ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-05-06 10:43:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠢᠮᠠᠭ ᠬᠣᠲᠠ ᠵᠢᠨ ᠨᠠᠮ ᠤ᠋ᠨ ᠬᠣᠷᠢᠶᠠᠨ ᠤ᠋ ᠱᠦᠵᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠲᠤᠬᠠᠢ ᠶᠠᠷᠢᠭᠰᠠᠨ ᠨᠢ (ᠨᠢᠭᠡ)


ᠨᠠᠢᠷᠠᠭᠤᠯᠤᠭᠴᠢ ᠵᠢᠨ ᠦᠭᠡ

ᠪᠦᠬᠦ ᠣᠷᠣᠨ ᠤ᠋ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠢ᠋ ᠡᠬᠢᠯᠡᠭᠦᠯᠦᠭᠰᠡᠨ ᠡᠴᠡ ᠨᠡᠭᠠᠱᠢ ᠂ ᠡᠯ᠎ᠡ ᠱᠠᠲᠤᠨ ᠤ᠋ ᠨᠠᠮ ᠤ᠋ᠨ ᠬᠣᠷᠢᠢ᠎ᠠ (ᠨᠠᠮ ᠤ᠋ᠨ ᠤᠳᠤᠷᠢᠳᠬᠤ ᠳᠤᠭᠤᠢᠯᠠᠩ) ᠪᠣᠯᠤᠨ ᠨᠠᠮ ᠤ᠋ᠨ ᠭᠡᠱᠢᠭᠦᠨ ᠤᠳᠤᠷᠢᠳᠬᠤ ᠺᠠᠳ᠋ᠷᠴᠤᠳ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠶᠡᠷᠦᠩᠬᠡᠢ ᠱᠦᠵᠢ ᠱ᠋ᠢ ᠵᠢᠨ ᠫᠢᠩ ᠤ᠋ᠨ ᠴᠢᠬᠤᠯᠠ ᠥᠭᠦᠯᠡᠯᠲᠡ ᠵᠢ ᠬᠢᠨᠠᠮᠠᠭᠠᠢ ᠰᠤᠷᠤᠯᠴᠠᠨ ᠣᠢᠯᠠᠭᠠᠵᠤ᠂ ᠲᠥᠪᠯᠡᠷᠡᠭᠦᠯᠦᠨ ᠵᠠᠰᠠᠬᠤ ᠲᠤᠬᠠᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠵᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠪᠦᠬᠦ ᠲᠠᠯ᠎ᠠ ᠪᠠᠷ ᠴᠢᠩᠳᠠᠯᠠᠵᠤ ᠪᠣᠳᠠᠲᠠᠢᠵᠢᠭᠤᠯᠬᠤ ᠵᠢ ᠠᠬᠢᠭᠤᠯᠪᠠ᠃ ᠲᠤᠰ ᠰᠤᠨᠢᠨ ᠡᠨᠡ ᠡᠳᠤᠷ ᠡᠴᠡ ᠡᠬᠢᠯᠡᠨ《ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠶ᠎ᠠ》 ᠲᠤᠰᠭᠠᠢ ᠪᠤᠯᠤᠩ ᠳ᠋ᠠᠭᠠᠨ ᠡᠯ᠎ᠡ ᠠᠢᠮᠠᠭ ᠬᠣᠲᠠ ᠵᠢᠨ ᠨᠠᠮ ᠤ᠋ᠨ ᠬᠣᠷᠢᠶᠠᠨ ᠤ᠋ ᠱᠦᠵᠢ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ᠂ ᠵᠣᠬᠢᠶᠠᠨ ᠪᠠᠢᠭᠤᠯᠬᠤ ᠬᠡᠯᠲᠡᠰ ᠤ᠋ᠨ ᠳᠠᠷᠤᠭ᠎ᠠ᠂ ᠬᠡᠰᠡᠭ ᠲᠢᠩᠬᠢᠮ ᠲᠣᠪᠴᠢᠶᠠᠨ᠎ᠤ ᠨᠠᠮ ᠤ᠋ᠨ ᠤᠳᠤᠷᠢᠳᠬᠤ ᠳᠤᠭᠤᠢᠯᠠᠩ (ᠨᠠᠮ ᠤ᠋ᠨ ᠬᠣᠷᠢᠶ᠎ᠠ) ᠤ᠋ᠨ ᠱᠦᠵᠢ᠂ ᠬᠡᠰᠡᠭ ᠬᠣᠱᠢᠭᠤ ᠱᠢᠶᠠᠨ(ᠬᠣᠲᠠ ᠂ ᠲᠣᠭᠣᠷᠢᠭ) ᠤ᠋ ᠨᠠᠮ ᠤ᠋ᠨ ᠬᠣᠷᠢᠶᠠᠨ ᠤ᠋ ᠱᠦᠵᠢ ᠵᠢᠨ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠣᠢᠯᠠᠭᠠᠯᠲᠠ ᠪᠠ ᠦᠢᠯᠡᠳᠦᠯᠭᠡ ᠵᠢᠨ ᠪᠣᠳᠣᠯᠬᠢᠯᠠᠯ ᠢ᠋ ᠬᠤᠭᠤᠴᠠᠭ᠎ᠠ ᠬᠤᠪᠢᠶᠠᠨ ᠨᠡᠢᠲᠡᠯᠡᠵᠦ᠂ ᠪᠦᠬᠦ ᠣᠷᠣᠨ ᠤ᠋ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠪᠤᠯᠤᠨ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷᠴᠤᠳ ᠤ᠋ᠨ ᠰᠤᠷᠤᠯᠴᠠᠯᠭ᠎ᠠ ᠳ᠋ᠤ ᠯᠠᠪᠯᠠᠯᠲᠠ ᠪᠣᠯᠭᠠᠬᠤ ᠵᠢ ᠵᠤᠷᠢᠪᠠ᠃



ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠢᠩᠭᠤ ᠵᠢᠨ ᠬᠡᠰᠢᠭᠦᠨ᠂ ᠬᠥᠬᠡᠬᠣᠲᠠ ᠵᠢᠨ ᠨᠠᠮ ᠤ᠋ᠨ ᠬᠣᠷᠢᠶᠠᠨ ᠤ᠋ ᠱᠦᠵᠢ ᠪᠤᠤ ᠭᠠᠩ᠄

ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠡᠷᠡᠰ ᠴᠢᠩᠳᠠᠯᠠᠵᠤ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠵᠢᠨ ᠭᠦᠨᠵᠡᠭᠡᠢᠷᠡᠨ ᠬᠥᠭᠵᠢᠬᠦ ᠵᠢ ᠪᠦᠬᠦ ᠬᠦᠴᠦᠨ ᠵᠢᠨᠷ ᠠᠬᠢᠭᠤᠯᠤᠨ᠎ᠠ

ᠶᠡᠷᠦᠩᠬᠡᠢ᠎ᠱᠦᠵᠢ᠎ᠱ᠋ᠢ᠎ᠵᠢᠨ᠎ᠫᠢᠩ᠎ᠠᠷᠪᠠᠨ᠎ᠭᠤᠷᠪᠠᠳᠤᠭᠠᠷ᠎ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠳ᠋ᠠᠭᠠᠨ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠪᠦᠬᠦ᠌ ᠲᠠᠯ᠎ᠠ ᠪᠡᠷ ᠡᠷᠡᠭᠦᠯ ᠵᠢᠷᠤᠮᠵᠢᠭᠤᠨ ᠵᠠᠮ ᠳ᠋ᠤ ᠪᠤᠴᠠᠬᠤ ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠵᠠᠢ᠃ ᠪᠢᠳᠡ ᠡᠷᠬᠡᠪᠱᠢ《ᠬᠤᠶᠠᠷ ᠢ᠋ ᠲᠤᠭᠲᠠᠭᠠᠭᠰᠠᠨ》 ᠢ᠋ ᠬᠦᠷᠢᠶᠡᠯᠡᠬᠦ᠂《ᠬᠣᠶᠠᠷ ᠢ᠋ ᠬᠠᠮᠠᠭᠠᠯᠠᠬᠤ》 ᠵᠢ ᠪᠡᠶᠡᠯᠡᠭᠦᠯᠬᠦ ᠦᠨᠳᠦᠷᠴᠡ ᠳ᠋ᠤ ᠵᠤᠭᠰᠤᠨ᠂ ᠨᠠᠮ ᠢ᠋ ᠬᠠᠮᠢᠶᠠᠷᠴᠤ ᠨᠠᠮ ᠢ᠋ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠴᠢᠩᠭ᠎ᠠ ᠴᠡᠭᠴᠡᠯᠡᠨ ᠵᠠᠰᠠᠵᠤ᠂ ᠴᠡᠪᠡᠷ ᠰᠠᠢᠬᠠᠨ ᠤᠯᠤᠰ ᠲᠥᠷᠥ ᠵᠢᠨ ᠠᠮᠢ ᠠᠬᠤᠢ ᠵᠢ ᠴᠢᠷᠮᠠᠢᠨ ᠪᠣᠢ ᠪᠣᠯᠭᠠᠵᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ᠎ᠳ᠋ᠤ᠌ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠣᠷᠴᠢᠨ ᠠᠬᠤᠢ ᠵᠢ ᠦᠨᠡᠨ ᠬᠦ᠌ ᠪᠣᠢ ᠪᠤᠯᠭᠠᠬᠤ ᠬᠡᠷᠡᠭᠳᠡᠢ᠃

ᠨᠢᠭᠡ ᠳ᠋ᠤ ᠦᠵᠡᠯ ᠰᠠᠨᠠᠭᠠᠨ ᠤ᠋ ᠬᠥᠮᠦᠵᠢᠯ ᠬᠡᠬᠦ ᠡᠨᠡ ᠬᠦ᠌ ᠦᠨᠳᠦᠰᠦᠨ ᠵᠦᠢᠯ ᠢ᠋ ᠰᠠᠢᠲᠤᠷ ᠠᠳᠭᠤᠨ᠎ᠠ᠃ ᠦᠵᠡᠯ ᠰᠠᠨᠠᠭᠠᠨ ᠤ᠋ ᠬᠥᠮᠦᠵᠢᠯ ᠪᠣᠯᠤᠨ ᠣᠨᠣᠯ ᠵᠢᠨᠷ ᠵᠡᠪᠰᠡᠭᠯᠡᠬᠦ ᠵᠢ ᠴᠢᠩᠭᠠᠳᠭᠠᠬᠤ ᠶᠠᠪᠤᠳᠠᠯ ᠢ᠋ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠲᠡᠷᠢᠭᠦᠨ ᠴᠢᠬᠤᠯᠠ ᠡᠭᠦᠷᠭᠡ ᠪᠣᠯᠭᠠᠬᠤ ᠵᠢ ᠪᠠᠷᠢᠮᠲᠠᠯᠠᠵᠤ᠂ ᠱ᠋ᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠦᠨᠳᠦᠰᠦ ᠰᠠᠭᠤᠷᠢ ᠰᠦᠭ ᠰᠦᠨᠡᠰᠦ ᠪᠤᠯᠭᠠᠵᠤ᠂ ᠨᠠᠮ ᠤ᠋ᠨ ᠭᠡᠱᠢᠭᠦᠨ ᠺᠠᠳ᠋ᠷᠴᠤᠳ ᠤ᠋ᠨ ᠶᠡᠬᠡ ᠶᠤᠰᠤ ᠵᠢ ᠮᠡᠳᠡᠬᠦ᠂ ᠨᠡᠢᠲᠡ ᠵᠢᠨ ᠶᠤᠰᠤ ᠵᠢ ᠰᠠᠬᠢᠬᠤ᠂ ᠬᠤᠪᠢ ᠵᠢᠨ ᠶᠤᠰᠤ ᠵᠢ ᠴᠢᠩᠳᠠᠯᠠᠬᠤ ᠵᠢ ᠬᠥᠮᠦᠵᠢᠭᠦᠯᠦᠨ ᠵᠢᠯᠣᠭᠣᠳᠴᠤ᠂ ᠦᠨᠡᠨ ᠶᠣᠰᠣ ᠵᠢ ᠪᠠᠲᠤ ᠰᠠᠬᠢᠬᠤ᠂ ᠵᠥᠪ ᠶᠣᠰᠣ ᠵᠢ ᠪᠠᠲᠤ ᠰᠠᠬᠢᠬᠤ᠂ ᠵᠠᠷᠴᠢᠮ ᠢ᠋ ᠪᠠᠲᠤ ᠰᠠᠬᠢᠬᠤ᠂ ᠶᠣᠰᠣ ᠳᠦᠷᠢᠮ ᠢ᠋ ᠪᠠᠲᠤ ᠰᠠᠬᠢᠬᠤ ᠵᠢ ᠪᠠᠷᠢᠮᠳᠠᠯᠠᠨ ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠳᠠᠢᠴᠢᠨ ᠴᠢᠨᠠᠷ ᠢ᠋ ᠤᠬᠠᠮᠰᠠᠷ ᠠ᠋ᠴᠠ ᠪᠠᠨ ᠬᠠᠮᠠᠭᠠᠯᠠᠬᠤ ᠬᠡᠷᠡᠭᠲᠡᠢ᠃

