ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-07-11 10:05:09

ᠵᠣᠬᠢᠶᠠᠭ᠍ᠴᠢ᠄ ᠰᠦᠩ ᠱᠤᠸᠠᠩ ᠯᠢᠦ ᠭᠦᠸᠸ ᠳ᠋ᠦᠩ ᠣᠩᠱᠢᠭ᠍ᠰᠠᠨ ᠣᠳᠠᠭ᠎ᠠ᠄ 3

︱ᠪᠦᠬᠦ᠎ᠣᠷᠣᠨ᠎ᠤ᠎ᠨᠠᠮ᠎ᠤᠨ᠎ᠳᠣᠲᠣᠭᠠᠳᠤ᠎ᠶᠢᠨ᠎ᠤᠯᠤᠰ ᠲᠦᠷᠦ᠎ᠶᠢᠨ ᠠᠮᠢᠳᠤᠷᠠᠯ᠎ᠳᠡᠬᠢ ᠪᠣᠯᠭᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠢ ᠲᠥᠪᠯᠡᠷᠡᠭᠦᠯᠦᠨ ᠵᠠᠰᠠᠭᠰᠠᠨ ᠲᠤᠬᠠᠢ ᠬᠦᠦᠷᠨᠢᠯ

ᠶᠡᠷᠦᠩᠬᠡᠢ ᠱᠦᠵᠢ ᠰᠢ᠎ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠤᠯᠴᠠᠬᠤ᠎ᠳᠠᠭᠠᠨ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ᠎ᠶᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠭᠦᠨᠵᠡᠭᠡᠢᠷᠡᠨ ᠬᠥᠭᠵᠢᠬᠦ᠎ᠶᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠡᠷᠡᠭᠦᠯ ᠪᠥᠭᠡᠳ ᠵᠢᠷᠤᠮᠵᠢᠭ᠍ᠰᠠᠨ ᠵᠠᠮ᠎ᠳᠤ ᠪᠦᠬᠦ ᠲᠠᠯ᠎ᠠ᠎ᠪᠠᠷ ᠪᠤᠴᠠᠬᠤ᠎ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠣᠨᠴᠠᠭᠠᠢᠯᠠᠨ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠷᠢᠨ ᠨᠢᠮᠪᠠᠢ ᠲᠥᠯᠥᠪᠵᠢᠭᠦᠯᠦᠨ ᠪᠠᠢᠷᠢᠯᠠᠭᠤᠯᠵᠤ᠂ 4 ᠰᠠᠷ᠎ᠠ ᠡᠴᠡ ᠡᠬᠢᠯᠡᠨ᠂ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠ 3 ᠰᠠᠷ᠎ᠠ᠎ᠶᠢᠨ ᠬᠤᠭᠤᠴᠠᠭ᠎ᠠ᠎ᠲᠠᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠳᠡᠬᠢ ᠪᠣᠯᠭᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠵᠢ ᠥᠷᠨᠢᠭᠦᠯᠵᠦ᠂ ᠪᠦᠬᠦ ᠣᠷᠣᠨ᠎ᠤ ᠤᠯᠤᠰ ᠲᠦᠷᠦ᠎ᠶᠢᠨ ᠠᠮᠢ ᠠᠬᠤᠢ᠎ᠶᠢ ᠰᠡᠷᠭᠦᠭᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠭᠦᠨᠵᠡᠭᠡᠢᠷᠡᠨ ᠬᠥᠭᠵᠢᠬᠦ᠎ᠶᠢ ᠠᠬᠢᠭᠤᠯᠪᠠ᠃

3 ᠰᠠᠷ᠎ᠠ᠎ᠶᠢᠨ ᠲᠥᠪᠯᠡᠷᠡᠭᠦᠯᠦᠨ ᠵᠠᠰᠠᠯᠲᠠ ᠪᠡᠷ᠂ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ《ᠬᠣᠶᠠᠷ᠎ᠢ ᠲᠣᠭᠲᠠᠭᠠᠬᠰᠠᠨ》 ᠢ᠋ ᠨᠡᠩ ᠦᠨᠡᠨᠴᠢ ᠰᠢᠳᠤᠷᠭᠤ᠎ᠪᠠᠷ ᠬᠦᠷᠢᠶᠡᠯᠡᠵᠦ᠂《ᠬᠣᠶᠠᠷ᠎ᠢ ᠬᠠᠮᠠᠭᠠᠯᠠᠬᠤ》ᠶ᠋ᠢ ᠡᠷᠡᠰ ᠪᠡᠶᠡᠯᠡᠭᠦᠯᠵᠦ᠂ ᠲᠥᠪᠯᠡᠷᠡᠭᠦᠯᠦᠨ ᠵᠠᠰᠠᠬᠤ᠎ᠶᠢ ᠠᠬᠢᠭᠤᠯᠵᠤ ᠡᠯᠪᠡᠭ ᠪᠠᠶᠠᠯᠢᠭ᠋ ᠦᠷ᠎ᠡ ᠪᠦᠲᠦᠭᠡᠯ ᠣᠯᠪᠠ᠃

ᠤᠯᠤᠰ ᠲᠥᠷᠥ᠍᠎ᠶᠢᠨ ᠵᠣᠭᠰᠣᠴᠠ᠎ᠪᠠᠨ ᠳᠡᠭᠡᠭᠰᠢᠯᠡᠭᠦᠯᠵᠦ《ᠬᠣᠶᠠᠷ᠎ᠢ ᠬᠠᠮᠠᠭᠠᠯᠠᠬᠤ》 ᠤᠬᠠᠮᠰᠠᠷ᠎ᠢᠶᠠᠨ ᠤᠯᠠᠮ ᠪᠠᠲᠤᠳᠬᠠᠪᠠ

