2022-06-11 20:33:00
ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ ᠦᠳᠲᠡᠷ ᠲᠦᠷᠭᠡᠨ ᠪᠠᠢᠷᠢᠯᠠᠭᠤᠯᠵᠤ᠂ ᠥᠨᠳᠥᠷ ᠪᠦᠲᠦᠮᠵᠢᠲᠡᠢ᠎ᠪᠡᠷ ᠠᠬᠢᠭᠤᠯᠥᠨ᠂ ᠤᠯᠤᠰ ᠲᠦᠷᠦ᠍᠎ᠪᠡᠷ ᠬᠦᠳᠦᠯᠦᠨ ᠳᠠᠭᠠᠭᠤᠯᠬᠤ᠂ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠬᠤ᠂ ᠰᠤᠷᠤᠯᠴᠠᠯᠭ᠎ᠠ ᠬᠥᠮᠦᠵᠢᠯ᠎ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠥᠯᠥᠨ ᠵᠠᠰᠠᠬᠤ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠂ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠲᠣᠭᠣᠷᠢᠨ᠎ᠢ ᠬᠦᠴᠦᠯᠡᠨ ᠪᠤᠢ ᠪᠣᠯᠭᠠᠵᠤ ᠪᠠᠢᠨ᠎ᠠ᠃
ᠤᠯᠤᠰ ᠲᠥᠷᠥ᠎ᠪᠡᠷ ᠬᠥᠲᠥᠯᠦᠨ ᠳᠠᠭᠠᠭᠤᠯᠬᠤ᠎ᠶ᠋ᠢ ᠪᠠᠷᠢᠮᠲᠠᠯᠠᠵᠤ ᠂ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠲᠦᠷᠭᠡᠨ ᠪᠥᠭᠡᠳ ᠴᠠᠭ ᠲᠤᠬᠠᠢ ᠳ᠋ᠤᠨᠢ ᠬᠡᠷᠡᠭᠵᠢᠭᠥᠯᠬᠥ ᠵᠢ ᠪᠠᠳᠤᠯᠠᠵᠤ ᠪᠤᠢ ᠃ ᠲᠤᠰ ᠬᠤᠰᠢᠭᠤ ᠳᠡᠭᠡᠷ᠎ᠡ ᠱᠠᠲᠤᠨ᠎ᠤ ᠪᠢᠴᠢᠭ ᠮᠠᠲ᠋ᠧᠷᠢᠶᠠᠯ᠎ᠤᠨ ᠱᠠᠭᠠᠷᠳᠠᠯᠭ᠎ᠠ᠎ᠶ᠋ᠢ ᠲᠡᠷᠡ ᠳᠠᠷᠤᠢᠳᠤᠨᠢ ᠤᠯᠠᠮᠵᠢᠯᠠᠨ ᠲᠠᠷᠬᠠᠭᠠᠵᠤ ᠂ ᠰᠤᠷᠤᠯᠴᠠᠬᠤ ᠲᠥᠰᠦᠯ ᠲᠣᠭ᠍ᠲᠠᠭᠠᠨ ᠂ ᠠᠵᠢᠯ᠎ᠤᠨ ᠰᠠᠨᠠᠭᠤᠯᠤᠮᠵᠢ ᠪᠠᠭᠤᠯᠭᠠᠵᠤ ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠥᠪᠯᠡᠷᠡᠭᠦᠯᠦᠨ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠵᠤ ᠰᠠᠢᠲᠤᠷ ᠠᠳᠬᠤᠨ ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠤᠬᠠᠮᠰᠠᠷᠲᠤ ᠴᠢᠨᠠᠷ᠎ᠢ ᠴᠢᠩᠭᠠᠳᠭᠠᠪᠠ ᠃ ᠡᠯ᠎ᠡ ᠵᠦᠢᠯ᠎ᠦᠨ ᠠᠵᠢᠯ᠎ᠢ ᠪᠣᠳᠠᠲᠠᠶ ᠪᠥᠭᠡᠳ ᠨᠠᠷᠢᠨ ᠠᠳᠭᠤᠬᠤ ᠶ᠋ᠢᠨ ᠲᠥᠯᠥᠭᠡ᠂ 《 ᠪᠥᠬᠥ᠌ ᠬᠣᠱᠢᠭᠤᠨ᠎ᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠠᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠠᠬᠢᠭᠤᠯᠬᠤ ᠲᠥᠰᠦᠯ 》 ᠵᠡᠷᠭᠡ ᠬᠣᠱᠢᠭᠤᠨ᠎ᠤ ᠲᠣᠰ ᠱᠠᠲᠤᠨ᠎ᠤ 3 ᠲᠥᠰᠦᠯ᠎ᠢ ᠳᠠᠷᠤᠮᠠᠯᠯᠠᠨ ᠲᠠᠷᠬᠠᠭᠠᠵᠤ᠂ ᠬᠠᠷᠠᠯᠲᠠ ᠪᠠ ᠡᠭᠦᠷᠭᠡ᠎ᠶ᠋ᠢ ᠵᠠᠳᠠᠯᠥᠨ᠂ ᠪᠣᠳᠠᠲᠠᠢ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ ᠂ ᠵᠠᠷᠯᠠᠨ ᠮᠡᠳᠡᠭ᠌ᠳᠡᠬᠦ᠌ ᠨᠠᠷᠢᠨ ᠲᠠᠩᠰᠠ ᠂ ᠲᠤᠰᠭᠠᠢ ᠰᠡᠳᠦᠪᠲᠦ ᠬᠥᠮᠦᠵᠢᠯ ᠵᠡᠷᠭᠡ ᠭᠣᠣᠯᠳᠠᠯᠭ᠎ᠠ᠎ᠲᠠᠶ ᠡᠭᠦᠷᠭᠡ ᠪᠠ ᠴᠠᠭ ᠬᠤᠭᠤᠴᠠᠭ᠎ᠠ ᠂ ᠵᠠᠩᠭᠢᠯᠠᠭ᠎ᠠ᠎ᠶ᠋ᠢᠨ ᠴᠡᠭ ᠵᠡᠷᠭᠡ ᠠᠭᠤᠯᠭ᠎ᠠ᠎ᠶ᠋ᠢ ᠱᠢᠰᠲ᠋ᠧᠮ᠎ᠲᠡᠶ ᠪᠣᠳᠣᠯᠬᠢᠯᠠᠨ᠂ ᠨᠢᠭᠡ ᠴᠤᠭ᠍ᠴᠠᠵᠢᠭᠤᠯᠤᠨ ᠲᠥᠯᠥᠪᠯᠡᠵᠦ᠍᠂ ᠠᠵᠢᠯ᠎ᠤᠨ ᠠᠬᠢᠴᠠ᠎ᠶ᠋ᠢ ᠬᠦᠴᠦᠲᠡᠢ ᠡᠮᠬᠢ ᠵᠢᠷᠤᠮ᠎ᠲᠠᠶ ᠪᠠᠢᠯᠭᠠᠬᠤ᠎ᠶ᠋ᠢ ᠪᠠᠲᠤᠯᠠᠨ᠂ ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦᠨ᠎ᠢ ᠪᠦᠷᠬᠦᠬᠦᠯᠵᠤ᠂ ᠲᠥᠪᠯᠡᠷᠡᠭᠦᠯᠦᠨ ᠵᠠᠰᠠᠬᠤ᠎ᠶ᠋ᠢ ᠥᠡᠴᠥᠭ ᠪᠤᠯᠤᠩ ᠥᠯᠡᠳᠡᠭᠡᠯ ᠦᠭᠡᠢ ᠬᠡᠷᠡᠭᠵᠢᠭᠥᠯᠬᠥ ᠵᠢ ᠪᠡᠶᠡᠯᠡᠭᠦᠯᠵᠤ ᠪᠠᠢᠨ᠎ᠠ᠃
ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠬᠤ᠎ᠶ᠋ᠢ ᠪᠠᠷᠢᠮᠲᠠᠯᠠᠵᠤ᠂ ᠡᠭᠦᠷᠭᠡ᠎ᠶ᠋ᠢ ᠤᠨᠢᠨ ᠳᠡᠭᠡᠷ᠎ᠡ ᠨᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢ ᠪᠠᠲᠤᠯᠠᠵᠤ ᠪᠤᠢ ᠃ ᠲᠤᠰ ᠬᠤᠰᠢᠭᠤᠨ᠎ᠤ ᠵᠣᠬᠢᠶᠠᠨ ᠪᠠᠢᠭᠤᠯᠬᠤ ᠬᠡᠯᠲᠡᠰ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠠ ᠬᠢᠨᠠᠨ ᠪᠠᠢᠴᠠᠭᠠᠬᠤ ᠵᠥᠪᠯᠡᠯ ᠨᠢ ᠲᠣᠰ ᠲᠣᠰ 2 ᠠᠵᠢᠯ᠎ᠤᠨ ᠲᠤᠰᠭᠠᠶ ᠠᠩᠭᠢ ᠪᠠᠢᠭᠤᠯᠵᠤ᠂ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠬᠦᠴᠦ᠍᠎ᠪᠡᠨ ᠬᠠᠮᠲᠤᠳᠭᠠᠨ ᠠᠬᠢᠭᠤᠯᠬᠤ ᠠᠵᠢᠯ᠎ᠤᠨ ᠲᠣᠭ᠍ᠲᠠᠴᠠ ᠵᠢ ᠪᠥᠷᠢᠯᠳᠥᠭᠥᠯᠪᠡ ᠃ ᠵᠢᠩᠬᠢᠨᠢ ᠰᠠᠯᠠᠭᠠᠨᠳᠡᠰᠤᠨ ᠤᠳᠤᠷᠢᠳᠭᠤ ᠺᠠᠳ᠋ᠷ᠎ᠢᠶᠠᠷ ᠳᠤᠭᠤᠢᠯᠠᠩ᠎ᠤᠨ ᠳᠠᠷᠤᠭ᠎ᠠ ᠪᠣᠯᠭᠠᠵᠤ᠂ ᠪᠤᠰᠤᠳ ᠲᠤᠬᠠᠢᠯᠠᠭ᠍ᠰᠠᠨ ᠠᠵᠢᠯ᠎ᠤᠨ ᠭᠤᠤᠯ ᠬᠥᠴᠥᠨ ᠵᠢᠨᠷ ᠳᠤᠭᠤᠢᠯᠠᠩ᠎ᠤᠨ ᠭᠡᠱᠢᠭᠦᠨ ᠪᠤᠯᠭᠠᠬᠰᠠᠨ 4 ᠱᠠᠯᠠᠪᠳᠠᠭᠤᠯᠤᠨ ᠪᠠᠢᠴᠠᠭᠠᠵᠤ ᠵᠢᠭᠠᠨ ᠵᠢᠯᠣᠭᠣᠳᠭᠤ ᠳᠤᠭᠤᠢᠯᠠᠩ ᠨᠢ 21 ᠰᠤᠮᠤ ᠱᠢᠶᠠᠩ ᠪᠠᠯᠭᠠᠰᠤ ᠲᠠᠯᠠᠪᠠᠶ ( ᠵᠡᠭᠡᠯᠢ ᠭᠤᠳᠤᠮᠵᠢ ) ᠂ ᠬᠣᠱᠢᠭᠤᠨ᠎ᠤ ᠱᠢᠭᠤᠳ ᠬᠠᠷᠢᠶ᠎ᠠ ᠂ ᠲᠥᠪ ᠤᠷᠤᠨ ᠬᠣᠲᠠ᠎ᠶ᠋ᠢᠨ ᠱᠢᠭᠤᠳ ᠬᠠᠷᠢᠶ᠎ᠠ 70 ᠨᠢᠭᠡᠴᠢ᠎ᠳᠦ ᠪᠠᠢᠩᠭᠤ ᠭᠦᠨᠵᠡᠭᠡᠢᠷᠡᠨ᠂ ᠬᠠᠷᠢᠭᠤ ᠮᠡᠳᠡᠭᠦᠯᠦᠯᠲᠡ᠎ᠶ᠋ᠢ ᠰᠣᠨᠣᠰᠭᠤ ᠂ ᠲᠠᠩᠰᠠ ᠡᠪᠬᠡᠮᠡᠯ᠎ᠦᠨ ᠮᠠᠲ᠋ᠧᠷᠢᠶᠠᠯ᠎ᠢ ᠪᠠᠢᠴᠠᠭᠠᠨ ᠦᠵᠡᠬᠦ᠌ ᠵᠡᠷᠭᠡ ᠠᠷᠭ᠎ᠠ ᠪᠠᠷ ᠳᠡᠮᠵᠢᠵᠤ᠂ ᠱᠠᠯᠠᠪᠳᠠᠭᠤᠯᠤᠨ ᠪᠠᠢᠴᠠᠭᠠᠵᠤ ᠵᠢᠭᠠᠨ ᠵᠢᠯᠣᠭᠣᠳᠭᠤ ᠠᠵᠢᠯ᠎ᠢ ᠪᠥᠬᠥ᠌ ᠲᠠᠯ᠎ᠠ᠎ᠪᠠᠷ ᠥᠷᠨᠢᠭᠦᠯᠥᠨ᠂ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠤᠮᠳᠠ ᠣᠷᠣᠱᠢᠵᠤ ᠪᠠᠢᠭ᠎ᠠ ᠠᠰᠠᠭᠤᠳᠠᠯ᠎ᠢ ᠤᠢᠯᠠᠭᠠᠨ ᠡᠵᠡᠮᠱᠢᠬᠦ᠌᠎ᠶ᠋ᠢᠨ ᠬᠠᠮᠲᠤ ᠵᠦᠶ ᠵᠣᠬᠢᠰᠲᠠᠶ ᠰᠠᠨᠠᠯ ᠰᠠᠨᠠᠭᠤᠯᠭ᠎ᠠ ᠳᠤᠷᠠᠳᠴᠠᠢ᠃ ᠡᠭᠦᠨ᠎ᠦ ᠬᠠᠮᠳᠤ ᠵᠠᠷᠢᠮ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠴᠠᠭ ᠲᠤᠬᠠᠶ᠎ᠳᠤᠨᠢ ᠢᠯᠡᠴᠢᠯᠡᠵᠦ᠍᠂ ᠵᠥᠪ ᠲᠠᠯ᠎ᠠ᠎ᠡᠴᠠ ᠤᠬᠠᠭᠤᠯᠵᠤ ᠬᠥᠲᠥᠯᠥᠨ ᠵᠢᠯᠣᠭᠣᠳᠭᠤ ᠂ ᠡᠰᠡᠷᠭᠦ᠌ ᠲᠠᠯ᠎ᠠ᠎ᠡᠴᠠ ᠢᠯᠡᠴᠢᠯᠡᠵᠦ᠍ ᠰᠡᠷᠡᠮᠵᠢᠯᠡᠭᠦᠯᠬᠦ᠌ ᠬᠦᠴᠦᠷᠬᠡᠭ ᠶᠡᠬᠡ ᠰᠦᠷ ᠬᠦᠴᠦᠳᠦ ᠪᠠᠢᠳᠠᠯ᠎ᠢ ᠪᠣᠶ ᠪᠣᠯᠭᠠᠵᠤ᠂ ᠴᠡᠭ᠎ᠢᠶᠡᠷ ᠨᠡᠢᠳᠡᠮ᠎ᠢ ᠳᠠᠢᠴᠢᠯᠠᠨ ᠠᠵᠢᠯ᠎ᠤᠨ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠪᠠ᠃ ᠣᠳᠣ ᠪᠤᠯᠳᠠᠯ᠎ᠠ ᠂ ᠡᠯ᠎ᠡ ᠱᠠᠯᠠᠪᠳᠠᠭᠤᠯᠤᠨ ᠪᠠᠢᠴᠠᠭᠠᠵᠤ ᠵᠢᠭᠠᠨ ᠵᠢᠯᠣᠭᠣᠳᠭᠤ ᠳᠤᠭᠤᠢᠯᠠᠩ᠎ᠤᠨ ᠬᠢᠨ ᠱᠠᠯᠠᠪᠳᠠᠭᠤᠯᠤᠨ ᠵᠢᠯᠣᠭᠣᠳᠭᠤ ᠨᠢᠭᠡᠴᠢ ᠳᠡᠭᠡᠨ ᠭᠦᠨᠵᠡᠭᠡᠢᠷᠡᠨ 106 ᠤᠳᠠᠭ᠎ᠠ ᠠᠵᠢᠯ ᠥᠷᠨᠢᠭᠦᠯᠵᠦ᠍ ᠂ 48 ᠵᠤᠷᠪᠤᠰ ᠰᠠᠨᠠᠯ ᠰᠠᠨᠠᠭᠤᠯᠭ᠎ᠠ ᠳᠤᠷᠠᠳᠤᠬᠰᠠᠨ ᠪᠠᠢᠨ᠎ᠠ᠃
ᠰᠤᠷᠤᠯᠴᠠᠯᠭ᠎ᠠ ᠬᠥᠮᠦᠵᠢᠯ᠎ᠢ ᠪᠠᠷᠢᠮᠲᠠᠯᠠᠵᠤ ᠂ ᠲᠥᠪᠯᠡᠷᠡᠭᠦᠯᠦᠨ ᠵᠠᠰᠠᠬᠤ᠎ᠶ᠋ᠢ ᠪᠠᠢᠩᠭᠤ ᠵᠢᠨ ᠪᠠ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ᠎ᠶ᠋ᠢ ᠪᠠᠳᠤᠯᠠᠵᠤ ᠪᠤᠢ᠃ ᠲᠥᠪᠯᠡᠷᠡᠭᠦᠯᠦᠨ ᠵᠠᠰᠠᠬᠤ᠎ᠶ᠋ᠢ ᠨᠠᠮ᠎ᠤᠨ ᠲᠡᠸ᠋ᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠪᠠᠢᠯᠭᠠᠬᠤ ᠲᠠᠢ ᠣᠷᠭᠠᠨᠢᠭ᠎ᠢᠶᠠᠷ ᠤᠶᠠᠯᠳᠤᠭᠤᠯᠵᠤ᠂ ᠪᠥᠬᠥ᠌ ᠬᠣᠱᠢᠭᠤᠨ᠎ᠤ ᠡᠯ᠎ᠡ ᠰᠠᠯᠠᠭ᠎ᠠ ᠮᠥᠴᠢᠷ ᠨᠢᠭᠡᠴᠢ ᠬᠠᠮᠲᠤ᠎ᠪᠠᠷ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ ᠵᠡᠷᠭᠡ ᠠᠷᠭ᠎ᠠ᠎ᠪᠡᠷ ᠳᠠᠮᠵᠢᠭᠤᠯᠤᠨ᠂ ᠶᠡᠷᠦᠩᠬᠡᠶ ᠱᠦᠵᠢᠰᠢ᠎ᠶ᠋ᠢᠨ ᠫᠢᠩ ᠤ᠋ᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠶ ᠴᠢᠬᠤᠯᠠ ᠥᠭᠦᠯᠡᠯᠲᠡ ᠪᠠ 《 ᠱᠢᠨ᠎ᠡ ᠪᠠᠢᠳᠠᠯ ᠳᠣᠸ᠋ᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠲᠤᠬᠠᠶ ᠪᠠᠷᠢᠮᠵᠢᠶ᠎ᠠ᠎ᠨᠤᠭᠤᠳ》 ᠵᠡᠷᠭᠡ ᠠᠭᠤᠯᠭ᠎ᠠ᠎ᠶ᠋ᠢ ᠵᠣᠬᠢᠶᠠᠨ ᠪᠠᠢᠭᠤᠯᠤᠨ ᠰᠤᠷᠤᠯᠴᠠᠪᠠ᠃ ᠠᠰᠠᠭᠤᠳᠠᠯ᠎ᠤᠨ ᠨᠠᠷᠢᠨ ᠲᠠᠩᠰᠠ᠎ᠳᠤ ᠵᠢᠭ᠍ᠰᠠᠭᠠᠭ᠍ᠰᠠᠨ 11 ᠵᠦᠢᠯ᠎ᠦᠨ ᠪᠣᠳᠠᠲᠠᠢ ᠢᠯᠡᠷᠡᠯ᠎ᠲᠡᠶ ᠤᠶᠠᠯᠳᠤᠭᠤᠯᠤᠨ ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠠᠮᠠᠯᠠᠯᠲᠠ᠎ᠶ᠋ᠢᠨ ᠪᠢᠴᠢᠭ᠎ᠲᠦ ᠭᠠᠷᠤᠨ ᠦᠰᠦᠭ ᠵᠢᠷᠤᠭᠤᠯᠵᠤ᠂ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠬᠤ᠂ ᠲᠤᠰᠭᠠᠢ ᠰᠡᠳᠦᠪ᠎ᠢᠶᠡᠷ ᠰᠤᠳᠤᠯᠤᠨ ᠶᠠᠷᠢᠯᠴᠠᠬᠤ᠎ᠶ᠋ᠢ ᠥᠷᠨᠢᠭᠦᠯᠥᠨ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ ᠰᠡᠳᠭᠢᠯᠭᠡ᠎ᠶ᠋ᠢ ᠴᠢᠩᠭᠠᠳᠭᠠᠪᠠ᠃ ᠣᠳᠣᠬᠠᠨ ᠪᠤᠯᠳᠠᠯ᠎ᠠ᠂ ᠪᠥᠬᠥ᠌ ᠬᠣᠱᠢᠭᠤᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 389 ᠤᠳᠠᠭ᠎ᠠ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠵᠤ᠂ 5000 ᠭᠠᠷᠤᠶ ᠬᠤᠪᠢ ᠠᠮᠠᠯᠠᠯᠲᠠ᠎ᠶ᠋ᠢᠨ ᠪᠢᠴᠢᠭ᠎ᠲᠦ ᠭᠠᠷᠤᠨ ᠥᠰᠥᠭ ᠵᠢᠷᠤᠬᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