ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-06-12 20:56:49

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠠᠢᠮᠠᠭ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠲᠤᠬᠠᠶ ᠶᠠᠷᠢᠬᠰᠠᠨ ᠨᠢ (ᠨᠢᠬᠡ)

ᠬᠥᠬᠡᠬᠣᠲᠠ ᠵᠢᠨ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ᠂ ᠬᠢᠨᠠᠨ ᠪᠠᠢᠴᠠᠭᠠᠬᠤ ᠵᠥᠪᠯᠡᠯ ᠤ᠋ᠨ ᠡᠷᠬᠢᠯᠡᠭ᠌ᠴᠢ ᠼᠦᠢ ᠵᠧᠨ ᠦ᠋᠄

ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ《ᠶᠡᠬᠡ ᠤᠷᠴᠢᠨ》 ᠳ᠋ᠦ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠴᠡᠷᠢᠭ ᠢ᠋ ᠳᠠᠪᠲᠠᠨ ᠪᠣᠯᠪᠠᠰᠤᠷᠠᠭᠤᠯᠤᠨ᠎ᠠ

ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠦ᠍ ᠣᠷᠣᠯᠴᠠᠬᠤ ᠳ᠋ᠠᠭᠠᠨ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠵᠢ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠵᠢᠨ ᠭᠦᠨᠵᠡᠭᠡᠢᠷᠡᠨ ᠬᠥᠭ᠌ᠵᠢᠬᠦ᠌ ᠵᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠪᠦᠬᠦ᠌ ᠲᠠᠯ᠎ᠠ ᠪᠡᠷ ᠡᠷᠡᠭᠦᠯ ᠵᠢᠷᠤᠮᠵᠢᠭᠤᠨ ᠵᠠᠮ ᠳ᠋ᠦ ᠪᠤᠴᠠᠬᠤ ᠵᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃

ᠪᠦᠬᠦ᠌ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠨᠠᠮ ᠤ᠋ᠨ ᠳᠣᠲᠣᠭᠠᠳᠤ ᠵᠢᠨ ᠤᠯᠤᠰ ᠲᠥᠷᠦ᠍ ᠵᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠵᠢ ᠴᠢᠩᠭ᠎ᠠ ᠠᠳᠭᠤᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠦ᠍ ᠵᠢᠨ ᠠᠮᠢᠳᠤᠷᠠᠯ ᠢ᠋ ᠴᠢᠡᠭᠳᠠᠯᠠᠬᠤ ᠵᠢ ᠨᠢᠭᠡ ᠵᠦᠢᠯ ᠤ᠋ᠨ ᠤᠷᠲᠤ ᠬᠤᠭᠤᠴᠠᠭᠠᠨ ᠤ᠋ ᠤᠯᠤᠰ ᠲᠥᠷᠦ᠍ ᠵᠢᠨ ᠡᠭᠦᠷᠭᠡ ᠪᠣᠯᠭᠠᠬᠤ ᠵᠢ ᠪᠠᠷᠢᠮᠲᠠᠯᠠᠵᠤ᠂ 《ᠵᠢᠵᠢᠭ ᠪᠦᠯᠬᠦᠮ ᠤ᠋ᠨ ᠰᠣᠶᠣᠯ》 ᠂ 《ᠠᠷᠢᠬᠢᠨ ᠱᠢᠷᠡᠭᠡᠨ ᠤ᠋ ᠰᠣᠶᠣᠯ》 ᠵᠡᠷᠭᠡ ᠦᠵᠡᠭ᠌ᠳᠡᠯ ᠢ᠋ ᠡᠷᠡᠰ ᠠᠷᠢᠯᠭᠠᠵᠤ᠂ ᠤᠯᠤᠰ ᠲᠥᠷᠦ᠍ ᠵᠢᠨ ᠵᠠᠪᠱᠢᠯ᠂ ᠤᠯᠤᠰ ᠲᠥᠷᠦ᠍ ᠵᠢᠨ ᠰᠣᠯᠢᠯᠴᠠᠭ᠎ᠠ᠂ ᠤᠯᠤᠰ ᠲᠥᠷᠦ᠍ ᠵᠢᠨ ᠲᠦᠱᠢᠭ ᠵᠡᠷᠭᠡ ᠦᠢᠯᠡ ᠠᠵᠢᠯᠯᠠᠭ᠎ᠠ ᠵᠢ ᠡᠷᠡᠰ ᠴᠡᠭ᠌ᠴᠡᠯᠡᠨ ᠵᠠᠰᠠᠵᠤ᠂ ᠨᠠᠮᠴᠢ ᠴᠢᠨᠠᠷ ᠤ᠋ᠨ ᠳᠠᠪᠲᠠᠯᠲᠠ ᠵᠢᠨ 《ᠶᠡᠬᠡ ᠤᠷᠴᠢᠨ》 ᠢ᠋ ᠳᠠᠰᠤᠷᠠᠯᠳᠠ ᠦᠭᠡᠢ ᠴᠡᠪᠡᠷᠰᠢᠭᠦᠯᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠦ᠍ ᠵᠢᠨ ᠠᠮᠢᠳᠤᠷᠠᠯ ᠢ᠋ ᠤᠯᠠᠮ ᠴᠢᠩᠳᠠᠯᠠᠨ᠎ᠠ᠃ ᠲᠥᠪᠯᠡᠷᠡᠭᠦᠯᠦᠨ ᠵᠠᠰᠠᠬᠤ ᠡᠭᠦᠷᠭᠡ ᠵᠢ ᠰᠠᠨᠠᠭᠠᠴᠢᠯᠠᠭ᠎ᠠ ᠡᠴᠡ ᠪᠠᠨ ᠡᠭᠦᠷᠭᠡᠯᠡᠵᠦ᠍᠂ ᠪᠣᠯᠬᠢᠴᠢᠯᠠᠬᠰᠠᠨ ᠠᠷᠠᠯᠵᠢᠶᠠᠯᠠᠬᠰᠠᠨ 11 ᠲᠠᠯ᠎ᠠ ᠵᠢᠨ 54 ᠵᠦᠶ᠋ᠯ ᠤ᠋ᠨ ᠪᠣᠳᠠᠲᠠᠶ ᠢᠯᠡᠷᠡᠯ ᠢ᠋ ᠲᠣᠪᠣᠢᠮ᠎ᠠ ᠠᠩᠬᠠᠷᠴᠤ᠌᠂ ᠤᠯᠤᠰ ᠲᠥᠷᠥ ᠵᠢᠨ ᠬᠢᠨᠠᠯᠲᠠ ᠲᠠᠯᠪᠢᠬᠤ ᠡᠬᠡ ᠲᠠᠩᠰᠠ᠂ ᠲᠣᠮᠢᠯᠠᠨ ᠰᠠᠭᠤᠯᠭᠠᠭ᠍ᠰᠠᠨ ᠭᠤᠤᠯᠳᠠᠯᠭ᠎ᠠ ᠲᠠᠢ ᠠᠵᠢᠯ ᠤ᠋ᠨ ᠨᠠᠷᠢᠨ ᠲᠠᠩᠰᠠ᠂ ᠤᠯᠤᠰ ᠲᠥᠷᠥ ᠵᠢᠨ ᠲᠣᠭᠣᠷᠢᠨ ᠪᠠᠢᠴᠠᠭᠠᠯᠲᠠ ᠵᠢᠨ ᠵᠠᠪᠠᠯ ᠪᠠᠢᠴᠠᠭᠠᠬᠤ ᠡᠭᠦᠷᠭᠡ ᠳ᠋ᠦ᠍ ᠵᠣᠬᠢᠴᠠᠭᠤᠯᠤᠨ ᠣᠷᠣᠭᠤᠯᠵᠤ᠂ ᠲᠥᠪᠯᠡᠷᠡᠭᠦᠯᠦᠨ ᠵᠠᠰᠠᠬᠤ ᠵᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠦᠨᠡᠨ ᠬᠦ᠌ ᠪᠠᠲᠤᠯᠠᠨ᠎ᠠ᠃ 《ᠴᠢᠩᠭ᠎ᠠ》 ᠪᠠᠢᠬᠤ ᠭᠣᠣᠯ ᠬᠥᠭ ᠠᠶᠠᠰ ᠢ᠋ ᠭᠤᠢᠪᠢᠰᠢ ᠦᠭᠡᠢ ᠪᠠᠷᠢᠮᠲᠠᠯᠠᠵᠤ᠂ ᠨᠢᠭᠡ ᠪᠦᠯᠦᠭ ᠨᠡᠢᠲᠡᠯᠢᠭ ᠠᠰᠠᠭᠤᠳᠠᠯ ᠢ᠋ ᠬᠦᠴᠦᠯᠡᠨ ᠢᠯᠡᠷᠡᠭᠦᠯᠵᠦ᠍ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠪᠦᠬᠦ᠌ ᠬᠣᠲᠠ ᠵᠢᠨ ᠨᠠᠮ ᠤ᠋ᠨ ᠰᠤᠷᠲᠠᠯ ᠵᠠᠰᠠᠭ ᠤ᠋ᠨ ᠰᠤᠷᠲᠠᠯ ᠪᠦᠬᠦ᠌ ᠲᠠᠯ᠎ᠠ ᠪᠡᠷ ᠰᠠᠢᠵᠢᠷᠠᠬᠤ ᠵᠢ ᠠᠬᠢᠭᠤᠯᠤᠨ᠎ᠠ᠃ ᠪᠡᠶ᠎ᠡ ᠪᠠᠷ ᠵᠢᠠᠨ ᠦᠯᠢᠭᠡᠷ ᠳᠠᠭᠤᠷᠢᠶᠠᠯ ᠪᠤᠯᠵᠤ᠂ ᠪᠠᠢᠩᠭᠤ ᠵᠢᠨ ᠬᠣᠷᠢᠶᠠᠨ ᠤ᠋ ᠬᠠᠮᠲᠤ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠡᠷᠡᠰ ᠨᠠᠢᠳᠠᠪᠤᠷᠢᠵᠢᠭᠤᠯᠵᠤ᠂ 《ᠨᠢᠭᠡ ᠠᠵᠢᠯ ᠤ᠋ᠨ ᠪᠠᠢᠷᠢ ᠵᠢᠨ ᠬᠣᠣᠰ ᠬᠠᠷᠢᠭᠤᠴᠠᠯᠭ᠎ᠠ》 ᠵᠢ ᠡᠷᠡᠰ ᠡᠭᠦᠷᠭᠡᠯᠡᠨ᠎ᠡ᠃ ᠱᠢᠰᠲ᠋ᠧᠮ ᠤ᠋ᠨ ᠳᠣᠲᠣᠷᠠᠬᠢ ᠥᠪᠡᠷ᠎ᠢ ᠪᠠᠨ ᠪᠠᠢᠴᠠᠭᠠᠵᠤ ᠥᠪᠡᠷ᠎ᠢ ᠪᠠᠨ ᠵᠠᠯᠠᠷᠠᠭᠤᠯᠬᠤ᠂ ᠬᠡᠯᠪᠡᠢᠭᠦᠦ ᠵᠦᠢᠯ ᠢ᠋ ᠵᠠᠯᠠᠷᠠᠭᠤᠯᠬᠤ ᠵᠢ ᠲᠦᠷᠦᠭᠦᠯᠡᠨ ᠰᠠᠢᠲᠤᠷ ᠠᠳᠭᠤᠵᠤ᠂ 《ᠳᠡᠷᠭᠡᠳᠡᠬᠢ ᠠᠰᠠᠭᠤᠳᠠᠯ ᠵᠢᠡᠨ ᠤᠯᠵᠤ ᠬᠠᠷᠠᠬᠤ ᠦᠭᠡᠢ》 ᠪᠠᠢᠬᠤ ᠠᠰᠠᠭᠤᠳᠠᠯ ᠢ᠋ ᠤᠬᠠᠮᠰᠠᠷ ᠡᠴᠡ ᠪᠠᠨ ᠪᠠᠢᠴᠠᠭᠠᠨ ᠦᠵᠡᠬᠦ᠌ ᠪᠠ ᠡᠷᠡᠰ ᠰᠡᠷᠭᠡᠢᠯᠡᠵᠦ᠍᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠂ ᠳᠣᠲᠣᠨᠣ ᠢᠲᠡᠭᠡᠮᠵᠢᠲᠡᠢ ᠬᠦᠨᠳᠦᠲᠡᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠴᠡᠷᠢᠭ ᠢ᠋ ᠪᠦᠬᠦ᠌ ᠬᠦᠴᠦ᠍ᠨ ᠵᠢᠡᠷ ᠵᠢᠠᠨ ᠪᠠᠢᠭᠤᠯᠤᠨ᠎ᠠ᠃

ᠪᠤᠭᠤᠲᠤ ᠬᠣᠲᠠ ᠵᠢᠨ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ᠂ ᠬᠢᠨᠠᠨ ᠪᠠᠢᠴᠠᠭᠠᠬᠤ ᠵᠥᠪᠯᠡᠯ ᠤ᠋ᠨ ᠡᠷᠬᠢᠯᠡᠭ᠌ᠴᠢ ᠺᠠᠩ ᡁᠢ ᠭᠠᠩ᠄

ᠡᠷᠡᠭᠦᠯ ᠵᠢᠷᠤᠮᠵᠢᠭᠤᠨ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ᠎ᠢᠶᠠᠷ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠠᠬᠤᠢ ᠎ᠵᠢ ᠬᠠᠮᠠᠭᠠᠯᠠᠨ᠎ᠠ

ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠪᠣᠯ ᠮᠠᠨ ᠤ᠋ ᠨᠠᠮ ᠤ᠋ᠨ ᠢᠮᠠᠭ᠍ᠲᠠ ᠪᠠᠷᠢᠮᠲᠠᠯᠠᠭ᠍ᠰᠠᠭᠠᠷ ᠢᠷᠡᠭ᠌ᠰᠡᠨ ᠱᠢᠯᠢᠳᠡᠭ ᠤᠯᠠᠮᠵᠢᠯᠠᠯ ᠪᠠ ᠤᠯᠤᠰ ᠲᠦᠷᠦ᠍ ᠵᠢᠨ ᠳᠠᠪᠠᠭᠤᠯᠢᠭ ᠮᠥᠨ᠂ ᠪᠠᠰᠠ ᠴᠤ᠌ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ᠍ ᠲᠠᠯᠪᠢᠭ᠍ᠰᠠᠨ ᠴᠢᠬᠤᠯᠠ ᠱᠠᠭᠠᠷᠳᠠᠯᠭ᠎ᠠ ᠮᠥᠨ᠃ ᠪᠢᠳᠡ ᠡᠷᠬᠡᠪᠰᠢ ᠤᠯᠤᠰ ᠲᠥᠷᠥ ᠵᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠵᠢᠨ ᠣᠬᠠᠪᠤᠷᠢᠯᠡᠬᠤ ᠴᠢᠳᠠᠪᠤᠷᠢ᠂ ᠤᠯᠤᠰ ᠲᠥᠷᠥ ᠵᠢᠨ ᠬᠡᠷᠡᠭ᠌ᠵᠢᠭᠦᠯᠬᠦ᠌ ᠴᠢᠳᠠᠪᠤᠷᠢ ᠪᠠᠨ ᠳᠡᠭᠡᠭ᠌ᠰᠢᠯᠡᠭᠦᠯᠵᠦ᠍᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠲᠥᠪ ᠴᠢᠩᠭ᠎ᠠ ᠵᠢᠷᠤᠮᠵᠢᠭᠤᠯᠬᠤ ᠵᠢ 《ᠬᠣᠶᠠᠷ ᠢ᠋ ᠳᠤᠬᠳᠠᠭᠠᠬᠰᠠᠨ》 ᠢ᠋ ᠡᠷᠡᠰ ᠬᠦᠷᠢᠶᠡᠯᠡᠵᠤ᠂ 《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠴᠥᠬᠥᠷᠡᠰᠢ ᠥᠬᠡᠶ ᠴᠢᠩᠭ᠎ᠠ ᠠᠳᠭᠤᠵᠤ ᠪᠣᠳᠠᠲᠠᠶ ᠠᠳᠭᠤᠵᠤ ᠰᠠᠢᠲᠤᠷ ᠠᠳᠭᠤᠨ᠎ᠠ᠃

