ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-04-21 09:45:46

ᠵᠣᠬᠢᠶᠠᠭ᠍ᠴᠢ᠄ ᠰᠥᠩ ᠱᠤᠸᠠᠩ ᠯᠢᠦ ᠭᠦᠸᠧ ᠳ᠋ᠦᠩ ᠣᠩᠱᠢᠭ᠍ᠰᠠᠨ ᠣᠳᠠᠭ᠎ᠠ᠄ 3

ᠣᠢᠷ᠎ᠠ ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠎ᠶ᠋ᠢᠨ ᠪᠥᠬᠥ᠌ ᠣᠷᠣᠨ᠎ᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠲᠠᠯ ᠢ᠋ ᠲᠥᠪᠯᠡᠷᠡᠭᠦᠯᠦᠨ ᠵᠠᠰᠠᠬᠤ ᠠᠰᠠᠭᠤᠳᠠᠯ᠎ᠤᠨ 《 ᠬᠡᠷᠡᠭ᠌ᠵᠢᠭᠦᠯᠬᠦ᠌ ᠲᠥᠰᠦᠯ》 ᠤ᠋ᠨ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ ᠂ ᠬᠥᠬᠡᠬᠣᠲᠠ ᠂ ᠬᠥᠯᠥᠨ ᠪᠤᠢᠷ ᠬᠤᠳᠠ᠂ ᠬᠢᠩᠭᠠᠨ ᠠᠢᠮᠠᠭ᠂ ᠱᠢᠯᠢ᠎ᠶ᠋ᠢᠨ ᠭᠤᠤᠯ ᠠᠢᠮᠠᠭ᠂ ᠣᠷᠳᠣᠰ ᠬᠣᠲᠠ᠂ ᠪᠠᠶᠠᠨᠨᠠᠭᠤᠷ ᠬᠣᠲᠠ ᠵᠡᠷᠭᠡ 9 ᠠᠢᠮᠠᠭ ᠬᠣᠲᠠ᠂ ᠥᠪᠡᠷᠲᠡᠭᠡᠨ ᠵᠠᠰᠠᠬᠤ ᠣᠷᠣᠨ ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠎ᠦᠨ ᠪᠠᠢᠭᠤᠯᠭ᠎ᠠ᠂ ᠨᠠᠮ᠎ᠤᠨ ᠬᠣᠷᠢᠶᠠᠨ ᠎ᠤ ᠤᠬᠠᠭᠤᠯᠬᠤ ᠬᠡᠯᠲᠡᠰ᠂ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠨᠠᠮ ᠤ᠋ᠨ ᠠᠵᠢᠯ ᠎ᠤᠨ ᠬᠣᠷᠢᠶ᠎ᠠ᠂ ᠰᠤᠷᠭᠠᠨ ᠬᠥᠮᠦᠵᠢᠯ᠎ᠦᠨ ᠠᠵᠢᠯ ᠎ᠤᠨ ᠬᠤᠷᠢᠶ᠎ᠠ᠂ ᠤᠯᠤᠰ ᠎ᠤᠨ ᠥᠮᠴᠢᠯᠡᠯᠲᠦ ᠡᠳ᠋ ᠬᠥᠷᠥᠩᠭᠡ ᠎ᠶ᠋ᠢᠨ ᠬᠢᠨᠠᠯᠲᠠ ᠬᠠᠮᠢᠶᠠᠷᠤᠯᠲᠠ ᠎ᠶ᠋ᠢᠨ ᠵᠥᠪᠯᠡᠯ᠎ᠦᠨ ᠨᠠᠮ ᠎ᠤᠨ ᠬᠣᠷᠢᠶ᠎ᠠ ᠵᠡᠷᠭᠡ 60 ᠲᠢᠩᠬᠢᠮ ᠲᠣᠪᠴᠢᠶ᠎ᠠ ᠨᠢᠭᠡᠴᠢ᠂ ᠥᠪᠥᠷ ᠮᠣᠩᠭᠣᠯ ᠪᠠᠩᠬᠢ᠂ ᠥᠪᠥᠷ ᠮᠣᠩᠭᠣᠯ ᠎ᠤᠨ ᠲᠦᠷᠭᠡᠨ ᠎ᠦ ᠵᠠᠮ ᠎ᠤᠨ ᠺᠣᠮᠫᠠᠨᠢ ᠵᠡᠷᠭᠡ 6 ᠤᠯᠤᠰ ᠎ᠤᠨ ᠥᠮᠴᠢᠯᠡᠯᠲᠦ ᠠᠵᠤ ᠠᠬᠤᠢᠯᠠᠯ ᠨᠠᠮ ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠬᠤᠷᠠᠯ ᠬᠤᠷᠠᠯᠳᠤᠭᠤᠯᠵᠦ ᠂ 《 ᠬᠡᠷᠡᠭ᠌ᠵᠢᠭᠦᠯᠬᠦ᠌ ᠲᠥᠰᠦᠯ 》 ᠎ᠢ᠋ ᠤᠯᠠᠮᠵᠢᠯᠠᠬᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠥᠷᠥ ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠤᠨ ᠨᠠᠷᠢᠨ ᠲᠠᠩᠰᠠ ᠎ᠶ᠋ᠢ ᠵᠠᠷᠯᠠᠨ ᠨᠡᠢᠲᠡᠯᠡᠵᠦ ᠲᠥᠪᠯᠡᠷᠡᠭᠦᠯᠦᠨ ᠵᠠᠰᠠᠬᠤ ᠠᠵᠢᠯ ᠎ᠢ ᠪᠥᠬᠥ᠌ ᠲᠠᠯ᠎ᠠ᠎ᠪᠠᠷ᠎ᠡᠬᠢᠯᠡᠭᠦᠯᠪᠡ ᠃ 4 ᠰᠠᠷ᠎ᠠ ᠎ᠶ᠋ᠢᠨ 13 ᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠤᠯᠤᠰ ᠎ᠤᠨ ᠥᠮᠴᠢᠯᠡᠯᠲᠦ ᠡᠳ᠋ ᠬᠥᠷᠥᠩᠭᠡ ᠎ᠶ᠋ᠢᠨ ᠬᠢᠨᠠᠯᠲᠠ ᠬᠠᠮᠢᠶᠠᠷᠤᠯᠲᠠ ᠎ᠶ᠋ᠢᠨ ᠵᠥᠪᠯᠡᠯ ᠎ᠦᠨ ᠨᠠᠮ ᠎ᠤᠨ ᠬᠣᠷᠢᠶ᠎ᠠ ᠤᠯᠤᠰ ᠎ᠤᠨ ᠥᠮᠴᠢᠯᠡᠯᠲᠦ ᠡᠳ᠋ ᠬᠥᠷᠥᠩᠭᠡ ᠤᠯᠤᠰ ᠎ᠤᠨ ᠥᠮᠴᠢᠯᠡᠯᠲᠦ ᠠᠵᠤ ᠠᠬᠤᠢᠯᠠᠯ ᠎ᠤᠨ ᠱᠢᠰᠲ᠋ᠧᠮ ᠎ᠤᠨ ᠲᠥᠪᠯᠡᠷᠡᠭᠦᠯᠦᠨ ᠵᠠᠰᠠᠬᠤ ᠳᠠᠢᠴᠢᠯᠠᠯᠲᠠ ᠪᠠᠢᠷᠢᠯᠠᠭᠤᠯᠤᠯᠲᠠ ᠎ᠶ᠋ᠢᠨ ᠬᠤᠷᠠᠯ ᠎ᠢ ᠲᠤᠰᠭᠠᠢᠯᠠᠨ ᠬᠤᠷᠠᠯᠳᠤᠭᠤᠯᠪᠠ; 4 ᠰᠠᠷ᠎ᠠ ᠎ᠶ᠋ᠢᠨ 17 ᠎ᠤ᠋ ᠡᠳᠦᠷ ᠂ ᠪᠠᠶᠠᠨᠨᠠᠭᠤᠷ ᠬᠤᠳᠠ ᠎ᠶ᠋ᠢᠨ ᠨᠠᠮ ᠎ᠤᠨ ᠬᠣᠷᠢᠶ᠎ᠠ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠪᠦᠬᠦ᠌ ᠬᠤᠳᠠ ᠎ᠶ᠋ᠢᠨ ᠲᠥᠪᠯᠡᠷᠡᠭᠦᠯᠦᠨ ᠵᠠᠰᠠᠬᠤ ᠠᠵᠢᠯ ᠎ᠢ ᠠᠬᠢᠭᠤᠯᠬᠤ ᠲᠤᠬᠠᠢ ᠲᠤᠰᠭᠠᠢ ᠰᠡᠳᠦᠪ ᠎ᠢᠶᠡᠷ ᠪᠠᠢᠷᠢᠯᠠᠭᠤᠯᠪᠠ᠃ ᠡᠯ᠎ᠡ ᠭᠠᠵᠠᠷ ᠤᠷᠤᠨ ᠡᠯ᠎ᠡ ᠨᠢᠭᠡᠴᠢ ᠎ᠶ᠋ᠢᠨ ᠬᠢᠨ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠤᠨ ᠨᠠᠷᠢᠨ ᠲᠠᠩᠰᠠ ᠎ᠶ᠋ᠢ ᠵᠠᠷᠯᠠᠨ ᠨᠡᠢᠲᠡᠯᠡᠵᠦ᠍᠂ ᠥᠷᠭᠡᠨ ᠤᠯᠠᠨ ᠨᠠᠮ ᠎ᠤᠨ ᠭᠡᠱᠢᠭᠦᠨ ᠺᠠᠳ᠋ᠷ ᠎ᠤᠨ ᠳᠤᠮᠳᠠ ᠴᠢᠩᠭ᠎ᠠ ᠲᠤᠰᠭᠠᠯ ᠭᠠᠷᠪᠠ ᠃

ᠠᠰᠠᠭᠤᠳᠠᠯ ᠎ᠤᠨ ᠨᠠᠷᠢᠨ ᠳᠠᠩᠰᠠ ᠨᠢ ᠨᠠᠷᠢᠯᠢᠭ ᠤᠨᠤᠪᠴᠢᠲᠠᠢ ᠪᠠᠢᠵᠦ ᠂ ᠬᠠᠷᠢᠭᠤᠴᠠᠯᠭ᠎ᠠ ᠡᠭᠦᠷᠭᠡᠯᠡᠯ ᠎ᠢ ᠢᠯᠡᠷᠡᠭᠦᠯᠪᠡ᠃ ᠡᠯ᠎ᠡ ᠭᠠᠵᠠᠷ ᠤᠷᠤᠨ ᠡᠯ᠎ᠡ ᠨᠢᠭᠡᠴᠢ᠎ᠶ᠋ᠢᠨ ᠨᠠᠮ ᠎ᠤᠨ ᠭᠡᠱᠢᠭᠦᠨ ᠺᠠᠳ᠋ᠷᠴᠤᠳ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ ᠎ᠶ᠋ᠢᠨ ᠴᠢᠬᠤᠯᠠ ᠶᠠᠷᠢᠶᠠᠨ ᠎ᠤ ᠵᠣᠷᠢᠭ ᠰᠠᠨᠠᠭ᠎ᠠ ᠎ᠶ᠋ᠢ ᠪᠦᠬᠦ᠌ ᠲᠠᠯ᠎ᠠ ᠎ᠪᠠᠷ ᠲᠤᠭᠤᠱᠢᠯᠠᠭᠤᠯᠵᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠤᠨ ᠨᠠᠷᠢᠨ ᠲᠠᠩᠰᠠ ᠪᠣᠯᠤᠨ ᠪᠣᠳᠠᠲᠠᠢ ᠢᠯᠡᠷᠡᠯ ᠎ᠢ ᠱᠢᠰᠲ᠋ᠧᠮ᠎ᠲᠡᠶ ᠡᠮᠬᠢᠯᠡᠵᠦ᠂ 《ᠵᠢᠵᠢᠭ ᠪᠦᠯᠬᠦᠮ᠎ᠦᠨ ᠰᠣᠶᠣᠯ 》 ᠂ 《 ᠭᠠᠷᠠᠮ᠎ᠤᠨ ᠰᠣᠶᠣᠯ》᠂ 《 ᠠᠷᠢᠬᠢᠨ ᠱᠢᠷᠡᠭᠡᠨ ᠎ᠦ ᠰᠣᠶᠣᠯ》 ᠂ 《ᠡᠷᠬᠡ ᠎ᠶ᠋ᠢᠨ ᠠᠷᠠᠯᠵᠢᠶ᠎ᠠ》 ᠂ 《 ᠤᠯᠤᠰ ᠲᠥᠷᠥ ᠎ᠶ᠋ᠢᠨ ᠰᠠᠭᠤᠷᠢᠱᠢᠯ》 ᠵᠡᠷᠭᠡ 11 ᠵᠦᠶ᠋ᠯ ᠎ᠦᠨ ᠦᠵᠡᠭ᠌ᠳᠡᠯ ᠎ᠢ ᠭᠦᠨᠵᠡᠭᠡᠶ ᠳᠦᠷᠰᠦᠯᠡᠵᠦ᠂ ᠠᠰᠠᠭᠤᠳᠠᠯ ᠎ᠤᠨ ᠪᠠᠢᠷᠢ ᠲᠣᠭ᠍ᠲᠠᠭᠠᠯᠲᠠ ᠨᠢ ᠣᠨᠣᠪᠴᠢᠲᠠᠶ᠂ ᠢᠯᠡᠷᠡᠯ ᠨᠢ ᠲᠣᠳᠣᠷᠬᠠᠶ᠂ ᠨᠠᠮ ᠎ᠤᠨ ᠳᠣᠲᠣᠭᠠᠳᠤ ᠎ᠶ᠋ᠢᠨ ᠤᠯᠤᠰ ᠲᠥᠷᠥ ᠎ᠶ᠋ᠢᠨ ᠠᠮᠢ ᠠᠬᠤᠶ ᠎ᠶ᠋ᠢ ᠬᠣᠬᠢᠷᠠᠭᠤᠯᠬᠤ ᠭᠠᠵᠢᠭᠤ ᠰᠤᠷᠲᠠᠯ ᠢ᠋ ᠣᠨᠣᠪᠴᠢᠲᠠᠶ ᠵᠢᠭᠠᠨ ᠭᠠᠷᠭᠠᠵᠦ ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠤᠨ 《ᠤᠯᠠᠭᠠᠨ ᠱᠤᠭᠤᠮ》 ᠪᠣᠯᠤᠨ 《 ᠬᠣᠷᠢᠭᠠᠲᠤ ᠣᠷᠣᠨ》 ᠢ᠋ ᠠᠮᠢᠳᠤ ᠳᠦᠷᠰᠦᠯᠢᠭ ᠎ᠢᠶᠡᠷ ᠵᠢᠷᠤᠵᠤ ᠭᠠᠷᠭᠠᠪᠠ ᠬᠡᠵᠦ ᠰᠠᠨᠠᠯ ᠨᠢᠭᠡᠲᠡᠶ ᠦᠵᠡᠵᠡᠭᠡᠪᠡ ᠃

ᠬᠥᠬᠡᠬᠣᠲᠠ ᠎ᠶ᠋ᠢᠨ ᠨᠠᠮ᠎ᠤᠨ ᠬᠣᠷᠢᠶᠠᠨ ᠎ᠤ ᠪᠠᠢᠩᠭᠤ ᠎ᠶ᠋ᠢᠨ ᠬᠣᠷᠢᠶᠠᠨ ᠎ᠤ ᠬᠤᠷᠠᠯ᠎ᠠᠴᠠ᠂ ᠠᠰᠠᠭᠤᠳᠠᠯ ᠎ᠤᠨ ᠨᠠᠷᠢᠨ ᠲᠠᠩᠰᠠ ᠨᠢ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠤᠨ ᠠᠮᠢᠨ ᠭᠠᠵᠠᠷ᠎ᠢ ᠱᠢᠭᠤᠳ ᠳᠠᠭᠠᠷᠢᠵᠤ᠂ ᠬᠥᠮᠦᠰ ᠎ᠢ ᠰᠡᠷᠡᠮᠵᠢᠯᠡᠭᠦᠯᠵᠦ᠍᠂ ᠭᠦᠨᠵᠡᠭᠡᠢ ᠰᠡᠳᠭᠢᠭᠦᠯᠵᠦ᠍᠂ ᠠᠰᠠᠭᠤᠳᠠᠯ ᠎ᠳᠤ ᠠᠩᠬᠠᠷᠤᠯ᠎ᠢᠶᠠᠨ ᠲᠥᠪᠯᠡᠷᠡᠭᠦᠯᠬᠦ᠌᠂ ᠬᠠᠷᠠᠯᠲᠠ᠎ᠲᠠᠶ᠎ᠪᠠᠷ ᠬᠦᠴᠦᠯᠡᠵᠦ᠍ ᠲᠥᠪᠯᠡᠷᠡᠭᠦᠯᠦᠨ ᠵᠠᠰᠠᠬᠤ ᠎ᠳᠤ ᠣᠨᠣᠪᠴᠢᠲᠠᠢ ᠴᠢᠭ᠌ᠯᠡᠯ ᠬᠠᠩᠭᠠᠪᠠ ᠭᠡᠵᠦ᠍ ᠵᠢᠭᠠᠵᠤ ᠭᠠᠷᠭᠠᠪᠠ᠃ ᠪᠠᠶᠠᠨᠨᠠᠭᠤᠷ ᠬᠣᠲᠠ ᠎ᠶ᠋ᠢᠨ ᠨᠠᠮ ᠎ᠤᠨ ᠬᠣᠷᠢᠶ᠎ᠠ ᠠᠰᠠᠭᠤᠳᠠᠯ ᠎ᠤᠨ ᠨᠠᠷᠢᠨ ᠲᠠᠩᠰᠠ ᠎ᠶ᠋ᠢ ᠵᠠᠷᠯᠠᠨ ᠨᠡᠢᠲᠡᠯᠡᠭ᠌ᠰᠡᠨ᠎ᠦ ᠳᠠᠷᠠᠭ᠎ᠠ᠂ ᠬᠣᠲᠠ᠎ᠶ᠋ᠢᠨ ᠨᠠᠮ ᠎ᠤᠨ ᠬᠣᠷᠢᠶᠠᠨ ᠎ᠤ ᠪᠠᠢᠩᠭᠤ ᠎ᠶ᠋ᠢᠨ ᠭᠡᠱᠢᠭᠦᠨ ᠨᠢᠭᠡ ᠪᠦᠷᠢ ᠴᠥᠮ ᠠᠰᠠᠭᠤᠳᠠᠯ ᠎ᠤᠨ ᠨᠠᠷᠢᠨ ᠲᠠᠩᠰᠠ᠎ᠶ᠋ᠢᠨ ᠲᠤᠬᠠᠶ ᠲᠠᠨᠢᠯᠲᠠ ᠪᠠ ᠲᠥᠷᠥᠭ᠌ᠳᠡᠯ ᠎ᠢᠶᠡᠨ ᠶᠠᠷᠢᠵᠤ᠂ ᠠᠰᠠᠭᠤᠳᠠᠯ ᠎ᠤᠨ ᠨᠠᠷᠢᠨ ᠲᠠᠩᠰᠠ ᠎ᠶ᠋ᠢ ᠣᠨᠣᠪᠴᠢᠲᠠᠶ ᠡᠷᠢᠵᠦ᠍᠂ ᠬᠣᠷᠢᠭ᠎ᠠ ᠱᠤᠭᠤᠮ᠎ᠢ ᠲᠣᠳᠣᠷᠬᠠᠢᠯᠠᠵᠤ᠂ 《ᠤᠯᠠᠭᠠᠨ ᠳ᠋ᠧᠩ》 ᠎ᠢ᠋ ᠠᠰᠠᠭᠠᠵᠤ᠂ ᠵᠥᠷᠢᠴᠡᠯ ᠎ᠳᠦ ᠱᠢᠭᠤᠳ ᠬᠠᠨᠳᠤᠬᠤ᠂ ᠥᠪᠡᠷ ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠡᠷᠡᠰ ᠵᠣᠷᠢᠭ ᠎ᠢ ᠢᠯᠡᠷᠡᠭᠦᠯᠵᠦ᠍᠂ ᠨᠠᠮ ᠡᠴᠡ ᠨᠠᠮ᠎ᠢ ᠬᠠᠮᠢᠶᠠᠷᠬᠤ᠂ ᠨᠠᠮ ᠎ᠢ ᠴᠢᠩᠭ᠎ᠠ ᠵᠠᠰᠠᠬᠤ ᠬᠠᠷᠢᠭᠤᠴᠠᠯᠭ᠎ᠠ ᠡᠭᠦᠷᠭᠡᠯᠡᠯ ᠎ᠢ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ ᠎ᠤ ᠤᠯᠤᠰ ᠎ᠤᠨ ᠥᠮᠴᠢᠯᠡᠯ ᠎ᠦᠨ ᠠᠵᠤ ᠠᠬᠤᠢᠯᠠᠯ ᠎ᠤᠨ ᠵᠠᠷᠢᠮ ᠨᠠᠮ ᠎ᠤᠨ ᠭᠡᠱᠢᠭᠦᠨ ᠺᠠᠳ᠋ᠷ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠤᠨ ᠨᠠᠷᠢᠨ ᠲᠠᠩᠰᠠ᠎ᠶ᠋ᠢᠨ ᠵᠢᠷᠤᠭ ᠣᠨᠣᠪᠴᠢᠲᠠᠢ᠂ ᠬᠠᠷᠠᠯᠲᠠ ᠲᠣᠳᠣᠷᠬᠠᠢ᠂ ᠤᠯᠤᠰ᠎ᠤᠨ ᠥᠮᠴᠢᠯᠡᠯ ᠎ᠦᠨ ᠠᠵᠤ ᠠᠬᠤᠢᠯᠠᠯ ᠎ᠢ ᠲᠥᠪᠯᠡᠷᠡᠭᠦᠯᠦᠨ ᠵᠠᠰᠠᠬᠤ ᠨᠢ ᠨᠡᠩ ᠪᠣᠳᠠᠲᠠᠢ ᠴᠢᠭ᠌ᠯᠡᠬᠦᠯᠦᠯᠳᠤ ᠴᠢᠨᠠᠷᠲᠠᠢ ᠶᠤᠮ ᠭᠡᠵᠡᠢ᠃

ᠠᠰᠠᠭᠤᠳᠠᠯ ᠎ᠤᠨ ᠨᠠᠷᠢᠨ ᠲᠠᠩᠰᠠ᠎ᠨᠢ ᠥᠪᠡᠷ ᠎ᠢ᠎ᠪᠡᠨ ᠪᠠᠢᠴᠠᠭᠠᠬᠤ ᠲᠣᠯᠢ ᠬᠠᠩᠭᠠᠵᠤ᠂ ᠢᠯᠡ ᠲᠣᠳᠣ ᠤᠳᠤᠷᠢᠳᠤᠮᠵᠢ ᠎ᠶ᠋ᠢ ᠪᠣᠶ ᠪᠣᠯᠭᠠᠪᠠ᠃ ᠡᠯ᠎ᠡ ᠭᠠᠵᠠᠷ ᠣᠷᠣᠨ ᠡᠯ᠎ᠡ ᠨᠢᠭᠡᠴᠢ ᠎ᠶ᠋ᠢᠨ ᠨᠠᠮ ᠎ᠤᠨ ᠭᠡᠱᠢᠭᠦᠨ ᠺᠠᠳ᠋ᠷᠴᠤᠳ᠂ ᠠᠰᠠᠭᠤᠳᠠᠯ ᠎ᠤᠨ ᠨᠠᠷᠢᠨ ᠲᠠᠩᠰᠠ᠎ᠳᠤ ᠵᠢᠭᠠᠵᠤ ᠭᠠᠷᠭᠠᠭ᠍ᠰᠠᠨ ᠦᠵᠡᠭ᠌ᠳᠡᠯ ᠨᠢ ᠨᠠᠮ ᠎ᠤᠨ ᠭᠡᠱᠢᠭᠦᠨ ᠺᠠᠳ᠋ᠷᠴᠤᠳ᠎ᠲᠤ 《ᠰᠡᠷᠡᠮᠵᠢᠯᠡᠭᠦᠯᠬᠦ᠌ ᠫᠠᠢᠰᠠ》 ᠣᠯᠭᠣᠵᠤ ᠪᠠᠢᠬᠤ᠎ᠪᠠᠷ ᠪᠠᠷᠠᠬᠤ ᠦᠭᠡᠢ᠂ ᠨᠡᠩ ᠴᠤ᠌ ᠲᠥᠪᠯᠡᠷᠡᠭᠦᠯᠦᠨ ᠵᠠᠰᠠᠬᠤ᠎ᠳᠤ 《ᠠᠶᠠᠯᠠᠯ ᠵᠠᠯᠠᠬᠤ ᠬᠡᠮᠵᠢᠭᠦᠷᠯᠢᠭ》 ᠬᠠᠩᠭᠠᠵᠤ᠂ ᠡᠯ᠎ᠡ ᠱᠠᠲᠤᠨ ᠎ᠤ ᠨᠠᠮ᠎ᠤᠨ ᠵᠣᠬᠢᠶᠠᠨ ᠪᠠᠢᠭᠤᠯᠤᠯᠲᠠ ᠠᠰᠠᠭᠤᠳᠠᠯ ᠎ᠤᠨ ᠨᠠᠷᠢᠨ ᠲᠠᠩᠰᠠ᠎ᠶ᠋ᠢ ᠮᠡᠳᠡᠭ᠌ᠳᠡᠵᠦ᠍᠂ ᠨᠠᠮ᠎ᠤᠨ ᠭᠡᠱᠢᠭᠦᠨ ᠺᠠᠳ᠋ᠷᠴᠤᠳ ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠥᠪᠡᠷ ᠎ᠢ᠎ᠪᠡᠨ ᠪᠠᠭ᠍ᠲᠠᠭᠠᠵᠤ᠂ ᠦᠵᠡᠯ ᠰᠠᠨᠠᠭ᠎ᠠ᠎ᠪᠠᠨ ᠵᠢᠬᠰᠠᠭᠠᠨ ᠣᠷᠣᠭᠤᠯᠵᠤ᠂ ᠤᠬᠠᠮᠰᠠᠷ᠎ᠠᠴᠠ᠎ᠪᠠᠨ ᠬᠠᠷᠢᠴᠠᠭᠤᠯᠤᠨ ᠪᠠᠢᠴᠠᠭᠠᠵᠤ᠂ ᠲᠤᠯᠢᠨ᠎ᠳᠤ ᠵᠢᠰᠦ᠎ᠪᠡᠨ ᠦᠵᠡᠵᠦ᠍ ᠮᠠᠯᠠᠭᠠᠢ᠎ᠪᠠᠨ ᠲᠡᠭ᠌ᠰᠢᠯᠡᠬᠦ᠌᠂ ᠨᠢᠭᠤᠷ ᠤᠯᠠᠢᠯᠭᠠᠨ ᠬᠥᠯᠥᠰᠥ᠍ ᠭᠠᠷᠭᠠᠬᠤ᠂ ᠰᠡᠷᠡᠮᠵᠢᠯᠡᠭᠦᠯᠦᠨ ᠰᠡᠷᠡᠮᠵᠢᠯᠡᠭᠦᠯᠬᠦ᠌ ᠦᠷ᠎ᠡ ᠪᠦᠲᠦᠮᠵᠢ᠎ᠶ᠋ᠢ ᠦᠨᠡᠨ ᠬᠦ᠌ ᠣᠯᠤᠭ᠍ᠰᠠᠨ ᠪᠠᠢᠨ᠎ᠠ ᠭᠡᠵᠦ ᠨᠡᠢᠳᠡᠮ ᠦᠵᠡᠵᠡᠭᠡᠪᠡ᠃ ᠬᠢᠩᠭᠠᠨ ᠠᠢᠮᠠᠭ᠎ᠤᠨ ᠵᠠᠷᠢᠮ ᠨᠠᠮ᠎ᠤᠨ ᠭᠡᠱᠢᠭᠦᠨ ᠺᠠᠳ᠋ᠷ᠂ ᠠᠰᠠᠭᠤᠳᠠᠯ ᠎ᠤᠨ ᠨᠠᠷᠢᠨ ᠲᠠᠩᠰᠠ ᠪᠣᠯ ᠲᠥᠪᠯᠡᠷᠡᠭᠦᠯᠦᠨ ᠵᠠᠰᠠᠬᠤ᠎ᠠᠴᠠ ᠭᠠᠷᠭᠠᠭ᠍ᠰᠠᠨ ᠣᠨᠣᠱᠢᠯᠠᠯᠲᠠ᠎ᠶ᠋ᠢᠨ ᠪᠢᠴᠢᠭ ᠮᠥᠨ᠂ ᠡᠨᠡ ᠬᠦ᠌ ᠣᠨᠣᠱᠢᠯᠠᠯᠲᠠ ᠎ᠶ᠋ᠢᠨ ᠪᠢᠴᠢᠭ᠎ᠲᠡᠶ ᠪᠣᠯᠴᠢᠬᠠᠪᠠᠯ᠂ ᠨᠠᠮ᠎ᠤᠨ ᠭᠡᠱᠢᠭᠦᠨ ᠺᠠᠳ᠋ᠷ ᠥᠪᠡᠷ ᠎ᠦᠨ ᠦᠵᠡᠯ ᠰᠠᠨᠠᠭ᠎ᠠ ᠪᠠ ᠦᠭᠡ ᠶᠠᠷᠢᠶ᠎ᠠ ᠦᠶ᠋ᠯᠡ ᠠᠵᠢᠯᠯᠠᠭ᠎ᠠ᠎ᠪᠠᠨ ᠨᠠᠷᠢᠨ ᠨᠢᠮᠪᠠᠶ ᠪᠠᠢᠴᠠᠭᠠᠨ ᠦᠵᠡᠵᠦ᠍᠂ ᠠᠰᠠᠭᠤᠳᠠᠯ᠎ᠢ ᠣᠨᠣᠪᠴᠢᠲᠠᠶ ᠡᠷᠢᠵᠦ᠍᠂ ᠡᠪᠡᠳᠴᠢᠨ᠎ᠳᠦᠨᠢ ᠲᠠᠭᠠᠷᠠᠭᠤᠯᠤᠨ ᠡᠮ ᠥᠭ᠌ᠴᠦ᠂ ᠲᠥᠪᠯᠡᠷᠡᠭᠦᠯᠦᠨ ᠵᠠᠰᠠᠬᠤ ᠎ᠳᠤ ᠰᠠᠢᠨ 《ᠡᠮᠴᠢᠯᠡᠭᠡᠨ ᠎ᠦ ᠦᠷ᠎ᠡ ᠪᠦᠲᠦᠮᠵᠢ》 ᠣᠯᠵᠤ ᠴᠢᠳᠠᠨ᠎ᠠ ᠭᠡᠵᠦ᠍ ᠬᠡᠯᠡᠪᠡ᠃ ᠶᠡᠬᠡ ᠳᠡᠭᠡᠳᠦ ᠰᠤᠷᠭᠠᠭᠤᠯᠢ ᠎ᠶ᠋ᠢᠨ ᠵᠠᠷᠢᠮ ᠨᠠᠮ ᠎ᠤᠨ ᠪᠠᠢᠭᠤᠯᠤᠯᠲᠠ ᠎ᠶ᠋ᠢᠨ ᠲᠤᠰᠭᠠᠶ ᠮᠡᠷᠭᠡᠵᠢᠯᠲᠡᠨ᠂ ᠠᠰᠠᠭᠤᠳᠠᠯ ᠎ᠤᠨ ᠨᠠᠷᠢᠨ ᠲᠠᠩᠰᠠ ᠎ᠶ᠋ᠢᠨ ᠦᠨ᠎ᠡ ᠥᠷᠲᠡᠭ᠎ᠨᠢ ᠨᠠᠮ ᠎ᠤᠨ ᠭᠡᠱᠢᠭᠦᠨ ᠺᠠᠳ᠋ᠷ ᠎ᠤᠨ ᠰᠠᠨᠠᠭ᠎ᠠ᠎ᠪᠠᠷ᠎ᠢᠶᠠᠨ ᠰᠠᠪᠠᠵᠤ᠂ ᠭᠠᠵᠢᠭᠤ ᠵᠠᠮ᠎ᠳᠤ ᠣᠷᠣᠬᠤ ᠪᠣᠯᠤᠮᠵᠢ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠤᠷᠠᠭᠤᠯᠤᠭ᠍ᠰᠠᠨ ᠵᠢᠡᠷ ᠪᠠᠷᠠᠬᠤ ᠥᠬᠡᠶ᠂ ᠨᠠᠩ ᠴᠤ᠌《ᠰᠠᠬᠢᠯᠭ᠎ᠠ ᠪᠠᠲᠤ ᠎ᠶ᠋ᠢ ᠡᠷᠬᠢᠮᠯᠡᠬᠦ᠌᠂ ᠶᠣᠰᠣ ᠲᠦᠷᠢᠮ ᠎ᠢ ᠰᠠᠬᠢᠬᠤ᠂ ᠠᠵᠢᠯ ᠬᠢᠵᠦ᠍ ᠳᠡᠢᠯᠬᠦ᠌᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠌》 ᠢᠯᠡ ᠲᠣᠳᠣ ᠤᠳᠤᠷᠢᠳᠤᠮᠵᠢ ᠎ᠶ᠋ᠢ ᠪᠣᠶ ᠪᠣᠯᠭᠠᠵᠤ᠂ ᠺᠠᠳ᠋ᠷ ᠎ᠢ ᠳᠠᠷᠤᠭᠠᠰᠤ ᠥᠬᠡᠶ᠎ᠪᠡᠷ ᠠᠵᠢᠯᠯᠠᠭᠤᠯᠵᠤ᠂ ᠶᠡᠬᠡ᠎ᠪᠡᠷ ᠬᠢᠯᠭᠡᠵᠦ᠍᠂ 《ᠨᠠᠵᠠᠭᠠᠶ ᠲᠠᠯ᠎ᠠ᠎ᠶ᠋ᠢᠨ ᠨᠠᠷᠢᠨ ᠲᠠᠩᠰᠠ》᠎ᠶ᠋ᠢᠨ 《ᠵᠥᠪ ᠲᠠᠯ᠎ᠠ᠎ᠶ᠋ᠢᠨ ᠦᠢᠯᠡᠳᠦᠯ》 ᠎ᠢ᠋ ᠦᠨᠡᠨ ᠬᠦ᠌ ᠪᠠᠳᠠᠷᠠᠭᠤᠯᠬᠤ᠎ᠳᠤ ᠪᠠᠢᠨ᠎ᠠ ᠭᠡᠵᠦ᠍ ᠬᠡᠯᠡᠪᠡ᠃

ᠠᠰᠠᠭᠤᠳᠠᠯ ᠤ᠋ᠨ ᠨᠠᠷᠢᠨ ᠲᠠᠩᠰᠠ ᠨᠢ ᠵᠠᠰᠠᠯᠳᠠ ᠵᠢᠨ ᠴᠢᠭᠯᠡᠯ ᠢ᠋ ᠲᠤᠳᠤᠷᠬᠠᠢᠯᠠᠵᠤ᠂ ᠶᠤᠰᠤ ᠲᠦᠷᠢᠮ ᠤ᠋ᠨ ᠤᠬᠠᠮᠰᠠᠷ ᠢ᠋ ᠴᠢᠩᠭᠠᠳᠬᠠᠵᠠᠢ᠃ ᠡᠯ᠎ᠡ ᠭᠠᠵᠠᠷ ᠤᠷᠤᠨ ᠡᠯ᠎ᠡ ᠪᠠᠢᠭᠤᠯᠭ᠎ᠠ ᠨᠢᠬᠡᠴᠢ ᠵᠢᠨ ᠨᠠᠮ ᠤ᠋ᠨ ᠬᠡᠰᠢᠬᠦᠨ ᠺᠠᠳ᠋ᠷᠴᠤᠳ᠂ ᠠᠰᠠᠭᠤᠳᠠᠯ ᠤ᠋ᠨ ᠨᠠᠷᠢᠨ ᠲᠠᠩᠰᠠ ᠨᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠤᠨ 《ᠶᠠᠭᠤ ᠪᠤᠯᠬᠤ》᠎ᠳ᠋ᠦ ᠲᠤᠳᠤᠷᠬᠠᠢ ᠵᠠᠭᠠᠬ ᠲᠤᠬᠳᠠᠭᠠᠬᠰᠠᠨ᠎ᠤ ᠬᠠᠮᠳᠤ᠂ ᠠᠰᠠᠭᠤᠳᠠᠯ ᠤ᠋ᠨ ᠨᠠᠷᠢᠨ ᠲᠠᠩᠰᠠ ᠵᠢᠨ 11 ᠦᠵᠡᠭᠳᠡᠯ ᠳ᠋ᠤ ᠬᠠᠷᠠᠭᠠᠯᠵᠠᠭᠤᠯᠵᠤ᠂《ᠠᠷᠪᠠᠨ ᠨᠢᠬᠡᠨ ᠴᠢᠩᠭ᠎ᠠ ᠴᠠᠭᠠᠵᠠᠯᠠᠯ》᠎ᠤ᠋ᠨ ᠱᠠᠭᠠᠷᠳᠠᠯᠭ᠎ᠠ ᠵᠢ ᠲᠤᠳᠤᠷᠬᠠᠢᠯᠠᠵᠤ᠂ ᠴᠠᠬ ᠲᠤᠬᠠᠢ ᠳ᠋ᠤᠨᠢ ᠠᠪᠴᠤ ᠭᠠᠷᠭᠠᠬᠰᠠᠨ《ᠤᠯᠠᠭᠠᠨ ᠰᠢᠷ᠎ᠠ ᠫᠠᠢᠰᠠ》 ᠪᠤᠯᠬᠤ ᠪᠦᠬᠡᠳ ᠪᠠᠰᠠ ᠴᠦ᠍ ᠲᠦᠪᠯᠡᠷᠡᠬᠦᠯᠦᠨ ᠵᠠᠰᠠᠬᠤ 《ᠡᠬᠦᠷᠬᠡ ᠵᠢᠨ ᠪᠢᠴᠢᠭ》 ᠪᠠᠢᠵᠤ᠂ ᠡᠯ᠎ᠡ ᠱᠠᠳᠤᠨ ᠤ᠋ ᠨᠠᠮ ᠤ᠋ᠨ ᠵᠤᠬᠢᠶᠠᠨ ᠪᠠᠢᠭᠤᠯᠤᠯᠳᠠ ᠪᠤᠯᠤᠨ ᠨᠠᠮ ᠤ᠋ᠨ ᠬᠡᠰᠢᠬᠦᠨ ᠺᠠᠳ᠋ᠷ ᠲᠦ᠍ ᠲᠦᠪᠯᠡᠷᠡᠬᠦᠯᠦᠨ ᠵᠠᠰᠠᠬᠤ ᠭᠤᠤᠯᠳᠠᠯᠭ᠎ᠠ ᠪᠤᠯᠤᠨ ᠵᠠᠩᠬᠢᠯᠠᠭ᠎ᠠ ᠵᠢ ᠨᠡᠩ ᠵᠦᠪ ᠤᠨᠤᠪᠴᠢᠳᠠᠢ ᠡᠵᠡᠮᠰᠢᠬᠦᠯᠵᠦ᠂ ᠵᠤᠷᠢᠯᠳᠠ ᠲᠤᠳᠤᠷᠬᠠᠢ ᠪᠡᠷ ᠬᠦᠴᠦᠯᠡᠵᠦ᠂ ᠤᠨᠢᠨ ᠲᠡᠭᠡᠷ᠎ᠡ ᠨᠢ ᠵᠠᠰᠠᠬ ᠶᠠᠪᠤᠭᠤᠯᠵᠤ᠂ ᠲᠦᠪᠯᠡᠷᠡᠭᠰᠡᠨ ᠵᠠᠰᠠᠯᠳᠠ ᠵᠢᠨ ᠦᠷ᠎ᠡ ᠪᠦᠳᠦᠮᠵᠢ ᠵᠢ ᠪᠠᠳᠤᠯᠠᠪᠠ ᠬᠡᠵᠦ ᠢᠯᠡᠳᠬᠡᠵᠡᠬᠡᠪᠡ᠃ ᠰᠢᠯᠢ ᠵᠢᠨ ᠭᠤᠤᠯ ᠠᠢᠮᠠᠬ ᠤ᠋ᠨ ᠵᠠᠷᠢᠮ ᠨᠠᠮ ᠤ᠋ᠨ ᠵᠤᠬᠢᠶᠠᠨ ᠪᠠᠢᠭᠤᠯᠤᠯᠳᠠ ᠪᠤᠯᠤᠨ ᠨᠠᠮ ᠤ᠋ᠨ ᠬᠡᠰᠢᠬᠦᠨ ᠺᠠᠳ᠋ᠷᠴᠤᠳ᠂ ᠠᠰᠠᠭᠤᠳᠠᠯ ᠤ᠋ᠨ ᠨᠠᠷᠢᠨ ᠲᠠᠩᠰᠠ ᠨᠢ 《ᠬᠤᠷᠢᠭ᠎ᠠ ᠱᠤᠭᠤᠮ᠂ ᠤᠯᠠᠭᠠᠨ ᠱᠤᠭᠤᠮ᠂ ᠦᠨᠳᠦᠷ ᠲᠠᠷᠤᠯᠳᠠ ᠵᠢᠨ ᠱᠤᠭᠤᠮ》ᠢ᠋ ᠲᠤᠳᠤᠷᠬᠠᠢ ᠵᠢᠷᠤᠵᠤ ᠲᠤᠬᠳᠠᠭᠠᠵᠤ᠂ ᠠᠰᠠᠭᠤᠳᠠᠯ ᠢ᠋ ᠤᠨᠢᠯᠠᠵᠤ ᠶᠠᠪᠤᠬᠤ᠂ ᠠᠰᠠᠭᠤᠳᠠᠯ ᠢ᠋ ᠡᠷᠢᠵᠦ ᠶᠠᠪᠤᠬᠤ᠂ ᠠᠰᠠᠭᠤᠳᠠᠯ ᠳ᠋ᠤ ᠠᠩᠬᠠᠷᠤᠯ ᠵᠢᠡᠨ ᠲᠦᠪᠯᠡᠷᠡᠬᠦᠯᠦᠨ ᠵᠠᠰᠠᠵᠤ᠂ ᠦᠪᠡᠰᠦᠪᠡᠨ ᠪᠠᠢᠴᠠᠭᠠᠵᠤ ᠦᠪᠡᠰᠦᠪᠡᠨ ᠵᠠᠯᠠᠷᠠᠭᠤᠯᠬᠤ ᠵᠢ ᠪᠦᠬᠦ ᠲᠠᠯ᠎ᠠ ᠪᠡᠷ ᠦᠷᠨᠢᠬᠦᠯᠵᠦ᠂ ᠢᠮᠠᠬᠳᠠ ᠰᠡᠳᠬᠢᠯ ᠳ᠋ᠡᠬᠡᠨ ᠴᠡᠬᠡᠷ ᠲᠠᠢ᠂ ᠠᠵᠢᠯᠯᠠᠭᠠᠨ ᠳ᠋ᠠᠭᠠᠨ ᠬᠤᠷᠢᠭ᠎ᠠ ᠲᠠᠢ ᠪᠠᠢᠬᠤ ᠵᠢ ᠪᠡᠶᠡᠯᠡᠬᠦᠯᠵᠡᠢ ᠬᠡᠵᠦ ᠶᠠᠷᠢᠪᠠ᠃ ᠤᠷᠳᠤᠰ ᠬᠤᠳᠠ ᠵᠢᠨ ᠬᠢᠶ᠎ᠠ ᠪᠠᠬᠰᠢ ᠲᠤᠭᠤᠷᠢᠬ ᠤ᠋ᠨ ᠵᠠᠷᠢᠮ ᠨᠠᠮ ᠤ᠋ᠨ ᠬᠡᠰᠢᠬᠦᠨ ᠺᠠᠳ᠋ᠷᠴᠤᠳ᠂ ᠨᠠᠮ ᠤ᠋ᠨ ᠬᠡᠰᠢᠬᠦᠨ ᠤ᠋ ᠤᠯᠤᠰ ᠲᠦᠷᠦ ᠵᠢᠨ ᠠᠮᠢᠳᠤᠷᠠᠯ ᠤ᠋ᠨ ᠤᠷᠳᠤᠨ ᠳ᠋ᠤ ᠲᠦᠰᠢᠭᠯᠡᠵᠦ᠂ ᠠᠰᠠᠭᠤᠳᠠᠯ ᠤ᠋ᠨ ᠨᠠᠷᠢᠨ ᠲᠠᠩᠰᠠᠨ ᠳ᠋ᠡᠬᠢ ᠤᠢᠯᠠᠭᠠᠯᠳᠠ ᠪᠤᠯᠤᠨ ᠲᠠᠨᠢᠯᠳᠠ ᠪᠡᠨ ᠴᠢᠨᠠᠬᠰᠢᠳᠠ ᠬᠦᠨᠵᠡᠬᠡᠢᠷᠡᠬᠦᠯᠵᠦ᠂ ᠰᠡᠷᠡᠮᠵᠢᠯᠡᠬᠦᠯᠬᠦ ᠬᠦᠮᠦᠵᠢᠯ ᠤ᠋ᠨ ᠲᠤᠮᠳᠠ ᠦᠵᠡᠯ ᠰᠠᠨᠠᠭ᠎ᠠ ᠪᠡᠨ ᠠᠷᠢᠭᠤᠳᠬᠠᠨ᠂ ᠲᠤᠷᠰᠢᠯᠭ᠎ᠠ ᠰᠤᠷᠭᠠᠮᠵᠢ ᠠᠪᠴᠤ᠂ ᠨᠠᠮᠴᠢ ᠴᠢᠨᠠᠷ ᠵᠢᠡᠨ ᠲᠠᠪᠳᠠᠨ ᠪᠤᠯᠪᠠᠰᠤᠷᠠᠭᠤᠯᠵᠤ᠂ ᠨᠠᠮ ᠤ᠋ᠨ ᠲᠤᠳᠤᠭᠠᠳᠤ ᠵᠢᠨ ᠤᠯᠤᠰ ᠲᠦᠷᠦ ᠵᠢᠨ ᠠᠮᠢᠳᠤᠷᠠᠯ ᠵᠢᠡᠨ ᠴᠢᠩᠳᠠᠯᠠᠬᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭᠠᠨ ᠤ᠋ ᠤᠬᠠᠮᠰᠠᠷ ᠪᠤᠯᠤᠨ ᠠᠵᠢᠯᠯᠠᠭᠠᠨ ᠤ᠋ ᠤᠬᠠᠮᠰᠠᠷ ᠵᠢᠡᠨ ᠲᠠᠰᠤᠷᠠᠯ ᠦᠬᠡᠢ ᠴᠢᠩᠭᠠᠳᠬᠠᠨ᠎ᠠ ᠬᠡᠵᠦ ᠢᠯᠡᠳᠬᠡᠵᠡᠬᠡᠪᠡ᠃ ᠦᠪᠡᠷᠳᠡᠬᠡᠨ ᠵᠠᠰᠠᠬᠤ ᠤᠷᠤᠨ ᠤ᠋ ᠰᠢᠭᠤᠳ ᠬᠠᠷᠢᠶ᠎ᠠ ᠪᠠᠢᠭᠤᠯᠭ᠎ᠠ ᠵᠢᠨ ᠵᠠᠷᠢᠮ ᠨᠠᠮ ᠤ᠋ᠨ ᠬᠡᠰᠢᠬᠦᠨ ᠺᠠᠳ᠋ᠷᠴᠤᠳ᠂ ᠶᠡᠷᠦᠩᠬᠡᠢ ᠱᠦᠵᠢ ᠰᠢ ᠵᠢᠨ ᠫᠢᠩ ᠤ᠋ᠨ ᠨᠠᠮ ᠤ᠋ᠨ ᠲᠤᠳᠤᠭᠠᠳᠤ ᠵᠢᠨ ᠤᠯᠤᠰ ᠲᠦᠷᠦ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠴᠢᠬᠤᠯᠠ ᠦᠬᠦᠯᠡᠮᠵᠢ ᠵᠢ ᠨᠠᠷᠢᠨ ᠬᠢᠨᠠᠮᠠᠭᠠᠢ ᠰᠤᠷᠤᠯᠴᠠᠵᠤ᠂ 《ᠰᠢᠨ᠎ᠡ ᠬᠡᠯᠪᠡᠷᠢ ᠪᠠᠢᠳᠠᠯ ᠲᠤᠤᠷᠠᠬᠢ ᠨᠠᠮ ᠤ᠋ᠨ ᠲᠤᠳᠤᠭᠠᠳᠤ ᠵᠢᠨ ᠤᠯᠤᠰ ᠲᠦᠷᠦ ᠵᠢᠨ ᠠᠮᠢᠳᠤᠷᠠᠯ ᠤ᠋ᠨ ᠲᠤᠬᠠᠢ ᠲᠦᠷᠢᠮ ᠎ᠤᠳ》ᠢ᠋ ᠬᠦᠨᠵᠡᠬᠡᠢ ᠰᠤᠷᠤᠯᠴᠠᠨ ᠤᠢᠯᠠᠭᠠᠵᠤ᠂ ᠠᠰᠠᠭᠤᠳᠠᠯ ᠤ᠋ᠨ ᠨᠠᠷᠢᠨ ᠲᠠᠩᠰᠠᠨ ᠳ᠋ᠤ ᠬᠠᠷᠠᠭᠠᠯᠵᠠᠭᠤᠯᠵᠤ᠂ ᠬᠦᠨᠵᠡᠬᠡᠢ ᠦᠪᠡᠰᠦᠪᠡᠨ ᠪᠠᠢᠴᠠᠭᠠᠵᠤ ᠦᠪᠡᠰᠦᠪᠡᠨ ᠵᠠᠯᠠᠷᠠᠭᠤᠯᠵᠤ᠂ ᠰᠠᠨᠠᠭᠠᠴᠢᠯᠠᠭ᠎ᠠ ᠡᠴᠨ ᠪᠡᠨ ᠠᠮᠠᠯᠳᠠᠵᠤ ᠠᠮᠠᠯᠠᠯᠳᠠ ᠪᠡᠨ ᠦᠢᠯᠡᠳᠦᠯᠬᠡᠵᠢᠬᠦᠯᠵᠦ᠂ ᠠᠷᠢᠭᠤᠨ ᠴᠡᠪᠡᠷ ᠨᠦᠬᠦᠷ ᠤ᠋ᠨ ᠬᠠᠷᠢᠴᠠᠭ᠎ᠠ ᠪᠤᠯᠤᠨ ᠲᠦᠷᠢᠮ ᠭᠤᠷᠢᠮ ᠲᠠᠢ ᠲᠡᠭᠡᠳᠦ ᠲᠤᠤᠷᠠᠳᠤ ᠱᠠᠳᠤ ᠵᠢᠨ ᠬᠠᠷᠢᠴᠠᠭ᠎ᠠ ᠵᠢ ᠢᠳᠡᠪᠬᠢᠳᠡᠢ ᠪᠡᠷ ᠰᠠᠨᠠᠭᠠᠴᠢᠯᠠᠨ ᠰᠡᠳᠦᠵᠦ᠂ ᠪᠦᠬᠦ ᠤᠷᠤᠨ ᠤ᠋ ᠨᠠᠮ ᠤ᠋ᠨ ᠲᠤᠳᠤᠭᠠᠳᠤ ᠵᠢᠨ ᠤᠯᠤᠰ ᠲᠦᠷᠦ ᠵᠢᠨ ᠠᠮᠢᠳᠤᠷᠠᠯ ᠢ᠋ ᠪᠦᠬᠦ ᠲᠠᠯ᠎ᠠ ᠪᠡᠷ ᠲᠠᠬᠢᠨ ᠱᠤᠭᠤᠬᠤ᠂ ᠦᠨᠳᠦᠰᠦᠨ ᠡᠴᠨ ᠨᠢ ᠰᠠᠢᠵᠢᠷᠠᠭᠤᠯᠬᠤ ᠵᠢ ᠴᠢᠷᠮᠠᠢᠨ ᠠᠬᠢᠭᠤᠯᠵᠤ᠂ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠠᠮᠵᠢᠯᠳᠠ ᠲᠠᠢ ᠬᠤᠷᠠᠯᠳᠤᠬᠤ ᠳ᠋ᠤ ᠰᠤᠷᠳᠠᠯ ᠴᠢᠬᠡᠴᠢ ᠤᠪᠤᠷ ᠲᠦᠪ ᠤᠯᠤᠰ ᠲᠦᠷᠦ ᠵᠢᠨ ᠤᠷᠴᠢᠨ ᠲᠤᠭᠤᠷᠢᠨ ᠢ᠋ ᠪᠤᠢ ᠪᠤᠯᠭᠠᠵᠤ ᠦᠭᠬᠦᠨ᠎ᠡ ᠬᠡᠵᠦ ᠢᠯᠡᠳᠬᠡᠵᠡᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面