠᠳ᠋ᠷ᠎ᠢ ᠴᠢᠩᠭ᠎ᠠ ᠬᠠᠮᠢᠶᠠᠷᠬᠤ᠎ᠶ᠋ᠢ ᠪᠡᠶᠡᠯᠡᠭᠦᠯᠵᠦ᠍᠂ ᠢᠯᠡ ᠲᠣᠳᠣ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠤᠳᠤᠷᠢᠳᠤᠮᠵᠢ᠎ᠪᠠᠷ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠎ᠶ᠋ᠢ ᠠᠬᠢᠭᠤᠯᠤᠨ᠎ᠠ᠃ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠴᠢᠬᠤᠯᠠ ᠠᠴᠢᠶᠠᠯᠠᠪᠤᠷᠢ ᠪᠣᠯᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ᠎ᠦ 《ᠭᠤᠷᠪᠠᠨ ᠬᠤᠷᠠᠯ ᠨᠢᠭᠡ ᠬᠢᠴᠢᠶᠡᠯ》᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ ᠵᠡᠷᠭᠡ ᠲᠦᠷᠢᠮ᠎ᠢ ᠨᠠᠷᠢᠨ ᠬᠢᠨᠠᠮᠠᠭᠠᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠦᠵᠡᠯ ᠰᠠᠨᠠᠭᠠᠨ᠎ᠤ ᠬᠣᠭ ᠲᠣᠭᠣᠰᠣ᠎ᠪᠠᠨ ᠦᠷᠭᠦᠯᠵᠢ ᠴᠡᠪᠡᠷᠯᠡᠵᠦ᠍᠂ ᠤᠯᠤᠰ ᠲᠦᠷᠦ᠍᠎ᠶ᠋ᠢᠨ ᠴᠢᠳᠠᠪᠤᠷᠢ᠎ᠪᠠᠨ ᠳᠡᠭᠡᠭᠰᠢᠯᠡᠬᠦᠯᠦᠨ᠎ᠡ᠃
ᠠᠯᠠᠱᠠ ᠠᠢᠮᠠᠭ᠎ᠤᠨ ᠨᠠᠮ᠎ᠤᠨ ᠬᠣᠷᠢᠶᠠᠨ᠎ᠤ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠬᠠᠨ ᠸᠧᠢ ᠱᠢᠨ᠄
ᠲᠥᠪᠯᠡᠷᠡᠭᠦᠯᠦᠨ ᠵᠠᠰᠠᠬᠤ᠎ᠶ᠋ᠢ ᠴᠢᠩᠭ᠎ᠠ ᠪᠣᠳᠠᠲᠠᠢ ᠥᠷᠨᠢᠭᠦᠯᠵᠦ᠍ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠷᠢᠯᠳᠦᠭᠦᠯᠦᠨ᠎ᠡ
ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠬᠦ᠌ ᠪᠣᠯ ᠮᠠᠨ᠎ᠤ ᠨᠠᠮ᠎ᠤᠨ ᠱᠢᠯᠢᠳᠡᠭ ᠤᠯᠠᠮᠵᠢᠯᠠᠯ ᠪᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠪᠣᠯ ᠳᠠᠷᠤᠢ ᠨᠠᠮ᠎ᠤᠨ ᠳᠣᠲᠣᠭᠠᠳᠤ ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢᠶᠠᠷ ᠨᠠᠮ᠎ᠤᠨ ᠳᠣᠲᠣᠭᠠᠳᠤ᠎ᠳᠤ ᠣᠷᠣᠱᠢᠵᠤ ᠪᠠᠢᠭ᠎ᠠ ᠠᠰᠠᠭᠤᠳᠠᠯ᠎ᠢ ᠱᠢᠢᠳᠪᠦᠷᠢᠯᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠺᠠᠳ᠋ᠷᠴᠤᠳ᠎ᠤᠨ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ 《ᠲᠤᠮᠤ ᠵᠤᠤᠬ᠎ᠠ》᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢ ᠴᠡᠪᠡᠷᠱᠢᠭᠦᠯᠬᠦ᠌ 《ᠠᠷᠢᠭᠤᠳᠭᠠᠭᠤᠷ》 ᠪᠣᠯᠭᠠᠵᠤ᠂ ᠪᠣᠳᠠᠲᠠᠢ ᠠᠷᠭ᠎ᠠ ᠬᠡᠮᠵᠢᠢ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠦᠷᠭᠦᠯᠵᠢᠯᠡᠨ ᠠᠬᠢᠭᠤᠯᠵᠤ᠂ ᠨᠠᠮ᠎ᠢ ᠨᠡᠩ ᠪᠠᠲᠤ ᠴᠢᠩᠭ᠎ᠠ ᠳᠠᠢᠴᠢᠨ ᠬᠦᠴᠦᠨ᠎ᠲᠡᠶ ᠪᠣᠯᠭᠠᠨ ᠪᠠᠢᠭᠤᠯᠬᠤ ᠶᠠᠪᠤᠳᠠᠯ ᠪᠣᠯᠤᠨ᠎ᠠ᠃
ᠦᠵᠡᠯ ᠰᠠᠨᠠᠭᠠᠨ᠎ᠤ ᠬᠥᠮᠦᠵᠢᠯ᠎ᠢ ᠴᠢᠩᠭᠠᠳᠭᠠᠬᠤ ᠪᠡᠷ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠬᠦ᠌᠎ᠶ᠋ᠢᠨ ᠲᠡᠷᠢᠭᠦᠨ ᠴᠢᠬᠤᠯᠠ ᠡᠭᠦᠷᠭᠡ ᠪᠣᠯᠭᠠᠨ᠎ᠠ᠃ ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠡᠷᠡᠭᠦᠯ ᠪᠥᠭᠡᠳ ᠵᠢᠷᠤᠮᠵᠢᠬᠰᠠᠨ ᠵᠠᠮ᠎ᠳᠤ ᠪᠦᠬᠦ᠌ ᠲᠠᠯ᠎ᠠ᠎ᠪᠠᠷ ᠪᠤᠴᠠᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠬᠡᠵᠦ ᠴᠢᠬᠤᠯᠠᠴᠢᠯᠠᠪᠡ᠃ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠬᠦ᠌᠎ᠳᠦ ᠡᠷᠬᠡᠪᠰᠢ ᠦᠵᠡᠯ ᠰᠠᠨᠠᠭᠠᠨ᠎ᠤ ᠬᠥᠮᠦᠵᠢᠯ᠎ᠢ ᠴᠢᠩᠭᠠᠳᠭᠠᠬᠤ ᠶᠠᠪᠤᠳᠠᠯ᠎ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢ ᠵᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠲᠦᠷᠢᠮ᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ ᠪᠠᠷᠢᠮᠵᠢᠶ᠎ᠠ》ᠵᠡᠷᠭᠡ ᠠᠭᠤᠯᠭ᠎ᠠ᠎ᠶ᠋ᠢᠨ ᠬᠥᠮᠦᠵᠢᠯ ᠪᠣᠯᠪᠠᠰᠤᠷᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠲᠤ ᠨᠡᠩ ᠴᠢᠩᠭ᠎ᠠ ᠨᠠᠮᠴᠢ ᠴᠢᠨᠠᠷ᠎ᠤᠨ ᠪᠣᠯᠪᠠᠰᠤᠷᠠᠯ᠂ ᠨᠡᠩ ᠭᠦᠨᠵᠡᠭᠡᠢ ᠦᠵᠡᠯ ᠰᠠᠨᠠᠭᠠᠨ᠎ᠤ ᠠᠷᠢᠭᠤᠰᠬᠠᠯ ᠬᠦᠷᠲᠡᠭᠡᠬᠦ ᠬᠡᠷᠡᠭᠳᠡᠢ᠃ ᠬᠡᠷᠡᠭ᠎ᠢᠶᠡᠷ ᠰᠠᠬᠢᠯᠭ᠎ᠠ ᠪᠠᠲᠤ᠎ᠶ᠋ᠢ ᠲᠣᠳᠣᠷᠬᠠᠢᠯᠠᠬᠤ᠂ ᠬᠡᠷᠡᠭ᠎ᠢᠶᠡᠷ ᠰᠡᠷᠡᠮᠵᠢ ᠥᠭ᠌ᠬᠦ᠎ᠶ᠋ᠢ ᠪᠠᠷᠢᠮᠲᠠᠯᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠰᠠᠬᠢᠯᠭ᠎ᠠ ᠪᠠᠲᠤ᠎ᠶ᠋ᠢ ᠵᠥᠷᠢᠴᠡᠵᠦ᠍ ᠬᠠᠤᠯᠢ ᠴᠠᠭᠠᠵᠠ᠎ᠶ᠋ᠢ ᠵᠥᠷᠢᠴᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠡᠴᠡ ᠰᠤᠷᠭᠠᠮᠵᠢ ᠠᠪᠤᠭᠤᠯᠵᠤ᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠭ᠎ᠠ ᠰᠠᠬᠢᠭᠤᠯᠵᠤ᠂ ᠦᠵᠡᠯ ᠰᠠᠨᠠᠭ᠎ᠠ ᠶᠣᠰᠣ ᠮᠣᠷᠠᠯ᠎ᠤᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠬᠡᠷᠡᠭᠳᠡᠢ᠃
ᠥᠪᠡᠷ᠎ᠢ᠎ᠪᠡᠨ ᠴᠢᠩᠭ᠎ᠠ ᠪᠠᠢᠴᠠᠭᠠᠵᠤ ᠥᠪᠡᠷ᠎ᠢ᠎ᠪᠡᠨ ᠴᠢᠩᠭ᠎ᠠ ᠵᠠᠯᠠᠷᠠᠭᠤᠯᠬᠤ᠎ᠶ᠋ᠢ ᠲᠥᠪᠯᠡᠷᠡᠭᠦᠯᠦᠨ ᠵᠠᠰᠠᠬᠤ᠎ᠶ᠋ᠢ ᠥᠷᠨᠢᠭᠦᠯᠬᠦ᠌᠎ᠶ᠋ᠢᠨ ᠵᠠᠩᠭᠢᠯᠠᠭ᠎ᠠ ᠪᠣᠯᠭᠠᠨ᠎ᠠ᠃ ᠨᠠᠮ ᠨᠢ ᠨᠠᠮ᠎ᠢᠶᠠᠨ ᠬᠠᠮᠢᠶᠠᠷᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠠᠴᠠ ᠡᠬᠢᠯᠡᠵᠦ᠍ ᠬᠠᠮᠢᠶᠠᠷᠬᠤ ᠬᠡᠷᠡᠭ᠌ᠲᠡᠢ; ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠠᠴᠠ ᠡᠬᠢᠯᠡᠵᠦ᠍ ᠴᠢᠩᠳᠠᠯᠠᠬᠤ ᠬᠡᠷᠡᠭ᠌ᠲᠡᠢ᠃ ᠲᠥᠪᠯᠡᠷᠡᠭᠦᠯᠦᠨ ᠵᠠᠰᠠᠬᠤ᠎ᠶ᠋ᠢ ᠥᠷᠨᠢᠭᠦᠯᠬᠦ᠌ ᠨᠢ ᠳᠠᠷᠤᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠪᠠᠷ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠡᠯ᠎ᠡ ᠱᠠᠲᠤᠨ᠎ᠤ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ᠎ᠤᠨ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠥᠨᠳᠥᠷ ᠪᠠᠢᠬᠤ᠎ᠶ᠋ᠢ ᠪᠠᠲᠤᠯᠠᠵᠤ᠂ ᠨᠠᠮ ᠪᠣᠯᠤᠨ ᠠᠷᠠᠳ ᠲᠦᠮᠡᠨ᠎ᠡᠴᠡ ᠳᠠᠭᠠᠭᠠᠯᠭᠠᠭ᠍ᠰᠠᠨ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠬᠦ᠌ ᠶᠠᠪᠤᠳᠠᠯ ᠪᠣᠯᠤᠨ᠎ᠠ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠤᠨ ᠱᠠᠭᠠᠷᠳᠠᠯᠭ᠎ᠠ᠎ᠲᠠᠶ ᠤᠶᠠᠯᠳᠤᠭᠤᠯᠤᠨ᠂ 11 ᠵᠦᠢᠯ᠎ᠦᠨ ᠪᠣᠳᠠᠲᠠᠢ ᠢᠯᠡᠷᠡᠯ᠎ᠲᠡᠶ ᠬᠠᠷᠭᠤᠭᠤᠯᠵᠤ᠂ ᠪᠦᠬᠦ᠌ ᠲᠠᠯ᠎ᠠ᠎ᠪᠠᠷ ᠥᠪᠡᠷ᠎ᠢ᠎ᠪᠡᠨ ᠪᠠᠢᠴᠠᠭᠠᠵᠤ᠂ ᠭᠦᠨᠵᠡᠭᠡᠢ ᠵᠠᠳᠠᠯᠵᠤ᠂ ᠠᠰᠠᠭᠤᠳᠠᠯ᠎ᠢ ᠣᠨᠣᠪᠴᠢᠲᠠᠢ ᠡᠷᠢᠵᠦ᠍᠂ ᠱᠢᠯᠲᠠᠭᠠᠨ᠎ᠢ ᠨᠢ ᠪᠠᠢᠴᠠᠭᠠᠨ ᠲᠣᠳᠣᠷᠬᠠᠢᠯᠠᠵᠤ᠂ ᠡᠯ᠎ᠡ ᠵᠦᠢᠯ᠎ᠦᠨ ᠠᠷᠭ᠎ᠠ ᠬᠡᠮᠵᠢᠢ᠎ᠡ᠎ᠶ᠋ᠢ ᠣᠨᠣᠪᠴᠢᠲᠠᠢ ᠬᠡᠷᠡᠭ᠌ᠯᠡᠵᠦ᠍᠂ ᠲᠡᠷᠡ ᠳᠠᠷᠤᠢᠳᠤᠨᠢ ᠪᠠᠢᠴᠠᠭᠠᠵᠤ ᠲᠡᠷᠡ ᠳᠠᠷᠤᠢᠳᠤᠨᠢ ᠬᠠᠯᠠᠨ ᠰᠠᠢᠵᠢᠷᠠᠭᠤᠯᠵᠦ᠂ ᠦᠨᠡᠨ ᠪᠠᠢᠴᠠᠭᠠᠵᠤ ᠦᠨᠡᠨ ᠬᠦ᠌ ᠬᠠᠯᠠᠨ ᠰᠠᠢᠵᠢᠷᠠᠭᠤᠯᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠬᠡᠷᠡᠭᠳᠡᠢ᠃
ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠱᠠᠭᠠᠷᠳᠠᠯᠭ᠎ᠠ᠎ᠶ᠋ᠢ ᠲᠥᠪᠯᠡᠷᠡᠭᠦᠯᠦᠨ ᠵᠠᠰᠠᠬᠤ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠤᠨ᠎ᠠ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠬᠢᠨ ᠲᠥᠪᠯᠡᠷᠡᠭᠦᠯᠦᠨ ᠵᠠᠰᠠᠬᠤ ᠠᠵᠢᠯ᠎ᠤᠨ ᠳᠤᠮᠳᠠ ᠳᠠᠪᠬᠤᠷ ᠬᠠᠷᠢᠭᠤᠴᠠᠯᠭ᠎ᠠ ᠡᠭᠦᠷᠭᠡᠯᠡᠵᠦ᠍᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠰᠥᠰᠥ᠍ ᠵᠣᠷᠢᠭ᠎ᠢᠶᠠᠷ ᠲᠥᠪᠯᠡᠷᠡᠭᠦᠯᠦᠨ ᠵᠠᠰᠠᠬᠤ᠎ᠶ᠋ᠢ ᠭᠦᠨᠵᠡᠭᠡᠢ ᠥᠷᠨᠢᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠯᠢᠪᠠ ᠴᠢᠷᠮᠠᠢᠯᠭ᠎ᠠ᠎ᠶ᠋ᠢ ᠴᠥᠮ ᠨᠠᠮ᠎ᠤᠨ ᠥᠪᠡᠷ᠎ᠢ᠎ᠪᠡᠨ ᠴᠡᠪᠡᠷᠱᠢᠭᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠱᠢᠨᠡᠴᠢᠯᠡᠬᠦ᠂ ᠥᠪᠡᠷ᠎ᠢ᠎ᠪᠡᠨ ᠳᠡᠭᠡᠭ᠌ᠰᠢᠯᠡᠭᠦᠯᠬᠦ᠌ ᠴᠢᠳᠠᠪᠤᠷᠢ᠎ᠶ᠋ᠢ ᠴᠢᠩᠭᠠᠳᠭᠠᠬᠤ ᠳᠡᠭᠡᠷ᠎ᠡ ᠲᠥᠪᠯᠡᠷᠡᠭᠦᠯᠵᠦ᠍᠂ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠥᠪᠡᠷ᠎ᠢ᠎ᠪᠡᠨ ᠲᠠᠰᠤᠷᠠᠯᠲᠠ ᠦᠭᠡᠢ ᠴᠣᠭ᠍ᠴᠠᠯᠠᠨ ᠳᠠᠪᠲᠠᠨ ᠪᠣᠯᠪᠠᠰᠤᠷᠠᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶ᠋ᠢ ᠦᠨᠡᠨ ᠬᠦ᠌ ᠠᠭᠤᠵᠢᠭᠤ ᠪᠠᠭᠤᠷᠠᠢ ᠪᠠᠢᠭ᠍ᠰᠠᠨ᠎ᠠᠴᠠ ᠴᠢᠩᠭ᠎ᠠ ᠬᠠᠲᠠᠭᠤ ᠪᠣᠯᠬᠤ᠎ᠶ᠋ᠢ ᠪᠡᠶᠡᠯᠡᠭᠦᠯᠤᠨ᠎ᠠ᠃ ᠲᠥᠪᠯᠡᠷᠡᠭᠦᠯᠦᠨ ᠵᠠᠰᠠᠬᠤ᠎ᠶ᠋ᠢᠨ ᠪᠣᠳᠠᠲᠤ ᠦᠷ᠎ᠡ ᠪᠦᠳᠦᠮᠵᠢᠳᠤ ᠴᠢᠨᠠᠷ᠎ᠢ ᠴᠢᠩᠭᠠᠳᠭᠠᠵᠤ᠂ ᠣᠳᠣᠬᠠᠨ᠎ᠳᠦ ᠬᠠᠯᠠᠨ ᠰᠠᠢᠵᠢᠷᠠᠭᠤᠯᠬᠤ ᠪᠣᠯᠤᠨ ᠤᠷᠳᠤ ᠬᠤᠭᠤᠴᠠᠭ᠎ᠠ᠎ᠪᠠᠷ ᠪᠠᠢᠭᠤᠯᠬᠤ᠎ᠶ᠋ᠢ ᠤᠶᠠᠯᠳᠤᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠢᠯᠡᠷᠡᠭᠦᠯᠬᠦ᠂ ᠪᠠᠢᠴᠠᠭᠠᠨ ᠱᠢᠢᠳᠪᠦᠷᠢᠯᠡᠬᠦ᠂ ᠴᠡᠭ᠌ᠴᠡᠯᠡᠨ ᠰᠠᠢᠵᠢᠷᠠᠭᠤᠯᠬᠤ ᠪᠦᠬᠦ᠌ ᠶᠠᠪᠤᠴᠠ᠎ᠶ᠋ᠢᠨ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠷᠢᠯᠳᠦᠭᠦᠯᠬᠦ ᠬᠡᠷᠡᠭᠳᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