ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-06-13 09:18:22

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠠᠢᠮᠠᠭ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠬᠤ ᠲᠤᠬᠠᠶ ᠶᠠᠷᠢᠭᠰᠠᠨ ᠨᠢ (ᠬᠣᠶᠠᠷ )

ᠱᠢᠯᠢ ᠶ᠋ᠢᠨ ᠭᠣᠣᠯ ᠠᠢᠮᠠᠭ ᠤ᠋ᠨ ᠨᠠᠮ ᠤ᠋ᠨ ᠬᠤᠷᠢᠶᠠᠨ ᠤ᠋ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠤᠷᠢᠶᠠᠨ ᠤ᠋ ᠱᠦᠵᠢ᠂ ᠬᠢᠨᠠᠨ ᠪᠠᠢᠴᠠᠭᠠᠬᠤ ᠵᠥᠪᠯᠡᠯ ᠦ᠋ᠨ ᠡᠷᠬᠢᠯᠡᠭ᠌ᠴᠢ ᠯᠢ ᠶᠤᠸᠠᠨ᠄

ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢ ᠴᠥᠬᠥᠷᠡᠰᠢ ᠦᠭᠡᠢ ᠴᠢᠩᠭ᠎ᠠ ᠠᠳᠭᠤᠵᠤ ᠪᠣᠳᠠᠲᠠᠢ ᠠᠳᠭᠤᠨ ᠰᠠᠢᠲᠤᠷ ᠠᠳᠭᠤᠨ᠎ᠠ

ᠶᠡᠷᠦᠩᠬᠡᠢ ᠱᠦᠵᠢ ᠰᠢ ᠶ᠋ᠢᠨ ᠫᠢᠩ᠂ ᠨᠠᠮ ᠨᠢ ᠨᠠᠮ ᠶ᠋ᠢᠡᠨ ᠬᠠᠮᠢᠶᠠᠷᠬᠤ ᠳ᠋ᠤ ᠡᠩ ᠲᠡᠷᠢᠭᠦᠨ ᠳ᠋ᠤ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠡᠴᠡ ᠡᠬᠢᠯᠡᠨ ᠬᠠᠮᠢᠶᠠᠷᠬᠤ ᠬᠡᠷᠡᠭ᠌ᠲᠡᠢ ; ᠨᠠᠮ ᠢ᠋ ᠴᠢᠩᠭ᠎ᠠ ᠵᠠᠰᠠᠬᠤ ᠳ᠋ᠤ ᠡᠩ ᠲᠡᠷᠢᠭᠦᠨ ᠳ᠋ᠤ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠡᠴᠡ ᠡᠬᠢᠯᠡᠵᠦ᠍ ᠴᠢᠩᠳᠠᠯᠠᠬᠤ ᠬᠡᠷᠡᠭ᠌ᠲᠡᠢ ᠭᠡᠵᠦ ᠶ᠋ᠢᠭᠠᠵᠤ ᠭᠠᠷᠭᠠᠪᠠ᠃ ᠲᠥᠪ ᠴᠢᠩᠭ᠎ᠠ ᠨᠠᠷᠢᠨ ᠬᠢᠨᠠᠮᠠᠭᠠᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠥᠷᠨᠢᠭᠦᠯᠬᠦ᠌ ᠨᠢ ᠮᠠᠨ ᠤ᠋ ᠨᠠᠮ ᠤ᠋ᠨ ᠱᠢᠯᠢᠳᠡᠭ ᠤᠯᠠᠮᠵᠢᠯᠠᠯ ᠪᠠ ᠤᠯᠤᠰ ᠲᠦᠷᠦ᠍ ᠶ᠋ᠢᠨ ᠳᠠᠪᠠᠭᠤᠯᠢᠭ ᠪᠤᠯᠬᠤ ᠪᠦᠭᠡᠳ ᠪᠠᠰᠠ ᠮᠠᠨ ᠤ᠋ ᠨᠠᠮ ᠤ᠋ᠨ ᠮᠠᠷᠺᠰ ᠤ᠋ᠨ ᠦᠵᠡᠯ ᠦ᠋ᠨ ᠲᠦᠷᠦ᠍ ᠶ᠋ᠢᠨ ᠨᠠᠮ ᠪᠣᠯᠤᠭ᠍ᠰᠠᠨ ᠤ᠋ ᠬᠤᠪᠢ ᠳ᠋ᠤ ᠪᠤᠰᠤᠳ ᠲᠦᠷᠦ᠍ ᠶ᠋ᠢᠨ ᠨᠠᠮ ᠡᠴᠡ ᠢᠯᠭᠠᠭ᠍ᠳᠠᠬᠤ ᠢᠯᠡᠷᠬᠡᠢ ᠱᠢᠨᠵᠢ ᠲᠡᠮᠳᠡᠭ ᠮᠥᠨ᠃ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ᠂ ᠤᠯᠤᠰ ᠲᠦᠷᠦ᠍ ᠶ᠋ᠢᠨ ᠠᠮᠢ ᠠᠬᠤᠢ ᠶ᠋ᠢᠨ ᠳᠤᠮᠳᠠ ᠢᠯᠡᠷᠡᠭ᠌ᠰᠡᠨ ᠠᠰᠠᠭᠤᠳᠠᠯ ᠢ᠋ ᠱᠢᠢᠳᠪᠦᠷᠢᠯᠡᠬᠦ᠌ ᠨᠢ ᠥᠷᠯᠥᠭᠡ ᠦᠳᠡᠰᠢ ᠶ᠋ᠢᠨ ᠬᠣᠭᠣᠷᠣᠨᠳᠣ ᠪᠦᠲᠦᠭᠡᠴᠢᠬᠡᠬᠦ᠌ ᠶᠠᠪᠤᠳᠠᠯ ᠤᠬ᠍ᠳᠤ ᠪᠢᠰᠢ᠂ ᠡᠷᠬᠡᠪᠰᠢ ᠴᠥᠬᠥᠷᠡᠰᠢ ᠦᠭᠡᠢ ᠴᠢᠷᠮᠠᠢᠯᠭ᠎ᠠ ᠭᠠᠷᠭᠠᠬᠤ ᠬᠡᠷᠡᠭ᠌ᠲᠡᠢ ᠃