ᠪᠤᠭᠤᠲᠤ ᠬᠣᠲᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠪᠥᠬᠥ᠌ ᠲᠠᠯ᠎ᠠ ᠪᠡᠷ ᠡᠷᠡᠭᠦᠯ ᠪᠥᠭᠡᠳ ᠵᠢᠷᠤᠮᠵᠢᠭ᠍ᠰᠠᠨ ᠵᠠᠮ ᠳ᠋ᠦ᠍ ᠪᠤᠴᠠᠬᠤ ᠵᠢ ᠲᠦᠷᠭᠡᠳᠭᠡᠨ ᠠᠬᠢᠭᠤᠯᠬᠤ ᠲᠠᠯ᠎ᠠ ᠪᠡᠷ ᠡᠭᠦᠷᠭᠡ ᠬᠠᠷᠢᠭᠤᠴᠠᠯᠭ᠎ᠠ ᠪᠠᠨ ᠵᠣᠷᠢᠭ᠍ᠲᠠᠶ ᠡᠭᠦᠷᠭᠡᠯᠡᠵᠦ᠍᠂ ᠥᠯᠢᠭᠡᠷ ᠳᠠᠭᠤᠷᠢᠶᠠᠯ ᠪᠣᠯᠬᠤ ᠪᠡᠷ ᠴᠢᠷᠮᠠᠢᠨ᠎ᠠ᠃ ᠨᠢᠭᠡ ᠳ᠋ᠦ᠍᠂ ᠡᠷᠭᠡᠪᠰᠢ ᠤᠯᠤᠰ ᠲᠦᠷᠦ᠍ ᠵᠢᠨ ᠬᠢᠨᠠᠯᠲᠠ ᠵᠢ ᠴᠢᠩᠭᠠᠳᠭᠠᠵᠤ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ ᠦᠷᠭᠦᠯᠵᠢᠯᠡᠨ ᠰᠠᠢᠵᠢᠷᠠᠬᠤ ᠵᠢ ᠠᠬᠢᠭᠤᠯᠤᠨ᠎ᠠ᠃ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠤᠨ 11 ᠲᠠᠯ᠎ᠠ᠎ᠵᠢᠨ 54 ᠵᠦᠢᠯ᠎ᠤᠨ ᠪᠣᠳᠠᠲᠤ ᠢᠯᠡᠷᠡᠯ ᠳ᠋ᠦ᠍ ᠠᠩᠬᠠᠷᠤᠯ ᠵᠢᠠᠨ ᠲᠥᠪᠯᠡᠷᠡᠭᠦᠯᠵᠦ᠍᠂ ᠢᠯᠡ ᠪᠠᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠪᠠ ᠲᠤᠰᠭᠠᠶ ᠪᠠᠢᠴᠠᠭᠠᠯᠲᠠ ᠬᠢᠬᠦ᠌ ᠵᠢ ᠴᠢᠩᠭᠠᠳᠭᠠᠵᠤ᠂ ᠠᠷᠢᠭᠤᠨ ᠴᠢᠬᠡᠴᠢ᠂ ᠶᠣᠰᠣ ᠲᠦᠷᠢᠮ᠎ᠲᠡᠶ᠂ ᠲᠥᠪ ᠰᠤᠷᠲᠠᠯ ᠲᠡᠭᠦᠯᠳᠡᠷ ᠨᠠᠮ ᠤ᠋ᠨ ᠳᠣᠲᠣᠭᠠᠳᠤ ᠵᠢᠨ ᠨᠥᠬᠥᠳ ᠤ᠋ᠨ ᠬᠠᠷᠢᠴᠠᠭ᠎ᠠ ᠵᠢ ᠪᠣᠶ ᠪᠣᠯᠭᠠᠬᠤ ᠵᠢ ᠠᠬᠢᠭᠤᠯᠤᠨ᠎ᠠ᠃ ᠬᠣᠶᠠᠷ ᠲᠦ᠍᠂ ᠡᠷᠭᠡᠪᠰᠢ ᠤᠯᠤᠰ ᠲᠦᠷᠦ᠍ ᠵᠢᠨ ᠠᠮᠢ ᠠᠬᠤᠢ ᠵᠢ ᠴᠡᠪᠡᠷᠱᠢᠭᠦᠯᠵᠦ᠍᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ ᠪᠦᠬᠦᠯᠢ ᠴᠣᠭ᠍ᠴᠠ ᠵᠢᠨ ᠦᠷ᠎ᠡ ᠪᠦᠲᠦᠮᠵᠢ ᠵᠢ ᠲᠡᠭᠡᠭᠰᠢᠯᠡᠬᠦᠯᠤᠨ᠎ᠠ᠃ 《ᠨᠢᠭᠡᠳᠦᠭᠡᠷ ᠭᠠᠷ》 ᠪᠣᠯᠤᠨ ᠤᠳᠤᠷᠢᠳᠭᠤ ᠪᠠᠭ ᠤ᠋ᠨ ᠬᠢᠨᠠᠯᠲᠠ ᠵᠢ ᠴᠢᠩᠭᠠᠳᠭᠠᠵᠤ᠂ ᠢᠯᠵᠠᠷᠠᠬᠤ ᠡᠴᠡ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠢᠬᠤ ᠵᠢ ᠨᠢᠭᠡ ᠴᠤᠬ᠍ᠴᠠᠵᠢᠭᠤᠯᠤᠨ ᠠᠬᠢᠭᠤᠯᠬᠤ ᠲᠠᠯ᠎ᠠ ᠪᠡᠷ ᠦᠷᠭᠦᠯᠵᠢᠯᠡᠨ ᠬᠦᠴᠦᠯᠡᠵᠦ᠍᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠳ᠋ᠦ᠍ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠲᠣᠭᠣᠷᠢᠨ ᠢ᠋ ᠪᠤᠢ ᠪᠣᠯᠭᠠᠨ᠎ᠠ᠃ ᠭᠤᠷᠪᠠ ᠳ᠋ᠦ᠍᠂ ᠡᠷᠭᠡᠪᠰᠢ ᠪᠡᠶ᠎ᠡ ᠪᠠᠷ ᠵᠢᠠᠨ ᠦᠯᠢᠭᠡᠷ ᠳᠠᠭᠤᠷᠢᠶᠠᠯ ᠪᠣᠯᠬᠤ ᠵᠢ ᠪᠠᠷᠢᠮᠲᠠᠯᠠᠵᠤ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ ᠭᠦᠨᠵᠡᠭᠡᠢᠷᠡᠨ ᠪᠣᠳᠠᠲᠠᠢᠵᠢᠬᠤ ᠵᠢ ᠪᠠᠲᠤᠯᠠᠨ᠎ᠠ᠃ ᠲᠥᠪᠯᠡᠷᠡᠭᠦᠯᠦᠨ ᠵᠠᠰᠠᠬᠤ ᠶᠠᠪᠤᠴᠠ ᠵᠢ ᠨᠠᠮ ᠤ᠋ᠨ ᠲᠥᠪ ᠬᠣᠷᠢᠶ᠎ᠠ ᠲᠠᠢ ᠪᠠᠷᠢᠮᠵᠢᠶᠠᠵᠢᠭᠤᠯᠤᠨ ᠨᠢᠬᠡᠳᠦᠯᠳᠡᠢ ᠪᠠᠢᠯᠭᠠᠬᠤ ᠶᠠᠪᠤᠴᠠ ᠪᠣᠯᠭᠠᠵᠤ᠂ ᠠᠰᠠᠭᠤᠳᠠᠯ ᠢ᠋ ᠦᠨᠡᠨ ᠬᠦ᠌ ᠡᠷᠢᠵᠦ᠍᠂ ᠪᠤᠳᠠᠳᠠᠢ ᠠᠰᠠᠭᠤᠳᠠᠯ ᠢ᠋ ᠡᠷᠢᠵᠦ᠍᠂ ᠠᠰᠠᠭᠤᠳᠠᠯ ᠢ᠋ ᠦᠨᠡᠨ ᠬᠦ᠌ ᠱᠢᠢᠳᠪᠦᠷᠢᠯᠡᠵᠦ᠍᠂ ᠡᠩᠨᠡᠭᠡ ᠪᠠᠨ ᠦᠨᠡᠨ ᠬᠦ᠌ ᠬᠦᠴᠦᠷᠬᠡᠭ᠌ᠵᠢᠭᠦᠯᠵᠦ᠍᠂ ᠺᠠᠳ᠋ᠷᠴᠤᠳ᠎ᠢ ᠦᠨᠡᠨ᠎ᠬᠦ ᠲᠠᠪᠳᠠᠨ ᠪᠤᠯᠪᠠᠰᠤᠷᠠᠭᠤᠯᠤᠨ᠎ᠠ᠃

ᠬᠥᠯᠥᠨ ᠪᠤᠢ᠌ᠷ ᠬᠤᠳᠠ ᠢ᠋ᠢᠨ ᠨᠠᠮ ᠤ᠋ᠨ ᠬᠣᠷᠢᠶᠠᠨ ᠤ᠋ ᠪᠠᠢᠩᠭᠤ ᠢ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ᠂ ᠬᠢᠨᠠᠨ ᠪᠠᠢᠴᠠᠭᠠᠬᠤ ᠵᠥᠪᠯᠡᠯ ᠤ᠋ᠨ ᠡᠷᠬᠢᠯᠡᠭ᠌ᠴᠢ ᠬᠠᠢ ᠶᠠᠨ᠄

ᠰᠤᠷᠲᠠᠯ ᠢ᠋ ᠴᠡᠭ᠌ᠴᠡᠯᠡᠨ ᠰᠠᠬᠢᠯᠭ᠎ᠠ ᠪᠠᠲᠤ ᠢ᠋ᠢ ᠴᠢᠩᠳᠠᠯᠠᠬᠤ᠎ᠳᠤ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠡᠴᠡ ᠡᠬᠢᠯᠡᠨ ᠴᠢᠨᠭᠳᠠᠯᠠᠨ᠎ᠠ

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠂ ᠶᠡᠷᠦᠩᠬᠡᠢ ᠱᠦᠵᠢ ᠰᠢ ᠵᠢᠨ ᠫᠢᠩ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠴᠢᠨᠭᠳᠠᠯᠠᠬᠤ ᠠᠰᠠᠭᠤᠳᠡᠯ᠎ᠤᠨ ᠲᠤᠬᠠᠢ ᠲᠠᠬᠢᠨ ᠳᠠᠪᠲᠠᠨ ᠴᠢᠬᠤᠯᠠᠴᠢᠯᠠᠵᠤ ᠂ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠳ᠋ᠤ ᠤᠯᠤᠰ ᠲᠦᠷᠦ ᠢ᠋ᠢᠨ ᠪᠠᠢᠭᠤᠯᠤᠯᠳᠡ ᠢ᠋ᠢ ᠲᠡᠷᠢᠬᠦᠨ ᠳ᠋ᠤ ᠲᠠᠯᠪᠢᠵᠤ᠂ ᠤᠯᠤᠰ ᠲᠦᠷᠦ᠍ ᠢ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍ ᠢ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠍ ᠢ᠋ᠢᠨ ᠬᠡᠷᠡᠭᠵᠢᠬᠦᠯᠬᠦ ᠴᠢᠳᠠᠪᠤᠷᠢ ᠪᠡᠨ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠣᠯ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠭᠣᠣᠯ ᠬᠦᠴᠦᠨ ᠮᠥᠨ᠂ ᠡᠷᠭᠡᠪᠰᠢ ᠤᠯᠤᠰ ᠲᠦᠷᠦ᠍ ᠢ᠋ᠢᠨ ᠲᠠᠯ᠎ᠠ ᠪᠡᠷ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠢ᠋ᠢ ᠴᠢᠩᠭ᠎ᠠ ᠰᠠᠢᠲᠤᠷ ᠠᠳᠭᠤᠵᠤ᠂ ᠢᠮᠠᠭ᠍ᠲᠠ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠭᠡᠬᠦ᠌ ᠡᠨᠡ ᠬᠦ᠌ ᠦᠨᠳᠦᠰᠦᠨ ᠡᠭᠦᠷᠭᠡ ᠬᠠᠷᠢᠭᠤᠴᠠᠯᠭ᠎ᠠ ᠪᠡᠨ ᠭᠦᠢᠴᠡᠳᠭᠡᠬᠦ᠌ ᠬᠡᠷᠡᠭ᠌ᠲᠡᠢ᠃

ᠨᠠᠮ ᠤ᠋ᠨ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠡ ᠬᠤᠷᠠᠯ ᠡᠴᠡ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠤ᠋ᠨ ᠲᠤᠬᠠᠢ 《ᠨᠢᠭᠡ ᠦᠨᠳᠦᠰᠦᠨ ᠵᠢᠷᠤᠮᠯᠠᠯ》᠂ 《ᠲᠦᠷᠪᠡ ᠢ᠋ᠢ ᠪᠠᠷᠢᠮᠲᠠᠯᠠᠬᠤ》 ᠂ 《ᠵᠢᠷᠭᠤᠭᠠᠨ ᠤᠯᠤᠰ ᠲᠦᠷᠦ ᠢ᠋ᠢᠨ ᠪᠠᠢᠳᠠᠯ ᠲᠠᠢ ᠪᠠᠢᠬᠤ》 ᠶᠡᠷᠦᠩᠬᠡᠢ ᠱᠠᠭᠠᠷᠳᠠᠯᠭ᠎ᠠ ᠢ᠋ᠢ ᠳᠤᠷᠠᠳᠤᠭ᠍ᠰᠠᠨ ᠪᠥᠭᠡᠳ 12 ᠲᠠᠯ᠎ᠠ ᠡᠴᠡ ᠪᠣᠳᠠᠲᠠᠢ ᠲᠣᠭ᠍ᠲᠠᠭᠠᠯ ᠭᠠᠷᠭᠠᠵᠤ᠂ ᠪᠢᠳᠡᠨ ᠤ᠋ ᠱᠢᠨ᠎ᠡ ᠪᠠᠢᠳᠠᠯ ᠲᠤᠤᠷᠠᠬᠢ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠴᠢᠩᠭᠠᠳᠭᠠᠨ ᠵᠢᠷᠤᠮᠵᠢᠭᠤᠯᠬᠤ᠎ᠳᠤ ᠴᠢᠭ᠌ᠯᠡᠯ ᠢ᠋ ᠲᠣᠳᠣᠷᠬᠠᠢ ᠵᠢᠭᠠᠵᠤ ᠥᠭ᠌ᠴᠡᠢ᠃

