2022-05-26 09:03:24
— ᠠᠢᠮᠠᠭ ᠬᠣᠲᠠ ᠵᠢᠨ ᠨᠠᠮ ᠤ᠋ᠨ ᠬᠤᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠤ᠋ᠨ ᠳᠠᠷᠤᠭ᠎ᠠ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠶᠠᠷᠢᠭᠰᠠᠨ ᠨᠢ (ᠨᠢᠭᠡ)
ᠬᠥᠬᠡᠬᠣᠲᠠ ᠵᠢᠨ ᠨᠠᠮ ᠤ᠋ᠨ ᠬᠤᠷᠢᠶᠠᠨ ᠤ᠋ ᠪᠠᠢᠩᠭᠤ ᠵᠢᠨ ᠭᠡᠰᠢᠭᠦᠨ᠂ ᠵᠣᠬᠢᠶᠠᠨ ᠪᠠᠢᠭᠤᠯᠬᠤ ᠬᠡᠯᠲᠡᠰ ᠤ᠋ᠨ ᠳᠠᠷᠤᠭ᠎ᠠ ᠱᠠᠩ ᠵᠢᠩ ᠮᠢᠨ᠄
ᠣᠷᠣᠨ ᠤ᠋ ᠲᠥᠪ ᠤ᠋ᠨ ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠨᠭᠳᠠᠯᠠᠬᠤ ᠦᠯᠢᠬᠡᠷ ᠳᠠᠭᠤᠷᠢᠶᠠᠯ ᠪᠤᠯᠤᠨ᠎ᠠ
ᠶᠡᠷᠦᠩᠬᠡᠢ ᠱᠦᠵᠢ ᠰᠢ ᠵᠢᠨ ᠫᠢᠩ ᠡᠴᠡ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠨᠭᠳᠠᠯᠠᠬᠤ ᠪᠣᠯ ᠨᠢᠭᠡᠨ ᠲᠣᠮᠣ ᠶᠠᠪᠤᠳᠠᠯ ᠮᠥᠨ ᠬᠡᠵᠦ ᠵᠢᠭᠠᠵᠤ ᠭᠠᠷᠭᠠᠪᠡ᠃ ᠣᠷᠣᠨ ᠤ᠋ ᠲᠥᠪ ᠤ᠋ᠨ ᠵᠣᠬᠢᠶᠠᠨ ᠪᠠᠢᠭᠤᠯᠬᠤ ᠰᠠᠯᠠᠭ᠎ᠠ ᠮᠥᠴᠢᠷ ᠪᠣᠯᠤᠭᠰᠠᠨ ᠤ᠋ ᠬᠤᠪᠢ ᠳ᠋ᠦ᠍᠂ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠵᠢ ᠠᠬᠢᠭᠤᠯᠬᠤ ᠥᠨᠳᠥᠷᠴᠡ ᠡᠴᠡ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠵᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭᠠᠨ ᠴᠢᠩᠭ᠎ᠠ ᠠᠳᠭᠤᠨ ᠪᠣᠳᠠᠲᠠᠢ ᠠᠳᠭᠤᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ᠂ ᠤᠯᠤᠰ ᠲᠥᠷᠥ ᠵᠢᠨ ᠠᠮᠢ ᠠᠬᠤᠢ ᠵᠢ ᠴᠡᠪᠡᠷᠰᠢᠭᠦᠯᠬᠦ ᠲᠠᠯ᠎ᠠ ᠪᠠᠷ ᠬᠤᠰᠢᠭᠤᠴᠢᠯᠠᠵᠤ᠂ ᠦᠯᠢᠭᠡᠷ ᠳᠠᠭᠤᠷᠢᠶᠠᠯ ᠪᠣᠯᠬᠤ ᠪᠡᠷ ᠴᠢᠷᠮᠠᠢᠨ᠎ᠠ ᠃
ᠤᠯᠤᠰ ᠲᠥᠷᠥ ᠵᠢᠨ ᠲᠠᠯ᠎ᠠ ᠪᠠᠷ ᠦᠨᠡᠨᠴᠢ ᠰᠢᠳᠤᠷᠭᠤ ᠪᠠᠢᠬᠤ ᠵᠢ ᠪᠠᠲᠤ ᠰᠠᠬᠢᠵᠤ᠂ 《ᠬᠣᠶᠠᠷ ᠢ᠋ ᠲᠣᠭᠲᠠᠭᠠᠬᠰᠠᠨ》᠎ᠢ᠋ ᠰᠢᠳᠤᠷᠭᠤ ᠪᠠᠷ ᠬᠦᠷᠢᠶᠡᠯᠡᠵᠦ᠂《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠦᠨ᠎ᠠ᠃ ᠬᠥᠬᠡᠬᠣᠲᠠ ᠵᠢᠨ ᠨᠠᠮ ᠤ᠋ᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠡᠴᠡ ᠥᠪᠡᠷᠲᠡᠭᠡᠨ ᠵᠠᠰᠠᠬᠤ ᠣᠷᠣᠨ ᠤ᠋ ᠪᠠᠢᠷᠢᠯᠠᠭᠤᠯᠤᠭᠰᠠᠨ 6 ᠲᠠᠯ᠎ᠠ ᠵᠢᠨ ᠭᠣᠣᠯᠳᠠᠯᠭ᠎ᠠ ᠲᠠᠢ ᠡᠭᠦᠷᠭᠡ ᠵᠢ 20 ᠵᠦᠢᠯ ᠤ᠋ᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠨᠠᠷᠢᠯᠢᠭᠵᠢᠭᠤᠯᠵᠤ᠂ ᠠᠵᠢᠯ ᠤ᠋ᠨ ᠲᠤᠰᠭᠠᠢ ᠠᠩᠭᠢ ᠪᠠᠢᠭᠤᠯᠤᠨ᠂《ᠨᠢᠭᠡ ᠭᠠᠷᠠᠭ ᠲᠦ᠍ ᠨᠢᠭᠡ ᠪᠦᠷᠢᠳᠭᠡᠵᠦ᠂ ᠬᠠᠭᠠᠰ ᠰᠠᠷ᠎ᠠ ᠳ᠋ᠦ᠍ ᠨᠢᠭᠡ ᠤᠳᠠᠭ᠎ᠠ ᠲᠣᠬᠢᠷᠠᠭᠤᠯᠬᠤ》ᠠᠵᠢᠯ ᠤ᠋ᠨ ᠲᠣᠭᠲᠠᠴᠠ ᠵᠢ ᠪᠠᠢᠭᠤᠯᠵᠤ᠂ ᠲᠥᠪᠯᠡᠷᠡᠭᠦᠯᠦᠨ ᠵᠠᠰᠠᠬᠤ ᠠᠵᠢᠯ ᠤ᠋ᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠦᠨ᠎ᠠ ᠃
ᠤᠯᠤᠰ ᠲᠥᠷᠥ ᠵᠢᠨ ᠠᠮᠢ ᠠᠬᠤᠢ ᠵᠢ ᠪᠤᠢ ᠪᠤᠯᠭᠠᠵᠤ᠂ ᠬᠥᠮᠦᠨ ᠢ᠋ ᠣᠨᠣᠪᠴᠢᠲᠠᠢ ᠰᠣᠩᠭᠣᠬᠤ᠂ ᠬᠥᠮᠦᠨ ᠢ᠋ ᠰᠠᠢᠳᠤᠷ ᠬᠡᠷᠡᠭᠯᠡᠬᠦ ᠵᠥᠪ ᠤᠳᠤᠷᠢᠳᠤᠮᠵᠢ ᠵᠢ ᠪᠠᠲᠤ ᠪᠡᠬᠢ ᠪᠣᠢ ᠪᠣᠯᠭᠠᠨ᠎ᠠ ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠤ᠋ᠨ ᠬᠢᠨ ᠰᠠᠢᠨ ᠺᠠᠳ᠋ᠷ ᠤ᠋ᠨ ᠪᠠᠷᠢᠮᠵᠢᠶ᠎ᠠ ᠪᠠᠷ ᠬᠥᠮᠦᠨ ᠢ᠋ ᠵᠥᠪ ᠰᠣᠩᠭᠣᠨ ᠬᠥᠮᠦᠨ ᠢ᠋ ᠵᠥᠪ ᠬᠡᠷᠡᠭᠯᠡᠬᠦ ᠵᠢ ᠪᠠᠷᠢᠮᠲᠠᠯᠠᠵᠤ ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠳ᠋ᠦ᠍ ᠪᠠᠲᠤ ᠴᠢᠩᠭ᠎ᠠ ᠵᠣᠬᠢᠶᠠᠨ ᠪᠠᠢᠭᠤᠯᠤᠯᠲᠠ ᠵᠢᠨ ᠪᠠᠲᠤᠯᠠᠭ᠎ᠠ ᠬᠠᠩᠭᠠᠨ᠎ᠠ︔ ᠤᠯᠤᠰ ᠲᠥᠷᠥ ᠵᠢᠨ ᠪᠠᠷᠢᠮᠵᠢᠶ᠎ᠠ ᠵᠢ ᠳᠣᠪᠣᠢᠯᠭᠠᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ᠋ ᠭᠠᠵᠠᠷ ᠤ᠋ᠨ ᠳᠡᠰ ᠤ᠋ᠨ ᠺᠠᠳ᠋ᠷ ᠤ᠋ᠨ ᠤᠯᠤᠰ ᠲᠥᠷᠥ ᠵᠢᠨ ᠳᠠᠩᠰᠠ ᠡᠪᠬᠡᠮᠡᠯ ᠳ᠋ᠦ᠍ ᠣᠷᠣᠭᠤᠯᠵᠤ ᠂ ᠤᠯᠤᠰ ᠲᠥᠷᠥ ᠵᠢᠨ ᠲᠠᠯ᠎ᠠ ᠪᠠᠷ ᠬᠢᠷᠢ ᠲᠡᠩᠴᠡᠭᠰᠡᠨ ᠦᠭᠡᠢ ᠵᠢ ᠨᠢ《ᠨᠢᠭᠡ ᠪᠢᠯᠸᠲ ᠵᠢᠡᠷ ᠦᠭᠡᠢᠰᠭᠡᠨ᠎ᠡ》; ᠰᠤᠷᠤᠯᠴᠠᠬᠤ ᠵᠢᠨ ᠳᠠᠭᠠᠤ ᠪᠠᠢᠴᠠᠭᠠᠨ ᠰᠠᠢᠵᠢᠷᠠᠭᠤᠯᠬᠤ ᠵᠢ ᠪᠠᠷᠢᠮᠲᠠᠯᠠᠵᠤ᠂ ᠤᠯᠤᠰ ᠲᠥᠷᠥ ᠵᠢᠨ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠵᠦ᠂ ᠵᠠᠩᠭᠢᠯᠠᠭ᠎ᠠ ᠵᠢᠨ ᠬᠥᠮᠦᠨ ᠢ᠋ ᠰᠠᠢᠲᠤᠷ ᠬᠠᠮᠢᠶᠠᠷᠴᠤ᠂ ᠵᠠᠩᠭᠢᠯᠠᠭ᠎ᠠ ᠵᠢᠨ ᠭᠠᠵᠠᠷ ᠢ᠋ ᠰᠠᠢᠳᠤᠷ ᠬᠠᠮᠢᠶᠠᠷᠴᠤ᠂ ᠵᠠᠩᠭᠢᠯᠠᠭ᠎ᠠ ᠵᠢᠨ ᠶᠠᠪᠤᠳᠠᠯ ᠢ᠋ ᠰᠠᠢᠲᠤᠷ ᠬᠠᠮᠢᠶᠠᠷᠴᠤ᠂ ᠵᠠᠩᠭᠢᠯᠠᠭ᠎ᠠ ᠵᠢᠨ ᠴᠠᠭ ᠦᠶ᠎ᠡ ᠳ᠋ᠦ᠍ ᠰᠠᠢᠳᠤᠷ ᠬᠠᠮᠢᠶᠠᠷᠤᠨ᠎ᠠ;《ᠠᠷᠪᠠᠨ ᠨᠢᠭᠡᠨ ᠵᠤᠷᠪᠤᠰ ᠴᠢᠩᠭ᠎ᠠ ᠴᠠᠭᠠᠵᠠᠯᠠᠬᠤ》ᠵᠢ ᠬᠢᠨᠠᠨ ᠰᠢᠯᠭᠠᠨ ᠦᠨᠡᠯᠡᠬᠦ᠂ ᠲᠡᠷᠢᠭᠦᠨ ᠦ᠌ ᠬᠢ ᠵᠢ ᠰᠢᠯᠭᠠᠷᠠᠭᠤᠯᠵᠤ ᠰᠢᠯᠢᠳᠡᠭ ᠢ᠋ ᠰᠢᠯᠭᠠᠷᠠᠭᠤᠯᠬᠤ ᠵᠢᠨ ᠴᠢᠬᠤᠯᠠ ᠠᠭᠤᠯᠭ᠎ᠠ ᠪᠣᠯᠭᠠᠵᠤ᠂ ᠪᠠᠲᠤ ᠨᠠᠢᠳᠠᠪᠤᠷᠢᠲᠠᠢ᠂ ᠪᠣᠳᠠᠲᠤ ᠪᠦᠲᠦᠮᠵᠢᠲᠡᠢ᠂ ᠪᠣᠳᠠᠲᠠᠢ ᠠᠵᠢᠯᠯᠠᠬᠤ ᠬᠥᠮᠦᠨ ᠬᠡᠷᠡᠭᠯᠡᠬᠦ ᠤᠳᠤᠷᠢᠳᠤᠮᠵᠢ ᠵᠢ ᠪᠣᠢ ᠪᠤᠯᠭᠠᠨ᠎ᠠ; ᠤᠯᠤᠰ ᠲᠥᠷᠥ ᠵᠢᠨ ᠪᠣᠯᠪᠠᠰᠤᠷᠠᠯ ᠢ᠋ ᠴᠢᠩᠭᠠᠳᠭᠠᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠡᠯ᠎ᠡ ᠵᠦᠢᠯ ᠤ᠋ᠨ ᠳᠦᠷᠢᠮ ᠤ᠋ᠨ ᠨᠠᠢᠳᠠᠪᠤᠷᠢᠵᠢᠭᠤᠯᠤᠯᠲᠠ ᠵᠢ ᠴᠢᠩᠭ᠎ᠠ ᠪᠣᠳᠠᠲᠠᠢ ᠰᠠᠢᠲᠤᠷ ᠠᠳᠭᠤᠨ᠎ᠠ ᠃ ᠶᠡᠷᠦᠩᠬᠡᠢ ᠱᠦᠵᠢ ᠰᠢ ᠵᠢᠨ ᠫᠢᠩ ᠡᠴᠡ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠨᠭᠳᠠᠯᠠᠬᠤ ᠳ᠋ᠦ᠍ ᠪᠠᠢᠩᠭᠤ ᠵᠢᠨ ᠴᠢᠨᠠᠷᠳᠠᠢ ᠪᠠᠢᠬᠤ ᠬᠡᠷᠡᠭᠲᠡᠢ᠂ ᠨᠠᠷᠢᠨ ᠬᠢᠨᠠᠮᠠᠭᠠᠢ ᠪᠠᠢᠬᠤ ᠬᠡᠷᠡᠭᠳᠡᠢ᠂ ᠨᠠᠷᠢᠨ ᠵᠦᠢᠯᠡᠰ ᠢ᠋ ᠴᠢᠬᠤᠯᠠᠴᠢᠯᠠᠬᠤ ᠬᠡᠷᠡᠭᠲᠡᠢ ᠭᠡᠵᠤ ᠴᠢᠬᠤᠯᠠᠴᠢᠯᠠᠵᠠᠢ ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠢ ᠨᠠᠮ ᠢ᠋ ᠬᠠᠮᠢᠶᠠᠷᠴᠤ ᠨᠠᠮ ᠢ᠋ ᠵᠠᠰᠠᠬᠤ ᠴᠢᠬᠤᠯᠠ ᠡᠭᠦᠷᠭᠡ ᠴᠢᠳᠠᠪᠬᠢᠲᠤ ᠰᠠᠯᠠᠭ᠎ᠠ ᠮᠥᠴᠢᠷ ᠪᠣᠯᠤᠭᠰᠠᠨ ᠤ᠋ ᠬᠤᠪᠢ ᠳ᠋ᠦ᠍ ᠂ ᠦᠵᠡᠯ ᠰᠠᠨᠠᠭᠠᠨ ᠤ᠋ ᠬᠥᠮᠦᠵᠢᠯ ᠭᠡᠬᠦ ᠡᠨᠡ ᠬᠦ᠌ ᠦᠨᠳᠦᠰᠦᠨ ᠵᠦᠢᠯ ᠢ᠋ ᠰᠠᠢᠲᠤᠷ ᠠᠳᠭᠤᠵᠤ᠂ ᠵᠣᠬᠢᠶᠠᠨ ᠪᠠᠢᠭᠤᠯᠤᠯᠲᠠ ᠵᠢᠨ ᠠᠮᠢᠳᠤᠷᠠᠯ ᠭᠡᠬᠦ ᠡᠨᠡ ᠬᠦ᠌ ᠪᠠᠢᠩᠭᠤ ᠵᠢᠨ ᠴᠢᠨᠠᠷᠲᠠᠢ ᠠᠷᠭ᠎ᠠ ᠪᠠᠷᠢᠯ ᠢ᠋ ᠰᠠᠢᠲᠤᠷ ᠬᠡᠷᠡᠭᠯᠡᠬᠦ ᠴᠢᠬᠤᠯᠠᠳᠠᠢ ᠶᠤᠮ ᠃
ᠪᠤᠭᠤᠲᠤ ᠬᠣᠲᠠ ᠵᠢᠨ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠰᠢᠭᠦᠨ᠂ ᠵᠣᠬᠢᠶᠠᠨ ᠪᠠᠢᠭᠤᠯᠬᠤ ᠬᠡᠯᠲᠡᠰ ᠤ᠋ᠨ ᠳᠠᠷᠤᠭ᠎ᠠ ᠵᠠᠩ ᠢ ᠰᠢᠶᠠᠨ᠄
ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠬᠡᠪᠵᠢᠬᠦᠯᠵᠤ ᠵᠢᠷᠤᠮᠵᠢᠭᠤᠯᠬᠤ ᠵᠢ ᠪᠦᠬᠦ ᠬᠦᠴᠦᠨ ᠵᠢᠡᠷ ᠠᠬᠢᠭᠤᠯᠤᠨ᠎ᠠ
ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠦ᠍ ᠣᠷᠣᠯᠴᠠᠬᠤ ᠳ᠋ᠠᠭᠠᠨ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠵᠢ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠵᠢᠨ ᠭᠦᠨᠵᠡᠭᠡᠢᠷᠡᠨ ᠬᠥᠭᠵᠢᠬᠦ ᠵᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠪᠦᠬᠦ ᠳᠠᠯ᠎ᠠ ᠪᠡᠷ ᠡᠷᠡᠭᠦᠯ ᠵᠢᠷᠤᠮᠵᠢᠭᠤᠨ ᠵᠠᠮ ᠳ᠋ᠦ᠍ ᠪᠤᠴᠠᠬᠤ ᠵᠢ ᠲᠦᠷᠭᠡᠳᠭᠡᠨ ᠠᠬᠢᠭᠤᠯᠬᠤ ᠬᠡᠷᠡᠭᠲᠡᠢ ᠭᠡᠵᠦ ᠣᠨᠴᠠᠯᠠᠨ ᠴᠢᠬᠤᠯᠠᠴᠢᠯᠠᠪᠠ ᠃ ᠪᠤᠭᠤᠳᠤ ᠬᠣᠲᠠ ᠵᠢᠨ ᠬᠢᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠵᠢᠯ ᠤ᠋ᠨ ᠱᠠᠭᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠵᠢ ᠯᠠᠪᠳᠠᠭᠤᠨ ᠪᠠᠲᠤᠲᠠᠢ ᠠᠬᠢᠭᠤᠯᠵᠤ ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠬᠡᠪᠵᠢᠬᠦᠯᠵᠤ ᠵᠢᠷᠤᠮᠵᠢᠭᠤᠯᠬᠤ ᠵᠢ ᠪᠦᠬᠦ ᠬᠦᠴᠦᠨ ᠵᠢᠨᠷ ᠠᠬᠢᠭᠤᠯᠤᠨ᠎ᠠ ᠃
ᠤᠢᠯᠠᠭᠠᠭᠤᠯᠵᠤ ᠬᠠᠳᠠᠩᠰᠢᠭᠤᠯᠬᠤ ᠳᠡᠭᠡᠷ᠎ᠡ ᠦᠨᠡᠨ ᠬᠦ᠌ ᠬᠦᠴᠦ ᠣᠷᠣᠭᠤᠯᠤᠨ᠎ᠠ᠃ ᠨᠠᠮ ᠤ᠋ᠨ ᠭᠡᠰᠢᠭᠦᠨ ᠺᠠᠳ᠋ᠷᠴᠤᠳ ᠢ᠋ ᠵᠣᠬᠢᠶᠠᠨ ᠪᠠᠢᠭᠤᠯᠤᠨ ᠰᠢ ᠵᠢᠨ ᠫᠢᠩ ᠤ᠋ᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢ ᠰᠠᠢ᠌ᠳᠤᠷ ᠤᠢ᠍ᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠵᠤ ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠥᠭᠦᠯᠡᠯᠲᠡ᠂ ᠨᠠᠮ ᠤ᠋ᠨ ᠳᠦᠷᠢᠮ ᠪᠠ《ᠰᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ᠎ᠨᠤᠭᠤᠳ》 ᠵᠡᠷᠭᠡ ᠬᠠᠤᠯᠢ ᠲᠣᠭᠲᠠᠭᠠᠯ ᠳᠦᠷᠢᠮ ᠢ᠋ ᠳᠠᠬᠢᠨ ᠳᠠᠪᠲᠠᠨ ᠰᠤᠷᠤᠯᠴᠠᠵᠤ ᠂《ᠬᠣᠶᠠᠷ ᠢ᠋ ᠲᠣᠭᠲᠠᠭᠠᠬᠰᠠᠨ》 ᠢ᠋ ᠰᠢᠳᠤᠷᠭᠤ ᠪᠡᠷ ᠬᠦᠷᠢᠶᠡᠯᠡᠬᠦ ᠂ 《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠬᠦ ᠦᠵᠡᠯ ᠰᠠᠨᠠᠭ᠎ᠠ ᠤᠯᠤᠰ ᠲᠥᠷᠥ ᠵᠢᠨ ᠰᠠᠭᠤᠷᠢ ᠵᠢ ᠴᠢᠨᠠᠭᠰᠢᠳᠠ ᠪᠠᠲᠤᠳᠭᠠᠨ᠎ᠠ ᠃
