ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-05-12 09:43:23

ᠵᠣᠬᠢᠶᠠᠭ᠍ᠴᠢ᠄ ᠰᠥᠩ ᠱᠤᠸᠠᠩ ᠯᠢᠦ ᠭᠦᠸᠧ ᠳ᠋ᠦᠩ ᠣᠩᠱᠢᠭ᠍ᠰᠠᠨ ᠣᠳᠠᠭ᠎ᠠ᠄ 3

— ᠡᠯ᠎ᠡ ᠠᠢᠮᠠᠭ ᠬᠤᠳᠠ ᠠᠷᠭ᠎ᠠ ᠬᠡᠯᠪᠡᠷᠢ ᠎ᠪᠡᠨ ᠱᠢᠨᠡᠴᠢᠯᠡᠵᠦ᠍ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠳ᠋ᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠲᠤᠰᠭᠠᠢ ᠰᠡᠳᠦᠪᠲᠦ ᠬᠥᠮᠦᠵᠢᠯ᠎ᠤᠨ ᠭᠦᠨᠵᠡᠭᠡᠢᠷᠡᠨ ᠪᠤᠲᠠᠲᠠᠢᠵᠢᠬᠤ ᠵᠢ ᠠᠬᠢᠭᠤᠯᠵᠤ ᠪᠤᠢ


4 ᠰᠠᠷ᠎ᠠ ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠢ ᠲᠥᠪᠯᠡᠷᠡᠭᠦᠯᠦᠨ ᠵᠠᠰᠠᠬᠤ ᠵᠢ ᠠᠬᠢᠭᠤᠯᠬᠤ ᠳᠤᠮᠳᠠ ᠪᠠᠨ ᠭᠦᠨᠵᠡᠭᠡᠢ ᠰᠤᠷᠤᠯᠴᠠᠵᠥ᠍ ᠨᠡᠪᠳᠡᠷᠡᠳᠡᠯ᠎ᠡ ᠣᠢᠯᠠᠭᠠᠬᠤ᠂ ᠲᠠᠷᠢᠬᠢ ᠲᠣᠯᠣᠭᠠᠢ ᠰᠡᠳᠬᠢᠯ ᠎ᠳᠡᠭᠡᠨ ᠬᠠᠳᠠᠩᠱᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ ᠲᠤᠰᠭᠠᠢ ᠰᠡᠳᠦᠪᠲᠦ ᠬᠥᠮᠦᠵᠢᠯ ᠥᠷᠨᠢᠭᠦᠯᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠪᠣᠯᠤᠨ《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠤᠨ ᠲᠤᠬᠠᠢ ᠪᠠᠷᠢᠮᠵᠢᠶ᠎ᠠ᠎ᠨᠤᠭᠤᠳ》 ᠵᠡᠷᠭᠡ ᠠᠭᠤᠯᠭ᠎ᠠ᠎ᠶ᠋ᠢ ᠭᠦᠨᠵᠡᠭᠡᠢ ᠰᠤᠷᠤᠯᠴᠠᠵᠥ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠤᠨ ᠢᠲᠡᠭᠡᠯ ᠪᠢᠱᠢᠷᠡᠯ᠎ᠦᠨ ᠰᠠᠭᠤᠷᠢ᠎ᠵᠢ ᠪᠡᠬᠢᠵᠢᠭᠦᠯᠵᠦ᠍᠂ ᠦᠵᠡᠯ ᠰᠠᠨᠠᠭᠠᠨ᠎ᠤ ᠵᠠᠯᠠᠭᠤᠷ᠎ᠢᠶᠠᠨ ᠯᠠᠪᠳᠠᠭᠤᠨ ᠡᠵᠡᠮᠳᠡᠵᠦ᠍᠂ ᠰᠠᠬᠢᠯᠭ᠎ᠠ ᠪᠠᠲᠤ᠎ᠶ᠋ᠢᠨ ᠬᠥᠪᠴᠢ ᠪᠡᠨ ᠴᠢᠩᠭᠠᠯᠠᠬᠤ ᠵᠢ ᠬᠦᠮᠦᠵᠢᠬᠦᠯᠦᠨ ᠵᠢᠯᠤᠭᠤᠳᠴᠤ᠂ ᠲᠥᠪᠯᠡᠷᠡᠬᠦᠯᠦᠨ ᠵᠠᠰᠠᠬᠤ᠎ᠶ᠋ᠢ ᠠᠬᠢᠭᠤᠯᠬᠤ᠎ᠳᠤ ᠪᠠᠲᠤ ᠪᠡᠬᠢ ᠦᠵᠡᠯ ᠰᠠᠨᠠᠭᠠᠨ᠎ᠤ ᠰᠠᠭᠤᠷᠢ ᠲᠠᠯᠪᠢᠵᠤ ᠦᠭᠴᠡᠢ᠃

ᠤᠯᠠᠭᠠᠨᠬᠠᠳᠠ ᠬᠣᠲᠠ 《ᠭᠤᠷᠪᠠᠨ ᠱᠠᠲᠤ᠎ᠪᠠᠷ ᠵᠢᠡᠨ ᠬᠣᠯᠪᠣᠭᠠᠯᠠᠨ ᠬᠥᠳᠡᠯᠦᠯᠴᠡᠵᠥ》 ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠢᠯᠠᠭᠠᠬᠤ ᠵᠢ ᠠᠳᠬᠤᠪᠠ

ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)ᠲᠦᠷᠦᠭᠦᠯᠡᠨ ᠰᠤᠷᠤᠯᠴᠠᠬᠤ᠂ ᠣᠨᠣᠯ ᠰᠤᠷᠤᠯᠴᠠᠬᠤ ᠭᠤᠤᠯ ᠳᠤᠭᠤᠢᠯᠠᠩ ᠲᠤᠰᠭᠠᠶ ᠰᠡᠳᠦᠪ ᠵᠢᠡᠷ ᠰᠤᠷᠤᠯᠴᠠᠬᠤ᠂ 《ᠭᠤᠷᠪᠠᠨ ᠬᠤᠷᠠᠯ ᠨᠢᠭᠡ ᠬᠢᠴᠢᠶᠡᠯ》᠎ᠳ᠋ᠤ᠌ ᠨᠡᠢᠳᠡᠮ ᠰᠤᠷᠤᠯᠴᠠᠬᠤ《ᠭᠤᠷᠪᠠᠨ ᠱᠠᠲᠤ ᠪᠡᠷ ᠵᠢᠡᠨ ᠬᠣᠯᠪᠣᠭᠠᠯᠠᠨ ᠬᠥᠳᠡᠯᠦᠯᠴᠡᠬᠦ᠌》ᠰᠤᠷᠤᠯᠴᠠᠯᠭ᠎ᠠ᠎ᠶ᠋ᠢᠨ ᠲᠣᠭ᠍ᠲᠠᠴᠠ᠎ᠶ᠋ᠢ ᠬᠡᠷᠡᠭ᠌ᠵᠢᠭᠦᠯᠪᠡ᠃ ᠨᠢᠭᠡ᠎ᠳᠦ᠂ ᠬᠣᠲᠠ᠎ᠶ᠋ᠢᠨ ᠨᠠᠮ᠎ᠤᠨ ᠬᠣᠷᠢᠶ᠎ᠠ᠂ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠳᠥᠷᠪᠡᠨ ᠶᠡᠬᠡ ᠤᠳᠤᠷᠢᠳᠭᠤ ᠪᠠᠭ᠎ᠤᠨ᠎ᠬᠢᠨ ᠦᠵᠡᠯ ᠰᠠᠨᠠᠭᠠᠨ᠎ᠤ ᠬᠥᠮᠦᠵᠢᠯ᠎ᠢ ᠴᠢᠩᠭᠠᠳᠭᠠᠬᠤ᠎ᠪᠠᠷ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠬᠦ᠌ ᠲᠡᠷᠢᠭᠦᠨ ᠴᠢᠬᠤᠯᠠ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠶ ᠴᠢᠬᠤᠯᠠ ᠥᠭᠦᠯᠡᠯᠲᠡ᠂ 《ᠱᠢᠨ᠎ᠡ ᠪᠠᠢᠳᠠᠯ ᠳᠤᠤᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠲᠤᠬᠠᠶ ᠪᠠᠷᠢᠮᠵᠢᠶ᠎ᠠ᠎ᠨᠤᠭᠤᠳ》ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ᠎ᠶ᠋ᠢᠨ ᠬᠡᠷᠡᠭ᠎ᠤᠨ ᠵᠢᠱ᠌ᠢᠶ᠎ᠡ ᠪᠡᠷ ᠴᠡᠭᠴᠡᠯᠡᠨ ᠰᠠᠢᠵᠢᠷᠠᠭᠤᠯᠤᠯᠳᠠ᠎ᠶ᠋ᠢ ᠠᠬᠢᠭᠤᠯᠬᠤ ᠬᠠᠮᠢᠶ᠎ᠠ ᠪᠥᠬᠥᠶ ᠱᠠᠭᠠᠷᠳᠠᠯᠭ᠎ᠠ᠎ᠶ᠋ᠢ ᠭᠦᠨᠵᠡᠭᠡᠶ ᠰᠤᠷᠤᠯᠴᠠᠵᠤ᠂ ᠤᠷᠢᠳ᠎ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠬᠤ᠎ᠶ᠋ᠢ ᠦᠨᠡᠨ ᠬᠦ᠌ ᠪᠠᠲᠤᠯᠠᠪᠠ᠃ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠬᠣᠲᠠ ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠂ ᠠᠤᠬᠠᠨ ᠳ᠋ᠡᠬᠢ ᠺᠠᠳ᠋ᠷᠴᠤᠳ᠎ᠤᠨ ᠳᠡᠭᠡᠳᠦ ᠰᠤᠷᠭᠠᠭᠤᠯᠢ᠎ᠶ᠋ᠢᠨ ᠭᠤᠤᠯ ᠠᠩᠭᠢ᠎ᠳᠤ ᠣᠷᠣᠭᠤᠯᠵᠤ᠂ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》ᠵᠢᠡᠷ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠎ᠶ᠋ᠢ ᠳᠠᠢᠴᠢᠯᠠᠨ ᠲᠡᠷᠡ ᠬᠡᠪ᠎ᠢᠶᠡᠷ᠎ᠨᠢ ᠰᠤᠷᠤᠯᠴᠠᠵᠤ᠂ ᠳᠠᠬᠢᠨ ᠳᠠᠪᠲᠠᠨ ᠭᠦᠨᠵᠡᠭᠡᠶ ᠰᠤᠷᠤᠯᠴᠠᠵᠤ᠂ ᠣᠨᠣᠯ᠎ᠤᠨ ᠲᠦᠪᠱᠢᠨ᠎ᠢᠶᠡᠨ ᠦᠨᠡᠨ ᠬᠦ᠌ ᠳᠡᠭᠡᠭ᠌ᠰᠢᠯᠡᠭᠦᠯᠵᠦ᠍᠂ ᠠᠵᠢᠯ᠎ᠤᠨ ᠴᠢᠳᠠᠪᠤᠷᠢ ᠪᠠᠨ ᠳᠡᠭᠡᠭ᠌ᠰᠢᠯᠡᠭᠦᠯᠪᠡ᠃ ᠬᠣᠶᠠᠷ᠎ᠲᠤ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ 《ᠴᠢᠭᠯᠡᠯ ᠵᠢᠭᠠᠬᠴᠢ》 ᠵᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠬᠤ᠎ᠶ᠋ᠢ ᠵᠣᠬᠢᠶᠠᠨ ᠪᠠᠢᠭᠤᠯᠵᠥ ᠥᠷᠨᠢᠭᠦᠯᠦᠭ᠌ᠰᠡᠨ ᠰᠠᠭᠤᠷᠢᠨ ᠳᠡᠭᠡᠷ᠎ᠡ᠂ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠲᠤᠰᠭᠠᠶ ᠰᠡᠳᠦᠪᠲᠦ ᠨᠠᠮ᠎ᠤᠨ ᠬᠢᠴᠢᠶᠡᠯ᠂ ᠶᠠᠷᠢᠯᠴᠠᠵᠥ ᠰᠠᠨᠠᠯ ᠵᠢᠡᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠪᠥᠬᠥ᠌ ᠲᠠᠯ᠎ᠠ᠎ᠪᠡᠷ ᠣᠯᠠᠨ ᠲᠠᠰ ᠳᠠᠪᠬᠤᠷᠭ᠎ᠠ᠎ᠪᠠᠷ ᠵᠣᠬᠢᠶᠠᠨ ᠪᠠᠢᠭᠤᠯᠤᠨ ᠰᠤᠷᠤᠯᠴᠠᠪᠠ᠃ ᠣᠳᠣᠬᠠᠨ᠎ᠳᠤ᠂ ᠪᠦᠬᠦ᠌ ᠬᠣᠲᠠ ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)ᠶ᠋ᠢᠨ ᠣᠨᠣᠯ ᠰᠤᠷᠤᠯᠴᠠᠬᠤ ᠭᠤᠤᠯ ᠳᠤᠭᠤᠢᠯᠠᠩ 487 ᠤᠳᠠᠭ᠎ᠠ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠵᠤ᠂ 686 ᠤᠳᠠᠭ᠎ᠠ ᠲᠤᠰᠭᠠᠶ ᠰᠡᠳᠦᠪᠲᠦ ᠨᠠᠮ᠎ᠤᠨ ᠬᠢᠴᠢᠶᠡᠯ᠎ᠢ ᠵᠣᠬᠢᠶᠠᠨ ᠪᠠᠢᠭᠤᠯᠵᠤ᠂ 1334 ᠤᠳᠠᠭ᠎ᠠ ᠲᠤᠰᠭᠠᠶ ᠰᠡᠳᠦᠪ᠎ᠢᠶᠡᠷ ᠶᠠᠷᠢᠯᠴᠠᠵᠥ ᠰᠠᠨᠠᠯ ᠵᠢᠡᠨ ᠰᠣᠯᠢᠯᠴᠠᠪᠠ᠃ ᠭᠤᠷᠪᠠ᠎ᠳᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ《ᠭᠤᠷᠪᠠᠨ ᠬᠤᠷᠠᠯ ᠨᠢᠭᠡ ᠬᠢᠴᠢᠶᠡᠯ》ᠤ᠋ᠨ ᠰᠤᠷᠤᠯᠴᠠᠬᠤ ᠠᠭᠤᠯᠭ᠎ᠠ ᠪᠣᠯᠭᠠᠪᠠ᠃ 《ᠤᠯᠠᠭᠠᠨᠬᠠᠳᠠ ᠵᠢᠨ ᠡᠳᠦᠷ᠎ᠦᠨ ᠰᠣᠨᠢᠨ》᠂ ᠤᠯᠠᠭᠠᠨᠬᠠᠳᠠ ᠬᠣᠲᠠ᠎ᠶ᠋ᠢᠨ ᠷᠠᠳᠢᠣ᠋ ᠲᠧᠯᠸᠢᠰ ᠬᠣᠷᠢᠶ᠎ᠠ᠎ᠶ᠋ᠢᠨ ᠰᠣᠨᠢᠨ ᠮᠡᠳᠡᠭᠡᠨ᠎ᠦ ᠶᠡᠷᠦᠩᠬᠡᠢᠯᠡᠭ᠌ᠰᠡᠨ ᠰᠤᠪᠠᠭ᠂ ᠡᠯ᠎ᠡ ᠱᠠᠲᠤᠨ᠎ᠤ ᠵᠢᠷᠬᠢᠶ᠎ᠡ ᠵᠢᠨ ᠣᠯᠠᠨ ᠨᠡᠢᠲᠡ᠎ᠶ᠋ᠢᠨ ᠳ᠋ᠤᠭᠠᠷ ᠳᠡᠭᠡᠷ᠎ᠡ《ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ》ᠲᠤᠰᠭᠠᠶ ᠪᠤᠯᠤᠩ ᠭᠠᠷᠭᠠᠵᠤ᠂ ᠰᠤᠷᠤᠯᠴᠠᠬᠤ ᠠᠴᠢᠶᠠᠯᠠᠪᠤᠷᠢ ᠎ᠶ᠋ᠢ ᠦᠷᠭᠦᠯᠵᠢᠯᠡᠨ ᠥᠷᠭᠡᠳᠭᠡᠪᠡ᠃ ᠬᠣᠲᠠ᠎ᠶ᠋ᠢᠨ ᠨᠠᠮ᠎ᠤᠨ ᠬᠣᠷᠢᠶᠠᠨ ᠎ᠤ ᠨᠠᠮ᠎ᠤᠨ ᠰᠤᠷᠭᠠᠭᠤᠯᠢ᠎ᠶ᠋ᠢᠨ ᠨᠠᠮᠴᠢ ᠴᠢᠨᠠᠷ᠎ᠤᠨ ᠬᠥᠮᠦᠵᠢᠯ᠎ᠦᠨ ᠰᠠᠭᠤᠷᠢᠨ ᠭᠠᠵᠠᠷ᠂ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ ᠵᠡᠷᠭᠡ᠎ᠪᠡᠷ ᠳᠠᠮᠵᠢᠭᠤᠯᠤᠨ ᠨᠠᠮ᠎ᠤᠨ ᠭᠡᠱᠢᠭᠦᠳ᠎ᠢ ᠵᠣᠬᠢᠶᠠᠨ ᠪᠠᠢᠭᠤᠯᠵᠤ《ᠨᠢᠭᠤᠷᠳᠠᠨ》 ᠬᠥᠮᠦᠵᠢᠯ ᠬᠦᠷᠲᠡᠭᠡᠵᠦ᠍᠂ 《ᠭᠦᠨᠵᠡᠭᠡᠶ ᠰᠤᠷᠤᠯᠴᠠᠯᠭ᠎ᠠ》 ᠥᠷᠨᠢᠭᠦᠯᠪᠡ᠃

ᠤᠯᠠᠭᠠᠨᠴᠠᠪ ᠬᠣᠲᠠ 《ᠲᠠᠪᠤᠨ ᠰᠤᠷᠤᠯᠴᠠᠯᠭ᠎ᠠ》 ᠪᠠᠷ ᠳᠠᠮᠵᠢᠭᠤᠯᠤᠨ ᠲᠤᠰᠭᠠᠶ ᠰᠡᠳᠦᠪᠲᠦ ᠬᠥᠮᠦᠵᠢᠯ᠎ᠦᠨ ᠦᠷ᠎ᠡ ᠪᠦᠲᠦᠮᠵᠢ᠎ᠶ᠋ᠢ ᠳᠡᠭᠡᠭᠰᠢᠯᠡᠭᠦᠯᠪᠠ

ᠲᠤᠰᠭᠠᠶ ᠰᠡᠳᠦᠪᠲᠦ ᠬᠥᠮᠦᠵᠢᠯ ᠥᠷᠨᠢᠭᠦᠯᠬᠦ᠌᠎ᠶ᠋ᠢ ᠲᠥᠪᠯᠡᠷᠡᠭᠦᠯᠦᠨ ᠵᠠᠰᠠᠬᠤ᠎ᠶ᠋ᠢᠨ ᠰᠠᠭᠤᠷᠢ ᠴᠢᠨᠠᠷᠲᠠᠶ ᠠᠵᠢᠯ ᠪᠣᠯᠭᠠᠵᠤ᠂《ᠲᠠᠪᠤᠨ ᠰᠤᠷᠤᠯᠴᠠᠯᠭ᠎ᠠ》ᠶ᠋ᠢ ᠱᠢᠰᠲ᠋ᠧᠮ᠎ᠲᠡᠶ ᠥᠷᠨᠢᠭᠦᠯᠵᠤ᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ᠎ᠤᠨ ᠲᠠᠷᠢᠬᠢ ᠲᠤᠯᠤᠭᠠᠢ ᠰᠡᠳᠭᠢᠯ᠎ᠳᠦ ᠬᠠᠳᠠᠩᠱᠢᠭᠤᠯᠬᠤ ᠪᠡᠷ ᠲᠠᠮᠵᠢᠭᠤᠯᠤᠨ ᠨᠠᠮᠴᠢ ᠴᠢᠨᠠᠷ᠎ᠢ ᠦᠨᠡᠨ ᠬᠦ᠌ ᠴᠢᠩᠭᠠᠷᠠᠭᠤᠯᠵᠤ᠂ ᠰᠤᠷᠭᠠᠮᠵᠢ ᠠᠪᠬᠤ ᠳᠤᠮᠳᠠ ᠬᠥᠮᠦᠵᠢᠯ ᠬᠦᠷᠲᠡᠭᠡᠪᠠ᠃ ᠬᠤᠪᠢ ᠬᠥᠮᠦᠨ ᠪᠡᠶ᠎ᠡ᠎ᠪᠡᠨ ᠳᠠᠭᠠᠭᠠᠵᠤ ᠰᠤᠷᠤᠯᠴᠠᠬᠤ᠎ᠶ᠋ᠢ ᠪᠠᠷᠢᠮᠲᠠᠯᠠᠵᠤ᠂ ᠲᠤᠰᠭᠠᠶ ᠰᠡᠳᠦᠪᠲᠦ ᠬᠥᠮᠦᠵᠢᠯ ᠰᠤᠷᠤᠯᠴᠠᠯᠭ᠎ᠠ᠎ᠶ᠋ᠢᠨ ᠭᠤᠤᠯ ᠠᠭᠤᠯᠭ᠎ᠠ᠎ᠶ᠋ᠢᠨ ᠲᠣᠭᠣᠷᠢᠨ᠎ᠳᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠥᠮ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠰᠤᠷᠤᠯᠴᠠᠬᠤ ᠮᠠᠲ᠋ᠧᠷᠢᠶᠠᠯ᠎ᠢ ᠨᠠᠢᠷᠠᠭᠤᠯᠤᠨ ᠳᠠᠷᠤᠮᠠᠯᠯᠠᠵᠤ᠂ ᠪᠥᠬᠥ᠌ ᠨᠠᠮ᠎ᠤᠨ ᠭᠡᠱᠢᠭᠦᠨ ᠺᠠᠳ᠋ᠷ ᠡᠳᠦᠷ ᠪᠦᠷᠢ ᠲᠣᠭ᠍ᠲᠠᠮᠠᠯ ᠴᠠᠭ ᠭᠠᠷᠭᠠᠵᠤ ᠰᠤᠷᠤᠯᠴᠠᠨ ᠰᠡᠳᠬᠢᠪᠠ᠃ ᠲᠥᠪᠯᠡᠷᠡᠭᠦᠯᠦᠨ ᠰᠤᠳᠤᠯᠤᠨ ᠶᠠᠷᠢᠯᠴᠠᠬᠤ ᠬᠤᠷᠠᠯ᠎ᠢ ᠥᠷᠨᠢᠭᠦᠯᠵᠦ᠍᠂ ᠬᠤᠪᠢ ᠬᠥᠮᠦᠨ ᠥᠪᠡᠰᠦᠪᠡᠨ ᠰᠤᠷᠤᠯᠴᠠᠭ᠍ᠰᠠᠨ ᠰᠠᠭᠤᠷᠢᠨ ᠳᠡᠭᠡᠷ᠎ᠡ᠂ ᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ ᠲᠦᠷᠦᠭᠦᠯᠡᠨ 4 ᠰᠠᠷ᠎ᠠ᠎ᠶ᠋ᠢᠨ 24 ᠎ᠤ᠋ ᠡᠳᠦᠷ ᠬᠣᠲᠠ᠎ᠶ᠋ᠢᠨ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠣᠣᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ᠎ᠢ ᠬᠤᠷᠠᠯᠳᠤᠭᠤᠯᠬᠤ᠎ᠶ᠋ᠢᠨ ᠬᠠᠮᠲᠤ ᠲᠤᠰᠭᠠᠢ ᠰᠡᠳᠦᠪ᠎ᠢᠶᠡᠷ ᠰᠤᠳᠤᠯᠤᠨ ᠶᠠᠷᠢᠯᠴᠠᠵᠤ᠂ ᠪᠦᠬᠦ᠌ ᠬᠣᠲᠠ᠎ᠶ᠋ᠢᠨ ᠡᠯ᠎ᠡ ᠱᠠᠲᠤᠨ ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠰᠤᠷᠤᠯᠴᠠᠨ ᠶᠠᠷᠢᠯᠴᠠᠬᠤ ᠥᠷᠨᠢᠯᠲᠡ᠎ᠶ᠋ᠢ ᠵᠢᠱ᠌ᠢᠶ᠎ᠡ ᠦᠵᠡᠭᠦᠯᠦᠨ ᠳᠠᠢᠴᠢᠯᠠᠪᠠ᠃ ᠭᠣᠣᠯ ᠰᠡᠳᠦᠪᠲᠦ ᠨᠠᠮ᠎ᠤᠨ ᠡᠳᠦᠷ᠎ᠦᠨ ᠰᠤᠷᠤᠯᠴᠠᠯᠭ᠎ᠠ᠎ᠳᠤ ᠱᠢᠨ᠎ᠡ᠎ᠶ᠋ᠢ ᠡᠭᠦᠳᠴᠦ᠍᠂ ᠥᠪᠡᠷ᠎ᠦᠨ ᠪᠡᠶ᠎ᠡ᠎ᠳᠡᠭᠡᠨ ᠳᠠᠷᠤᠯᠲᠠ ᠥᠭ᠌ᠬᠦ᠎ᠶ᠋ᠢ ᠪᠠᠷᠢᠮᠲᠠᠯᠠᠵᠤ᠂ ᠱᠢᠨ᠎ᠡ ᠶ᠋ᠢ ᠡᠭᠦᠳᠬᠦ᠌᠎ᠱᠠᠭᠠᠷᠳᠠᠯᠭ᠎ᠠ ᠶᠤᠰᠤᠭᠠᠷ ᠡᠯ᠎ᠡ ᠱᠠᠲᠤᠨ᠎ᠤ ᠨᠠᠮ᠎ᠤᠨ ᠡᠭᠦᠷ ᠨᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠲᠣᠭᠣᠷᠢᠨ᠎ᠳᠤ ᠨᠢᠭᠡ ᠤᠳᠠᠭ᠎ᠠ ᠵᠢᠨ ᠭᠣᠣᠯ ᠰᠡᠳᠦᠪᠲᠦ ᠨᠠᠮ ᠎ᠤᠨ ᠡᠳᠦᠷ᠎ᠦᠨ ᠠᠵᠢᠯᠯᠠᠭ᠎ᠠ ᠥᠷᠨᠢᠭᠦᠯᠵᠦ᠍᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠢ ᠬᠦᠲᠦᠯᠦᠨ ᠵᠢᠯᠣᠭᠣᠳᠴᠤ᠌ ᠪᠠᠢᠭ᠎ᠠ ᠨᠠᠮ᠎ᠤᠨ ᠡᠭᠦᠷ ᠎ᠦᠨ᠎ᠬᠢᠨᠢ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠳᠤ ᠣᠷᠣᠯᠴᠠᠭᠤᠯᠬᠤ᠎ᠪᠠᠷ ᠳᠠᠮᠵᠢᠭᠤᠯᠤᠨ᠂ ᠤᠯᠠᠮ ᠴᠢᠨᠠᠭ᠍ᠰᠢᠳᠠ ᠰᠤᠷᠤᠯᠴᠠᠨ ᠰᠡᠳᠭᠢᠵᠦ᠍ ᠦᠢᠯᠡᠳᠦᠯᠭᠡᠵᠢᠭᠦᠯᠦᠨ ᠤᠢᠯᠠᠭᠠᠭᠤᠯᠵᠤ᠂ ᠨᠠᠮ᠎ᠤᠨ ᠭᠡᠱᠢᠭᠦᠨ ᠎ᠦ ᠤᠬᠠᠮᠰᠠᠷ᠎ᠢ ᠳᠡᠭᠡᠭ᠌ᠰᠢᠯᠡᠭᠦᠯᠪᠠ᠃ ᠰᠡᠷᠡᠮᠵᠢᠯᠡᠭᠦᠯᠬᠦ᠌ ᠬᠥᠮᠦᠵᠢᠯ᠎ᠦᠨ ᠤᠬᠠᠭᠠᠨ᠎ᠢ ᠲᠥᠪ ᠴᠢᠩᠭ᠎ᠠ ᠪᠣᠯᠭᠠᠵᠤ᠂ ᠨᠢᠭᠡ ᠤᠳᠠᠭ᠎ᠠ ᠵᠢᠨ ᠰᠡᠷᠡᠮᠵᠢᠯᠡᠭᠦᠯᠬᠦ᠌ ᠬᠥᠮᠦᠵᠢᠯ᠎ᠢ ᠵᠣᠬᠢᠶᠠᠨ ᠪᠠᠢᠭᠤᠯᠤᠨ ᠥᠷᠨᠢᠭᠦᠯᠬᠦ᠌᠎ᠪᠡᠷ ᠳᠠᠮᠵᠢᠭᠤᠯᠤᠨ᠂ ᠬᠡᠷᠡᠭ᠎ᠢᠶᠡᠷ ᠰᠠᠬᠢᠯᠭ᠎ᠠ ᠪᠠᠲᠤ᠎ᠶ᠋ᠢ ᠲᠣᠳᠣᠷᠬᠠᠢᠯᠠᠵᠤ᠂ ᠬᠡᠷᠡᠭ᠎ᠢᠶᠡᠷ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠡᠴᠡ ᠨᠠᠭᠠᠱᠢᠬᠢ ᠪᠦᠬᠦ᠌ ᠬᠣᠲᠠ᠎ᠶ᠋ᠢᠨ ᠪᠠᠢᠴᠠᠭᠠᠨ ᠱᠢᠶ᠋ᠳᠪᠦᠷᠢᠯᠡᠭ᠌ᠰᠡᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠡᠴᠡ ᠰᠤᠷᠭᠠᠮᠵᠢ ᠠᠪᠤᠭᠤᠯᠵᠤ᠌᠂ ᠳᠡᠷᠭᠡᠳᠡᠬᠢ ᠤᠴᠢᠷ ᠶᠠᠪᠤᠳᠠᠯ᠎ᠢᠶᠠᠷ᠎ᠢᠶᠠᠨ ᠳᠡᠷᠭᠡᠳᠡᠬᠢ ᠬᠥᠮᠦᠰ᠎ᠢ ᠬᠥᠮᠦᠵᠢᠭᠦᠯᠵᠦ᠍᠂ ᠰᠤᠷᠤᠯᠴᠠᠯᠭ᠎ᠠ ᠬᠥᠮᠦᠵᠢᠯ᠎ᠢ ᠲᠠᠷᠢᠬᠢ ᠲᠤᠯᠤᠭᠠᠢ ᠰᠡᠳᠭᠢᠯ ᠎ᠳ᠋ᠤᠨᠢ ᠬᠠᠳᠠᠩᠱᠢᠭᠤᠯᠵᠤ᠂ ᠬᠦᠨ ᠰᠠᠭᠤᠬᠳᠠᠬᠤ ᠵᠢ ᠠᠬᠢᠭᠤᠯᠪᠠ᠃ ᠰᠠᠨᠠᠭᠠᠴᠢᠯᠠᠭ᠎ᠠ᠎ᠡᠴᠡ᠎ᠪᠠᠨ ᠠᠮᠠᠯᠠᠯᠲᠠ ᠪᠠᠨ ᠦᠶ᠋ᠯᠡᠳᠦᠯᠭᠡᠵᠢᠭᠦᠯᠵᠦ᠍᠂ 38 ᠲᠢᠩᠬᠢᠮ᠎ᠦᠨ ᠲᠠᠰ᠎ᠤᠨ ᠤᠳᠤᠷᠢᠳᠤᠯᠭ᠎ᠠ ᠲᠦᠷᠦᠭᠦᠯᠡᠨ《ᠠᠷᠪᠠᠨ ᠨᠢᠭᠡᠨ ᠴᠢᠩᠭ᠎ᠠ ᠴᠠᠭᠠᠵᠠᠯᠠᠯ》 ᠎ᠦᠨ ᠠᠮᠠᠯᠠᠯᠲᠠ᠎ᠶ᠋ᠢᠨ ᠪᠢᠴᠢᠭ ᠲᠡᠭᠡᠷ᠎ᠡ ᠭᠠᠷ᠎ᠤᠨ ᠦᠰᠦᠭ ᠵᠢᠷᠤᠵᠤ᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠢ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠪᠠᠢᠭᠠᠳ ᠭᠠᠷ᠎ᠤᠨ ᠥᠰᠥᠭ ᠵᠢᠷᠤᠵᠤ ᠬᠠᠷᠢᠭᠤᠴᠠᠯᠭ᠎ᠠ ᠡᠭᠦᠷᠭᠡᠯᠡᠭᠦᠯᠬᠦ ᠬᠡᠯᠪᠡᠷᠢ᠎ᠪᠡᠷ ᠳᠠᠮᠵᠢᠭᠤᠯᠤᠨ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠤᠯᠠᠮ ᠴᠢᠨᠠᠬᠰᠢᠳᠠ ᠪᠡᠬᠢᠵᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠤᠨ ᠦᠵᠡᠯ ᠰᠠᠨᠠᠭ᠎ᠠ᠎ᠶ᠋ᠢ ᠳᠡᠭᠡᠭ᠌ᠰᠢᠯᠡᠭᠦᠯᠵᠦ᠍᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠪᠠ᠃

ᠬᠢᠩᠭᠠᠨ ᠠᠢᠮᠠᠭ 《ᠬᠣᠶᠠᠷ᠎ᠢ ᠰᠤᠷᠤᠯᠴᠠᠵᠤ ᠨᠢᠭᠡ ᠵᠢ ᠬᠠᠷᠭᠤᠭᠤᠯᠬᠤ》 ᠠᠵᠢᠯᠯᠠᠭ᠎ᠠ ᠥᠷᠨᠢᠭᠦᠯᠪᠡ

ᠢᠮᠠᠭ᠍ᠲᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠣᠨᠣᠯ᠎ᠢᠶᠠᠷ ᠵᠡᠪᠰᠡᠭ᠌ᠯᠡᠬᠦ᠌᠎ᠶ᠋ᠢ ᠲᠡᠷᠢᠭᠦᠨ ᠪᠠᠢᠷᠢᠨ᠎ᠳᠤ ᠲᠠᠯᠪᠢᠵᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠵᠢ ᠵᠣᠬᠢᠶᠠᠨ ᠪᠠᠢᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠭᠤᠯᠵᠤ᠂《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ ᠎ᠨᠤᠭᠤᠳ》᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ ᠪᠠᠷᠢᠮᠵᠢᠶ᠎ᠠ》ᠵᠢ ᠰᠤᠷᠤᠯᠴᠠᠵᠤ᠂ ᠵᠠᠷᠯᠠᠬᠰᠠᠨ ᠠᠰᠠᠭᠤᠳᠠᠯ᠎ᠤᠨ ᠨᠠᠷᠢᠨ ᠳᠠᠩᠰᠠ᠎ᠲᠠᠢ ᠬᠠᠷᠭᠤᠭᠤᠯᠤᠨ ᠭᠦᠨᠵᠡᠭᠡᠶ ᠲᠤᠩᠭᠠᠵᠤ ᠪᠣᠳᠣᠵᠤ ᠤᠬᠠᠭᠠᠷᠠᠬᠤ 《ᠬᠣᠶᠠᠷ᠎ᠢ ᠰᠤᠷᠤᠯᠴᠠᠵᠤ ᠨᠢᠭᠡ ᠵᠢ ᠬᠠᠷᠭᠤᠭᠤᠯᠬᠤ》 ᠠᠵᠢᠯᠯᠠᠭ᠎ᠠ᠎ᠶ᠋ᠢ ᠦᠷᠨᠢᠭᠦᠯᠵᠤ᠂《ᠨᠢᠭᠡ ᠮᠦᠽᠸᠢ ᠠᠷᠪᠠᠨ ᠪᠠᠭᠤᠷᠢ》 ᠵᠡᠷᠭᠡ ᠬᠤᠪᠢᠰᠭᠠᠯ᠎ᠤᠨ ᠡᠬᠢ ᠪᠠᠶᠠᠯᠢᠭ᠎ᠢ ᠭᠦᠶ᠋ᠴᠡᠳ ᠠᠰᠢᠬᠯᠠᠵᠤ᠂ ᠦᠵᠡᠯ ᠰᠠᠨᠠᠭ᠎ᠠ ᠢᠲᠡᠭᠡᠯ ᠪᠢᠰᠢᠷᠠᠯ᠎ᠤᠨ ᠬᠥᠮᠦᠵᠢᠯ᠎ᠢ ᠦᠷᠭᠦᠯᠵᠢᠯᠡᠨ ᠴᠢᠩᠭᠠᠳᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠨᠢᠭᠤᠷ ᠤᠯᠠᠢᠯᠭᠠᠨ ᠬᠥᠯᠥᠰᠥ᠍ ᠭᠠᠷᠭᠠᠯᠭᠠᠵᠤ᠂ ᠠᠯᠳᠠᠭ᠎ᠠ ᠪᠤᠷᠤᠭᠤ ᠵᠢ ᠨᠢ ᠵᠠᠰᠠᠬᠤ ᠳᠤᠮᠳᠠ ᠨᠠᠮ᠎ᠤᠨ ᠳᠦᠷᠢᠮ᠎ᠦᠨ ᠤᠬᠠᠮᠰᠠᠷ᠂ ᠰᠠᠬᠢᠯᠭ᠎ᠠ ᠪᠠᠲᠤ᠎ᠶ᠋ᠢᠨ ᠤᠬᠠᠮᠰᠠᠷ᠂ ᠶᠣᠰᠣ ᠲᠦᠷᠢᠮ᠎ᠦᠨ ᠤᠬᠠᠮᠰᠠᠷ᠎ᠢ ᠴᠢᠩᠭᠠᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠪᠠᠲᠤᠳᠭᠠᠬᠤ᠂ ᠬᠤᠪᠢᠰᠬᠠᠯ᠎ᠤᠨ ᠤᠳᠤᠮᠰᠢᠯ᠎ᠢ ᠪᠠᠲᠤ ᠰᠠᠬᠢᠬᠤ᠂ ᠤᠯᠤᠰ ᠲᠥᠷᠥ᠎ᠶ᠋ᠢᠨ ᠢᠲᠡᠭᠡᠯ ᠪᠢᠱᠢᠷᠡᠯ ᠦᠯᠤ ᠬᠤᠪᠢᠷᠠᠬᠤ᠂ ᠤᠯᠤᠰ ᠲᠦᠷᠦ᠎ᠶ᠋ᠢᠨ ᠵᠣᠭ᠍ᠰᠣᠯᠲᠠ ᠦᠯᠤ ᠰᠢᠯᠵᠢᠬᠦ᠂ ᠤᠯᠤᠰ ᠲᠥᠷᠥ ᠶ᠋ᠢᠨ ᠴᠢᠭ᠌ᠯᠡᠯ ᠦᠯᠤ ᠬᠡᠯᠪᠡᠢᠬᠦ ᠵᠢ ᠦᠨᠡᠨ ᠬᠦ᠌ ᠪᠠᠶᠠᠯᠡᠬᠦᠯᠪᠠ᠃ 5 ᠰᠠᠷ᠎ᠠ᠎ᠶ᠋ᠢᠨ 5᠎ᠤ᠋ ᠡᠳᠦᠷ᠂ ᠠᠢᠮᠠᠭ᠎ᠤᠨ ᠨᠠᠮ᠎ᠤᠨ ᠬᠣᠷᠢᠶ᠎ᠠ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠠᠢᠮᠠᠭ᠎ᠤᠨ ᠱᠠᠲᠤᠨ᠎ᠤ ᠨᠠᠮ᠎ᠤᠨ ᠭᠡᠱᠢᠭᠦᠨ ᠤᠳᠤᠷᠢᠳᠭᠤ ᠺᠠᠳ᠋ᠷ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠭᠠᠭᠤᠯᠤᠨ᠂ ᠣᠨᠣᠯ᠎ᠤᠨ ᠰᠤᠷᠤᠯᠴᠠᠯᠭ᠎ᠠ ᠶ᠋ᠢ ᠲᠦᠷᠦᠭᠦᠯᠡᠨ ᠥᠷᠨᠢᠭᠦᠯᠵᠦ᠍᠂ ᠲᠦᠷᠦᠭᠦᠯᠡᠨ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠵᠤ᠂ ᠲᠦᠷᠦᠭᠦᠯᠡᠨ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠥᠰᠥᠭ ᠵᠢᠷᠤᠵᠤ᠂ ᠢᠳᠡᠪᠬᠢᠲᠡᠶ ᠪᠥᠭᠡᠳ ᠡᠷᠡᠭᠦᠯ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠰᠣᠶᠣᠯ᠎ᠢ ᠲᠦᠷᠦᠭᠦᠯᠡᠨ ᠪᠣᠶ ᠪᠣᠯᠭᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠴᠢᠩᠭᠠᠳᠭᠠᠨ ᠪᠣᠳᠠᠲᠠᠢᠵᠢᠭᠤᠯᠵᠤ ᠂ ᠬᠥᠮᠦᠨ ᠪᠦᠬᠦᠨ ᠬᠠᠷᠢᠭᠤᠴᠠᠯᠭ᠎ᠠ ᠡᠭᠦᠷᠭᠡᠯᠡᠬᠦ᠌᠂ ᠵᠢᠱ᠌ᠢᠶ᠎ᠡ ᠦᠵᠡᠭᠦᠯᠦᠨ ᠳᠠᠢᠴᠢᠯᠠᠬᠤ᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠠᠮᠢᠳᠤᠯᠢᠭ ᠪᠠᠢᠳᠠᠯ᠎ᠢ ᠪᠣᠶ ᠪᠣᠯᠭᠠᠪᠠ᠃

ᠠᠯᠠᠱᠠ ᠠᠢᠮᠠᠭ ᠭᠦᠨᠵᠡᠭᠡᠶ ᠰᠤᠷᠤᠯᠴᠠᠨ ᠨᠠᠷᠢᠨ ᠣᠢᠯᠠᠭᠠᠬᠤ ᠳᠡᠭᠡᠷ᠎ᠡ ᠦᠨᠡᠨ ᠬᠦ᠌ ᠬᠦᠴᠦ᠍ ᠲᠠᠯᠪᠢᠪᠠ

ᠰᠤᠷᠤᠯᠴᠠᠯᠭ᠎ᠠ ᠬᠥᠮᠦᠵᠢᠯ᠎ᠢ ᠲᠥᠪᠯᠡᠷᠡᠭᠦᠯᠦᠨ ᠵᠠᠰᠠᠬᠤ ᠵᠢ ᠪᠥᠬᠥ᠌ ᠶᠠᠪᠤᠴᠠ᠎ᠳᠤ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠦᠵᠡᠯ ᠰᠠᠨᠠᠭᠠᠨ᠎ᠤ ᠬᠥᠮᠦᠵᠢᠯ᠎ᠢ ᠪᠣᠳᠠᠲᠠᠢᠵᠢᠭᠤᠯᠬᠤ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠢᠯᠣᠭᠣᠳᠤᠨ ᠱᠠᠯᠠᠪᠳᠠᠭᠤᠯᠬᠤ᠎ᠶ᠋ᠢ ᠴᠢᠩᠭᠠᠳᠭᠠᠵᠤ᠂ ᠠᠴᠢᠶᠠᠯᠠᠪᠤᠷᠢ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠵᠢᠱ᠌ᠢᠶ᠎ᠡ ᠦᠵᠡᠭᠦᠯᠦᠨ ᠳᠠᠢᠴᠢᠯᠠᠬᠤ᠎ᠶ᠋ᠢ ᠴᠢᠩᠭᠠᠳᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠦᠨᠡᠨ ᠬᠦ᠌ ᠬᠥᠲᠥᠯᠥᠨ ᠵᠢᠯᠣᠭᠣᠳᠴᠤ᠌ ᠪᠠᠢᠭᠠᠳ ᠭᠦᠨᠵᠡᠭᠡᠶ ᠰᠤᠷᠤᠯᠴᠠᠵᠤ ᠨᠠᠷᠢᠯᠢᠭ ᠬᠠᠷᠭᠤᠭᠤᠯᠵᠤ ᠪᠠᠲᠤᠲᠠᠶ ᠦᠶ᠋ᠯᠡᠳᠦᠯᠭᠡᠵᠢᠭᠦᠯᠪᠠ᠃ ᠨᠠᠮ᠎ᠤᠨ ᠭᠡᠱᠢᠭᠦᠨ ᠺᠠᠳ᠋ᠷ ᠳᠠᠭᠠᠭᠤᠯᠤᠨ ᠰᠤᠷᠤᠯᠴᠠᠵᠤ ᠰᠤᠷᠤᠯᠴᠠᠯᠭ᠎ᠠ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)᠎ᠶ᠋ᠢᠨ ᠣᠨᠣᠯ ᠰᠤᠷᠤᠯᠴᠠᠬᠤ ᠭᠤᠤᠯ ᠳᠤᠭᠤᠢᠯᠠᠩ᠂ ᠨᠠᠮ᠎ᠤᠨ ᠡᠭᠦᠷ᠂ ᠨᠠᠮ᠎ᠤᠨ ᠤᠳᠤᠷᠢᠳᠬᠤ ᠳᠤᠭᠤᠢᠯᠠᠩ ᠵᠡᠷᠭᠡ᠎ᠪᠡᠷ ᠨᠢᠭᠡᠴᠢ ᠪᠣᠯᠭᠠᠨ ᠰᠤᠷᠤᠯᠴᠠᠯᠭ᠎ᠠ ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠨᠠᠮ᠎ᠤᠨ ᠭᠡᠱᠢᠭᠦᠨ ᠤᠳᠤᠷᠢᠳᠭᠤ ᠺᠠᠳ᠋ᠷ ᠭᠡᠬᠦ᠌ ᠡᠨᠡ ᠬᠦ᠌《ᠵᠠᠩᠭᠢᠯᠠᠭ᠎ᠠ᠎ᠶ᠋ᠢᠨ ᠴᠥᠭᠡᠨ ᠲᠣᠭᠠᠲᠠᠨ》ᠢ᠋ ᠠᠳᠭᠤᠬᠤ ᠮᠥᠷᠲᠡᠭᠡᠨ ᠪᠠᠰᠠ ᠡᠩ᠎ᠦᠨ ᠨᠠᠮ᠎ᠤᠨ ᠭᠡᠱᠢᠭᠦᠨ᠎ᠦ ᠰᠤᠷᠤᠯᠴᠠᠯᠭ᠎ᠠ᠎ᠶ᠋ᠢ ᠰᠠᠢᠲᠤᠷ ᠠᠳᠭᠤᠵᠤ᠂ ᠭᠤᠤᠯᠳᠠᠯᠭ᠎ᠠ᠎ᠶ᠋ᠢ ᠳᠣᠪᠣᠢᠯᠭᠠᠵᠤ᠂ ᠰᠤᠷᠤᠯᠴᠠᠪᠠᠰᠤ ᠵᠣᠬᠢᠬᠤ᠎ᠶ᠋ᠢ᠎ᠨᠢ ᠪᠦᠬᠦᠨ᠎ᠢ ᠰᠤᠷᠤᠯᠴᠠᠪᠠ ᠃ ᠰᠤᠷᠤᠯᠴᠠᠬᠤ ᠬᠡᠯᠪᠡᠷᠢ᠎ᠪᠡᠨ ᠪᠠᠶᠠᠯᠢᠭ᠍ᠵᠢᠭᠤᠯᠬᠤ᠎ᠶ᠋ᠢ ᠪᠠᠷᠢᠮᠲᠠᠯᠠᠵᠤ᠂《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ᠂ ᠰᠤᠷᠤᠯᠴᠠᠬᠤ ᠳᠤᠭᠤᠢᠯᠠᠩ ᠵᠡᠷᠭᠡ ᠠᠴᠢᠶᠠᠯᠠᠪᠤᠷᠢ᠎ᠳᠤ ᠲᠦᠱᠢᠭ᠌ᠯᠡᠨ᠂ ᠬᠠᠮᠲᠤ᠎ᠪᠠᠷ ᠰᠤᠳᠤᠯᠤᠨ ᠶᠠᠷᠢᠯᠴᠠᠬᠤ᠂ ᠲᠤᠰᠭᠠᠶ ᠰᠡᠳᠦᠪᠲᠦ ᠲᠠᠢᠯᠤᠮᠵᠢ ᠬᠢᠬᠦ᠌᠂ ᠲᠣᠭᠣᠷᠢᠨ ᠦᠵᠡᠵᠦ᠍ ᠪᠡᠶᠡᠴᠢᠯᠡᠨ ᠣᠢᠯᠠᠭᠠᠬᠤ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠰᠤᠷᠤᠯᠴᠠᠯᠭ᠎ᠠ ᠥᠷᠨᠢᠭᠦᠯᠵᠦ᠍᠂《ᠲᠡᠮᠡᠭᠡᠳᠤ ᠨᠤᠳᠤᠭ᠎ᠤᠨ e ᠥᠷᠲᠡᠭᠡ》 ᠶ᠋ᠢᠨ ᠤᠶᠤᠨᠲᠤ ᠨᠠᠮ᠎ᠤᠨ ᠪᠠᠢᠭᠤᠯᠤᠯᠲᠠ᠎ᠶ᠋ᠢᠨ ᠲᠠᠪᠴᠠᠩ᠂ 《ᠠᠯᠠᠱᠠ᠎ᠶ᠋ᠢᠨ ᠡᠳᠦᠷ᠎ᠦᠨ ᠰᠣᠨᠢᠨ》ᠵᠡᠷᠭᠡ ᠭᠤᠤᠯ ᠪᠤᠯᠬᠤ ᠵᠠᠭᠤᠴᠢᠯᠠᠭᠤᠷ᠎ᠲᠤ《ᠨᠠᠮ ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ》 ᠲᠤᠬᠠᠢ ᠬᠠᠮᠢᠶ᠎ᠠ ᠪᠥᠬᠥᠶ ᠡᠬᠡ ᠪᠢᠴᠢᠭ᠎ᠢ ᠪᠠᠢᠩᠭᠤ ᠵᠢᠨ ᠴᠢᠨᠠᠷᠳᠠᠢ ᠲᠡᠪᠰᠢᠬᠦᠯᠤᠨ ᠨᠡᠢᠳᠡᠯᠡᠵᠦ᠍᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠰᠤᠷᠤᠯᠴᠠᠬᠤ ᠰᠡᠳᠭᠢᠬᠦ᠌ ᠦᠶ᠋ᠯᠡᠳᠦᠯᠭᠡᠵᠢᠭᠦᠯᠬᠦ᠌ ᠣᠢᠯᠠᠭᠠᠬᠤ ᠳᠤᠮᠳᠠ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠵᠦ᠍᠂ ᠴᠢᠷᠮᠠᠢᠬᠤ ᠴᠢᠭ᠌ᠯᠡᠯ᠎ᠢ ᠨᠢ ᠲᠣᠳᠣᠷᠬᠠᠶ ᠪᠣᠯᠭᠠᠪᠠ᠃ ᠰᠡᠷᠡᠮᠵᠢᠯᠡᠭᠦᠯᠬᠦ᠌ ᠬᠥᠮᠦᠵᠢᠯ᠎ᠵᠢᠡᠷ ᠵᠢᠷᠦᠬᠡᠰᠢᠶᠡᠯᠭᠡᠬᠦ᠎ᠵᠢ ᠪᠠᠷᠢᠮᠲᠠᠯᠠᠵᠤ᠂ ᠣᠢᠷ᠎ᠠ᠎ᠶ᠋ᠢᠨ ᠵᠢᠯ᠎ᠦᠨ ᠲᠤᠷᠱᠢᠬᠢ ᠬᠡᠰᠡᠭ ᠤᠳᠤᠷᠢᠳᠭᠤ ᠺᠠᠳ᠋ᠷ᠎ᠤᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠤᠨ ᠨᠡᠢᠲᠡᠯᠢᠭ ᠬᠡᠷᠡᠭ ᠎ᠦᠨ ᠵᠢᠱ᠌ᠢᠶ᠎ᠡ᠎ᠶ᠋ᠢ ᠴᠤᠭ᠍ᠯᠠᠭᠤᠯᠤᠨ ᠡᠮᠬᠢᠳᠬᠡᠵᠦ᠍᠂ ᠰᠡᠷᠡᠮᠵᠢᠯᠡᠭᠦᠯᠬᠦ᠌ ᠬᠥᠮᠦᠵᠢᠯ᠎ᠦᠨ ᠮᠠᠲ᠋ᠧᠷᠢᠶᠠᠯ᠎ᠤᠨ ᠬᠥᠮᠥᠷᠭᠡ᠎ᠶ᠋ᠢ ᠪᠠᠢᠭᠤᠯᠤᠨ᠂ ᠪᠥᠬᠥ᠌ ᠣᠷᠣᠨ᠂ ᠪᠥᠬᠥ᠌ ᠠᠢᠮᠠᠭ᠎ᠤᠨ ᠪᠠᠢᠴᠠᠭᠠᠨ ᠱᠢᠶ᠋ᠳᠪᠦᠷᠢᠯᠡᠭ᠌ᠰᠡᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠲᠠᠰ ᠱᠠᠲᠤ ᠲᠥᠷᠥᠯ ᠬᠤᠪᠢᠶᠠᠨ ᠵᠠᠷᠯᠠᠨ ᠮᠡᠳᠡᠭ᠌ᠳᠡᠵᠦ᠍᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠢ ᠬᠠᠷᠭᠤᠭᠤᠯᠤᠨ ᠲᠤᠩᠭᠠᠯᠭᠠᠵᠤ᠂ ᠰᠡᠷᠡᠮᠵᠢᠯᠡᠭᠦᠯᠤᠯ ᠬᠦᠷᠳᠡᠭᠡᠨ᠂ ᠬᠦᠴᠦᠷᠬᠡᠭ ᠶᠡᠬᠡ ᠵᠢᠷᠦᠬᠡᠰᠢᠶᠡᠯᠭᠡᠬᠦ ᠦᠶ᠋ᠯᠡᠳᠦᠯ᠎ᠢ ᠪᠣᠶ ᠪᠣᠯᠭᠠᠪᠠ᠃

ᠱᠢᠯᠢ᠎ᠶ᠋ᠢᠨ ᠭᠤᠤᠯ ᠠᠢᠮᠠᠭ 《ᠰᠤᠷᠤᠯᠴᠠᠵᠤ ᠪᠠᠢᠴᠠᠭᠠᠵᠦ ᠰᠠᠢᠵᠢᠷᠠᠭᠤᠯᠬᠤ》 ᠎ᠶ᠋ᠢ ᠨᠡᠪᠲᠡᠷᠡᠭᠦᠯᠬᠦ᠌᠎ᠶ᠋ᠢ ᠪᠠᠷᠢᠮᠲᠠᠯᠠᠪᠠ

ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠣᠢᠯᠠᠭᠠᠬᠤ ᠪᠠ ᠪᠠᠢᠴᠠᠭᠠᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠥᠬᠥ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠣᠨᠣᠯ ᠰᠤᠷᠤᠯᠴᠠᠬᠤ ᠭᠤᠤᠯ ᠳᠤᠭᠤᠢᠯᠠᠩ᠂《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠡᠷᠭᠡ ᠠᠷᠭ᠎ᠠ ᠬᠡᠯᠪᠡᠷᠢ᠎ᠪᠡᠷ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠲᠦᠪ ᠴᠢᠩᠭ᠎ᠠ ᠪᠤᠯᠭᠠᠬᠤ ᠲᠤᠬᠠᠶ ᠴᠢᠬᠤᠯᠠ ᠥᠭᠦᠯᠡᠯᠲᠡ᠂《ᠱᠢᠨ᠎ᠡ ᠪᠠᠢᠳᠠᠯ ᠳᠤᠤᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠲᠤᠬᠠᠶ ᠪᠠᠷᠢᠮᠵᠢᠶ᠎ᠡ ᠨᠤᠭᠤᠳ》ᠪᠣᠯᠤᠨ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ ᠎ᠶ᠋ᠢ ᠠᠬᠢᠭᠤᠯᠬᠤ ᠬᠠᠮᠢᠶ᠎ᠠ ᠪᠥᠬᠥᠶ ᠠᠭᠤᠯᠭ᠎ᠠ᠎ᠶ᠋ᠢ ᠭᠦᠨᠵᠡᠭᠡᠶ ᠰᠤᠷᠤᠯᠴᠠᠵᠤ᠂ ᠰᠤᠳᠤᠯᠤᠨ ᠶᠠᠷᠢᠯᠴᠠᠬᠤ ᠮᠠᠲ᠋ᠧᠷᠢᠶᠠᠯ᠂ ᠣᠯᠤᠯᠲᠠ ᠲᠥᠷᠥᠭ᠌ᠳᠡᠯ᠎ᠢ ᠵᠣᠬᠢᠶᠠᠨ ᠪᠠᠢᠭᠤᠯᠤᠨ ᠲᠤᠭᠤᠷᠪᠢᠨ ᠪᠢᠴᠢᠵᠦ᠍᠂ ᠰᠤᠷᠤᠯᠴᠠᠯᠭ᠎ᠠ ᠬᠥᠮᠦᠵᠢᠯ ᠎ᠦᠨ ᠳᠤᠮᠳᠠ ᠦᠵᠡᠯ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠪᠠ᠃ ᠪᠦᠬᠦ᠌ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠠᠮᠠᠯᠠᠯᠲᠠ᠎ᠪᠠᠨ ᠪᠡᠶᠡᠯᠡᠭᠦᠯᠵᠦ᠍᠂ ᠠᠢᠮᠠᠭ᠎ᠤᠨ ᠲᠡᠰ᠎ᠤᠨ ᠤᠳᠤᠷᠢᠳᠤᠯᠭ᠎ᠠ ᠲᠡᠭᠡᠷ᠎ᠡ ᠱᠠᠲᠤ ᠨᠢ ᠲᠤᠤᠷ᠎ᠡ ᠱᠠᠲᠤ ᠪᠠᠨ ᠳᠠᠭᠠᠭᠤᠯᠤᠨ᠂ ᠲᠢᠩᠬᠢᠮ ᠤ᠋ᠨ ᠲᠡᠰ᠎ᠤᠨ 44 ᠨᠠᠮ᠎ᠤᠨ ᠭᠡᠱᠢᠭᠦᠨ ᠺᠠᠳ᠋ᠷ ᠪᠦᠬᠦᠨ᠎ᠢᠶᠡᠷ᠎ᠢᠶᠡᠨ《ᠠᠷᠪᠠᠨ ᠨᠢᠭᠡᠨ ᠴᠢᠩᠭ᠎ᠠ ᠴᠠᠭᠠᠵᠠᠯᠠᠯ》᠎ᠦᠨ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠪᠠ᠃ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠠᠰᠠᠭᠤᠳᠠᠯ᠎ᠤᠨ ᠨᠠᠷᠢᠨ ᠲᠠᠩᠰᠠᠨ᠎ᠳᠤ ᠵᠢᠭ᠍ᠰᠠᠭᠠᠭ᠍ᠰᠠᠨ 11 ᠵᠦᠢᠯ᠎ᠦᠨ ᠦᠵᠡᠭ᠌ᠳᠡᠯ᠂ 54 ᠵᠦᠢᠯ᠎ᠦᠨ ᠪᠣᠳᠠᠲᠠᠢ ᠪᠠᠢᠳᠠᠯ᠎ᠲᠠᠶ ᠬᠠᠷᠭᠤᠭᠤᠯᠵᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠱᠠᠯᠠᠪᠳᠠᠭᠤᠯᠤᠨ ᠪᠠᠢᠴᠠᠭᠠᠯᠲᠠ ᠵᠢᠴᠢ ᠤᠯᠠᠨ ᠲᠦᠮᠡᠨ᠎ᠦ ᠲᠤᠰᠭᠠᠯ᠂ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ ᠳᠤᠮᠳᠠ ᠢᠯᠡᠷᠡᠭᠦᠯᠦᠭ᠌ᠰᠡᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠬᠰᠠᠨ ᠠᠰᠠᠭᠤᠳᠠᠯ᠎ᠲᠠᠢ ᠬᠠᠷᠭᠤᠭᠤᠯᠵᠤ᠂ ᠭᠦᠨᠵᠡᠭᠡᠢ ᠪᠠᠢᠴᠠᠭᠠᠨ ᠵᠠᠯᠠᠷᠠᠭᠤᠯᠵᠤ᠂ ᠠᠰᠠᠭᠤᠳᠠᠯ᠎ᠳᠤ ᠴᠢᠭ᠌ᠯᠡᠭᠦᠯᠦᠨ᠂ ᠠᠰᠠᠭᠤᠳᠠᠯ ᠎ᠢ ᠮᠥᠷᠳᠡᠨ ᠪᠠᠢᠴᠠᠭᠠᠵᠤ᠂ ᠠᠰᠠᠭᠤᠳᠠᠯ᠎ᠢ ᠲᠦᠪᠯᠡᠷᠡᠭᠦᠯᠦᠨ ᠵᠠᠰᠠᠬᠤ ᠵᠢ ᠪᠡᠶᠡᠯᠡᠭᠦᠯᠵᠦ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠦᠪ ᠴᠢᠩᠭ᠎ᠠ ᠪᠤᠯᠭᠠᠬᠤ᠎ᠶ᠋ᠢ ᠦᠨᠡᠨ ᠬᠦ᠌ ᠪᠠᠢᠩᠭᠤ ᠠᠳᠭᠤᠵᠤ᠂ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面