ᠥᠪᠡᠷᠲᠡᠭᠡᠨ ᠵᠠᠰᠠᠬᠤ ᠣᠷᠣᠨ ᠡᠴᠡ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ᠎ᠳᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠢ᠋ ᠦᠷᠨᠢᠬᠦᠯᠬᠦ ᠪᠤᠯ ᠮᠠᠨ ᠤ᠋ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠤᠯᠠᠮ ᠴᠢᠨᠠᠭ᠍ᠰᠢᠳᠠ ᠴᠢᠩᠭᠠᠳᠭᠠᠨ ᠵᠢᠷᠤᠮᠵᠢᠭᠤᠯᠬᠤ ᠴᠢᠬᠤᠯᠠ ᠠᠵᠠ ᠲᠣᠬᠢᠶᠠᠯ ᠪᠣᠯᠤᠨ᠎ᠠ᠃ ᠡᠷᠭᠡᠪᠰᠢ ᠲᠥᠪᠯᠡᠷᠡᠭᠦᠯᠦᠨ ᠵᠠᠰᠠᠬᠤ ᠪᠡᠷ ᠰᠢᠨ᠎ᠠ ᠪᠠᠢᠳᠠᠯ ᠢ᠋ ᠪᠤᠢ ᠪᠤᠯᠭᠠᠵᠤ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠡᠴᠡ ᠨᠠᠭᠠᠱᠢᠬᠢ ᠠᠰᠠᠭᠤᠳᠠᠯ ᠤ᠋ᠨ ᠰᠦᠪᠡᠭ᠌ᠴᠢ ᠢ᠋ᠢ ᠵᠢᠭ᠍ᠰᠠᠭᠠᠨ ᠪᠠᠢᠴᠠᠭᠠᠵᠤ᠂ ᠠᠰᠠᠭᠤᠳᠠᠯ᠎ᠳᠤ ᠬᠣᠯᠪᠣᠭ᠍ᠳᠠᠭ᠍ᠰᠠᠨ 11 ᠵᠦᠶ᠋ᠯ ᠤ᠋ᠨ ᠦᠵᠡᠭ᠌ᠳᠡᠯ ᠢ᠋ ᠴᠢᠩᠭ᠎ᠠ ᠪᠠᠢᠴᠠᠭᠠᠨ ᠰᠢᠢᠳᠪᠤᠷᠢᠯᠡᠨ᠎ᠠ᠃ ᠡᠷᠭᠡᠪᠰᠢ 《ᠤᠬ᠍ᠳᠤ ᠠᠭᠤᠴᠢᠯᠠᠬᠤ ᠦᠭᠡᠢ》 ᠪᠡᠷ ᠢᠯᠵᠠᠷᠠᠯ ᠢ᠋ ᠡᠰᠡᠷᠭᠦᠴᠡᠬᠦ᠌ ᠢ᠋ᠢ ᠪᠠᠷᠢᠮᠲᠠᠯᠠᠵᠤ᠂ ᠢᠯᠵᠠᠷᠠᠯ ᠢ᠋ ᠡᠰᠡᠷᠭᠦᠴᠡᠬᠦ᠌ ᠢ᠋ᠢ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠵᠢᠷᠤᠮᠵᠢᠭᠤᠯᠬᠤ ᠴᠢᠬᠤᠯᠠ ᠡᠭᠦᠷᠭᠡ ᠪᠣᠯᠭᠠᠵᠤ ᠡᠴᠦᠰ᠎ᠲᠦᠨᠢ ᠲᠤᠯᠲᠠᠯ᠎ᠠ ᠠᠳᠬᠤᠨ᠎ᠠ᠃ ᠡᠷᠭᠡᠪᠰᠢ ᠨᠢᠭᠡ᠎ᠡᠴᠡ ᠨᠥᠭᠥᠭᠡ ᠢ᠋ᠢ ᠵᠦᠢᠴᠢᠯᠡᠨ ᠮᠡᠳᠡᠬᠦ ᠵᠠᠰᠠᠯᠲᠠ ᠢ᠋ᠢ ᠭᠦᠨᠵᠡᠭᠡᠢᠷᠡᠭᠦᠯᠵᠦ᠍᠂ ᠰᠠᠬᠢᠯᠭ᠎ᠠ ᠪᠠᠲᠤ ᠬᠠᠤᠯᠢ ᠴᠠᠭᠠᠵᠠ ᠢ᠋ᠢ ᠵᠥᠷᠢᠴᠡᠭ᠌ᠰᠡᠨ ᠬᠡᠷᠡᠭ ᠢ᠋ ᠭᠦᠨᠵᠡᠭᠡᠶ ᠵᠠᠳᠠᠯᠵᠤ᠂ ᠴᠢᠨᠠᠷ ᠰᠠᠢᠲᠠᠶ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠨᠠᠭᠤᠯᠭ᠎ᠠ ᠳᠤᠷᠠᠳᠴᠤ᠌᠂ ᠬᠣᠯᠪᠣᠭ᠍ᠳᠠᠯ ᠪᠥᠬᠥᠶ ᠭᠠᠵᠠᠷ ᠣᠷᠣᠨ ᠰᠠᠯᠠᠭ᠎ᠠ ᠮᠥᠴᠢᠷ ᠤ᠋ᠨ ᠬᠡᠷᠡᠭ ᠢ᠋ᠢᠡᠷ ᠵᠢᠱ᠌ᠢᠶᠡᠯᠡᠵᠤ ᠬᠠᠯᠠᠨ ᠰᠠᠢᠵᠢᠷᠠᠭᠤᠯᠬᠤ ᠢ᠋ᠢ ᠠᠬᠢᠭᠤᠯᠬᠤ ᠴᠡᠭ᠌ᠴᠡᠯᠡᠨ ᠰᠠᠢᠵᠢᠷᠠᠭᠤᠯᠬᠤ ᠢ᠋ᠢ ᠠᠬᠢᠭᠤᠯᠵᠤ᠂ ᠵᠠᠰᠠᠯᠲᠠ ᠢ᠋ᠢ ᠬᠦᠨᠵᠡᠬᠡᠢᠷᠡᠬᠦᠯᠦᠨ᠎ᠠ᠃ ᠡᠷᠭᠡᠪᠰᠢ ᠦᠵᠡᠯ ᠰᠠᠨᠠᠭᠠᠨ ᠤ᠋ ᠰᠠᠭᠤᠷᠢ ᠢ᠋ᠢ ᠦᠷᠭᠦᠯᠵᠢᠯᠡᠨ ᠪᠡᠬᠢᠵᠢᠭᠦᠯᠵᠦ᠍ ᠂ ᠠᠳᠠᠯᠢ ᠱᠠᠲᠤᠨ ᠤ᠋ ᠠᠳᠠᠯᠢ ᠲᠦᠷᠦᠯ ᠤ᠋ᠨ ᠰᠠᠬᠢᠯᠭ᠎ᠠ ᠪᠠᠲᠤ ᠬᠠᠤᠯᠢ ᠴᠠᠭᠠᠵᠠ ᠡᠴᠡ ᠵᠥᠷᠢᠴᠡᠭ᠌ᠰᠡᠨ ᠬᠡᠷᠡᠭ ᠤ᠋ᠨ ᠵᠢᠱ᠌ᠢᠢ᠎ᠡ ᠢ᠋ᠢᠨ ᠡᠬᠢ ᠪᠠᠶᠠᠯᠢᠭ ᠢ᠋ ᠰᠠᠢᠲᠤᠷ ᠠᠮᠢᠳᠤᠯᠢᠭ ᠬᠡᠷᠡᠭ᠌ᠯᠡᠵᠦ᠍᠂ ᠴᠢᠬᠡᠴᠢ ᠵᠠᠰᠠᠭ ᠤ᠋ᠨ ᠬᠥᠮᠦᠵᠢᠯ ᠢ᠋ ᠬᠦᠮᠦᠰ ᠤ᠋ᠨ ᠰᠡᠳᠭᠢᠯ ᠵᠢᠷᠦᠬᠡᠨ ᠳ᠋ᠤ ᠬᠠᠳᠠᠩᠱᠢᠭᠤᠯᠵᠤ᠂ ᠨᠠᠮ ᠤ᠋ᠨ ᠭᠡᠱᠢᠭᠦᠨ ᠺᠠᠳ᠋ᠷ ᠤ᠋ᠨ ᠤᠯᠤᠰ ᠲᠦᠷᠦ᠍ ᠢ᠋ᠢᠨ ᠲᠣᠭ᠍ᠲᠠᠯ ᠬᠦᠴᠦᠨ ᠢ᠋ ᠲᠠᠰᠤᠷᠠᠯᠳᠠ ᠦᠭᠡᠢ ᠴᠢᠨᠭᠭᠠᠳᠬᠠᠨ᠎ᠠ᠃

ᠬᠢᠩᠭᠠᠨ ᠠᠢᠮᠠᠭ ᠤ᠋ᠨ ᠨᠠᠮ ᠤ᠋ᠨ ᠬᠣᠷᠢᠶᠠᠨ ᠤ᠋ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ᠂ ᠬᠢᠨᠠᠨ ᠪᠠᠢᠴᠠᠭᠠᠬᠤ ᠵᠥᠪᠯᠡᠯ ᠤ᠋ᠨ ᠡᠷᠬᠢᠯᠡᠭ᠌ᠴᠢ ᠵᠠᠩ ᠯᠢ ᠬᠤᠸᠠ᠄

ᠴᠢᠩᠭ᠎ᠠ ᠬᠦᠴᠦᠲᠡᠢ ᠤᠯᠤᠰ ᠲᠦᠷᠦ᠍ ᠢ᠋ᠢᠨ ᠬᠢᠨᠠᠯᠲᠠ ᠪᠡᠷ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠰᠠᠭᠤᠷᠢ ᠢ᠋ᠢ ᠪᠡᠬᠢᠵᠢᠬᠦᠯᠦᠨ᠎ᠠ

ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌᠎ᠳᠦ ᠣᠷᠣᠯᠴᠠᠬᠤ ᠎ᠳᠠᠭᠠᠨ᠂ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠴᠢᠩᠳᠠᠯᠠᠬᠤ ᠢ᠋ᠢ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠢ᠋ᠢᠨ ᠭᠦᠨᠵᠡᠭᠡᠢᠷᠡᠨ ᠬᠥᠭ᠌ᠵᠢᠬᠦ᠌ ᠢ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠤ᠋ᠨ ᠪᠦᠬᠦ᠌ ᠲᠠᠯ᠎ᠠ ᠪᠡᠷ ᠡᠷᠡᠭᠦᠯ ᠵᠢᠷᠤᠮᠵᠢᠭᠤᠨ ᠵᠠᠮ ᠳ᠋ᠤ ᠪᠤᠴᠠᠬᠤ ᠢ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠨᠢ ᠤᠯᠤᠰ ᠲᠥᠷᠥ ᠢ᠋ᠢᠨ ᠪᠠᠢᠭᠤᠯᠭ᠎ᠠ ᠪᠣᠯᠤᠭ᠍ᠰᠠᠨ ᠤ᠋ ᠬᠤᠪᠢ᠎ᠳᠤ᠂ ᠡᠷᠭᠡᠪᠰᠢ ᠶᠡᠷᠦᠩᠬᠡᠶ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠢ᠋ᠢ ᠭᠦᠨᠵᠡᠭᠡᠶ ᠤᠢᠯᠠᠭᠠᠨ ᠣᠨᠣᠪᠴᠢᠲᠠᠶ ᠡᠵᠡᠮᠳᠡᠵᠦ᠍᠂ ᠤᠯᠤᠰ ᠲᠥᠷᠥ ᠢ᠋ᠢᠨ ᠬᠢᠨᠠᠯᠳᠠ ᠪᠡᠨ ᠴᠢᠩᠭᠠᠳᠭᠠᠨ᠂ ᠨᠠᠮ ᠤ᠋ᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠢ᠋ᠢ ᠪᠣᠳᠠᠲᠠᠶ᠎ᠳᠤ ᠨᠠᠢᠳᠠᠪᠤᠷᠢᠵᠢᠭᠤᠯᠬᠤ ᠢ᠋ᠢ ᠪᠥᠬᠥ᠌ ᠲᠠᠯ᠎ᠠ ᠪᠡᠷ ᠠᠬᠢᠭᠤᠯᠤᠨ᠎ᠠ ᠃

ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠡᠷᠭᠡᠪᠰᠢ ᠰᠢ ᠵᠢᠨ ᠫᠢᠩ ᠨᠥᠬᠥᠷ ᠢ᠋ᠢᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠨ ᠤ᠋ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠢ᠋ᠢ ᠡᠷᠡᠰ ᠭᠤᠢᠪᠢᠰᠢ ᠦᠭᠡᠢ ᠠᠬᠢᠭᠤᠯᠬᠤ ᠢᠯᠡ ᠲᠣᠳᠣ ᠣᠪᠣᠷ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠡᠨ᠎ᠤ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢ ᠠᠬᠤᠢ ᠢ᠋ᠢ ᠲᠠᠬᠢᠨ ᠴᠣᠭ᠍ᠴᠠᠯᠠᠬᠤ ᠡᠷᠡᠰ ᠵᠣᠷᠢᠭ ᠢ᠋ ᠭᠦᠢᠴᠡᠳ ᠲᠠᠨᠢᠵᠤ ᠂ ᠲᠥᠪᠯᠡᠷᠡᠩᠭᠦᠢ ᠵᠠᠰᠠᠯᠲᠠ ᠢ᠋ᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠢ᠋ᠢ ᠪᠠᠲᠤᠯᠠᠵᠤ᠂ ᠤᠯᠤᠰ ᠲᠦᠷᠦ᠍ ᠢ᠋ᠢᠨ ᠠᠮᠢ ᠠᠬᠤᠢ ᠢ᠋ᠢᠨ ᠰᠠᠢᠵᠢᠷᠠᠯᠳᠠ ᠢ᠋ᠢ ᠠᠬᠢᠭᠤᠯᠤᠨ᠎ᠠ᠃

《ᠵᠠᠩᠭᠢᠯᠠᠭ᠎ᠠ ᠢ᠋ᠢᠨ ᠴᠥᠭᠡᠨ ᠲᠣᠭᠠᠲᠠᠨ》 ᠢᠯᠠᠩᠭᠤᠶ᠎ᠠ 《ᠨᠢᠬᠡᠳᠤᠬᠡᠷ ᠭᠠᠷ》 ᠪᠣᠯᠤᠨ ᠤᠳᠤᠷᠢᠳᠭᠤ ᠪᠠᠭ᠎ᠲᠤ ᠬᠢᠨᠠᠯᠲᠠ ᠲᠠᠯᠪᠢᠬᠤ ᠢ᠋ᠢ ᠲᠤᠪᠤᠢ᠌ᠯᠭᠠᠨ ᠴᠢᠩᠭᠠᠳᠭᠠᠵᠤ᠂ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠪᠦᠬᠦ᠌ ᠲᠠᠯ᠎ᠠ ᠪᠡᠷ ᠡᠷᠡᠭᠦᠯ ᠵᠢᠷᠤᠮᠵᠢᠭᠤᠨ ᠵᠠᠮ ᠳ᠋ᠤ ᠪᠤᠴᠠᠬᠤ ᠢ᠋ᠢ ᠲᠠᠰᠤᠷᠠᠯᠳᠠ ᠦᠭᠡᠢ ᠠᠬᠢᠭᠤᠯᠤᠨ᠎ᠠ ᠃ ᠨᠠᠮ ᠤ᠋ᠨ ᠳᠣᠲᠣᠭᠠᠳᠤ ᠢ᠋ᠢᠨ ᠤᠯᠤᠰ ᠲᠥᠷᠥ ᠢ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠬᠰᠠᠨ 11 ᠲᠠᠯ᠎ᠠ ᠢ᠋ᠢᠨ ᠠᠰᠠᠭᠤᠳᠠᠯ ᠤ᠋ᠨ ᠨᠠᠷᠢᠨ ᠲᠠᠩᠰᠠ᠎ᠲᠠᠶ ᠴᠢᠩᠭ᠎ᠠ ᠬᠠᠷᠭᠤᠭᠤᠯᠵᠤ᠂ ᠰᠠᠨᠠᠭᠠᠴᠢᠯᠠᠭ᠎ᠠ ᠡᠴᠡ ᠪᠡᠨ ᠬᠢᠨᠠᠯᠲᠠ ᠲᠠᠯᠪᠢᠵᠤ ᠰᠠᠬᠢᠯᠭ᠎ᠠ ᠪᠠᠲᠤ ᠢ᠋ᠢ ᠴᠢᠩᠭ᠎ᠠ ᠬᠡᠷᠡᠭ᠌ᠵᠢᠭᠦᠯᠵᠦ᠍᠂ 6 ᠵᠦᠶ᠋ᠯ ᠤ᠋ᠨ ᠱᠠᠭᠠᠷᠳᠠᠯᠭ᠎ᠠ ᠶᠣᠰᠣᠭᠠᠷ᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠵᠢᠷᠤᠮᠵᠢᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠠ᠃ ᠪᠠᠢᠩᠭᠤ ᠢ᠋ᠢᠨ ᠰᠠᠨᠠᠭᠤᠯᠤᠮᠵᠢ ᠢ᠋ᠢᠨ ᠲᠣᠭ᠍ᠲᠠᠴᠠ᠂ ᠰᠦᠪᠡᠭ᠌ᠴᠢ ᠢ᠋ᠢ ᠢᠯᠡᠷᠡᠭᠦᠯᠬᠦ᠌ ᠲᠣᠭ᠍ᠲᠠᠴᠠ ᠪᠠ ᠠᠰᠠᠭᠤᠳᠠᠯ ᠢ᠋ ᠪᠠᠢᠴᠠᠭᠠᠨ ᠱᠢᠶ᠋ᠳᠪᠦᠷᠢᠯᠡᠬᠦ᠌ ᠲᠣᠭ᠍ᠲᠠᠴᠠ ᠢ᠋ᠢ ᠪᠠᠢᠭᠤᠯᠤᠨ ᠲᠡᠭᠦᠯᠳᠡᠷᠵᠢᠭᠦᠯᠵᠦ᠍᠂ ᠤᠯᠤᠰ ᠲᠥᠷᠥ ᠢ᠋ᠢᠨ ᠰᠠᠬᠢᠯᠭ᠎ᠠ ᠪᠠᠲᠤ ᠤᠯᠤᠰ ᠲᠥᠷᠥ ᠢ᠋ᠢᠨ ᠶᠣᠰᠣ ᠲᠦᠷᠢᠮ ᠢ᠋ ᠤᠯᠠᠮ ᠨᠢᠭᠡ ᠠᠯᠬᠤᠮ ᠴᠢᠩᠳᠠᠯᠠᠨ᠎ᠠ᠃ ᠲᠤᠰ ᠪᠡᠶ᠎ᠡ ᠢ᠋ᠢᠨ ᠪᠠᠢᠭᠤᠯᠤᠯᠲᠠ ᠪᠡᠨ ᠴᠢᠩᠭᠠᠳᠭᠠᠵᠤ᠂ ᠨᠠᠩ ᠥᠨᠳᠥᠷ ᠪᠠᠷᠢᠮᠵᠢᠶ᠎ᠠ ᠨᠠᠩ ᠴᠢᠩᠭ᠎ᠠ ᠱᠠᠭᠠᠷᠳᠠᠯᠭ᠎ᠠ ᠪᠡᠷ ᠪᠦᠬᠦ᠌ ᠠᠢᠮᠠᠭ ᠤ᠋ᠨ ᠨᠠᠮ ᠤ᠋ᠨ ᠭᠡᠱᠢᠭᠦᠨ ᠺᠠᠳ᠋ᠷ᠎ᠲᠤ ᠵᠢᠱ᠌ᠢᠶ᠎ᠡ ᠦᠵᠡᠬᠦᠯᠦᠨ᠎ᠠ᠃ ᠡᠷᠭᠡᠪᠰᠢ ᠠᠰᠠᠭᠤᠳᠠᠯ᠎ᠳᠤ ᠵᠣᠷᠢᠭ᠍ᠲᠠᠢ ᠪᠡᠷ ᠱᠢᠭᠤᠳ ᠬᠠᠨᠳᠤᠵᠤ ᠨᠠᠮ ᠤ᠋ᠨ ᠳᠣᠲᠣᠭᠠᠳᠤ ᠢ᠋ᠢᠨ ᠤᠯᠤᠰ ᠲᠦᠷᠦ᠍ ᠢ᠋ᠢᠨ ᠠᠮᠢᠳᠤᠷᠠᠯ ᠢ᠋ ᠪᠦᠬᠦ ᠲᠠᠯ᠎ᠠ ᠪᠡᠷ ᠡᠷᠡᠭᠦᠯ ᠵᠢᠷᠤᠮᠵᠢᠭᠤᠨ ᠵᠠᠮ᠎ᠳᠤ ᠪᠤᠴᠠᠬᠤ ᠢ᠋ᠢ ᠲᠠᠰᠤᠷᠠᠯᠳᠠ ᠦᠭᠡᠢ ᠠᠬᠢᠭᠤᠯᠵᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ᠎ᠲᠠᠶ ᠬᠤᠷᠠᠯᠳᠤᠬᠤ ᠎ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠢ᠋ᠢᠨ ᠣᠷᠴᠢᠨ ᠲᠤᠭᠤᠷᠢᠨ ᠢ᠋ ᠪᠤᠢ ᠪᠤᠯᠭᠠᠨ᠎ᠠ᠃