ᠨᠠᠮ ᠤ᠋ᠨ ᠤᠯᠤᠰ ᠲᠦᠷᠦ᠍ ᠶ᠋ᠢᠨ ᠰᠠᠬᠢᠯᠭ᠎ᠠ ᠪᠠᠲᠤ ᠶ᠋ᠢ ᠴᠢᠩᠭᠠᠳᠬᠠᠬᠤ ᠪᠣᠯ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢᠨ ᠴᠢᠬᠤᠯᠠ ᠠᠭᠤᠯᠭ᠎ᠠ ᠮᠥᠨ᠃ ᠤᠯᠤᠰ ᠲᠥᠷᠥ ᠶ᠋ᠢᠨ ᠰᠠᠬᠢᠯᠭ᠎ᠠ ᠪᠠᠲᠤ ᠪᠠ ᠤᠯᠤᠰ ᠲᠥᠷᠥ ᠶ᠋ᠢᠨ ᠶᠣᠰᠣ ᠳᠦᠷᠢᠮ ᠢ᠋ ᠴᠢᠩᠭᠠᠳᠬᠠᠬᠤ ᠶ᠋ᠢᠨ ᠬᠠᠮᠤᠭ ᠤ᠋ᠨ ᠦᠨᠳᠦᠰᠦᠨ ᠵᠦᠶ᠋ᠯ ᠪᠣᠯ ᠳᠠᠷᠤᠶ 《ᠬᠣᠶᠠᠷ ᠢ᠋ ᠲᠣᠭ᠍ᠲᠠᠭᠠᠭᠰᠠᠨ》 ᠢ᠋ ᠱᠢᠳᠤᠷᠭᠤ ᠪᠡᠷ ᠬᠦᠷᠢᠶᠡᠯᠡᠵᠦ᠍ ᠂ 《ᠬᠣᠶᠠᠷ ᠢ᠋ ᠬᠠᠮᠠᠭᠠᠯᠠᠬᠤ 》 ᠶ᠋ᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ ᠃ ᠪᠢᠳᠠ ᠡᠷᠭᠡᠪᠰᠢ ᠪᠣᠯᠬᠢᠴᠢᠯᠠᠭ᠍ᠰᠠᠨ ᠠᠷᠠᠯᠵᠢᠶᠠᠯᠠᠭᠰᠠᠨ ᠢᠯᠡᠷᠡᠯ ᠢ᠋ ᠨᠢᠭᠳᠠ ᠠᠩᠬᠠᠷᠴᠤ᠌ ᠂ ᠶᠡᠷᠦᠮᠳᠡᠭ᠌ᠴᠢᠯᠡᠭ᠌ᠰᠡᠨ ᠳᠤᠷ᠎ᠠ ᠵᠣᠷᠢᠭ ᠤ᠋ᠨ ᠦᠵᠡᠭ᠌ᠳᠡᠯ ᠢ᠋ ᠨᠢᠭᠳᠠ ᠠᠩᠬᠠᠷᠤᠨ᠂ ᠤᠯᠤᠰ ᠲᠦᠷᠦ᠍ ᠶ᠋ᠢᠨ ᠬᠢᠨᠠᠯᠲᠠ ᠲᠠᠯᠪᠢᠬᠤ ᠶ᠋ᠢ ᠦᠷᠭᠦᠯᠵᠢᠯᠡᠨ ᠴᠢᠩᠭᠠᠳᠬᠠᠵᠤ᠂ ᠨᠠᠮ ᠤ᠋ᠨ ᠲᠥᠪ ᠬᠣᠷᠢᠶᠠᠨ ᠤ᠋ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠬᠡᠷᠡᠭ᠌ᠵᠢᠭᠦᠯᠬᠦ᠌ ᠳ᠋ᠡᠭᠡᠨ ᠬᠡᠯᠪᠡᠢᠬᠦ᠌ ᠦᠭᠡᠢ᠂ ᠬᠤᠪᠢᠷᠠᠭᠤᠯᠬᠤ ᠦᠭᠡᠢ᠂ ᠥᠭᠡᠷᠡᠳᠦᠭᠦᠯᠬᠦ ᠦᠭᠡᠢ ᠪᠠᠢᠬᠤ ᠶ᠋ᠢ ᠦᠨᠡᠨ ᠬᠦ᠌ ᠪᠠᠲᠤᠯᠠᠨ᠎ᠠ᠃

ᠡᠷᠬᠡ ᠶ᠋ᠢᠨ ᠠᠵᠢᠯᠯᠠᠭᠠᠨ ᠢ᠋ ᠬᠢᠵᠠᠭᠠᠷᠯᠠᠬᠤ ᠪᠠ ᠲᠡᠭᠦᠨ ᠳ᠋ᠤ ᠬᠢᠨᠠᠯᠲᠠ ᠲᠠᠯᠪᠢᠬᠤ ᠶ᠋ᠢ ᠴᠢᠩᠭᠠᠳᠭᠠᠬᠤ ᠪᠣᠯ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠪᠢᠳᠡ ᠡᠷᠭᠡᠪᠰᠢ ᠨᠠᠷᠢᠯᠢᠭ ᠣᠨᠣᠴᠠᠲᠠᠶ ᠪᠡᠷ ᠬᠢᠨᠠᠯᠲᠠ ᠲᠠᠯᠪᠢᠬᠤ ᠶ᠋ᠢ ᠴᠢᠩᠭᠠᠳᠭᠠᠵᠤ᠂ 《ᠪᠠᠭ᠎ᠠ ᠶᠠᠪᠤᠳᠠᠯ》 ᠶ᠋ᠢᠡᠷ 《ᠵᠠᠩᠭᠢᠯᠠᠭ᠎ᠠ ᠶ᠋ᠢᠨ ᠴᠥᠭᠡᠨ ᠲᠣᠭᠠᠲᠠᠨ》 ᠢ᠋ ᠰᠠᠢᠲᠤᠷ ᠠᠳᠭᠤᠵᠤ᠂ 《ᠵᠣᠩᠬᠢᠯᠠᠬᠤ ᠣᠯᠠᠨ ᠲᠣᠭᠠᠲᠠᠨ》 ᠢ᠋ ᠳᠠᠢᠴᠢᠯᠠᠨ᠂ ᠡᠷᠬᠡ ᠠᠱᠢᠭ ᠤ᠋ᠨ ᠠᠷᠠᠯᠵᠢᠶ᠎ᠠ᠂ ᠡᠷᠬᠡ ᠮᠥᠩᠭᠥᠨ ᠤ᠋ ᠠᠷᠠᠯᠵᠢᠶ᠎ᠠ᠂ ᠺᠠᠳ᠋ᠷ ᠢ᠋ ᠵᠤᠬᠢᠴᠠᠭᠤᠯᠬᠤ᠂ ᠲᠤᠰᠢᠶᠠᠯ ᠳ᠋ᠤ ᠳᠡᠪᠰᠢᠭᠦᠯᠬᠦ ᠪᠡᠷ ᠠᠮᠠᠯᠳᠠᠬᠤ ᠵᠡᠷᠭᠡ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠵᠦ᠍ ᠂ ᠬᠠᠤᠯᠢ ᠶᠣᠰᠣᠭᠠᠷ ᠡᠷᠬᠡ ᠪᠡᠨ ᠬᠡᠷᠡᠭ᠌ᠯᠡᠬᠦ᠌᠂ ᠲᠦᠪ ᠭᠤᠤᠯᠴᠢ ᠪᠡᠷ ᠡᠷᠬᠡ ᠪᠡᠨ ᠬᠡᠷᠡᠭ᠌ᠯᠡᠬᠦ᠌ ᠂ ᠠᠷᠢᠭᠤᠨ ᠴᠢᠬᠡᠴᠢ ᠪᠡᠷ ᠡᠷᠬᠡ ᠪᠡᠨ ᠬᠡᠷᠡᠭ᠌ᠯᠡᠬᠦ᠌ ᠶ᠋ᠢ ᠪᠡᠶᠡᠯᠡᠭᠦᠯᠤᠨ᠎ᠠ ᠃

ᠠᠷᠠᠳ ᠲᠦᠮᠡᠨ ᠤ᠋ ᠵᠣᠭ᠍ᠰᠣᠯᠲᠠ ᠳ᠋ᠤ ᠪᠠᠲᠤ ᠵᠣᠭ᠍ᠰᠣᠬᠤ ᠪᠣᠯ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢᠨ ᠦᠨᠳᠦᠰᠦᠨ ᠱᠠᠭᠠᠷᠳᠠᠯᠭ᠎ᠠ ᠮᠥᠨ᠃ ᠪᠢᠳᠡ ᠡᠷᠭᠡᠪᠰᠢ ᠣᠯᠠᠨ ᠲᠦᠮᠡᠨ ᠤ᠋ ᠳᠡᠷᠭᠡᠳᠡᠬᠢ ᠢᠯᠵᠠᠷᠠᠯ ᠪᠠ ᠰᠤᠷᠲᠠᠯ ᠤ᠋ᠨ ᠠᠰᠠᠭᠤᠳᠠᠯ ᠢ᠋ ᠭᠦᠨᠵᠡᠭᠡᠶ ᠴᠡᠭ᠌ᠴᠡᠯᠡᠨ ᠵᠠᠰᠠᠵᠤ ᠂ ᠵᠠᠬᠢᠳᠠᠯ ᠰᠤᠷᠪᠤᠯᠵᠢᠯᠠᠯ ᠶ᠋ᠢᠡᠷ ᠢᠯᠡᠴᠢᠯᠡᠨ ᠮᠡᠳᠡᠭᠦᠯᠬᠦ᠌ ᠠᠵᠢᠯ ᠢ᠋ ᠴᠢᠩᠭ᠎ᠠ ᠬᠡᠷᠡᠭ᠌ᠵᠢᠭᠦᠯᠤᠨ᠂ ᠣᠯᠠᠨ ᠲᠦᠮᠡᠨ ᠤ᠋ 《ᠪᠠᠴᠢᠮᠳᠠᠨ ᠰᠠᠨᠳᠤᠷᠴᠤ ᠪᠠᠢᠭ᠎ᠠ ᠬᠦᠴᠢᠷᠳᠡᠨ ᠲᠦᠪᠡᠭᠰᠢᠶᠡᠵᠦ ᠪᠠᠢᠭ᠎ᠠ ᠭᠠᠴᠢᠭᠳᠠᠨ ᠵᠤᠪᠠᠵᠤ ᠪᠠᠢᠭ᠎ᠠ ᠬᠦᠰᠡᠨ ᠡᠷᠡᠮᠡᠯᠵᠡᠵᠦ ᠪᠠᠢᠭ᠎ᠠ》 ᠠᠰᠠᠭᠤᠳᠠᠯ ᠢ᠋ ᠦᠨᠡᠨ ᠬᠦ᠌ ᠱᠢᠶ᠋ᠳᠪᠦᠷᠢᠯᠡᠵᠦ᠍᠂ ᠣᠯᠠᠨ ᠲᠦᠮᠡᠨ ᠤ᠋ ᠬᠦᠷᠲᠡᠮᠵᠢ ᠶ᠋ᠢᠨ ᠲᠥᠷᠥᠭ᠌ᠳᠡᠯ ᠢ᠋ ᠨᠠᠩ ᠭᠦᠶ᠋ᠴᠡᠳ᠂ ᠶ᠋ᠢᠷᠭᠠᠯᠲᠤ ᠲᠥᠷᠥᠭ᠌ᠳᠡᠯ ᠢ᠋ ᠨᠠᠩ ᠦᠷᠭᠦᠯᠵᠢᠯᠡᠭᠰᠡᠨ ᠂ ᠠᠮᠤᠷ ᠲᠦᠪᠱᠢᠨ ᠤ᠋ ᠲᠥᠷᠥᠭ᠌ᠳᠡᠯ ᠢ᠋ ᠨᠠᠩ ᠪᠠᠲᠤᠯᠠᠭ᠎ᠠ ᠲᠠᠶ ᠪᠣᠯᠭᠠᠨ᠎ᠠ᠃

