ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-05-31 09:45:13

ᠵᠣᠬᠢᠶᠠᠭ᠍ᠴᠢ᠄ ᠰᠦᠩ ᠱᠤᠸᠠᠩ ᠰᠤ᠌ ᠪᠦᠸᠸ ᠣᠩᠱᠢᠭ᠍ᠰᠠᠨ ᠣᠳᠠᠭ᠎ᠠ᠄ 3

ᠣᠢᠷ᠎ᠠ ᠶ᠋ᠢᠨ ᠬᠤᠭᠤᠴᠠᠭᠠᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠥᠮᠴᠢᠯᠡᠯᠳᠤ ᠡᠳ᠋ ᠬᠥᠷᠥᠩᠭᠡ ᠶ᠋ᠢᠨ ᠬᠢᠨᠠᠯᠲᠠ ᠬᠠᠮᠢᠶᠠᠷᠤᠯᠲᠠ ᠶ᠋ᠢᠨ ᠵᠥᠪᠯᠡᠯ ᠤ᠋ᠨ ᠨᠠᠮ ᠤ᠋ᠨ ᠬᠣᠷᠢᠶ᠎ᠠ ᠡᠴᠡ ᠠᠵᠤ ᠠᠬᠤᠢᠯᠠᠯ ᠢ᠋ ᠵᠣᠬᠢᠶᠠᠨ ᠪᠠᠢᠭᠤᠯᠤᠨ ᠬᠢᠨᠠᠨ ᠬᠠᠮᠢᠶᠠᠷᠴᠤ᠌ ᠪᠠᠢᠭᠠᠳ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠢ᠋ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠤ᠋ᠨ ᠥᠮᠴᠢᠯᠡᠯᠳᠤ ᠡᠳ᠋ ᠬᠥᠷᠥᠩᠭᠡ ᠤᠯᠤᠰ ᠤ᠋ᠨ ᠥᠮᠴᠢᠯᠡᠯᠳᠤ ᠠᠵᠤ ᠠᠬᠤᠢᠯᠠᠯ ᠤ᠋ᠨ ᠱᠢᠰᠲ᠋ᠧᠮ ᠳ᠋ᠤ ᠬᠡᠷᠡᠭ ᠢ᠋ᠢᠡᠷ ᠦᠭᠡᠷᠡᠴᠢᠯᠡᠯᠲᠡ ᠢ᠋ᠢ ᠠᠬᠢᠭᠤᠯᠬᠤ ᠪᠠ ᠤᠯᠤᠰ ᠤ᠋ᠨ ᠦᠮᠴᠢᠯᠡᠯᠳᠤ ᠠᠵᠤ ᠠᠬᠤᠢᠯᠠᠯ ᠤ᠋ᠨ 《ᠠᠷᠪᠠᠨ ᠰᠠᠮᠠᠭᠤᠨ》 ᠢ᠋ ᠴᠡᠭ᠌ᠴᠡᠯᠡᠨ ᠵᠠᠰᠠᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠲᠡᠶ ᠤᠶᠠᠯᠳᠤᠭᠤᠯᠤᠨ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠢ᠋ᠢ ᠭᠦᠶ᠋ᠴᠡᠳᠭᠡᠵᠦ᠍᠂ ᠲᠥᠪᠯᠡᠷᠡᠭᠦᠯᠦᠨ ᠵᠠᠰᠠᠬᠤ 6 ᠵᠦᠶ᠋ᠯ ᠤ᠋ᠨ ᠭᠤᠤᠯᠳᠠᠯᠭ᠎ᠠ ᠲᠠᠶ ᠡᠭᠦᠷᠭᠡ ᠶ᠋ᠢ ᠨᠠᠷᠢᠯᠢᠭ ᠨᠠᠢᠳᠠᠪᠤᠷᠢᠵᠢᠭᠤᠯᠤᠨ᠂ ᠲᠥᠪ ᠴᠢᠩᠭ᠎ᠠ ᠨᠠᠷᠢᠨ ᠬᠢᠨᠠᠮᠠᠭᠠᠶ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠵᠢᠡᠷ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶ᠋ᠢᠨ ᠠᠮᠢ ᠠᠬᠤᠶ ᠶ᠋ᠢ ᠪᠣᠶ ᠪᠣᠯᠭᠠᠪᠠ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠦᠮᠴᠢᠯᠡᠯᠳᠤ ᠡᠳ᠋ ᠬᠥᠷᠥᠩᠭᠡ ᠶ᠋ᠢᠨ ᠬᠢᠨᠠᠯᠲᠠ ᠬᠠᠮᠢᠶᠠᠷᠤᠯᠲᠠ ᠶ᠋ᠢᠨ ᠵᠥᠪᠯᠡᠯ ᠡᠴᠡ ᠠᠵᠤ ᠠᠬᠤᠢᠯᠠᠯ ᠢ᠋ ᠬᠢᠨᠠᠨ ᠬᠠᠮᠢᠶᠠᠷᠴᠦ ᠪᠠᠢᠭᠠᠳ 450 ᠤᠳᠠᠭ᠎ᠠ ᠲᠤᠰᠭᠠᠶ ᠰᠡᠳᠦᠪ ᠵᠢᠡᠷ ᠰᠤᠷᠤᠯᠴᠠᠨ ᠰᠤᠳᠤᠯᠤᠨ ᠶᠠᠷᠢᠯᠴᠠᠵᠤ᠂ 1861 ᠠᠰᠠᠭᠤᠳᠠᠯ ᠢ᠋ ᠪᠠᠢᠴᠠᠭᠠᠨ ᠭᠠᠷᠭᠠᠵᠤ ᠴᠡᠭ᠌ᠴᠡᠯᠡᠨ ᠰᠠᠢᠵᠢᠷᠠᠭᠤᠯᠵᠤ᠂ 161 ᠲᠦᠷᠢᠮ ᠲᠣᠭ᠍ᠲᠠᠭᠠᠯ ᠢ᠋ ᠪᠠᠢᠭᠤᠯᠤᠨ ᠲᠡᠭᠦᠯᠳᠡᠷᠵᠢᠭᠦᠯᠦᠭᠰᠡᠨ ᠪᠠᠢᠨ᠎ᠠ ᠃


ᠥᠪᠥᠷ ᠮᠣᠩᠭᠣᠯ ᠤ᠋ᠨ ᠡᠨᠧᠷᠭᠢ ᠶ᠋ᠢᠨ ᠪᠦᠯᠦᠭ᠌ᠯᠡᠯ ᠤ᠋ᠨ ᠨᠠᠮ ᠤ᠋ᠨ ᠬᠣᠷᠢᠶ᠎ᠠ᠄ 《ᠳᠥᠷᠪᠡᠨ ᠦᠭᠡ ᠶ᠋ᠢᠨ ᠤᠩᠱᠢᠯᠭ᠎ᠠ》 ᠢ᠋ᠢ ᠰᠠᠢᠲᠤᠷ ᠤᠡᠭᠰᠢᠨ᠎ᠠ

ᠦᠪᠤᠷ ᠮᠤᠩᠭᠤᠯ ᠤ᠋ᠨ ᠡᠨᠧᠷᠭᠢ ᠶ᠋ᠢᠨ ᠪᠦᠯᠦᠭ᠌ᠯᠡᠯ ᠤ᠋ᠨ ᠨᠠᠮ ᠤ᠋ᠨ ᠬᠣᠷᠢᠶ᠎ᠠ ᠠᠰᠠᠭᠤᠳᠠᠯ ᠵᠢᠡᠷ ᠤᠳᠤᠷᠢᠳᠤᠮᠵᠢ ᠪᠣᠯᠭᠠᠬᠤ ᠶ᠋ᠢ ᠳᠣᠪᠣᠢᠯᠭᠠᠨ᠂ ᠶᠠᠰᠤ ᠴᠢᠨᠠᠷ ᠦᠷ᠎ᠡ ᠪᠦᠲᠦᠮᠵᠢ ᠳ᠋ᠤ ᠠᠩᠬᠠᠷᠤᠯ ᠵᠢᠡᠨ ᠲᠥᠪᠯᠡᠷᠡᠭᠦᠯᠵᠦ᠂ ᠲᠥᠪᠯᠡᠷᠡᠭᠦᠯᠦᠨ ᠵᠠᠰᠠᠬᠤ ᠭᠤᠤᠯᠳᠠᠯᠭ᠎ᠠ ᠲᠠᠶ ᠡᠭᠦᠷᠭᠡ ᠶ᠋ᠢ ᠴᠢᠨᠠᠷ ᠰᠠᠢᠲᠠᠶ ᠪᠡᠶᠡᠯᠡᠭᠦᠯᠬᠦ᠌ ᠶ᠋ᠢ ᠠᠬᠢᠭᠤᠯᠵᠤ ᠪᠤᠢ᠃ ᠨᠢᠭᠡ ᠳ᠋ᠤ᠂ 《ᠲᠣᠳᠣᠷᠬᠠᠢ》 ᠪᠠᠢᠯᠭᠠᠬᠤ ᠳᠡᠭᠡᠷ᠎ᠡ ᠬᠦᠴᠦ᠍ ᠲᠠᠯᠪᠢᠵᠤ᠂ 《ᠴᠢᠨᠠᠷ ᠰᠠᠢᠲᠠᠢ》 ᠪᠡᠷ ᠡᠬᠢᠯᠡᠬᠦᠯᠦᠨ ᠪᠠᠢᠷᠢᠯᠠᠭᠤᠯᠬᠤ ᠶ᠋ᠢ ᠦᠨᠡᠨ ᠬᠦ᠌ ᠪᠠᠲᠤᠯᠠᠪᠠ᠃ 33 ᠬᠠᠷᠢᠶ᠎ᠠ ᠨᠠᠮ ᠤ᠋ᠨ ᠬᠣᠷᠢᠢ᠎ᠠ (ᠨᠠᠮ ᠤ᠋ᠨ ᠶᠡᠷᠦᠩᠬᠡᠢ ᠡᠭᠦᠷ) ᠦᠳᠲᠡᠷ ᠲᠦᠷᠭᠡᠨ ᠬᠦᠳᠡᠯᠤᠯᠴᠠᠵᠤ᠂ ᠪᠦᠬᠦ᠌ ᠲᠠᠯ᠎ᠠ ᠪᠠᠷ ᠡᠬᠢᠯᠡᠬᠦᠯᠵᠤ ᠲᠥᠪᠯᠡᠷᠡᠭᠦᠯᠦᠨ ᠵᠠᠰᠠᠪᠠ᠃ ᠬᠣᠶᠠᠷ ᠲᠦ᠍᠂ 《ᠱᠢᠨ᠎ᠡ》 ᠪᠠᠢᠬᠤ ᠲᠠᠯ᠎ᠠ ᠪᠠᠷ ᠱᠢᠪᠲᠤᠯᠤᠯᠲᠠ ᠭᠠᠷᠭᠠᠵᠤ᠂ ᠲᠤᠰᠭᠠᠶ ᠰᠡᠳᠦᠪᠲᠦ ᠬᠥᠮᠦᠵᠢᠯ ᠤ᠋ᠨ 《ᠪᠦᠲᠦᠮᠵᠢᠲᠡᠶ》 ᠪᠠᠢᠬᠤ ᠶ᠋ᠢ ᠦᠨᠡᠨ ᠬᠦ᠌ ᠪᠠᠲᠤᠯᠠᠪᠠ᠃ ᠭᠤᠷᠪᠠ ᠳ᠋ᠤ᠂ 《ᠭᠦᠨᠵᠡᠭᠡᠢᠷᠡᠭᠦᠯᠬᠦ᠌》 ᠳᠡᠭᠡᠷ᠎ᠡ ᠪᠣᠳᠠᠲᠠᠶ ᠠᠷᠭ᠎ᠠ ᠭᠠᠷᠭᠠᠵᠤ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠳ᠋ᠤ 