3 ᠰᠠᠷ᠎ᠠ᠎ᠶᠢᠨ ᠲᠥᠪᠯᠡᠷᠡᠭᠦᠯᠦᠨ ᠵᠠᠰᠠᠭᠰᠠᠨ ᠦᠷ᠎ᠡ ᠪᠦᠲᠦᠮᠵᠢ ᠢᠯᠡᠳᠲᠡ ᠪᠣᠯᠤᠭᠰᠠᠨ᠎ᠤ ᠦᠨᠳᠦᠰᠦᠨ ᠰᠢᠯᠲᠠᠭᠠᠨ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠤᠯᠤᠰ ᠲᠦᠷᠦ᠎ᠶᠢᠨ ᠵᠣᠭᠰᠣᠴᠠ ᠥᠨᠳᠥᠷ᠂ ᠦᠵᠡᠯ ᠰᠠᠨᠠᠭ᠎ᠠ ᠲᠠᠨᠢᠯᠲᠠ ᠭᠦᠨ᠂ ᠠᠬᠢᠭᠤᠯᠬᠤ ᠠᠷᠭ᠎ᠠ ᠬᠡᠮᠵᠢᠶ᠎ᠡ ᠪᠣᠳᠠᠲᠠᠢ ᠪᠠᠢᠬᠤ᠎ᠳᠤ ᠪᠤᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠡᠴᠡ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠢᠳᠠᠪᠤᠷᠢᠵᠢᠭᠤᠯᠬᠤ᠎ᠶᠢ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠨ ᠠᠳᠬᠤᠵᠤ᠂ ᠨᠠᠮ᠎ᠤᠨ ᠳᠣᠲᠣᠭᠠᠳᠤ ᠵᠢᠨ ᠤᠯᠤᠰ ᠲᠥᠷᠥ᠍᠎ᠶᠢᠨ ᠠᠮᠢᠳᠤᠷᠠᠯ᠎ᠳᠡᠬᠢ ᠪᠣᠯᠭᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠰᠢᠢᠳᠪᠦᠷᠢᠯᠡᠬᠦ ᠎ᠪᠡᠷ ᠰᠢᠪᠲᠤᠯᠤᠯᠲᠠ ᠵᠢᠨ ᠴᠡᠭ ᠪᠣᠯᠭᠠᠵᠤ᠂ ᠠᠷᠢᠬᠢᠨ ᠰᠢᠷᠡᠭᠡᠨ᠎ᠦ ᠰᠣᠶᠣᠯ᠂ ᠡᠷᠬᠡ ᠮᠥᠩᠭᠥᠨ᠎ᠦ ᠠᠷᠠᠯᠵᠢᠶ᠎ᠠ ᠵᠡᠷᠭᠡ 11 ᠲᠠᠯ᠎ᠠ᠎ᠶᠢᠨ 54 ᠵᠦᠢᠯ᠎ᠦᠨ ᠪᠣᠳᠠᠲᠠᠢ ᠢᠯᠡᠷᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠢᠶᠠᠨ ᠭᠠᠵᠠᠷ᠎ᠤᠨ ᠲᠡᠰ ᠡᠴᠡ ᠳᠡᠭᠡᠭᠰᠢᠬᠢ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠢᠶᠠᠷ ᠭᠣᠣᠯᠳᠠᠯᠭ᠎ᠠ ᠪᠣᠯᠭᠠᠨ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠡᠴᠡ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠵᠡᠷᠭᠡ ᠰᠠᠯᠠᠭ᠎ᠠ ᠮᠥᠴᠢᠷ ᠨᠢᠭᠡᠴᠢ᠎ᠲᠠᠢ ᠬᠠᠮᠲᠤᠷᠠᠨ᠂ ᠠᠵᠢᠯ᠎ᠤᠨ ᠲᠤᠰᠬᠠᠢ ᠠᠩᠭᠢ ᠪᠠᠢᠭᠤᠯᠤᠨ᠂《ᠠᠵᠢᠯ᠎ᠤᠨ ᠲᠣᠬᠢᠷᠠᠭᠤᠯᠤᠯᠲᠠ》᠂《ᠤᠬᠠᠭᠤᠯᠭ᠎ᠠ᠎ᠶᠢᠨ ᠲᠥᠰᠥᠯ》 ᠢ᠋ ᠰᠤᠳᠤᠯᠤᠨ ᠲᠣᠭᠲᠠᠭᠠᠵᠤ᠂ ᠵᠠᠷᠴᠢᠮ ᠪᠠ ᠠᠵᠢᠯᠯᠠᠭᠠᠨ᠎ᠤ ᠵᠢᠷᠤᠮᠵᠢᠯ᠎ᠢ ᠡᠵᠡᠮᠳᠡᠪᠡ᠃

ᠡᠯ᠎ᠡ ᠠᠢᠮᠠᠭ ᠬᠤᠳᠠ᠂ ᠦᠪᠡᠷᠲᠡᠭᠡᠨ ᠵᠠᠰᠬᠠᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠬᠢᠨ ᠵᠠᠷᠯᠠᠨ ᠮᠡᠳᠡᠭᠳᠡᠭᠰᠡᠨ ᠠᠰᠠᠭᠤᠳᠠᠯ᠎ᠤᠨ ᠨᠠᠷᠢᠨ ᠲᠠᠩᠰᠠ᠎ᠶᠢ ᠴᠢᠩᠭ᠎ᠠ ᠨᠠᠢᠳᠠᠪᠤᠷᠢᠵᠢᠭᠤᠯᠵᠤ᠂ ᠲᠤᠰᠬᠠᠢ ᠰᠡᠳᠦᠪᠲᠦ ᠬᠥᠮᠦᠵᠢᠯ᠎ᠢ ᠥᠷᠨᠢᠭᠦᠯᠦᠨ᠂ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠬᠤ ᠵᠡᠷᠭᠡ 6 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠭᠦᠢᠴᠡᠳᠬᠡᠵᠦ᠂ ᠠᠵᠢᠯ᠎ᠤᠨ ᠬᠢᠨᠠᠨ ᠵᠢᠯᠤᠭᠣᠳᠬᠤ ᠳᠤᠭᠤᠢᠯᠠᠩ᠎ᠢ ᠱᠠᠲᠤ ᠬᠤᠪᠢᠶᠠᠨ ᠪᠠᠢᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ ᠺᠠᠳ᠋ᠷᠴᠤᠳ᠎ᠤᠨ ᠲᠣᠭᠲᠠᠭᠠᠭᠰᠠᠨ ᠠᠵᠢᠯᠯᠠᠭ᠎ᠠ᠎ᠶᠢ ᠪᠡᠶᠡᠯᠡᠭᠦᠯᠦᠭᠰᠡᠨ ᠪᠠᠢᠳᠠᠯ᠎ᠢ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠣᠳᠴᠤ᠂ ᠪᠣᠳᠠᠲᠠᠢ ᠦᠷ᠎ᠡ ᠪᠦᠲᠦᠮᠵᠢ ᠣᠯᠬᠤ᠎ᠶᠢ ᠠᠬᠢᠭᠤᠯᠪᠠ᠃

ᠰᠤᠷᠤᠯᠴᠠᠯᠭ᠎ᠠ ᠬᠥᠮᠦᠵᠢᠯ᠎ᠢ ᠴᠢᠩᠭᠠᠳᠬᠠᠵᠤ ᠦᠵᠡᠯ ᠰᠠᠨᠠᠭ᠎ᠠ ᠦᠵᠡᠯᠳᠡ ᠲᠠᠨᠢᠯᠲᠠ᠎ᠶᠢ ᠨᠠᠩ ᠭᠦᠨᠵᠡᠭᠡᠢᠷᠡᠬᠦᠯᠦᠨ ᠨᠢᠭᠡᠳᠦᠬᠦᠯᠪᠡ

ᠦᠵᠡᠯ ᠰᠠᠨᠠᠭ᠎ᠠ ᠪᠣᠯ ᠦᠢᠯᠡ ᠠᠵᠢᠯᠯᠠᠭᠠᠨ᠎ᠤ ᠤᠳᠤᠷᠢᠳᠤᠮᠵᠢ ᠮᠥᠨ᠂ ᠤᠨᠤᠯ ᠪᠣᠯ ᠦᠢᠯᠡᠳᠦᠯᠭᠡ᠎ᠶ᠋ᠢᠨ ᠵᠦᠭ᠌ᠯᠡᠭᠦᠷ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠤᠰᠭᠠᠶ ᠰᠡᠳᠦᠪᠲᠦ ᠬᠥᠮᠦᠵᠢᠯ ᠥᠷᠨᠢᠭᠦᠯᠬᠦ᠌᠎ᠶ᠋ᠢ ᠲᠥᠪᠯᠡᠷᠡᠭᠦᠯᠦᠨ ᠵᠠᠰᠠᠬᠤ᠎ᠶ᠋ᠢ ᠠᠬᠢᠭᠤᠯᠬᠤ ᠰᠠᠭᠤᠷᠢ ᠴᠢᠨᠠᠷᠲᠠᠶ ᠢᠨᠵᠧᠨᠧᠷᠢᠩ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠢᠯᠠᠩ ᠲᠦᠷᠦᠭᠦᠯᠡᠨ ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠪᠥᠬᠥ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠲᠤ ᠵᠢᠱ᠌ᠢᠶ᠎ᠡ ᠦᠵᠡᠭᠦᠯᠪᠡ᠃

ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠵᠡᠷᠭᠡ ᠬᠣᠯᠪᠣᠭ᠍ᠳᠠᠯ ᠪᠦᠬᠦᠢ ᠠᠭᠤᠯᠭ᠎ᠠ᠎ᠶ᠋ᠢ ᠭᠦᠨᠵᠡᠭᠡᠢ ᠰᠤᠷᠤᠯᠴᠠᠵᠦ᠍᠂ 17.8 ᠲᠦᠮᠡᠨ ᠤᠳᠠᠭ᠎ᠠ ᠲᠤᠰᠭᠠᠢ ᠰᠡᠳᠦᠪ ᠎ᠢᠶᠡᠷ ᠰᠤᠷᠤᠯᠴᠠᠵᠦ᠍ ᠰᠤᠳᠤᠯᠤᠨ ᠶᠠᠷᠢᠯᠴᠠᠪᠠ᠃ ᠺᠠᠳ᠋ᠷ ᠎ᠤᠨ ᠬᠥᠮᠦᠵᠢᠯ ᠎ᠦᠨ 《ᠬᠠᠭᠠᠰ ᠰᠠᠷ᠎ᠠ᠎ᠶ᠋ᠢᠨ ᠶᠠᠷᠢᠶ᠎ᠠ》 ᠲᠠᠢ ᠤᠶᠠᠯᠳᠤᠭᠤᠯᠤᠨ᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠎ᠤ᠋ᠨ ᠲᠤᠭᠤᠷᠢᠨ᠎ᠳᠤ ᠱᠢᠨ᠎ᠡ᠎ᠪᠡᠷ ᠲᠤᠱᠢᠶᠠᠯ ᠡᠭᠦᠷᠭᠡᠯᠡᠭ᠌ᠰᠡᠨ ᠵᠡᠷᠭᠡ ᠨᠠᠮ᠎ᠤᠨ ᠭᠡᠱᠢᠭᠦᠨ ᠤᠳᠤᠷᠢᠳᠭᠤ ᠺᠠᠳ᠋ᠷ ᠎ᠢ ᠲᠠᠬᠢᠨ ᠰᠤᠷᠤᠯᠴᠠᠭᠤᠯᠵᠦ ᠲᠠᠬᠢᠨ ᠬᠠᠪᠰᠤᠷᠤᠨ ᠵᠢᠯᠣᠭᠣᠳᠬᠤ᠌᠂ ᠭᠦᠨᠵᠡᠭᠡᠢ ᠰᠤᠷᠤᠯᠴᠠᠵᠥ᠍ ᠨᠠᠷᠢᠯᠢᠭ ᠰᠤᠷᠤᠯᠴᠠᠬᠤ᠂ ᠰᠤᠷᠤᠯᠴᠠᠨ ᠰᠡᠳᠭᠢᠵᠦ᠍ ᠦᠢᠯᠡᠳᠦᠯᠭᠡᠵᠢᠭᠦᠯᠦᠨ ᠣᠢᠯᠠᠭᠠᠬᠤ ᠭᠦᠨ ᠵᠤᠵᠠᠭᠠᠨ ᠠᠭᠤᠷ ᠠᠮᠢᠰᠭᠤᠯ᠎ᠢ ᠪᠦᠷᠢᠯᠳᠦᠭᠦᠯᠪᠡ᠃

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠳᠤ ᠡᠢᠮᠦ᠍ ᠲᠡᠢᠮᠦ᠍ ᠠᠰᠠᠭᠤᠳᠠᠯ ᠣᠷᠣᠱᠢᠵᠤ ᠪᠠᠢᠬᠤ᠎ᠶ᠋ᠢᠨ ᠦᠨᠳᠦᠰᠦ ᠰᠤᠷᠪᠤᠯᠵᠢ ᠨᠢ ᠮᠥᠨ ᠯᠡ ᠵᠠᠷᠢᠮ ᠨᠠᠮ᠎ᠤᠨ ᠭᠡᠱᠢᠭᠦᠨ ᠺᠠᠳ᠋ᠷ᠎ᠤᠨ ᠬᠦᠰᠡᠯᠡᠩ ᠢᠲᠡᠭᠡᠯ ᠵᠣᠷᠢᠭ ᠭᠡᠬᠦ᠌ ᠡᠨᠡ ᠬᠦ᠌ 《ᠰᠠᠭᠤᠷᠢ ᠴᠢᠯᠠᠭᠤ》 ᠳ᠋ᠤ ᠭᠤᠢᠪᠢᠯᠵᠠᠯ ᠡᠭᠦᠰᠴᠦ᠍᠂ ᠶᠢᠷᠲᠢᠨᠴᠦ᠍ ᠎ᠶ᠋ᠢᠨ ᠦᠵᠡᠯᠲᠡ᠂ ᠠᠮᠢᠳᠤᠷᠠᠬᠤᠢ ᠎ᠶ᠋ᠢᠨ ᠦᠵᠡᠯᠲᠡ᠂ ᠦᠷᠳᠡᠭ ᠎ᠦᠨ ᠦᠵᠡᠯᠲᠡ ᠭᠡᠬᠦ᠌ ᠡᠨᠡ ᠬᠦ᠌ 《ᠶᠡᠷᠦᠩᠬᠡᠢ ᠨᠡᠭᠡᠭᠡᠯᠭᠡ》ᠰᠤᠯᠠᠷᠠᠭ᠍ᠰᠠᠨ᠎ᠠᠴᠠ ᠪᠣᠯᠤᠭ᠍ᠰᠠᠨ ᠶᠤᠮ᠃ ᠡᠨᠡ ᠬᠦ᠌ ᠠᠰᠠᠭᠤᠳᠠᠯ ᠎ᠢ ᠱᠢᠢᠳᠪᠦᠷᠢᠯᠡᠬᠦ᠌ ᠎ᠶ᠋ᠢᠨ ᠲᠥᠯᠥᠭᠡ᠂ ᠮᠠᠨ᠎ᠤ ᠤᠷᠤᠨ ᠎ᠤ ᠡᠯ᠎ᠡ ᠭᠠᠵᠠᠷ ᠎ᠤᠨ ᠬᠢᠨ ᠰᠤᠷᠭᠠᠨ ᠬᠦᠮᠦᠵᠢᠬᠦᠯᠬᠦ ᠎ᠶᠢ ᠲᠡᠷᠢᠭᠦᠨ᠎ᠳᠦ ᠲᠠᠯᠪᠢᠬᠤ ᠎ᠶ᠋ᠢ ᠪᠠᠷᠢᠮᠲᠠᠯᠠᠵᠤ᠂ ᠦᠵᠡᠯ ᠰᠠᠨᠠᠭ᠎ᠠ᠎ᠪᠠᠷ ᠬᠦᠳᠦᠯᠥᠨ ᠳᠠᠭᠠᠭᠤᠯᠬᠤ ᠎ᠶ᠋ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶᠠᠨ ᠎ᠤ ᠬᠡᠷᠡᠭ ᠎ᠤᠨ ᠎ᠵᠢᠱ᠌ᠢᠶ᠎ᠡ ᠎ᠪᠡᠷ ᠥᠭᠡᠷᠡᠴᠢᠯᠡᠯᠲᠡ ᠎ᠶ᠋ᠢ ᠠᠬᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠤᠬᠰᠠᠨ ᠪᠠᠢᠨ᠎ᠠ᠃

ᠲᠤᠪᠤᠢ᠌ᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠤᠨ ᠬᠠᠨᠳᠤᠯᠭᠠᠲᠤ ᠴᠢᠨᠠᠷᠲᠠᠢ᠎ᠪᠠᠷ ᠵᠠᠰᠠᠵᠦ ᠨᠡᠩ ᠪᠦᠲᠦᠮᠵᠢᠲᠡᠢ ᠪᠣᠯᠭᠠᠪᠠ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ 《ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》ᠤ᠋ᠨ ᠪᠠᠢᠳᠠᠯ᠎ᠤᠨ ᠲᠤᠬᠠᠢ ᠪᠠᠢᠴᠠᠭᠠᠨ ᠰᠤᠳᠤᠯᠤᠯᠲᠠ ᠪᠠ ᠲᠤᠰᠭᠠᠢ ᠰᠡᠳᠦᠪᠲᠦ ᠰᠤᠷᠪᠤᠯᠵᠢᠯᠠᠭ᠎ᠠ ᠶᠠᠷᠢᠯᠴᠠᠭ᠎ᠠ ᠥᠷᠨᠢᠭᠦᠯᠵᠦ᠍ ᠂ 《ᠠᠷᠢᠬᠢᠨ ᠰᠢᠷᠡᠭᠡᠨ ᠤ᠋ ᠰᠤᠶᠤᠯ》ᠵᠡᠷᠭᠡ 11 ᠲᠠᠯ᠎ᠠ᠎ᠶ᠋ᠢᠨ ᠠᠰᠠᠭᠤᠳᠠᠯ᠎ᠤᠨ ᠨᠠᠷᠢᠨ ᠲᠠᠩᠰᠠ ᠪᠠ 54 ᠵᠦᠢᠯ᠎ᠦᠨ ᠪᠣᠳᠠᠲᠠᠢ ᠢᠯᠡᠷᠡᠯ᠎ᠢ ᠱᠢᠰᠲ᠋ᠧᠮ᠎ᠲᠡᠶ ᠡᠮᠬᠢᠯᠡᠵᠦ᠍᠂ ᠵᠠᠰᠠᠯᠲᠠ᠎ᠶ᠋ᠢᠨ ᠠᠭᠤᠯᠭ᠎ᠠ ᠪᠠ ᠴᠡᠭ᠌ᠴᠡᠯᠡᠨ ᠰᠠᠢᠵᠢᠷᠠᠭᠤᠯᠬᠤ ᠴᠢᠭ᠌ᠯᠡᠯ᠎ᠢ ᠨᠠᠷᠢᠨ ᠲᠣᠳᠣᠷᠬᠠᠢᠯᠠᠪᠠ᠃

ᠪᠦᠬᠦ᠌ ᠲᠠᠯ᠎ᠠ᠎ᠪᠠᠷ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠤᠭ᠍ᠰᠠᠨ ᠰᠠᠭᠤᠷᠢᠨ ᠳᠡᠭᠡᠷ᠎ᠡ᠂ ᠡᠯ᠎ᠡ ᠭᠠᠵᠠᠷ ᠤᠷᠤᠨ ᠡᠯ᠎ᠡ ᠨᠢᠭᠡᠴᠢ᠎ᠶ᠋ᠢᠨ ᠬᠢᠨ ᠴᠡᠭ᠌ᠴᠡᠯᠡᠨ ᠰᠠᠢᠵᠢᠷᠠᠭᠤᠯᠤᠬᠰᠠᠨ ᠪᠠᠢᠳᠠᠯ᠎ᠤᠨ ᠲᠤᠬᠠᠢ 《ᠡᠷᠬᠢᠨ ᠬᠠᠷᠠᠬᠤ》 ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ 2.6 ᠲᠦᠮᠡᠨ ᠠᠰᠠᠭᠤᠳᠠᠯ᠎ᠢ ᠡᠮᠬᠢᠯᠡᠵᠦ᠍᠂ ᠨᠢᠭᠡᠨᠲᠡ 2.5 ᠲᠦᠮᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ᠂ ᠨᠠᠮ᠎ᠤᠨ ᠭᠡᠱᠢᠭᠦᠨ ᠺᠠᠳ᠋ᠷ 54 ᠵᠦᠢᠯ᠎ᠦᠨ ᠪᠣᠳᠠᠲᠠᠢ ᠢᠯᠡᠷᠡᠯ᠎ᠲᠡᠶ ᠨᠢᠭᠡᠳ ᠨᠢᠭᠡ᠎ᠪᠡᠷ ᠬᠠᠷᠭᠤᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ 67.5 ᠲᠦᠮᠡᠨ ᠠᠰᠠᠭᠤᠳᠠᠯ᠎ᠢ ᠪᠠᠢᠴᠠᠭᠠᠨ ᠡᠷᠢᠵᠦ᠍᠂ 71 ᠲᠦᠮᠡᠨ ᠵᠦᠢᠯ᠎ᠦᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠢ᠎ᠡ᠎ᠶ᠋ᠢ ᠳᠤᠷᠠᠳᠴᠤ᠌᠂ 66 ᠲᠦᠮᠡ ᠵᠢ ᠲᠦᠪᠯᠡᠷᠡᠬᠦᠯᠦᠨ ᠴᠡᠭᠴᠡᠯᠡᠨ ᠰᠠᠢᠵᠢᠷᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠡᠯ᠎ᠡ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ 575 《ᠡᠷᠬᠢᠨ ᠬᠠᠷᠠᠬᠤ》 ᠠᠰᠠᠭᠤᠳᠠᠯ᠎ᠢ ᠡᠮᠬᠢᠯᠡᠨ ᠭᠠᠷᠭᠠᠵᠤ᠂ 564 ᠎ᠶ᠋ᠢ ᠨᠢ ᠪᠠᠷᠢᠨ ᠴᠡᠭ᠌ᠴᠡᠯᠡᠨ ᠰᠠᠢᠵᠢᠷᠠᠭᠤᠯᠪᠠ ; ᠨᠠᠮ᠎ᠤᠨ ᠭᠡᠱᠢᠭᠦᠨ ᠺᠠᠳ᠋ᠷᠴᠤᠳ ᠠᠰᠠᠭᠤᠳᠠᠯ᠎ᠤᠨ ᠨᠠᠷᠢᠨ ᠲᠠᠩᠰᠠ᠎ᠲᠠᠶ ᠬᠠᠷᠭᠤᠭᠤᠯᠤᠨ 17213 ᠠᠰᠠᠭᠤᠳᠠᠯ᠎ᠢ ᠪᠠᠢᠴᠠᠭᠠᠨ ᠳᠡᠯᠭᠡᠵᠦ᠍ ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ 19874 ᠲᠣᠭ᠍ᠲᠠᠭᠠᠵᠤ᠂ ᠬᠦᠴᠦᠲᠡᠶ ᠠᠷᠭ᠎ᠠ ᠬᠡᠮᠵᠢᠶ᠎ᠡ᠎ᠪᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠪᠠ᠃

ᠡᠯ᠎ᠡ ᠭᠠᠵᠠᠷ ᠤᠷᠤᠨ ᠡᠯ᠎ᠡ ᠨᠢᠭᠡᠴᠢ᠎ᠶ᠋ᠢᠨ ᠬᠢᠨ 《ᠠᠷᠪᠠᠨ ᠨᠢᠭᠡᠨ ᠴᠠᠭᠠᠵᠠᠯᠠᠯ》 ᠤ᠋ᠨ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠬᠤ᠎ᠶ᠋ᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ᠎ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠴᠢᠬᠤᠯᠠ ᠭᠠᠷᠳᠠᠴᠠ ᠪᠣᠯᠭᠠᠵᠤ ᠂ ᠮᠤᠵᠢ᠎ᠶ᠋ᠢᠨ ᠱᠠᠲᠤᠨ᠎ᠤ ᠨᠠᠮ᠎ᠤᠨ ᠭᠡᠱᠢᠭᠦᠨ ᠤᠳᠤᠷᠢᠳᠭᠤ ᠺᠠᠳ᠋ᠷ ᠲᠦᠷᠦᠭᠦᠯᠡᠨ 《ᠠᠷᠪᠠᠨ ᠨᠢᠭᠡᠨ ᠴᠠᠭᠠᠵᠠᠯᠠᠯ》 ᠤ᠋ᠨ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠵᠤ᠂ ᠡᠯ᠎ᠡ ᠱᠠᠲᠤᠨ᠎ᠤ ᠨᠠᠮ᠎ᠤᠨ ᠬᠣᠷᠢᠢ᠎ᠠ(ᠨᠠᠮ᠎ᠤᠨ ᠤᠳᠤᠷᠢᠳᠭᠤ ᠳᠤᠭᠤᠢᠯᠠᠩ) ᠪᠠᠢᠭᠤᠯᠭ᠎ᠠ ᠨᠢᠭᠡᠴᠢ᠂ ᠶᠡᠬᠡ ᠳᠡᠭᠡᠳᠦ ᠰᠤᠷᠭᠠᠭᠤᠯᠢ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠵᠡᠷᠭᠡ ᠵᠢᠨ 60.4 ᠲᠦᠮᠡᠨ ᠨᠠᠮ᠎ᠤᠨ ᠭᠡᠱᠢᠭᠦᠨ ᠺᠠᠳ᠋ᠷ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠪᠠ᠃

ᠰᠠᠬᠢᠯᠭ᠎ᠠ ᠪᠠᠲᠤ ᠶᠣᠰᠣ ᠲᠦᠷᠢᠮ᠎ᠢ ᠴᠢᠩᠳᠠᠯᠠᠵᠤ ᠤᠯᠤᠰ ᠲᠦᠷᠦ᠍᠎ᠶ᠋ᠢᠨ ᠣᠷᠴᠢᠨ᠎ᠢ ᠨᠡᠩ ᠲᠦᠪ ᠴᠢᠬᠡᠴᠢ ᠪᠤᠯᠭᠠᠪᠠ

ᠪᠠᠷᠢᠮᠵᠢᠶ᠎ᠠ᠎ᠶ᠋ᠢ ᠴᠢᠩᠭ᠎ᠠ ᠪᠠᠷᠢᠮᠲᠠᠯᠠᠵᠤ᠂ ᠵᠣᠷᠢᠭ᠍ᠲᠠᠢ᠎ᠪᠠᠷ ᠬᠠᠲᠠᠭᠤ᠎ᠲᠠᠶ ᠨᠢ ᠬᠠᠯᠳᠠᠵᠤ᠂ ᠲᠥᠪᠯᠡᠷᠡᠭᠦᠯᠦᠨ ᠵᠠᠰᠠᠬᠤ ᠬᠤᠭᠤᠴᠠᠭᠠᠨ᠎ᠳᠤ ᠠᠰᠠᠭᠤᠳᠠᠯ᠎ᠢ ᠪᠠᠢᠴᠠᠭᠠᠨ ᠱᠢᠢᠳᠪᠦᠷᠢᠯᠡᠬᠦ᠌ ᠡᠷᠴᠢᠮ᠎ᠢᠶᠡᠨ ᠴᠢᠨᠠᠭ᠍ᠰᠢᠳᠠ ᠴᠢᠩᠭᠠᠷᠠᠭᠤᠯᠵᠤ᠂ ᠭᠠᠵᠢᠭᠤ ᠰᠤᠷᠲᠠᠯ᠎ᠢ ᠦᠷᠭᠦᠯᠵᠢᠯᠡᠨ ᠵᠠᠰᠠᠵᠤ᠂ ᠱᠢᠨ᠎ᠡ ᠰᠤᠷᠲᠠᠯ᠎ᠢ ᠪᠤᠢ ᠪᠣᠯᠭᠠᠨ᠂ ᠲᠥᠪ ᠰᠤᠷᠲᠠᠯ᠎ᠢ ᠪᠠᠳᠠᠷᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠤᠨ ᠪᠣᠳᠠᠲᠠᠶ ᠢᠯᠡᠷᠡᠯ᠎ᠢ ᠬᠡᠪ᠎ᠦᠨ ᠬᠢᠨᠠᠯᠲᠠ ᠲᠠᠯᠪᠢᠯᠲᠠ᠎ᠳᠤ ᠠᠭᠤᠰᠭᠠᠨ ᠣᠷᠣᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ《ᠳᠥᠷᠪᠡᠨ ᠰᠤᠷᠲᠠᠯ》 ᠤ᠋ᠨ ᠠᠰᠠᠭᠤᠳᠠᠯ ᠪᠣᠯᠤᠨ ᠲᠥᠪ᠎ᠦᠨ ᠨᠠᠶ᠋ᠮᠠᠨ ᠲᠣᠭ᠍ᠲᠠᠭᠠᠯ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠨᠠᠮ᠎ᠤᠨ ᠭᠡᠱᠢᠭᠦᠨ ᠺᠠᠳ᠋ᠷ᠎ᠲᠤ ᠬᠢᠨᠠᠯᠲᠠ ᠲᠠᠯᠪᠢᠬᠤ ᠵᠡᠷᠭᠡ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠢᠴᠠᠭᠠᠬᠤ ᠠᠵᠢᠯ᠎ᠳᠤ ᠣᠷᠣᠭᠤᠯᠵᠤ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠭᠠᠶ ᠵᠦᠶ᠋ᠯ᠎ᠢᠶᠡᠷ ᠪᠠᠢᠴᠠᠭᠠᠬᠤ᠎ᠶ᠋ᠢ ᠲᠣᠭ᠍ᠲᠠᠮᠠᠯ ᠬᠤᠭᠤᠴᠠᠭ᠎ᠠ᠎ᠲᠠᠶ ᠥᠷᠨᠢᠭᠦᠯᠵᠦ᠍᠂ ᠣᠷᠣᠱᠢᠵᠤ ᠪᠠᠢᠭ᠎ᠠ ᠠᠰᠠᠭᠤᠳᠠᠯ᠎ᠳᠤ ᠴᠢᠩᠭ᠎ᠠ ᠴᠣᠬᠢᠯᠲᠠ ᠥᠭ᠌ᠴᠠᠢ᠃