ᠤᠯᠠᠭᠠᠨᠴᠠᠪ ᠬᠣᠲᠠ ᠶ᠋ᠢᠨ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ ᠂ ᠬᠢᠨᠠᠨ ᠪᠠᠢᠴᠠᠭᠠᠬᠤ ᠵᠥᠪᠯᠡᠯ ᠦ᠋ᠨ ᠡᠷᠬᠢᠯᠡᠭ᠌ᠴᠢ ᠯᠢ ᠴᠧᠩ ᠭᠤᠸᠠᠩ ᠄

ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠵᠤ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢ ᠠᠬᠤᠶ ᠶ᠋ᠢ ᠴᠡᠪᠡᠷᠱᠢᠭᠦᠯᠦᠨ᠎ᠡ

ᠶᠡᠷᠦᠩᠬᠡᠶ ᠱᠦᠵᠢ ᠰᠢ ᠶ᠋ᠢᠨ ᠫᠢᠩ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠨ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢ ᠠᠬᠤᠶ ᠶ᠋ᠢ ᠴᠡᠪᠡᠷᠱᠢᠭᠦᠯᠬᠦ᠌ ᠪᠣᠯ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ ᠦ᠋ᠨ ᠪᠠᠢᠪᠠᠰᠤ ᠵᠣᠬᠢᠬᠤ ᠠᠭᠤᠯᠭ᠎ᠠ ᠮᠥᠨ ᠭᠡᠵᠦ ᠵᠢᠭᠠᠵᠤ ᠭᠠᠷᠭᠠᠪᠠ᠃ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠎ᠢ ᠦᠷᠨᠢᠭᠦᠯᠦᠨ᠂ ᠲᠤᠪᠤᠢ᠌ᠮ᠎ᠠ ᠠᠰᠠᠭᠤᠳᠠᠯ ᠢ᠋ ᠰᠠᠢᠲᠤᠷ ᠱᠢᠢᠳᠪᠦᠷᠢᠯᠡᠪᠡᠯ᠂ ᠮᠠᠨ ᠤ᠋ ᠨᠠᠮ ᠳᠠᠷᠤᠢ ᠤᠯᠠᠨ ᠤ᠋ ᠰᠡᠳᠭᠢᠯ ᠎ᠢ ᠨᠡᠩ ᠰᠠᠢᠳᠦᠷ ᠨᠢᠭ᠍ᠲᠠᠷᠠᠭᠤᠯᠤᠨ᠂ ᠪᠡᠶ᠎ᠡ ᠪᠡᠨ ᠴᠢᠭᠢᠷᠠᠭ᠍ᠵᠢᠭᠤᠯᠵᠤ ᠴᠢᠳᠠᠨ᠎ᠠ ᠃

ᠤᠯᠤᠰ ᠲᠥᠷᠥ ᠶ᠋ᠢᠨ ᠤᠬᠠᠮᠰᠠᠷ ᠤ᠋ᠨ ᠠᠰᠠᠭᠤᠳᠠᠯ ᠢ᠋ ᠱᠢᠶ᠋ᠳᠪᠦᠷᠢᠯᠡᠬᠦ᠌ ᠬᠡᠷᠡᠭ᠌ᠲᠡᠶ᠃ ᠡᠷᠭᠡᠪᠰᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠠᠵᠢᠯ ᠤ᠋ᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠡᠷᠡᠰ ᠵᠠᠯᠠᠷᠠᠭᠤᠯᠤᠨ᠂ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠰᠠᠭᠤᠷᠢ ᠶ᠋ᠢ ᠲᠠᠰᠤᠷᠠᠯᠳᠠ ᠦᠭᠡᠢ ᠪᠡᠬᠢᠵᠢᠭᠦᠯᠤᠨ᠎ᠠ᠃

