2022-07-17 20:18:07
ᠬᠣᠷᠴᠢᠨ ᠲᠣᠭᠣᠷᠢᠭ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠳᠠ᠎ᠶ᠋ᠢᠨ ᠬᠣᠯᠪᠣᠭ᠍ᠳᠠᠯ ᠪᠦᠬᠦᠢ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠵᠠᠩᠭᠢᠯᠠᠭ᠎ᠠ᠎ᠶ᠋ᠢᠨ ᠭᠣᠭ᠍ᠴᠣᠭ᠎ᠠ ᠶ᠋ᠢ ᠡᠵᠡᠮᠳᠡᠨ᠂ ᠨᠢᠭᠡᠳᠦᠯᠲᠡᠢ ᠲᠥᠯᠥᠪᠵᠢᠭᠦᠯᠦᠨ ᠤᠳᠤᠷᠢᠳᠴᠤ᠌᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ᠎ᠢ ᠲᠥᠪᠯᠡᠷᠡᠭᠦᠯᠦᠨ ᠵᠠᠰᠠᠭᠠᠳ ᠥᠷ᠎ᠡ ᠪᠥᠲᠥᠮᠵᠢ ᠤᠯᠵᠤ ᠪᠠᠢᠨ᠎ᠠ᠃
ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠬᠠᠨ ᠠᠵᠢᠯ᠎ᠢ ᠠᠬᠢᠭᠤᠯᠪᠠ᠃ ᠨᠠᠮ᠎ᠢ ᠴᠢᠩᠭ᠎ᠠ ᠵᠠᠰᠠᠬᠤ ᠭᠤᠤᠯ ᠴᠣᠭ᠍ᠴᠠ ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠥᠨ᠂ ᠨᠠᠮ ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭᠠᠳᠬᠠᠨ ᠲᠥᠷᠢᠮᠵᠢᠭᠥᠯᠵᠤ᠂ ᠲᠥᠪᠯᠡᠷᠡᠭᠦᠯᠦᠨ ᠵᠠᠰᠠᠬᠤ᠎ᠶ᠋ᠢ ᠥᠷᠨᠢᠭᠦᠯᠬᠦ᠌ ᠶ᠋ᠢ ᠨᠠᠮ᠎ᠢ ᠴᠢᠩᠭ᠎ᠠ ᠬᠠᠮᠢᠶᠠᠷᠬᠤ ᠨᠠᠮ᠎ᠢ ᠴᠢᠩᠭ᠎ᠠ ᠵᠠᠰᠠᠬᠤ ᠪᠦᠲᠦᠮᠵᠢᠲᠡᠶ ᠭᠠᠷᠳᠠᠴᠠ ᠪᠣᠯᠭᠠᠨ᠂ ᠡᠭᠦᠷᠭᠡ᠎ᠶ᠋ᠢᠨ ᠭᠣᠣᠯᠳᠠᠯᠭ᠎ᠠ᠎ᠶ᠋ᠢ ᠲᠣᠳᠣᠷᠬᠠᠢᠯᠠᠨ᠂ ᠠᠵᠢᠯ᠎ᠤᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠪᠦᠬᠦ᠌ ᠲᠠᠯ᠎ᠠ ᠪᠠᠷ ᠲᠣᠬᠢᠷᠠᠭᠤᠯᠤᠨ ᠪᠠᠢᠷᠢᠯᠠᠭᠤᠯᠵᠠᠢ᠃ 《312》 ᠤ᠋ᠨ ᠠᠵᠢᠯ᠎ᠤᠨ ᠲᠣᠭ᠍ᠲᠠᠴᠠ ᠪᠠᠢᠭᠤᠯᠵᠤ᠂ ᠲᠤᠭᠤᠷᠢᠬ᠎ᠤᠨ ᠵᠣᠬᠢᠶᠠᠨ ᠪᠠᠢᠭᠤᠯᠬᠤ ᠬᠡᠯᠲᠡᠰ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠡᠴᠡ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠂ ᠬᠢᠨᠠᠯᠲᠠ ᠲᠠᠯᠪᠢᠵᠤ ᠪᠠᠢᠴᠠᠭᠠᠨ ᠱᠢᠶ᠋ᠳᠪᠦᠷᠢᠯᠡᠬᠦ᠌᠂ ᠶᠠᠷᠢᠶ᠎ᠠ ᠬᠡᠯᠡᠯᠴᠡᠭᠡᠨ᠎ᠦ ᠤᠬᠠᠭᠤᠯᠭ᠎ᠠ ᠵᠡᠷᠭᠡ 3 ᠲᠤᠰᠭᠠᠶ ᠠᠵᠢᠯ᠎ᠤᠨ ᠠᠩᠭᠢ ᠪᠠᠢᠭᠤᠯᠵᠤ᠂ 12 ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠢ ᠵᠣᠬᠢᠶᠠᠨ ᠪᠠᠢᠭᠤᠯᠥᠨ᠂ ᠲᠣᠭᠣᠷᠢᠨ ᠵᠢᠯᠣᠭᠣᠳᠭᠤ᠂ ᠲᠣᠭᠣᠷᠢᠨ ᠰᠣᠨᠣᠰᠬᠤ ᠰᠤᠯᠠ ᠰᠣᠨᠣᠰᠭᠤ᠂ ᠲᠠᠩᠰᠠ ᠡᠪᠬᠡᠮᠡᠯ᠎ᠢ ᠪᠠᠢᠴᠠᠭᠠᠨ ᠦᠵᠡᠬᠦ᠌᠂ ᠪᠠᠢᠴᠠᠭᠠᠨ ᠰᠤᠳᠤᠯᠵᠤ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠡᠷ 95 ᠰᠠᠯᠠᠭ᠎ᠠ ᠮᠥᠴᠢᠷ ᠨᠢᠭᠡᠴᠢ᠎ᠶ᠋ᠢᠨ ᠲᠥᠪᠯᠡᠷᠡᠭᠦᠯᠦᠨ ᠵᠠᠰᠠᠬᠤ ᠠᠵᠢᠯ᠎ᠢ 119 ᠤᠳᠠᠭ᠎ᠠ ᠬᠢᠨᠠᠨ ᠵᠢᠯᠣᠭᠣᠳᠴᠤ᠌᠂ 230 ᠭᠠᠷᠤᠶ ᠠᠰᠠᠭᠤᠳᠠᠯ᠎ᠢ ᠵᠢᠭᠠᠨ ᠭᠠᠷᠭᠠᠬᠤ᠎ᠶ᠋ᠢᠨ ᠬᠠᠮᠲᠤ ᠵᠠᠯᠠᠷᠠᠭᠤᠯᠬᠤ᠌ᠶ᠋ᠢ ᠱᠠᠯᠠᠪᠳᠠᠭᠤᠯᠤᠨ ᠵᠢᠯᠣᠭᠣᠳᠤᠬᠰᠠᠨ ᠪᠠᠢᠨ᠎ᠠ᠃
