ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-06-09 09:17:15

ᠵᠣᠬᠢᠶᠠᠭ᠍ᠴᠢ᠄ ᠰᠥᠩ ᠱᠤᠸᠠᠩ ᠯᠢᠦ ᠭᠦᠸᠧ ᠳ᠋ᠦᠩ ᠣᠩᠱᠢᠭ᠍ᠰᠠᠨ ᠣᠳᠠᠭ᠎ᠠ᠄ 3

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠭᠦᠨᠵᠡᠭᠡᠶ ᠠᠬᠢᠭᠤᠯᠬᠤ᠎ᠶ᠋ᠢ ᠳᠠᠭᠠᠯᠳᠤᠨ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠲᠤᠰᠭᠠᠶ ᠰᠡᠳᠦᠪᠲᠦ ᠬᠥᠮᠦᠵᠢᠯ ᠬᠢᠬᠦ᠌᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠂ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌ ᠵᠡᠷᠭᠡ ᠭᠤᠤᠯᠳᠠᠯᠭ᠎ᠠ᠎ᠲᠠᠶ ᠡᠭᠦᠷᠭᠡ ᠶ᠋ᠢ ᠰᠠᠢᠲᠤᠷ ᠠᠳᠭᠤᠵᠦ᠂ ᠲᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠦᠨᠳᠦᠰᠦᠨ᠎ᠡᠴᠡ᠎ᠨᠢ ᠵᠠᠰᠠᠬᠤ ᠠᠷᠭ᠎ᠠ ᠪᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠱᠢᠨᠵᠢᠯᠡᠬᠦ᠌ ᠤᠬᠠᠭᠠᠨᠴᠢᠯᠠᠯᠳᠠ ᠵᠢᠷᠤᠮᠵᠢᠯᠳᠠ ᠵᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

ᠦᠬᠠᠶ ᠬᠣᠲᠠ《1+ 5》ᠲᠦᠷᠢᠮ᠎ᠦᠨ ᠱᠢᠰᠲ᠋ᠧᠮ ᠢ᠋ᠢᠡᠷ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠵᠢᠷᠤᠮᠵᠢᠭᠤᠯᠪᠠ᠃ ᠰᠠᠷ᠎ᠠ ᠪᠦᠷᠢ᠎ᠶ᠋ᠢᠨ 24 ᠤ᠋ ᠡᠳᠦᠷ᠎ᠢ ᠨᠠᠮ᠎ᠤᠨ ᠡᠭᠦᠷ᠎ᠦᠨ ᠭᠤᠤᠯ ᠰᠡᠳᠦᠪᠲᠦ ᠨᠠᠮ᠎ᠤᠨ ᠡᠳᠦᠷ ᠪᠣᠯᠭᠠᠵᠤ᠂ ᠤᠯᠤᠰ᠎ᠤᠨ ᠳᠠᠭᠤᠤ᠎ᠶ᠋ᠢ ᠬᠥᠭ᠌ᠵᠢᠮᠳᠡᠨ ᠳᠠᠭᠤᠯᠠᠬᠤ᠂ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢ ᠳᠠᠬᠢᠨ ᠤᠩᠱᠢᠬᠤ᠂ ᠨᠠᠮ᠎ᠤᠨ ᠲᠦᠷᠢᠮ ᠨᠠᠮ᠎ᠤᠨ ᠲᠣᠭ᠍ᠲᠠᠭᠠᠯ᠎ᠢ ᠳᠠᠭᠠᠭᠤᠯᠤᠨ ᠤᠩᠱᠢᠬᠤ᠂ ᠰᠠᠨᠠᠭᠠᠴᠢᠯᠠᠭ᠎ᠠ ᠡᠴᠡ ᠪᠠᠨ ᠨᠠᠮ᠎ᠤᠨ ᠰᠦᠶ᠋ᠳᠭᠡᠯ ᠲᠤᠱᠢᠶᠠᠬᠤ᠂ ᠲᠥᠷᠥ᠎ᠶ᠋ᠢᠨ ᠪᠣᠳᠣᠯᠭ᠎ᠠ᠎ᠶ᠋ᠢᠨ ᠣᠨᠣᠯ᠎ᠢ ᠰᠤᠷᠤᠯᠴᠠᠬᠤ ᠵᠡᠷᠭᠡ ᠲᠠᠪᠤᠨ ᠲᠤᠬᠳᠠᠬᠰᠠᠨ ᠠᠵᠢᠯᠯᠠᠭ᠎ᠠ ᠡᠴᠡ ᠭᠠᠳᠠᠨ᠎ᠠ ᠪᠠᠰᠠ ᠨᠢᠭᠡ ᠥᠪᠡᠰᠦᠪᠡᠨ ᠰᠣᠩᠭᠣᠬᠤ ᠠᠵᠢᠯᠯᠠᠭ᠎ᠠ ᠢ᠋ᠢᠨ 《5+X》 ᠵᠠᠭ᠍ᠪᠤᠷ ᠢ᠋ᠢᠡᠷ ᠥᠷᠨᠢᠭᠦᠯᠪᠡ;《ᠨᠠᠮ᠎ᠤᠨ ᠵᠣᠬᠢᠶᠠᠨ ᠪᠠᠢᠭᠤᠯᠤᠯᠲᠠ ᠶ᠋ᠢᠨ ᠠᠵᠢᠯᠯᠠᠭ᠎ᠠ᠎ᠶ᠋ᠢᠨ ᠲᠡᠮᠳᠡᠭ᠌ᠯᠡᠯ᠎ᠦᠨ ᠳᠡᠪᠲᠡᠷ》 ᠢ᠋ ᠨᠠᠢᠷᠠᠭᠤᠯᠤᠨ ᠵᠣᠬᠢᠶᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ《ᠭᠤᠷᠪᠠᠨ ᠬᠤᠷᠠᠯ ᠨᠢᠭᠡ ᠬᠢᠴᠢᠶᠡᠯ》ᠵᠡᠷᠭᠡ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠲᠦᠷᠢᠮ᠎ᠢ ᠨᠠᠢᠳᠠᠪᠤᠷᠢᠵᠢᠭᠤᠯᠬᠤ ᠪᠦᠬᠦ᠌ ᠶᠠᠪᠤᠴᠠ᠎ᠳᠤ ᠪᠣᠳᠠᠲᠤ ᠲᠡᠮᠳᠡᠭ᠌ᠯᠡᠯ ᠬᠢᠵᠦ᠍ ᠮᠥᠷᠳᠡᠨ ᠲᠠᠭᠠᠪᠠ; ᠨᠠᠮ᠎ᠤᠨ ᠳᠣᠲᠣᠭᠠᠳᠤ ᠶ᠋ᠢᠨ ᠰᠡᠳᠭᠢᠯ᠎ᠦᠨ ᠦᠭᠡ᠎ᠪᠡᠨ ᠶᠠᠷᠢᠯᠴᠠᠬᠤ ᠲᠦᠷᠢᠮ᠎ᠢ ᠵᠢᠷᠤᠮᠵᠢᠭᠤᠯᠵᠤ ᠂ ᠨᠠᠮ᠎ᠤᠨ ᠡᠭᠦᠷ᠎ᠦᠨ ᠭᠡᠱᠢᠭᠦᠳ᠎ᠦᠨ ᠬᠣᠭᠣᠷᠣᠨᠳᠣᠬᠢ᠂ ᠨᠠᠮ᠎ᠤᠨ ᠡᠭᠦᠷ ᠎ᠦᠨ ᠭᠡᠱᠢᠭᠦᠳ ᠪᠠ ᠨᠠᠮ᠎ᠤᠨ ᠭᠡᠱᠢᠭᠦᠳ᠎ᠦᠨ ᠬᠣᠭᠣᠷᠣᠨᠳᠣᠬᠢ᠂ ᠨᠠᠮ᠎ᠤᠨ ᠭᠡᠱᠢᠭᠦᠨ ᠪᠠ ᠨᠠᠮ᠎ᠤᠨ ᠭᠡᠱᠢᠭᠦᠳ᠎ᠦᠨ ᠬᠣᠭᠣᠷᠣᠨᠳᠣᠬᠢ 《ᠭᠤᠷᠪᠠᠨ ᠵᠠᠪᠠᠯ ᠶᠠᠷᠢᠯᠴᠠᠬᠤ》 ᠶ᠋ᠢ ᠲᠣᠳᠣᠷᠬᠠᠢᠯᠠᠪᠠ; ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠱᠢᠭᠦᠨ᠎ᠢ ᠠᠷᠠᠳᠴᠢᠯᠠᠯ ᠎ᠢᠶᠠᠷ ᠦᠨᠡᠯᠡᠬᠦ᠌ ᠲᠦᠷᠢᠮ᠎ᠢ ᠲᠡᠭᠦᠯᠳᠡᠷᠵᠢᠭᠦᠯᠵᠦ᠍᠂ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠤᠨ ᠲᠦᠷᠢᠮ ᠪᠠ ᠡᠭᠦᠷ᠎ᠦᠨ ᠭᠡᠱᠢᠭᠦᠳ᠎ᠦᠨ ᠤᠳᠤᠷᠢᠳᠭᠤ ᠪᠠᠭ᠎ᠤᠨ ᠪᠦᠷᠢᠯᠳᠦᠬᠦᠨ᠎ᠦ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠤᠨ ᠲᠦᠷᠢᠮ᠎ᠦᠨ《ᠬᠣᠶᠠᠷ ᠵᠦᠢᠯ᠎ᠦᠨ ᠬᠡᠯᠪᠡᠷᠢ》 ᠶ᠋ᠢ ᠲᠣᠳᠣᠷᠬᠠᠢ ᠪᠣᠯᠭᠠᠵᠤ᠂ 3 ᠲᠠᠯ᠎ᠠ ᠶ᠋ᠢᠨ13 ᠵᠦᠢᠯ᠎ᠦᠨ ᠠᠯᠬᠤᠮ ᠲᠠᠷᠠᠭ᠎ᠠ᠎ᠶ᠋ᠢ ᠨᠠᠷᠢᠯᠢᠬ᠍ᠵᠢᠭᠤᠯᠪᠠ᠃

ᠬᠥᠬᠡᠬᠣᠲᠠ᠎ᠶ᠋ᠢᠨ ᠬᠣᠷᠢᠨᠭᠡᠷ ᠱᠢᠶᠠᠨ《ᠭᠤᠷᠪᠠᠨ ᠵᠦᠶ᠋ᠯ᠎ᠦᠨ ᠲᠣᠭ᠍ᠲᠠᠴᠠ》 ᠶ᠋ᠢ ᠰᠦᠪᠡᠭ᠌ᠴᠢᠯᠡᠨ ᠪᠠᠢᠭᠤᠯᠵᠤ᠂ ᠱᠢᠯᠭᠠᠨ ᠬᠢᠨᠠᠵᠤ ᠦᠨᠡᠯᠡᠬᠦ᠌᠂ ᠰᠡᠷᠡᠮᠵᠢᠯᠡᠭᠦᠯᠬᠦ᠌ ᠬᠥᠮᠦᠵᠢᠯ᠎ᠦᠨ ᠠᠵᠢᠯ᠎ᠤᠨ ᠳᠠᠬᠢᠨ ᠱᠢᠨ᠎ᠡ ᠳᠡᠭ᠌ᠲᠡᠷ᠎ᠲᠦ ᠭᠠᠷᠬᠤ ᠵᠢ ᠠᠬᠢᠭᠤᠯᠪᠠ᠃ ᠨᠢᠭᠡ᠎ᠳᠦ᠂《ᠱᠢᠯᠭᠠᠬᠤ᠂ ᠦᠨᠡᠯᠡᠬᠦ᠌᠎ᠶ᠋ᠢ ᠤᠶᠠᠯᠳᠤᠭᠤᠯᠬᠤ》ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠪᠠ᠃ 《ᠭᠤᠷᠪᠠᠨ ᠬᠤᠷᠠᠯ ᠨᠢᠭᠡ ᠬᠢᠴᠢᠶᠡᠯ》 ᠳ᠋ᠤ ᠴᠠᠭ᠎ᠲᠠᠭᠠᠨ ᠣᠷᠣᠯᠴᠠᠭ᠍ᠰᠠᠨ ᠡᠰᠡᠬᠦ᠌᠂ ᠱᠠᠭᠠᠷᠳᠠᠯᠭ᠎ᠠ ᠶᠣᠰᠣᠭᠠᠷ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠭ᠍ᠰᠠᠨ ᠡᠰᠡᠬᠦ᠌᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠬᠢᠨᠠᠮᠠᠭᠠᠢ ᠥᠷᠨᠢᠭᠦᠯᠦᠭ᠌ᠰᠡᠨ ᠡᠰᠡᠬᠦ᠌ ᠵᠡᠷᠭᠡ ᠶ᠋ᠢ《ᠬᠣᠶᠠᠷ ᠱᠢᠯᠢᠳᠡᠭ ᠨᠢᠭᠡ ᠲᠡᠷᠢᠭᠦᠨ》 ᠤ᠋ ᠱᠢᠯᠭᠠᠷᠠᠭᠤᠯᠤᠯᠲᠠ᠂ ᠣᠨ᠎ᠤ ᠬᠥᠬᠢᠭᠦᠯᠦᠯ᠂ ᠺᠠᠳ᠋ᠷ᠎ᠢ ᠲᠣᠮᠢᠯᠠᠨ ᠬᠡᠷᠡᠭ᠌ᠯᠡᠬᠦ᠌ ᠲᠠᠨᠢᠯᠴᠠᠭᠤᠯᠭ᠎ᠠ᠂ ᠲᠤᠱᠢᠶᠠᠯ᠎ᠤᠨ ᠲᠡᠰ(ᠵᠡᠷᠭᠡ ᠳᠡᠰ) ᠳᠡᠪᠱᠢᠬᠦ᠌᠎ᠶ᠋ᠢᠨ ᠴᠢᠬᠤᠯᠠ ᠨᠥᠬᠥᠴᠡᠯ ᠪᠣᠯᠭᠠᠵᠤ᠂ ᠬᠤᠪᠢ ᠣᠯᠭᠣᠬᠤ ᠬᠢᠨᠠᠨ ᠱᠢᠯᠭᠠᠯᠲᠠ᠎ᠶ᠋ᠢᠨ ᠲᠦᠷᠢᠮ᠎ᠢ ᠬᠠᠢᠨ ᠰᠦᠪᠡᠭ᠌ᠴᠢᠯᠡᠪᠡ᠃ 《ᠠᠷᠪᠠᠨ ᠨᠢᠭᠡᠨ ᠴᠢᠩᠭ᠎ᠠ ᠴᠠᠭᠠᠵᠠᠯᠠᠯ》 ᠎ᠤ᠋ᠨ ᠰᠠᠬᠢᠯᠭ᠎ᠠ ᠪᠠᠲᠤ᠎ᠶ᠋ᠢᠨ ᠲᠣᠭ᠍ᠲᠠᠭᠠᠯ᠎ᠢ ᠨᠠᠮ᠎ᠤᠨ ᠭᠡᠱᠢᠭᠦᠨ᠎ᠦ ᠤᠯᠤᠰ ᠲᠥᠷᠥ᠎ᠶ᠋ᠢᠨ ᠬᠡᠪ ᠴᠢᠨᠠᠷ᠎ᠢ ᠱᠢᠯᠭᠠᠨ ᠦᠨᠡᠯᠡᠬᠦ᠌ ᠴᠢᠬᠤᠯᠠ ᠠᠭᠤᠯᠭ᠎ᠠ ᠪᠣᠯᠭᠠᠵᠤ᠂ ᠱᠢᠯᠭᠠᠨ ᠦᠨᠡᠯᠡᠭ᠌ᠰᠡᠨ ᠦᠷ᠎ᠡ ᠳ᠋ᠦᠩ᠎ᠢ 《ᠺᠠᠳ᠋ᠷ᠎ᠤᠨ ᠤᠯᠤᠰ ᠲᠥᠷᠥ᠎ᠶ᠋ᠢᠨ ᠬᠡᠪ ᠴᠢᠨᠠᠷ᠎ᠤᠨ ᠲᠠᠩᠰᠠ ᠡᠪᠬᠡᠮᠡᠯ》ᠳ᠋ᠤ ᠣᠷᠣᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠺᠠᠳ᠋ᠷ᠎ᠤᠨ ᠲᠤᠱᠢᠶᠠᠯ᠎ᠳᠤ ᠲᠣᠮᠢᠯᠠᠬᠤ ᠡᠴᠡ ᠡᠮᠦᠨᠡᠬᠢ ᠶᠠᠷᠢᠯᠴᠠᠭᠠᠨ᠎ᠤ ᠵᠠᠪᠠᠯ ᠶᠠᠷᠢᠯᠴᠠᠬᠤ ᠠᠭᠤᠯᠭ᠎ᠠ ᠪᠣᠯᠭᠠᠪᠠ᠃ ᠬᠣᠶᠠᠷ᠎ᠲᠤ᠂《ᠠᠮᠠᠯᠠᠬᠤ᠂ ᠦᠨᠡᠯᠡᠬᠦ᠌᠎ᠶ᠋ᠢ ᠨᠢᠭᠡ ᠴᠣᠭ᠍ᠴᠠᠵᠢᠭᠤᠯᠬᠤ》ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠪᠠ᠃ ᠲᠤᠱᠢᠶᠠᠯ᠎ᠳᠤ ᠪᠠᠢᠭ᠎ᠠ ᠣᠷᠣᠨ ᠲᠣᠭ᠎ᠠ ᠎ᠳᠤ ᠪᠠᠢᠭ᠎ᠠ ᠨᠠᠮ᠎ᠤᠨ ᠭᠡᠱᠢᠭᠦᠨ ᠺᠠᠳ᠋ᠷ ᠪᠦᠬᠦᠨ《ᠠᠷᠪᠠᠨ ᠨᠢᠭᠡᠨ ᠴᠢᠩᠭ᠎ᠠ ᠴᠠᠭᠠᠵᠠᠯᠠᠯ》 ᠤ᠋ᠨ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠬᠤ ᠵᠢ ᠠᠬᠢᠭᠤᠯᠵᠦ᠂ ᠬᠢᠨᠠᠯᠲᠠ ᠲᠠᠯᠪᠢᠬᠤ ᠲᠥᠰᠦᠯ ᠲᠣᠭ᠍ᠲᠠᠭᠠᠨ᠂ ᠴᠢᠬᠤᠯᠠᠴᠢᠯᠠᠭ᠍ᠰᠠᠨ ᠬᠡᠮᠵᠢᠶ᠎ᠡ ᠬᠦᠷᠦᠯᠴᠡᠬᠦ᠌ ᠦᠭᠡᠢ ᠵᠡᠷᠭᠡ ᠠᠰᠠᠭᠤᠳᠠᠯ᠎ᠳᠤ᠂ ᠬᠣᠯᠪᠣᠭ᠍ᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ ᠶ᠋ᠢ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠬᠦ᠌᠎ᠶ᠋ᠢ ᠱᠠᠭᠠᠷᠳᠠᠪᠠ᠃ ᠭᠤᠷᠪᠠ᠎ᠳᠤ᠂ 《ᠰᠡᠷᠡᠮᠵᠢᠯᠡᠭᠦᠯᠬᠦ᠂ ᠬᠦᠮᠦᠵᠢᠭᠦᠯᠬᠦ ᠵᠢ ᠵᠡᠷᠭᠡ᠎ᠪᠡᠷ ᠶᠠᠪᠤᠭᠤᠯᠬᠤ》 ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠪᠠ᠃ ᠰᠥᠩ ᠯᠢᠶᠠᠩ ᠵᠡᠷᠭᠡ ᠡᠰᠡᠷᠭᠦ᠌ ᠲᠠᠯ᠎ᠠ᠎ᠶ᠋ᠢᠨ ᠵᠢᠱ᠌ᠢᠶ᠎ᠡ ᠵᠢ ᠠᠱᠢᠭ᠍ᠯᠠᠨ ᠰᠡᠷᠡᠮᠵᠢᠯᠡᠭᠦᠯᠬᠦ᠌᠎ᠶ᠋ᠢᠨ ᠬᠠᠮᠲᠤ ᠦ᠋ ᠬᠠᠨ ᠳ᠋ᠢᠩ᠂ ᠸᠠᠩ ᠶᠠᠨ ᠵᠡᠷᠭᠡ ᠪᠡᠷ ᠵᠥᠪ ᠲᠠᠯ᠎ᠠ ᠢ᠋ᠢᠨ ᠬᠥᠲᠥᠯᠥᠨ ᠳᠠᠭᠠᠭᠤᠯᠤᠬᠴᠢ ᠪᠤᠯᠭᠠᠵᠦ᠂ ᠡᠯ᠎ᠡ ᠱᠠᠲᠤᠨ ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)190 ᠭᠠᠷᠤᠶ ᠲᠠᠯᠠᠪᠤᠷ ᠤᠳᠠᠭ᠎ᠠ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ ᠪᠠ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠵᠡᠷᠭᠡ᠎ᠶ᠋ᠢ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)ᠢ᠋ᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠭᠡᠱᠢᠭᠦᠨ᠎ᠦ ᠥᠪᠡᠰᠦᠪᠡᠨ ᠰᠤᠷᠤᠯᠴᠠᠬᠤ᠎ᠳᠤ ᠵᠠᠪᠠᠯ ᠰᠤᠷᠤᠯᠴᠠᠬᠤ ᠠᠭᠤᠯᠭ᠎ᠠ ᠪᠣᠯᠭᠠᠬᠤ᠎ᠶ᠋ᠢᠨ ᠬᠠᠮᠲᠤ ᠲᠤᠰᠭᠠᠢ ᠱᠢᠯᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠣᠳᠣᠬᠠᠨ ᠪᠣᠯᠲᠠᠯ᠎ᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠥᠪᠯᠡᠷᠡᠭᠦᠯᠦᠨ ᠰᠤᠷᠤᠯᠴᠠᠬᠤ(ᠰᠤᠳᠤᠯᠤᠨ ᠶᠠᠷᠢᠯᠴᠠᠬᠤ)ᠶ᠋ᠢ 270 ᠭᠠᠷᠤᠶ ᠲᠠᠯᠠᠪᠤᠷ ᠤᠳᠠᠭ᠎ᠠ ᠥᠷᠨᠢᠭᠦᠯᠵᠦ᠍᠂ ᠬᠤᠪᠢ ᠬᠥᠮᠦᠨ᠎ᠦ ᠥᠪᠡᠰᠦᠪᠡᠨ ᠰᠤᠷᠤᠯᠴᠠᠬᠤ ᠴᠠᠭ᠎ᠨᠢ ᠴᠥᠮ 20 ᠬᠢᠴᠢᠶᠡᠯ᠎ᠦᠨ ᠴᠠᠭ ᠎ᠲᠤ ᠬᠦᠷᠴᠦ᠍᠂ 180 ᠭᠠᠷᠤᠶ ᠨᠠᠮ᠎ᠤᠨ ᠵᠣᠬᠢᠶᠠᠨ ᠪᠠᠢᠭᠤᠯᠤᠯᠲᠠ ᠲᠥᠪᠯᠡᠷᠡᠭᠦᠯᠦᠨ ᠵᠠᠰᠠᠬᠤ ᠲᠤᠰᠭᠠᠶ ᠲᠦᠷᠦᠯ ᠤ᠋ᠨ ᠱᠢᠯᠭᠠᠯᠲᠠ᠎ᠶ᠋ᠢ ᠥᠷᠨᠢᠭᠦᠯᠪᠡ᠃

ᠤᠯᠠᠭᠠᠨᠬᠠᠳᠠ ᠬᠣᠲᠠ ᠎ᠶ᠋ᠢᠨ ᠬᠤᠩᠱᠠᠨ ᠲᠣᠭᠣᠷᠢᠭ ᠨᠠᠮ ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠳᠦᠷᠢᠮ᠎ᠢ ᠴᠢᠨᠠᠭᠰᠢᠲᠠ ᠪᠦᠷᠢᠨᠱᠢᠭᠦᠯᠦᠨ ᠲᠡᠭᠦᠯᠳᠡᠷᠵᠢᠭᠦᠯᠪᠡ᠃ ᠡᠯ᠎ᠡ ᠦᠨᠳᠦᠰᠦᠨ ᠱᠠᠲᠤᠨ᠎ᠤ ᠨᠠᠮ᠎ᠤᠨ ᠡᠭᠦᠷ ᠤ᠋ᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠥᠯᠥᠪᠯᠡᠭᠡ ᠲᠣᠭ᠍ᠲᠠᠭᠠᠵᠤ᠂ ᠣᠨ ᠤ᠋《ᠭᠤᠷᠪᠠᠨ ᠬᠤᠷᠠᠯ ᠨᠢᠭᠡ ᠬᠢᠴᠢᠶᠡᠯ》 ᠤ᠋ᠨ ᠶᠡᠷᠦᠩᠬᠡᠶ ᠠᠭᠤᠯᠭ᠎ᠠ ᠪᠠ ᠭᠤᠤᠯ ᠰᠡᠳᠦᠪᠲᠦ ᠨᠠᠮ᠎ᠤᠨ ᠡᠳᠦᠷᠯᠢᠭ᠎ᠦᠨ ᠠᠵᠢᠯᠯᠠᠭ᠎ᠠ᠎ᠶ᠋ᠢᠨ ᠭᠤᠤᠯ ᠰᠡᠳᠦᠪ ᠎ᠢ ᠲᠣᠳᠣᠷᠬᠠᠢᠯᠠᠵᠤ᠂ ᠦᠨᠳᠦᠰᠦᠨ ᠱᠠᠲᠤᠨ᠎ᠤ ᠨᠠᠮ (ᠠᠵᠢᠯᠯᠠᠬᠤ) ᠤ᠋ᠨ ᠬᠣᠷᠢᠶ᠎ᠠ ᠎ᠳᠤ ᠮᠡᠳᠡᠭᠦᠯᠦᠨ ᠳᠠᠩᠰᠠᠯᠠᠭᠤᠯᠵᠠᠢ᠃ ᠡᠯ᠎ᠡ ᠦᠨᠳᠦᠰᠦᠨ ᠱᠠᠲᠤᠨ ᠎ᠤ ᠨᠠᠮ ᠎ᠤᠨ (ᠠᠵᠢᠯᠯᠠᠬᠤ)ᠬᠣᠷᠢᠢ᠎ᠠ ᠨᠠᠮ᠎ᠤᠨ ᠡᠭᠦᠷ᠎ᠦᠨ ᠮᠡᠳᠡᠭᠦᠯᠦᠨ ᠳᠠᠩᠰᠠᠯᠠᠭᠤᠯᠬᠤ ᠠᠵᠢᠯ ᠎ᠤᠨ ᠲᠥᠯᠥᠪᠯᠡᠭᠡ ᠎ᠲᠡᠶ ᠬᠠᠷᠭᠤᠭᠤᠯᠵᠤ᠂ ᠴᠠᠭ ᠎ᠤᠨ ᠵᠠᠩᠭᠢᠯᠠᠭ᠎ᠠ ᠎ᠶ᠋ᠢᠨ ᠴᠡᠭ ᠶᠣᠰᠣᠭᠠᠷ᠂ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠡᠳᠦᠷ ᠲᠤᠳᠤᠮ ᠎ᠤᠨ ᠬᠢᠨᠠᠨ ᠪᠠᠢᠴᠠᠭᠠᠯᠲᠠ ᠬᠢᠪᠠ᠃ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠤᠯᠠᠷᠢᠯ ᠪᠦᠷᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠤᠯᠲᠠ ᠎ᠶ᠋ᠢᠨ ᠠᠮᠢᠳᠤᠷᠠᠯ᠎ᠤᠨ ᠲᠦᠷᠢᠮ᠎ᠢ ᠨᠠᠢᠳᠠᠪᠤᠷᠢᠵᠢᠭᠤᠯᠬᠤ ᠵᠡᠷᠭᠡ ᠠᠵᠢᠯ᠎ᠢ ᠥᠷᠨᠢᠭᠦᠯᠵᠦ᠍ ᠪᠠᠢᠭ᠎ᠠ ᠪᠠᠢᠳᠠᠯ᠎ᠳᠤ ᠲᠤᠬᠢᠷᠠᠭᠤᠯᠤᠯᠳᠠ ᠬᠢᠵᠦ᠍᠂ ᠨᠠᠮ᠎ᠤᠨ ᠲᠥᠪ ᠬᠣᠷᠢᠶᠠᠨ ᠎ᠤ ᠡᠷᠬᠡ ᠰᠦᠷ ᠎ᠢ ᠡᠷᠡᠰ ᠬᠠᠮᠠᠭᠠᠯᠠᠭ᠍ᠰᠠᠨ ᠡᠰᠡᠬᠦ᠌᠂ ᠨᠠᠮ ᠎ᠤᠨ ᠤᠯᠤᠰ ᠲᠦᠷᠦ᠍᠎ᠶ᠋ᠢᠨ ᠰᠠᠬᠢᠯᠭ᠎ᠠ ᠪᠠᠲᠤ᠎ᠶ᠋ᠢ ᠲᠦᠷᠦᠭᠦᠯᠡᠨ ᠬᠡᠷᠡᠭ᠌ᠵᠢᠭᠦᠯᠦᠭ᠌ᠰᠡᠨ ᠡᠰᠡᠬᠦ᠌᠂ ᠠᠷᠠᠳᠴᠢᠯᠠᠯ ᠲᠥᠪᠯᠡᠷᠡᠯ ᠎ᠦᠨ ᠶᠣᠰᠣ ᠎ᠶ᠋ᠢ ᠨᠠᠢᠳᠠᠪᠤᠷᠢᠵᠢᠭᠤᠯᠤᠭ᠍ᠰᠠᠨ ᠡᠰᠡᠬᠦ᠌ ᠵᠡᠷᠭᠡ ᠲᠠᠯ᠎ᠠ ᠎ᠠᠴᠠ 《ᠱᠢᠨ᠎ᠡ ᠪᠠᠢᠳᠠᠯ ᠳᠣᠣᠷᠠᠬᠢ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》ᠢ᠋ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠭᠣᠣᠯᠳᠠᠯᠭ᠎ᠠ᠎ᠲᠠᠶ ᠬᠢᠨᠠᠨ ᠪᠠᠢᠴᠠᠭᠠᠵᠠᠢ᠃

