2022-05-08 20:12:06
ᠣᠢᠷ᠎ᠠ᠎ᠳᠤ᠂ ᠮᠠᠨ ᠤ᠋ ᠣᠷᠣᠨ᠎ᠤ ᠤᠯᠤᠰ᠎ᠤᠨ ᠥᠮᠴᠢᠯᠡᠯ ᠤ᠋ᠨ ᠡᠳ᠋ ᠬᠥᠷᠥᠩᠭᠡ ᠤᠯᠤᠰ᠎ᠤᠨ ᠥᠮᠴᠢᠯᠡᠯ ᠤ᠋ᠨ ᠠᠵᠤ ᠠᠬᠤᠢᠯᠠᠯ᠎ᠤᠨ ᠱᠢᠰᠲ᠋ᠧᠮ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠦ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ 《ᠬᠡᠷᠡᠭ᠌ᠵᠢᠭᠦᠯᠬᠦ᠌ ᠲᠥᠰᠦᠯ 》 ᠢ᠋ ᠤᠯᠠᠮᠵᠢᠯᠠᠨ ᠰᠤᠷᠤᠯᠴᠠᠵᠤ᠂ ᠡᠯ᠎ᠡ ᠠᠵᠤ ᠠᠬᠤᠢᠯᠠᠯ ᠤ᠋ᠨ ᠬᠢᠨ ᠲᠥᠪᠯᠡᠷᠡᠭᠦᠯᠦᠨ ᠵᠠᠰᠠᠬᠤ ᠠᠵᠢᠯ᠎ᠢ ᠦᠳᠲᠡᠷ ᠲᠦᠷᠭᠡᠨ ᠲᠣᠬᠢᠷᠠᠭᠤᠯᠤᠨ ᠪᠠᠢᠷᠢᠯᠠᠭᠤᠯᠪᠠ᠃
ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ ᠺᠤᠮᠫᠠᠨᠢ ᠲᠠᠢ᠌ᠴᠢᠯᠠᠯᠳᠠ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠲᠥᠪᠯᠡᠷᠡᠭᠦᠯᠦᠨ ᠵᠠᠰᠠᠬᠤ᠎ᠶ᠋ᠢ ᠠᠬᠢᠭᠤᠯᠬᠤ ᠬᠢᠭᠡᠳ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠲᠦᠷᠦᠯ᠎ᠦᠨ ᠡᠭᠦᠷᠭᠡ᠎ᠶ᠋ᠢ ᠪᠡᠶᠡᠯᠡᠭᠦᠯᠬᠦ᠌᠎ᠶ᠋ᠢ ᠨᠢᠭ᠍ᠲᠠ ᠤᠶᠠᠯᠳᠤᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠡᠷ ᠵᠠᠰᠠᠬᠤ᠎ᠶ᠋ᠢ ᠴᠢᠬᠤᠯᠠᠴᠢᠯᠠᠵᠤ᠂ ᠪᠠᠢᠨᠭᠭᠤᠵᠢᠬᠰᠠᠨ ᠣᠷᠳᠣ ᠬᠤᠭᠤᠴᠠᠭᠠᠨ᠎ᠤ ᠪᠦᠲᠦᠮᠵᠢᠲᠡᠶ᠂ ᠥᠨᠳᠥᠷ ᠪᠠᠷᠢᠮᠵᠢᠶ᠎ᠠ᠎ᠲᠠᠶ ᠴᠢᠨᠠᠷ ᠰᠠᠢᠲᠠᠶ᠎ᠪᠠᠷ ᠲᠥᠪᠯᠡᠷᠡᠭᠦᠯᠦᠨ ᠵᠠᠰᠠᠬᠤ᠎ᠶ᠋ᠢ ᠠᠬᠢᠭᠤᠯᠬᠤ᠎ᠳᠤ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠦᠪᠦᠷ ᠮᠤᠨᠭᠭᠤᠯ ᠤ᠋ᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠺᠤᠮᠫᠠᠨᠢ ᠶ᠋ᠢᠨ ᠨᠠᠮ᠎ᠤᠨ ᠬᠣᠷᠢᠶ᠎ᠠ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠲᠥᠪᠯᠡᠷᠡᠭᠦᠯᠦᠨ ᠵᠠᠰᠠᠬᠤ ᠠᠵᠢᠯ᠎ᠢ 《ᠦᠨᠡᠨᠴᠢ ᠱᠢᠳᠤᠷᠭᠤ᠎ᠶ᠋ᠢ ᠪᠣᠶ ᠪᠣᠯᠭᠠᠬᠤ᠂ ᠦᠪᠡᠳᠡᠭ᠌ᠰᠢ ᠬᠤᠷᠠᠯ᠎ᠢ ᠤᠭ᠍ᠲᠤᠬᠤ᠂ ᠳᠥᠷᠪᠡᠨ ᠰᠤᠷᠲᠠᠯ᠎ᠢ ᠵᠠᠯᠠᠷᠠᠭᠤᠯᠬᠤ᠂ ᠱᠢᠨ᠎ᠡ ᠰᠤᠷᠲᠠᠯ᠎ᠢ ᠪᠣᠶ ᠪᠣᠯᠭᠠᠬᠤ》 ᠭᠤᠤᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ᠎ᠲᠠᠶ ᠭᠦᠨᠵᠡᠭᠡᠶ ᠠᠭᠤᠰᠤᠯᠴᠠᠭᠤᠯᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠠᠷᠤᠢ ᠲᠦᠷᠭᠡᠨ ᠨᠠᠢᠳᠠᠪᠤᠷᠢᠵᠢᠭᠤᠯᠬᠤ ᠵᠢ ᠴᠢᠬᠤᠯᠠᠴᠢᠯᠠᠪᠠ᠃ ᠥᠪᠥᠷ ᠮᠣᠩᠭᠣᠯ ᠪᠠᠩᠬᠢ᠎ᠵᠢᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ《ᠪᠥᠬᠥ᠌ ᠣᠷᠣᠨ᠎ᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠲᠤᠬᠠᠶ ᠬᠡᠷᠡᠭ᠌ᠵᠢᠭᠦᠯᠬᠦ᠌ ᠲᠥᠰᠦᠯ》 ᠢ᠋ ᠤᠯᠠᠮᠵᠢᠯᠠᠨ ᠰᠤᠷᠤᠯᠴᠠᠵᠤ᠂ 《ᠤᠯᠤᠰ ᠲᠥᠷᠥ᠎ᠶ᠋ᠢᠨ ᠠᠮᠢ ᠠᠬᠤᠶ᠎ᠶ᠋ᠢᠨ ᠪᠠᠢᠭᠤᠯᠤᠯᠲᠠ᠎ᠶ᠋ᠢᠨ ᠣᠨ》 ᠤ᠋ ᠲᠥᠰᠦᠯ᠎ᠢ ᠳᠠᠷᠤᠮᠠᠯᠯᠠᠨ ᠲᠠᠷᠬᠠᠭᠠᠪᠠ᠃ ᠦᠪᠦᠷ ᠮᠤᠨᠭᠭᠤᠯ ᠤ᠋ᠨ ᠴᠠᠬᠢᠯᠭᠠᠨ ᠬᠦᠴᠦᠨ᠎ᠦ ᠪᠦᠯᠦᠭ᠌ᠯᠡᠯ ᠺᠤᠮᠫᠠᠨᠢ ᠲᠧᠯᠸᠢᠰ ᠤᠲᠠᠰᠤ᠎ᠶ᠋ᠢᠨ ᠬᠡᠯᠪᠡᠷᠢ᠎ᠪᠡᠷ ᠺᠣᠮᠫᠠᠨᠢ᠎ᠶ᠋ᠢᠨ ᠱᠢᠰᠲ᠋ᠧᠮ᠎ᠦᠨ ᠲᠥᠪᠯᠡᠷᠡᠩᠭᠦᠶ ᠵᠠᠰᠠᠯᠲᠠ᠎ᠶ᠋ᠢᠨ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠲᠥᠪᠯᠡᠷᠡᠭᠦᠯᠦᠨ ᠵᠠᠰᠠᠬᠤ ᠦᠵᠡᠯ ᠰᠠᠨᠠᠭᠠᠨ᠎ᠤ ᠤᠬᠠᠮᠰᠠᠷ᠂ ᠤᠯᠤᠰ ᠲᠥᠷᠥ᠎ᠶ᠋ᠢᠨ ᠤᠬᠠᠮᠰᠠᠷ᠂ ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠬᠠᠮᠠᠭᠠᠯᠠᠬᠤ》᠎ᠶ᠋ᠢ ᠦᠶ᠋ᠯᠡᠳᠦᠯᠭᠡᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃ ᠦᠪᠦᠷ ᠮᠤᠨᠭᠭᠤᠯ ᠤ᠋ᠨ ᠡᠨᠧᠷᠭᠢ᠎ᠶ᠋ᠢᠨ ᠪᠦᠯᠦᠭ᠌ᠯᠡᠯ ᠺᠤᠮᠫᠠᠨᠢ ᠬᠤᠷᠠᠯ ᠬᠤᠷᠠᠯᠳᠤᠭᠤᠯᠵᠤ᠂ ᠺᠣᠮᠫᠠᠨᠢ᠎ᠶ᠋ᠢᠨ ᠱᠢᠰᠲᠸᠮ᠎ᠤᠨ ᠲᠥᠪᠯᠡᠷᠡᠭᠦᠯᠦᠨ ᠵᠠᠰᠠᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠦᠪᠦᠷ ᠮᠤᠨᠭᠭᠤᠯ ᠤ᠋ᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠡᠵᠡᠨᠭᠨᠡᠯᠲᠡ ᠶ᠋ᠢᠨ ᠺᠣᠮᠫᠠᠨᠢ ᠬᠤᠷᠠᠯ ᠬᠤᠷᠠᠯᠳᠤᠭᠤᠯᠵᠤ᠂ ᠦᠵᠦ᠍ ᠲᠥᠯᠥᠪᠯᠡᠭᠡ ᠪᠣᠯᠤᠨ ᠳᠦᠷᠢᠮ᠎ᠦᠨ ᠪᠣᠷᠣ ᠲᠥᠯᠥᠪ᠎ᠦᠨ ᠲᠠᠯ᠎ᠠ᠎ᠪᠠᠷ ᠠᠵᠢᠯ᠎ᠢᠶᠠᠨ ᠵᠢᠷᠤᠮᠵᠢᠭᠤᠯᠵᠤ᠂ 《ᠤᠴᠢᠷ ᠶᠠᠪᠤᠳᠠᠯ᠎ᠤᠨ ᠡᠮᠦᠨᠠᠬᠢ ᠳᠤᠮᠳᠠᠬᠢ ᠳᠠᠷᠠᠭᠠᠬᠢ》 ᠪᠦᠬᠦ᠌ ᠬᠡᠯᠬᠢᠶᠡᠨ᠎ᠦ ᠬᠢᠨᠠᠯᠲᠠ ᠲᠠᠯᠪᠢᠬᠤ ᠱᠢᠰᠲ᠋ᠧᠮ᠎ᠢ ᠪᠦᠷᠢᠯᠳᠦᠭᠦᠯᠵᠦ᠍᠂ ᠨᠠᠮ᠎ᠤᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠦᠪᠦᠷ ᠮᠤᠨᠭᠭᠤᠯ ᠤ᠋ᠨ ᠤᠰᠤᠨ ᠤ᠋ ᠶᠠᠪᠤᠳᠠᠯ ᠤ᠋ᠨ ᠪᠡᠯᠡ ᠤᠷᠤᠭᠤᠯᠤᠯᠲᠠ ᠶ᠋ᠢᠨ ᠪᠦᠯᠦᠭ᠌ᠯᠡᠯ ᠺᠤᠮᠫᠠᠨᠢ ᠸᠢᠳᠢᠣ᠋ ᠬᠤᠷᠠᠯ ᠬᠤᠷᠠᠯᠳᠤᠭᠤᠯᠵᠤ᠂ 《ᠣᠭ᠍ᠲᠣ ᠠᠭᠤᠴᠢᠯᠠᠬᠤᠥᠬᠡᠶ》ᠣᠪᠣᠷᠢᠶᠠᠷᠨᠠᠮᠤᠨᠳᠣᠲᠣᠭᠠᠳᠤᠶ᠋ᠢᠨᠤᠯᠤᠰ ᠲᠥᠷᠥ᠎ᠶ᠋ᠢᠨ ᠠᠮᠢᠳᠤᠷᠠᠯ᠎ᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠵᠠᠰᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠎ᠤ ᠨᠢᠭᠡᠳᠦᠭᠡᠷ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠬᠦ᠌᠎ᠶ᠋ᠢ ᠠᠬᠢᠭᠤᠯᠵᠤ᠂ ᠲᠥᠪᠯᠡᠷᠡᠭᠦᠯᠦᠨ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃ ᠦᠪᠦᠷ ᠮᠤᠨᠭᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ᠎ᠤᠨ ᠬᠢᠨ ᠨᠠᠮ ᠤ᠋ᠨ ᠰᠤᠷᠲᠠᠯ ᠴᠢᠭᠡᠴᠢ ᠵᠠᠰᠠᠭ ᠤ᠋ᠨ ᠪᠠᠢᠭᠤᠯᠤᠯᠲᠠ ᠶ᠋ᠢᠨ ᠬᠤᠷᠠᠯ ᠬᠤᠷᠠᠯᠳᠤᠭᠤᠯᠵᠤ᠂ 《ᠦᠪᠦᠷ ᠮᠤᠨᠭᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠬᠢᠵᠠᠭᠠᠷᠲᠤ ᠺᠤᠮᠫᠠᠨᠢ ᠶ᠋ᠢᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠲᠤᠬᠠᠢ ᠬᠡᠷᠡᠭᠵᠢᠭᠦᠯᠬᠦ ᠠᠷᠭ᠎ᠠ ᠬᠡᠮᠵᠢᠶ᠎ᠡ 》 ᠵᠢ ᠨᠡᠢᠲᠡᠯᠡᠪᠡ᠃ ᠦᠪᠦᠷ ᠮᠤᠨᠭᠭᠤᠯ ᠤ᠋ᠨ ᠵᠠᠰᠠᠮᠠᠯ ᠵᠠᠮ ᠬᠠᠷᠢᠯᠴᠠᠭᠠᠨ ᠤ᠋ ᠪᠡᠯᠡ ᠤᠷᠤᠭᠤᠯᠤᠯᠲᠠ ᠬᠦᠭᠵᠢᠯᠲᠡ ᠶ᠋ᠢᠨ ᠺᠤᠮᠫᠠᠨᠢ᠎ᠵᠢᠨ ᠬᠢᠨ ᠺᠤᠮᠫᠠᠨᠢ ᠶ᠋ᠢᠨ ᠪᠤᠳᠠᠳᠠᠢ ᠲᠠᠢ ᠪᠠᠨ ᠤᠶᠠᠯᠳᠤᠭᠤᠯᠤᠨ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ ᠢ᠋ ᠯᠠᠪᠳᠠᠭᠤᠨ ᠪᠤᠲᠠᠲᠠᠢ ᠦᠷᠨᠢᠭᠦᠯᠪᠡ᠃ ᠦᠪᠦᠷ ᠮᠤᠨᠭᠭᠤᠯ ᠤ᠋ᠨ ᠲᠠᠪᠤᠰᠤᠨ ᠤ᠋ ᠦᠢᠯᠡᠰ ᠤ᠋ᠨ ᠪᠦᠯᠦᠭᠯᠡᠯ ᠺᠤᠮᠫᠠᠨᠢ᠎ᠵᠢᠨ ᠬᠢᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠤ᠋ᠨ ᠨᠠᠷᠢᠨ ᠳᠠᠨᠭᠰᠠ ᠵᠢ ᠵᠠᠷᠯᠠᠵᠤ᠂ ᠲᠦᠪᠯᠡᠷᠡᠭᠦᠯᠦᠨ ᠵᠠᠰᠠᠬᠤ ᠠᠵᠢᠯ ᠢ ᠪᠦᠬᠦ ᠲᠠᠯ᠎ᠠ ᠪᠠᠷ ᠪᠠᠢᠷᠢᠯᠠᠭᠤᠯᠤᠨ ᠡᠬᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