《ᠠᠷᠭ᠎ᠠ ᠲᠠᠶ ᠪᠠᠢᠬᠤ》 ᠢ᠋ᠢ ᠦᠨᠡᠨ ᠬᠦ᠌ ᠪᠠᠲᠤᠯᠠᠪᠠ᠃ 9 ᠲᠠᠯ᠎ᠠ ᠶ᠋ᠢᠨ ᠠᠰᠠᠭᠤᠳᠠᠯ ᠢ᠋ ᠡᠮᠬᠢᠯᠡᠨ ᠭᠠᠷᠭᠠᠵᠤ᠂ 11 ᠵᠤᠷᠪᠤᠰ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠶ᠋ᠢ ᠲᠣᠭ᠍ᠲᠠᠭᠠᠪᠠ᠃ ᠳᠥᠷᠪᠡ ᠳ᠋ᠤ᠂ 《ᠠᠭᠤᠰᠤᠯᠴᠠᠯ》 ᠳᠡᠭᠡᠷ᠎ᠡ ᠬᠦᠴᠦ᠍ ᠣᠷᠣᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶ᠋ᠢ ᠦᠨᠡᠨ ᠬᠦ᠌ ᠪᠠᠲᠤᠯᠠᠪᠠ᠃


ᠪᠤᠭᠤᠲᠤ ᠶ᠋ᠢᠨ ᠪᠣᠯᠣᠳ ᠲᠡᠮᠦᠷ ᠤ᠋ᠨ ᠪᠦᠯᠦᠭ᠌ᠯᠡᠯ ᠤ᠋ᠨ ᠨᠠᠮ ᠤ᠋ᠨ ᠬᠣᠷᠢᠶ᠎ᠠ᠄ ᠲᠥᠪᠯᠡᠷᠡᠭᠦᠯᠦᠨ ᠵᠠᠰᠠᠬᠤ ᠶ᠋ᠢ ᠬᠦᠴᠦᠲᠡᠶ ᠪᠥᠭᠡᠳ ᠡᠮᠬᠢ ᠵᠢᠷᠤᠮ ᠲᠠᠶ ᠠᠬᠢᠭᠤᠯᠤᠨ᠎ᠠ

ᠪᠤᠭᠤᠲᠤ ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠤ᠋ᠨ ᠨᠠᠮ ᠤ᠋ᠨ ᠬᠤᠷᠢᠶ᠎ᠠ ᠪᠠᠢᠷᠢᠯᠠᠭᠤᠯᠤᠯᠲᠠ ᠱᠠᠭᠠᠷᠳᠠᠯᠭ᠎ᠠ ᠶ᠋ᠢ ᠴᠢᠩᠭ᠎ᠠ ᠡᠵᠡᠮᠳᠡᠨ᠂ ᠭᠣᠣᠯᠳᠠᠯᠭ᠎ᠠ ᠪᠠ ᠵᠠᠩᠭᠢᠯᠠᠭ᠎ᠠ ᠶ᠋ᠢ ᠡᠵᠡᠮᠳᠡᠵᠦ᠍᠂ ᠲᠥᠪᠯᠡᠷᠡᠭᠦᠯᠦᠨ ᠵᠠᠰᠠᠬᠤ ᠠᠵᠢᠯ ᠢ᠋ ᠯᠠᠪᠳᠠᠭᠤᠨ ᠪᠠᠲᠤᠲᠠᠢ ᠥᠷᠨᠢᠭᠦᠯᠪᠠ᠃ ᠨᠢᠭᠡ ᠳ᠋ᠤ᠂ ᠭᠤᠤᠯᠳᠠᠯᠭ᠎ᠠ ᠲᠠᠶ ᠡᠲᠡᠭᠡᠳ ᠢ᠋ ᠲᠣᠳᠣᠷᠬᠠᠢᠯᠠᠵᠤ᠂ ᠲᠥᠪᠯᠡᠷᠡᠭᠦᠯᠦᠨ ᠵᠠᠰᠠᠬᠤ ᠳ᠋ᠤ ᠣᠷᠣᠯᠴᠠᠬᠤ ᠭᠤᠤᠯᠳᠠᠯᠭ᠎ᠠ ᠲᠠᠶ ᠡᠲᠡᠭᠡᠳ ᠢ᠋ ᠲᠣᠭ᠍ᠲᠠᠭᠠᠪᠠ᠃ ᠬᠣᠶᠠᠷ ᠲᠦ᠍᠂ ᠦᠵᠡᠯ ᠰᠠᠨᠠᠭᠠᠨ ᠤ᠋ ᠬᠥᠮᠦᠵᠢᠯ ᠢ᠋ ᠴᠢᠩᠭᠠᠳᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢ ᠲᠥᠪᠯᠡᠷᠡᠭᠦᠯᠦᠨ ᠵᠠᠰᠠᠬᠤ ᠪᠦᠬᠦ᠌ ᠶᠠᠪᠤᠴᠠ ᠳ᠋ᠤ ᠲᠤᠭᠤᠰᠢᠯᠠᠭᠤᠯᠪᠠ᠃ ᠭᠤᠷᠪᠠ ᠳ᠋ᠤ᠂ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠲᠥᠪᠯᠡᠷᠡᠭᠦᠯᠦᠨ ᠵᠠᠰᠠᠬᠤ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠭᠦᠨᠵᠡᠭᠡᠶ ᠨᠠᠢᠳᠠᠪᠤᠷᠢᠵᠢᠭᠤᠯᠬᠤ ᠶ᠋ᠢ ᠴᠢᠩᠭ᠎ᠠ ᠬᠢᠨᠠᠨ ᠵᠢᠯᠤᠭᠤᠳᠪᠠ᠃ ᠳᠥᠷᠪᠡ ᠳ᠋ᠤ᠂ ᠠᠰᠠᠭᠤᠳᠠᠯ ᠵᠢᠡᠷ ᠤᠳᠤᠷᠢᠳᠤᠮᠵᠢ ᠪᠣᠯᠭᠠᠬᠤ ᠶ᠋ᠢ ᠳᠣᠪᠣᠢᠯᠭᠠᠵᠤ᠂ ᠠᠰᠠᠭᠤᠳᠠᠯ ᠢ᠋ ᠡᠷᠢᠵᠦ᠍ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠪᠠ ᠲᠦᠷᠢᠮ ᠲᠣᠭ᠍ᠲᠠᠭᠠᠯ ᠲᠣᠭ᠍ᠲᠠᠭᠠᠬᠤ ᠶ᠋ᠢ ᠨᠢᠭᠡ ᠴᠣᠭ᠍ᠴᠠ ᠪᠣᠯᠭᠠᠨ ᠠᠳᠬᠤᠪᠠ᠃ ᠲᠠᠪᠤ ᠳ᠋ᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶ᠋ᠢ ᠴᠢᠬᠤᠯᠠᠴᠢᠯᠠᠵᠤ᠂ ᠺᠠᠳ᠋ᠷ ᠠᠵᠢᠯᠳᠠᠨ ᠤ᠋ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠂ ᠠᠵᠢᠯ ᠬᠢᠵᠦ᠍ ᠦᠢᠯᠡᠰ ᠪᠤᠰᠭᠠᠬᠤ ᠴᠤᠭ ᠰᠦᠯᠳᠡ ᠶ᠋ᠢ ᠪᠦᠬᠦ᠌ ᠲᠠᠯ᠎ᠠ ᠪᠠᠷ ᠳᠡᠭᠡᠭ᠌ᠰᠢᠯᠡᠭᠦᠯᠪᠠ᠃


ᠮᠸᠩ ᠱᠠᠩ ᠪᠠᠩᠬᠢ ᠶ᠋ᠢᠨ ᠨᠠᠮ ᠤ᠋ᠨ ᠬᠣᠷᠢᠶ᠎ᠠ᠄ 《ᠭᠤᠷᠪᠠ ᠶ᠋ᠢ ᠪᠣᠳᠠᠲᠠᠢᠵᠢᠭᠤᠯᠵᠤ》 ᠲᠥᠪᠯᠡᠷᠡᠭᠦᠯᠦᠨ ᠵᠠᠰᠠᠬᠤ ᠶᠠᠰᠤ ᠴᠢᠨᠠᠷ ᠦᠷ᠎ᠡ ᠠᠱᠢᠭ ᠢ᠋ ᠳᠡᠭᠡᠭᠰᠢᠯᠡᠬᠦᠯᠤᠨ᠎ᠠ

ᠮᠸᠩ ᠱᠠᠩ ᠪᠠᠩᠬᠢ ᠶ᠋ᠢᠨ ᠨᠠᠮ ᠤ᠋ᠨ ᠬᠣᠷᠢᠶ᠎ᠠ ᠵᠣᠬᠢᠶᠠᠨ ᠪᠠᠢᠭᠤᠯᠤᠯᠲᠠ ᠵᠢᠨ ᠱᠢᠰᠲ᠋ᠧᠮ ᠢ᠋ ᠪᠠᠢᠭᠤᠯᠤᠨ ᠲᠡᠭᠦᠯᠳᠡᠷᠵᠢᠭᠦᠯᠬᠦ᠌ ᠪᠡᠷ ᠭᠠᠷᠳᠠᠴᠠ ᠪᠣᠯᠭᠠᠨ᠂ ᠰᠤᠷᠤᠯᠴᠠᠬᠤ ᠪᠠ ᠬᠢᠬᠦ ᠢ᠋ᠢ ᠤᠶᠠᠯᠳᠤᠭᠤᠯᠬᠤ᠂ ᠮᠡᠳᠡᠵᠤ ᠠᠪᠬᠤ ᠪᠠ ᠬᠢᠬᠦ ᠢ᠋ᠢ ᠨᠢᠭᠡᠳᠬᠡᠬᠦ ᠪᠡᠷ ᠠᠷᠭ᠎ᠠ ᠪᠤᠯᠭᠠᠵᠤ᠂ ᠲᠦᠪᠯᠡᠷᠡᠭᠦᠯᠦᠨ ᠵᠠᠰᠠᠬᠤ ᠠᠵᠢᠯ ᠢ᠋ ᠴᠢᠩᠭ᠎ᠠ ᠬᠦᠴᠦᠲᠡᠶ ᠪᠦᠭᠡᠳ ᠦᠷ᠎ᠠ ᠪᠦᠲᠦᠮᠵᠢᠲᠡᠶ ᠥᠷᠨᠢᠬᠦᠯᠪᠡ᠃ ᠨᠢᠭᠡ ᠳ᠋ᠤ᠂ ᠡᠭᠦᠷᠭᠡ ᠲᠣᠭ᠍ᠲᠠᠭᠠᠵᠤ ᠬᠠᠷᠢᠭᠤᠴᠠᠯᠭ᠎ᠠ ᠶ᠋ᠢ ᠲᠣᠳᠣᠷᠬᠠᠢᠯᠠᠵᠤ᠂ ᠵᠣᠬᠢᠶᠠᠨ ᠪᠠᠢᠭᠤᠯᠤᠯᠲᠠ ᠵᠢᠨ ᠤᠳᠤᠷᠢᠳᠤᠯᠭ᠎ᠠ ᠵᠢ ᠪᠣᠳᠠᠲᠠᠢᠵᠢᠭᠤᠯᠪᠠ᠃ ᠬᠣᠶᠠᠷ ᠲᠦ᠍᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠵᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ᠋ ᠪᠣᠳᠠᠲᠠᠢᠵᠢᠭᠤᠯᠪᠠ᠃ ᠤᠷᠢᠳ ᠬᠣᠵᠢᠳ ᠲᠥᠪᠯᠡᠷᠡᠭᠦᠯᠦᠨ ᠵᠠᠰᠠᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠵᠦ᠍᠂ ᠲᠥᠪᠯᠡᠷᠡᠭᠦᠯᠦᠨ ᠵᠠᠰᠠᠬᠤ ᠲᠤᠰᠭᠠᠶ ᠰᠡᠳᠦᠪᠲᠦ ᠬᠥᠮᠦᠵᠢᠯ ᠤ᠋ᠨ 《ᠬᠠᠮ ᠠᠷᠭ᠎ᠠ ᠬᠡᠮᠵᠢᠶ᠎ᠡ》 ᠵᠢ ᠬᠡᠷᠡᠭᠯᠡᠭᠰᠡᠨ ᠪᠠᠢᠨ᠎ᠠ᠃ ᠭᠤᠷᠪᠠ ᠳ᠋ᠤ᠂ ᠲᠣᠪᠣᠢᠮ᠎ᠠ ᠠᠰᠠᠭᠤᠳᠠᠯ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠴᠡᠭ᠌ᠴᠡᠯᠡᠨ ᠰᠠᠢᠵᠢᠷᠠᠭᠤᠯᠬᠤ ᠵᠢ ᠨᠠᠢᠳᠠᠪᠤᠷᠢᠵᠢᠭᠤᠯᠪᠠ᠃ ᠲᠥᠪᠯᠡᠷᠡᠭᠦᠯᠦᠨ ᠵᠠᠰᠠᠬᠤ ᠵᠢ ᠮᠸᠩ ᠱᠠᠩ ᠪᠠᠩᠬᠢ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠪᠣᠳᠠᠲᠤ ᠴᠣᠭ᠍ᠴᠠ ᠵᠢᠨ ᠠᠵᠤ ᠠᠬᠤᠶ ᠳ᠋ᠤ ᠦᠶ᠋ᠯᠡᠴᠢᠯᠡᠬᠦ᠌᠂ ᠮᠥᠩᠭᠥᠨ ᠭᠦᠶ᠋ᠯᠭᠡᠭᠡᠨ ᠤ᠋ ᠲᠦᠭ᠌ᠰᠢᠭᠦᠷᠢ ᠵᠢ ᠰᠡᠷᠭᠡᠢᠯᠡᠨ ᠡᠵᠡᠮᠳᠡᠬᠦ᠌᠂ ᠮᠥᠩᠭᠥᠨ ᠭᠦᠶ᠋ᠯᠭᠡᠭᠡᠨ ᠤ᠋ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠵᠡᠷᠭᠡ ᠡᠯ᠎ᠡ ᠵᠦᠶ᠋ᠯ ᠤ᠋ᠨ ᠠᠵᠢᠯ᠎ᠯᠤᠭ᠎ᠠ ᠣᠷᠭᠠᠨᠢᠭ ᠵᠢᠡᠷ ᠠᠭᠤᠰᠤᠯᠴᠠᠭᠤᠯᠵᠤ᠂ ᠤᠯᠤᠰ ᠤ᠋ᠨ ᠦᠮᠴᠢᠯᠡᠯᠳᠤ ᠮᠥᠩᠭᠥᠨ ᠭᠦᠶ᠋ᠯᠭᠡᠭᠡᠨ ᠤ᠋ ᠠᠵᠤ ᠠᠬᠤᠢᠯᠠᠯ ᠤ᠋ᠨ ᠬᠠᠷᠢᠭᠤᠴᠠᠯᠭ᠎ᠠ ᠡᠭᠦᠷᠭᠡᠯᠡᠯ ᠢ᠋ ᠢᠳᠡᠪᠬᠢᠲᠡᠶ ᠦᠶ᠋ᠯᠡᠳᠦᠯᠭᠡᠵᠢᠭᠦᠯᠪᠠ ᠃


ᠥᠪᠥᠷ ᠮᠣᠩᠭᠣᠯ ᠤ᠋ᠨ ᠤᠯᠤᠰ ᠤ᠋ᠨ ᠦᠮᠴᠢᠯᠡᠯᠳᠤ ᠡᠳ᠋ ᠬᠥᠷᠥᠩᠭᠡ ᠵᠢᠨ ᠺᠣᠮᠫᠠᠨᠢ ᠵᠢᠨ ᠨᠠᠮ ᠤ᠋ᠨ ᠬᠣᠷᠢᠶ᠎ᠠ᠄ 《ᠭᠤᠷᠪᠠ ᠵᠢ ᠤᠶᠠᠯᠳᠤᠭᠤᠯᠵᠤ》 ᠲᠥᠪᠯᠡᠷᠡᠭᠦᠯᠦᠨ ᠵᠠᠰᠠᠬᠤ ᠵᠢ ᠰᠢᠰᠲᠸᠮ ᠲᠠᠢ ᠪᠡᠷ ᠠᠬᠢᠭᠤᠯᠤᠨ᠎ᠠ