ᠪᠤᠭᠤᠲᠤ ᠬᠣᠲᠠ ᠎ᠶ᠋ᠢᠨ ᠱᠢᠭᠤᠢᠳᠤ ᠲᠣᠭᠣᠷᠢᠭ ᠠᠰᠠᠭᠤᠳᠠᠯ ᠎ᠢ ᠪᠠᠢᠴᠠᠭᠠᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠬᠦ᠌ ᠳᠡᠭᠡᠷ᠎ᠡ ᠬᠦᠴᠦ᠍ ᠲᠠᠯᠪᠢᠪᠠ᠃《ᠱᠢᠭᠤᠢᠳᠤ ᠳᠤᠭᠤᠷᠢᠭ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠤᠨ ᠰᠦᠪᠡᠭ᠌ᠴᠢ᠎ᠶ᠋ᠢ ᠪᠠᠢᠴᠠᠭᠠᠨ ᠱᠢᠢᠳᠪᠦᠷᠢᠯᠡᠬᠦ᠌ ᠠᠵᠢᠯ᠎ᠤᠨ ᠲᠣᠭ᠍ᠲᠠᠴᠠ》 ᠵᠢ ᠰᠤᠳᠤᠯᠤᠨ ᠲᠣᠭ᠍ᠲᠠᠭᠠᠵᠤ᠂ ᠪᠠᠢᠴᠠᠭᠠᠨ ᠳᠤᠳᠤᠯᠠᠭ᠍ᠰᠠᠨ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠢ ᠢᠯᠡᠷᠡᠭᠦᠯᠪᠡᠯ᠂ ᠦᠢᠯᠡ ᠪᠠᠢᠳᠠᠯ᠎ᠤᠨ ᠬᠦᠨᠳᠦ ᠬᠦᠩᠭᠡᠨ᠎ᠢ ᠨᠢ ᠦᠨᠳᠦᠰᠦᠯᠡᠵᠦ᠍᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠶᠣᠰᠣᠭᠠᠷ ᠬᠣᠯᠪᠣᠭ᠍ᠳᠠᠯ ᠪᠦᠬᠦᠢ ᠬᠥᠮᠦᠰ᠎ᠲᠦ ᠵᠠᠷᠯᠠᠨ ᠮᠡᠳᠡᠭ᠌ᠳᠡᠵᠦ᠍᠂ ᠰᠡᠷᠡᠮᠵᠢᠯᠡᠭᠦᠯᠦᠨ ᠢᠳᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠠᠢᠩᠭᠤ ᠠᠳᠭᠤᠨ᠂ ᠡᠳᠦᠷ ᠳᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠪᠦᠬᠦ᠌ ᠣᠷᠣᠨ᠎ᠤ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠂ ᠺᠠᠳ᠋ᠷ᠎ᠤᠨ ᠰᠤᠷᠲᠠᠯ ᠎ᠢ ᠰᠠᠢᠵᠢᠷᠠᠭᠤᠯᠬᠤ᠂ ᠠᠵᠢᠯ᠎ᠤᠨ ᠦᠷ᠎ᠡ ᠪᠦᠲᠦᠮᠵᠢ ᠎ᠶ᠋ᠢ ᠳᠡᠭᠡᠭ᠌ᠰᠢᠯᠡᠭᠦᠯᠬᠦ᠌ ᠎ᠶ᠋ᠢ ᠬᠦᠴᠦᠯᠡᠨ ᠠᠬᠢᠭᠤᠯᠪᠠ᠃ ᠣᠳᠣᠬᠠᠨ ᠪᠣᠯᠲᠠᠯ᠎ᠠ᠂ ᠬᠣᠯᠪᠣᠭ᠍ᠳᠠᠯ ᠪᠥᠬᠥᠶ ᠠᠰᠠᠭᠤᠳᠠᠯ᠎ᠢ 4 ᠬᠤᠭᠤᠴᠠᠭ᠎ᠠ ᠵᠠᠷᠯᠠᠨ ᠮᠡᠳᠡᠭ᠌ᠳᠡᠵᠦ᠍᠂ ᠪᠦᠲᠦᠮᠵᠢᠲᠡᠶ ᠰᠦᠷᠳᠡᠭᠦᠯᠬᠦ ᠦᠢᠯᠡᠳᠦᠯ ᠦᠵᠡᠭᠦᠯᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面