ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-06-19 19:48:54

ᠵᠣᠬᠢᠶᠠᠭ᠍ᠴᠢ᠄ ᠰᠥᠩ ᠱᠤᠸᠠᠩ ᠰᠸ᠋ ᠪᠥᠸᠧ ᠣᠩᠱᠢᠭ᠍ᠰᠠᠨ ᠣᠳᠠᠭ᠎ᠠ᠄ 3

ᠪᠦᠬᠦ ᠣᠷᠣᠨ᠎ᠤ ᠨᠠᠮ᠎ᠤᠨ ᠳᠣᠲᠣᠭᠠᠳᠤ᠎ᠶᠢᠨ ᠤᠯᠤᠰ ᠲᠥᠷᠥ᠍᠎ᠶᠢᠨ ᠠᠮᠢᠳᠤᠷᠠᠯ᠎ᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ ᠰᠤᠷᠭᠠᠨ ᠬᠥᠮᠦᠵᠢᠯ᠎ᠦᠨ ᠰᠢᠰᠲ᠋ᠧᠮ᠎ᠢ᠋ ᠵᠢᠯᠤᠭᠣᠳᠬᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠤᠷᠤᠯᠴᠠᠬᠤ ᠦᠭᠡᠷᠡᠴᠢᠯᠡᠬᠦ ᠬᠢᠬᠦ ᠵᠢ ᠨᠢᠭᠡ ᠴᠣᠭᠴᠠᠵᠢᠭᠤᠯᠤᠨ ᠨᠠᠢᠳᠠᠪᠤᠷᠢᠵᠢᠭᠤᠯᠬᠤ ᠵᠢ ᠪᠠᠷᠢᠮᠳᠠᠯᠠᠵᠤ᠂ ᠡᠯ᠎ᠡ ᠭᠠᠵᠠᠷ ᠤᠷᠤᠨ ᠤ᠋ ᠰᠤᠷᠭᠠᠭᠤᠯᠢ᠎ᠨᠤᠭᠤᠤᠨ ᠎ᠢ ᠵᠣᠬᠢᠶᠠᠨ ᠪᠠᠢᠭᠤᠯᠤᠨ ᠲᠤᠰᠬᠠᠢ ᠰᠡᠳᠦᠪᠲᠦ ᠬᠥᠮᠦᠵᠢᠯ᠂ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠲᠣᠭᠲᠠᠭᠰᠠᠨ ᠠᠵᠢᠯᠯᠠᠭ᠎ᠠ᠎ᠶᠢ ᠡᠮᠬᠢ ᠵᠢᠷᠤᠮ᠎ᠲᠠᠢ ᠠᠬᠢᠭᠤᠯᠵᠤ᠂ 200 ᠭᠠᠷᠤᠢ ᠵᠦᠢᠯ᠎ᠦᠨ ᠳᠦᠷᠢᠮ ᠲᠣᠭᠲᠠᠭᠠᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠪᠯᠡᠷᠡᠭᠦᠯᠦᠨ ᠵᠠᠰᠠᠬᠤ ᠠᠵᠢᠯ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠣᠯᠬᠤ᠎ᠶᠢ ᠠᠬᠢᠭᠤᠯᠪᠠ᠃

ᠤᠯᠤᠰ ᠲᠦᠷᠦ᠎ᠶᠢᠨ ᠵᠢᠯᠣᠭᠣᠳᠤᠯᠭ᠎ᠠ᠎ᠶᠢ ᠲᠤᠪᠤᠢ᠍ᠢᠯᠭᠠᠵᠤ᠂ ᠲᠠᠨᠢᠯᠲᠠ᠎ᠪᠠᠨ ᠭᠦᠨᠵᠡᠭᠡᠢᠷᠡᠭᠦᠯᠬᠦ ᠳᠡᠭᠡᠷ᠎ᠡ ᠬᠦᠴᠦ ᠲᠠᠯᠪᠢᠪᠠ᠃ ᠰᠤᠷᠭᠠᠨ ᠬᠥᠮᠦᠵᠢᠯ᠎ᠳ᠋ᠤ ᠲᠦᠷᠦᠬᠦᠯᠡᠨ ᠬᠢᠬᠦ᠂ ᠦᠵᠡᠯ ᠰᠠᠨᠠᠭ᠎ᠠ᠎ᠪᠠᠷ ᠬᠥᠲᠥᠯᠥᠨ ᠵᠢᠯᠤᠭᠣᠳᠬᠤ᠎ᠶᠢ ᠪᠠᠷᠢᠮᠲᠠᠯᠠᠵᠤ᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂ ᠲᠤᠰᠬᠠᠢ ᠰᠡᠳᠦᠪᠲᠦ ᠲᠠᠢᠯᠤᠮᠵᠢ᠂ ᠮᠡᠳᠡᠯᠭᠡ᠎ᠶᠢᠨ ᠰᠢᠯᠭᠠᠯᠲᠠ ᠵᠡᠷᠭᠡ ᠣᠯᠠᠨ ᠵᠦᠢᠯ᠎ᠦᠨ ᠠᠷᠭ᠎ᠠ ᠬᠡᠯᠪᠡᠷᠢ ᠪᠡᠷ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ ᠲᠤᠬᠠᠢ ᠶᠡᠷᠦᠩᠬᠡᠢ ᠱᠦᠵᠢ ᠰᠢ᠎ᠶᠢᠨ ᠫᠢᠩ ᠎ᠤ᠋ᠨ ᠴᠢᠬᠤᠯᠠ ᠥᠭᠦᠯᠡᠯᠲᠡ᠂ 《ᠰᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》ᠵᠡᠷᠭᠡ ᠵᠠᠪᠠᠯ ᠰᠤᠷᠬᠤ ᠠᠭᠤᠯᠭ᠎ᠠ᠎ᠶᠢ ᠭᠦᠨᠵᠡᠭᠡᠢ ᠰᠤᠷᠤᠯᠴᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠲᠤ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠲᠥᠪ ᠴᠢᠩᠭ᠎ᠠ ᠪᠠᠢᠯᠭᠠᠬᠤ᠎ᠶᠢᠨ ᠴᠢᠬᠤᠯᠠ ᠶᠡᠬᠡ ᠠᠴᠢ ᠬᠣᠯᠪᠣᠭᠳᠠᠯ᠂ ᠲᠦᠷᠦ᠎ᠶᠢᠨ ᠪᠣᠳᠣᠯᠭ᠎ᠠ᠎ᠶᠢᠨ ᠲᠣᠭᠲᠠᠭᠠᠯ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠲᠣᠳᠣᠷᠬᠠᠢ ᠣᠢᠯᠠᠭᠠᠭᠤᠯᠪᠠ᠃ 《ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠨᠡᠢᠲᠡᠯᠡᠯ》ᠵᠢᠷᠬᠢᠶ᠎ᠠ ᠵᠢᠨ ᠳᠠᠪᠴᠠᠩ ᠳ᠋ᠤ 《ᠡᠳᠦᠷ ᠪᠦᠷᠢ ᠨᠢᠭᠡ ᠤᠳᠠᠭ᠎ᠠ ᠰᠤᠷᠤᠯᠴᠠᠬᠤ》ᠲᠤᠰᠬᠠᠢ ᠪᠤᠯᠤᠩ ᠭᠠᠷᠭᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠥᠷᠥ᠍᠎ᠶᠢᠨ ᠠᠮᠢᠳᠤᠷᠠᠯ᠎ᠢ ᠴᠢᠩᠳᠠᠯᠠᠬᠤ ᠬᠣᠯᠪᠣᠭᠳᠠᠯ ᠪᠦᠬᠦᠢ ᠰᠤᠷᠤᠯᠴᠠᠬᠤ ᠠᠭᠤᠯᠭ᠎ᠠ᠎ᠶᠢ ᠲᠣᠭᠲᠠᠮᠠᠯ ᠬᠤᠭᠤᠴᠠᠭ᠎ᠠ᠎ᠲᠠᠢ ᠨᠡᠢᠳᠡᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠬᠤ᠂ ᠨᠠᠷᠢᠨ ᠨᠢᠮᠪᠠᠢ ᠵᠢᠷᠤᠮᠯᠠᠨ ᠦᠨᠡᠨᠴᠢ ᠰᠢᠳᠤᠷᠭᠤ᠎ᠪᠠᠷ ᠬᠡᠷᠡᠭᠵᠢᠭᠦᠯᠬᠦ᠎ᠶᠢ ᠬᠥᠲᠥᠯᠥᠨ ᠵᠢᠯᠣᠭᠣᠳᠪᠠ᠃ ᠣᠳᠣᠬᠠᠨ ᠪᠣᠯᠲᠠᠯ᠎ᠠ᠂ ᠡᠯ᠎ᠡ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠪᠣᠯᠣᠨ ᠡᠯ᠎ᠡ ᠶᠡᠬᠡ ᠳᠡᠭᠡᠳᠦ ᠰᠤᠷᠭᠠᠭᠤᠯᠢ ᠲᠤᠰᠬᠠᠢ ᠰᠡᠳᠦᠪᠲᠦ ᠰᠤᠷᠤᠯᠴᠠᠯᠭ᠎ᠠ᠎ᠶᠢ 146 ᠤᠳᠠᠭ᠎ᠠ ᠥᠷᠨᠢᠭᠦᠯᠵᠦ᠂ ᠲᠤᠰᠬᠠᠢ ᠰᠡᠳᠦᠪᠲᠦ ᠰᠤᠳᠤᠯᠤᠨ ᠶᠠᠷᠢᠯᠴᠠᠯᠭ᠎ᠠ᠎ᠶᠢ 89 ᠤᠳᠠᠭ᠎ᠠ ᠥᠷᠨᠢᠭᠦᠯᠪᠡ᠃ ᠬᠡᠷᠡᠭ᠎ᠢᠶᠡᠷ ᠰᠠᠬᠢᠯᠭ᠎ᠠ ᠪᠠᠲᠤ᠎ᠶᠢ ᠤᠢᠯᠠᠭᠠᠭᠤᠯᠬᠤ᠂ ᠬᠡᠷᠡᠭ᠎ᠢᠶᠡᠷ ᠰᠡᠷᠡᠮᠵᠢ ᠥᠭᠬᠦ᠎ᠶᠢ ᠪᠠᠷᠢᠮᠲᠠᠯᠠᠵᠤ᠂ ᠡᠯ᠎ᠡ ᠭᠠᠵᠠᠷ ᠤᠷᠤᠨ ᠎ᠤ ᠰᠤᠷᠭᠠᠭᠤᠯᠢ᠎ᠨᠤᠭᠤᠤᠨ ᠎ᠤᠨ ᠣᠢᠷ᠎ᠠ᠎ᠶᠢᠨ ᠵᠢᠯ᠎ᠦᠳ᠎ᠲᠦ ᠪᠠᠢᠴᠠᠭᠠᠨ ᠰᠢᠢᠳᠪᠦᠷᠢᠯᠡᠭᠳᠡᠭᠰᠡᠨ ᠰᠤᠷᠭᠠᠨ ᠬᠥᠮᠦᠵᠢᠯ᠎ᠦᠨ ᠰᠢᠰᠲᠧᠮ᠎ᠦᠨ ᠤᠳᠤᠷᠢᠳᠬᠤ ᠺᠠᠳ᠋ᠷ᠎ᠢᠶᠠᠷ ᠡᠰᠡᠷᠭᠦ ᠲᠠᠯ᠎ᠠ᠎ᠶᠢᠨ ᠨᠡᠢᠲᠡᠯᠢᠭ ᠵᠢᠱ᠌ᠢᠶ᠎ᠡ ᠪᠣᠯᠭᠠᠨ 104 ᠤᠳᠠᠭ᠎ᠠ ᠵᠢᠨ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠠᠷᠢᠭᠤᠨ ᠴᠢᠬᠡᠴᠢ᠎ᠶᠢᠨ ᠬᠣᠷᠢᠭ᠎ᠠ ᠱᠤᠭᠤᠮ᠎ᠢ ᠰᠠᠬᠢᠵᠤ᠂ ᠬᠠᠤᠯᠢ ᠰᠠᠬᠢᠯᠭ᠎ᠠ᠎ᠶᠢᠨ ᠤᠯᠠᠭᠠᠨ ᠱᠤᠭᠤᠮ᠎ᠠᠴᠠ ᠳᠠᠪᠠᠬᠤ ᠦᠭᠡᠢ ᠪᠠᠢᠬᠤ᠎ᠶᠢ ᠬᠥᠮᠥᠵᠢᠭᠦᠯᠪᠡ᠃ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ᠂ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠂ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ᠎ᠳᠤ ᠰᠤᠯᠠ ᠣᠷᠤᠯᠴᠠᠬᠤ ᠠᠵᠢᠯᠯᠠᠭ᠎ᠠ ᠵᠢᠨ ᠱᠠᠭᠠᠷᠳᠠᠯᠭ᠎ᠠ ᠶᠣᠰᠣᠭᠠᠷ᠂ ᠲᠥᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠬᠥᠮᠦᠵᠢᠯ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠥᠷᠨᠢᠭᠦᠯᠪᠡ᠃

ᠬᠢᠲᠤᠭᠠᠨ ᠢᠷ᠎ᠢ ᠳᠣᠲᠣᠭ᠍ᠰᠢ᠎ᠬᠠᠨᠳᠤᠭᠤᠯᠬᠤ᠎ᠶᠢ ᠪᠠᠷᠢᠮᠲᠠᠯᠠᠵᠤ᠂ ᠠᠰᠠᠭᠤᠳᠠᠯ᠎ᠢ ᠰᠢᠢᠳᠪᠦᠷᠢᠯᠡᠬᠦ ᠳᠡᠭᠡᠷ᠎ᠡ ᠬᠦᠴᠦ ᠳᠠᠯᠪᠢᠪᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠵᠣᠬᠢᠶᠠᠨ ᠪᠠᠢᠭᠤᠯᠵᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ᠂ ᠪᠠᠭ᠍ᠰᠢ ᠰᠤᠷᠤᠭ᠍ᠴᠢᠳ᠎ᠤᠨ ᠲᠤᠰᠬᠠᠯ᠂ ᠵᠠᠬᠢᠳᠠᠯ ᠰᠣᠷᠪᠤᠯᠵᠢᠯᠠᠯ ᠵᠢᠡᠷ ᠢᠯᠡᠴᠢᠯᠡᠨ ᠮᠡᠳᠡᠭᠦᠯᠬᠦ ᠳᠤᠮᠳᠠ ᠢᠯᠡᠷᠡᠭᠦᠯᠦᠭᠰᠡᠨ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠪᠦᠬᠦ ᠲᠠᠯ᠎ᠠ᠎ᠪᠠᠷ ᠡᠮᠬᠢᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ 11 