ᠰᠠᠬᠢᠯᠭ᠎ᠠ ᠪᠠᠲᠤ ᠶᠣᠰᠣ ᠳᠦᠷᠢᠮ ᠦ᠋ᠨ ᠤᠬᠠᠮᠰᠠᠷ ᠤ᠋ᠨ ᠠᠰᠠᠭᠤᠳᠠᠯ ᠢ᠋ ᠱᠢᠶ᠋ᠳᠪᠦᠷᠢᠯᠡᠬᠦ᠌ ᠬᠡᠷᠡᠭ᠌ᠲᠡᠶ᠃ ᠡᠷᠭᠡᠪᠰᠢ ᠲᠦᠷᠢᠮ ᠦ᠋ᠨ ᠱᠢᠩᠭᠡᠯᠢᠭ ᠢ᠋ ᠴᠢᠨᠠᠭ᠍ᠰᠢᠳᠠ ᠪᠡᠬᠢᠵᠢᠭᠦᠯᠵᠦ᠍᠂ ᠲᠦᠷᠢᠮ ᠦ᠋ᠨ ᠬᠡᠷᠡᠭ᠌ᠵᠢᠭᠦᠯᠦᠯᠲᠡ ᠶ᠋ᠢ ᠴᠢᠩᠭᠠᠳᠭᠠᠨ᠂ ᠡᠷᠡᠭᠦᠯ ᠰᠠᠷᠠᠭᠤᠯ ᠠᠷᠢᠭᠤᠨ ᠴᠡᠪᠡᠷ ᠤᠯᠤᠰ ᠲᠦᠷᠦ᠍ ᠶ᠋ᠢᠨ ᠠᠮᠢ ᠠᠬᠤᠢ ᠶ᠋ᠢ ᠲᠠᠬᠢᠨ ᠴᠣᠭ᠍ᠴᠠᠯᠠᠨ᠎ᠠ ᠃ ᠡᠷᠭᠡᠪᠰᠢ ᠨᠠᠮ ᠤ᠋ᠨ ᠭᠡᠱᠢᠭᠦᠨ ᠺᠠᠳ᠋ᠷ ᠢ᠋ ᠬᠥᠮᠦᠵᠢᠭᠦᠯᠦᠨ ᠶ᠋ᠢᠯᠣᠭᠣᠳᠴᠤ᠌ ᠪᠠᠢᠭᠠᠳ ᠤᠯᠤᠰ ᠲᠦᠷᠦ᠍ ᠶ᠋ᠢᠨ ᠰᠠᠬᠢᠯᠭ᠎ᠠ ᠪᠠᠲᠤ ᠪᠣᠯᠤᠨ ᠤᠯᠤᠰ ᠲᠦᠷᠦ᠍ ᠶ᠋ᠢᠨ ᠶᠣᠰᠣ ᠲᠦᠷᠢᠮ ᠢ᠋ ᠴᠢᠩᠭ᠎ᠠ ᠰᠠᠬᠢᠵᠤ᠂ 《ᠬᠣᠶᠠᠷ ᠢ᠋ ᠲᠣᠭ᠍ᠲᠠᠭᠠᠭᠰᠠᠨ》 ᠢ᠋ ᠱᠢᠳᠤᠷᠭᠤ ᠪᠡᠷ ᠬᠦᠷᠢᠶᠡᠯᠡᠨ᠂ 《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠤᠯᠤᠰ ᠲᠦᠷᠦ᠍ ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍ ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍ ᠶ᠋ᠢᠨ ᠭᠦᠢᠴᠡᠳᠭᠡᠬᠦ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠤᠨ᠂ ᠡᠷᠬᠡ ᠶ᠋ᠢᠨ ᠢᠮᠠᠭ᠍ᠲᠠ ᠨᠠᠮ ᠪᠣᠯᠤᠨ ᠠᠷᠠᠳ ᠲᠦᠮᠡᠨ ᠳ᠋ᠤ ᠦᠢᠯᠡᠴᠢᠯᠡᠬᠦ᠌ ᠶ᠋ᠢ ᠪᠠᠲᠤᠯᠠᠨ᠎ᠠ᠃