ᠲᠦᠩᠯᠢᠶᠣᠣ ᠬᠣᠲᠠ ᠵᠢᠨ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ᠂ ᠬᠢᠨᠠᠨ ᠪᠠᠢᠴᠠᠭᠠᠬᠤ ᠵᠥᠪᠯᠡᠯ ᠤ᠋ᠨ ᠡᠷᠬᠢᠯᠡᠭᠴᠢ ᠺᠠᠩ ᠶᠦᠩ ᠴᠢᠶᠠᠩ᠄

《ᠴᠢᠩᠳᠠᠯᠠᠬᠤ》ᠵᠢᠨ ᠭᠣᠣᠯ ᠬᠥᠭ ᠠᠶᠠᠰ ᠢ᠋ ᠭᠤᠢᠪᠢᠰᠢ ᠦᠭᠡᠢ ᠪᠠᠷᠢᠮᠲᠠᠯᠠᠵᠤ ᠲᠥᠪᠯᠡᠷᠡᠭᠦᠯᠦᠨ ᠵᠠᠰᠠᠬᠤ ᠠᠵᠢᠯ ᠤ᠋ᠨ ᠦᠷ᠎ᠡ ᠪᠦᠲᠦᠮᠵᠢ ᠭᠠᠷᠭᠠᠬᠤ ᠵᠢ ᠦᠨᠡᠨ ᠬᠦ᠌ ᠪᠠᠲᠤᠯᠠᠨ᠎ᠠ

ᠪᠦᠬᠦ ᠣᠷᠣᠨ ᠳ᠋ᠦ᠍ ᠥᠷᠨᠢᠭᠦᠯᠵᠤ ᠪᠠᠢᠭ᠎ᠠ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠪᠣᠯ ᠶᠡᠷᠦᠩᠬᠡᠢ ᠱᠦᠵᠢ ᠰᠢ ᠵᠢᠨ ᠫᠢᠩ ᠡᠴᠡ ᠥᠪᠥᠷ ᠮᠣᠩᠭᠣᠯ ᠳ᠋ᠦ᠍ ᠪᠠᠢᠷᠢᠯᠠᠭᠤᠯᠵᠤ ᠦᠭᠬᠦᠭᠰᠡᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠬᠤ ᠪᠠᠷ ᠪᠠᠷᠠᠬᠤ ᠦᠭᠡᠢ᠂ ᠪᠠᠰᠠ ᠴᠦ᠍ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ《ᠤᠯᠤᠰ ᠤ᠋ᠨ ᠶᠡᠬᠡ ᠶᠠᠪᠤᠳᠠᠯ》 ᠢ᠋ ᠬᠡᠬᠦᠳᠡᠭ ᠴᠡᠭᠡᠵᠢᠨ ᠳ᠋ᠡᠭᠡᠨ ᠬᠠᠳᠠᠩᠰᠢᠭᠤᠯᠵᠤ᠂《ᠬᠣᠶᠠᠷ ᠢ᠋ ᠲᠣᠭᠲᠠᠭᠠᠬᠰᠠᠨ》 ᠢ᠋ ᠰᠢᠳᠤᠷᠭᠤ ᠪᠠᠷ ᠬᠦᠷᠢᠶᠡᠯᠡᠵᠦ᠂《ᠬᠣᠶᠠᠷ ᠢ᠋ ᠬᠠᠮᠠᠭᠠᠯᠠᠬᠤ》 ᠵᠢ ᠡᠷᠡᠰ ᠪᠠᠶᠡᠯᠡᠬᠦᠯᠬᠦ ᠵᠢᠨ ᠪᠣᠳᠠᠲᠠᠢ ᠠᠵᠢᠯᠯᠠᠭᠠᠨ ᠪᠤᠯᠤᠨ᠎ᠠ᠂ ᠨᠡᠩ ᠴᠦ᠍ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠠᠮᠢ ᠠᠬᠤᠢ ᠵᠢ ᠬᠠᠮᠠᠭᠠᠯᠠᠬᠤ ᠣᠯᠳᠠᠰᠢ ᠦᠭᠡᠢ ᠠᠵᠠ ᠲᠣᠬᠢᠶᠠᠯ ᠪᠤᠯᠬᠤ ᠶᠤᠮ᠃ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠨᠢ ᠨᠠᠮ ᠤ᠋ᠨ ᠳᠣᠲᠣᠭᠠᠳᠤ ᠵᠢᠨ ᠬᠢᠨᠠᠯᠲᠠ ᠳᠠᠯᠪᠢᠯᠳᠠ ᠵᠢᠨ ᠲᠤᠰᠭᠠᠢ ᠬᠠᠷᠢᠭᠤᠴᠠᠯᠭᠠᠳᠤ ᠪᠠᠢᠭᠤᠯᠭ᠎ᠠ ᠪᠣᠯᠤᠭᠰᠠᠨ ᠤ᠋ ᠬᠤᠪᠢ ᠳ᠋ᠦ᠍ ᠡᠷᠬᠡᠪᠰᠢ 《ᠴᠢᠩᠳᠠᠯᠠᠬᠤ》 ᠵᠢᠨ ᠭᠣᠣᠯ ᠬᠥᠭ ᠠᠶᠠᠰ ᠢ᠋ ᠪᠠᠷᠢᠮᠲᠠᠯᠠᠵᠤ᠂ ᠦᠨᠡᠨ ᠪᠣᠳᠠᠲᠠᠢ ᠠᠵᠢᠯᠯᠠᠭ᠎ᠠ ᠪᠠᠷ ᠵᠢᠨᠨ ᠱᠠᠯᠠᠪᠳᠠᠭᠤᠯᠤᠨ ᠱᠠᠭᠠᠷᠳᠠᠵᠤ ᠪᠠᠢᠭᠠᠳ ᠴᠢᠩᠭ᠎ᠠ ᠠᠳᠭᠤᠨ ᠪᠣᠳᠠᠲᠠᠢ ᠠᠳᠭᠤᠨ ᠦᠷ᠎ᠡ ᠪᠦᠲᠦᠮᠵᠢ ᠭᠠᠷᠭᠠᠬᠤ ᠬᠡᠷᠡᠭᠳᠠᠢ᠃

ᠤᠯᠤᠰ ᠲᠥᠷᠥ ᠵᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠵᠢᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠨᠵᠡᠭᠡᠢ ᠲᠠᠨᠢᠨ᠎ᠠ᠃ ᠡᠷᠬᠡᠪᠰᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠵᠢ ᠰᠠᠭᠤᠷᠢ ᠴᠢᠨᠠᠷᠲᠠᠢ᠂ ᠪᠠᠢᠩᠭᠤ ᠵᠢᠨ ᠴᠢᠨᠠᠷᠲᠠᠢ ᠠᠵᠢᠯ ᠪᠣᠯᠭᠠᠨ ᠱᠠᠯᠠᠪᠳᠠᠭᠤᠯᠤᠨ ᠪᠣᠳᠠᠲᠠᠢ ᠬᠢᠵᠦ᠂ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠠᠵᠢᠯ ᠤ᠋ᠨ ᠨᠡᠩ ᠶᠡᠬᠡ ᠪᠠᠢᠯᠳᠤᠬᠤ ᠪᠣᠳᠣᠯᠭ᠎ᠠ ᠵᠢᠨ ᠴᠢᠨᠠᠷᠲᠠᠢ ᠦᠷ᠎ᠡ ᠪᠦᠲᠦᠭᠡᠯ ᠣᠯᠬᠤ ᠵᠢ ᠠᠬᠢᠭᠤᠯᠤᠨ᠎ᠠ᠃