ᠡᠯ᠎ᠡ ᠱᠠᠲᠤᠨ᠎ᠤ ᠨᠠᠮ᠎ᠤᠨ ᠬᠣᠷᠢᠶ᠎ᠠ(ᠳᠤᠭᠤᠢᠯᠠᠩ)6 ᠵᠦᠶ᠋ᠯ᠎ᠦᠨ ᠪᠠᠢᠴᠠᠭᠠᠨ ᠱᠢᠶ᠋ᠳᠪᠦᠷᠢᠯᠡᠬᠦ᠌ ᠱᠠᠭᠠᠷᠳᠠᠯᠭ᠎ᠠ᠎ᠲᠠᠶ ᠴᠢᠩᠭ᠎ᠠ ᠬᠠᠷᠭᠤᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠭ᠍ᠰᠠᠨ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠵᠠᠷᠯᠠᠨ ᠮᠡᠳᠡᠭ᠌ᠳᠡᠵᠦ᠍᠂ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠦᠨ᠂ ᠴᠠᠭ ᠲᠤᠬᠠᠶ᠎ᠳᠤᠨᠢ ᠵᠠᠯᠠᠷᠠᠭᠤᠯᠵᠤ᠂ ᠴᠠᠭ ᠲᠤᠬᠠᠶ᠎ᠳᠤᠨᠢ ᠱᠢᠶ᠋ᠳᠪᠦᠷᠢᠯᠡᠨ᠂ ᠲᠦᠷᠢᠮ᠎ᠦᠨ ᠬᠢᠵᠠᠭᠠᠷᠯᠠᠯ᠎ᠢ ᠴᠢᠩᠭᠠᠳᠭᠠᠵᠤ᠂ ᠰᠦᠷᠳᠡᠭᠦᠯᠬᠦ᠌ ᠦᠶ᠋ᠯᠡᠳᠦᠯ᠎ᠢ ᠴᠢᠩᠭᠠᠷᠠᠭᠤᠯᠪᠠ᠃

ᠤᠯᠠᠭᠠᠨᠴᠠᠪ ᠬᠤᠳᠠ᠎ᠶ᠋ᠢᠨ ᠨᠠᠮ᠎ᠤᠨ ᠬᠣᠷᠢᠶ᠎ᠠ《ᠴᠢᠩᠭ᠎ᠠ》 ᠪᠠᠢᠬᠤ ᠭᠣᠣᠯ ᠬᠦᠭ ᠠᠶᠠᠰ᠎ᠢ ᠢᠮᠠᠭ᠍ᠲᠠ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠬᠠᠲᠠᠭᠤ ᠴᠢᠩᠭ᠎ᠠ ᠬᠢᠵᠠᠭᠠᠷᠯᠠᠯ᠎ᠢ ᠲᠠᠰᠤᠷᠠᠯᠳᠠ ᠦᠭᠡᠢ ᠴᠢᠩᠭᠠᠳᠭᠠᠵᠠᠢ᠃ ᠬᠥᠯᠥᠨ ᠪᠣᠢᠷ ᠬᠣᠲᠠ《ᠦᠵᠡᠯᠲᠡ᠎ᠪᠡᠨ ᠬᠤᠪᠢᠷᠠᠭᠤᠯᠬᠤ᠂ ᠰᠤᠷᠲᠠᠯ᠎ᠢᠶᠠᠨ ᠴᠢᠩᠭᠠᠳᠭᠠᠬᠤ᠂ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠂ ᠨᠠᠢᠳᠠᠪᠤᠷᠢᠵᠢᠭᠤᠯᠤᠯᠲᠠ᠎ᠶ᠋ᠢ ᠴᠢᠬᠤᠯᠠᠴᠢᠯᠠᠬᠤ᠂ ᠳᠦᠷᠢ ᠲᠥᠷᠬᠦ᠌᠎ᠶ᠋ᠢ ᠱᠤᠭᠤᠬᠤ》 ᠰᠤᠷᠤᠯᠴᠠᠯᠭ᠎ᠠ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢᠨ ᠱᠠᠯᠠᠪᠲᠠᠭᠤᠯᠤᠨ ᠵᠢᠯᠣᠭᠣᠳᠭᠤ ᠬᠡᠪᠴᠢᠶᠡᠨ᠎ᠳᠦ ᠣᠷᠣᠭᠤᠯᠵᠤ᠂ 14 ᠲᠣᠭᠣᠷᠢᠨ ᠵᠢᠯᠣᠭᠣᠳᠭᠤ ᠳᠤᠭᠤᠢᠯᠠᠩ᠎ᠢᠶᠠᠷ 14 ᠬᠣᠱᠢᠭᠤ ᠬᠣᠲᠠ ᠲᠣᠭᠣᠷᠢᠭ ᠪᠠ 77 ᠬᠣᠲᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠎ᠳᠦ ᠲᠥᠪᠯᠡᠷᠡᠭᠦᠯᠦᠨ ᠵᠠᠰᠠᠬᠤ ᠠᠵᠢᠯ᠎ᠤᠨ ᠱᠠᠯᠠᠪᠲᠠᠭᠤᠯᠤᠨ ᠵᠢᠯᠣᠭᠣᠳᠭᠤ᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠪᠠ᠃ ᠬᠢᠩᠭᠠᠨ ᠠᠢᠮᠠᠭ᠂ ᠠᠯᠠᠱᠠ ᠠᠢᠮᠠᠭ ᠴᠢᠬᠤᠯᠠ ᠴᠠᠭ ᠦᠶ᠎ᠡ᠎ᠳᠦ ᠴᠢᠭ᠌ᠯᠡᠭᠦᠯᠦᠨ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠵᠤ᠂ ᠨᠠᠮ᠎ᠤᠨ ᠭᠡᠱᠢᠭᠦᠨ ᠺᠠᠳ᠋ᠷ᠎ᠤᠨ ᠠᠰᠠᠭᠤᠳᠠᠯ᠎ᠤᠨ ᠰᠦᠪᠡᠭ᠌ᠴᠢ᠎ᠶ᠋ᠢ ᠴᠠᠭ ᠲᠤᠬᠠᠶ᠎ᠳᠤᠨᠢ ᠢᠯᠡᠷᠡᠭᠦᠯᠦᠨ ᠱᠢᠶ᠋ᠳᠪᠦᠷᠢᠯᠡᠵᠦ᠍᠂ ᠡᠰᠡᠷᠭᠦ᠌ ᠲᠠᠯ᠎ᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠵᠠᠷᠯᠠᠨ ᠮᠡᠳᠡᠭ᠌ᠳᠡᠪᠡ᠃