ᠬᠢᠨᠠᠯᠲᠠ ᠲᠠᠯᠪᠢᠵᠤ ᠬᠢᠵᠠᠭᠠᠷᠯᠠᠬᠤ ᠠᠰᠠᠭᠤᠳᠠᠯ ᠢ᠋ ᠱᠢᠢᠳᠪᠦᠷᠢᠯᠡᠬᠦ᠌ ᠬᠡᠷᠡᠭ᠌ᠲᠡᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠡᠷᠭᠡᠪᠰᠢ ᠨᠠᠮ ᠤ᠋ᠨ ᠬᠣᠷᠢᠶᠠᠨ ᠤ᠋ ᠤᠳᠤᠷᠢᠳᠤᠯᠭ᠎ᠠ ᠳᠣᠣᠷ᠎ᠠ ᠲᠤᠱᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠰᠠᠬᠢᠯᠭ᠎ᠠ ᠪᠠᠲᠤ ᠶ᠋ᠢ ᠲᠡᠷᠢᠭᠦᠨ ᠳ᠋ᠤ ᠲᠠᠯᠪᠢᠬᠤ ᠶ᠋ᠢ ᠪᠠᠷᠢᠮᠲᠠᠯᠠᠨ᠂ ᠬᠠᠷᠠᠯᠲᠠ ᠲᠠᠶ ᠪᠡᠷ ᠬᠦᠴᠦᠯᠡᠵᠦ᠍᠂ ᠤᠨᠢᠨ ᠳᠡᠭᠡᠷ᠎ᠡ ᠨᠢ ᠴᠡᠭ᠌ᠴᠡᠯᠡᠨ ᠵᠠᠰᠠᠨ᠎ᠠ᠃ 11 ᠲᠠᠯ᠎ᠠ ᠶ᠋ᠢᠨ ᠠᠰᠠᠭᠤᠳᠠᠯ ᠤ᠋ᠨ ᠨᠠᠷᠢᠨ ᠳᠠᠩᠰᠠ ᠲᠠᠶ ᠴᠢᠩᠭ᠎ᠠ ᠬᠠᠷᠭᠤᠭᠤᠯᠵᠤ᠂ ᠢᠯᠡᠷᠡᠭᠦᠯᠦᠭ᠌ᠰᠡᠨ ᠪᠤᠳᠠᠳᠤ ᠠᠰᠠᠭᠤᠳᠠᠯ ᠢ᠋ ᠲᠣᠭ᠍ᠲᠠᠭᠠᠯ ᠶᠣᠰᠣᠭᠠᠷ ᠰᠠᠬᠢᠯᠭ᠎ᠠ ᠪᠠᠲᠤ ᠶᠣᠰᠣᠭᠠᠷ ᠬᠠᠤᠯᠢ ᠶᠣᠰᠣᠭᠠᠷ ᠴᠢᠩᠭ᠎ᠠ ᠱᠢᠢᠳᠪᠦᠷᠢᠯᠡᠨ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠦ᠍ ᠶ᠋ᠢᠨ ᠠᠮᠢᠳᠤᠷᠠᠯ ᠤ᠋ᠨ ᠬᠠᠲᠠᠭᠤ ᠬᠢᠵᠠᠭᠠᠷᠯᠠᠯ ᠢ᠋ ᠲᠠᠰᠤᠷᠠᠯᠲᠠ ᠦᠭᠡᠢ ᠴᠢᠩᠭᠠᠳᠭᠠᠵᠤ᠂ ᠢᠳᠡᠪᠬᠢᠲᠡᠢ ᠡᠷᠡᠭᠦᠯ ᠨᠠᠮ ᠤ᠋ᠨ ᠳᠣᠲᠣᠭᠠᠳᠤ ᠶ᠋ᠢᠨ ᠤᠯᠤᠰ ᠲᠥᠷᠦ᠍ ᠶ᠋ᠢᠨ ᠰᠣᠶᠣᠯ ᠢ᠋ ᠬᠦᠴᠦᠯᠡᠨ ᠪᠡᠬᠢᠵᠢᠭᠦᠯᠵᠤ ᠬᠥᠭ᠌ᠵᠢᠭᠦᠯᠤᠨ᠎ᠠ᠃

ᠣᠷᠳᠣᠰ ᠬᠣᠲᠠ ᠶ᠋ᠢᠨ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠵᠧᠨ ᠬᠤᠸᠠ ᠄

ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢ ᠠᠬᠤᠶ ᠶ᠋ᠢ ᠪᠥᠬᠥ᠌ ᠲᠠᠯ᠎ᠠ ᠪᠡᠷ ᠳᠠᠬᠢᠨ ᠴᠣᠭ᠍ᠴᠠᠯᠠᠵᠤ ᠦᠨᠳᠦᠰᠦᠨ᠎ᠡᠴᠡ ᠨᠢ ᠰᠠᠢᠵᠢᠷᠠᠭᠤᠯᠬᠤ ᠶ᠋ᠢ ᠠᠬᠢᠭᠤᠯᠤᠨ᠎ᠠ

ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤ ᠪᠣᠯ ᠮᠠᠨ ᠤ᠋ ᠨᠠᠮ ᠤ᠋ᠨ ᠢᠮᠠᠭ᠍ᠲᠠ ᠴᠡᠪᠡᠷ ᠴᠢᠨᠠᠷ ᠪᠠ ᠲᠡᠷᠢᠭᠦᠨ᠎ᠦ ᠴᠢᠨᠠᠷ ᠶ᠋ᠢᠡᠨ ᠪᠠᠲᠤᠯᠠᠬᠤ ᠤᠯᠤᠰ ᠲᠦᠷᠦ᠍ ᠶ᠋ᠢᠨ ᠳᠠᠪᠠᠭᠤᠯᠢᠭ ᠮᠥᠨ᠂ ᠨᠡᠩ ᠴᠤ᠌ ᠪᠦᠬᠦ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢᠨ ᠦᠨᠳᠦᠰᠦᠨ ᠴᠢᠨᠠᠷᠲᠠᠢ ᠰᠠᠭᠤᠷᠢ ᠠᠵᠢᠯ ᠮᠥᠨ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠦᠨ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤ ᠲᠤᠬᠠᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠪᠦᠬᠦ ᠲᠠᠯ᠎ᠠ ᠪᠡᠷ ᠡᠷᠡᠬᠦᠯ ᠵᠢᠷᠤᠮᠵᠢᠭᠤᠨ ᠵᠠᠮ᠎ᠳᠦ ᠪᠤᠴᠠᠬᠤ᠎ᠵᠢ ᠲᠦᠷᠭᠡᠳᠭᠡᠨ ᠠᠬᠢᠭᠤᠯᠤᠨ᠎ᠠ᠃