ᠤᠯᠤᠰ ᠲᠥᠷᠥ ᠵᠢᠨ ᠤᠬᠠᠮᠰᠠᠷ ᠵᠢᠨᠨ ᠴᠢᠩᠭᠠᠳᠭᠠᠵᠤ᠂ ᠭᠣᠣᠯᠳᠠᠯᠭ᠎ᠠ ᠳ᠋ᠦ᠍ ᠠᠩᠬᠠᠷᠤᠯ ᠵᠢᠨᠨ ᠬᠠᠨᠳᠤᠭᠤᠯᠤᠨ ᠲᠥᠪᠯᠡᠷᠡᠭᠦᠯᠦᠨ ᠵᠠᠰᠠᠬᠤ ᠵᠢ ᠨᠠᠷᠢᠯᠢᠭ ᠨᠠᠢᠳᠠᠪᠤᠷᠢᠵᠢᠭᠤᠯᠬᠤ ᠵᠢ ᠠᠬᠢᠭᠤᠯᠤᠨ᠎ᠠ᠃ ᠰᠠᠬᠢᠯᠭ᠎ᠠ ᠪᠠᠲᠤ ᠶᠣᠰᠣ ᠳᠦᠷᠢᠮ ᠢ᠋ ᠴᠢᠩᠳᠠᠯᠠᠨ ᠰᠠᠬᠢᠯᠭ᠎ᠠ ᠪᠠᠲᠤ ᠶᠣᠰᠣ ᠳᠦᠷᠢᠮ ᠤ᠋ᠨ ᠬᠥᠮᠦᠵᠢᠯ ᠢ᠋ ᠭᠦᠨᠵᠡᠭᠡᠢ ᠥᠷᠨᠢᠭᠦᠯᠵᠦ᠂ ᠵᠣᠬᠢᠶᠠᠨ ᠪᠠᠢᠭᠤᠯᠤᠯᠲᠠ ᠵᠢᠨ ᠠᠮᠢᠳᠤᠷᠠᠯ ᠢ᠋ ᠴᠢᠩᠳᠠᠯᠠᠨ 《ᠰᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ᠎ᠨᠤᠭᠤᠳ》 ᠢ᠋ ᠲᠡᠷᠡ ᠬᠡᠪ ᠵᠢᠨᠷ ᠨᠢ ᠨᠠᠢᠳᠠᠪᠤᠷᠢᠵᠢᠭᠤᠯᠵᠤ᠂ ᠬᠢᠨᠠᠯᠲᠠ ᠬᠦᠯᠢᠶᠡᠰᠦᠯᠡᠯ ᠢ᠋ ᠴᠢᠩᠳᠠᠯᠠᠨ 11 ᠲᠠᠯ᠎ᠠ ᠵᠢᠨ ᠠᠰᠠᠭᠤᠳᠠᠯ ᠢ᠋ ᠲᠡᠪᠴᠢᠵᠦ᠂ ᠥᠩᠭᠡᠷᠡᠭᠰᠡᠨ ᠢ᠋ ᠨᠢ ᠵᠠᠯᠬᠠᠭᠠᠵᠤ ᠬᠣᠢᠰᠢᠬᠢ ᠳ᠋ᠤᠨᠢ ᠴᠡᠭᠡᠷᠯᠡᠯ ᠪᠣᠯᠭᠠᠬᠤ᠂ ᠡᠪᠡᠳᠴᠢᠨ ᠢ᠋ ᠨᠢ ᠵᠠᠰᠠᠵᠤ ᠡᠳᠡᠭᠡᠷᠡᠭᠦᠯᠦᠨ ᠠᠪᠬᠤ ᠵᠢ ᠪᠡᠶᠡᠯᠡᠭᠦᠯᠤᠨ᠎ᠡ᠃ ᠤᠯᠤᠰ ᠲᠥᠷᠥ ᠵᠢᠨ ᠡᠭᠦᠷᠭᠡᠯᠡᠯ ᠢ᠋ ᠴᠢᠩᠭᠠᠳᠭᠠᠵᠤ᠂ ᠥᠩᠭᠡᠨ ᠲᠠᠯ᠎ᠠ ᠪᠠ ᠦᠨᠳᠦᠰᠦ ᠡᠴᠡ ᠨᠢ ᠵᠡᠷᠭᠡ ᠪᠠᠷ ᠵᠠᠰᠠᠵᠤ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠵᠢᠷᠤᠮᠵᠢᠭᠤᠯᠤᠨ᠎ᠠ᠃ 6 ᠲᠠᠯ᠎ᠠ ᠵᠢᠨ ᠪᠠᠢᠴᠠᠭᠠᠨ ᠰᠢᠢᠳᠪᠦᠷᠢᠯᠡᠬᠦ ᠱᠠᠭᠠᠷᠳᠠᠯᠭ᠎ᠠ ᠲᠠᠢ ᠬᠠᠷᠭᠤᠭᠤᠯᠵᠤ᠂ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ ᠪᠠᠢᠭ᠎ᠠ ᠳ᠋ᠤ ᠰᠠᠨᠠᠭᠠᠴᠢᠯᠠᠭ᠎ᠠ ᠡᠴᠡ ᠪᠠᠨ ᠬᠢᠨᠠᠯᠲᠠ ᠲᠠᠯᠪᠢᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠲᠣᠭᠲᠠᠴᠠ ᠵᠢ ᠪᠦᠷᠢᠨᠰᠢᠬᠦᠯᠦᠨ ᠦᠨᠳᠦᠰᠦ ᠡᠴᠡ ᠨᠢ ᠵᠠᠰᠠᠬᠤ ᠵᠢ ᠪᠠᠷᠢᠮᠲᠠᠯᠠᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠪᠦᠬᠦ ᠲᠠᠯ᠎ᠠ ᠪᠠᠷ ᠡᠷᠡᠭᠦᠯ ᠵᠢᠷᠤᠮᠵᠢᠭᠤᠨ ᠵᠠᠮ ᠳ᠋ᠦ᠍ ᠪᠤᠴᠠᠬᠤ ᠵᠢ ᠠᠬᠢᠭᠤᠯᠵᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠳ᠋ᠦ᠍ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠣᠷᠴᠢᠨ ᠠᠬᠤᠢ ᠵᠢ ᠪᠣᠢ ᠪᠣᠯᠭᠠᠨ᠎ᠠ᠃

ᠤᠯᠠᠭᠠᠨᠬᠠᠳᠠ ᠬᠣᠲᠠ ᠵᠢᠨ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ᠂ ᠬᠢᠨᠠᠨ ᠪᠠᠢᠴᠠᠭᠠᠬᠤ ᠵᠥᠪᠯᠡᠯ ᠤ᠋ᠨ ᠡᠷᠬᠢᠯᠡᠭᠴᠢ ᠰᠦᠢ ᠯᠢ᠄

ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠵᠢᠨ ᠡᠭᠦᠷᠭᠡ ᠴᠢᠳᠠᠪᠬᠢ ᠵᠢᠨ ᠦᠢᠯᠡᠳᠦᠯ ᠢ᠋ ᠪᠠᠳᠠᠷᠠᠭᠤᠯᠵᠤ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠨ ᠪᠣᠳᠠᠲᠠᠢᠵᠢᠭᠤᠯᠬᠤ ᠵᠢ ᠠᠬᠢᠭᠤᠯᠤᠨ᠎ᠠ

ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠦ᠍ ᠣᠷᠣᠯᠴᠠᠬᠤ ᠳ᠋ᠠᠭᠠᠨ ᠭᠦᠨᠴᠡ ᠪᠣᠳᠣᠯᠬᠢᠯᠠᠯ ᠪᠠ ᠬᠤᠷᠴᠠ ᠰᠡᠷᠭᠡᠭ ᠬᠠᠷᠠᠴᠠ ᠪᠠᠷ ᠥᠪᠥᠷ ᠮᠣᠩᠭᠣᠯ ᠤ᠋ᠨ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠦ᠍ ᠣᠷᠣᠰᠢᠵᠤ ᠪᠠᠢᠭ᠎ᠠ ᠠᠰᠠᠭᠤᠳᠠᠯ ᠢ᠋ ᠣᠨᠣᠴᠠᠲᠠᠢ ᠵᠢᠭᠠᠨ ᠭᠠᠷᠭᠠᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠪᠦᠬᠦ ᠲᠠᠯ᠎ᠠ ᠪᠠᠷ ᠡᠷᠡᠭᠦᠯ ᠵᠢᠷᠤᠮᠵᠢᠭᠤᠨ ᠵᠠᠮ ᠳ᠋ᠦ᠍ ᠪᠤᠴᠠᠬᠤ ᠵᠢ ᠲᠦᠷᠭᠡᠳᠭᠡᠨ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡᠨ ᠳ᠋ᠦ᠍ ᠠᠪᠴᠤ ᠬᠡᠯᠡᠪᠡᠯ᠂ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠨᠢ ᠵᠣᠷᠢᠭᠵᠢᠭᠤᠯᠤᠯ ᠱᠠᠯᠠᠪᠳᠠᠭᠤᠯᠤᠯ ᠪᠣᠯᠤᠭᠰᠠᠨ ᠵᠢᠡᠷ ᠪᠠᠷᠠᠬᠤ ᠦᠭᠡᠢ ᠨᠡᠩ ᠴᠦ᠍ ᠬᠠᠢᠷ᠎ᠠ ᠬᠠᠯᠠᠮᠵᠢᠯᠠᠯ ᠪᠠ ᠬᠠᠮᠠᠭᠠᠯᠠᠯ ᠪᠤᠯᠬᠤ ᠶᠤᠮ᠂ ᠪᠢᠳᠡ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠲᠡᠷᠡ ᠬᠡᠪ ᠵᠢᠨᠷ ᠨᠢ ᠰᠠᠢᠲᠤᠷ ᠠᠳᠭᠤᠨ᠎ᠠ ᠃