ᠬᠣᠶᠠᠷ ᠲᠤ᠌ ᠰᠠᠬᠢᠯᠭ᠎ᠠ ᠪᠠᠲᠤ ᠵᠢ ᠴᠢᠩᠳᠠᠯᠠᠬᠤ ᠡᠨᠡ ᠬᠦ᠌ ᠵᠠᠩᠭᠢᠯᠠᠭ᠎ᠠ ᠵᠢ ᠰᠠᠢᠲᠤᠷ ᠠᠳᠭᠤᠨ᠎ᠠ᠃ 《ᠲᠠᠪᠤᠨ ᠡᠷᠬᠡᠪᠱᠢ》 ᠵᠢ ᠡᠷᠡᠰ ᠨᠠᠢᠳᠠᠪᠤᠷᠢᠵᠢᠭᠤᠯᠤᠨ᠂ 《ᠳᠣᠯᠣᠭᠠᠨ ᠵᠦᠢᠯ ᠲᠠᠢ ᠪᠠᠢᠬᠤ》 ᠵᠢ ᠡᠷᠡᠰ ᠰᠡᠷᠭᠡᠢᠯᠡᠨ ᠬᠣᠷᠢᠭᠯᠠᠵᠤ᠂ ᠵᠢᠵᠢᠭ ᠪᠦᠯᠬᠦᠮ ᠤ᠋ᠨ ᠰᠣᠶᠣᠯ᠂ ᠤᠯᠤᠮ ᠤ᠋ᠨ ᠰᠣᠶᠣᠯ᠂ ᠠᠷᠢᠬᠢᠨ ᠱᠢᠷᠡᠭᠡᠨ ᠦ᠌ ᠰᠣᠶᠣᠯ᠂ ᠡᠷᠬᠡ ᠵᠢᠨ ᠬᠤᠭᠤᠷᠤᠨᠳᠤᠬᠢ ᠠᠷᠠᠯᠵᠢᠶ᠎ᠠ᠂ ᠡᠷᠬᠡ ᠮᠥᠩᠭᠥᠨ ᠦ᠌ ᠠᠷᠠᠯᠵᠢᠶ᠎ᠠ ᠵᠡᠷᠭᠡ 11 ᠲᠠᠯ᠎ᠠ ᠵᠢᠨ ᠠᠰᠠᠭᠤᠳᠠᠯ ᠲᠠᠢ ᠬᠠᠷᠭᠤᠭᠤᠯᠵᠦ᠂ ᠵᠠᠷᠯᠠᠨ ᠮᠡᠳᠡᠭᠳᠡᠭᠰᠡᠨ ᠨᠠᠷᠢᠨ ᠲᠠᠩᠰᠠ᠂ ᠲᠤᠰᠭᠠᠢ ᠰᠡᠳᠦᠪᠲᠦ ᠬᠥᠮᠦᠵᠢᠯ᠂ ᠥᠪᠡᠷ ᠢ᠋ ᠪᠠᠨ ᠪᠠᠢᠴᠠᠭᠠᠵᠤ ᠥᠪᠡᠷ ᠢ᠋ ᠪᠠᠨ ᠵᠠᠯᠠᠷᠠᠭᠤᠯᠬᠤ᠂ ᠠᠮᠠᠯᠳᠠᠭᠰᠠᠨ ᠵᠢᠨᠨ ᠪᠡᠶᠡᠯᠡᠭᠦᠯᠬᠦ᠂ ᠳᠦᠷᠢᠮ ᠲᠣᠭᠲᠠᠭᠠᠯ ᠲᠣᠭᠲᠠᠭᠠᠬᠤ᠂ ᠵᠢᠷᠤᠮᠵᠢᠭᠤᠯᠤᠨ ᠳᠡᠰ ᠳᠡᠪᠰᠢᠭᠦᠯᠬᠦ ᠡᠯ᠎ᠡ ᠭᠣᠭᠴᠣᠭ᠎ᠠ ᠵᠢᠨ ᠠᠵᠢᠯ ᠢ᠋ ᠯᠠᠪᠳᠠᠭᠤᠨ ᠪᠠᠲᠤᠲᠠᠢ ᠠᠬᠢᠭᠤᠯᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠵᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠵᠢ ᠦᠨᠡᠨ ᠬᠦ᠌ ᠠᠬᠢᠭᠤᠯᠬᠤ ᠬᠡᠷᠡᠭᠳᠠᠢ᠃

ᠭᠤᠷᠪᠠ᠎ᠳ᠋ᠤ᠌ ᠤᠳᠤᠷᠢᠳᠬᠤ ᠺᠠᠳ᠋ᠷ ᠭᠡᠬᠦ ᠡᠨᠡ ᠬᠦ᠌ ᠭᠣᠣᠯᠳᠠᠯᠭ᠎ᠠ ᠵᠢ ᠰᠠᠢᠲᠤᠷ ᠠᠳᠭᠤᠨ᠎ᠠ᠃ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠵᠢ《ᠨᠢᠭᠡᠳᠦᠭᠡᠷ ᠭᠠᠷ》 ᠤ᠋ᠨ ᠢᠨᠵᠧᠨᠧᠷᠢᠩ ᠪᠣᠯᠭᠠᠬᠤ ᠵᠢ ᠪᠠᠷᠢᠮᠲᠠᠯᠠᠵᠤ᠂ ᠰᠤᠷᠤᠯᠴᠠᠬᠤ᠂ ᠪᠠᠢᠴᠠᠭᠠᠬᠤ ᠂ ᠵᠠᠰᠠᠬᠤ ᠡᠯ᠎ᠡ ᠭᠤᠭᠴᠤᠭ᠎ᠠ ᠵᠢᠨ ᠵᠣᠬᠢᠶᠠᠨ ᠪᠠᠢᠭᠤᠯᠤᠯᠲᠠ ᠵᠢᠨ ᠤᠳᠤᠷᠢᠳᠤᠯᠭ᠎ᠠ ᠵᠢ ᠴᠢᠩᠭᠠᠳᠭᠠᠨ᠂ ᠡᠯ᠎ᠡ ᠱᠠᠲᠤᠨ ᠤ᠋ ᠨᠠᠮ ᠤ᠋ᠨ ᠭᠡᠱᠢᠭᠦᠨ ᠺᠠᠳ᠋ᠷᠴᠤᠳ ᠢ᠋ ᠳᠠᠢᠴᠢᠯᠠᠨ ᠳᠠᠭᠠᠭᠤᠯᠵᠤ ᠪᠠᠢᠭᠠᠳ《ᠱᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ᠎ᠨᠤᠭᠤᠳ》 ᠢ᠋ ᠴᠢᠩᠭ᠎ᠠ ᠬᠡᠷᠡᠭᠵᠢᠭᠦᠯᠵᠦ᠂ ᠠᠷᠠᠳᠴᠢᠯᠠᠯ ᠲᠥᠪᠯᠡᠷᠡᠯ ᠤ᠋ᠨ ᠲᠦᠷᠢᠮ ᠤ᠋ᠨ ᠵᠠᠷᠴᠢᠮ ᠢ᠋ ᠪᠦᠬᠦ ᠲᠠᠯ᠎ᠠ ᠪᠠᠷ ᠲᠤᠭᠤᠱᠢᠯᠠᠭᠤᠯᠤᠨ᠂《ᠭᠤᠷᠪᠠᠨ ᠬᠤᠷᠠᠯ ᠨᠢᠭᠡ ᠬᠢᠴᠢᠶᠡᠯ》᠂ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ ᠵᠡᠷᠭᠡ ᠳᠦᠷᠢᠮ ᠢ᠋ ᠬᠢᠨᠠᠮᠠᠭᠠᠢ ᠨᠠᠢᠳᠠᠪᠤᠷᠢᠵᠢᠭᠤᠯᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢ ᠠᠬᠤᠢ ᠵᠢ ᠪᠦᠬᠦ ᠲᠠᠯ᠎ᠠ ᠪᠠᠷ ᠳᠠᠬᠢᠨ ᠴᠤᠭᠴᠠᠯᠠᠬᠤ᠂ ᠦᠨᠳᠦᠰᠦᠨ ᠡᠴᠡ ᠨᠢ ᠰᠠᠢᠵᠢᠷᠠᠭᠤᠯᠬᠤ ᠵᠢ ᠦᠨᠡᠨ ᠬᠦ᠌ ᠠᠬᠢᠭᠤᠯᠬᠤ ᠬᠡᠷᠡᠭᠳᠠᠢ᠃

ᠱᠢᠯᠢ ᠶ᠋ᠢᠨ ᠭᠣᠣᠯ ᠠᠢᠮᠠᠭ ᠤ᠋ᠨ ᠨᠠᠮ ᠤ᠋ᠨ ᠬᠣᠷᠢᠶᠠᠨ ᠤ᠋ ᠱᠦᠵᠢ ᠶᠤᠤ ᠶᠦᠩ ᠪᠦᠧᠧ᠄

ᠤᠯᠤᠰ ᠲᠥᠷᠥ ᠶ᠋ᠢᠨ ᠡᠭᠦᠷᠭᠡᠯᠡᠯ ᠢ᠋ ᠴᠢᠩᠭᠠᠳᠭᠠᠨ ᠲᠥᠪᠯᠡᠷᠡᠭᠦᠯᠦᠨ ᠵᠠᠰᠠᠬᠤ ᠵᠢ ᠰᠠᠢᠲᠤᠷ ᠠᠳᠭᠤᠵᠤ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠬᠤ ᠬᠢᠷᠢ ᠲᠡᠩᠴᠡᠭ᠌ᠰᠡᠨ ᠬᠠᠷᠢᠭᠤᠯᠲᠠ ᠶ᠋ᠢᠨ ᠬᠠᠭᠤᠳᠠᠰᠤ ᠶ᠋ᠢ ᠲᠤᠱᠢᠶᠠᠨ᠎ᠠ

ᠶᠡᠷᠦᠩᠬᠡᠢ ᠱᠦᠵᠢ ᠰᠢ ᠵᠢᠨ ᠫᠢᠩ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠪᠣᠯ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢᠨ ᠰᠠᠭᠤᠷᠢ ᠮᠥᠨ ᠭᠡᠵᠦ ᠵᠢᠭᠠᠵᠤ ᠭᠠᠷᠭᠠᠪᠠ᠃ ᠨᠠᠮ ᠨᠢ ᠨᠠᠮ ᠶ᠋ᠢᠡᠨ ᠬᠠᠮᠢᠶᠠᠷᠬᠤ ᠳ᠋ᠤ ᠡᠩ ᠲᠡᠷᠢᠭᠦᠨ ᠳ᠋ᠤ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠡᠴᠡ ᠡᠬᠢᠯᠡᠨ ᠬᠠᠮᠢᠶᠠᠷᠬᠤ ᠬᠡᠷᠡᠭ᠌ᠲᠡᠢ; ᠨᠠᠮ ᠢ᠋ ᠴᠢᠩᠭ᠎ᠠ ᠵᠠᠰᠠᠬᠤ ᠳ᠋ᠤ ᠡᠩ ᠲᠡᠷᠢᠭᠦᠨ ᠳ᠋ᠤ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠡᠴᠡ ᠡᠬᠢᠯᠡᠨ ᠴᠢᠩᠳᠠᠯᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠦ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠦ᠋ᠨ ᠪᠦᠯᠬᠦᠮ ᠦ᠋ᠨ ᠬᠢᠨᠠᠨ ᠵᠥᠪᠯᠡᠬᠦ᠌ ᠳ᠋ᠤ ᠣᠷᠣᠯᠴᠠᠬᠤ ᠳ᠋ᠠᠭᠠᠨ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠪᠦᠬᠦ᠌ ᠲᠠᠯ᠎ᠠ ᠪᠡᠷ ᠡᠷᠡᠭᠦᠯ ᠵᠢᠷᠤᠮᠵᠢᠭᠤᠨ ᠵᠠᠮ ᠳ᠋ᠤ ᠪᠤᠴᠠᠬᠤ ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠪᠦᠬᠦ᠌ ᠣᠷᠣᠨ ᠳ᠋ᠤ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠢ᠋ ᠥᠷᠨᠢᠭᠦᠯᠬᠦ᠌ ᠪᠣᠯ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶᠠᠨ ᠡᠴᠡ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠵᠢᠭᠠᠪᠤᠷᠢ ᠱᠠᠭᠠᠷᠳᠠᠯᠭ᠎ᠠ ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢᠨ ᠪᠣᠳᠠᠳᠤ ᠠᠵᠢᠯᠯᠠᠭ᠎ᠠ ᠮᠥᠨ᠂ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢ ᠦᠷᠭᠦᠯᠵᠢᠯᠡᠨ ᠠᠬᠢᠭᠤᠯᠬᠤ ᠶ᠋ᠢᠨ ᠴᠢᠩᠭ᠎ᠠ ᠬᠦᠴᠦᠲᠡᠢ ᠠᠷᠭ᠎ᠠ ᠬᠡᠮᠵᠢᠶ᠎ᠠ ᠮᠥᠨ᠂ ᠣᠳᠣᠬᠠᠨ ᠤ᠋ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠡᠷᠬᠡᠪᠰᠢ ᠪᠡᠶᠡᠯᠡᠭᠦᠯᠬᠦ᠌ ᠴᠢᠬᠤᠯᠠ ᠶᠡᠬᠡ ᠤᠯᠤᠰ ᠲᠦᠷᠦ᠍ ᠶ᠋ᠢᠨ ᠡᠭᠦᠷᠭᠡ ᠮᠥᠨ᠃