ᠭᠦᠨᠵᠡᠭᠡᠢᠷᠡᠭᠦᠯᠦᠨ ᠪᠣᠳᠠᠲᠠᠢᠵᠢᠭᠤᠯᠬᠤ ᠳᠡᠭᠡᠷ᠎ᠡ ᠦᠨᠡᠨ ᠬᠦ᠌ ᠬᠦᠴᠦ ᠣᠷᠣᠭᠤᠯᠤᠨ᠎ᠠ᠃ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠵᠢ ᠪᠠᠢᠩᠭᠤ ᠠᠳᠭᠤᠵᠤ ᠂ ᠡᠳᠦᠷ ᠳᠣᠳᠣᠮ ᠤ᠋ᠨ ᠠᠵᠢᠯ ᠳ᠋ᠦ᠍ ᠠᠭᠤᠰᠤᠯᠴᠠᠭᠤᠯᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠡᠯ᠎ᠡ ᠵᠦᠢᠯ ᠤ᠋ᠨ ᠡᠭᠦᠷᠭᠡ ᠵᠢ ᠴᠢᠩᠭ᠎ᠠ ᠪᠣᠳᠠᠲᠠᠢ ᠨᠠᠷᠢᠨ ᠨᠠᠢᠳᠠᠪᠤᠷᠢᠵᠢᠭᠤᠯᠤᠨ᠎ᠠ; ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠬᠰᠠᠨ ᠠᠰᠠᠭᠤᠳᠠᠯ ᠤ᠋ᠨ《11ᠲᠠᠯ᠎ᠠ ᠵᠢᠨ 54 ᠪᠣᠳᠠᠲᠠᠢ ᠢᠯᠡᠷᠡᠯ》᠎ᠳ᠋ᠦ᠍《ᠶᠡᠬᠡ ᠪᠠᠷ ᠪᠠᠢᠴᠠᠭᠠᠬᠤ》᠂《ᠶᠡᠬᠡ ᠪᠠᠷ ᠴᠡᠪᠡᠷᠯᠡᠬᠦ》᠂《ᠶᠡᠬᠡ ᠪᠠᠷ ᠴᠡᠭᠴᠡᠯᠡᠨ ᠰᠠᠢᠵᠢᠷᠠᠭᠤᠯᠬᠤ》 ᠠᠵᠢᠯ ᠬᠢᠵᠦ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠡᠷᠡᠭᠦᠯ ᠵᠢᠷᠤᠮᠵᠢᠭᠤᠨ ᠪᠠᠢᠬᠤ ᠵᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠨ᠎ᠠ ᠃
ᠦᠷ᠎ᠡ ᠪᠦᠲᠦᠮᠵᠢ ᠣᠯᠬᠤ ᠳᠡᠭᠡᠷ᠎ᠡ ᠦᠨᠡᠨ ᠬᠦ᠌ ᠬᠦᠴᠦ ᠲᠠᠯᠪᠢᠨ᠎ᠠ᠃ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠢᠵᠢ ᠪᠦᠷᠢᠳᠦᠭᠰᠡᠨ ᠳᠦᠷᠢᠮ ᠤ᠋ᠨ ᠵᠢᠷᠤᠮᠵᠢᠯ ᠢ᠋ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠣᠷᠴᠢᠨ ᠠᠬᠤᠢ ᠵᠢ ᠴᠢᠷᠮᠠᠢᠨ ᠪᠣᠢ ᠪᠣᠯᠭᠠᠵᠤ᠂ ᠡᠷᠡᠭᠦᠯ ᠲᠣᠭᠲᠠᠭᠤᠨ ᠠᠵᠤ ᠠᠬᠤᠢ ᠵᠢᠨ ᠣᠷᠴᠢᠨ ᠠᠬᠤᠢ᠂ ᠲᠥᠷᠥ ᠲᠦᠪᠰᠢᠨ ᠲᠦᠮᠡᠨ ᠠᠮᠤᠭᠤᠯᠠᠩ ᠨᠡᠢᠭᠡᠮ ᠤ᠋ᠨ ᠣᠷᠴᠢᠨ ᠠᠬᠤᠢ ᠵᠢ ᠪᠠᠲᠤᠯᠠᠬᠤ ᠵᠢ ᠬᠥᠲᠥᠯᠦᠨ ᠳᠠᠭᠠᠭᠤᠯᠵᠤ᠂ ᠪᠣᠳᠠᠲᠤ ᠠᠵᠢᠯᠯᠠᠭ᠎ᠠ ᠪᠠᠷ ᠢ᠋ᠶ᠋ᠠᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠵᠢ ᠤᠭᠳᠤᠨ᠎ᠠ᠃
ᠬᠥᠯᠥᠨ ᠪᠤᠢᠷ ᠬᠣᠲᠠ ᠵᠢᠨ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠰᠢᠭᠦᠨ᠂ ᠵᠣᠬᠢᠶᠠᠨ ᠪᠠᠢᠭᠤᠯᠬᠤ ᠬᠡᠯᠲᠡᠰ ᠤ᠋ᠨ ᠳᠠᠷᠤᠭ᠎ᠠ ᠶᠠᠨ ᠢ ᠱᠧᠩ ᠄
《ᠵᠠᠩᠭᠢᠯᠠᠭ᠎ᠠ ᠵᠢᠨ ᠴᠥᠭᠡᠨ ᠲᠣᠭᠠᠲᠠᠨ》 ᠢ᠋ ᠴᠢᠩᠭ᠎ᠠ ᠠᠩᠬᠠᠷᠴᠤ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠪᠦᠬᠦ ᠲᠠᠯ᠎ᠠ ᠪᠡᠷ ᠵᠢᠷᠤᠮᠵᠢᠭᠤᠨ ᠪᠠᠢᠬᠤ ᠵᠢ ᠠᠬᠢᠭᠤᠯᠤᠨ᠎ᠠ
ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠦ᠍ ᠣᠷᠣᠯᠴᠠᠬᠤ ᠳ᠋ᠠᠭᠠᠨ ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠵᠢ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠵᠢᠨ ᠭᠦᠨᠵᠡᠭᠡᠢᠷᠡᠨ ᠬᠥᠭᠵᠢᠬᠦ ᠵᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠪᠦᠬᠦ ᠳᠠᠯ᠎ᠠ ᠪᠡᠷ ᠵᠢᠷᠤᠮᠵᠢᠭᠤᠨ ᠵᠠᠮ ᠳ᠋ᠦ᠍ ᠪᠤᠴᠠᠬᠤ ᠵᠢ ᠲᠦᠷᠭᠡᠳᠭᠡᠨ ᠠᠬᠢᠭᠤᠯᠬᠤ ᠬᠡᠷᠡᠭᠲᠡᠢ ᠭᠡᠵᠦ ᠣᠨᠴᠠᠯᠠᠨ ᠴᠢᠬᠤᠯᠠᠴᠢᠯᠠᠪᠠ ᠃ ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ ᠤ᠋ᠨ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠪᠤᠯᠤᠨ ᠨᠠᠮ ᠤ᠋ᠨ ᠲᠥᠪ ᠬᠣᠷᠢᠶᠠᠨ ᠤ᠋ ᠪᠠᠢᠷᠢᠯᠠᠭᠤᠯᠤᠯᠲᠠ ᠱᠠᠭᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂《ᠵᠠᠩᠭᠢᠯᠠᠭ᠎ᠠ ᠵᠢᠨ ᠴᠥᠭᠡᠨ ᠲᠣᠭᠠᠲᠠᠨ》᠎ᠢ᠋ ᠴᠢᠩᠭ᠎ᠠ ᠠᠩᠬᠠᠷᠴᠤ᠂ ᠶᠡᠷᠦᠩᠬᠡᠢ ᠱᠦᠵᠢ ᠵᠢᠨ ᠴᠢᠬᠤᠯᠠ ᠵᠢᠭᠠᠪᠤᠷᠢ ᠵᠢ ᠡᠴᠦᠰ ᠲᠤᠨᠢ ᠲᠤᠯᠲᠠᠯ᠎ᠠ ᠨᠠᠢᠳᠠᠪᠤᠷᠢᠵᠢᠭᠤᠯᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠬᠠᠮᠢᠶᠠᠷᠴᠤ᠂ ᠴᠢᠩᠭ᠎ᠠ ᠪᠣᠳᠠᠲᠠᠢ ᠠᠳᠭᠤᠨ᠎ᠠ ᠃
ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠳ᠋ᠦ᠍ ᠡᠷᠬᠡᠪᠰᠢ ᠬᠦᠰᠡᠯᠡᠩ ᠢᠲᠡᠭᠡᠯ ᠪᠢᠰᠢᠷᠡᠯ ᠢ᠋ᠶ᠋ᠠᠨ ᠪᠠᠲᠤᠳᠭᠠᠬᠤ ᠵᠢ ᠲᠡᠷᠢᠭᠦᠨ ᠴᠢᠬᠤᠯᠠ ᠡᠭᠦᠷᠭᠡ ᠪᠠᠨ ᠪᠤᠯᠭᠠᠬᠤ ᠴᠢᠬᠤᠯᠠᠳᠠᠢ᠃ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠵᠢ ᠨᠠᠰᠤᠨ ᠲᠤᠷᠰᠢᠲᠠ ᠳᠠᠪᠲᠠᠨ ᠪᠣᠯᠪᠠᠰᠤᠷᠠᠬᠤ ᠵᠢᠨ ᠴᠢᠬᠤᠯᠠ ᠰᠡᠳᠦᠪ ᠪᠣᠯᠭᠠᠵᠤ᠂ ᠤᠯᠤᠰ ᠲᠥᠷᠥ ᠵᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠵᠢᠨ ᠣᠬᠠᠪᠤᠷᠢᠯᠠᠬᠤ ᠴᠢᠳᠠᠪᠤᠷᠢ᠂ ᠤᠯᠤᠰ ᠲᠥᠷᠥ ᠵᠢᠨ ᠬᠦᠢᠴᠡᠳᠭᠡᠭᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂《ᠬᠣᠶᠠᠷ ᠢ᠋ ᠲᠣᠭᠲᠠᠭᠠᠬᠰᠠᠨ》᠎ᠢ᠋ ᠰᠢᠳᠤᠷᠭᠤ ᠪᠠᠷ ᠬᠦᠷᠢᠶᠡᠯᠡᠨ᠂《ᠬᠣᠶᠠᠷ ᠢ᠋ ᠬᠠᠮᠠᠭᠠᠯᠠᠬᠤ》ᠵᠢ ᠡᠷᠡᠰ ᠪᠡᠶᠡᠯᠡᠭᠦᠯᠤᠨ᠎ᠠ ᠃
ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠳ᠋ᠦ᠍ ᠡᠷᠬᠡᠪᠰᠢ ᠬᠥᠮᠦᠨ ᠬᠡᠷᠡᠭᠯᠡᠬᠦ ᠵᠥᠪ ᠤᠳᠤᠷᠢᠳᠤᠮᠵᠢ ᠵᠢ ᠡᠬᠢ ᠦᠨᠳᠤᠰᠤ ᠡᠴᠡ ᠨᠢ ᠵᠠᠰᠠᠬᠤ ᠪᠣᠳᠣᠯᠭ᠎ᠠ ᠪᠠᠨ ᠪᠣᠯᠭᠠᠬᠤ ᠴᠢᠬᠤᠯᠠᠳᠠᠢ᠃ ᠬᠥᠮᠦᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠪᠠ ᠡᠯ᠎ᠡ ᠵᠦᠢᠯ ᠤ᠋ᠨ ᠬᠡᠯᠪᠡᠢᠯᠳᠡ ᠵᠢ ᠤᠬᠠᠮᠰᠠᠷ ᠠ᠋ᠴᠠ ᠪᠠᠨ ᠰᠡᠷᠭᠡᠢᠯᠡᠨ ᠵᠠᠯᠠᠷᠠᠭᠤᠯᠵᠤ ᠂ ᠤᠯᠤᠰ ᠲᠥᠷᠥ ᠵᠢᠨ ᠪᠣᠭᠣᠮᠲᠠ ᠂ ᠵᠠᠩ ᠰᠤᠷᠲᠠᠯ ᠤ᠋ᠨ ᠪᠣᠭᠣᠮᠲᠠ᠂ ᠬᠡᠪ ᠰᠤᠷᠲᠠᠯ ᠤ᠋ᠨ ᠪᠣᠭᠣᠮᠲᠠ᠂ ᠠᠷᠢᠭᠤᠨ ᠴᠢᠬᠡᠴᠢ ᠵᠢᠨ ᠪᠣᠭᠣᠮᠲᠠ ᠵᠢ ᠦᠨᠡᠨ ᠬᠦ᠌ ᠪᠠᠲᠤ ᠰᠠᠬᠢᠵᠤ᠂ ᠰᠤᠷᠲᠠᠯ ᠴᠢᠬᠡᠴᠢ ᠣᠪᠣᠷ ᠲᠥᠪ ᠪᠠᠢᠬᠤ ᠬᠥᠮᠦᠨ ᠬᠡᠷᠡᠭᠯᠡᠬᠦ ᠣᠷᠴᠢᠨ ᠨᠥᠬᠥᠴᠡᠯ ᠵᠢᠨᠷ ᠠᠷᠢᠭᠤᠨ ᠴᠢᠬᠡᠴᠢ ᠤᠯᠤᠰ ᠲᠥᠷᠥ ᠵᠢᠨ ᠠᠮᠢ ᠠᠬᠤᠢ ᠵᠢ ᠪᠣᠢ ᠪᠤᠯᠭᠠᠨ᠎ᠠ ᠃
ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠳ᠋ᠦ᠍ ᠡᠷᠬᠡᠪᠰᠢ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠵᠢ ᠴᠢᠬᠤᠯᠠ ᠪᠠᠲᠤᠯᠠᠭ᠎ᠠ ᠪᠠᠨ ᠪᠣᠯᠭᠠᠬᠤ ᠴᠢᠬᠤᠯᠠᠳᠠᠢ ᠃ ᠵᠠᠩᠭᠢᠯᠠᠭ᠎ᠠ ᠵᠢᠨ ᠬᠥᠮᠦᠨ ᠵᠠᠩᠭᠢᠯᠠᠭ᠎ᠠ ᠵᠢᠨ ᠶᠠᠪᠤᠳᠠᠯ ᠢ᠋ ᠰᠠᠢᠲᠤᠷ ᠠᠩᠬᠠᠷᠴᠤ᠂ ᠵᠠᠩᠭᠢᠯᠠᠭ᠎ᠠ ᠵᠢᠨ ᠴᠠᠭ ᠵᠠᠩᠭᠢᠯᠠᠭ᠎ᠠ ᠵᠢᠨ ᠭᠠᠵᠠᠷ ᠲᠦ᠍ ᠬᠠᠮᠢᠶᠠᠷᠤᠯᠳᠠ ᠬᠢᠵᠤ᠂ ᠭᠣᠣᠯᠳᠠᠯᠭ᠎ᠠ ᠲᠠᠢ ᠰᠠᠯᠠᠭ᠎ᠠ ᠮᠥᠴᠢᠷ ᠪᠠ ᠵᠠᠩᠭᠢᠯᠠᠭ᠎ᠠ ᠵᠢᠨ ᠠᠵᠢᠯ ᠤ᠋ᠨ ᠪᠠᠢᠷᠢ ᠵᠢᠨ ᠺᠠᠳ᠋ᠷ᠂ ᠢᠯᠠᠩᠭᠤᠶ᠎ᠠ 《ᠨᠢᠭᠡᠳᠦᠭᠡᠷ ᠭᠠᠷ》 ᠲᠦ᠍ ᠠᠩᠬᠠᠷᠤᠯ ᠢ᠋ᠶ᠋ᠠᠨ ᠲᠥᠪᠯᠡᠷᠡᠭᠦᠯᠵᠦ᠂ ᠬᠡᠯᠪᠡᠷᠢᠯ ᠤ᠋ᠨ ᠴᠢᠨᠠᠷᠲᠠᠢ᠂ ᠴᠤᠬᠤᠢᠯᠲᠠ ᠵᠢᠨ ᠴᠢᠨᠠᠷᠲᠠᠢ ᠠᠰᠠᠭᠤᠳᠠᠯ ᠢ᠋ ᠴᠠᠭ ᠲᠤᠬᠠᠢ ᠳ᠋ᠤᠨᠢ ᠢᠯᠡᠷᠡᠭᠦᠯᠦᠨ ᠵᠠᠯᠠᠷᠠᠭᠤᠯᠵᠤ᠂ ᠨᠠᠮ ᠤ᠋ᠨ ᠪᠡᠶ᠎ᠡ ᠴᠣᠭᠴᠠ ᠵᠢᠨ ᠡᠰ ᠨᠢᠭᠡᠪᠦᠷᠢ ᠵᠢ ᠪᠦᠬᠦ ᠲᠠᠯ᠎ᠠ ᠪᠠᠷ ᠡᠷᠡᠭᠦᠯ ᠴᠢᠭᠢᠷᠠᠭ ᠪᠣᠯᠭᠠᠨ᠎ᠠ ᠃
ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠳ᠋ᠦᠩ ᠱᠢᠨ ᠶᠤᠸᠠᠢ᠄
ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠰᠠᠢᠲᠤᠷ ᠠᠳᠭᠤᠵᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠨ᠎ᠠ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠦ᠂ ᠪᠦᠬᠦ᠌ ᠣᠷᠣᠨ᠎ᠳᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠪᠠᠢᠷᠢᠯᠠᠭᠤᠯᠤᠨ ᠦᠷᠨᠢᠭᠦᠯᠵᠦ᠂《ᠬᠣᠶᠠᠷ᠎ᠢ ᠲᠣᠭ᠍ᠲᠠᠭᠠᠬᠰᠠᠨ》᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠂《ᠬᠣᠶᠠᠷ᠎ᠢ ᠬᠠᠮᠠᠭᠠᠯᠠᠬᠤ》ᠤᠯᠤᠰ ᠲᠥᠷᠥ᠎ᠶ᠋ᠢᠨ ᠤᠬᠠᠮᠰᠠᠷ᠎ᠢ ᠡᠷᠡᠰ ᠪᠡᠶᠡᠯᠡᠭᠦᠯᠦᠭᠰᠡᠨ ᠢ᠋ ᠬᠦᠢᠴᠡᠳ ᠢᠯᠡᠷᠡᠭᠦᠯᠵᠦ᠂《ᠤᠬᠲᠦ ᠠᠭᠤᠴᠢᠯᠠᠬᠤ ᠦᠭᠡᠢ》 ᠣᠪᠣᠷ᠎ᠢᠶᠠᠷ ᠢᠯᠵᠠᠷᠠᠯ᠎ᠢ ᠵᠠᠯᠬᠠᠭᠠᠨ ᠱᠢᠢᠳᠭᠡᠵᠦ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠶ᠋ᠢ ᠳᠠᠬᠢᠨ ᠴᠣᠭ᠍ᠴᠠᠯᠠᠬᠤ ᠡᠷᠡᠰ ᠵᠣᠷᠢᠭ ᠢ᠋ ᠬᠦᠢᠴᠡᠳ ᠢᠯᠡᠷᠡᠭᠦᠯᠵᠦ᠂ ᠡᠷᠡᠭᠦᠯ ᠪᠦᠭᠡᠳ ᠲᠣᠭ᠍ᠲᠠᠭᠤᠨ ᠠᠵᠤ ᠠᠬᠤᠶ᠎ᠶ᠋ᠢᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠂ ᠲᠥᠷᠥ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠎ᠢ ᠪᠤᠢ ᠪᠤᠯᠭᠠᠬᠤ ᠪᠣᠳᠠᠲᠤ ᠦᠷ᠎ᠡ ᠪᠦᠲᠦᠮᠵᠢ ᠪᠡᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ᠃
ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠨ᠎ᠠ᠃ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠤᠨᠤᠯ᠎ᠢᠶᠠᠷ ᠵᠡᠪᠰᠡᠭ᠌ᠯᠡᠬᠦ᠌᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠵᠦ᠍᠂《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》᠎ᠢ᠋ ᠰᠤᠷᠤᠯᠴᠠᠬᠤ ᠵᠡᠷᠭᠡ ᠠᠵᠢᠯᠯᠠᠭ᠎ᠠ ᠵᠢ ᠬᠦᠨᠵᠡᠭᠡᠢ ᠦᠷᠨᠢᠭᠦᠯᠵᠦ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠲᠦᠯᠦᠨ ᠵᠢᠯᠣᠭᠣᠳᠴᠤ᠌ ᠨᠠᠮ᠎ᠤᠨ ᠲᠦᠷᠢᠮ᠎ᠦᠨ ᠤᠬᠠᠮᠰᠠᠷ᠂ ᠰᠠᠬᠢᠯᠭ᠎ᠠ ᠪᠠᠲᠤ᠎ᠶ᠋ᠢᠨ ᠤᠬᠠᠮᠰᠠᠷ᠂ ᠶᠣᠰᠣ ᠲᠦᠷᠢᠮ᠎ᠦᠨ ᠤᠬᠠᠮᠰᠠᠷ᠎ᠢ ᠨᠢ ᠴᠢᠩᠭᠠᠳᠭᠠᠵᠤ᠂ ᠤᠯᠤᠰ ᠲᠦᠷᠦ᠍᠎ᠶ᠋ᠢᠨ ᠢᠲᠡᠭᠡᠯ ᠪᠢᠱᠢᠷᠡᠯ᠎ᠢ ᠨᠢ ᠬᠤᠪᠢᠷᠠᠭᠤᠯᠬᠤ ᠦᠭᠡᠢ᠂ ᠤᠯᠤᠰ ᠲᠦᠷᠦ᠍᠎ᠶ᠋ᠢᠨ ᠵᠣᠭ᠍ᠰᠣᠯᠲᠠ᠎ᠶ᠋ᠢ ᠨᠢ ᠬᠤᠪᠢᠷᠠᠭᠤᠯᠬᠤ ᠦᠭᠡᠢ᠂ ᠤᠯᠤᠰ ᠲᠦᠷᠦ᠍᠎ᠶ᠋ᠢᠨ ᠴᠢᠭ᠌ᠯᠡᠯ᠎ᠢ ᠨᠢ ᠬᠡᠯᠪᠡᠢᠯᠭᠡᠬᠦ᠌ ᠦᠭᠡᠢ ᠪᠠᠢᠬᠤ᠎ᠶ᠋ᠢ ᠪᠡᠶᠡᠯᠡᠭᠦᠯᠦᠨ᠎ᠡ᠃
ᠰᠠᠬᠢᠯᠭ᠎ᠠ ᠪᠠᠲᠤ ᠶᠤᠰᠤ ᠲᠦᠷᠢᠮ ᠢ᠋ ᠴᠢᠩᠳᠠᠯᠠᠨ᠎ᠠ᠃ ᠲᠥᠪᠯᠡᠷᠡᠭᠦᠯᠦᠨ ᠵᠠᠰᠠᠬᠤ᠎ᠶ᠋ᠢᠨ ᠭᠤᠤᠯᠳᠠᠯᠭ᠎ᠠ ᠪᠠ ᠵᠠᠩᠭᠢᠯᠠᠭ᠎ᠠ᠎ᠶ᠋ᠢ ᠣᠨᠣᠪᠴᠢᠲᠠᠶ ᠡᠵᠡᠮᠳᠡᠵᠦ᠍᠂ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠦᠵᠡᠭᠦᠯᠭᠦ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠎ᠶ᠋ᠢ ᠠᠬᠢᠭᠤᠯᠬᠤ ᠵᠡᠷᠭᠡ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍ ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ 11 ᠲᠥᠷᠥᠯ᠎ᠦᠨ ᠠᠰᠠᠭᠤᠳᠠᠯ᠎ᠤᠨ ᠨᠠᠷᠢᠨ ᠲᠠᠩᠰᠠ ᠪᠠ 54 ᠵᠦᠶ᠋ᠯ᠎ᠦᠨ ᠪᠣᠳᠠᠲᠠᠶ ᠢᠯᠡᠷᠡᠯ᠎ᠲᠡᠶ ᠬᠠᠷᠢᠴᠠᠭᠤᠯᠤᠨ ᠵᠥᠷᠢᠶ᠎ᠡ᠎ᠪᠡᠨ ᠡᠷᠢᠵᠦ᠍ ᠂ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠱᠢᠨᠡᠴᠢᠯᠡᠯᠲᠡ᠎ᠲᠡᠶ᠂ ᠲᠠᠨᠢᠯᠲᠠ᠎ᠶ᠋ᠢᠨ ᠲᠠᠯ᠎ᠠ᠎ᠪᠠᠷ ᠳᠡᠭᠡᠭ᠌ᠰᠢᠯᠡᠯᠲᠡ᠎ᠲᠡᠶ ᠪᠣᠯᠭᠠᠨ᠎ᠠ᠃
ᠳᠡᠭᠡᠳᠦ ᠱᠠᠲᠤ ᠨᠢ ᠳᠤᠤᠷᠠᠳᠦ ᠱᠠᠲᠤ᠎ᠪᠠᠨ ᠳᠠᠭᠠᠭᠤᠯᠬᠤ᠎ᠶ᠋ᠢ ᠪᠠᠷᠢᠮᠲᠠᠯᠠᠨ᠎ᠠ᠃ ᠬᠡᠪ ᠳᠠᠭᠤᠷᠢᠶᠠᠯ ᠪᠣᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠡᠯ᠎ᠡ ᠱᠠᠲᠤᠨ᠎ᠤ ᠤᠳᠤᠷᠢᠳᠭᠤ ᠺᠠᠳ᠋ᠷ᠎ᠤᠨ ᠲᠦᠷᠦᠭᠦᠯᠡᠨ ᠭᠦᠨᠵᠡᠭᠡᠶ ᠰᠤᠷᠤᠯᠴᠠᠬᠤ᠂ ᠲᠦᠷᠦᠭᠦᠯᠡᠨ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠬᠤ᠂ ᠲᠦᠷᠦᠭᠦᠯᠡᠨ ᠠᠮᠠᠯᠠᠯᠲᠠ ᠬᠢᠵᠦ᠍ ᠠᠮᠠᠯᠠᠯᠲᠠ᠎ᠪᠠᠨ ᠭᠦᠶ᠋ᠴᠡᠳᠭᠡᠬᠦ᠌᠂ ᠲᠦᠷᠦᠭᠦᠯᠡᠨ ᠲᠦᠷᠢᠮ ᠲᠣᠭ᠍ᠲᠠᠭᠠᠯ ᠲᠣᠭ᠍ᠲᠠᠭᠠᠬᠤ᠂ ᠲᠦᠷᠦᠭᠦᠯᠡᠨ ᠵᠢᠷᠤᠮᠵᠢᠭᠤᠯᠤᠨ ᠳᠡᠭᠡᠭ᠌ᠰᠢᠯᠡᠭᠦᠯᠬᠦ᠌᠎ᠶ᠋ᠢ ᠬᠥᠲᠥᠯᠥᠨ ᠵᠢᠯᠣᠭᠣᠳᠴᠤ᠌᠂ ᠲᠦᠷᠦᠭᠦᠯᠡᠨ ᠨᠠᠮ᠎ᠤᠨ ᠲᠦᠷᠢᠮ ᠲᠣᠭ᠍ᠲᠠᠭᠠᠯ᠎ᠢ ᠵᠢᠷᠤᠮᠯᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠴᠢᠩᠭᠠᠳᠭᠠᠨ ᠪᠣᠳᠠᠲᠠᠢᠵᠢᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠡᠭᠦᠷᠭᠡᠯᠡᠬᠦ᠌᠂ ᠵᠢᠱ᠌ᠢᠶ᠎ᠡ ᠦᠵᠡᠭᠦᠯᠦᠨ ᠳᠠᠢᠴᠢᠯᠠᠬᠤ᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠠᠮᠢᠳᠤᠯᠢᠭ ᠪᠠᠢᠳᠠᠯ᠎ᠢ ᠪᠣᠶ ᠪᠣᠯᠭᠠᠨ᠎ᠠ᠃
《ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭ᠍ᠲᠤᠵᠤ᠂ ᠲᠡᠷᠢᠭᠦᠨ᠎ᠦ ᠬᠢ ᠪᠣᠯᠬᠤ᠎ᠪᠠᠷ ᠪᠦᠬᠦ᠌ ᠲᠠᠯ᠎ᠠ᠎ᠪᠠᠷ ᠴᠢᠷᠮᠠᠢᠬᠤ》ᠡᠯ᠎ᠡ ᠵᠦᠢᠯ᠎ᠦᠨ ᠡᠭᠦᠷᠭᠡ᠎ᠲᠡᠶ ᠤᠶᠠᠯᠳᠤᠭᠤᠯᠵᠤ᠂ ᠺᠠᠳ᠋ᠷ᠎ᠤᠨ ᠪᠠᠢᠩᠭᠤᠵᠢᠭ᠍ᠰᠠᠨ ᠬᠠᠮᠢᠶᠠᠷᠤᠯᠲᠠ ᠬᠢᠨᠠᠯᠲᠠ᠎ᠶ᠋ᠢ ᠴᠢᠩᠭ᠎ᠠ ᠴᠢᠩᠭᠠᠳᠭᠠᠬᠤ᠎ᠲᠠᠶ ᠣᠷᠭᠠᠨᠢᠭ᠎ᠢᠶᠠᠷ ᠤᠶᠠᠯᠳᠤᠭᠤᠯᠵᠤ᠂ ᠪᠠᠢᠩᠭᠤ᠎ᠶ᠋ᠢᠨ ᠰᠠᠨᠠᠭᠤᠯᠤᠮᠵᠢ ᠥᠭ᠌ᠬᠦ᠂ ᠠᠰᠠᠭᠤᠳᠠᠯ᠎ᠢ ᠪᠠᠢᠴᠠᠭᠠᠨ ᠱᠢᠢᠳᠪᠦᠷᠢᠯᠡᠬᠦ᠌᠂ ᠬᠥᠮᠦᠨ ᠰᠣᠩᠭᠣᠨ ᠬᠡᠷᠡᠭ᠌ᠯᠡᠬᠦ᠌ ᠪᠣᠭᠣᠮᠲᠠ᠎ᠶ᠋ᠢ ᠰᠠᠬᠢᠬᠤ᠂ ᠰᠦᠪᠡᠭ᠌ᠴᠢ᠎ᠶ᠋ᠢ ᠢᠯᠡᠷᠡᠭᠦᠯᠬᠦ᠌ ᠵᠡᠷᠭᠡ ᠲᠣᠭ᠍ᠲᠠᠴᠠ᠎ᠶ᠋ᠢ ᠪᠦᠷᠢᠨᠱᠢᠭᠦᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠨᠠᠭ᠍ᠰᠢᠳᠠ ᠲᠥᠪ ᠴᠢᠩᠭ᠎ᠠ ᠵᠢᠷᠤᠮᠵᠢᠭᠤᠯᠬᠤ ᠪᠣᠳᠠᠲᠠᠢ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠲᠠᠰᠤᠷᠠᠯᠲᠠ ᠦᠭᠡᠢ ᠴᠢᠩᠭᠠᠳᠭᠠᠨ᠎ᠠ᠃
ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠵᠢᠶᠤᠤ ᠭᠠᠩ ᠸᠧᠶ᠄
ᠲᠥᠪᠯᠡᠷᠡᠩᠭᠦᠶ ᠵᠠᠰᠠᠯᠲᠠ᠎ᠶ᠋ᠢᠨ ᠦᠷ᠎ᠡ ᠪᠦᠲᠦᠮᠵᠢ᠎ᠪᠡᠷ ᠰᠢᠯᠭᠠᠷᠠᠬᠰᠠᠨ ᠡᠩᠨᠡᠭᠡ ᠵᠢᠨ ᠪᠠᠢᠭᠤᠯᠤᠯᠳᠠ᠎ᠶ᠋ᠢ ᠠᠬᠢᠭᠤᠯᠤᠨ᠎ᠠ
ᠶᠡᠷᠦᠩᠬᠡᠢ ᠱᠦᠵᠢ ᠰᠢ ᠵᠢᠨ ᠫᠢᠩ᠂ ᠨᠠᠮ ᠡᠴᠡ ᠨᠠᠮ᠎ᠢ ᠬᠠᠮᠢᠶᠠᠷᠬᠤ᠎ᠳᠤ᠂ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠠᠴᠠ ᠡᠬᠢᠯᠡᠨ ᠬᠠᠮᠢᠶᠠᠷᠬᠤ ᠬᠡᠷᠡᠭ᠌ᠲᠡᠢ; ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠠᠴᠠ ᠡᠬᠢᠯᠡᠵᠦ᠍ ᠴᠢᠩᠳᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ 3 ᠰᠠᠷ᠎ᠠ᠎ᠶ᠋ᠢᠨ ᠬᠤᠭᠤᠴᠠᠭ᠎ᠠ᠎ᠲᠠᠶ᠎ᠪᠠᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠪᠠᠢᠷᠢᠯᠠᠭᠤᠯᠤᠨ ᠲᠥᠪᠯᠡᠷᠡᠭᠦᠯᠦᠨ ᠵᠠᠰᠠᠬᠤ ᠨᠢ ᠴᠠᠭ᠎ᠲᠠᠭᠠᠨ ᠮᠠᠰᠢ ᠲᠤᠬᠢᠷᠠᠵᠤ᠂ ᠮᠠᠰᠢ ᠴᠢᠬᠤᠯᠠᠲᠠᠢ ᠪᠥᠭᠡᠳ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠴᠢᠬᠤᠯᠠ ᠡᠭᠦᠷᠭᠡ ᠴᠢᠳᠠᠪᠬᠢᠲᠤ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠲᠥᠪᠯᠡᠷᠡᠭᠦᠯᠦᠨ ᠵᠠᠰᠠᠬᠤ᠎ᠳᠤ ᠱᠢᠭᠤᠳ ᠣᠷᠣᠯᠴᠠᠭ᠍ᠴᠢ ᠪᠣᠯᠬᠤ ᠮᠥᠷᠲᠡᠭᠡᠨ ᠪᠠᠰᠠ ᠵᠣᠬᠢᠶᠠᠨ ᠪᠠᠢᠭᠤᠯᠵᠤ ᠬᠡᠷᠡᠭ᠌ᠵᠢᠭᠦᠯᠦᠭ᠌ᠴᠢ ᠪᠣᠯᠤᠨ᠎ᠠ᠂ ᠡᠷᠬᠡᠪᠰᠢᠬᠤᠤᠰᠬᠠᠷᠢᠭᠤᠴᠠᠯᠭᠠᠪᠠᠨᠰᠠᠢᠲᠤᠷᠭᠦᠢᠴᠡᠳᠭᠡᠵᠦ᠍᠂ᠬᠦᠳᠦᠯᠦᠨ ᠳᠠᠭᠠᠭᠤᠯᠬᠤ ᠦᠢᠯᠡᠳᠦᠯ᠎ᠢᠶᠡᠨ ᠰᠠᠢᠲᠤᠷ ᠪᠠᠳᠠᠷᠠᠭᠤᠯᠵᠤ᠂ ᠰᠢᠯᠭᠠᠷᠠᠬᠰᠠᠨ ᠡᠩᠨᠡᠭᠡ᠎ᠶ᠋ᠢ ᠰᠠᠢᠲᠤᠷ ᠪᠠᠢᠭᠤᠯᠬᠤ ᠬᠡᠷᠡᠭ᠌ᠲᠡᠢ᠃
ᠨᠢᠭᠡ᠎ᠳᠦ᠂ ᠦᠨᠳᠦᠰᠦ ᠰᠠᠭᠤᠷᠢ᠎ᠪᠠᠨ ᠪᠠᠲᠤᠳᠭᠠᠵᠤ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠲᠤᠭ᠎ᠢ ᠮᠠᠨᠳᠤᠭᠤᠯᠵᠤ ᠰᠦᠭ ᠰᠦᠨᠡᠰᠦ᠎ᠶ᠋ᠢ ᠱᠤᠭᠤᠬᠤ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ᠃ ᠡᠷᠡᠰ ᠪᠠᠲᠤ ᠬᠦᠰᠡᠯᠡᠩ ᠢᠲᠡᠭᠡᠯ ᠪᠢᠱᠢᠷᠡᠯ ᠪᠣᠯ ᠡᠪ ᠬᠠᠮᠲᠤᠴᠤᠳ᠎ᠤᠨ ᠤᠶᠤᠨ ᠰᠠᠨᠠᠭᠠᠨ᠎ᠤ ᠲᠤᠯᠭᠠᠭᠤᠷᠢ ᠪᠠ ᠤᠯᠤᠰ ᠲᠦᠷᠦ᠍᠎ᠶ᠋ᠢᠨ ᠰᠦᠭ ᠰᠦᠨᠡᠰᠦ ᠮᠥᠨ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠥᠮᠦᠵᠢᠯ ᠪᠣᠯᠪᠠᠰᠤᠷᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠮ᠎ᠤᠨ ᠭᠡᠱᠢᠭᠦᠨ ᠺᠠᠳ᠋ᠷᠴᠤᠳᠤ᠋ᠨ᠌ ᠦᠨᠡᠨ ᠶᠣᠰᠣᠨ᠎ᠤ ᠬᠦᠴᠦᠨ᠂ ᠢᠲᠡᠭᠡᠯ ᠪᠢᠱᠢᠷᠡᠯ᠎ᠦᠨ ᠬᠦᠴᠦᠨ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢ ᠲᠠᠰᠤᠷᠠᠯᠲᠠ ᠥᠬᠡᠶ ᠱᠢᠩᠭᠡᠭᠡᠨ ᠠᠪᠴᠤ᠌᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠬᠰᠠᠨ》᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍ ᠂ 《 ᠬᠣᠶᠠᠷ᠎ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠬᠦ᠌᠎ᠶᠢ ᠬᠦᠲᠦᠯᠦᠨ ᠵᠢᠯᠤᠭᠤᠳᠬᠤ ᠬᠡᠷᠡᠭᠲᠡᠢ᠃
ᠬᠣᠶᠠᠷ᠎ᠲᠤ᠂ ᠢᠯᠡ ᠲᠣᠳᠣ ᠤᠳᠤᠷᠢᠳᠤᠮᠵᠢ ᠶ᠋ᠢ ᠪᠠᠷᠢᠮᠲᠠᠯᠠᠵᠤ᠂ ᠵᠠᠰᠠᠯᠲᠠ ᠶ᠋ᠢᠨ ᠦᠷ᠎ᠡ ᠪᠦᠲᠦᠮᠵᠢ᠎ᠶ᠋ᠢ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ᠃ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ ᠶ᠋ᠢ ᠪᠠᠷᠢᠮᠲᠠᠯᠠᠬᠤ ᠪᠣᠯ ᠨᠠᠮ᠎ᠤᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ ᠴᠢᠩᠳᠠᠯᠠᠬᠤ ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠮᠥᠨ᠃ ᠺᠠᠳ᠋ᠷ ᠤᠨ ᠤᠯᠤᠰ ᠲᠥᠷᠥ ᠶ᠋ᠢᠨ ᠬᠡᠪ ᠴᠢᠨᠠᠷ ᠢ ᠲᠡᠷᠢᠭᠦᠨ᠎ᠳᠦ ᠲᠠᠯᠪᠢᠵᠤ᠂ 《ᠠᠷᠪᠠᠨ ᠨᠢᠭᠡᠨ ᠵᠤᠷᠪᠤᠰ ᠴᠢᠩᠭ᠎ᠠ ᠴᠠᠭᠠᠵᠠᠯᠠᠬᠤ》 ᠵᠢᠨ ᠠᠰᠠᠭᠤᠳᠠᠯ ᠤᠨ ᠨᠠᠷᠢᠨ ᠬᠠᠭᠤᠳᠠᠰᠤ ᠶ᠋ᠢ ᠺᠠᠳ᠋ᠷ᠎ᠤᠨ ᠤᠯᠤᠰ ᠲᠥᠷᠥ᠎ᠶ᠋ᠢᠨ ᠬᠡᠪ ᠴᠢᠨᠠᠷ ᠢ ᠱᠢᠯᠭᠠᠨ ᠪᠠᠢᠴᠠᠭᠠᠬᠤ ᠨᠠᠵᠠᠭᠠᠶ ᠲᠠᠯ᠎ᠠ ᠶ᠋ᠢᠨ ᠨᠠᠷᠢᠨ ᠬᠠᠭᠤᠳᠠᠰᠤ᠎ᠳᠤ ᠣᠷᠣᠭᠤᠯᠵᠤ᠂ ᠪᠤᠲᠠᠲᠠᠢ ᠠᠰᠠᠭᠤᠳᠠᠯ ᠣᠷᠣᠱᠢᠵᠤ ᠪᠠᠢᠭ᠎ᠠ ᠬᠦᠮᠦᠰ᠎ᠢ ᠴᠥᠮ ᠱᠢᠯᠭᠠᠨ ᠪᠠᠢᠴᠠᠭᠠᠬᠤ ᠡᠲᠡᠭᠡᠳ ᠪᠠ ᠳᠡᠪᠱᠢᠭᠦᠯᠦᠨ ᠬᠡᠷᠡᠭ᠌ᠯᠡᠬᠦ᠌ ᠵᠢᠱ᠌ᠢᠭ᠌ᠳᠡᠭ᠌ᠴᠢ ᠪᠣᠯᠭᠠᠵᠤ ᠪᠣᠯᠬᠤ ᠥᠬᠡᠶ᠃
