2022-07-06 09:39:28
ᠣᠢᠷ᠎ᠠ᠎ᠳᠤ᠂ ᠡᠯ᠎ᠡ ᠭᠠᠵᠠᠷ ᠡᠯ᠎ᠡ ᠨᠢᠭᠡᠴᠢ᠎ᠶᠢᠨ ᠬᠢᠨ ᠴᠢᠩᠭ᠎ᠠ ᠪᠥᠭᠡᠳ ᠪᠣᠳᠠᠲᠠᠢ ᠪᠠᠢᠬᠤ᠎ᠶᠢ ᠪᠠᠷᠢᠮᠲᠠᠯᠠᠨ᠂ ᠵᠢᠷᠤᠮᠵᠢᠭᠤᠯᠤᠨ ᠳᠡᠭᠡᠭᠰᠢᠯᠡᠭᠦᠯᠬᠦ ᠲᠤᠭᠤᠷᠢᠨ ᠳ᠋ᠤ᠂ ᠦᠷ᠎ᠡ ᠪᠦᠲᠦᠮᠵᠢ᠎ᠪᠡᠨ ᠪᠥᠬᠥ ᠲᠠᠯ᠎ᠠ᠎ᠪᠠᠷ ᠳ᠋ᠦᠩᠨᠡᠨ ᠪᠡᠬᠢᠵᠢᠬᠦᠯᠵᠦ᠂ ᠲᠥᠪᠯᠡᠷᠡᠭᠦᠯᠦᠨ ᠵᠠᠰᠠᠬᠤ᠎ᠶᠢ ᠢᠳᠡᠭ ᠢᠳᠡᠭ᠎ᠢᠶᠠᠷ ᠪᠠᠢᠩᠭᠤ ᠵᠢᠨ ᠵᠠᠰᠠᠯᠳᠠ ᠪᠤᠯᠭᠠᠨ ᠬᠤᠪᠢᠷᠠᠭᠤᠯᠵᠦ ᠪᠠᠢᠨ᠎ᠡ᠃
ᠵᠠᠯᠭᠠᠮᠵᠢᠯᠠᠨ ᠰᠢᠨ᠎ᠡ᠎ᠶᠢ ᠡᠭᠦᠳᠬᠦ᠎ᠶᠢ ᠪᠠᠷᠢᠮᠳᠠᠯᠠᠵᠤ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠠᠴᠠ ᠡᠬᠢᠯᠡᠨ ᠠᠳᠬᠤᠪᠠ
ᠡᠯ᠎ᠡ ᠭᠠᠵᠠᠷ ᠡᠯ᠎ᠡ ᠨᠢᠭᠡᠴᠢ᠎ᠶᠢᠨ ᠬᠢᠨ《ᠰᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》ᠲᠡᠬᠢ 12 ᠲᠠᠯ᠎ᠠ᠎ᠶᠢᠨ ᠠᠭᠤᠯᠭ᠎ᠠ ᠢᠯᠠᠩᠭᠤᠶ᠎ᠠ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠳᠦᠷᠢᠮ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠰᠢᠨᠵᠢᠯᠡᠬᠦ ᠤᠬᠠᠭᠠᠨᠴᠢᠯᠠᠭᠰᠠᠨ ᠵᠢᠷᠤᠮᠵᠢᠭᠰᠠᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠳ᠋ᠡᠬᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠦᠨᠳᠦᠰᠦᠨ ᠡᠴᠡ ᠨᠢ ᠰᠢᠢᠳᠪᠦᠷᠢᠯᠡᠬᠦ᠎ᠳᠦ ᠰᠠᠭᠤᠷᠢ ᠲᠠᠯᠪᠢᠵᠤ ᠣᠷᠴᠢᠨ ᠲᠣᠭᠣᠷᠢᠨ᠎ᠢ ᠪᠤᠢ ᠪᠣᠯᠭᠠᠪᠠ᠃
ᠠᠯᠠᠱᠠ ᠠᠢᠮᠠᠭ᠎ᠤᠨ ᠠᠯᠠᠱᠠ ᠪᠠᠷᠠᠭᠤᠨ ᠬᠣᠰᠢᠭᠤ 《ᠬᠣᠰᠢᠭᠤᠨ ᠤ᠋ ᠬᠡᠪᠴᠢᠶᠡᠨ᠎ᠤ ᠭᠣᠣᠯ ᠰᠡᠳᠦᠪᠲᠦ ᠨᠠᠮ᠎ᠤᠨ ᠡᠳᠦᠷ》᠎ᠤ᠋ᠨ ᠵᠠᠭᠪᠤᠷ᠎ᠢᠶᠠᠷ ᠨᠠᠮ᠎ᠤᠨ ᠳᠣᠲᠣᠭᠠᠳᠤ᠎ᠶᠢᠨ ᠤᠯᠤᠰ ᠲᠥᠷᠥ᠍᠎ᠶᠢᠨ ᠠᠮᠢᠳᠤᠷᠠᠯ᠎ᠢ ᠴᠢᠩᠭᠠᠳᠬᠠᠨ ᠪᠣᠳᠠᠲᠠᠢᠵᠢᠭᠤᠯᠪᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠡᠷᠭᠡ ᠭᠣᠣᠯᠳᠠᠯᠭ᠎ᠠ ᠲᠠᠢ ᠠᠵᠢᠯ᠎ᠤᠨ ᠲᠣᠭᠣᠷᠢᠨ᠎ᠳᠤ᠂ ᠬᠠᠮᠲᠤ᠎ᠪᠠᠷ᠎ᠢᠶᠠᠨ ᠨᠠᠮ᠎ᠤᠨ ᠳᠦᠷᠢᠮ᠎ᠢ ᠤᠩᠰᠢᠬᠤ᠂ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢ ᠲᠠᠬᠢᠨ ᠡᠷᠭᠢᠴᠡᠭᠦᠯᠬᠦ᠂ ᠨᠠᠮ᠎ᠤᠨ ᠠᠵᠢᠯ᠎ᠢ ᠢᠯᠡ ᠪᠣᠯᠭᠠᠬᠤ᠂ ᠨᠠᠮ᠎ᠤᠨ ᠭᠡᠰᠢᠭᠦᠨ᠎ᠦ ᠬᠤᠷᠠᠮᠳᠤᠯ ᠬᠤᠪᠢ᠎ᠶᠢ ᠦᠨᠡᠯᠡᠨ ᠲᠣᠭᠲᠠᠭᠠᠬᠤ ᠵᠡᠷᠭᠡ ᠠᠷᠭ᠎ᠠ ᠮᠠᠶᠢᠭ᠋᠎ᠢᠶᠠᠷ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ ᠠᠵᠢᠯ᠎ᠢᠶᠠᠨ ᠠᠬᠢᠭᠤᠯᠬᠤ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠦᠢᠯᠡᠴᠢᠯᠡᠭᠡ᠎ᠶᠢ ᠨᠠᠢᠳᠠᠪᠤᠷᠢᠵᠢᠭᠤᠯᠬᠤ ᠳᠤᠮᠳᠠ ᠵᠣᠷᠢᠯᠲᠠ᠎ᠪᠠᠨ ᠦᠢᠯᠡᠳᠦᠯᠭᠡᠵᠢᠭᠦᠯᠵᠦ᠂ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠪᠦᠲᠦᠮᠵᠢᠲᠡᠢ ᠪᠠᠳᠠᠷᠠᠭᠤᠯᠪᠠ᠃ ᠣᠲᠣᠬᠠᠨ ᠪᠣᠯᠲᠠᠯ᠎ᠠ᠂ ᠪᠥᠬᠥ ᠬᠣᠰᠢᠭᠤᠨ᠎ᠤ ᠨᠡᠶ᠋ᠢᠲᠡ 14 ᠦᠨᠳᠦᠰᠦᠨ ᠱᠠᠲᠤᠨ᠎ᠤ ᠨᠠᠮ (ᠠᠵᠢᠯ) ᠤ᠋ᠨ ᠬᠣᠷᠢᠶ᠎ᠠ᠂ 177 ᠨᠠᠮ᠎ᠤᠨ ᠡᠭᠦᠷ ᠂ 2900 ᠭᠠᠷᠤᠢ ᠨᠠᠮ᠎ᠤᠨ ᠭᠡᠰᠢᠭᠦᠨ ᠭᠣᠣᠯ ᠰᠡᠳᠦᠪᠲᠦ ᠨᠠᠮ᠎ᠤᠨ ᠡᠳᠦᠷᠯᠢᠭ᠎ᠦᠨ ᠠᠵᠢᠯᠯᠠᠭ᠎ᠠ᠎ᠳᠤ ᠣᠷᠣᠯᠴᠠᠵᠠᠢ᠃
ᠪᠤᠭᠤᠲᠤ ᠬᠤᠳᠠ᠎ᠶᠢᠨ ᠰᠢᠭᠤᠢ᠎ᠳᠤ ᠲᠣᠭᠣᠷᠢᠭ᠋᠎ᠤᠨ ᠰᠤᠷᠭᠠᠨ ᠬᠥᠮᠦᠵᠢᠯ᠎ᠦᠨ ᠰᠢᠰᠲ᠋ᠧᠮ《ᠭᠤᠷᠪᠠᠨ ᠬᠤᠷᠠᠯ ᠨᠢᠭᠡ ᠬᠢᠴᠢᠶᠡᠯ》 ᠢ᠋ ᠵᠡᠷᠭᠡ ᠪᠡᠷ ᠬᠢᠬᠦ ᠲᠥᠯᠥᠪᠯᠡᠭᠡ᠎ᠶᠢ ᠬᠡᠷᠡᠭᠵᠢᠭᠦᠯᠵᠦ᠂ ᠨᠠᠮ᠎ᠤᠨ ᠳᠣᠲᠣᠭᠠᠳᠤ᠎ᠶᠢᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠵᠢᠷᠦᠮᠵᠢᠯᠲᠡ᠂ ᠳᠦᠷᠢᠮᠵᠢᠯᠲᠡ᠎ᠶᠢ ᠠᠬᠢᠭᠤᠯᠪᠠ᠃ ᠡᠯ᠎ᠡ ᠦᠨᠳᠦᠰᠦᠨ ᠱᠠᠲᠤᠨ᠎ᠤ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ᠂ ᠰᠣᠯᠢᠯᠴᠠᠭ᠎ᠠ ᠬᠢᠬᠦ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠳᠤᠮᠳᠠ᠂ ᠲᠤᠭᠤᠷᠢᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠬᠤᠯᠪᠤᠭᠠᠯᠠᠨ ᠳᠠᠭᠠᠭᠠᠴᠢᠯᠠᠭᠰᠠᠨ ᠤᠳᠤᠷᠢᠳᠤᠯᠭ᠎ᠠ᠂ ᠨᠠᠮ᠎ᠤᠨ ᠪᠠᠢᠭᠤᠯᠤᠯᠲᠠ᠎ᠶᠢ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠵᠢᠴᠢ ᠬᠤᠯᠪᠤᠭᠠᠯᠠᠨ ᠳᠠᠠᠭᠠᠭᠠᠴᠢᠯᠠᠭᠰᠠᠨ ᠲᠠᠰᠤᠭ᠎ᠤᠨ ᠬᠥᠮᠥᠰ᠎ᠢ ᠤᠷᠢᠵᠤ ᠦᠨᠳᠦᠰᠦᠨ ᠱᠠᠲᠤᠨ᠎ᠤ ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠲᠠᠢ ᠬᠠᠮᠲᠤ ᠰᠤᠷᠤᠯᠴᠠᠵᠤ᠂ ᠬᠠᠮᠲᠤ ᠰᠤᠯᠢᠯᠴᠠᠵᠤ᠂ ᠬᠠᠮᠲᠤ ᠪᠡᠶᠡᠳᠡᠨ ᠤᠢᠯᠠᠭᠠᠵᠤ᠂ ᠨᠠᠮ᠎ᠤᠨ ᠪᠠᠢᠭᠤᠯᠤᠯᠲᠠ᠎ᠶᠢᠨ ᠠᠵᠢᠯ᠂ ᠨᠠᠮᠴᠢ ᠴᠢᠨᠠᠷ᠎ᠤᠨ ᠬᠥᠮᠦᠵᠢᠯ ᠪᠣᠯᠣᠨ ᠲᠤᠬᠠᠢᠯᠠᠭᠰᠠᠨ ᠠᠵᠢᠯ᠎ᠢ ᠠᠬᠢᠭᠤᠯᠬᠤ᠎ᠶᠢ ᠨᠢᠭᠡ ᠴᠣᠭᠴᠠᠵᠢᠭᠤᠯᠵᠤ᠂《ᠭᠤᠷᠪᠠᠨ ᠬᠤᠷᠠᠯ ᠨᠢᠭᠡ ᠬᠢᠴᠢᠶᠡᠯ》᠎ᠢ᠋ ᠠᠮᠢᠳᠤᠯᠢᠭ᠋ ᠪᠣᠯᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠨᠢᠭ᠍ᠲᠠᠷᠠᠯ᠎ᠤᠨ ᠬᠦᠴᠦᠨ ᠪᠣᠯᠣᠨ ᠲᠠᠢ᠍ᠢᠴᠢᠨ ᠬᠦᠴᠦᠨ᠎ᠢ ᠴᠢᠨᠠᠭᠰᠢᠳᠠ ᠳᠡᠬᠡᠭᠰᠢᠯᠡᠬᠦᠯᠪᠡ᠃
ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠢᠲᠡᠭᠡᠮᠵᠢ ᠵᠢᠨ ᠬᠤᠷᠰᠢᠶ᠎ᠠ (ᠲᠦᠩᠯᠢᠶᠣᠣ ᠣᠷᠣᠨ) ᠵᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠬᠣᠯᠪᠣᠭᠠᠲᠤ ᠬᠤᠷᠰᠢᠶ᠎ᠠ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ ᠤᠯᠤᠰ ᠲᠥᠷᠥ᠍᠎ᠶᠢᠨ ᠭᠡᠷ᠎ᠦᠨ ᠰᠣᠷᠪᠤᠯᠵᠢᠯᠠᠯ ᠬᠢᠵᠦ᠂ ᠦᠵᠡᠯ ᠰᠠᠨᠠᠭᠠᠨ᠎ᠤ ᠪᠠᠢᠳᠠᠯ᠂ ᠭᠡᠷ ᠪᠦᠯᠢ᠎ᠶᠢᠨ ᠠᠮᠢᠳᠤᠷᠠᠯ ᠵᠡᠷᠭᠡ ᠲᠠᠯ᠎ᠠ᠎ᠪᠠᠷ ᠣᠢᠯᠠᠭᠠᠵᠤ᠂ ᠭᠡᠷ ᠪᠦᠯᠢ᠎ᠶᠢᠨ ᠬᠢᠨ᠎ᠦ ᠰᠠᠨᠠᠯ ᠰᠠᠨᠠᠭᠤᠯᠭ᠎ᠠ᠎ᠶᠢ ᠰᠣᠨᠣᠰᠴᠤ᠂ ᠬᠢᠨᠠᠯᠲᠠ ᠲᠠᠯᠪᠢᠬᠤ ᠬᠡᠪᠴᠢᠶ᠎ᠡ᠎ᠪᠡᠨ ᠥᠷᠭᠡᠳᠬᠡᠵᠦ᠂ ᠨᠠᠮ᠎ᠤᠨ ᠭᠡᠰᠢᠭᠦᠨ ᠺᠠᠳ᠋ᠷᠴᠤᠳ ᠤᠨ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠵᠤ᠂ ᠤᠯᠠᠭᠠᠨ ᠱᠤᠭᠤᠮ᠎ᠢ ᠭᠢᠰᠬᠢᠬᠦ ᠦᠭᠡᠢ᠂ ᠬᠣᠷᠢᠭ᠎ᠠ ᠱᠤᠭᠤᠮ᠎ᠢ ᠳᠠᠪᠠᠬᠤ ᠦᠭᠡᠢ ᠪᠠᠢᠬᠤ ᠵᠢ ᠬᠦᠳᠦᠯᠦᠨ ᠵᠢᠯᠤᠭᠤᠳᠪᠠ᠃
ᠮᠠᠭᠤ᠎ᠶ᠋ᠢ ᠨᠢ ᠠᠷᠢᠯᠭᠠᠵᠤ ᠰᠠᠢ᠌ᠨ᠎ᠢ ᠨᠢ ᠰᠠᠢᠱᠢᠶᠠᠬᠤ ᠶ᠋ᠢ ᠪᠠᠷᠢᠮᠲᠠᠯᠠᠵᠤ ᠲᠤᠪᠤᠢ᠌ᠮ᠎ᠠ ᠠᠰᠠᠭᠤᠳᠠᠯ᠎ᠠᠴᠠ ᠭᠠᠷᠳᠠᠨ ᠦᠭᠡᠷᠡᠴᠢᠯᠡᠪᠡ
ᠡᠯ᠎ᠡ ᠭᠠᠵᠠᠷ ᠡᠯ᠎ᠡ ᠨᠢᠭᠡᠴᠢ᠎ᠶ᠋ᠢᠨ ᠬᠢᠨ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠤᠬᠰᠠᠨ ᠰᠠᠭᠤᠷᠢᠨ ᠳᠡᠭᠡᠷ᠎ᠡ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠱᠢᠢᠳᠪᠦᠷᠢᠯᠡᠭ᠌ᠰᠡᠨ ᠪᠠᠢᠳᠠᠯ᠎ᠳᠤ ᠴᠢᠭ᠌ᠯᠡᠭᠦᠯᠦᠨ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠭᠠᠢ ᠪᠠᠢᠴᠠᠭᠠᠯᠲᠠ ᠬᠢᠬᠦ᠌ ᠵᠡᠷᠭᠡ ᠠᠷᠭ᠎ᠠ ᠬᠡᠯᠪᠡᠷᠢ᠎ᠪᠡᠷ ᠪᠠᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠣᠳᠴᠤ᠌᠂ ᠢᠯᠡᠷᠡᠭᠦᠯᠦᠭ᠌ᠰᠡᠨ ᠠᠰᠠᠭᠤᠳᠠᠯ᠎ᠢ ᠴᠢᠩᠭ᠎ᠠ ᠪᠥᠭᠡᠳ ᠲᠦᠷᠭᠡᠨ ᠪᠠᠢᠴᠠᠭᠠᠨ ᠱᠢᠢᠳᠪᠦᠷᠢᠯᠡᠵᠦ᠍᠂ ᠰᠤᠷᠭᠠᠨ ᠬᠥᠮᠦᠵᠢᠭᠦᠯᠵᠦ᠍ ᠰᠠᠨᠠᠭᠤᠯᠬᠤ᠂ ᠵᠠᠯᠬᠠᠭᠠᠨ ᠱᠢᠢᠳᠭᠡᠵᠦ᠍ ᠲᠤᠰᠠᠯᠠᠬᠤ ᠶᠡᠷᠦᠩᠬᠡᠢᠯᠡᠭ᠌ᠰᠡᠨ ᠦᠢᠯᠡᠳᠦᠯ᠎ᠢ ᠪᠠᠳᠠᠷᠠᠭᠤᠯᠪᠠ᠃
ᠲᠦᠩᠯᠢᠶᠣᠤ ᠬᠣᠲᠠ《〈ᠠᠷᠢᠬᠢᠨ ᠱᠢᠷᠡᠭᠡᠨ᠎ᠦ ᠰᠣᠶᠣᠯ〉᠂ 〈ᠲᠠᠢᠯᠠᠯᠭ᠎ᠠ ᠵᠢᠨ ᠰᠣᠶᠣᠯ〉 ᠵᠡᠷᠭᠡ ᠮᠠᠭᠤ ᠳᠠᠳᠭᠠᠯ᠎ᠢ ᠲᠤᠰᠭᠠᠶ ᠴᠡᠭ᠌ᠴᠡᠯᠡᠨ ᠵᠠᠰᠠᠬᠤ ᠲᠤᠬᠠᠢ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠠᠰᠠᠭᠤᠳᠠᠯ᠎ᠤᠨ ᠨᠠᠷᠢᠨ ᠲᠠᠩᠰᠠ᠎ᠳᠤ ᠵᠢᠭ᠍ᠰᠠᠭᠠᠭ᠍ᠰᠠᠨ 11 ᠵᠦᠶ᠋ᠯ᠎ᠦᠨ ᠦᠵᠡᠭ᠌ᠳᠡᠯ᠎ᠳᠦ ᠬᠠᠨᠳᠤᠯᠭᠠᠲᠤ ᠴᠢᠨᠠᠷ ᠪᠠ ᠬᠡᠷᠡᠭ᠌ᠵᠢᠭᠦᠯᠬᠦ᠌ ᠴᠢᠨᠠᠷ᠎ᠢᠶᠠᠷ ᠴᠢᠩᠭ᠎ᠠ ᠵᠠᠰᠠᠯᠲᠠ᠎ᠶ᠋ᠢᠨ ᠠᠷᠭ᠎ᠠ ᠬᠡᠮᠵᠢᠶ᠎ᠡ ᠵᠢ ᠳᠤᠷᠠᠳᠴᠤ᠌᠂ ᠠᠷᠢᠭᠤᠨ ᠴᠢᠬᠡᠴᠢ ᠨᠥᠬᠥᠳ᠎ᠦᠨ ᠬᠠᠷᠢᠴᠠᠭ᠎ᠠ᠂ ᠶᠣᠰᠣ ᠲᠦᠷᠢᠮ᠎ᠲᠡᠶ ᠳᠡᠭᠡᠷ᠎ᠡ ᠳᠤᠤᠷ᠎ᠠ ᠱᠠᠲᠤᠨ᠎ᠤ ᠬᠠᠷᠢᠴᠠᠭ᠎ᠠ ᠵᠢ ᠪᠦᠷᠢᠯᠳᠦᠬᠦᠯᠬᠦ ᠶ᠋ᠢ ᠠᠬᠢᠭᠤᠯᠪᠠ᠃ ᠬᠤᠤᠯᠢᠨ ᠭᠤᠤᠯ ᠬᠣᠲᠠ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠲᠥᠪ ᠴᠢᠩᠭ᠎ᠠ ᠪᠤᠰᠤ ᠨᠠᠷᠢᠨ ᠬᠢᠨᠠᠮᠠᠭᠠᠶ ᠪᠤᠰᠤ ᠪᠠᠢᠬᠤ ᠠᠰᠠᠭᠤᠳᠠᠯ᠎ᠢ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠴᠡᠭ᠌ᠴᠡᠯᠡᠨ ᠰᠠᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌ ᠬᠡᠷᠡᠭ᠌ᠲᠡᠶ ᠭᠡᠵᠦ᠍ ᠱᠠᠭᠠᠷᠳᠠᠵᠤ᠂ ᠠᠷᠢᠬᠢᠨ ᠱᠢᠷᠡᠭᠡᠨ᠎ᠦ ᠰᠣᠶᠣᠯ᠂ ᠡᠷᠬᠡ ᠮᠥᠩᠭᠥᠨ᠎ᠦ ᠰᠣᠯᠢᠯᠴᠠᠭ᠎ᠠ ᠵᠡᠷᠭᠡ ᠠᠰᠠᠭᠤᠳᠠᠯ ᠣᠷᠣᠱᠢᠵᠤ ᠪᠠᠢᠭ᠎ᠠ ᠨᠢᠭᠡ ᠤᠳᠤᠷᠢᠳᠭᠤ ᠺᠠᠳ᠋ᠷ᠎ᠢ ᠪᠠᠢᠴᠠᠭᠠᠨ ᠱᠢᠶ᠋ᠳᠪᠦᠷᠢᠯᠡᠵᠡᠶ᠃ ᠬᠦᠷᠢᠶ᠎ᠡ ᠬᠣᠱᠢᠭᠤ ᠰᠠᠯᠠᠭᠠᠨ ᠲᠡᠰ᠎ᠤᠨ ᠺᠠᠳ᠋ᠷ᠎ᠤᠨ ᠲᠤᠱᠢᠶᠠᠯ᠎ᠳᠤ ᠲᠣᠮᠢᠯᠠᠬᠤ᠎ᠠᠴᠠ ᠡᠮᠦᠨᠡᠬᠢ ᠤᠯᠤᠰ ᠲᠥᠷᠥ᠎ᠶ᠋ᠢᠨ ᠡᠷᠡᠬᠦᠯ᠎ᠤᠨ ᠪᠠᠢᠴᠠᠭᠠᠯᠲᠠ ᠵᠡᠷᠭᠡ ᠺᠠᠳ᠋ᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠲᠥᠪᠯᠡᠷᠡᠭᠦᠯᠦᠨ ᠵᠠᠰᠠᠬᠤ᠎ᠶ᠋ᠢ ᠡᠳᠦᠷ ᠲᠤᠲᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠢᠩᠭᠤ ᠠᠳᠭᠤᠬᠤ᠎ᠶ᠋ᠢ ᠠᠬᠢᠭᠤᠯᠪᠠ᠃
ᠪᠠᠶᠠᠨᠨᠠᠭᠤᠷ ᠬᠣᠲᠠ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠬᠣᠯᠪᠣᠭ᠍ᠳᠠᠯ ᠪᠥᠬᠥᠶ ᠠᠰᠠᠭᠤᠳᠠᠯ᠎ᠢ ᠣᠯᠠᠨ ᠠᠷᠭ᠎ᠠ ᠵᠠᠮ᠂ ᠣᠯᠠᠨ ᠬᠡᠯᠪᠡᠷᠢ᠎ᠪᠡᠷ ᠪᠠᠢᠴᠠᠭᠠᠨ ᠱᠢᠶ᠋ᠳᠪᠦᠷᠢᠯᠡᠪᠡ᠃ ᠨᠢᠭᠡ᠎ᠳᠦ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠶᠡᠷᠦᠮᠳᠡᠭᠴᠢᠯᠡᠨ ᠳᠤᠷ᠎ᠠ ᠵᠤᠷᠢᠬ᠎ᠤᠨ ᠪᠤᠯᠭᠠᠬᠤ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠵᠤ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠲᠦᠷᠢᠮ᠎ᠢ ᠴᠢᠩᠭ᠎ᠠ ᠬᠡᠷᠡᠭ᠌ᠵᠢᠭᠦᠯᠬᠦ᠌ ᠂ ᠪᠣᠳᠠᠲᠠᠢ ᠬᠡᠷᠡᠭ᠌ᠵᠢᠭᠦᠯᠬᠦ᠌᠎ᠶ᠋ᠢ ᠠᠬᠢᠭᠤᠯᠵᠤ ᠂ 13 ᠨᠠᠮ᠎ᠤᠨ ᠡᠭᠦᠷ᠎ᠢ ᠵᠠᠷᠯᠢᠭ᠍ᠳᠠᠵᠤ 2021 ᠣᠨ᠎ᠤ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠢ ᠲᠠᠬᠢᠨ ᠬᠤᠷᠠᠯᠳᠤᠭᠤᠯᠵᠠᠢ᠃ ᠬᠣᠶᠠᠷ᠎ᠲᠤ᠂ 12 ᠬᠣᠲᠠ᠎ᠶ᠋ᠢᠨ ᠱᠢᠭᠤᠳ ᠬᠠᠷᠢᠶ᠎ᠠ ᠨᠢᠭᠡᠴᠢ᠎ᠶ᠋ᠢᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠤ ᠲᠤᠰᠭᠠᠶ ᠬᠢᠨᠠᠯᠲᠠ ᠲᠠᠯᠪᠢᠨ ᠪᠠᠢᠴᠠᠭᠠᠨ ᠰᠤᠳᠤᠯᠤᠯᠲᠠ ᠬᠢᠪᠡ᠃ ᠭᠤᠷᠪᠠ᠎ᠳᠤ᠂ ᠤᠯᠤᠰ ᠲᠦᠷᠦ᠍᠎ᠶ᠋ᠢᠨ ᠬᠢᠨᠠᠯᠲᠠᠲᠠᠯᠪᠢᠯᠳᠠ ᠶ᠋ᠢᠨ ᠡᠭᠡ ᠳᠠᠨᠭᠰᠠᠨ᠎ᠳᠤ ᠵᠢᠭ᠍ᠰᠠᠭᠠᠨ ᠣᠷᠣᠭᠤᠯᠵᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠵᠠᠰᠠᠵᠤ᠂ 《ᠠᠷᠪᠠᠨ ᠨᠢᠭᠡ ᠵᠢᠴᠢᠩᠭ᠎ᠠ ᠴᠠᠭᠠᠵᠠᠯᠠᠬᠤ》᠎ᠪᠠᠷ ᠭᠣᠣᠯᠳᠠᠯᠭ᠎ᠠ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠵᠦ ᠪᠠᠢᠭ᠎ᠠ ᠪᠠᠢᠳᠠᠯ᠎ᠳᠤ ᠨᠡᠢᠳᠡᠮ ᠬᠢᠨᠠᠯᠲᠠ ᠲᠠᠯᠪᠢᠪᠠ᠃
ᠦᠬᠠᠶ ᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ ᠪᠠᠢᠩᠭᠤ ᠵᠢᠨ ᠰᠠᠨᠠᠭᠤᠯᠤᠮᠵᠢ ᠵᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠲᠦᠷᠢᠮ ᠪᠠ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠭᠤᠤᠯᠳᠠᠯᠭ᠎ᠠ᠎ᠲᠠᠶ ᠡᠭᠦᠷᠭᠡ᠎ᠶ᠋ᠢ ᠪᠡᠶᠡᠯᠡᠭᠦᠯᠦᠭ᠌ᠰᠡᠨ ᠪᠠᠢᠳᠠᠯ᠎ᠢ ᠱᠠᠯᠠᠪᠳᠠᠭᠤᠯᠤᠨ ᠵᠢᠯᠣᠭᠣᠳᠭᠤ ᠠᠵᠢᠯ᠎ᠢ ᠤᠯᠠᠷᠢᠯ ᠪᠦᠷᠢ ᠨᠢᠭᠡ ᠤᠳᠠᠭ᠎ᠠ ᠥᠷᠨᠢᠭᠦᠯᠦᠨ᠂ ᠠᠰᠠᠭᠤᠳᠠᠯ᠎ᠢ ᠴᠠᠭ ᠲᠤᠬᠠᠶ᠎ᠳᠤᠨᠢ ᠬᠠᠷᠢᠭᠤ ᠲᠤᠰᠭᠠᠵᠤ᠂ ᠲᠠᠩᠰᠠ ᠪᠠᠢᠭᠤᠯᠤᠨ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂《ᠱᠠᠯᠠᠪᠳᠠᠭᠤᠯᠤᠨ ᠵᠢᠯᠣᠭᠣᠳᠭᠤ + ᠬᠠᠷᠢᠭᠤᠴᠠᠯᠭᠠᠳᠤᠯᠭᠠᠬᠤ》 ᠠᠷᠭ᠎ᠠ ᠮᠠᠶᠢᠭ᠎ᠢᠶᠠᠷ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠰᠡᠷᠡᠮᠵᠢᠯᠡᠭᠦᠯᠦᠨ ᠵᠢᠷᠤᠮᠵᠢᠭᠤᠯᠵᠤ ᠪᠤᠢ; ᠭᠣᠣᠯᠳᠠᠯᠭ᠎ᠠ᠎ᠲᠠᠶ ᠰᠠᠯᠠᠭ᠎ᠠ ᠮᠥᠴᠢᠷ᠂ ᠭᠣᠣᠯᠳᠠᠯᠭ᠎ᠠ᠎ᠲᠠᠶ ᠠᠵᠢᠯ᠎ᠤᠨ ᠪᠠᠢᠷᠢ᠂ ᠭᠣᠣᠯᠳᠠᠯᠭ᠎ᠠ᠎ᠲᠠᠶ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠴᠢᠬᠡᠴᠢ ᠵᠠᠰᠠᠭ᠎ᠤᠨ ᠠᠶᠤᠯ ᠲᠦᠭ᠌ᠰᠢᠭᠦᠷᠢ᠎ᠶ᠋ᠢᠨ ᠴᠡᠭ᠎ᠢ ᠪᠦᠬᠦ᠌ ᠲᠠᠯ᠎ᠠ᠎ᠪᠠᠷ ᠭᠦᠨᠵᠡᠭᠡᠢ ᠵᠢᠭ᠍ᠰᠠᠭᠠᠨ ᠪᠠᠢᠴᠠᠭᠠᠵᠤ᠂ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠠᠰᠠᠭᠤᠳᠠᠯ ᠡᠭᠦᠰᠭᠦ᠎ᠶ᠋ᠢ ᠡᠬᠢ ᠡᠭᠦᠰᠦᠯ᠎ᠡᠴᠡ ᠨᠢ ᠬᠤᠷᠢᠭᠯᠠᠪᠠ᠃ ᠡᠨᠡ ᠵᠢᠯ᠎ᠡᠴᠡ ᠨᠠᠭᠠᠰᠢ᠂ ᠬᠠᠮᠲᠤ᠎ᠶ᠋ᠢᠨ ᠴᠢᠬᠡᠴᠢ ᠵᠠᠰᠠᠭ᠎ᠤᠨ ᠰᠠᠨᠠᠭᠤᠯᠤᠮᠵᠢ᠎ᠶ᠋ᠢᠨ ᠬᠤᠷᠠᠯ᠎ᠢ 3 ᠤᠳᠠᠭ᠎ᠠ ᠬᠤᠷᠠᠯᠳᠤᠭᠤᠯᠵᠤ᠂ ᠤᠯᠠᠷᠢᠯ᠎ᠤᠨ ᠱᠠᠯᠠᠪᠳᠠᠭᠤᠯᠤᠨ ᠪᠠᠢᠴᠠᠭᠠᠯᠳᠠ ᠶ᠋ᠢ 1 ᠤᠳᠠᠭ᠎ᠠ᠂ ᠴᠢᠬᠡᠴᠢ ᠵᠠᠰᠠᠭ᠎ᠤᠨ ᠲᠦᠭ᠌ᠰᠢᠭᠦᠷᠢ᠎ᠶ᠋ᠢᠨ ᠪᠠᠢᠴᠠᠭᠠᠯᠳᠠ ᠵᠢ 1᠎ᠤᠳᠠᠭ᠎ᠠ ᠦᠷᠨᠢᠬᠦᠯᠪᠡ᠃
ᠲᠦᠷᠢᠮ ᠲᠣᠭ᠍ᠲᠠᠭᠠᠯ ᠲᠤᠭᠳᠠᠭᠠᠬᠤ᠎ᠶ᠋ᠢ ᠪᠠᠷᠢᠮᠳᠠᠯᠠᠵᠤ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠡᠴᠡ ᠡᠬᠢᠯᠡᠨ ᠬᠠᠮᠢᠶᠠᠷᠪᠠ
ᠡᠯ᠎ᠡ ᠭᠠᠵᠠᠷ ᠡᠯ᠎ᠡ ᠨᠢᠭᠡᠴᠢ᠎ᠶ᠋ᠢᠨ ᠬᠢᠨ《ᠣᠳᠣᠬᠠᠨ ᠳ᠋ᠦ ᠵᠠᠰᠠᠬᠤ》ᠪᠠ《ᠤᠷᠳᠤ ᠤᠳᠠᠭᠠᠨ ᠪᠠᠢᠯᠭᠠᠬᠤ》ᠵᠢ ᠠᠭᠤᠰᠤᠯᠴᠠᠭᠤᠯᠵᠤ᠂ ᠲᠥᠪᠯᠡᠷᠡᠭᠦᠯᠦᠨ ᠵᠠᠰᠠᠬᠤ ᠳᠤᠮᠳᠠ ᠢᠯᠡᠷᠡᠭᠦᠯᠦᠭ᠌ᠰᠡᠨ ᠠᠰᠠᠭᠤᠳᠠᠯ᠎ᠢ ᠦᠨᠳᠦᠰᠦᠯᠡᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠤᠨ ᠰᠦᠪᠡᠭ᠌ᠴᠢ᠎ᠶ᠋ᠢ ᠢᠯᠡᠷᠡᠭᠦᠯᠬᠦ᠌᠂ ᠪᠠᠢᠩᠭᠤ ᠰᠠᠨᠠᠭᠤᠯᠬᠤ᠂ ᠰᠡᠳᠭᠢᠯ᠎ᠦᠨ ᠦᠭᠡ᠎ᠪᠡᠨ ᠶᠠᠷᠢᠯᠴᠠᠬᠤ ᠵᠡᠷᠭᠡ ᠲᠦᠷᠢᠮ᠎ᠦᠨ ᠵᠢᠷᠤᠮᠵᠢᠯ᠎ᠢ ᠪᠠᠢᠭᠤᠯᠤᠨ ᠪᠦᠷᠢᠨᠱᠢᠬᠦᠯᠵᠤ᠂ ᠲᠣᠭ᠍ᠲᠠᠴᠠ᠎ᠶ᠋ᠢ ᠪᠦᠷᠢᠨᠱᠢᠬᠦᠯᠬᠦ᠌ ᠪᠡᠷ ᠳᠠᠮᠵᠢᠭᠤᠯᠤᠨ 《ᠦᠨᠳᠦᠰᠦ ᠰᠤᠷᠪᠤᠯᠵᠢ᠎ᠡᠴᠡ ᠨᠢ ᠵᠠᠰᠠᠬᠤ》 ᠵᠢ ᠪᠡᠶᠡᠯᠡᠭᠦᠯᠪᠡ᠃
ᠬᠥᠯᠥᠨ ᠪᠣᠢᠷ ᠬᠣᠲᠠ ᠦᠨᠡᠨ ᠪᠤᠳᠠᠳᠠᠢ ᠦᠷ᠎ᠡ ᠪᠦᠳᠦᠮᠵᠢᠳᠡᠢ ᠲᠦᠷᠢᠮ᠎ᠢ ᠳᠤᠬᠳᠠᠭᠠᠵᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳ᠋ᠡᠬᠢ ᠪᠤᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠵᠠᠰᠠᠪᠠ᠃《ᠱᠢᠨ᠎ᠡ ᠨᠢᠭᠡ ᠬᠤᠭᠤᠴᠠᠭᠠᠨ᠎ᠤ ᠬᠣᠲᠠ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠪᠠᠭ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠲᠣᠭ᠍ᠲᠠᠭᠠᠯ》᠎ᠢ᠋ ᠳᠠᠷᠤᠮᠠᠯᠯᠠᠨ ᠲᠠᠷᠬᠠᠭᠠᠵᠤ᠂ ᠬᠣᠲᠠ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠺᠠᠳ᠋ᠷ᠎ᠤᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠪᠣᠳᠠᠲᠠᠶ ᠱᠠᠭᠠᠷᠳᠠᠯᠭ᠎ᠠ ᠳᠤᠷᠠᠳᠴᠤ᠌᠂ ᠤᠯᠤᠰ ᠲᠥᠷᠥ᠎ᠶ᠋ᠢᠨ ᠲᠠᠯ᠎ᠠ᠎ᠪᠠᠷ ᠪᠠᠲᠤ ᠴᠢᠩᠭ᠎ᠠ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ ᠬᠣᠲᠠ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠪᠠᠭ᠎ᠢ ᠳᠠᠪᠲᠠᠨ ᠪᠣᠯᠪᠠᠰᠤᠷᠠᠭᠤᠯᠪᠠ᠃ ᠺᠠᠳ᠋ᠷ᠎ᠢ ᠲᠤᠬᠢᠷᠠᠭᠤᠯᠬᠤ ᠰᠠᠨᠠᠭᠠᠴᠢᠯᠠᠭ᠎ᠠ ᠭᠠᠷᠭᠠᠬᠤ ᠱᠠᠲᠤᠨ᠎ᠳᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠰᠠᠨᠠᠯ᠎ᠢ ᠰᠣᠨᠣᠰᠭᠤ《ᠠᠷᠭ᠎ᠠ》 ᠵᠢ ᠳᠠᠷᠤᠮᠠᠯᠯᠠᠨ ᠲᠠᠷᠬᠠᠭᠠᠵᠤ᠂ 7 ᠵᠦᠢᠯ᠎ᠦᠨ ᠪᠣᠳᠠᠲᠠᠢ ᠪᠠᠢᠳᠠᠯ᠎ᠢ ᠵᠢᠭ᠍ᠰᠠᠭᠠᠭ᠍ᠰᠠᠨ ᠪᠥᠭᠡᠳ ᠲᠤᠰ ᠲᠤᠰ ᠱᠢᠢᠳᠪᠦᠷᠢᠯᠡᠬᠦ᠌ ᠠᠷᠭ᠎ᠠ ᠬᠡᠮᠵᠢᠶ᠎ᠡ ᠳᠤᠷᠠᠳᠴᠤ᠌᠂ ᠲᠤᠰᠭᠠᠢ ᠬᠥᠮᠦᠨ ᠬᠠᠷᠢᠭᠤᠴᠠᠬᠤ᠂ ᠲᠣᠭ᠍ᠲᠠᠭ᠍ᠰᠠᠨ ᠬᠤᠭᠤᠴᠠᠭᠠᠨ᠎ᠳᠤ ᠬᠠᠷᠢᠭᠤᠯᠲᠠ ᠥᠭ᠌ᠬᠦ ᠵᠡᠷᠭᠡ ᠠᠵᠢᠯ᠎ᠤᠨ ᠲᠣᠭ᠍ᠲᠠᠴᠠ᠎ᠶ᠋ᠢ ᠲᠣᠳᠣᠷᠬᠠᠢᠯᠠᠵᠤ᠂《ᠠᠰᠠᠭᠤᠳᠠᠯ᠎ᠲᠠᠶ ᠬᠥᠮᠦᠨ᠎ᠢ ᠳᠡᠪᠱᠢᠭᠦᠯᠬᠦ᠌》᠂ 《ᠠᠰᠠᠭᠤᠳᠠᠯ᠎ᠲᠠᠶ ᠬᠥᠮᠦᠨ᠎ᠢ ᠬᠡᠷᠡᠭ᠌ᠯᠡᠬᠦ᠌》 ᠵᠢ ᠦᠨᠡᠨ ᠬᠦ᠌ ᠰᠡᠷᠭᠡᠢᠯᠡᠪᠡ᠃
ᠣᠷᠳᠣᠰ᠎ᠤᠨ ᠠᠮᠢ ᠠᠬᠤᠶ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠤᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠰᠤᠷᠭᠠᠨ ᠬᠥᠮᠦᠵᠢᠯ᠎ᠦᠨ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠬᠦ᠌ ᠲᠠᠢ ᠤᠶᠠᠯᠳᠤᠭᠤᠯᠤᠨ ᠨᠠᠢᠳᠠᠪᠤᠷᠢᠵᠢᠭᠤᠯᠵᠤ᠂ ᠦᠢᠯᠡ ᠠᠵᠢᠯᠯᠠᠭ᠎ᠠ᠎ᠶ᠋ᠢᠨ ᠪᠠᠷᠢᠮᠵᠢᠶ᠎ᠠ᠂ ᠪᠠᠢᠩᠭᠤ ᠬᠢᠨᠠᠯᠲᠠ ᠲᠠᠯᠪᠢᠯᠳᠠ᠂ ᠴᠢᠩᠭ᠎ᠠ ᠰᠢᠢᠳᠪᠦᠷᠢᠯᠡᠬᠦ ᠭᠤᠷᠪᠠᠨ ᠳᠡᠰ ᠳᠠᠪᠬᠤᠷᠭ᠎ᠠ᠎ᠶ᠋ᠢᠨ ᠰᠤᠷᠭᠠᠭᠤᠯᠢ᠎ᠶ᠋ᠢᠨ ᠰᠤᠷᠲᠠᠯ ᠰᠤᠷᠤᠯᠴᠠᠬᠤ ᠰᠤᠷᠲᠠᠯ ᠪᠠᠭ᠍ᠰᠢ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠰᠢᠭᠦᠯᠵᠦ᠂ 《ᠪᠠᠭ᠍ᠰᠢ᠎ᠶ᠋ᠢᠨ ᠶᠣᠰᠣ ᠮᠣᠷᠠᠯᠬᠡᠪ ᠲᠠᠭᠤᠷᠢᠶᠠᠯ᠎ᠡᠴᠡ ᠭᠠᠵᠢᠭ᠍ᠰᠠᠨ ᠦᠶ᠋ᠯᠡ ᠠᠵᠢᠯᠯᠠᠭ᠎ᠠ᠎ᠶ᠋ᠢᠨ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ》᠎ᠪᠠᠷ ᠭᠤᠤᠯ ᠪᠣᠯᠭᠠᠭ᠍ᠰᠠᠨ ᠦᠶ᠋ᠯᠡ ᠠᠵᠢᠯᠯᠠᠭ᠎ᠠ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠂《ᠤᠳᠤᠷᠢᠳᠭᠤ ᠺᠠᠳ᠋ᠷ ᠴᠢᠬᠤᠯᠠ ᠶᠡᠬᠡ ᠤᠴᠢᠷ ᠶᠠᠪᠤᠳᠠᠯ᠎ᠳᠤ ᠭᠠᠷ ᠲᠦᠷᠢᠭᠰᠡᠨ ᠲᠡᠮᠳᠡᠭ᠌ᠯᠡᠯ᠎ᠦᠨ ᠮᠡᠳᠡᠭᠦᠯᠦᠯᠲᠡ᠎ᠶ᠋ᠢᠨ ᠲᠦᠷᠢᠮ》᠂《ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠡᠳᠦᠷ ᠲᠤᠳᠤᠮ᠎ᠤᠨ ᠬᠢᠨᠠᠯᠲᠠ ᠲᠠᠯᠪᠢᠬᠤ ᠠᠷᠭ᠎ᠠ(ᠲᠤᠷᠱᠢᠨ ᠬᠡᠷᠡᠭ᠌ᠵᠢᠭᠦᠯᠬᠦ᠌)》 ᠪᠡᠷ ᠭᠣᠣᠯ ᠪᠣᠯᠭᠠᠭ᠍ᠰᠠᠨ ᠠᠰᠠᠭᠤᠳᠠᠯ᠎ᠳᠤ ᠬᠢᠨᠠᠯᠲᠠ ᠲᠠᠯᠪᠢᠬᠤ ᠱᠢᠰᠲ᠋ᠧᠮ ᠪᠠ《ᠠᠷᠢᠭᠤᠨ ᠴᠢᠬᠡᠴᠢ᠎ᠪᠡᠷ ᠵᠠᠰᠠᠭ ᠪᠠᠷᠢᠬᠤ ᠲᠤᠬᠠᠢ ᠶᠠᠷᠢᠯᠴᠠᠭ᠎ᠠ᠎ᠶ᠋ᠢ ᠬᠡᠷᠡᠭ᠌ᠵᠢᠭᠦᠯᠬᠦ᠌ ᠠᠷᠭ᠎ᠠ》᠂ 《ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠢᠴᠢ ᠠᠯᠪᠠᠨ ᠲᠤᠱᠢᠶᠠᠯᠲᠠᠨ᠎ᠤ ᠰᠠᠬᠢᠯᠭ᠎ᠠ ᠪᠠᠲᠤ ᠲᠦᠷᠢᠮ ᠲᠣᠭ᠍ᠲᠠᠭᠠᠯ᠎ᠢ ᠵᠥᠷᠢᠴᠡᠭ᠌ᠰᠡᠨ ᠠᠰᠠᠭᠤᠳᠠᠯ᠎ᠢ ᠱᠢᠯᠵᠢᠭᠦᠯᠦᠨ ᠬᠦᠷᠭᠡᠵᠦ᠍ ᠱᠢᠢᠳᠪᠦᠷᠢᠯᠡᠬᠦ᠌ ᠠᠷᠭ᠎ᠠ》᠂《ᠪᠠᠭ᠍ᠰᠢ᠎ᠶ᠋ᠢᠨ ᠶᠣᠰᠣ ᠮᠣᠷᠠᠯ ᠬᠡᠪ ᠲᠠᠭᠤᠷᠢᠶᠠᠯ᠎ᠡᠴᠡ ᠭᠠᠵᠢᠬᠰᠠᠨ ᠠᠵᠢᠯᠯᠠᠭ᠎ᠠ᠎ᠶ᠋ᠢ ᠱᠢᠢᠳᠪᠦᠷᠢᠯᠡᠬᠦ᠌ ᠠᠷᠭ᠎ᠠ(ᠲᠤᠷᠱᠢᠨ ᠬᠡᠷᠡᠭ᠌ᠵᠢᠭᠦᠯᠬᠦ᠌)》᠎ᠪᠡᠷ ᠭᠣᠣᠯ ᠪᠣᠯᠭᠠᠭ᠍ᠰᠠᠨ ᠱᠢᠢᠳᠪᠦᠷᠢᠯᠡᠬᠦ᠌ ᠱᠢᠰᠲ᠋ᠧᠮ᠎ᠢ ᠪᠠᠢᠭᠤᠯᠵᠤ᠂ ᠤᠳᠤᠷᠢᠳᠭᠤ ᠺᠠᠳ᠋ᠷ ᠪᠠ ᠪᠠᠭ᠍ᠰᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠨᠠᠮ᠎ᠤᠨ ᠰᠤᠷᠲᠠᠯ ᠲᠦᠪ ᠴᠢᠭᠡᠴᠢ᠂ ᠰᠤᠷᠭᠠᠭᠤᠯᠢ᠎ᠶ᠋ᠢᠨ ᠰᠤᠷᠲᠠᠯ ᠠᠷᠢᠭᠤᠨ ᠳᠤᠩᠭᠠᠯᠠᠭ᠂ ᠪᠠᠭ᠍ᠰᠢ᠎ᠶ᠋ᠢᠨ ᠰᠤᠷᠲᠠᠯ ᠠᠷᠢᠭᠤᠨ ᠴᠢᠬᠡᠴᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ ᠵᠢ ᠬᠦᠴᠦᠯᠡᠨ ᠪᠠᠢᠭᠤᠯᠤᠬᠰᠠᠨ ᠪᠠᠢᠨ᠎ᠠ᠃
ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠨᠠᠮ᠎ᠤᠨ ᠬᠣᠷᠢᠶᠠᠨ᠎ᠤ ᠣᠷᠣᠨ ᠲᠣᠭ᠎ᠠ᠎ᠶ᠋ᠢᠨ ᠵᠦᠪᠯᠡᠯ᠎ᠤᠨ ᠠᠯᠪᠠᠨ ᠬᠡᠷ《ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ ᠪᠠᠢᠩᠭᠤ᠎ᠶ᠋ᠢᠨ ᠰᠠᠨᠠᠭᠤᠯᠤᠮᠵᠢ᠎ᠶ᠋ᠢᠨ ᠲᠦᠷᠢᠮ》᠎ᠢ᠋ ᠰᠤᠳᠤᠯᠤᠨ ᠲᠣᠭ᠍ᠲᠠᠭᠠᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠴᠤᠬᠤᠢᠯᠲᠠ᠎ᠶ᠋ᠢᠨ ᠴᠢᠨᠠᠷᠲᠠᠶ᠂ ᠬᠡᠯᠪᠡᠷᠢᠯ᠎ᠦᠨ ᠴᠢᠨᠠᠷᠲᠠᠶ ᠠᠰᠠᠭᠤᠳᠠᠯ ᠵᠢᠡᠷ ᠤᠷᠢᠲᠠᠯ ᠪᠣᠯᠭᠠᠵᠤ᠂ ᠪᠠᠢᠩᠭᠤ ᠰᠠᠨᠠᠭᠤᠯᠬᠤ ᠦᠨᠳᠦᠰᠦᠨ ᠵᠠᠷᠴᠢᠮ᠂ ᠠᠷᠭ᠎ᠠ ᠬᠡᠯᠪᠡᠷᠢ᠂ ᠲᠠᠰ ᠳᠠᠷᠠᠭᠠᠯᠠᠯ ᠠᠯᠬᠤᠮ ᠳᠠᠷᠠᠭ᠎ᠠ ᠵᠡᠷᠭᠡ᠎ᠳᠦ ᠪᠣᠳᠠᠲᠠᠶ ᠲᠣᠭ᠍ᠲᠠᠭᠠᠯ ᠭᠠᠷᠭᠠᠵᠤ᠂ 《ᠡᠪᠡᠳᠴᠢᠨ᠎ᠢ ᠤᠷᠢᠳᠴᠢᠯᠠᠨ ᠵᠠᠰᠠᠬᠤ 》 ᠦᠷ᠎ᠡ ᠪᠦᠲᠦᠮᠵᠢ ᠵᠢ ᠤᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