ᠲᠥᠪᠯᠡᠷᠡᠭᠦᠯᠦᠨ ᠵᠠᠰᠠᠬᠤ ᠠᠵᠢᠯ ᠳᠤᠮᠳᠠ᠂ ᠥᠪᠥᠷ ᠮᠣᠩᠭᠣᠯ ᠤ᠋ᠨ ᠤᠯᠤᠰ ᠤ᠋ᠨ ᠦᠮᠴᠢᠯᠡᠯᠳᠤ ᠡᠳ᠋ ᠬᠥᠷᠥᠩᠭᠡ ᠵᠢᠨ ᠺᠣᠮᠫᠠᠨᠢ ᠵᠢᠨ ᠨᠠᠮ ᠤ᠋ᠨ ᠬᠣᠷᠢᠶ᠎ᠠ ᠱᠢᠰᠲ᠋ᠧᠮᠲᠤ ᠰᠡᠳᠭᠢᠬᠦᠶ ᠪᠡᠷ ᠲᠥᠪᠯᠡᠷᠡᠭᠦᠯᠦᠨ ᠵᠠᠰᠠᠬᠤ ᠠᠵᠢᠯ ᠢ᠋ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠠᠢᠲᠤᠷ ᠠᠳᠭᠤᠪᠠ᠃ ᠨᠢᠭᠡ ᠳ᠋ᠤ᠂ ᠨᠢᠭᠡ ᠴᠣᠭ᠍ᠴᠠ ᠪᠠᠷ ᠠᠬᠢᠭᠤᠯᠬᠤ ᠪᠠ ᠠᠵᠢᠯ ᠤ᠋ᠨ ᠬᠤᠪᠢᠶᠠᠷᠢᠯᠠᠯ ᠢ᠋ ᠨᠠᠷᠢᠯᠢᠬ᠍ᠵᠢᠭᠤᠯᠬᠤ ᠵᠢ ᠤᠶᠠᠯᠳᠤᠭᠤᠯᠵᠤ᠂ ᠲᠤᠰᠭᠠᠢ ᠬᠥᠮᠦᠨ ᠲᠤᠰᠭᠠᠢ ᠬᠠᠷᠢᠭᠤᠴᠠᠬᠤ ᠪᠠ ᠬᠠᠷᠢᠯᠴᠠᠨ ᠰᠠᠨᠠᠭᠤᠯᠵᠤ ᠬᠠᠮᠵᠢᠯᠴᠠᠬᠤ ᠵᠢ ᠤᠶᠠᠯᠳᠤᠭᠤᠯᠤᠭ᠍ᠰᠠᠨ ᠠᠵᠢᠯ ᠤ᠋ᠨ ᠲᠣᠭ᠍ᠲᠠᠴᠠ ᠵᠢ ᠪᠦᠷᠢᠯᠳᠦᠭᠦᠯᠪᠠ᠃ ᠬᠣᠶᠠᠷ ᠲᠦ᠍᠂ ᠦᠵᠡᠯ ᠰᠠᠨᠠᠭᠠᠨ ᠤ᠋ ᠬᠥᠮᠦᠵᠢᠯ ᠬᠢᠭᠡᠳ ᠨᠠᠢᠳᠠᠪᠤᠷᠢᠵᠢᠭᠤᠯᠤᠯᠲᠠ ᠵᠢ ᠠᠬᠢᠭᠤᠯᠬᠤ ᠵᠢ ᠤᠶᠠᠯᠳᠤᠭᠤᠯᠪᠠ᠃ ᠭᠤᠷᠪᠠ ᠳ᠋ᠤ᠂ ᠲᠥᠪᠯᠡᠷᠡᠭᠦᠯᠦᠨ ᠵᠠᠰᠠᠬᠤ ᠵᠢ ᠥᠭᠡᠷᠡᠴᠢᠯᠡᠯᠲᠡ ᠬᠥᠭ᠌ᠵᠢᠯᠲᠡ᠎ᠯᠦᠭᠡ ᠤᠶᠠᠯᠳᠤᠭᠤᠯᠬᠤ ᠵᠢ ᠪᠠᠷᠢᠮᠲᠠᠯᠠᠪᠠ᠃ ᠱᠢᠰᠲ᠋ᠧᠮᠲᠤ ᠰᠡᠳᠭᠢᠬᠦᠶ ᠪᠡᠷ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠵᠢ ᠠᠬᠢᠭᠤᠯᠵᠤ᠂ ᠳᠤᠮᠳᠠ ᠳᠠᠪᠬᠤᠷᠭ᠎ᠠ ᠵᠢᠨ ᠺᠠᠳ᠋ᠷ ᠢ᠋ ᠢᠯᠡ ᠪᠡᠷ ᠥᠷᠢᠰᠥᠯᠳᠦᠭᠦᠯᠦᠨ ᠤᠷᠢᠬᠤ ᠪᠠ ᠠᠵᠢᠯᠲᠠᠨ ᠢ᠋ ᠬᠤᠤᠰ ᠴᠢᠭ᠌ᠯᠡᠯ ᠵᠢᠡᠷ ᠰᠣᠩᠭᠣᠬᠤ ᠠᠵᠢᠯ ᠢ᠋ ᠥᠷᠨᠢᠭᠦᠯᠪᠠ᠃ ᠪᠠᠰᠠ ᠺᠣᠮᠫᠠᠨᠢ ᠵᠢᠨ ᠨᠠᠮ ᠤ᠋ᠨ ᠡᠭᠦᠷ ᠤ᠋ᠨ ᠤᠳᠤᠷᠢᠳᠭᠤ ᠪᠠᠭ ᠢ᠋ ᠱᠢᠯᠢᠳᠡᠭ᠌ᠵᠢᠭᠦᠯᠦᠨ ᠲᠣᠬᠢᠷᠠᠭᠤᠯᠵᠤ᠂ ᠨᠠᠮ ᠤ᠋ᠨ ᠡᠭᠦᠷ ᠤ᠋ᠨ ᠵᠠᠰᠠᠭ ᠤ᠋ᠨ ᠴᠢᠳᠠᠮᠵᠢ ᠪᠠ ᠵᠣᠬᠢᠶᠠᠨ ᠪᠠᠢᠭᠤᠯᠬᠤ ᠬᠦᠴᠦᠨ ᠢ᠋ ᠴᠢᠨᠠᠭᠰᠢᠲᠠ ᠳᠡᠭᠡᠭ᠌ᠰᠢᠯᠡᠭᠦᠯᠦᠭᠰᠡᠨ ᠪᠠᠢᠨ᠎ᠠ ᠃


ᠥᠪᠥᠷ ᠮᠣᠩᠭᠣᠯ ᠤ᠋ᠨ ᠲᠦᠷᠭᠡᠨ ᠤ᠋ ᠵᠠᠰᠠᠮᠠᠯ ᠵᠠᠮ ᠤ᠋ᠨ ᠪᠦᠯᠦᠭ᠌ᠯᠡᠯ ᠤ᠋ᠨ ᠨᠠᠮ ᠤ᠋ᠨ ᠬᠣᠷᠢᠶ᠎ᠠ᠄ 《ᠲᠥᠷᠥᠯ ᠬᠤᠪᠢᠶᠠᠨ ᠵᠢᠯᠣᠭᠣᠳᠴᠤ᠌》 ᠲᠥᠪᠯᠡᠷᠡᠭᠦᠯᠦᠨ ᠵᠠᠰᠠᠬᠤ ᠵᠢ ᠠᠬᠢᠭᠤᠯᠤᠨ᠎ᠠ