ᠭᠤᠷᠪᠠ᠎ᠳᠤ᠂ ᠪᠤᠷᠤᠭᠤ᠎ᠶ᠋ᠢ ᠨᠢ ᠵᠠᠯᠬᠠᠭᠠᠵᠦ ᠰᠠᠢ᠌ᠨ᠎ᠢ ᠨᠢ ᠰᠠᠢᠱᠢᠶᠠᠵᠤ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠴᠢᠩᠭ᠎ᠠ ᠲᠦᠷᠢᠮ ᠲᠣᠭ᠍ᠲᠠᠭᠠᠯ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠴᠢᠩᠭ᠎ᠠ ᠪᠠᠢᠬᠤ ᠪᠣᠯ ᠪᠦᠬᠦ᠌ ᠨᠠᠮ᠎ᠤᠨ ᠬᠦᠰᠡᠯ ᠵᠣᠷᠢᠭ᠎ᠢᠶᠠᠨ ᠨᠢᠭᠡᠳᠭᠡᠬᠦ᠌᠂ ᠠᠵᠢᠯᠯᠠᠭ᠎ᠠ᠎ᠪᠠᠨ ᠨᠢᠭᠡᠳᠭᠡᠬᠦ᠌᠂ ᠠᠯᠬᠤᠮ᠎ᠢᠶᠠᠨ ᠨᠢᠭᠡᠳᠭᠡᠬᠦ᠌᠎ᠶ᠋ᠢᠨ ᠴᠢᠬᠤᠯᠠ ᠪᠠᠲᠤᠯᠠᠭ᠎ᠠ ᠮᠥᠨ᠃ ᠠᠷᠠᠳᠴᠢᠯᠠᠯ ᠲᠥᠪᠯᠡᠷᠡᠯ᠎ᠦᠨ ᠶᠣᠰᠣᠨ᠎ᠤ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠤᠨ ᠠᠵᠢᠯᠯᠠᠭᠠᠨ᠎ᠤ ᠪᠠᠢᠳᠠᠯ᠎ᠢ ᠮᠥᠷᠳᠡᠨ ᠰᠤᠳᠤᠯᠤᠨ ᠮᠠᠭᠠᠳᠯᠠᠵᠤ᠂ ᠵᠣᠬᠢᠴᠠᠬᠤ ᠦᠭᠡᠢ ᠪᠠᠢᠳᠠᠯ ᠪᠠᠢᠪᠠᠯ ᠴᠠᠭ ᠲᠤᠬᠠᠢᠳᠤᠨᠢ ᠲᠤᠬᠢᠷᠠᠭᠤᠯᠤᠯᠳᠠ ᠬᠢᠬᠦ᠌ ᠰᠠᠨᠠᠭᠤᠯᠭ᠎ᠠ ᠳᠤᠷᠠᠳᠭᠤ ᠬᠡᠷᠡᠭ᠌ᠲᠡᠢ᠃《ᠦᠨᠳᠦᠰᠦᠨ ᠱᠠᠲᠤᠨ᠎ᠤ ᠰᠠᠭᠤᠷᠢ ᠪᠥᠲᠥᠭᠡᠨ ᠪᠠᠢᠭᠤᠯᠤᠯᠲᠠ᠎ᠶ᠋ᠢᠨ ᠣᠨ》 ᠢ᠋ ᠬᠡᠷᠡᠭ᠌ᠵᠢᠭᠦᠯᠬᠦ᠌᠎ᠪᠡᠷ ᠭᠤᠤᠯᠳᠠᠯᠭ᠎ᠠ ᠪᠣᠯᠭᠠᠵᠤ᠂ 《ᠬᠠᠮᠤᠭ᠎ᠤᠨ ᠴᠢᠩᠭ᠎ᠠ ᠨᠠᠮ᠎ᠤᠨ ᠡᠭᠦᠷ》᠎ᠤ᠋ᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍ ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠡᠯ᠎ᠡ ᠵᠦᠶ᠋ᠯ᠎ᠦᠨ ᠲᠦᠷᠢᠮ᠎ᠢ ᠴᠢᠨᠠᠷ ᠰᠠᠢᠲᠠᠶ ᠨᠠᠢᠳᠠᠪᠤᠷᠢᠵᠢᠭᠤᠯᠬᠤ ᠬᠡᠷᠡᠭ᠌ᠲᠡᠶ᠃
ᠳᠥᠷᠪᠡ᠎ᠳᠦ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠡᠩᠨᠡᠭᠡᠨ᠎ᠦ ᠪᠠᠢᠭᠤᠯᠤᠯᠲᠠ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ᠃ ᠪᠦᠬᠦ᠌ ᠬᠣᠲᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠳᠦ ᠠᠷᠢᠭᠤᠨ ᠴᠢᠬᠡᠴᠢ᠎ᠶ᠋ᠢᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ᠎ᠪᠠᠷ ᠶᠡᠷᠦᠩᠬᠡᠢ ᠭᠠᠷᠲᠠᠴᠠ ᠪᠣᠯᠭᠠᠵᠤ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠵᠣᠬᠢᠶᠠᠨ ᠪᠠᠢᠭᠤᠯᠬᠤ ᠠᠵᠢᠯ᠎ᠤᠨ ᠺᠠᠳ᠋ᠷ ᠰᠡᠳᠭᠢᠯ ᠳ᠋ᠡᠬᠡᠨ ᠵᠢᠷᠦᠬᠡᠱᠢᠶᠡᠬᠦ᠌ ᠂ ᠦᠭᠡ ᠶᠠᠷᠢᠶ᠎ᠠ᠎ᠪᠠᠨ ᠴᠡᠭᠡᠷᠯᠡᠬᠦ᠌᠂ ᠦᠢᠯᠡ ᠠᠵᠢᠯᠯᠠᠭ᠎ᠠ᠎ᠪᠠᠨ ᠵᠣᠭ᠍ᠰᠣᠭᠠᠬᠤ᠎ᠶ᠋ᠢ ᠪᠠᠲᠤᠯᠠᠬᠤ ᠬᠡᠷᠡᠭ᠌ᠲᠡᠢ᠃ ᠵᠣᠬᠢᠶᠠᠨ ᠪᠠᠢᠭᠤᠯᠬᠤ ᠠᠵᠢᠯ᠎ᠤᠨ ᠺᠠᠳ᠋ᠷ᠎ᠤᠨ ᠤᠯᠤᠰ ᠲᠥᠷᠥ᠎ᠶ᠋ᠢᠨ ᠬᠡᠪ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠤᠯᠤᠰ ᠲᠥᠷᠥ᠎ᠶ᠋ᠢᠨ ᠰᠤᠷᠤᠯᠴᠠᠯᠭ᠎ᠠ᠎ᠶ᠋ᠢᠨ ᠰᠤᠷᠲᠠᠯ᠎ᠢ ᠶᠡᠬᠡᠪᠡᠷ ᠮᠠᠨᠳᠤᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠦᠨ ᠱᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠵᠤ᠂ ᠵᠢᠱ᠌ᠢᠶᠡᠴᠢ ᠰᠠᠯᠠᠭ᠎ᠠ ᠮᠥᠴᠢᠷ᠎ᠢ ᠬᠦᠴᠦᠯᠡᠨ ᠪᠠᠢᠭᠤᠯᠵᠤ᠂ ᠱᠢᠯᠭᠠᠷᠠᠭ᠍ᠰᠠᠨ ᠡᠩᠨᠡᠭᠡ᠎ᠶ᠋ᠢ ᠴᠣᠭ᠍ᠴᠠᠯᠠᠬᠤ ᠬᠡᠷᠡᠭ᠌ᠲᠡᠶ᠃
ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠴᠢᠶᠣᠤ ᠢᠦᠶ ᡂᠢ ᠄
ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ᠎ᠪᠡᠷ ᠨᠠᠷᠢᠯᠢᠭ ᠴᠢᠩᠭ᠎ᠠ ᠪᠤᠳᠠᠳᠠᠢ ᠠᠳᠬᠤᠵᠦ ᠲᠦᠪᠯᠡᠷᠡᠬᠦᠯᠦᠨ ᠵᠠᠰᠠᠨ᠎ᠠ
ᠭᠤᠤᠯᠳᠠᠯᠭ᠎ᠠ᠎ᠲᠠᠶ ᠡᠭᠦᠷᠭᠡ᠎ᠶ᠋ᠢ ᠨᠠᠷᠢᠯᠢᠭ ᠠᠳᠭᠤᠵᠤ᠂ ᠲᠦᠪᠯᠡᠷᠡᠬᠦᠯᠦᠨ ᠵᠠᠰᠠᠵᠤ᠂ ᠰᠤᠷᠤᠯᠴᠠᠬᠤ ᠪᠠᠢᠴᠠᠭᠠᠬᠤ ᠵᠠᠰᠠᠬᠤ ᠵᠢ ᠣᠷᠭᠠᠨᠢᠭ᠎ᠢᠶᠠᠷ ᠠᠭᠤᠰᠤᠯᠴᠠᠭᠤᠯᠵᠤ᠂ ᠨᠡᠪᠲᠡᠷᠡᠯᠴᠡᠭᠦᠯᠦᠨ ᠠᠬᠢᠭᠤᠯᠤᠨ᠎ᠠ᠃ ᠲᠥᠪᠯᠡᠷᠡᠭᠦᠯᠦᠨ ᠵᠠᠰᠠᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢ ᠲᠤᠭᠤᠱᠢᠯᠠᠭᠤᠯᠬᠤ ᠬᠦᠴᠦᠲᠡᠶ ᠠᠷᠭ᠎ᠠ ᠬᠡᠮᠵᠢᠶ᠎ᠡ ᠪᠠ ᠡᠷᠡᠰ ᠪᠠᠲᠤ ᠠᠵᠢᠯᠯᠠᠭ᠎ᠠ ᠮᠥᠨ᠃ᠦᠵᠡᠯ ᠰᠠᠨᠠᠭᠠᠨ᠎ᠤ ᠪᠠᠢᠭᠤᠯᠤᠯᠲᠠ ᠭᠡᠬᠦ᠌ ᠡᠨᠡ ᠬᠦ᠌ ᠦᠨᠳᠦᠰᠦ᠎ᠶ᠋ᠢ ᠴᠢᠩᠭ᠎ᠠ ᠠᠳᠭᠤᠨ᠂ ᠲᠤᠰᠭᠠᠶ ᠰᠡᠳᠦᠪᠲᠦ ᠬᠥᠮᠦᠵᠢᠯ᠎ᠢ ᠴᠢᠩᠭ᠎ᠠ ᠪᠣᠳᠠᠲᠠᠶ ᠥᠷᠨᠢᠭᠦᠯᠵᠦ᠍᠂ ᠢᠲᠡᠭᠡᠯ ᠪᠢᠱᠢᠷᠡᠯ᠎ᠦᠨ ᠰᠠᠭᠤᠷᠢ᠎ᠶ᠋ᠢ ᠪᠠᠲᠤ ᠴᠣᠭ᠍ᠴᠠᠯᠠᠨ᠂ ᠦᠵᠡᠯ ᠰᠠᠨᠠᠭᠠᠨ᠎ᠤ ᠵᠠᠯᠠᠭᠤᠷ᠎ᠢ ᠯᠠᠪᠳᠠᠭᠤᠨ ᠡᠵᠡᠮᠳᠡᠬᠦ᠌ ᠬᠡᠷᠡᠭ᠌ᠲᠡᠶ; ᠲᠦᠷᠢᠮ᠎ᠢ ᠬᠡᠷᠡᠭ᠌ᠵᠢᠭᠦᠯᠬᠦ᠌ ᠡᠨᠡ ᠬᠦ᠌ ᠭᠣᠣᠯᠳᠠᠯᠭ᠎ᠠ᠎ᠶ᠋ᠢ ᠴᠢᠩᠭ᠎ᠠ ᠠᠳᠭᠤᠵᠤ᠂ ᠥᠪᠡᠷ᠎ᠢ᠎ᠪᠡᠨ ᠪᠠᠢᠴᠠᠭᠠᠵᠤ ᠥᠪᠡᠷ᠎ᠢᠶᠡᠨ ᠵᠠᠯᠠᠷᠠᠭᠤᠯᠬᠤ᠎ᠶ᠋ᠢ ᠴᠢᠩᠭ᠎ᠠ ᠪᠣᠳᠠᠲᠠᠢ ᠬᠢᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭ᠎ᠠ ᠶᠣᠰᠣ ᠲᠦᠷᠢᠮ᠂ ᠥᠨᠳᠥᠷ ᠪᠠᠷᠢᠮᠵᠢᠶ᠎ᠠ᠎ᠲᠠᠶ ᠪᠣᠯᠭᠠᠬᠤ ᠬᠡᠷᠡᠭ᠌ᠲᠡᠢ᠃
ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠭᠣᠣᠯᠳᠠᠯᠭ᠎ᠠ᠎ᠲᠠᠶ ᠬᠥᠮᠦᠰ᠎ᠢ ᠴᠢᠩᠭ᠎ᠠ ᠠᠳᠭᠤᠵᠤ᠂ ᠳᠡᠭᠡᠳᠦ ᠱᠠᠳᠤ ᠨᠢ ᠳᠤᠤᠷᠠᠳᠦ ᠱᠠᠳᠤ᠎ᠪᠠᠨ ᠳᠠᠭᠠᠭᠤᠯᠵᠤ᠂ ᠪᠦᠬᠦ᠌ ᠲᠠᠯ᠎ᠠ᠎ᠶ᠋ᠢ ᠪᠦᠷᠬᠦᠬᠦᠯᠬᠦ᠌ ᠬᠡᠷᠡᠭ᠌ᠲᠡᠢ᠃ ᠨᠢᠭᠡᠨ ᠤᠳᠤᠷᠢᠳᠭᠤ ᠺᠠᠳ᠋ᠷ᠎ᠤᠨ ᠬᠦᠴᠦᠷᠬᠡᠭ ᠡᠰᠡᠬᠦ᠌᠂ ᠢᠲᠡᠭᠡᠯ ᠬᠦᠨᠳᠦ ᠥᠨᠳᠥᠷ ᠡᠰᠡᠬᠦ᠌ ᠨᠢ ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠳᠠᠪᠲᠠᠯᠲᠠ᠎ᠶ᠋ᠢ ᠥᠩᠭᠡᠷᠡᠭᠡᠭ᠌ᠰᠡᠨ ᠡᠰᠡᠬᠦ᠌᠎ᠲᠡᠶ ᠨᠢᠭ᠍ᠲᠠ ᠬᠣᠯᠪᠣᠭ᠎ᠠ᠎ᠲᠠᠶ ᠶᠤᠮ᠃ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠤᠢ᠍ᠢᠯᠠᠭᠠᠵᠤ᠂ 《ᠠᠷᠪᠠᠨ ᠨᠢᠬᠡᠨ ᠵᠤᠷᠪᠤᠰ ᠴᠢᠩᠭ᠎ᠠ ᠴᠠᠭᠠᠵᠠᠯᠠᠬᠤ》 ᠵᠢᠨ ᠠᠮᠠᠯᠠᠯᠲᠠ᠎ᠶ᠋ᠢᠨ ᠪᠢᠴᠢᠭ᠎ᠲᠦ ᠲᠦᠷᠦᠭᠦᠯᠡᠨ ᠭᠠᠷᠤᠨ ᠦᠰᠦᠭ ᠵᠢᠷᠤᠵᠤ᠂ ᠦᠨᠡᠨ ᠬᠦ᠌ ᠥᠪᠡᠷ᠎ᠢ᠎ᠪᠡᠨ ᠪᠠᠭ᠍ᠲᠠᠭᠠᠨ ᠣᠷᠣᠭᠤᠯᠵᠤ᠂ ᠦᠵᠡᠯ ᠰᠠᠨᠠᠭ᠎ᠠ᠎ᠪᠠᠨ ᠳᠡᠯᠭᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠪᠠᠭ᠍ᠲᠠᠭᠠᠨ ᠣᠷᠣᠭᠤᠯᠵᠤ᠂ ᠠᠰᠠᠭᠤᠳᠠᠯ᠎ᠢ ᠭᠦᠨᠵᠡᠭᠡᠢ ᠪᠠᠢᠴᠠᠭᠠᠨ ᠵᠠᠯᠠᠷᠠᠭᠤᠯᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠰᠠᠢᠲᠤᠷ ᠠᠳᠭᠤᠵᠤ᠂ ᠰᠠᠢ᠌ᠨ ᠦᠯᠢᠭᠡᠷ ᠳᠠᠭᠤᠷᠢᠶᠠᠯ ᠪᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠨᠡᠩ ᠤᠬᠠᠮᠰᠠᠷ ᠡᠴᠨ ᠪᠠᠨ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠬᠦ᠌᠂ ᠴᠡᠭᠡᠷᠯᠡᠬᠦ᠌ ᠪᠠ ᠬᠣᠷᠢᠭ᠎ᠠ ᠱᠤᠭᠤᠮ᠎ᠢ ᠰᠠᠬᠢᠬᠤ ᠪᠣᠯᠭᠠᠬᠤ ᠬᠡᠷᠡᠭ᠌ᠲᠡᠢ᠃
ᠰᠤᠷᠭᠠᠨ ᠬᠥᠮᠦᠵᠢᠬᠦᠯᠬᠦ ᠬᠠᠮᠢᠶᠠᠷᠬᠤ ᠬᠢᠨᠠᠯᠲᠠᠳᠠᠯᠪᠢᠬᠤ ᠭᠣᠣᠯᠳᠠᠯᠭ᠎ᠠ᠎ᠲᠠᠶ ᠭᠣᠭ᠍ᠴᠣᠭ᠎ᠠ᠎ᠶ᠋ᠢ ᠪᠣᠳᠠᠲᠠᠢ ᠠᠳᠭᠤᠵᠤ᠂ ᠴᠢᠩᠭ᠎ᠠ ᠪᠠᠢᠴᠠᠭᠠᠨ ᠴᠢᠩᠭ᠎ᠠ ᠱᠢᠢᠳᠭᠡᠵᠦ᠍᠂ ᠠᠮᠢ ᠠᠬᠤᠢ᠎ᠶ᠋ᠢ ᠲᠠᠬᠢᠨ ᠴᠣᠭ᠍ᠴᠠᠯᠠᠨ᠎ᠠ᠃ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠴᠢᠬᠤᠯᠠ ᠠᠭᠤᠯᠭ᠎ᠠ ᠪᠠ ᠠᠴᠢᠶᠠᠯᠠᠪᠤᠷᠢ ᠮᠥᠨ᠂ ᠨᠠᠮ᠎ᠤᠨ ᠵᠣᠬᠢᠶᠠᠨ ᠪᠠᠢᠭᠤᠯᠤᠯᠲᠠᠡᠴᠨ ᠨᠠᠮ᠎ᠤᠨ ᠭᠡᠱᠢᠭᠦᠳ᠎ᠢ ᠬᠥᠮᠦᠵᠢᠭᠦᠯᠦᠨ ᠬᠠᠮᠢᠶᠠᠷᠴᠤ᠌ ᠬᠢᠨᠠᠯᠲᠠ ᠲᠠᠯᠪᠢᠬᠤ ᠴᠢᠬᠤᠯᠠ ᠬᠡᠯᠪᠡᠷᠢ ᠮᠥᠨ᠃ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠢ ᠨᠠᠮ᠎ᠤᠨ ᠭᠡᠱᠢᠭᠦᠨ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠵᠠᠪᠠᠯ ᠰᠤᠷᠬᠤ ᠠᠭᠤᠯᠭ᠎ᠠ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ11 ᠵᠦᠢᠯ᠎ᠦᠨ ᠦᠵᠡᠭ᠌ᠳᠡᠯ᠎ᠢ ᠺᠠᠳ᠋ᠷ᠎ᠤᠨ ᠡᠳᠦᠷ ᠲᠤᠳᠤᠮ᠎ᠤᠨ ᠬᠠᠮᠢᠶᠠᠷᠤᠯᠲᠠ ᠬᠢᠨᠠᠯᠲᠠ᠎ᠶ᠋ᠢᠨ ᠬᠡᠪᠴᠢᠶᠡᠨ᠎ᠳᠦ ᠣᠷᠣᠭᠤᠯᠬᠤ ᠬᠡᠷᠡᠭ᠌ᠲᠡᠢ᠃ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠂ ᠲᠣᠭᠣᠷᠢᠨ ᠪᠠᠢᠴᠠᠭᠠᠬᠤ ᠵᠡᠷᠭᠡ ᠰᠠᠯᠠᠭ᠎ᠠ ᠮᠥᠴᠢᠷ᠎ᠲᠡᠶ ᠪᠤᠳᠤᠯ ᠰᠠᠨᠠᠯ ᠵᠢᠡᠨ ᠰᠤᠯᠢᠯᠴᠠᠨ ᠵᠥᠪᠳᠡᠯᠴᠡᠬᠦ᠌ ᠲᠦᠷᠢᠮ᠎ᠢ ᠲᠡᠭᠦᠯᠳᠡᠷᠵᠢᠭᠦᠯᠵᠦ᠍᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠵᠤ᠂ ᠲᠤᠰᠭᠠᠢ ᠪᠠᠢᠴᠠᠭᠠᠯᠲᠠ ᠬᠢᠵᠦ᠍᠂ ᠣᠷᠣᠱᠢᠵᠤ ᠪᠠᠢᠭ᠎ᠠ ᠠᠰᠠᠭᠤᠳᠠᠯ ᠢᠯᠡᠷᠡᠪᠡᠯ ᠴᠣᠬᠢᠯᠲᠠ ᠥᠭ᠌ᠴᠦ᠂ ᠲᠠᠬᠢᠨ ᠳᠠᠪᠲᠠᠨ ᠴᠣᠬᠢᠯᠲᠠ ᠥᠭ᠌ᠴᠦ᠂ ᠭᠦᠨᠵᠡᠭᠡᠢ ᠪᠠᠢᠴᠠᠭᠠᠵᠤ ᠴᠢᠩᠭ᠎ᠠ ᠴᠣᠬᠢᠯᠲᠠ ᠥᠭ᠌ᠬᠦ ᠬᠡᠷᠡᠭ᠌ᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