ᠡᠨᠡ ᠤᠳᠠᠭ᠎ᠠ ᠪᠦᠬᠦ ᠣᠷᠣᠨ ᠳ᠋ᠦ᠍ ᠲᠥᠪᠯᠡᠷᠡᠭᠦᠯᠦᠨ ᠵᠠᠰᠠᠬᠤ ᠵᠢ ᠨᠢᠭᠡᠳᠦᠯᠲᠡᠢ ᠥᠷᠨᠢᠭᠦᠯᠦᠭᠰᠡᠨ ᠨᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠪᠣᠳᠠᠲᠠᠢ ᠠᠵᠢᠯᠯᠠᠭᠠᠨ ᠪᠣᠯᠤᠨ᠎ᠠ᠂ ᠮᠥᠨ ᠴᠦ᠍ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠵᠢᠨ ᠭᠦᠨᠵᠡᠭᠡᠢᠷᠡᠨ ᠬᠥᠭᠵᠢᠬᠦ ᠵᠢ ᠠᠬᠢᠭᠤᠯᠬᠤ ᠬᠦᠴᠦᠲᠡᠢ ᠠᠷᠭ᠎ᠠ ᠬᠡᠮᠵᠢᠢ᠎ᠡ ᠪᠣᠯᠤᠨ᠎ᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠡᠷᠬᠡᠪᠰᠢ ᠬᠠᠷᠢᠭᠤᠴᠠᠯᠭ᠎ᠠ ᠵᠢ ᠮᠡᠳᠡᠵᠦ ᠬᠠᠷᠢᠭᠤᠴᠠᠯᠭ᠎ᠠ ᠵᠢ ᠲᠣᠳᠣᠷᠬᠠᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠲᠥᠪᠯᠡᠷᠡᠭᠦᠯᠦᠨ ᠵᠠᠰᠠᠬᠤ ᠡᠭᠦᠷᠭᠡ ᠵᠢ ᠰᠠᠨᠠᠭᠠᠴᠢᠯᠠᠭ᠎ᠠ ᠡᠴᠡ ᠪᠠᠨ ᠡᠭᠦᠷᠭᠡᠯᠡᠬᠦ ᠴᠢᠬᠤᠯᠠᠳᠠᠢ᠃ ᠡᠩ ᠲᠡᠷᠢᠭᠦᠨ ᠳ᠋ᠦ᠍᠂ ᠬᠢᠨᠠᠯᠲᠠ ᠲᠠᠯᠪᠢᠬᠤ ᠵᠢᠨ ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ ᠳ᠋ᠦ᠍ ᠰᠠᠭᠤᠷᠢᠯᠠᠨ᠂ ᠲᠥᠪᠯᠡᠷᠡᠭᠦᠯᠦᠨ ᠵᠠᠰᠠᠬᠤ ᠵᠢ ᠤᠯᠤᠰ ᠲᠥᠷᠥ ᠵᠢᠨ ᠬᠢᠨᠠᠯᠲᠠ ᠳᠠᠯᠪᠢᠯᠳᠠ ᠵᠢᠨ ᠳᠠᠩᠰᠠᠨ ᠳ᠋ᠦ᠍ ᠣᠷᠣᠭᠤᠯᠵᠤ᠂ ᠬᠢᠨᠠᠯᠲᠠ ᠲᠠᠯᠪᠢᠯᠳᠠ ᠵᠢ ᠮᠦᠷᠳᠡᠨ᠂ ᠤᠨᠤᠴᠠᠳᠠᠢ ᠬᠢᠨᠠᠯᠲᠠ ᠲᠠᠯᠪᠢᠨ᠂ ᠪᠦᠬᠦ ᠶᠠᠪᠤᠴᠠ ᠳ᠋ᠦ᠍ ᠬᠢᠨᠠᠯᠲᠠ ᠲᠠᠯᠪᠢᠵᠤ᠂ ᠬᠢᠨᠠᠯᠲᠠ ᠳᠠᠯᠪᠢᠯᠳᠠ ᠪᠠᠷ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢᠳᠠᠪᠤᠷᠢᠵᠢᠭᠤᠯᠵᠤ᠂ ᠡᠯ᠎ᠡ ᠵᠦᠢᠯ ᠤ᠋ᠨ ᠲᠣᠭᠲᠠᠭᠠᠭᠰᠠᠨ ᠠᠵᠢᠯᠯᠠᠭ᠎ᠠ ᠵᠢ ᠨᠠᠢᠳᠠᠪᠤᠷᠢᠵᠢᠭᠤᠯᠤᠨ ᠪᠤᠳᠠᠳᠠᠢᠵᠢᠭᠤᠯᠬᠤ ᠵᠢ ᠪᠠᠲᠤᠯᠠᠨ᠎ᠠ᠃ ᠳᠠᠷᠠᠭᠠᠯᠠᠪᠠᠯ᠂ ᠠᠰᠠᠭᠤᠳᠠᠯ ᠢ᠋ ᠪᠠᠢᠴᠠᠭᠠᠨ ᠰᠢᠢᠳᠪᠦᠷᠢᠯᠡᠬᠦ ᠳ᠋ᠦ᠍ ᠠᠩᠬᠠᠷᠤᠯ ᠵᠢᠨᠨ ᠲᠥᠪᠯᠡᠷᠡᠭᠦᠯᠵᠦ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ 11 ᠲᠠᠯ᠎ᠠ ᠵᠢᠨ 54 ᠵᠦᠢᠯ ᠤ᠋ᠨ ᠪᠣᠳᠠᠲᠠᠢ ᠢᠯᠡᠷᠡᠯ ᠢ᠋ ᠴᠢᠩᠭ᠎ᠠ ᠠᠩᠬᠠᠷᠴᠤ᠂ ᠨᠡᠢᠲᠡᠯᠢᠭ ᠠᠰᠠᠭᠤᠳᠠᠯ ᠢ᠋ ᠨᠢᠭᠡ ᠵᠢ ᠢᠯᠡᠷᠡᠭᠦᠯᠪᠡᠯ ᠨᠢᠭᠡ ᠵᠢ ᠪᠠᠢᠴᠠᠭᠠᠨ ᠰᠢᠢᠳᠪᠦᠷᠢᠯᠡᠵᠦ᠂ ᠨᠢᠭᠡ ᠵᠢ ᠨᠡᠢᠲᠡᠯᠡᠨ ᠢᠯᠡᠴᠢᠯᠡᠵᠦ᠂ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠢ᠋ ᠭᠦᠢᠴᠡᠳ ᠪᠠᠳᠠᠷᠠᠭᠤᠯᠤᠨ᠂ ᠨᠠᠮ ᠤ᠋ᠨ ᠭᠡᠰᠢᠭᠦᠨ ᠺᠠᠳ᠋ᠷᠴᠤᠳ ᠤ᠋ᠨ ᠤᠬᠠᠮᠰᠠᠷ ᠡᠴᠡ ᠪᠠᠨ ᠵᠥᠪ ᠴᠢᠭᠯᠡᠯ ᠳᠡᠢᠰᠢ ᠵᠠᠯᠠᠷᠠᠭᠤᠯᠬᠤ ᠵᠢ ᠬᠥᠲᠥᠯᠦᠨ ᠵᠢᠯᠣᠭᠣᠳᠤᠨ᠎ᠠ᠃ ᠭᠤᠷᠪᠠ ᠳ᠋ᠤ᠂ ᠦᠨᠳᠦᠰᠦ ᠵᠢ ᠪᠡᠬᠢᠵᠢᠭᠦᠯᠵᠦ ᠡᠬᠢ ᠵᠢ ᠨᠢ ᠴᠡᠪᠡᠷᠯᠡᠬᠦ ᠵᠢ ᠴᠢᠬᠤᠯᠠᠴᠢᠯᠠᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠦ᠍ ᠦᠵᠡᠭᠦᠯᠬᠦ ᠮᠠᠭᠤ ᠰᠤᠷᠲᠠᠯ ᠤ᠋ᠨ ᠨᠡᠷᠪᠡᠯᠲᠡ ᠵᠢ ᠡᠷᠡᠰ ᠬᠣᠷᠢᠭᠯᠠᠨ᠎ᠠ᠃ ᠲᠦᠷᠪᠡ ᠳ᠋ᠤ᠂ ᠪᠡᠶ᠎ᠡ ᠪᠠᠨ ᠴᠢᠩᠭ᠎ᠠ ᠱᠠᠭᠠᠷᠳᠠᠵᠤ᠂ 《ᠳᠡᠷᠭᠡᠳᠡᠬᠢ ᠠᠰᠠᠭᠤᠳᠠᠯ ᠵᠢᠡᠨ ᠤᠯᠵᠤ ᠬᠠᠷᠠᠬᠤ ᠦᠭᠡᠢ》 ᠪᠠᠢᠬᠤ ᠠᠰᠠᠭᠤᠳᠠᠯ ᠢ᠋ ᠡᠷᠡᠰ ᠪᠠᠢᠴᠠᠭᠠᠨ ᠰᠢᠢᠳᠪᠦᠷᠢᠯᠡᠵᠦ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠪᠦᠬᠦ ᠲᠠᠯ᠎ᠠ ᠪᠠᠷ ᠳᠠᠬᠢᠨ ᠴᠤᠬᠴᠠᠯᠠᠬᠤ᠂ ᠦᠨᠳᠦᠰᠦᠨ ᠡᠴᠡ ᠨᠢ ᠰᠠᠢᠵᠢᠷᠠᠭᠤᠯᠬᠤ ᠳ᠋ᠦ᠍ ᠬᠦᠴᠦᠲᠡᠢ ᠪᠠᠲᠤᠯᠠᠭ᠎ᠠ ᠬᠠᠩᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面