ᠬᠢᠨᠠᠯᠲᠠ ᠲᠠᠯᠪᠢᠬᠤ ᠪᠣᠭᠣᠮᠲᠠ ᠶ᠋ᠢ ᠴᠢᠩᠭ᠎ᠠ ᠠᠳᠭᠤᠨ᠎ᠠ᠃ ᠨᠠᠮ ᠤ᠋ᠨ ᠲᠦᠷᠢᠮ ᠨᠠᠮ ᠤ᠋ᠨ ᠲᠣᠭ᠍ᠲᠠᠭᠠᠯ ᠨᠠᠮ ᠤ᠋ᠨ ᠰᠠᠬᠢᠯᠭ᠎ᠠ ᠪᠠᠲᠤ ᠶ᠋ᠢᠨ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠪᠣᠳᠠᠲᠠᠢ ᠠᠳᠭᠤᠬᠤ ᠂ ᠨᠠᠷᠢᠨ ᠵᠦᠢᠯᠡᠰ ᠢ᠋ ᠠᠳᠭᠤᠬᠤ᠂ ᠡᠳᠦᠷ ᠲᠤᠳᠤᠮ ᠤ᠋ᠨ ᠠᠵᠢᠯ ᠢ᠋ ᠠᠳᠭᠤᠬᠤ ᠶ᠋ᠢ ᠱᠠᠯᠠᠪᠳᠠᠭᠤᠯᠤᠨ ᠵᠢᠯᠤᠭᠤᠳᠴᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠦᠨᠡᠨ ᠬᠦ᠌ ᠥᠷᠭᠡᠨ ᠤᠯᠠᠨ ᠨᠠᠮ ᠤ᠋ᠨ ᠭᠡᠱᠢᠭᠦᠨ᠎ᠦ ᠨᠠᠮᠴᠢ ᠴᠢᠨᠠᠷ ᠢ᠋ ᠳᠠᠪᠲᠠᠨ ᠪᠣᠯᠪᠠᠰᠤᠷᠠᠭᠤᠯᠬᠤ᠂ ᠳᠠᠳᠬᠠᠯ ᠢ᠋ ᠬᠦᠮᠦᠵᠢᠭᠦᠯᠬᠦ 《 ᠶᠡᠬᠡ ᠤᠷᠴᠢᠨ》 ᠪᠣᠯᠭᠠᠨ᠎ᠠ᠃ ᠡᠯ᠎ᠡ ᠵᠦᠢᠯ᠎ᠦᠨ ᠬᠢᠨᠠᠯᠲᠠ ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠤᠨᠤᠴᠠᠲᠠᠢ ᠪᠥᠭᠡᠳ ᠬᠦᠴᠦᠨ ᠲᠡᠭᠦᠯᠳᠡᠷ ᠬᠢᠨᠠᠯᠲᠠ ᠲᠠᠯᠪᠢᠬᠤ ᠠᠷᠭ᠎ᠠ ᠪᠠᠷᠢᠯ ᠶ᠋ᠢᠡᠷ ᠪᠦᠬᠦ᠌ ᠬᠣᠲᠠ ᠶ᠋ᠢᠨ ᠨᠠᠮ ᠤ᠋ᠨ ᠳᠣᠲᠣᠭᠠᠳᠤ ᠶ᠋ᠢᠨ ᠤᠯᠤᠰ ᠲᠥᠷᠦ᠍ ᠶ᠋ᠢᠨ ᠠᠮᠢ ᠠᠬᠤᠢ ᠶ᠋ᠢ ᠪᠦᠬᠦ᠌ ᠲᠠᠯ᠎ᠠ ᠪᠡᠷ ᠳᠠᠬᠢᠨ ᠴᠣᠭ᠍ᠴᠠᠯᠠᠵᠤ᠂ ᠦᠨᠳᠦᠰᠦᠨ᠎ᠡᠴᠡ ᠨᠢ ᠰᠠᠢᠵᠢᠷᠠᠭᠤᠯᠬᠤ ᠶ᠋ᠢ ᠠᠬᠢᠭᠤᠯᠤᠨ᠎ᠠ᠃