ᠣᠢᠯᠠᠭᠠᠭ᠍ᠰᠠᠨ᠎ᠢᠶᠠᠷ᠂ ᠲᠥᠪᠯᠡᠷᠡᠭᠦᠯᠦᠨ ᠵᠠᠰᠠᠬᠤ ᠬᠤᠭᠤᠴᠠᠭᠠᠨ᠎ᠳᠤ᠂ ᠪᠥᠬᠥ᠌ ᠣᠷᠣᠨ᠎ᠳᠤ ᠢᠯᠡᠷᠡᠭᠦᠯᠦᠭ᠌ᠰᠡᠨ 129 ᠠᠰᠠᠭᠤᠳᠠᠯ᠎ᠢ ᠴᠠᠭ ᠲᠤᠬᠠᠶ᠎ᠳᠤᠨᠢ ᠱᠢᠶ᠋ᠳᠪᠦᠷᠢᠯᠡᠨ᠂ ᠴᠤᠬᠤᠢᠯᠲᠠ᠎ᠶ᠋ᠢᠨ ᠴᠢᠨᠠᠷᠲᠠᠶ᠂ ᠬᠡᠯᠪᠡᠷᠢᠯ᠎ᠦᠨ ᠴᠢᠨᠠᠷᠲᠠᠶ ᠠᠰᠠᠭᠤᠳᠠᠯ᠎ᠢ ᠰᠠᠨᠠᠭᠤᠯᠬᠤ ᠪᠠ ᠵᠠᠬᠢᠳᠠᠯ᠎ᠢᠶᠠᠷ ᠠᠰᠠᠭᠤᠵᠤ᠂ 198 ᠬᠥᠮᠦᠨ᠎ᠢ ᠱᠢᠭᠦᠮᠵᠢᠯᠡᠨ ᠬᠥᠮᠦᠵᠢᠭᠦᠯᠵᠦ᠍᠂ ᠬᠡᠷᠡᠭ᠎ᠢᠶᠡᠷ ᠰᠠᠬᠢᠯᠭ᠎ᠠ ᠪᠠᠲᠤ᠎ᠶ᠋ᠢ ᠲᠣᠳᠣᠷᠬᠠᠢᠯᠠᠨ᠂ ᠬᠡᠷᠡᠭ᠎ᠢᠶᠡᠷ ᠰᠡᠷᠡᠮᠵᠢᠯᠡᠭᠦᠯᠵᠦ᠍᠂ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠪᠡᠶᠡᠯᠡᠭᠦᠯᠵᠠᠢ᠃

ᠤᠷᠲᠤ ᠬᠤᠭᠤᠴᠠᠭ᠎ᠠ ᠪᠦᠲᠦᠮᠵᠢᠲᠡᠶ ᠪᠠᠢᠬᠤ ᠵᠢ ᠴᠢᠬᠤᠯᠠᠴᠢᠯᠠᠵᠤ ᠤᠯᠤᠰ ᠲᠦᠷᠦ ᠵᠢᠨ ᠠᠮᠢᠳᠤᠷᠠᠯ ᠢ᠋ ᠨᠡᠩ ᠡᠷᠡᠬᠦᠯ ᠵᠢᠷᠤᠮᠵᠢᠭᠤᠨ ᠪᠤᠯᠭᠠᠪᠠ

ᠠᠰᠠᠭᠤᠳᠠᠯ᠎ᠢ ᠲᠣᠳᠣᠷᠬᠠᠢᠯᠠᠵᠤ᠂ ᠦᠵᠡᠯ ᠰᠠᠨᠠᠭ᠎ᠠ᠎ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠪᠡ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠠᠶᠠᠨᠳᠠᠭᠠᠨ ᠨᠢᠭ᠍ᠲᠠᠷᠠᠨ ᠪᠦᠯᠬᠦᠮᠳᠡᠵᠦ᠂ ᠲᠥᠪᠯᠡᠷᠡᠭᠦᠯᠦᠨ ᠵᠠᠰᠠᠬᠤ᠎ᠶᠢ ᠪᠦᠬᠦ ᠲᠠᠯ᠎ᠠ᠎ᠪᠠᠷ ᠵᠢᠷᠤᠮᠵᠢᠭᠤᠯᠤᠨ ᠳᠡᠭᠡᠭᠰᠢᠯᠡᠭᠦᠯᠬᠦ᠎ᠶᠢ ᠠᠬᠢᠭᠤᠯᠪᠠ᠃

ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠢᠯᠠᠩ)ᠲᠥᠪᠯᠡᠷᠡᠭᠦᠯᠦᠨ ᠵᠠᠰᠠᠬᠤ ᠬᠤᠭᠤᠴᠠᠭᠠᠨ᠎ᠳᠤ ᠢᠯᠡᠷᠡᠭᠦᠯᠦᠭᠰᠡᠨ ᠰᠠᠢᠨ ᠲᠤᠷᠰᠢᠯᠭ᠎ᠠ ᠰᠠᠢᠨ ᠠᠷᠭ᠎ᠠ ᠬᠢᠳᠡᠯ᠎ᠢ ᠬᠡᠪ᠎ᠦᠨ ᠠᠵᠢᠯ᠎ᠤᠨ ᠲᠣᠭᠲᠠᠴᠠ ᠪᠤᠯᠭᠠᠬᠤ᠎ᠶᠢ ᠴᠢᠬᠤᠯᠠᠴᠢᠯᠠᠵᠤ᠂ ᠪᠠᠢᠩᠭᠤ ᠰᠠᠨᠠᠭᠤᠯᠬᠤ᠂ ᠠᠰᠠᠭᠤᠳᠠᠯ᠎ᠢ ᠪᠠᠢᠴᠠᠭᠠᠨ ᠰᠢᠢᠳᠪᠦᠷᠢᠯᠡᠬᠦ᠂ ᠬᠥᠮᠥᠨ ᠰᠣᠩᠭᠣᠵᠤ ᠬᠥᠮᠥᠨ ᠬᠡᠷᠡᠭᠯᠡᠬᠦ᠎ᠪᠣᠭᠣᠮᠲᠠ᠎ᠶᠢ ᠡᠵᠡᠮᠳᠡᠬᠦ ᠪᠠ ᠰᠦᠪᠡᠭᠴᠢ᠎ᠶᠢ ᠢᠯᠡᠷᠡᠭᠦᠯᠬᠦ ᠳᠦᠷᠢᠮ᠎ᠦᠨ ᠲᠣᠭᠲᠠᠴᠠ᠎ᠶᠢ ᠰᠦᠪᠡᠭᠴᠢᠯᠡᠨ ᠪᠠᠢᠭᠤᠯᠪᠠ᠃ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ ᠪᠠ ᠲᠠᠢ᠍ᠢᠴᠢᠨ ᠴᠢᠨᠠᠷ᠎ᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠣᠷᠣᠨ᠎ᠤ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢ ᠠᠬᠤᠢ᠎ᠶᠢ ᠪᠦᠬᠦ ᠲᠠᠯ᠎ᠠ᠎ᠪᠠᠷ ᠳᠠᠬᠢᠨ ᠴᠣᠭᠴᠠᠯᠠᠬᠤ᠂ ᠦᠨᠳᠦᠰᠦᠨ᠎ᠡᠴᠡ ᠨᠢ ᠰᠠᠢᠵᠢᠷᠠᠭᠤᠯᠬᠤ᠎ᠶᠢ ᠲᠦᠷᠭᠡᠳᠬᠡᠨ ᠠᠬᠢᠭᠤᠯᠪᠠ᠃