ᠱᠢᠯᠢ ᠶ᠋ᠢᠨ ᠭᠤᠤᠯ ᠠᠢᠮᠠᠭ ᠤ᠋ᠨ ᠨᠠᠮ ᠤ᠋ᠨ ᠬᠣᠷᠢᠶ᠎ᠠ ᠶᠡᠷᠦᠩᠬᠡᠶ ᠱᠦᠵᠢ ᠰᠢ ᠵᠢᠨ ᠫᠢᠩ ᠦ᠋ᠨ ᠴᠢᠬᠤᠯᠠ ᠵᠢᠭᠠᠪᠤᠷᠢ ᠱᠠᠭᠠᠷᠳᠠᠯᠭ᠎ᠠ ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠲᠥᠪᠯᠡᠷᠡᠭᠦᠯᠦᠨ ᠵᠠᠰᠠᠬᠤ ᠠᠵᠢᠯ ᠢ᠋ ᠴᠢᠩᠭ᠎ᠠ ᠪᠣᠳᠠᠲᠠᠶ ᠥᠷᠨᠢᠭᠦᠯᠵᠦ᠍᠂ ᠨᠠᠮ ᠢ᠋ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ᠂ ᠰᠤᠷᠲᠠᠯ ᠢ᠋ ᠴᠡᠭ᠌ᠴᠡᠯᠡᠨ ᠰᠠᠬᠢᠯᠭ᠎ᠠ ᠪᠠᠲᠤ ᠶ᠋ᠢ ᠴᠢᠩᠳᠠᠯᠠᠵᠤ ᠢᠯᠵᠠᠷᠠᠯ ᠢ᠋ ᠡᠰᠡᠷᠭᠦᠴᠡᠬᠦ᠌᠂ ᠤᠯᠤᠰ ᠲᠥᠷᠥ ᠶ᠋ᠢᠨ ᠠᠮᠢ ᠠᠬᠤᠶ ᠶ᠋ᠢ ᠰᠠᠢᠵᠢᠷᠠᠭᠤᠯᠬᠤ ᠪᠣᠳᠠᠳᠤ ᠦᠷ᠎ᠡ ᠪᠦᠲᠦᠮᠵᠢ ᠪᠡᠷ 《ᠬᠣᠶᠠᠷ ᠢ᠋ ᠲᠣᠭ᠍ᠲᠠᠭᠠᠭᠰᠠᠨ》 ᠢ᠋ ᠱᠢᠳᠤᠷᠭᠤ ᠪᠡᠷ ᠬᠦᠷᠢᠶᠡᠯᠡᠵᠦ᠍᠂《ᠬᠣᠶᠠᠷ ᠢ᠋ ᠬᠠᠮᠠᠭᠠᠯᠠᠬᠤ》ᠶ᠋ᠢ ᠡᠷᠡᠰ ᠪᠡᠶᠡᠯᠡᠭᠦᠯᠦᠨ᠎ᠡ᠃ ᠠᠰᠠᠭᠤᠳᠠᠯ ᠶ᠋ᠢᠡᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ ᠵᠢᠭ᠍ᠰᠠᠭᠠᠨ ᠪᠠᠢᠴᠠᠭᠠᠬᠤ ᠶ᠋ᠢ ᠠᠳᠭᠤᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠨ ᠨᠠᠷᠢᠨ ᠲᠠᠩᠰᠠ ᠲᠠᠶ ᠪᠥᠬᠥ᠌ ᠲᠠᠯ᠎ᠠ ᠪᠡᠷ ᠬᠠᠷᠭᠤᠭᠤᠯᠤᠨ᠂ ᠪᠥᠬᠥ᠌ ᠠᠢᠮᠠᠭ ᠤ᠋ᠨ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢ ᠵᠣᠬᠢᠶᠠᠨ ᠪᠠᠢᠭᠤᠯᠵᠤ ᠪᠠᠢᠭᠠᠳ ᠥᠪᠡᠰᠤᠪᠡᠨ ᠪᠠᠢᠴᠠᠭᠠᠬᠤ ᠠᠵᠢᠯ ᠢ᠋ ᠱᠢᠰᠲ᠋ᠧᠮ ᠲᠠᠢ ᠭᠦᠨᠵᠡᠭᠡᠶ ᠥᠷᠨᠢᠭᠦᠯᠵᠦ᠍᠂ ᠣᠷᠣᠱᠢᠵᠤ ᠪᠠᠢᠭ᠎ᠠ ᠠᠰᠠᠭᠤᠳᠠᠯ ᠢ᠋ ᠦᠨᠡᠨ ᠬᠦ᠌ ᠭᠦᠢᠴᠡᠳ ᠤᠯᠵᠤ ᠣᠨᠣᠪᠴᠢᠲᠠᠶ ᠤᠯᠵᠤ᠂ ᠲᠥᠪᠯᠡᠷᠡᠭᠦᠯᠦᠨ ᠵᠠᠰᠠᠬᠤ ᠠᠵᠢᠯ ᠤ᠋ᠨ ᠠᠰᠠᠭᠤᠳᠠᠯ ᠳ᠋ᠤ ᠠᠩᠬᠠᠷᠤᠯ ᠶ᠋ᠢᠡᠨ ᠲᠥᠪᠯᠡᠷᠡᠭᠦᠯᠬᠦ᠌ ᠡᠴᠡ ᠪᠢᠰᠢ ᠠᠩᠬᠠᠷᠤᠯ ᠶ᠋ᠢᠡᠨ ᠰᠠᠷᠨᠢᠭᠤᠯᠬᠤ ᠦᠭᠡᠢ᠂ ᠣᠨᠢᠨ ᠳᠡᠭᠡᠷ᠎ᠡ ᠨᠢ ᠬᠦᠴᠦᠯᠡᠬᠦ᠌ ᠡᠴᠡ ᠪᠢᠰᠢ ᠪᠤᠷᠤᠭᠤ ᠲᠡᠢᠰᠢ ᠬᠦᠴᠦᠯᠡᠬᠦ ᠦᠭᠡᠢ ᠪᠠᠢᠬᠤ ᠶ᠋ᠢ ᠦᠨᠡᠨ ᠬᠦ᠌ ᠪᠠᠲᠤᠯᠠᠨ᠎ᠠ᠃ ᠦᠷ᠎ᠡ ᠳ᠋ᠦᠩ ᠶ᠋ᠢᠡᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ ᠴᠡᠭ᠌ᠴᠡᠯᠡᠨ ᠰᠠᠢᠵᠢᠷᠠᠭᠤᠯᠬᠤ ᠶ᠋ᠢ ᠠᠬᠢᠭᠤᠯᠵᠤ᠂ ᠵᠢᠭ᠍ᠰᠠᠭᠠᠨ ᠪᠠᠢᠴᠠᠭᠠᠵᠤ ᠭᠠᠷᠭᠠᠭ᠍ᠰᠠᠨ ᠠᠰᠠᠭᠤᠳᠠᠯ ᠳ᠋ᠤ ᠡᠬᠡ ᠲᠠᠩᠰᠠ ᠶ᠋ᠢᠨ ᠬᠠᠮᠢᠶᠠᠷᠤᠯᠲᠠ ᠶ᠋ᠢ ᠬᠡᠷᠡᠭᠵᠢᠭᠦᠯᠦᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠂ ᠴᠡᠭ᠌ᠴᠡᠯᠡᠨ ᠰᠠᠢᠵᠢᠷᠠᠭᠤᠯᠬᠤ ᠴᠠᠭ ᠤ᠋ᠨ ᠬᠢᠵᠠᠭᠠᠷ᠂ ᠴᠡᠭ᠌ᠴᠡᠯᠡᠨ ᠰᠠᠢᠵᠢᠷᠠᠭᠤᠯᠬᠤ ᠬᠠᠷᠠᠯᠲᠠ ᠶ᠋ᠢ ᠨᠢᠭᠡᠳ ᠨᠢᠭᠡ ᠪᠡᠷ ᠲᠣᠳᠣᠷᠬᠠᠢᠯᠠᠵᠤ᠂ ᠲᠥᠪᠯᠡᠷᠡᠭᠦᠯᠦᠨ ᠵᠠᠰᠠᠬᠤ ᠪᠡᠷ ᠳᠡᠮᠵᠢᠨ ᠲᠣᠪᠣᠢᠮ᠎ᠠ ᠠᠰᠠᠭᠤᠳᠠᠯ ᠢ᠋ ᠱᠢᠶ᠋ᠳᠪᠦᠷᠢᠯᠡᠬᠦ᠌ ᠶ᠋ᠢ ᠪᠠᠲᠤᠯᠠᠨ᠎ᠠ᠃ ᠦᠨᠳᠦᠰᠦ ᠶ᠋ᠢ ᠪᠡᠬᠢᠵᠢᠭᠦᠯᠬᠦ᠌ ᠤᠳᠤᠷᠢᠳᠤᠮᠵᠢ ᠶ᠋ᠢ ᠪᠠᠷᠢᠮᠲᠠᠯᠠᠨ ᠲᠣᠭ᠍ᠲᠠᠴᠠ ᠪᠠᠢᠭᠤᠯᠵᠤ᠂ ᠥᠩᠭᠡᠨ ᠲᠠᠯ᠎ᠠ ᠪᠠ ᠡᠬᠢ ᠦᠨᠳᠦᠰᠦ ᠡᠴᠡ ᠨᠢ ᠵᠡᠷᠭᠡ ᠪᠡᠷ ᠵᠠᠰᠠᠬᠤ ᠳ᠋ᠤ ᠠᠩᠬᠠᠷᠤᠯ ᠶ᠋ᠢᠡᠨ ᠲᠦᠪᠯᠡᠷᠡᠭᠦᠯᠦᠨ ᠬᠦᠴᠦᠨ ᠶ᠋ᠢᠡᠨ ᠲᠥᠪᠯᠡᠷᠡᠭᠦᠯᠵᠤ᠂ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠪᠦᠲᠦᠭᠡᠯᠴᠢ ᠬᠦᠴᠦᠨ ᠨᠢᠭ᠍ᠲᠠᠷᠠᠯ ᠤ᠋ᠨ ᠬᠦᠴᠦᠨ ᠳᠠᠢᠴᠢᠨ ᠬᠦᠴᠦᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠣᠳᠣᠬᠢᠴᠢᠯᠠᠭ᠍ᠰᠠᠨ ᠱᠢᠯᠢ ᠶ᠋ᠢᠨ ᠭᠤᠤᠯ ᠤ᠋ᠨ ᠪᠥᠲᠥᠭᠡᠨ ᠪᠠᠢᠭᠤᠯᠤᠯᠲᠠ ᠶ᠋ᠢ ᠪᠥᠬᠥ᠌ ᠲᠠᠯ᠎ᠠ ᠪᠡᠷ ᠠᠬᠢᠭᠤᠯᠬᠤ ᠳ᠋ᠤ ᠴᠢᠩᠭ᠎ᠠ ᠬᠦᠴᠦᠲᠡᠶ ᠤᠯᠤᠰ ᠲᠥᠷᠥ᠍ ᠶ᠋ᠢᠨ ᠪᠠᠳᠤᠯᠠᠭ᠎ᠠ ᠪᠠ ᠰᠠᠬᠢᠯᠭ᠎ᠠ ᠪᠠᠲᠤ ᠶ᠋ᠢᠨ ᠪᠠᠲᠤᠯᠠᠭ᠎ᠠ ᠬᠠᠩᠭᠠᠨ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠶ ᠬᠤᠷᠠᠯᠳᠤᠬᠤ ᠳ᠋ᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶ᠋ᠢᠨ ᠣᠷᠴᠢᠨ ᠠᠬᠤᠢ ᠶ᠋ᠢ ᠪᠣᠶ ᠪᠣᠯᠭᠠᠨ᠎ᠠ ᠃