ᠲᠠᠯ᠎ᠠ᠎ᠶᠢᠨ 54 ᠵᠦᠢᠯ᠎ᠦᠨ ᠪᠣᠳᠠᠲᠠᠢ ᠠᠰᠠᠭᠤᠳᠠᠯ᠎ᠤᠨ ᠨᠠᠷᠢᠨ ᠳᠠᠩᠰᠠ ᠵᠢ ᠨᠠᠷᠢᠨ ᠬᠢᠨᠠᠮᠠᠭᠠᠢ ᠬᠠᠷᠢᠴᠠᠭᠤᠯᠤᠨ ᠠᠰᠠᠭᠤᠳᠠᠯ᠎ᠢ ᠡᠷᠢᠵᠦ᠂ ᠡᠮᠬᠢᠯᠡᠵᠦ ᠪᠠᠢᠴᠠᠭᠠᠭᠰᠠᠨ ᠦᠷ᠎ᠡ ᠳ᠋ᠦᠩ ᠎ᠢ ᠦᠨᠳᠦᠰᠦᠯᠡᠨ ᠠᠰᠠᠭᠤᠳᠠᠯ᠎ᠤᠨ ᠨᠠᠷᠢᠨ ᠲᠠᠩᠰᠠ᠎ᠶᠢ ᠪᠠᠢᠭᠤᠯᠵᠤ᠂ ᠠᠷᠭ᠎ᠠ ᠬᠡᠮᠵᠢᠶ᠎ᠡ᠂ ᠴᠠᠭ᠂ ᠬᠠᠷᠢᠭᠤᠴᠠᠯᠭᠠᠲᠠᠨ ᠎ᠢ ᠲᠣᠳᠣᠷᠬᠠᠢᠯᠠᠨ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠠᠬᠢᠭᠤᠯᠪᠠ᠃ ᠣᠳᠣᠬᠠᠨ᠎ᠳᠤ᠂ ᠡᠯ᠎ᠡ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ ᠨᠡᠢ᠍ᠢᠳᠡ 872 ᠠᠰᠠᠭᠤᠳᠠᠯ᠎ᠢ ᠡᠮᠬᠢᠯᠡᠵᠦ᠂ 632 ᠠᠰᠠᠭᠤᠳᠠᠯ᠎ᠢ ᠨᠢ ᠴᠡᠭᠴᠡᠯᠡᠨ ᠰᠠᠢᠵᠢᠷᠠᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠱᠠᠯᠠᠪᠳᠠᠭᠤᠯᠤᠨ ᠵᠢᠯᠤᠭᠣᠳᠴᠤ ᠬᠠᠷᠢᠭᠤᠴᠠᠯᠭ᠎ᠠ ᠳᠤᠯᠭᠠᠬᠤ ᠠᠷᠭ᠎ᠠ᠎ᠶᠢ ᠬᠡᠷᠡᠭᠵᠢᠭᠦᠯᠬᠦ ᠨᠠᠷᠢᠨ ᠳᠦᠷᠢᠮ》ᠢ᠋ ᠪᠤᠳᠠᠳᠠᠢ ᠮᠦᠷᠳᠡᠭᠡᠨ ᠨᠠᠷᠢᠯᠢᠭ ᠨᠠᠢᠳᠠᠪᠤᠷᠢᠵᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠢ ᠬᠠᠮᠠᠭᠠᠯᠠᠬᠤ᠂ ᠠᠷᠠᠳ ᠠ᠋ᠴᠠ ᠡᠷᠭᠢᠯᠡᠭᠰᠡᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠵᠢᠷᠤᠮᠵᠢᠭᠤᠯᠬᠤ ᠵᠡᠷᠭᠡ ᠭᠣᠣᠯᠳᠠᠯᠭ᠎ᠠ᠎ᠲᠠᠢ ᠵᠦᠢᠯᠡᠰ᠎ᠢ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠣᠳᠴᠤ᠂ ᠪᠦᠷᠢᠮᠦᠰᠦᠨ ᠪᠠᠷᠢᠮᠵᠢᠶ᠎ᠠ᠎ᠳᠤ ᠬᠦᠷᠦᠭᠦᠯᠵᠦ ᠲᠣᠭᠲᠠᠭᠠᠯ᠎ᠳᠤ ᠨᠡᠢᠴᠡᠭᠦᠯᠬᠦ᠎ᠶᠢ ᠦᠨᠡᠨ ᠬᠦ᠌ ᠪᠠᠲᠤᠯᠠᠪᠠ᠃《ᠬᠣᠶᠠᠷ᠎ᠢ ᠬᠦᠩᠬᠡᠷᠡᠬᠦᠯᠬᠦ》ᠲᠦᠷᠦ᠎ᠶᠢᠨ ᠪᠣᠳᠣᠯᠭ᠎ᠠ ᠵᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢ ᠨᠡᠢ᠍ᠢᠳᠡ 4490 ᠵᠢᠭᠰᠠᠭᠠᠨ ᠪᠠᠢᠴᠠᠭᠠᠵᠤ᠂ ᠦᠨᠡᠮᠯᠡᠯ ᠨᠢ ᠪᠦᠷᠢᠨ ᠪᠤᠰᠤ ᠲᠣᠭᠲᠠᠭᠠᠯ᠎ᠠᠴᠠ ᠵᠥᠷᠢᠴᠡᠭᠰᠡᠨ 53 ᠪᠠᠢᠭᠤᠯᠤᠮᠵᠢ᠂ ᠬᠤᠪᠢ ᠬᠥᠮᠥᠨ᠎ᠦ ᠨᠡᠷ᠎ᠡ᠎ᠪᠡᠷ ᠲᠣᠭᠲᠠᠭᠠᠯ᠎ᠠᠴᠠ ᠵᠥᠷᠢᠴᠡᠨ ᠬᠢᠴᠢᠶᠡᠯ ᠲᠦᠷᠦᠯ᠎ᠦᠨ ᠪᠣᠯᠪᠠᠰᠤᠷᠠᠯ ᠬᠢᠭᠰᠡᠨ 96 ᠬᠦᠮᠦᠨ ᠢ᠋ ᠪᠠᠢᠴᠠᠭᠠᠨ ᠰᠢᠢᠳᠪᠦᠷᠢᠯᠡᠵᠦ᠂ ᠰᠤᠷᠭᠠᠨ ᠬᠥᠮᠦᠵᠢᠯ᠎ᠦᠨ ᠭᠣᠣᠯᠴᠢ ᠪᠠᠢᠬᠤ᠎ᠶᠢ ᠬᠦᠴᠦᠲᠡᠢ ᠬᠠᠮᠠᠭᠠᠯᠠᠪᠠ᠃ ᠤᠯᠠᠭᠠᠨᠬᠠᠳᠠ ᠳᠡᠭᠡᠳᠦ ᠰᠤᠷᠭᠠᠭᠤᠯᠢ ᠪᠥᠬᠥ᠌ ᠰᠤᠷᠭᠠᠭᠤᠯᠢ᠎ᠶ᠋ᠢᠨ 1799 ᠠᠵᠢᠯ᠎ᠤᠨ ᠪᠠᠢᠷᠢ᠎ᠳᠤ ᠪᠠᠢᠭ᠎ᠠ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠠᠵᠢᠯ᠎ᠤᠨ ᠪᠠᠢᠷᠢ᠎ᠶ᠋ᠢᠨ ᠲᠤᠱᠢᠶᠠᠯ ᠬᠠᠷᠢᠭᠤᠴᠠᠯᠭ᠎ᠠ ᠪᠠ ᠠᠵᠢᠯ᠎ᠤᠨ ᠪᠣᠳᠠᠲᠠᠢ ᠪᠠᠢᠳᠠᠯ᠎ᠲᠠᠶ ᠤᠶᠠᠯᠳᠤᠭᠤᠯᠤᠨ᠂ ᠠᠰᠠᠭᠤᠳᠠᠯ᠎ᠤᠨ ᠢᠯᠡᠷᠡᠯ᠂ ᠬᠤᠤᠷ ᠬᠥᠨᠥᠭᠡᠯ᠂ ᠪᠣᠶ ᠪᠣᠯᠤᠭ᠍ᠰᠠᠨ ᠱᠢᠯᠲᠠᠭᠠᠨ᠎ᠢ ᠪᠠᠢᠴᠠᠭᠠᠬᠤ ᠪᠠ ᠴᠡᠭ᠌ᠴᠡᠯᠡᠨ ᠰᠠᠢᠵᠢᠷᠠᠭᠤᠯᠬᠤ 《ᠭᠤᠷᠪᠠ᠎ᠶ᠋ᠢ ᠪᠠᠢᠴᠠᠭᠠᠵᠤ ᠨᠢᠭᠡ᠎ᠶ᠋ᠢ ᠲᠣᠭ᠍ᠲᠠᠭᠠᠬᠤ》 ᠠᠷᠭ᠎ᠠ ᠬᠡᠯᠪᠡᠷᠢ᠎ᠪᠡᠷ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠤᠨ᠂ ᠨᠡᠢᠲᠡ 2350 ᠬᠤᠪᠢ ᠬᠥᠮᠦᠨ᠎ᠦ ᠠᠰᠠᠭᠤᠳᠠᠯ᠎ᠢ ᠪᠠᠢᠴᠠᠭᠠᠨ ᠳᠡᠯᠭᠡᠵᠦ᠍᠂ 2455 ᠵᠤᠷᠪᠤᠰ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠵᠢ ᠲᠣᠭ᠍ᠲᠠᠭᠠᠪᠠ᠃ ᠬᠥᠬᠡᠬᠣᠲᠠ᠎ᠶ᠋ᠢᠨ ᠦᠨᠳᠦᠰᠦᠲᠡᠨ᠎ᠦ ᠳᠡᠭᠡᠳᠦ ᠰᠤᠷᠭᠠᠭᠤᠯᠢ 《3 + X》 ᠎ᠤ᠋ᠨ ᠠᠷᠭ᠎ᠠ ᠬᠡᠯᠪᠡᠷᠢ᠎ᠪᠡᠷ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠪᠠᠢᠩᠭᠤᠵᠢᠭᠤᠯᠤᠨ ᠱᠢᠶ᠋ᠳᠪᠦᠷᠢᠯᠡᠵᠦ᠍᠂ ᠲᠥᠪᠯᠡᠷᠡᠭᠦᠯᠦᠨ ᠵᠠᠰᠠᠭᠰᠠᠨ ᠪᠠᠢᠳᠠᠯ᠎ᠢ ᠠᠵᠢᠯ᠎ᠤᠨ ᠠᠮᠵᠢᠯᠲᠠ ᠪᠦᠲᠦᠮᠵᠢ᠎ᠶ᠋ᠢ ᠱᠢᠯᠭᠠᠨ ᠦᠨᠡᠯᠡᠬᠦ᠌᠂ ᠨᠠᠮ᠎ᠤᠨ ᠪᠠᠢᠭᠤᠯᠤᠯᠲᠠ᠎ᠶ᠋ᠢᠨ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠨ ᠱᠢᠯᠭᠠᠬᠤ᠂ ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ᠌ ᠵᠡᠷᠭᠡ ᠭᠤᠷᠪᠠᠨ ᠵᠦᠶ᠋ᠯ᠎ᠢ ᠣᠨ᠎ᠤ ᠱᠢᠯᠭᠠᠨ ᠦᠨᠡᠯᠡᠬᠦ᠌ ᠠᠵᠢᠯ᠎ᠳᠤ ᠣᠷᠣᠭᠤᠯᠵᠤ᠂ ᠺᠠᠳ᠋ᠷ᠎ᠤᠨ ᠤᠯᠤᠰ ᠲᠥᠷᠥ᠎ᠶ᠋ᠢᠨ ᠬᠡᠪ ᠴᠢᠨᠠᠷ᠎ᠢ ᠱᠢᠯᠭᠠᠨ ᠪᠠᠢᠴᠠᠭᠠᠬᠤ᠂ ᠰᠡᠳᠭᠢᠯ᠎ᠦᠨ ᠦᠭᠡ᠎ᠪᠡᠨ ᠶᠠᠷᠢᠯᠴᠠᠬᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠬᠦ᠌ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠠᠰᠠᠭᠤᠳᠠᠯ᠎ᠢ ᠢᠯᠡᠷᠡᠭᠦᠯᠵᠦ᠍᠂ ᠪᠠᠢᠴᠠᠭᠠᠨ ᠳᠡᠯᠭᠡᠬᠦ᠌ ᠪᠠ ᠱᠢᠶ᠋ᠳᠪᠦᠷᠢᠯᠡᠪᠡ᠃

ᠪᠠᠢᠩᠭᠤ ᠣᠷᠳᠣ ᠬᠤᠭᠤᠴᠠᠭ᠎ᠠ ᠪᠦᠲᠦᠮᠵᠢᠲᠡᠶ ᠪᠠᠢᠯᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠳᠡᠭᠡᠷ᠎ᠡ ᠬᠦᠴᠦ᠍ ᠲᠠᠯᠪᠢᠪᠠ᠃ ᠨᠢᠭᠡ ᠲᠠᠯ᠎ᠠ᠎ᠪᠠᠷ᠂ ᠠᠮᠠᠯᠠᠯᠲᠠ᠎ᠪᠠᠨ ᠦᠢᠯᠡᠳᠦᠯᠭᠡᠵᠢᠬᠦᠯᠬᠦ ᠵᠢ ᠪᠤᠳᠠᠳᠠᠢ ᠠᠳᠬᠤᠪᠠ᠃ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ 2.2 ᠲᠦᠮᠡ ᠭᠠᠷᠤᠶ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠤᠨ ᠳᠠᠢᠴᠢᠯᠠᠵᠤ《ᠠᠷᠪᠠᠨ ᠨᠢᠭᠡᠨ᠎ᠴᠢᠩᠭ᠎ᠠ ᠴᠠᠭᠠᠵᠠᠯᠠᠯ》᠎ᠤᠨ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠥᠰᠥᠭ ᠵᠢᠷᠤᠵᠢᠭᠤᠯᠤᠬᠰᠡᠨ ᠎ᠤ ᠬᠠᠮᠲᠤ ᠠᠮᠠᠯᠠᠯᠲᠠ ᠬᠢᠬᠦ᠌᠂ ᠠᠮᠠᠯᠠᠯᠲᠠ᠎ᠪᠠᠨ ᠭᠦᠶ᠋ᠴᠡᠳᠭᠡᠬᠦ᠌᠂ ᠠᠮᠠᠯᠠᠯᠲᠠ᠎ᠶ᠋ᠢ ᠦᠨᠡᠯᠡᠬᠦ᠌ ᠵᠡᠷᠭᠡ ᠱᠢᠷᠢᠰ ᠠᠷᠭ᠎ᠠ ᠬᠡᠮᠵᠢᠶ᠎ᠡ᠎ᠪᠡᠷ ᠠᠮᠠᠯᠠᠯᠲᠠ᠎ᠶ᠋ᠢᠨ ᠵᠦᠶ᠋ᠯᠡᠰ᠎ᠢ ᠪᠣᠳᠠᠲᠠᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠤ᠂ ᠥᠪᠡᠷ᠎ᠢ᠎ᠪᠡᠨ ᠴᠢᠩᠭ᠎ᠠ ᠬᠢᠵᠠᠭᠠᠷᠯᠠᠬᠤ᠎ᠪᠠᠷ ᠳᠠᠮᠵᠢᠭᠤᠯᠤᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠵᠢᠷᠤᠮᠵᠢᠭᠤᠯᠪᠠ᠃ ᠨᠦᠬᠦᠭᠡ ᠲᠠᠯ᠎ᠠ᠎ᠪᠠᠷ᠂ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠬᠦᠳᠦᠯᠦᠨ ᠵᠢᠯᠣᠭᠣᠳᠴᠤ᠌᠂ ᠲᠦᠪᠯᠡᠷᠡᠬᠦᠯᠦᠨ ᠵᠠᠰᠠᠭᠰᠠᠨ ᠦᠷ᠎ᠡ ᠪᠦᠲᠦᠭᠡᠯ᠎ᠢ ᠡᠬᠦᠷᠭᠡᠯᠡᠯ ᠡᠭᠦᠷᠭᠡᠯᠡᠵᠦ᠂ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠳ᠋ᠤ ᠬᠡᠷᠡᠭᠯᠡᠪᠡ᠃

ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠠᠵᠢᠯ᠎ᠢ ᠰᠠᠢᠲᠤᠷ ᠬᠢᠬᠦ᠌᠎ᠶ᠋ᠢ ᠠᠷᠠᠳ ᠣᠯᠠᠨ᠎ᠳᠤ ᠪᠣᠳᠠᠲᠤ ᠶᠠᠪᠤᠳᠠᠯ ᠬᠢᠵᠦ᠍ ᠥᠭ᠌ᠬᠦ ᠴᠢᠬᠤᠯᠠ ᠵᠦᠶ᠋ᠯᠡᠰ ᠪᠣᠯᠭᠠᠵᠤ᠂ ᠬᠥᠯᠥᠨ ᠪᠣᠢᠷ ᠬᠣᠲᠠ᠎ᠶ᠋ᠢᠨ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠳ᠋ᠠ ᠶᠠᠩ ᠱᠤ᠌ ᠪᠠᠯᠭᠠᠰᠤᠨ ᠳ᠋ᠤ ᠱᠢᠯᠭᠠᠯᠲᠠ᠎ᠶ᠋ᠢᠨ ᠴᠡᠭ ᠭᠠᠷᠭᠠᠵᠤ᠂ ᠲᠤᠬᠠᠶ᠎ᠶ᠋ᠢᠨ ᠭᠠᠵᠠᠷ᠎ᠤᠨ ᠱᠢᠯᠭᠠᠭᠤᠯᠤᠭ᠍ᠰᠠᠳ᠎ᠤᠨ 34 ᠵᠢᠯ 《ᠤᠨᠳᠤᠤ ᠭᠠᠵᠠᠷ᠎ᠲᠤ ᠱᠢᠯᠭᠠᠭᠤᠯᠵᠤ》 ᠪᠠᠢᠭᠰᠠᠨ ᠲᠡᠦᠬᠡ᠎ᠶ᠋ᠢ ᠡᠴᠦᠰᠯᠡᠭᠦᠯᠵᠦ᠍᠂ ᠪᠥᠬᠥ᠌ ᠤᠯᠤᠰ᠎ᠲᠸ᠋ ᠴᠣᠷ᠎ᠤᠨ ᠭᠠᠭ᠍ᠴᠠ ᠪᠠᠢᠭᠰᠠᠨ《ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠲᠤᠰᠭᠠᠶ ᠭᠠᠯᠲᠤ ᠲᠡᠷᠭᠡ》 ᠵᠢ ᠲᠡᠦᠬᠡ᠎ᠶ᠋ᠢᠨ ᠲᠠᠪᠴᠠᠩ᠎ᠠᠴᠠ ᠠᠶᠠᠷᠯᠠᠭᠤᠯᠵᠠᠢ᠃ 《ᠢᠨᠲ᠋ᠧᠷ ᠰᠦᠯᠵᠢᠶ᠎ᠡ + ᠰᠤᠷᠭᠠᠨ ᠬᠥᠮᠦᠵᠢᠯ》 ᠤ᠋ᠨ ᠲᠠᠪᠴᠠᠩ᠎ᠤᠨ ᠪᠠᠢᠭᠤᠯᠤᠯᠲᠠ᠎ᠪᠠᠷ ᠠᠨᠢᠰᠤ ᠪᠣᠯᠭᠠᠵᠤ᠂ ᠰᠤᠷᠭᠠᠨ ᠬᠥᠮᠦᠵᠢᠯ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠳᠦ ᠭᠦᠶ᠋ᠴᠡᠳᠭᠡᠬᠦ᠌᠂ ᠰᠦᠯᠵᠢᠶᠡᠨ ᠳᠡᠭᠡᠷ᠎ᠡ ᠭᠦᠶ᠋ᠴᠡᠳᠭᠡᠬᠦ᠌᠂ ᠭᠠᠷ᠎ᠲᠠᠭᠠᠨ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌᠎ᠶ᠋ᠢ ᠢᠳᠡᠪᠬᠢᠲᠡᠶ ᠠᠬᠢᠭᠤᠯᠵᠤ᠂ ᠰᠤᠷᠭᠠᠭᠤᠯᠢ᠎ᠳᠤ ᠣᠷᠣᠬᠤ ᠬᠡᠦᠬᠡᠳ᠎ᠦᠨ ᠴᠡᠴᠡᠷᠯᠢᠭ ᠲᠸ᠋ ᠤᠷᠤᠬᠤ᠂ ᠬᠢᠷᠢ ᠪᠦᠲᠦᠮᠵᠢ᠎ᠶ᠋ᠢᠨ ᠭᠡᠷᠡᠴᠢᠯᠡᠯ ᠵᠡᠷᠭᠡ 《ᠵᠠᠩᠭᠢᠯᠠᠭ᠎ᠠ᠎ᠶ᠋ᠢᠨ ᠪᠠᠭ᠎ᠠ ᠶᠠᠪᠤᠳᠠᠯ》 ᠤ᠋ᠨ ᠱᠢᠰᠲ᠋ᠸᠮᠳᠦ ᠦᠶ᠋ᠯᠡᠴᠢᠯᠡᠭᠡ ᠥᠷᠨᠢᠭᠦᠯᠵᠦ᠍᠂ 11 ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠵᠦᠶ᠋ᠯᠡᠰ᠎ᠢ 《ᠮᠥᠩᠬᠡ ᠰᠤᠪᠠᠭ》 ᠲᠠᠪᠴᠠᠩ᠎ᠳᠤ ᠣᠷᠣᠭᠤᠯᠵᠤ᠂ ᠨᠡᠢᠲᠡ 360 ᠭᠠᠷᠤᠶ ᠲᠦᠮᠡᠨ ᠤᠳᠠᠭ᠎ᠠ ᠪᠠᠢᠴᠠᠭᠠᠨ ᠯᠠᠪᠯᠠᠪᠠ᠃ ᠥᠪᠥᠷ ᠮᠣᠩᠭᠣᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠨ ᠬᠢᠨ᠎ᠨᠠᠮ᠎ᠤᠨ ᠬᠣᠷᠢᠶᠠᠨ᠎ᠤ ᠤᠳᠤᠷᠢᠳᠭᠤ ᠪᠠᠭ ᠲᠦᠷᠦᠭᠦᠯᠡᠨ ᠬᠢᠭ᠌ᠰᠡᠨ ᠰᠠᠭᠤᠷᠢᠨ ᠳᠡᠭᠡᠷ᠎ᠡ᠂ ᠶᠠᠭᠤ᠎ᠶ᠋ᠢ ᠠᠮᠠᠯᠳᠠᠬᠤ᠂ ᠠᠮᠠᠯᠠᠯᠲᠠ᠎ᠪᠠᠨ ᠬᠡᠷᠬᠢᠨ ᠦᠶ᠋ᠯᠡᠳᠦᠯᠭᠡᠵᠢᠭᠦᠯᠬᠦ᠌᠂ ᠨᠠᠢᠳᠠᠪᠤᠷᠢᠵᠢᠭᠤᠯᠤᠯᠲᠠ᠎ᠶ᠋ᠢ ᠬᠡᠷᠬᠢᠨ ᠠᠳᠭᠤᠬᠤ ᠵᠡᠷᠭᠡ ᠠᠰᠠᠭᠤᠳᠠᠯ᠎ᠤᠨ ᠲᠣᠭᠣᠷᠢᠨ᠎ᠳᠤ᠂ 《ᠠᠷᠪᠠᠨ ᠨᠢᠭᠡᠨ᠎ᠴᠢᠩᠭ᠎ᠠ ᠴᠠᠭᠠᠵᠠᠯᠠᠯ》᠂ ᠠᠮᠠᠯᠠᠯᠲᠠ᠎ᠶ᠋ᠢᠨ ᠲᠥᠯᠥᠪᠯᠡᠭᠡ᠎ᠪᠠᠨ ᠶᠠᠷᠢᠯᠴᠠᠬᠤ᠂ ᠭᠠᠷ᠎ᠤᠨ ᠥᠰᠥᠭ ᠵᠢᠷᠤᠬᠤ ᠵᠡᠷᠭᠡ ᠠᠷᠭ᠎ᠠ ᠬᠡᠯᠪᠡᠷᠢ᠎ᠪᠡᠷ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠂ ᠠᠮᠠᠯᠠᠯᠲᠠ᠎ᠪᠠᠨ ᠵᠥᠷᠢᠴᠡᠪᠡᠯ ᠵᠠᠪᠠᠯ ᠨᠡᠬᠡᠮᠵᠢᠯᠡᠬᠦ᠌ ᠪᠢᠲᠡᠭᠦᠦ ᠬᠡᠯᠬᠢᠶ᠎ᠡ᠎ᠶ᠋ᠢ ᠪᠠᠢᠭᠤᠯᠪᠠ᠃ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠲᠥᠪᠯᠡᠷᠡᠭᠦᠯᠦᠨ ᠵᠠᠰᠠᠬᠤ ᠬᠢᠭᠡᠳ ᠰᠤᠷᠭᠠᠭᠤᠯᠢ᠎ᠶ᠋ᠢᠨ ᠡᠭᠦᠷᠭᠡ ᠴᠢᠳᠠᠪᠬᠢ᠎ᠶ᠋ᠢ ᠣᠷᠭᠠᠨᠢᠭ᠎ᠢᠶᠠᠷ ᠤᠶᠠᠯᠳᠤᠭᠤᠯᠵᠤ᠂ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠡᠷᠡᠭᠦᠯ ᠰᠠᠢᠬᠠᠨ ᠨᠥᠬᠥᠳ᠎ᠦᠨ ᠬᠠᠷᠢᠴᠠᠭ᠎ᠠ ᠵᠢ ᠪᠠᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠵᠢᠷᠤᠮᠯᠠᠨ᠂ ᠰᠤᠷᠭᠠᠭᠤᠯᠢ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠣᠭᠣᠷᠢᠨ᠎ᠳᠤ ᠢᠳᠡᠪᠬᠢᠲᠡᠶ ᠡᠬᠦᠷᠭᠡᠯᠡᠯ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠲᠦᠪᠯᠡᠷᠡᠬᠦᠯᠦᠨ ᠵᠠᠰᠠᠭᠰᠠᠨ ᠦᠷ᠎ᠡ ᠪᠦᠲᠦᠮᠵᠢ᠎ᠪᠡᠷ ᠡᠯ᠎ᠡ ᠵᠦᠶ᠋ᠯ᠎ᠦᠨ ᠠᠵᠢᠯ᠎ᠤᠨ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌᠎ᠶ᠋ᠢ ᠠᠬᠢᠭᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面