ᠪᠤᠭᠤᠲᠤ ᠬᠤᠳᠠ ᠦᠨᠳᠦᠰᠦᠨ ᠱᠠᠲᠤᠨ᠎ᠤ ᠨᠠᠮ᠎ᠤᠨ ᠡᠭᠦᠷ᠎ᠦᠨ 《ᠭᠤᠷᠪᠠᠨ ᠬᠤᠷᠠᠯ ᠨᠢᠭᠡ ᠬᠢᠴᠢᠶᠡᠯ》ᠤ᠋ᠨ ᠠᠵᠢᠭ᠍ᠯᠠᠯᠲᠠ᠎ᠶᠢᠨ ᠠᠵᠢᠯ ᠪᠣᠯᠣᠨ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢᠴᠠᠭᠠᠨ ᠤᠩᠰᠢᠬᠤ᠂ ᠬᠠᠷᠢᠯᠴᠠᠨ ᠪᠠᠢᠴᠠᠭᠠᠵᠤ ᠬᠠᠷᠢᠭᠤ ᠲᠤᠰᠬᠠᠬᠤ ᠲᠣᠭᠲᠠᠴᠠ᠎ᠶᠢ ᠪᠠᠢᠭᠤᠯᠵᠤ᠂ 1236 ᠬᠥᠮᠥᠨ ᠵᠢᠡᠷ ᠪᠦᠷᠢᠯᠳᠦᠭᠰᠡᠨ ᠠᠵᠢᠭ᠍ᠯᠠᠯᠳᠠ᠎ᠶᠢᠨ ᠡᠩᠨᠡᠭᠡ᠎ᠶᠢ ᠪᠠᠢᠭᠤᠯᠵᠤ᠂ 《ᠰᠣᠯᠪᠢᠴᠠᠨ ᠠᠵᠢᠭ᠍ᠯᠠᠬᠤ᠂ ᠣᠨᠳᠣᠣ ᠭᠠᠵᠠᠷ᠎ᠲᠤ ᠠᠵᠢᠭ᠍ᠯᠠᠬᠤ》ᠵᠠᠷᠴᠢᠮ ᠵᠢᠡᠷ᠂ ᠠᠵᠢᠭ᠍ᠯᠠᠭ᠍ᠴᠢ ᠨᠢᠭᠡ ᠪᠦᠷᠢ ᠲᠣᠭᠲᠠᠭᠰᠠᠨ ᠬᠤᠭᠤᠴᠠᠭ᠎ᠠ᠎ᠲᠠᠢ᠎ᠪᠠᠷ 2 ᠨᠠᠮ᠎ᠤᠨ ᠡᠭᠦᠷ᠎ᠲᠦ ᠠᠵᠢᠭ᠍ᠯᠠᠯᠲᠠ ᠥᠷᠨᠢᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠢ ᠦᠷᠭᠦᠯᠵᠢ᠎ᠶᠢᠨ᠂ ᠲᠥᠪ ᠴᠢᠩᠭ᠎ᠠ᠂ ᠨᠠᠷᠢᠨ ᠬᠢᠨᠠᠮᠠᠭᠠᠢ ᠥᠷᠨᠢᠭᠦᠯᠬᠦ᠎ᠶᠢ ᠠᠬᠢᠭᠤᠯᠪᠠ᠃ ᠣᠲᠣ᠌ ᠪᠣᠯᠲᠠᠯ᠎ᠠ ᠂ ᠪᠥᠬᠥ ᠬᠣᠲᠠ᠎ᠳᠤ ᠨᠡᠶ᠋ᠢᠲᠡ 2560 ᠤᠳᠠᠭ᠎ᠠ ᠵᠢᠨ ᠠᠵᠢᠭ᠍ᠯᠠᠯᠳᠠ ᠵᠢᠨ ᠠᠵᠢᠯ ᠥᠷᠨᠢᠭᠦᠯᠵᠦ᠂ 2600 ᠭᠠᠷᠤᠢ ᠨᠠᠮ᠎ᠤᠨ ᠡᠭᠦᠷ᠎ᠦᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠠᠮᠢᠶ᠎ᠠ ᠪᠦᠬᠦᠢ ᠲᠠᠩᠰᠠ ᠡᠪᠬᠡᠮᠡᠯ᠎ᠦᠨ ᠮᠠᠲᠧᠷᠢᠶᠠᠯ᠎ᠢ ᠰᠢᠯᠵᠢᠭᠦᠯᠦᠨ ᠠᠪᠴᠢᠷᠠᠵᠤ ᠬᠠᠷᠢᠯᠴᠠᠨ ᠪᠠᠢᠴᠠᠭᠠᠪᠠ᠃ ᠪᠠᠶᠠᠨᠨᠠᠭᠤᠷ ᠬᠤᠳᠠ 2022 ᠣᠨ᠎ᠢ 《ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ ᠣᠨ》 ᠵᠢᠡᠷ ᠲᠣᠭᠲᠠᠭᠠᠵᠤ᠂《ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠬᠤ ᠪᠠ ᠰᠠᠢᠵᠢᠷᠠᠭᠤᠯᠬᠤ ᠲᠤᠬᠠᠢ ᠰᠠᠨᠠᠯ》ᠢ᠋ ᠰᠤᠳᠤᠯᠤᠨ ᠲᠣᠭᠲᠠᠭᠠᠵᠤ᠂ ᠡᠯ᠎ᠡ ᠱᠠᠲᠤ ᠡᠯ᠎ᠡ ᠬᠦᠷᠢᠶᠡᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠰᠢᠯᠢᠳᠡᠭ᠎ᠢ ᠰᠢᠯᠭᠠᠷᠠᠭᠤᠯᠵᠤ ᠲᠡᠷᠢᠭᠦᠨ᠎ᠢ ᠰᠢᠯᠭᠠᠷᠠᠭᠤᠯᠬᠤ᠂ ᠤᠳᠤᠨ᠎ᠢ ᠰᠢᠯᠭᠠᠷᠠᠭᠤᠯᠵᠤ ᠲᠡᠰ᠎ᠢ ᠲᠣᠭᠲᠠᠭᠠᠬᠤ ᠴᠢᠬᠤᠯᠠ ᠪᠠᠷᠢᠮᠵᠢᠶ᠎ᠠ ᠪᠤᠯᠭᠠᠪᠠ᠃ ᠰᠢᠨ᠎ᠡ ᠭᠠᠷᠤᠭ᠎ᠠ ᠳᠡᠭᠡᠷ᠎ᠡ ᠵᠤᠬᠰᠤᠵᠦ᠂ ᠦᠷᠭᠡᠨ ᠤᠯᠠᠨ ᠨᠠᠮ᠎ᠤᠨ ᠭᠡᠰᠢᠭᠦᠳ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠵᠦ᠂ ᠨᠠᠮ᠎ᠤᠨ ᠵᠤᠬᠢᠶᠠᠨ ᠪᠠᠢᠭᠤᠯᠤᠯᠳᠠ ᠵᠢᠨ ᠡᠭᠦᠳᠦᠯᠳᠡ ᠵᠢᠨ ᠬᠦᠴᠦᠨ᠂ ᠨᠢᠬᠳᠠᠷᠠᠯ᠎ᠤᠨ ᠬᠦᠴᠦᠨ᠂ ᠳᠠᠢᠴᠢᠨ ᠬᠦᠴᠦᠨ᠎ᠢ ᠳᠠᠰᠤᠷᠠᠯᠳᠠ ᠦᠭᠡᠢ ᠳᠡᠭᠡᠭᠰᠢᠯᠡᠬᠦᠯᠵᠦ᠂ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠠᠮᠵᠢᠯᠳᠠ ᠳᠠᠢ ᠪᠡᠷ ᠬᠤᠷᠠᠯᠳᠤᠬᠤ᠎ᠳᠤ ᠰᠠᠢᠨ ᠰᠠᠢᠬᠠᠨ ᠤᠯᠤᠰ ᠲᠦᠷᠦ ᠵᠢᠨ ᠤᠷᠴᠢᠨ᠎ᠢ ᠪᠦᠷᠢᠯᠳᠦᠭᠦᠯᠦᠨ᠎ᠡ ᠭᠡᠵᠦ ᠢᠯᠡᠷᠭᠡᠢᠯᠡᠵᠡᠭᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面