ᠣᠷᠳᠣᠰ ᠬᠣᠲᠠ ᠶ᠋ᠢᠨ ᠨᠠᠮ ᠤ᠋ᠨ ᠬᠣᠷᠢᠶᠠᠨ ᠤ᠋ ᠱᠦᠵᠢ ᠯᠢ ᠯᠢ ᠄

ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠦᠷᠬᠦᠯᠵᠢᠯᠡᠨ ᠴᠢᠩᠳᠠᠯᠠᠵᠤ ᠺᠠᠳ᠋ᠷᠴᠤᠳ ᠤ᠋ᠨ ᠠᠵᠢᠯ ᠬᠢᠵᠦ᠍ ᠦᠶ᠋ᠯᠡᠰ ᠪᠦᠲᠦᠭᠡᠬᠦ᠌ ᠴᠣᠭ ᠵᠢᠪᠬᠤᠭ᠎ᠠ ᠶ᠋ᠢ ᠪᠥᠬᠥ᠌ ᠲᠠᠯ᠎ᠠ ᠪᠠᠷ ᠪᠠᠳᠠᠷᠠᠭᠠᠨ᠎ᠠ

ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠵᠡᠷᠬᠡ ᠠᠰᠠᠭᠤᠳᠠᠯ ᠢ᠋ ᠵᠠᠰᠠᠬᠤ ᠪᠣᠯ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠳᠤᠷᠠᠳᠤᠭ᠍ᠰᠠᠨ ᠴᠢᠬᠤᠯᠠ ᠱᠠᠭᠠᠷᠳᠠᠯᠭ᠎ᠠ ᠮᠥᠨ᠂ ᠪᠢᠳᠡᠨ ᠤ᠋ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠍ ᠶ᠋ᠢᠨ ᠬᠠᠷᠢᠭᠤᠴᠠᠯᠭ᠎ᠠ᠂ ᠡᠷᠬᠡᠪᠰᠢ ᠪᠡᠶᠡᠯᠡᠭᠦᠯᠬᠦ᠌ ᠴᠢᠬᠤᠯᠠ ᠤᠯᠤᠰ ᠲᠦᠷᠦ᠍ ᠶ᠋ᠢᠨ ᠡᠭᠦᠷᠭᠡ ᠮᠥᠨ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠶ᠋ᠢ ᠪᠠᠢᠷᠢᠯᠠᠭᠤᠯᠤᠭ᠍ᠰᠠᠨ ᠤ᠋ ᠳᠠᠷᠠᠭ᠎ᠠ᠂ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠲᠥᠪᠯᠡᠷᠡᠭᠦᠯᠦᠨ ᠵᠠᠰᠠᠬᠤ ᠲᠤᠬᠠᠢ《ᠬᠡᠷᠡᠭ᠌ᠵᠢᠭᠦᠯᠬᠦ᠌ ᠲᠥᠰᠦᠯ》 ᠢ᠋ ᠴᠠᠭ ᠲᠤᠬᠠᠢ ᠳ᠋ᠤᠨᠢ ᠰᠤᠳᠤᠯᠤᠨ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ ᠤ᠋ ᠠᠰᠠᠭᠤᠳᠠᠯ ᠤ᠋ᠨ ᠨᠠᠷᠢᠨ ᠳᠠᠩᠰᠠ ᠲᠠᠶ ᠬᠠᠷᠭᠤᠭᠤᠯᠤᠨ ᠮᠠᠨ ᠤ᠋ ᠬᠣᠲᠠ ᠶ᠋ᠢᠨ ᠨᠠᠷᠢᠨ ᠳᠠᠩᠰᠠ ᠶ᠋ᠢ ᠪᠦᠬᠦ᠌ ᠲᠠᠯ᠎ᠠ ᠪᠠᠷ ᠡᠮᠬᠢᠯᠡᠪᠡ᠃

ᠲᠠᠷᠠᠭᠠᠴᠢ ᠶ᠋ᠢᠨ ᠠᠯᠬᠤᠮ ᠳ᠋ᠤ᠂ ᠪᠢᠳᠡ ᠨᠠᠮ ᠤ᠋ᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠎ᠤ ᠪᠠᠢᠷᠢᠯᠠᠭᠤᠯᠤᠯᠲᠠ ᠱᠠᠭᠠᠷᠳᠠᠯᠭ᠎ᠠ ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠪᠯᠡᠷᠡᠭᠦᠯᠦᠨ ᠵᠠᠰᠠᠬᠤ ᠠᠵᠢᠯ ᠢ᠋ ᠯᠠᠪᠳᠠᠭᠤᠨ ᠪᠠᠲᠤᠲᠠᠶ ᠵᠣᠬᠢᠶᠠᠨ ᠪᠠᠢᠭᠤᠯᠤᠨ ᠥᠷᠨᠢᠭᠦᠯᠵᠦ᠍᠂ ᠪᠥᠬᠥ᠌ ᠬᠣᠲᠠ ᠶ᠋ᠢᠨ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠪᠦᠬᠦ ᠲᠠᠯ᠎ᠠ ᠪᠡᠷ ᠡᠷᠡᠭᠦᠯ ᠵᠢᠷᠤᠮᠵᠢᠭᠤᠨ ᠵᠠᠮ ᠳ᠋ᠤ ᠪᠤᠴᠠᠬᠤ ᠵᠢ ᠠᠬᠢᠭᠤᠯᠬᠤ ᠠᠵᠢᠯ ᠢ᠋ ᠪᠠᠢᠷᠢᠯᠠᠭᠤᠯᠵᠤ᠂ ᠤᠯᠤᠰ ᠲᠥᠷᠥ ᠶ᠋ᠢᠨ ᠠᠮᠢ ᠠᠬᠤᠶ ᠶ᠋ᠢ ᠪᠥᠬᠥ᠌ ᠲᠠᠯ᠎ᠠ ᠪᠠᠷ ᠳᠠᠬᠢᠨ ᠴᠣᠭ᠍ᠴᠠᠯᠠᠵᠤ᠂ ᠦᠨᠳᠦᠰᠦᠨ ᠡᠴᠡ ᠨᠢ ᠰᠠᠢᠵᠢᠷᠠᠭᠤᠯᠬᠤ ᠶ᠋ᠢ ᠴᠢᠷᠮᠠᠢᠨ ᠪᠡᠶᠡᠯᠡᠭᠦᠯᠦᠨ᠎ᠡ᠃ ᠨᠢᠭᠡ ᠳ᠋ᠤ᠂ ᠤᠯᠤᠰ ᠲᠦᠷᠦ ᠵᠢᠨ ᠲᠠᠯ᠎ᠠ ᠡᠴᠡ ᠦᠵᠡᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠬᠤ ᠶ᠋ᠢ 《ᠬᠣᠶᠠᠷ ᠢ᠋ ᠲᠣᠭ᠍ᠲᠠᠭᠠᠬᠰᠠᠨ》 ᠢ᠋ ᠬᠦᠷᠢᠶᠡᠯᠡᠬᠦ᠌᠂《ᠬᠣᠶᠠᠷ ᠢ᠋ ᠬᠠᠮᠠᠭᠠᠯᠠᠬᠤ》ᠶ᠋ᠢ ᠪᠡᠶᠡᠯᠡᠭᠦᠯᠬᠦ᠌ ᠪᠣᠳᠠᠲᠠᠶ ᠦᠶ᠋ᠯᠡᠳᠦᠯᠭᠡ ᠪᠣᠯᠭᠠᠵᠤ᠂ ᠦᠨᠡᠨ ᠬᠦ᠌ ᠴᠢᠩᠭ᠎ᠠ ᠪᠠᠳᠤᠳᠠᠢ ᠠᠳᠭᠤᠵᠦ ᠪᠤᠳᠠᠳᠤ ᠦᠷ᠎ᠡ ᠪᠦᠲᠦᠮᠵᠢ ᠭᠠᠷᠭᠠᠨ᠎ᠠ᠃ ᠬᠣᠶᠠᠷ ᠲᠦ᠍᠂ ᠤᠯᠤᠰ ᠲᠦᠷᠦ᠍ ᠶ᠋ᠢᠨ ᠲᠠᠯ᠎ᠠ ᠡᠴᠡ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ ᠪᠣᠯᠤᠨ《ᠱᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ ᠨᠤᠭᠤᠳ》 ᠢ᠋ ᠰᠤᠷᠤᠯᠴᠠᠬᠤ ᠶ᠋ᠢ ᠨᠠᠮ ᠤ᠋ᠨ ᠲᠦᠷᠢᠮ ᠨᠠᠮ ᠤ᠋ᠨ ᠲᠣᠭ᠍ᠲᠠᠭᠠᠯ ᠢ᠋ ᠰᠤᠷᠤᠯᠴᠠᠬᠤ᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠬᠤ ᠲᠠᠶ ᠤᠶᠠᠯᠳᠤᠭᠤᠯᠵᠤ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠲᠡᠶ ᠤᠶᠠᠯᠳᠤᠭᠤᠯᠵᠤ᠂ ᠤᠨᠤᠯ ᠤ᠋ᠨ ᠲᠠᠯ᠎ᠠ ᠪᠠᠷ ᠰᠡᠷᠭᠡᠭ ᠪᠠᠢᠬᠤ ᠪᠠᠷ ᠤᠯᠤᠰ ᠲᠦᠷᠦ᠍ ᠶ᠋ᠢᠨ ᠲᠠᠯ᠎ᠠ ᠪᠠᠷ ᠡᠷᠡᠰ ᠪᠠᠲᠤ ᠪᠠᠢᠬᠤ᠎ᠶ᠋ᠢ ᠪᠠᠲᠤᠯᠠᠨ᠎ᠠ᠃ ᠭᠤᠷᠪᠠ ᠳ᠋ᠤ᠂ ᠤᠯᠤᠰ ᠲᠦᠷᠦ᠍ ᠶ᠋ᠢᠨ ᠲᠠᠯ᠎ᠠ ᠪᠠᠷ ᠰᠠᠢᠵᠢᠷᠠᠭᠤᠯᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠲᠤᠪᠤᠢ᠌ᠮ᠎ᠠ ᠠᠰᠠᠭᠤᠳᠠᠯ ᠢ᠋ ᠱᠢᠢᠳᠪᠦᠷᠢᠯᠡᠬᠦ᠌ ᠪᠡᠷ ᠱᠢᠪᠲᠤᠯᠤᠯᠲᠠ ᠶ᠋ᠢᠨ ᠴᠡᠭ ᠪᠠ ᠭᠣᠣᠯ ᠭᠠᠷᠳᠠᠴᠠ ᠪᠣᠯᠭᠠᠵᠤ᠂ ᠢᠯᠡᠷᠡᠭᠦᠯᠦᠭ᠌ᠰᠡᠨ ᠵᠢᠵᠢᠭ ᠪᠦᠯᠬᠦᠮ ᠤ᠋ᠨ ᠰᠣᠶᠣᠯ᠂ ᠡᠷᠬᠡ ᠵᠢᠨ ᠬᠤᠭᠤᠷᠤᠨᠳᠤᠬᠢ ᠠᠷᠠᠯᠵᠢᠶ᠎ᠠ ᠵᠡᠷᠭᠡ 11 ᠲᠦᠷᠦᠯ ᠤ᠋ᠨ ᠠᠰᠠᠭᠤᠳᠠᠯ ᠢ᠋ ᠴᠢᠩᠭ᠎ᠠ ᠠᠩᠬᠠᠷᠴᠤ᠌᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠵᠤ᠂ ᠪᠦᠬᠦ᠌ ᠲᠠᠯ᠎ᠠ ᠪᠠᠷ ᠴᠡᠭ᠌ᠴᠡᠯᠡᠨ ᠰᠠᠢᠵᠢᠷᠠᠭᠤᠯᠤᠨ᠎ᠠ᠃ ᠨᠢᠭᠡ ᠡᠴᠡ ᠨᠦᠬᠦᠬᠡ ᠵᠢ ᠵᠦᠶ᠋ᠴᠢᠯᠡᠨ᠂ ᠱᠢᠰᠲ᠋ᠧᠮ ᠲᠡᠶ ᠪᠡᠷ ᠵᠠᠰᠠᠬᠤ᠂ ᠥᠩᠭᠡᠨ ᠲᠠᠯ᠎ᠠ ᠪᠠ ᠡᠬᠢ ᠦᠨᠳᠦᠰᠦ ᠡᠴᠡ ᠨᠢ ᠵᠠᠰᠠᠬᠤ ᠶ᠋ᠢ ᠪᠠᠷᠢᠮᠲᠠᠯᠠᠵᠤ᠂ ᠠᠰᠠᠭᠤᠳᠠᠯ ᠤ᠋ᠨ ᠪᠣᠶ ᠪᠣᠯᠬᠤ ᠰᠢᠯᠳᠠᠭᠠᠨ ᠪᠠ ᠨᠦᠬᠦᠴᠡᠯ ᠢ᠋ ᠤᠭ ᠡᠬᠦᠰᠦᠯ ᠡᠴᠡ ᠨᠢ ᠠᠷᠢᠯᠭᠠᠬᠤ ᠶ᠋ᠢ ᠠᠬᠢᠭᠤᠯᠤᠨ᠎ᠠ᠃ ᠳᠦᠷᠪᠡ ᠳ᠋ᠤ᠂ ᠤᠯᠤᠰ ᠳᠦᠷᠦ᠍ ᠶ᠋ᠢᠨ ᠲᠠᠯ᠎ᠠ ᠡᠴᠡ ᠰᠢᠢᠳᠪᠦᠷᠢᠯᠡᠵᠦ᠂ ᠪᠦᠬᠦ᠌ ᠬᠤᠳᠠ ᠶ᠋ᠢᠨ ᠳᠡᠭᠡᠷ᠎ᠠ ᠳᠤᠤᠷ᠎ᠠ ᠱᠠᠳᠤ ᠪᠠᠷ ᠵᠢᠡᠨ ᠦᠵᠡᠯ ᠰᠠᠨᠠᠭᠠᠨ ᠤ᠋ ᠬᠥᠮᠦᠵᠢᠯ ᠢ᠋ ᠴᠢᠩᠭ᠎ᠠ ᠪᠣᠳᠠᠲᠠᠢ ᠠᠳᠬᠤᠵᠦ ᠂ ᠰᠠᠬᠢᠯᠭ᠎ᠠ ᠪᠠᠲᠤ ᠶᠣᠰᠣ ᠳᠦᠷᠢᠮ ᠢ᠋ ᠴᠢᠩᠳᠠᠯᠠᠬᠤ᠂ ᠬᠥᠮᠦᠨ ᠬᠡᠷᠡᠭ᠌ᠯᠡᠬᠦ᠌ ᠤᠳᠤᠷᠢᠳᠤᠮᠵᠢ ᠶ᠋ᠢ ᠲᠥᠪ ᠪᠣᠯᠭᠠᠬᠤ᠂ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠢ᠋ ᠲᠥᠪ ᠪᠣᠯᠭᠠᠬᠤ᠂ ᠰᠤᠷᠲᠠᠯ ᠴᠢᠬᠡᠴᠢ ᠣᠪᠣᠷ ᠲᠥᠪ ᠤᠯᠤᠰ ᠳᠦᠷᠦ᠍ ᠶ᠋ᠢᠨ ᠠᠮᠢ ᠠᠬᠤᠢ ᠪᠣᠯᠤᠨ ᠵᠠᠰᠠᠭ ᠤ᠋ᠨ ᠠᠵᠢᠯ ᠬᠢᠬᠦ ᠣᠷᠴᠢᠨ ᠲᠣᠭᠣᠷᠢᠨ ᠢ᠋ ᠪᠦᠷᠢᠯᠳᠦᠭᠦᠯᠬᠦ᠌ ᠶ᠋ᠢ ᠬᠦᠳᠦᠯᠦᠨ ᠳᠠᠭᠠᠭᠤᠯᠵᠤ᠂ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷᠴᠤᠳ ᠤ᠋ᠨ ᠠᠵᠢᠯ ᠬᠢᠵᠦ᠍ ᠦᠢᠯᠡᠰ ᠪᠦᠳᠦᠬᠡᠬᠦ ᠴᠣᠭ ᠵᠢᠪᠬᠤᠭ᠎ᠠ ᠶ᠋ᠢ ᠪᠦᠬᠦ᠌ ᠲᠠᠯ᠎ᠠ ᠪᠠᠷ ᠪᠠᠳᠠᠷᠠᠭᠠᠨ ᠨᠢᠭ᠍ᠲᠠᠷᠠᠭᠤᠯᠵᠤ᠂ ᠱᠢᠯᠢᠳᠡᠭ ᠬᠢᠷᠢ ᠪᠦᠲᠦᠮᠵᠢ ᠪᠠᠷ ᠵᠢᠡᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠶ ᠬᠤᠷᠠᠯᠳᠤᠬᠤ ᠶ᠋ᠢ ᠤᠭ᠍ᠲᠤᠨ᠎ᠠ᠃