ᠵᠠᠩᠭᠢᠯᠠᠭ᠎ᠠ᠎ᠶ᠋ᠢᠨ ᠭᠤᠭᠴᠤᠭ᠎ᠠ ᠵᠢ ᠠᠳᠭᠤᠵᠤ᠂ ᠺᠠᠳ᠋ᠷ᠎ᠤᠨ ᠡᠩᠨᠡᠭᠡ ᠵᠢᠨ ᠪᠠᠢᠭᠤᠯᠤᠯᠳᠠ ᠵᠢ ᠠᠬᠢᠭᠤᠯᠪᠠ᠃ ᠲᠥᠪᠯᠡᠷᠡᠭᠦᠯᠦᠨ ᠵᠠᠰᠠᠬᠤ᠎ᠪᠡᠷ ᠬᠦᠨᠵᠡᠭᠡᠢ ᠰᠤᠷᠤᠯᠴᠠᠬᠤ᠂ ᠪᠠᠢᠴᠠᠭᠠᠬᠤ᠂ ᠬᠠᠯᠠᠨ ᠰᠠᠢᠵᠢᠷᠠᠭᠤᠯᠬᠤ ᠠᠵᠢᠯ᠎ᠢ ᠲᠦᠯᠬᠢᠨ ᠠᠬᠢᠭᠤᠯᠵᠤ᠂ ᠲᠦᠷᠦᠭᠦᠯᠡᠨ ᠰᠤᠷᠤᠯᠴᠠᠵᠤ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ᠌ ᠬᠥᠮᠦᠵᠢᠯ᠎ᠳᠦ ᠲᠦᠷᠦᠭᠦᠯᠡᠨ ᠣᠷᠣᠯᠴᠠᠬᠤ᠂ ᠲᠦᠷᠦᠭᠦᠯᠡᠨ ᠲᠠᠢᠰᠠᠨ᠎ᠳᠤ ᠭᠠᠷᠴᠤ᠌ ᠨᠠᠮ᠎ᠤᠨ ᠬᠢᠴᠢᠶᠡᠯ ᠣᠷᠣᠬᠤ᠂ ᠲᠦᠷᠦᠭᠦᠯᠡᠨ ᠥᠪᠡᠷ᠎ᠢᠶᠡᠨ ᠪᠠᠢᠴᠠᠭᠠᠵᠤ ᠥᠪᠡᠷ᠎ᠢᠶᠡᠨ ᠵᠠᠯᠠᠷᠠᠭᠤᠯᠬᠤ᠂ ᠲᠦᠷᠦᠭᠦᠯᠡᠨ ᠠᠮᠠᠯᠠᠯᠲᠠ ᠬᠢᠵᠤ ᠠᠮᠠᠯᠠᠯᠲᠠ ᠪᠠᠨ ᠥᠢᠯᠡᠳᠥᠯᠭᠡᠵᠢᠭᠥᠯᠬᠥ 《ᠲᠠᠪᠤᠨ ᠲᠦᠷᠦᠭᠦᠯᠡᠬᠦ᠌》 ᠱᠠᠭᠠᠷᠳᠠᠯᠭ᠎ᠠ᠎ᠶ᠋ᠢ ᠳᠤᠷᠠᠳᠤᠨ᠂ ᠨᠢᠭᠡ ᠱᠠᠳᠤ ᠨᠢ ᠨᠢᠭᠡ ᠱᠠᠳᠤ᠎ᠪᠠᠨ ᠳᠠᠭᠠᠭᠤᠯᠬᠤ᠂ ᠱᠠᠳᠤ ᠱᠠᠳᠤ᠎ᠪᠠᠷ ᠴᠡᠭ᠌ᠴᠡᠯᠡᠨ ᠵᠠᠰᠠᠬᠤ᠎ᠶ᠋ᠢ ᠠᠳᠭᠤᠬᠤ ᠠᠵᠢᠯ᠎ᠤᠨ ᠪᠠᠢᠷᠢᠱᠢᠯ᠎ᠢ ᠪᠤᠢ ᠪᠣᠯᠭᠠᠵᠠᠢ᠃ 《ᠬᠣᠶᠠᠷ ᠨᠠᠷᠢᠨ ᠲᠠᠩᠰᠠ᠂ ᠬᠣᠶᠠᠷ ᠡᠬᠡ ᠲᠠᠩᠰᠠ》 ᠪᠠᠷ ᠭᠠᠷᠳᠠᠴᠠ ᠪᠣᠯᠭᠠᠵᠤ᠂ ᠪᠥᠬᠥ᠌ ᠲᠤᠭᠤᠷᠢᠬ᠎ᠤᠨ ᠨᠠᠮ᠎ᠤᠨ ᠭᠡᠱᠢᠭᠦᠨ ᠺᠠᠳ᠋ᠷᠴᠤᠳ᠎ᠢ ᠱᠠᠯᠠᠪᠳᠠᠭᠤᠯᠤᠨ ᠵᠢᠯᠣᠭᠣᠳᠴᠤ᠌᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠣᠯᠬᠢᠴᠢᠯᠠᠭ᠍ᠰᠠᠨ ᠠᠷᠠᠯᠵᠢᠶᠠᠯᠠᠬᠰᠠᠨ ᠠᠰᠠᠭᠤᠳᠠᠯ᠎ᠤᠨ ᠨᠠᠷᠢᠨ ᠲᠠᠩᠰᠠ᠎ᠲᠠᠶ ᠬᠢᠨᠠᠮᠠᠭᠠᠶ ᠬᠠᠷᠢᠴᠠᠭᠤᠯᠵᠤ ᠥᠪᠡᠷ᠎ᠢ᠎ᠪᠡᠨ ᠪᠠᠢᠴᠠᠭᠠᠨ᠂ ᠬᠤᠪᠢ ᠬᠥᠮᠦᠨ᠎ᠦ ᠠᠰᠠᠭᠤᠳᠠᠯ᠎ᠤᠨ ᠨᠠᠷᠢᠨ ᠲᠠᠩᠰᠠ᠎ᠶ᠋ᠢ ᠵᠢᠭ᠍ᠰᠠᠭᠠᠨ ᠭᠠᠷᠭᠠᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭ᠍ᠲᠠᠭᠠᠨ᠂ ᠲᠥᠪᠯᠡᠷᠡᠭᠦᠯᠦᠨ ᠵᠠᠰᠠᠬᠤ᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃
ᠲᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠠᠳᠭᠤᠵᠤ᠂ ᠲᠥᠪᠯᠡᠷᠡᠭᠦᠯᠦᠨ ᠵᠠᠰᠠᠬᠤ᠎ᠶ᠋ᠢᠨ ᠨᠡᠩ ᠤᠷᠳᠤ ᠬᠤᠭᠤᠴᠠᠭᠠᠨ᠎ᠤ ᠪᠦᠲᠦᠮᠵᠢᠲᠡᠢ ᠪᠠᠢᠬᠤ᠎ᠶ᠋ᠢ ᠪᠠᠳᠤᠯᠠᠪᠠ᠃ 《ᠡᠬᠢ ᠡᠭᠦᠰᠦᠯ᠎ᠡᠴᠡ ᠨᠢ ᠵᠠᠰᠠᠬᠤ᠂ ᠦᠨᠭ᠌ᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠨᠢ ᠬᠠᠮᠳᠤᠪᠡᠷ ᠵᠠᠰᠠᠬᠤ》 ᠠᠵᠢᠯ᠎ᠤᠨ ᠰᠡᠳᠭᠢᠴᠡ ᠶᠣᠰᠣᠭᠠᠷ ᠶᠠᠮᠠᠷ ᠲᠤᠳᠠᠭᠤᠳᠠᠯ ᠪᠠᠢᠪᠠᠯ ᠲᠡᠷᠡ ᠲᠦᠷᠢᠮ᠎ᠢ ᠪᠠᠢᠭᠤᠯᠬᠤ᠎ᠶ᠋ᠢ ᠪᠠᠷᠢᠮᠲᠠᠯᠠᠵᠤ᠂ ᠤᠷᠳᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠴᠢᠷᠮᠠᠢᠨ ᠪᠠᠢᠭᠤᠯᠵᠠᠢ᠃ ᠺᠠᠳ᠋ᠷᠴᠤᠳ᠎ᠤᠨ ᠤᠯᠤᠰ ᠲᠥᠷᠥ ᠶ᠋ᠢᠨ ᠬᠡᠪ ᠴᠢᠨᠠᠷ᠎ᠢ ᠱᠢᠯᠭᠠᠨ ᠪᠠᠢᠴᠠᠭᠠᠵᠤ ᠪᠣᠳᠠᠲᠠᠢᠵᠢᠭᠤᠯᠬᠤ ᠠᠵᠢᠯ᠎ᠤᠨ ᠲᠣᠭ᠍ᠲᠠᠴᠠ ᠵᠡᠷᠭᠡ ᠬᠣᠯᠪᠣᠭ᠍ᠳᠠᠯ ᠪᠦᠬᠦᠢ ᠲᠥᠷᠥᠯ ᠵᠦᠢᠯ᠎ᠢ ᠲᠡᠭᠦᠯᠳᠡᠷᠵᠢᠭᠦᠯᠵᠦ᠍᠂《ᠪᠦᠬᠦ᠌ ᠲᠤᠭᠤᠷᠢᠬ᠎ᠤᠨ ᠤᠳᠤᠷᠢᠳᠭᠤ ᠺᠠᠳ᠋ᠷᠴᠤᠳ᠎ᠤᠨ ᠤᠯᠤᠰ ᠲᠥᠷᠥ᠎ᠶ᠋ᠢᠨ ᠬᠡᠪ ᠴᠢᠨᠠᠷ᠎ᠢ ᠬᠢᠨᠠᠨ ᠪᠠᠢᠴᠠᠭᠠᠬᠤ ᠬᠢᠨᠠᠨ ᠱᠢᠯᠭᠠᠬᠤ ᠠᠷᠭ᠎ᠠ (ᠲᠤᠷᠱᠢᠨ ᠬᠡᠷᠡᠭ᠌ᠵᠢᠭᠦᠯᠬᠦ᠌)》 ᠳ᠋ᠦ ᠵᠠᠰᠠᠪᠤᠷᠢ ᠣᠷᠣᠭᠤᠯᠥᠨ᠂ ᠨᠠᠮ᠎ᠤᠨ ᠳᠣᠲᠣᠭᠠᠳᠤ ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ᠎ᠶ᠋ᠢ ᠺᠠᠳ᠋ᠷ᠎ᠢ ᠱᠢᠯᠭᠠᠨ ᠪᠠᠢᠴᠠᠭᠠᠬᠤ ᠴᠢᠬᠤᠯᠠ ᠠᠭᠤᠯᠭ᠎ᠠ᠎ᠳᠤ ᠣᠷᠣᠭᠤᠯᠵᠤ᠂ 《ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠲᠤᠬᠠᠢ ᠪᠠᠢᠩᠭᠤᠵᠢᠭᠤᠯᠤᠨ ᠰᠠᠨᠠᠭᠤᠯᠬᠤ ᠠᠵᠢᠯ᠎ᠤᠨ ᠲᠦᠷᠢᠮ》᠂ 《ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠲᠤᠬᠠᠢ ᠰᠦᠪᠡᠭ᠌ᠴᠢ᠎ᠶ᠋ᠢ ᠢᠯᠡᠷᠡᠭᠦᠯᠬᠦ᠌ ᠠᠵᠢᠯ᠎ᠤᠨ ᠲᠦᠷᠢᠮ》 ᠵᠡᠷᠭᠡ ᠵᠢ ᠲᠣᠭ᠍ᠲᠠᠭᠠᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠤᠨ ᠲᠦᠷᠢᠮ᠎ᠢ ᠬᠡᠷᠡᠭ᠌ᠵᠢᠭᠦᠯᠬᠦ᠌᠎ᠳᠦ ᠬᠢᠨᠠᠯᠲᠠ᠎ᠲᠠᠯᠪᠢᠬᠤ ᠶ᠋ᠢ ᠪᠦᠬᠦ᠌ ᠲᠠᠯ᠎ᠠ ᠪᠠᠷ ᠴᠢᠩᠭᠠᠳᠭᠠᠵᠤ᠂ ᠲᠥᠪᠯᠡᠷᠡᠭᠦᠯᠦᠨ ᠵᠠᠰᠠᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠯᠠᠪᠳᠠᠭᠤᠨ᠎ᠢᠶᠠᠷ ᠲᠦᠯᠬᠢᠨ ᠠᠬᠢᠭᠤᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