ᠥᠪᠥᠷ ᠮᠣᠩᠭᠣᠯ ᠤ᠋ᠨ ᠲᠦᠷᠭᠡᠨ ᠤ᠋ ᠵᠠᠰᠠᠮᠠᠯ ᠵᠠᠮ ᠤ᠋ᠨ ᠪᠦᠯᠦᠭ᠌ᠯᠡᠯ ᠤ᠋ᠨ ᠨᠠᠮ ᠤ᠋ᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠣᠳᠠᠲᠤ ᠪᠠᠢᠳᠠᠯ ᠲᠠᠶ ᠪᠠᠨ ᠤᠶᠠᠯᠳᠤᠭᠤᠯᠤᠨ᠂ ᠬᠠᠷᠢᠶ᠎ᠠ ᠨᠢᠭᠡᠴᠢ ᠪᠡᠨ ᠲᠦᠷᠦᠯ ᠬᠤᠪᠢᠶᠠᠨ ᠵᠢᠯᠣᠭᠣᠳᠴᠤ᠌ ᠲᠥᠪᠯᠡᠷᠡᠭᠦᠯᠦᠨ ᠵᠠᠰᠠᠬᠤ ᠵᠢ ᠭᠦᠨᠵᠡᠭᠡᠢᠷᠡᠭᠦᠯᠦᠨ ᠪᠣᠳᠠᠲᠠᠢᠵᠢᠭᠤᠯᠪᠠ᠃ ᠬᠥᠬᠡᠬᠣᠲᠠ ᠵᠢᠨ ᠬᠤᠪᠢᠶᠠᠷᠢ ᠺᠣᠮᠫᠠᠨᠢ ᠲᠤᠰᠭᠠᠶ ᠰᠡᠳᠦᠪᠲᠦ ᠰᠡᠷᠡᠮᠵᠢᠯᠡᠭᠦᠯᠬᠦ᠌ ᠬᠥᠮᠦᠵᠢᠯ ᠤ᠋ᠨ ᠬᠤᠷᠠᠯ ᠬᠤᠷᠠᠯᠳᠤᠭᠤᠯᠵᠤ᠂ ᠰᠠᠯᠠᠭᠠᠨ ᠲᠠᠰ ᠡᠴᠡ ᠳᠡᠭᠡᠭ᠌ᠰᠢᠬᠢ ᠺᠠᠳ᠋ᠷᠴᠤᠳ ᠢ᠋ ᠵᠣᠬᠢᠶᠠᠨ ᠪᠠᠢᠭᠤᠯᠤᠨ ᠰᠡᠷᠡᠮᠵᠢᠯᠡᠭᠦᠯᠬᠦ᠌ ᠬᠥᠮᠦᠵᠢᠯ ᠤ᠋ᠨ ᠹᠢᠯᠢᠮ ᠦᠵᠡᠭᠦᠯᠵᠦ᠍᠂ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠢ᠋ ᠬᠡᠷᠡᠭ ᠵᠢᠡᠷ ᠲᠣᠯᠢ ᠪᠣᠯᠭᠠᠬᠤ ᠢ᠋ᠢ ᠬᠦᠲᠦᠯᠦᠨ ᠵᠢᠯᠤᠭᠤᠳᠪᠠ᠃ ᠤᠯᠠᠭᠠᠨᠴᠠᠪ ᠤ᠋ᠨ ᠬᠤᠪᠢᠶᠠᠷᠢ ᠺᠣᠮᠫᠠᠨᠢ ᠠᠵᠢᠯ ᠤ᠋ᠨ ᠲᠣᠬᠢᠷᠠᠭᠤᠯᠤᠯᠲᠠ ᠲᠣᠭ᠍ᠲᠠᠭᠠᠨ᠂ ᠡᠭᠦᠷᠭᠡ ᠵᠢᠨ ᠡᠬᠡ ᠳᠠᠩᠰᠠ ᠪᠠᠢᠭᠤᠯᠵᠤ᠂ ᠲᠥᠷᠥᠯ ᠵᠦᠢᠯᠵᠢᠭᠦᠯᠦᠨ ᠲᠥᠪᠯᠡᠷᠡᠭᠦᠯᠦᠨ ᠵᠠᠰᠠᠬᠤ ᠵᠢ ᠠᠬᠢᠭᠤᠯᠪᠠ᠃ ᠣᠷᠳᠣᠰ ᠤ᠋ᠨ ᠬᠤᠪᠢᠶᠠᠷᠢ ᠺᠣᠮᠫᠠᠨᠢ ᠨᠠᠮ ᠤ᠋ᠨ ᠬᠣᠷᠢᠶᠠᠨ ᠤ᠋ ᠤᠳᠤᠷᠢᠳᠭᠤ ᠪᠠᠭ ᠤ᠋ᠨ ᠪᠦᠷᠢᠯᠳᠦᠬᠦᠨ ᠳ᠋ᠤ ᠨᠠᠮ ᠤ᠋ᠨ ᠡᠭᠦᠷ ᠤ᠋ᠨ ᠬᠠᠷᠢᠯᠴᠠᠬᠤ ᠴᠡᠭ ᠤ᠋ᠨ ᠲᠥᠪᠯᠡᠷᠡᠭᠦᠯᠦᠨ ᠵᠠᠰᠠᠬᠤ ᠠᠵᠢᠯ ᠢ᠋ ᠳᠠᠭᠠᠭᠠᠴᠢᠯᠠᠭᠤᠯᠵᠤ᠂ ᠡᠯ᠎ᠡ ᠨᠠᠮ ᠤ᠋ᠨ ᠡᠭᠦᠷ ᠤ᠋ᠨ ᠣᠯᠠᠨ ᠶᠠᠩᠵᠤ ᠬᠡᠯᠪᠡᠷᠢ ᠵᠢᠨ ᠲᠤᠰᠭᠠᠶ ᠰᠡᠳᠦᠪᠲᠦ ᠬᠥᠮᠦᠵᠢᠯ ᠤ᠋ᠨ ᠠᠵᠢᠯᠯᠠᠭ᠎ᠠ ᠵᠢ ᠵᠠᠯᠭᠠᠭ᠎ᠠ ᠪᠠᠷ ᠥᠷᠨᠢᠭᠦᠯᠬᠦ᠌ ᠵᠢ ᠵᠢᠯᠣᠭᠣᠳᠴᠤ᠌᠂ ᠲᠥᠪᠯᠡᠷᠡᠭᠦᠯᠦᠨ ᠵᠠᠰᠠᠬᠤ ᠠᠵᠢᠯ ᠢ᠋ ᠴᠢᠩᠭ᠎ᠠ ᠠᠳᠭᠤᠨ ᠪᠣᠳᠠᠲᠠᠶ ᠠᠳᠭᠤᠵᠤ ᠦᠷ᠎ᠡ ᠪᠦᠲᠦᠮᠵᠢ ᠭᠠᠷᠭᠠᠬᠤ ᠵᠢ ᠦᠨᠡᠨ ᠬᠦ᠌ ᠪᠠᠲᠤᠯᠠᠪᠠ ᠃


ᠥᠪᠥᠷ ᠮᠣᠩᠭᠣᠯ ᠤ᠋ᠨ ᠵᠠᠰᠠᠮᠠᠯ ᠵᠠᠮ ᠤ᠋ᠨ ᠵᠠᠮ ᠬᠠᠷᠢᠯᠴᠠᠭᠠᠨ ᠤ᠋ ᠪᠠᠯᠠ ᠣᠷᠣᠭᠤᠯᠤᠯᠲᠠ ᠵᠢᠨ ᠺᠣᠮᠫᠠᠨᠢ ᠵᠢᠨ ᠨᠠᠮ ᠤ᠋ᠨ ᠬᠣᠷᠢᠶ᠎ᠠ᠄ 《 ᠬᠢᠨᠠᠯᠲᠠ ᠵᠢ ᠪᠠᠢᠨᠭᠭᠤᠵᠢᠭᠤᠯᠬᠤ ᠲᠠᠢ ᠠᠭᠤᠰᠤᠯᠴᠠᠭᠤᠯᠵᠤ》 ᠲᠥᠪᠯᠡᠷᠡᠭᠦᠯᠦᠨ ᠵᠠᠰᠠᠬᠤ ᠵᠢ ᠠᠬᠢᠭᠤᠯᠤᠨ᠎ᠠ