ᠪᠠᠶᠠᠨᠨᠠᠭᠤᠷ ᠬᠤᠳᠠ ᠵᠢᠨ ᠨᠠᠮ ᠤ᠋ᠨ ᠬᠣᠷᠢᠶᠠᠨ ᠤ᠋ ᠱᠦᠵᠢ ᠾᠧ ᠸᠧᠢ ᠬᠤᠸᠠ᠄

ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠨ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢ ᠠᠬᠤᠶ ᠵᠢ ᠴᠡᠪᠡᠷᠱᠢᠭᠦᠯᠵᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠠᠬᠤᠢ ᠵᠢ ᠬᠦᠴᠦᠯᠡᠨ ᠪᠤᠢ ᠪᠣᠯᠭᠠᠨ᠎ᠠ

ᠲᠥᠪ ᠴᠢᠩᠭ᠎ᠠ ᠨᠠᠷᠢᠨ ᠬᠢᠨᠠᠮᠠᠭᠠᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠥᠷᠨᠢᠭᠦᠯᠬᠦ᠌ ᠪᠣᠯ ᠮᠠᠨ ᠤ᠋ ᠨᠠᠮ ᠤ᠋ᠨ ᠱᠢᠯᠢᠳᠡᠭ ᠤᠯᠠᠮᠵᠢᠯᠠᠯ ᠪᠠ ᠤᠯᠤᠰ ᠲᠦᠷᠦ᠍ ᠵᠢᠨ ᠳᠠᠪᠠᠭᠤᠯᠢᠭ ᠮᠥᠨ᠂ ᠨᠠᠮ ᠤ᠋ᠨ ᠨᠢᠭ᠍ᠲᠠᠷᠠᠯ ᠤ᠋ᠨ ᠬᠦᠴᠦᠨ ᠪᠠ ᠲᠠᠢ᠌ᠴᠢᠨ ᠬᠦᠴᠦᠨ ᠢ᠋ ᠳᠡᠭᠡᠭ᠌ᠰᠢᠯᠡᠭᠦᠯᠬᠦ᠌ ᠵᠢᠨ ᠴᠢᠬᠤᠯᠠ ᠪᠠᠲᠤᠯᠠᠭ᠎ᠠ ᠮᠥᠨ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠵᠡᠷᠭᠡ ᠠᠰᠠᠭᠤᠳᠠᠯ ᠨᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢ ᠠᠬᠤᠢ ᠪᠠ ᠨᠠᠮ ᠤ᠋ᠨ ᠲᠦᠷᠢ ᠲᠥᠷᠬᠦ᠌ ᠵᠢ ᠬᠦᠨᠳᠦ ᠨᠣᠴᠢᠲᠠᠢ ᠬᠣᠬᠢᠷᠠᠭᠤᠯᠪᠠ᠃ ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ ᠤ᠋ᠨ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ᠎ᠤ ᠪᠦᠬᠦ᠌ ᠣᠷᠣᠨ ᠤ᠋ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ ᠵᠢ ᠡᠷᠡᠰ ᠨᠠᠢᠳᠠᠪᠤᠷᠢᠵᠢᠭᠤᠯᠵᠤ᠂ ᠲᠥᠪᠯᠡᠷᠡᠭᠦᠯᠦᠨ ᠵᠠᠰᠠᠬᠤ ᠵᠢ ᠨᠢᠭᠡ ᠵᠦᠢᠯ ᠤ᠋ᠨ ᠴᠢᠬᠤᠯᠠ ᠶᠡᠬᠡ ᠤᠯᠤᠰ ᠲᠦᠷᠦ᠍ ᠵᠢᠨ ᠡᠭᠦᠷᠭᠡ ᠪᠣᠯᠭᠠᠨ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠦᠨᠡᠨ ᠬᠦ᠌ ᠲᠤᠭᠤᠱᠢᠲᠠᠢ ᠬᠠᠮᠢᠶᠠᠷᠤᠨ᠂ ᠴᠢᠩᠭ᠎ᠠ ᠪᠣᠳᠠᠲᠠᠢ ᠠᠳᠭᠤᠵᠤ᠂ ᠪᠣᠳᠠᠲᠤ ᠦᠷ᠎ᠡ ᠪᠦᠲᠦᠮᠵᠢ ᠪᠡᠷ ᠵᠢᠡᠨ《ᠬᠣᠶᠠᠷ ᠢ᠋ ᠲᠣᠭ᠍ᠲᠠᠭᠠᠬᠰᠠᠨ》 ᠢ᠋ ᠱᠢᠳᠤᠷᠭᠤ ᠪᠡᠷ ᠬᠦᠷᠢᠶᠡᠯᠡᠵᠦ᠍᠂ 《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠦᠨ᠎ᠡ᠃

ᠨᠢᠭᠡ᠎ᠳᠦ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠵᠢ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠨ ᠴᠢᠩᠭ᠎ᠠ ᠠᠳᠭᠤᠵᠤ ᠪᠣᠳᠠᠲᠠᠢ ᠠᠳᠭᠤᠬᠤ ᠵᠢ ᠪᠠᠷᠢᠮᠲᠠᠯᠠᠨ᠎ᠠ᠃ ᠨᠠᠮ ᠨᠢ ᠨᠠᠮ ᠵᠢᠡᠨ ᠬᠠᠮᠢᠶᠠᠷᠬᠤ ᠳ᠋ᠦ ᠡᠩ ᠲᠡᠷᠢᠭᠦᠨ ᠳ᠋ᠤ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠡᠴᠡ ᠡᠬᠢᠯᠡᠨ ᠬᠠᠮᠢᠶᠠᠷᠴᠤ᠌᠂ ᠨᠠᠮ ᠢ᠋ ᠴᠢᠩᠭ᠎ᠠ ᠵᠠᠰᠠᠬᠤ ᠳ᠋ᠦ ᠡᠩ ᠲᠡᠷᠢᠭᠦᠨ᠎ᠳᠦ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠡᠴᠡ ᠡᠬᠢᠯᠡᠨ ᠴᠢᠩᠳᠠᠯᠠᠬᠤ ᠬᠡᠷᠡᠭ᠌ᠲᠡᠢ᠃ ᠡᠷᠬᠡᠪᠰᠢ ᠠᠰᠠᠭᠤᠳᠠᠯ ᠵᠢᠡᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠨ᠂ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠪᠡᠷ ᠭᠠᠷᠳᠠᠴᠠ ᠪᠣᠯᠭᠠᠵᠤ᠂ ᠬᠠᠷᠠᠯᠲᠠᠳᠦ ᠴᠢᠨᠠᠷ ᠲᠠᠶ ᠪᠡᠷ ᠬᠦᠴᠦᠯᠡᠨ᠂ ᠤᠨᠢᠨ ᠳᠡᠭᠡᠷ᠎ᠡ ᠨᠢ ᠵᠠᠰᠠᠵᠤ᠂ ᠬᠢᠳᠤᠭᠠᠨ ᠢᠷ ᠢ᠋ ᠳᠣᠲᠣᠭ᠍ᠰᠢ ᠬᠠᠨᠳᠤᠭᠤᠯᠤᠨ᠂ ᠬᠠᠲᠠᠭᠤ ᠲᠠᠶ ᠨᠢ ᠬᠠᠯᠳᠠᠵᠤ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠪᠦᠬᠦ᠌ ᠲᠠᠯ᠎ᠠ ᠪᠡᠷ ᠲᠠᠬᠢᠨ ᠴᠣᠭ᠍ᠴᠠᠯᠠᠬᠤ᠂ ᠦᠨᠳᠦᠰᠦᠨ ᠡᠴᠡ ᠨᠢ ᠰᠠᠢᠵᠢᠷᠠᠭᠤᠯᠬᠤ ᠵᠢ ᠲᠦᠷᠭᠡᠳᠭᠡᠨ ᠠᠬᠢᠭᠤᠯᠬᠤ ᠬᠡᠷᠡᠭᠳᠡᠢ᠃

ᠬᠣᠶᠠᠷ ᠲᠦ᠍᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠡᠷ ᠲᠥᠪᠯᠡᠷᠡᠭᠦᠯᠦᠨ ᠵᠠᠰᠠᠬᠤ ᠠᠵᠢᠯ ᠢ᠋ ᠰᠠᠢᠲᠤᠷ ᠠᠳᠭᠤᠨ᠎ᠠ᠃ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠪᠠᠷᠢᠮᠵᠢᠶ᠎ᠠ ᠨᠤᠭᠤᠳ ᠢ᠋ ᠬᠢᠨᠠᠮᠠᠭᠠᠶ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠵᠢ ᠭᠦᠨᠵᠡᠭᠡᠶ ᠨᠠᠢᠳᠠᠪᠤᠷᠢᠵᠢᠭᠤᠯᠤᠨ᠂ ᠲᠤᠰᠭᠠᠶ ᠰᠡᠳᠦᠪᠲᠦ ᠬᠥᠮᠦᠵᠢᠯ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠂ ᠠᠮᠠᠯᠠᠯᠲᠠ ᠬᠢᠵᠦ᠍ ᠠᠮᠠᠯᠠᠯᠲᠠ ᠪᠠᠨ ᠦᠶ᠋ᠯᠡᠳᠦᠯᠭᠡᠵᠢᠭᠦᠯᠬᠦ᠌᠂ ᠬᠡᠷᠡᠭ ᠵᠢᠡᠷ ᠴᠡᠭ᠌ᠴᠡᠯᠡᠨ ᠰᠠᠢᠵᠢᠷᠠᠭᠤᠯᠬᠤ ᠵᠢ ᠠᠬᠢᠭᠤᠯᠬᠤ᠂ ᠲᠦᠷᠢᠮ ᠲᠣᠭ᠍ᠲᠠᠭᠠᠯ ᠲᠣᠭ᠍ᠲᠠᠭᠠᠬᠤ᠂ ᠵᠢᠷᠤᠮᠵᠢᠭᠤᠯᠤᠨ ᠳᠡᠭᠡᠭ᠌ᠰᠢᠯᠡᠭᠦᠯᠬᠦ᠌ ᠵᠡᠷᠭᠡ ᠭᠤᠤᠯᠳᠠᠯᠭ᠎ᠠ ᠲᠠᠶ ᠡᠭᠦᠷᠭᠡ ᠵᠢ ᠯᠠᠪᠳᠠᠭᠤᠨ ᠪᠠᠲᠤᠲᠠᠶ ᠰᠠᠢᠲᠤᠷ ᠠᠳᠭᠤᠵᠤ᠂ ᠲᠥᠪᠯᠡᠷᠡᠭᠦᠯᠦᠨ ᠵᠠᠰᠠᠬᠤ ᠵᠢᠨ ᠣᠨᠣᠪᠴᠢᠲᠤ ᠴᠢᠨᠠᠷ ᠪᠠ ᠬᠠᠨᠳᠤᠯᠭᠠᠲᠤ ᠴᠢᠨᠠᠷ ᠢ᠋ ᠦᠨᠡᠨ ᠬᠦ᠌ ᠳᠡᠭᠡᠭ᠌ᠰᠢᠯᠡᠭᠦᠯᠦᠨ᠎ᠡ᠃

ᠭᠤᠷᠪᠠ ᠳ᠋ᠦ᠂ ᠲᠥᠪᠯᠡᠷᠡᠭᠦᠯᠦᠨ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠎ᠠ᠃ ᠲᠥᠪᠯᠡᠷᠡᠭᠦᠯᠦᠨ ᠵᠠᠰᠠᠬᠤ ᠵᠢ ᠪᠠᠶᠠᠨᠨᠠᠭᠤᠷ ᠬᠣᠲᠠ ᠵᠢᠨ ᠤᠳᠤ ᠶᠠᠭ ᠥᠷᠨᠢᠭᠦᠯᠵᠦ᠍ ᠪᠠᠢᠭ᠎ᠠ ᠺᠠᠳ᠋ᠷ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌᠂ ᠰᠠᠬᠢᠯᠭ᠎ᠠ ᠪᠠᠲᠤ ᠣᠪᠣᠷ ᠰᠤᠷᠲᠠᠯ ᠢ᠋ ᠴᠡᠭ᠌ᠴᠡᠯᠡᠨ ᠵᠠᠰᠠᠬᠤ᠂ ᠠᠵᠢᠯ ᠤ᠋ᠨ ᠲᠣᠭ᠍ᠲᠠᠴᠠ ᠵᠢ ᠱᠢᠯᠢᠳᠡᠭ᠌ᠵᠢᠭᠦᠯᠬᠦ᠌᠂ ᠬᠥᠭ᠌ᠵᠢᠯᠲᠡ ᠵᠢᠨ ᠬᠠᠮᠳᠤᠷᠠᠯ ᠬᠦᠴᠦᠨ ᠢ᠋ ᠲᠥᠪᠯᠡᠷᠡᠭᠦᠯᠬᠦ᠌᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠪᠤᠭᠤᠮᠳᠠ ᠰᠢᠪᠲᠤᠯᠬᠤ 《ᠲᠠᠪᠤᠨ ᠶᠡᠬᠡ ᠠᠵᠢᠯᠯᠠᠭ᠎ᠠ》 ᠯᠤᠭ᠎ᠠ ᠤᠶᠠᠯᠳᠤᠭᠤᠯᠵᠤ᠂ ᠲᠥᠪᠯᠡᠷᠡᠭᠦᠯᠦᠨ ᠵᠠᠰᠠᠬᠤ ᠠᠵᠢᠯ ᠢ᠋ ᠥᠨᠳᠥᠷ ᠡᠬᠢᠯᠡᠯᠲᠡ ᠪᠡᠷ ᠡᠬᠢᠯᠡᠭᠦᠯᠬᠦ᠌᠂ ᠥᠨᠳᠥᠷ ᠪᠠᠷᠢᠮᠵᠢᠶ᠎ᠠ ᠪᠡᠷ ᠥᠷᠨᠢᠭᠦᠯᠬᠦ᠌᠂ ᠴᠢᠨᠠᠷ ᠰᠠᠢᠲᠠᠢ ᠪᠡᠷ ᠠᠬᠢᠭᠤᠯᠬᠤ ᠵᠢ ᠦᠨᠡᠨ ᠬᠦ᠌ ᠪᠠᠲᠤᠯᠠᠵᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠳᠠ ᠲᠠᠶ ᠬᠤᠷᠠᠯᠳᠤᠬᠤ ᠳ᠋ᠦ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶ᠋ᠢᠨ ᠣᠷᠴᠢᠨ ᠠᠬᠤᠢ ᠶ᠋ᠢ ᠪᠣᠢ ᠪᠣᠯᠭᠠᠨ᠎ᠠ᠃

ᠦᠬᠠᠢ ᠬᠤᠲᠠ ᠶ᠋ᠢᠨ ᠨᠠᠮ ᠤ᠋ᠨ ᠬᠣᠷᠢᠶᠠᠨ ᠤ᠋ ᠱᠦᠵᠢ ᠲᠠᠩ ᠢ᠄

ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠵᠤ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶ᠋ᠢᠨ ᠵᠠᠩ ᠰᠤᠷᠳᠠᠯ ᠢ᠋ ᠳᠠᠪᠲᠠᠨ ᠪᠣᠯᠪᠠᠰᠤᠷᠠᠭᠤᠯᠤᠨ᠎ᠠ

ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌᠎ᠳᠦ ᠣᠷᠣᠯᠴᠠᠬᠤ ᠎ᠳᠠᠭᠠᠨ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠪᠦᠬᠦ᠌ ᠲᠠᠯ᠎ᠠ ᠪᠡᠷ ᠡᠷᠡᠭᠦᠯ ᠵᠢᠷᠤᠮᠵᠢᠭᠤᠨ ᠵᠠᠮ ᠳ᠋ᠤ ᠪᠤᠴᠠᠬᠤ ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠪᠦᠬᠦ᠌ ᠣᠷᠣᠨ ᠤ᠋ ᠨᠠᠮ ᠤ᠋ᠨ ᠳᠣᠲᠣᠭᠠᠳᠤ᠎ᠶ᠋ᠢᠨ ᠤᠯᠤᠰ ᠲᠦᠷᠦ ᠵᠢᠨ ᠠᠮᠢᠳᠤᠷᠠᠯ ᠳ᠋ᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠪᠣᠯ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠡᠴᠡ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠵᠢ ᠡᠷᠬᠢᠮᠯᠡᠭᠰᠡᠨ ᠠᠷᠭ᠎ᠠ ᠪᠤᠳᠤᠯᠭ᠎ᠠ᠂ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ᠃ ᠦᠬᠠᠢ ᠬᠤᠳᠠ ᠶ᠋ᠢᠨ ᠨᠠᠮ ᠤ᠋ᠨ ᠬᠣᠷᠢᠶ᠎ᠠ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠍᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ ᠵᠢᠨ ᠠᠮᠢᠳᠤᠷᠠᠯ ᠤ᠋ᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ ᠢ᠋ ᠦᠨᠡᠨ ᠬᠦ᠌ ᠴᠢᠩᠭᠠᠳᠭᠠᠵᠤ᠂ ᠦᠬᠠᠢ ᠶ᠋ᠢᠨ ᠴᠢᠨᠠᠷ ᠰᠠᠢᠲᠠᠢ ᠬᠥᠭ᠌ᠵᠢᠯᠲᠡ᠂ ᠪᠠᠶᠠᠨ ᠵᠢᠷᠭᠠᠯᠳᠤ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶ᠋ᠢᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠬᠦ᠌᠎ᠳᠦ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠬᠠᠩᠭᠠᠨ᠎ᠠ᠃

ᠨᠢᠭᠡ ᠳ᠋ᠤ᠂ ᠬᠦᠰᠡᠯᠡᠩ ᠢᠲᠡᠭᠡᠯ ᠪᠢᠱᠢᠷᠡᠯ ᠵᠢᠡᠨ ᠪᠠᠲᠤᠳᠭᠠᠵᠤ᠂ ᠦᠨᠡᠨᠴᠢ ᠱᠢᠳᠤᠷᠭᠤ ᠵᠠᠩ ᠰᠤᠷᠳᠠᠯ ᠢ᠋ ᠳᠠᠪᠲᠠᠨ ᠪᠣᠯᠪᠠᠰᠤᠷᠠᠭᠤᠯᠤᠨ᠎ᠠ ᠃ ᠤᠯᠤᠰ ᠲᠥᠷᠥ ᠶ᠋ᠢᠨ ᠪᠠᠢᠭᠤᠯᠤᠯᠲᠠ ᠵᠢ ᠲᠡᠷᠢᠭᠦᠨ ᠳ᠋ᠤ ᠲᠠᠯᠪᠢᠬᠤ ᠵᠢ ᠪᠠᠷᠢᠮᠲᠠᠯᠠᠵᠤ᠂ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷᠴᠤᠳ ᠢ᠋ ᠬᠥᠲᠥᠯᠥᠨ ᠵᠢᠯᠣᠭᠣᠳᠴᠤ᠌ ᠪᠠᠢᠭᠠᠳ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶ᠋ᠢᠨ ᠬᠡᠷᠡᠭ᠌ᠵᠢᠭᠦᠯᠬᠦ᠌ ᠴᠢᠳᠠᠪᠤᠷᠢ ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃《ᠵᠢᠷᠭᠤᠭᠠᠨ ᠨᠢᠭᠡ》 ᠶ᠋ᠢᠨ ᠲᠥᠪᠯᠡᠷᠡᠩᠭᠦᠶ ᠠᠵᠢᠯᠯᠠᠭ᠎ᠠ ᠵᠢ ᠭᠦᠨᠵᠡᠭᠡᠶ ᠠᠬᠢᠭᠤᠯᠤᠨ ᠪᠣᠳᠠᠲᠠᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠶᠠᠡ ᠡᠴᠡ ᠥᠪᠥᠷ ᠮᠣᠩᠭᠣᠯ ᠳ᠋ᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ ᠤ᠋ ᠬᠥᠲᠥᠯᠪᠦᠷᠢ ᠵᠢ ᠡᠷᠡᠰ ᠭᠤᠢᠪᠢᠰᠢ ᠥᠬᠡᠶ ᠵᠢᠷᠤᠮᠯᠠᠨ ᠡᠷᠡᠮᠡᠬᠡᠢᠯᠡᠨ ᠤᠷᠤᠭ᠍ᠰᠢᠯᠠᠵᠤ᠂ ᠪᠣᠳᠠᠲᠤ ᠠᠵᠢᠯᠯᠠᠭ᠎ᠠ ᠪᠠᠷ ᠵᠢᠡᠡ《ᠬᠣᠶᠠᠷ ᠢ᠋ ᠲᠣᠭ᠍ᠲᠠᠭᠠᠬᠰᠠᠨ》 ᠢ᠋ ᠱᠢᠳᠤᠷᠭᠤ ᠪᠠᠷ ᠬᠦᠷᠢᠶᠡᠯᠡᠵᠦ᠍᠂《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠦᠨ᠎ᠡ ᠃

ᠬᠣᠶᠠᠷ ᠲᠦ᠍᠂ ᠤᠯᠤᠰ ᠲᠥᠷᠥ ᠶ᠋ᠢᠨ ᠠᠮᠢ ᠠᠬᠤᠶ ᠵᠢ ᠳᠠᠬᠢᠨ ᠴᠤᠬᠴᠠᠯᠠᠵᠤ᠂ ᠤᠯᠤᠰ ᠲᠦᠷᠦ ᠵᠢᠨ ᠠᠮᠢᠳᠤᠷᠠᠯ ᠤ᠋ᠨ ᠶᠠᠰᠤ ᠴᠢᠨᠠᠷ ᠢ᠋ ᠲᠠᠬᠡᠭᠰᠢᠯᠡᠬᠦᠯᠦᠨ᠎ᠠ᠃ ᠬᠡᠷᠡᠭ ᠵᠢᠡᠷ ᠴᠡᠭ᠌ᠴᠡᠯᠡᠨ ᠰᠠᠢᠵᠢᠷᠠᠭᠤᠯᠬᠤ ᠵᠢ ᠠᠬᠢᠭᠤᠯᠬᠤ᠂ ᠤᠯᠤᠰ ᠲᠥᠷᠥ ᠶ᠋ᠢᠨ ᠠᠮᠢ ᠠᠬᠤᠶ ᠵᠢ ᠴᠡᠪᠡᠷᠱᠢᠭᠦᠯᠬᠦ᠌ ᠲᠤᠰᠭᠠᠶ ᠠᠵᠢᠯᠯᠠᠭ᠎ᠠ ᠵᠢ ᠪᠠᠢᠩᠭᠤᠵᠢᠭᠤᠯᠤᠨ ᠥᠷᠨᠢᠭᠦᠯᠬᠦ᠌ ᠵᠢ ᠪᠠᠷᠢᠮᠲᠠᠯᠠᠵᠤ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠵᠢ ᠪᠥᠬᠥ᠌ ᠲᠠᠯ᠎ᠠ ᠪᠠᠷ ᠥᠷᠨᠢᠭᠦᠯᠦᠨ᠂ ᠦᠶ᠋ᠯᠡ ᠠᠵᠢᠯᠯᠠᠭ᠎ᠠ᠎ᠶ᠋ᠢᠨ ᠵᠥᠷᠢᠶ᠎ᠡ ᠪᠡᠨ ᠴᠠᠭ ᠲᠤᠬᠠᠶ ᠳ᠋ᠤᠨᠢ ᠵᠠᠯᠠᠷᠠᠭᠤᠯᠵᠤ᠂ ᠤᠯᠤᠰ ᠲᠥᠷᠥ᠎ᠶ᠋ᠢᠨ ᠠᠮᠢ ᠠᠬᠤᠶ ᠳ᠋ᠤ ᠦᠨᠳᠦᠰᠦᠨ ᠰᠠᠢᠵᠢᠷᠠᠯᠲᠠ ᠲᠠᠶ ᠪᠣᠯᠬᠤ ᠵᠢ ᠲᠦᠷᠭᠡᠳᠭᠡᠨ ᠠᠬᠢᠭᠤᠯᠤᠨ᠎ᠠ᠃ ᠴᠢᠩᠭ᠎ᠠ ᠪᠠᠢᠴᠠᠭᠠᠨ ᠱᠢᠢᠳᠪᠦᠷᠢᠯᠡᠬᠦ᠌ ᠪᠠ ᠳᠤᠬᠳᠠᠴᠠ ᠵᠢ ᠲᠡᠭᠦᠯᠳᠡᠷᠵᠢᠭᠦᠯᠬᠦ᠌ ᠵᠢ ᠵᠡᠷᠭᠡ ᠪᠡᠷ ᠠᠳᠭᠤᠬᠤ ᠵᠢ ᠪᠠᠷᠢᠮᠳᠠᠯᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ ᠵᠢᠨ ᠠᠮᠢᠳᠤᠷᠠᠯ ᠤ᠋ᠨ ᠶᠠᠰᠤ ᠴᠢᠨᠠᠷ ᠢ᠋ ᠬᠦᠴᠦᠯᠡᠨ ᠳᠡᠭᠡᠭ᠌ᠰᠢᠯᠡᠭᠦᠯᠦᠨ᠎ᠠ᠃

ᠭᠤᠷᠪᠠ ᠳ᠋ᠤ᠂ ᠰᠤᠷᠲᠠᠯ ᠤ᠋ᠨ ᠪᠠᠢᠭᠤᠯᠤᠯᠲᠠ ᠵᠢ ᠴᠢᠩᠭᠠᠳᠭᠠᠵᠤ᠂ ᠬᠠᠷᠢᠭᠤᠴᠠᠯᠭ᠎ᠠ ᠡᠭᠦᠷᠭᠡᠯᠡᠬᠦ᠌ ᠴᠢᠳᠠᠪᠤᠷᠢ ᠵᠢ ᠲᠠᠪᠳᠠᠨ ᠪᠣᠯᠪᠠᠰᠤᠷᠠᠭᠤᠯᠤᠨ᠎ᠠ᠃ ᠰᠤᠷᠲᠠᠯ᠎ᠡᠴᠡ ᠡᠬᠢᠯᠡᠨ ᠬᠠᠮᠢᠶᠠᠷᠬᠤ᠂ ᠰᠤᠷᠲᠠᠯ ᠎ᠡᠴᠡ ᠡᠬᠢᠯᠡᠨ ᠠᠳᠭᠤᠬᠤ᠂ ᠺᠠᠳ᠋ᠷ ᠡᠴᠡ ᠡᠬᠢᠯᠡᠨ ᠬᠠᠮᠢᠶᠠᠷᠬᠤ᠂ ᠺᠠᠳ᠋ᠷ᠎ᠡᠴᠡ ᠡᠬᠢᠯᠡᠨ ᠴᠢᠩᠳᠠᠯᠠᠬᠤ ᠵᠢ ᠪᠠᠷᠢᠮᠲᠠᠯᠠᠵᠤ᠂ ᠪᠦᠬᠦ᠌ ᠬᠣᠲᠠ ᠶ᠋ᠢᠨ ᠳᠡᠭᠡᠷ᠎ᠠ ᠳᠣᠣᠷ᠎ᠠ ᠱᠠᠲᠤᠨ ᠤ᠋ ᠺᠠᠳ᠋ᠷ ᠤ᠋ᠨ ᠪᠠᠢᠳᠠᠯ᠂ ᠣᠶᠤᠨ ᠰᠠᠨᠠᠭᠠᠨ ᠤ᠋ ᠳᠦᠷᠰᠦ ᠪᠠᠢᠳᠠᠯ᠂ ᠠᠵᠢᠯ ᠤ᠋ᠨ ᠰᠤᠷᠲᠠᠯ ᠳ᠋ᠤ ᠴᠣ ᠱᠢᠨ᠎ᠡ ᠬᠤᠪᠢᠷᠠᠯᠳᠠ ᠲᠠᠢ ᠪᠤᠯᠬᠤ ᠵᠢ ᠠᠬᠢᠭᠤᠯᠤᠨ᠎ᠠ᠃ ᠬᠣᠲᠠ ᠶ᠋ᠢᠨ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠱᠢᠭᠦᠳ ᠡᠮᠦᠨ᠎ᠡ ᠨᠢ ᠬᠤᠰᠢᠭᠤᠴᠢᠯᠠᠨ᠂ ᠦᠯᠢᠭᠡᠷ ᠳᠠᠭᠤᠷᠢᠶᠠᠯ ᠪᠣᠯᠬᠤ ᠵᠢ ᠪᠠᠷᠢᠮᠲᠠᠯᠠᠵᠤ᠂ ᠦᠢᠯᠡᠳᠦᠯᠭᠡ᠂ ᠠᠷᠠᠳ ᠲᠦᠮᠡᠨ ᠪᠠ ᠲᠡᠦᠬᠡ᠎ᠶ᠋ᠢᠨ ᠱᠢᠯᠭᠠᠯᠲᠠ ᠵᠢ ᠳᠠᠭᠠᠭᠠᠵᠤ ᠴᠢᠳᠠᠬᠤ ᠠᠮᠵᠢᠯᠲᠠ ᠪᠦᠲᠦᠮᠵᠢ ᠵᠢ ᠴᠢᠷᠮᠠᠢᠨ ᠡᠭᠦᠳᠦᠨ᠎ᠡ᠃

ᠠᠯᠠᠱᠠ ᠠᠢᠮᠠᠭ ᠤ᠋ᠨ ᠨᠠᠮ ᠤ᠋ᠨ ᠬᠣᠷᠢᠶᠠᠨ ᠤ᠋ ᠱᠦᠵᠢ ᠳᠠᠢᠴᠢᠨ᠄

ᠲᠥᠪᠯᠡᠷᠡᠭᠦᠯᠦᠨ ᠵᠠᠰᠠᠬᠤ ᠢ᠋ᠢ ᠨᠠᠷᠢᠯᠢᠭ ᠤᠨᠤᠴᠠᠳᠡᠢ ᠯᠠᠪᠳᠠᠭᠤᠨ ᠪᠠᠲᠤᠲᠠᠶ ᠦᠷᠨᠢᠬᠦᠯᠵᠤ ᠨᠠᠮ ᠤ᠋ᠨ ᠳᠣᠲᠣᠭᠠᠳᠤ ᠢ᠋ᠢᠨ ᠤᠯᠤᠰ ᠲᠥᠷᠥ ᠢ᠋ᠢᠨ ᠠᠮᠢᠳᠤᠷᠠᠯ ᠢ᠋ ᠪᠥᠬᠥ᠌ ᠲᠠᠯ᠎ᠠ ᠪᠡᠷ ᠴᠢᠩᠳᠠᠯᠠᠵᠤ ᠪᠣᠳᠠᠲᠠᠢᠵᠢᠭᠤᠯᠬᠤ ᠢ᠋ᠢ ᠠᠬᠢᠭᠤᠯᠤᠨ᠎ᠠ

ᠪᠦᠬᠦ᠌ ᠣᠷᠣᠨ ᠤ᠋ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠦᠪᠯᠡᠷᠡᠬᠦᠯᠦᠨ ᠵᠠᠰᠠᠬᠤ ᠢ᠋ᠢ ᠦᠷᠨᠢᠬᠦᠯᠬᠦ ᠪᠤᠯ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶᠠᠨ ᠡᠴᠡ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠢ᠋ᠢᠨ ᠵᠣᠷᠢᠭ ᠰᠠᠨᠠᠭ᠎ᠠ ᠢ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠶᠡᠬᠡ ᠪᠠᠢᠷᠢᠯᠠᠭᠤᠯᠤᠯᠲᠠ ᠪᠣᠯᠤᠨ᠎ᠠ᠂ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠂ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠴᠢᠨᠭᠳᠠᠯᠠᠬᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠢ᠋ᠢᠨ ᠠᠮᠢ ᠠᠬᠤᠢ ᠢ᠋ᠢ ᠴᠤᠭᠴᠠᠯᠠᠬᠤ ᠳ᠋ᠤ ᠴᠢᠬᠤᠯᠠ ᠠᠴᠢ ᠬᠣᠯᠪᠣᠭ᠍ᠳᠠᠯ ᠲᠠᠶ ᠶᠤᠮ᠃ ᠠᠯᠠᠱᠠ ᠠᠢᠮᠠᠭ ᠤ᠋ᠨ ᠨᠠᠮ ᠤ᠋ᠨ ᠬᠣᠷᠢᠶ᠎ᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠢᠷᠢᠯᠠᠭᠤᠯᠤᠯᠲᠠ ᠱᠠᠭᠠᠷᠳᠠᠯᠭ᠎ᠠ ᠢ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ ᠡᠴᠡ ᠪᠠᠨ《ᠬᠣᠶᠠᠷ ᠢ᠋ ᠲᠣᠭ᠍ᠲᠠᠭᠠᠬᠰᠠᠨ》 ᠢ᠋ ᠬᠦᠷᠢᠶᠡᠯᠡᠬᠦ᠌᠂ 《ᠬᠣᠶᠠᠷ ᠢ᠋ ᠬᠠᠮᠠᠭᠠᠯᠠᠬᠤ》 ᠢ᠋ᠢ ᠦᠶ᠋ᠯᠡᠳᠦᠯᠭᠡᠵᠢᠭᠦᠯᠬᠦ᠌ ᠦᠨᠳᠦᠷᠴᠡ ᠳ᠋ᠤ ᠵᠣᠭ᠍ᠰᠣᠵᠤ᠂ ᠲᠥᠪᠯᠡᠷᠡᠭᠦᠯᠦᠨ ᠵᠠᠰᠠᠬᠤ ᠢ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠨᠠᠮ ᠤ᠋ᠨ ᠳᠣᠲᠣᠭᠠᠳᠤ ᠢ᠋ᠢᠨ ᠤᠯᠤᠰ ᠲᠥᠷᠥ ᠢ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠵᠡᠷᠭᠡ ᠠᠰᠠᠭᠤᠳᠠᠯ ᠢ᠋ ᠱᠢᠶ᠋ᠳᠪᠦᠷᠢᠯᠡᠬᠦ᠌ ᠢ᠋ᠢ ᠬᠦᠴᠦᠯᠡᠨ ᠠᠬᠢᠭᠤᠯᠵᠤ᠂ ᠨᠠᠮ ᠤ᠋ᠨ ᠳᠣᠲᠣᠭᠠᠳᠤ ᠢ᠋ᠢᠨ ᠤᠯᠤᠰ ᠲᠥᠷᠥ ᠢ᠋ᠢᠨ ᠠᠮᠢᠳᠤᠷᠠᠯ ᠢ᠋ ᠦᠨᠡᠨ ᠬᠦ᠌ ᠪᠥᠬᠥ᠌ ᠲᠠᠯ᠎ᠠ ᠪᠡᠷ ᠴᠢᠩᠳᠠᠯᠠᠵᠤ ᠪᠣᠳᠠᠲᠠᠢᠵᠢᠭᠤᠯᠤᠨ᠎ᠠ᠃

ᠲᠥᠪᠯᠡᠷᠡᠭᠦᠯᠦᠨ ᠵᠠᠰᠠᠬᠤ ᠢ᠋ᠢ ᠥᠷᠨᠢᠭᠦᠯᠬᠦ᠌ ᠳ᠋ᠡᠬᠡᠨ ᠬᠥᠮᠦᠵᠢᠭᠦᠯᠵᠦ᠍ ᠬᠦᠳᠦᠯᠦᠨ ᠵᠢᠯᠣᠭᠣᠳᠭᠤ ᠢ᠋ᠢ ᠪᠣᠳᠠᠲᠠᠢ ᠠᠳᠬᠤᠨ᠎ᠠ᠃ ᠶᠡᠷᠦᠩᠬᠡᠢ ᠱᠦᠵᠢ ᠰᠢ ᠵᠢᠨ ᠫᠢᠩ ᠤ᠋ᠨ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠴᠢᠨᠭᠳᠠᠯᠠᠬᠤ ᠲᠤᠬᠠᠢ ᠴᠢᠬᠤᠯᠠ ᠥᠭᠦᠯᠡᠯᠲᠡ ᠪᠤᠯᠤᠨ ᠨᠠᠮ ᠤ᠋ᠨ ᠲᠦᠷᠢᠮ᠂ 《ᠱᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ ᠨᠤᠭᠤᠳ》 ᠵᠢᠴᠢ ᠪᠤᠷᠤᠭᠤ ᠲᠠᠯ᠎ᠠ ᠢ᠋ᠢᠨ ᠨᠡᠢᠲᠡᠯᠢᠭ ᠬᠡᠷᠡᠭ ᠤ᠋ᠨ ᠵᠢᠱ᠌ᠢᠢ᠎ᠡ ᠵᠡᠷᠭᠡ ᠢ᠋ᠢ ᠵᠠᠪᠠᠯ ᠰᠤᠷᠤᠯᠴᠠᠬᠤ ᠠᠭᠤᠯᠭ᠎ᠠ ᠪᠠᠨ ᠪᠣᠯᠭᠠᠵᠤ᠂ ᠨᠠᠮ ᠤ᠋ᠨ ᠤᠬᠠᠮᠰᠠᠷ ᠪᠠ ᠵᠣᠬᠢᠶᠠᠨ ᠪᠠᠢᠭᠤᠯᠤᠯᠲᠠ ᠢ᠋ᠢᠨ ᠦᠵᠡᠯᠲᠡ ᠢ᠋ᠢ ᠬᠦᠴᠦᠯᠡᠨ ᠴᠢᠩᠭᠠᠳᠭᠠᠵᠤ᠂ ᠨᠠᠮ ᠤ᠋ᠨ ᠭᠡᠱᠢᠭᠦᠨ ᠺᠠᠳ᠋ᠷᠴᠤᠳ ᠢ᠋ ᠬᠦᠳᠦᠯᠦᠨ ᠵᠢᠯᠤᠭᠤᠳᠴᠤ ᠪᠠᠢᠭᠠᠳ ᠭᠦᠨᠵᠡᠭᠡᠢ ᠰᠤᠷᠤᠯᠴᠠᠬᠤ ᠳᠤᠮᠳᠠ ᠦᠵᠡᠯ ᠰᠠᠨᠠᠭ᠎ᠠ ᠢ᠋ᠢ ᠨᠢ ᠲᠡᠭᠡᠭᠰᠢᠯᠡᠬᠦᠯᠵᠤ᠂ ᠨᠠᠮᠴᠢ ᠴᠢᠨᠠᠷ ᠢ᠋ ᠨᠢ ᠳᠠᠪᠲᠠᠨ ᠪᠤᠯᠪᠠᠰᠤᠷᠠᠭᠤᠯᠤᠨ᠎ᠠ᠃

ᠲᠥᠪᠯᠡᠷᠡᠭᠦᠯᠦᠨ ᠵᠠᠰᠠᠬᠤ ᠢ᠋ᠢ ᠥᠷᠨᠢᠭᠦᠯᠬᠦ᠌᠎ᠳ᠋ᠡᠬᠡᠨ ᠦᠪᠡᠰᠦᠪᠡᠨ ᠪᠠᠢᠴᠠᠭᠠᠵᠤ ᠦᠪᠡᠰᠤᠪᠡᠨ ᠵᠠᠯᠠᠷᠠᠭᠤᠯᠬᠤ ᠢ᠋ᠢ ᠪᠣᠳᠠᠲᠠᠢ ᠠᠳᠬᠤᠨ᠎ᠠ᠃ ᠠᠰᠠᠭᠤᠳᠠᠯ ᠢ᠋ ᠪᠦᠬᠦ᠌ ᠲᠠᠯ᠎ᠠ ᠪᠡᠷ ᠭᠦᠨᠵᠡᠭᠡᠢ ᠨᠠᠷᠢᠯᠢᠭ ᠪᠠᠢᠴᠠᠭᠠᠵᠤ᠂ ᠵᠠᠩᠭᠢᠯᠠᠭ᠎ᠠ ᠢ᠋ᠢ ᠡᠷᠢᠵᠦ᠍ ᠂ ᠪᠠᠷᠢᠨ ᠪᠠᠢᠴᠠᠭᠠᠵᠤ ᠪᠠᠷᠢᠨ ᠰᠠᠢᠵᠢᠷᠠᠭᠤᠯᠵᠤ᠂ ᠦᠨᠡᠨ ᠪᠠᠢᠴᠠᠭᠠᠵᠤ ᠦᠨᠡᠨ ᠬᠦ᠌ ᠰᠠᠢᠵᠢᠷᠠᠭᠤᠯᠤᠨ᠂ ᠠᠮᠠᠯᠠᠯᠲᠠ ᠪᠠᠨ ᠬᠦᠢᠴᠡᠳᠭᠡᠵᠤ᠂ ᠨᠠᠮ ᠤ᠋ᠨ ᠭᠡᠱᠢᠭᠦᠨ ᠺᠠᠳ᠋ᠷᠴᠤᠳ ᠤ᠋ᠨ ᠲᠠᠰᠤᠷᠠᠯᠳᠡ ᠦᠬᠡᠢ ᠥᠪᠡᠷ ᠢ᠋ ᠪᠡᠨ ᠴᠡᠪᠡᠷᠱᠢᠭᠦᠯᠬᠦ᠌᠂ ᠥᠪᠡᠷ ᠢ᠋ ᠪᠡᠨ ᠲᠡᠭᠦᠯᠳᠡᠷᠵᠢᠭᠦᠯᠬᠦ᠌᠂ ᠥᠪᠡᠷ ᠢ᠋ ᠪᠡᠨ ᠱᠢᠨᠡᠴᠢᠯᠡᠬᠦ᠌᠂ ᠥᠪᠡᠷ ᠢ᠋ ᠪᠡᠨ ᠳᠡᠭᠡᠭ᠌ᠰᠢᠯᠡᠭᠦᠯᠬᠦ᠌ ᠢ᠋ᠢ ᠠᠬᠢᠭᠤᠯᠤᠨ᠎ᠠ᠃

ᠲᠥᠪᠯᠡᠷᠡᠭᠦᠯᠦᠨ ᠵᠠᠰᠠᠬᠤ ᠢ᠋ᠢ ᠥᠷᠨᠢᠭᠦᠯᠬᠦ ᠳ᠋ᠡᠬᠡᠨ ᠬᠡᠯᠪᠡᠢᠯᠳᠡ ᠵᠢ ᠵᠠᠯᠠᠷᠠᠭᠤᠯᠵᠤ ᠴᠢᠭᠯᠡᠯ ᠢ᠋ ᠵᠠᠰᠠᠬᠤ ᠵᠢ ᠪᠣᠳᠠᠲᠠᠢ ᠠᠳᠭᠤᠨ᠎ᠠ᠃ ᠨᠠᠮ ᠤ᠋ᠨ ᠳᠣᠲᠣᠭᠠᠳᠤ ᠢ᠋ᠢᠨ ᠤᠯᠤᠰ ᠲᠥᠷᠥ ᠢ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠪᠠᠢᠴᠠᠭᠠᠨ ᠱᠢᠶ᠋ᠳᠪᠦᠷᠢᠯᠡᠬᠦ᠌ ᠱᠠᠭᠠᠷᠳᠠᠯᠭ᠎ᠠ ᠲᠠᠶ ᠬᠠᠷᠭᠤᠭᠤᠯᠵᠦ᠂ 11 ᠲᠠᠯ᠎ᠠ ᠢ᠋ᠢᠨ ᠲᠣᠪᠣᠢᠮ᠎ᠠ ᠠᠰᠠᠭᠤᠳᠠᠯ ᠳ᠋ᠤ ᠠᠩᠬᠠᠷᠤᠯ ᠢ᠋ᠢᠡᠨ ᠲᠥᠪᠯᠡᠷᠡᠭᠦᠯᠤᠨ᠂ ᠬᠠᠷᠠᠯᠲᠠ ᠲᠠᠶ ᠪᠡᠷ ᠬᠦᠴᠦᠯᠡᠵᠦ᠍᠂ ᠣᠨᠣᠴᠠᠲᠠᠶ ᠪᠡᠷ ᠵᠠᠰᠠᠵᠤ᠂ ᠠᠰᠠᠭᠤᠳᠠᠯ ᠤ᠋ᠨ ᠪᠣᠶ ᠪᠣᠯᠬᠤ ᠦᠨᠳᠦᠰᠦ ᠢ᠋ᠢ ᠡᠷᠡᠰ ᠠᠷᠢᠯᠭᠠᠨ᠂ ᠠᠷᠢᠭᠤᠨ ᠴᠢᠬᠡᠴᠢ ᠨᠥᠬᠥᠳ ᠤ᠋ᠨ ᠬᠠᠷᠢᠴᠠᠭ᠎ᠠ᠂ ᠶᠣᠰᠣ ᠲᠦᠷᠢᠮ ᠲᠡᠶ ᠳᠡᠭᠡᠷ᠎ᠠ ᠳᠤᠤᠷ᠎ᠠ ᠱᠠᠲᠤᠨ ᠤ᠋ ᠬᠠᠷᠢᠴᠠᠭ᠎ᠠ ᠵᠢᠨ ᠪᠦᠷᠢᠯᠳᠦᠬᠦ᠌ ᠢ᠋ᠢ ᠠᠬᠢᠭᠤᠯᠤᠨ᠎ᠠ᠃

ᠲᠥᠪᠯᠡᠷᠡᠭᠦᠯᠦᠨ ᠵᠠᠰᠠᠬᠤ ᠢ᠋ᠢ ᠥᠷᠨᠢᠭᠦᠯᠬᠦ ᠳ᠋ᠡᠬᠡᠨ ᠦᠷ᠎ᠡ ᠪᠦᠲᠦᠭᠡᠯ ᠢ᠋ ᠪᠡᠬᠢᠵᠢᠭᠦᠯᠬᠦ᠌ ᠢ᠋ᠢ ᠪᠣᠳᠠᠲᠠᠢ ᠠᠳᠭᠤᠨ᠎ᠠ᠃ ᠪᠠᠢᠩᠭᠤ ᠰᠠᠨᠠᠭᠤᠯᠬᠤ᠂ ᠠᠰᠠᠭᠤᠳᠠᠯ ᠢ᠋ ᠪᠠᠢᠴᠠᠭᠠᠨ ᠱᠢᠢᠳᠪᠦᠷᠢᠯᠡᠬᠦ᠌᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠪᠣᠭᠣᠮᠲᠠ ᠢ᠋ᠢ ᠰᠠᠬᠢᠬᠤ᠂ ᠰᠦᠪᠡᠭ᠌ᠴᠢ ᠢ᠋ᠢ ᠢᠯᠡᠷᠡᠭᠦᠯᠬᠦ᠌ ᠵᠡᠷᠭᠡ ᠠᠵᠢᠯ ᠤ᠋ᠨ ᠲᠣᠭ᠍ᠲᠠᠴᠠ ᠢ᠋ᠢ ᠪᠠᠢᠭᠤᠯᠤᠨ ᠲᠡᠭᠦᠯᠳᠡᠷᠵᠢᠭᠦᠯᠵᠦ᠍᠂ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠤ᠋ᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ ᠢ᠋ ᠦᠨᠡᠨ ᠬᠦ᠌ ᠴᠢᠩᠭᠠᠳᠭᠠᠵᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠶ ᠬᠤᠷᠠᠯᠳᠤᠬᠤ ᠳ᠋ᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠢ᠋ᠢᠨ ᠣᠷᠴᠢᠨ ᠠᠬᠤᠢ ᠢ᠋ᠢ ᠪᠤᠢ ᠪᠤᠯᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面