ᠥᠪᠥᠷ ᠮᠣᠩᠭᠣᠯ ᠤ᠋ᠨ ᠵᠠᠰᠠᠮᠠᠯ ᠵᠠᠮ ᠤ᠋ᠨ ᠪᠠᠯᠠ ᠣᠷᠣᠭᠤᠯᠤᠯᠲᠠ ᠵᠢᠨ ᠺᠣᠮᠫᠠᠨᠢ ᠵᠢᠨ ᠨᠠᠮ ᠤ᠋ᠨ ᠬᠣᠷᠢᠶ᠎ᠠ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ 11 ᠵᠦᠶ᠋ᠯ ᠤ᠋ᠨ ᠦᠵᠡᠭ᠌ᠳᠡᠯ ᠪᠤᠯᠤᠨ 54 ᠪᠣᠳᠠᠲᠠᠶ ᠢᠯᠡᠷᠡᠯ ᠢ᠋ ᠡᠳᠦᠷ ᠲᠤᠲᠤᠮ ᠤ᠋ᠨ ᠬᠢᠨᠠᠨ ᠪᠠᠢᠴᠠᠭᠠᠯᠲᠠ ᠳ᠋ᠤ ᠣᠷᠣᠭᠤᠯᠵᠤ᠂ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠪᠤᠯᠤᠨ ᠨᠠᠮ ᠤ᠋ᠨ ᠭᠡᠱᠢᠭᠦᠨ ᠺᠠᠳ᠋ᠷ ᠢ᠋ ᠭᠡᠳᠡᠷᠭᠦ᠌ ᠱᠢᠬᠠᠮᠳᠠᠭᠤᠯᠵᠤ ᠪᠠᠢᠭᠠᠳ ᠲᠦᠷᠢᠮ ᠲᠣᠭ᠍ᠲᠠᠭᠠᠯ ᠢ᠋ ᠵᠢᠷᠤᠮᠯᠠᠭᠤᠯᠤᠨ ᠰᠠᠬᠢᠯᠭ᠎ᠠ ᠪᠠᠲᠤ ᠵᠢ ᠰᠠᠬᠢᠭᠤᠯᠵᠤ᠂ ᠤᠯᠠᠭᠠᠨ ᠱᠤᠭᠤᠮ ᠢ᠋ ᠭᠢᠰᠭᠢᠭᠦᠯᠬᠦ᠌ ᠥᠬᠡᠶ ᠪᠣᠯᠭᠠᠪᠠ᠃ ᠶᠡᠷᠦᠩᠬᠡᠢ ᠺᠣᠮᠫᠠᠨᠢ ᠵᠢᠴᠢ ᠡᠯ᠎ᠡ ᠬᠤᠪᠢᠶᠠᠷᠢ ᠺᠣᠮᠫᠠᠨᠢ ᠨᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠠᠯ᠎ᠠ ᠪᠡᠷ 93 ᠭᠣᠣᠯᠯᠠᠭ᠍ᠴᠢ ᠺᠠᠳ᠋ᠷ ᠢ᠋ ᠰᠣᠩᠭᠣᠨ ᠱᠢᠯᠵᠢᠭᠦᠯᠵᠦ᠍᠂ ᠲᠥᠪᠯᠡᠷᠡᠩᠭᠦᠢ ᠬᠢᠨᠠᠯᠲᠠ ᠪᠠᠢᠴᠠᠭᠠᠯᠲᠠ ᠵᠢ 79 ᠤᠳᠠᠭ᠎ᠠ ᠥᠷᠨᠢᠭᠦᠯᠪᠡ᠃ 2 ᠬᠢᠨᠠᠨ ᠵᠢᠯᠣᠭᠣᠳᠴᠤ᠌ ᠪᠠᠢᠴᠠᠭᠠᠬᠤ ᠳᠤᠭᠤᠢᠯᠠᠩ ᠪᠠᠢᠭᠤᠯᠵᠤ᠂ ᠨᠠᠮ ᠤ᠋ᠨ ᠲᠥᠪ ᠬᠣᠷᠢᠶᠠᠨ ᠤ᠋ ᠨᠠᠢ᠍ᠮᠠᠨ ᠵᠤᠷᠪᠤᠰ ᠲᠣᠭ᠍ᠲᠠᠭᠠᠯ ᠤ᠋ᠨ ᠵᠣᠷᠢᠭ ᠰᠠᠨᠠᠭ᠎ᠠ ᠵᠢ ᠬᠡᠷᠡᠭ᠌ᠵᠢᠭᠦᠯᠦᠭ᠌ᠰᠡᠨ ᠲᠠᠯ᠎ᠠ ᠪᠡᠷ ᠴᠢᠩᠭ᠎ᠠ ᠪᠣᠳᠠᠲᠠᠢ ᠪᠢᠰᠢ ᠬᠣᠯᠪᠣᠭ᠍ᠳᠠᠯ ᠪᠦᠬᠦᠢ ᠠᠰᠠᠭᠤᠳᠠᠯ ᠳ᠋ᠤ 45 ᠤᠳᠠᠭ᠎ᠠ ᠬᠢᠨᠠᠯᠲᠠ ᠲᠠᠯᠪᠢᠨ ᠪᠠᠢᠴᠠᠭᠠᠯᠲᠠ ᠬᠢᠵᠦ᠍᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠵᠤ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面