ᠠᠰᠠᠭᠤᠳᠠᠯ ᠢ᠋ ᠪᠠᠢᠴᠠᠭᠠᠨ ᠱᠢᠶ᠋ᠳᠪᠦᠷᠢᠯᠡᠬᠦ᠌ ᠡᠷᠴᠢᠮ ᠎ᠢ ᠴᠢᠡᠭᠭᠠᠷᠠᠭᠤᠯᠤᠨ᠎ᠠ᠃ 《ᠵᠢᠵᠢᠭ ᠪᠦᠯᠬᠦᠮ ᠤ᠋ᠨ ᠰᠣᠶᠣᠯ》᠂ 《ᠤᠯᠤᠮ ᠤ᠋ᠨ ᠰᠣᠶᠣᠯ 》 ᠂ 《ᠠᠷᠢᠬᠢᠨ ᠱᠢᠷᠡᠭᠡᠨ᠎ᠦ ᠰᠣᠶᠣᠯ》 ᠤ᠋ᠨ ᠦᠵᠡᠭ᠌ᠳᠡᠯ ᠢ᠋ ᠡᠷᠡᠰ ᠴᠡᠭ᠌ᠴᠡᠯᠡᠨ ᠵᠠᠰᠠᠵᠤ ᠂ ᠤᠯᠤᠰ ᠲᠥᠷᠥ ᠪᠡᠷ ᠵᠠᠪᠱᠢᠬᠤ᠂ ᠤᠯᠤᠰ ᠲᠥᠷᠥ᠎ᠳᠦ ᠲᠦᠱᠢᠭ᠌ᠯᠡᠬᠦ᠌᠂ ᠤᠯᠤᠰ ᠲᠥᠷᠥ ᠶ᠋ᠢᠨ ᠰᠣᠯᠢᠯᠴᠠᠭ᠎ᠠ ᠬᠢᠬᠦ᠌ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠡᠴᠡ ᠵᠥᠷᠢᠴᠡᠭ᠌ᠰᠡᠨ ᠠᠰᠠᠭᠤᠳᠠᠯ ᠢ᠋ ᠭᠦᠨᠵᠡᠭᠡᠶ ᠠᠭᠤᠳᠠᠯᠤᠨ ᠲᠤᠢᠯᠪᠤᠷᠢᠲᠠᠶ ᠪᠠᠢᠴᠠᠭᠠᠵᠤ᠂《ᠤᠭᠲᠤ ᠠᠭᠤᠴᠢᠯᠠᠬᠤ ᠥᠬᠡᠶ》ᠣᠪᠣᠷ ᠶ᠋ᠢᠡᠷ ᠴᠢᠩᠭ᠎ᠠ ᠪᠥᠭᠡᠳ ᠲᠦᠷᠭᠡᠨ ᠪᠠᠢᠴᠠᠭᠠᠨ ᠱᠢᠶ᠋ᠳᠪᠦᠷᠢᠯᠡᠨ᠎ᠡ᠃ ᠠᠯᠤᠰ ᠬᠡᠳᠤ ᠶ᠋ᠢᠨ ᠬᠠᠷᠠᠭᠠᠰᠤ ᠡᠴᠡ ᠬᠡᠷᠡᠭ᠎ᠵᠢᠡᠷ ᠵᠢᠱ᠌ᠢᠶᠡᠯᠡᠨ ᠲᠤᠯᠢ ᠪᠣᠯᠭᠠᠬᠤ᠂ ᠬᠡᠷᠡᠭ᠎ᠵᠢᠡᠷ ᠵᠢᠱ᠌ᠢᠶᠡᠯᠡᠨ ᠴᠡᠭᠴᠡᠯᠡᠨ ᠰᠠᠢᠵᠢᠷᠠᠭᠤᠯᠬᠤ᠎ᠵᠢ ᠠᠬᠢᠭᠤᠯᠬᠤ᠂ ᠬᠡᠷᠡᠭ᠎ᠵᠢᠡᠷ ᠵᠢᠱ᠌ᠢᠶᠡᠯᠡᠨ ᠴᠡᠭᠴᠡᠯᠡᠨ ᠵᠠᠰᠠᠬᠤ ᠶ᠋ᠢ ᠠᠬᠢᠭᠤᠯᠬᠤ᠎ᠵᠢ ᠯᠠᠪᠳᠠᠭᠤᠨ ᠪᠠᠲᠤᠲᠠᠢ ᠰᠠᠢᠳᠤᠷ ᠬᠢᠬᠦ᠎ᠵᠢ ᠪᠠᠷᠢᠮᠳᠠᠯᠠᠵᠤ᠂ ᠬᠣᠣᠷ ᠨᠥᠯᠥᠭᠡ ᠶ᠋ᠢ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠪᠠᠢᠳᠠᠯ ᠢ᠋ ᠲᠠᠬᠢᠨ ᠴᠣᠭ᠍ᠴᠠᠯᠠᠨ᠎ᠠ᠃

ᠬᠤᠪᠢ ᠪᠡᠶ᠎ᠡ᠎ᠵᠢᠨ ᠪᠡᠷᠢᠮᠵᠢᠶ᠎ᠠ ᠲᠤᠭᠲᠠᠭᠠᠨ ᠬᠡᠪ ᠳᠠᠭᠤᠷᠢᠶᠠᠯ ᠦᠵᠡᠭᠦᠯᠬᠦ᠎ᠵᠢ ᠰᠠᠢᠳᠤᠷ ᠠᠳᠬᠤᠨ᠎ᠠ᠃ ᠨᠠᠮ ᠤ᠋ᠨ ᠤᠯᠤᠰ ᠲᠥᠷᠥ ᠶ᠋ᠢᠨ ᠰᠠᠬᠢᠯᠭ᠎ᠠ ᠪᠠᠲᠤ ᠪᠠ ᠤᠯᠤᠰ ᠲᠥᠷᠥ ᠶ᠋ᠢᠨ ᠶᠣᠰᠣ ᠲᠦᠷᠢᠮ ᠢ᠋ ᠢᠮᠠᠭ᠍ᠲᠠ ᠴᠢᠩᠭ᠎ᠠ ᠰᠠᠬᠢᠵᠤ᠂ 《ᠬᠢᠷᠢ ᠪᠦᠲᠦᠮᠵᠢ ᠶ᠋ᠢᠨ ᠬᠠᠭᠤᠳᠠᠰᠤ ᠪᠡᠷ ᠦᠭᠡ ᠬᠡᠯᠡᠬᠦ᠌》 ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠤᠳᠤᠷᠢᠳᠤᠮᠵᠢ ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ ᠶ᠋ᠢᠡᠨ ᠬᠠᠢᠷᠠᠯᠠᠬᠤ ᠭᠦᠨ ᠵᠤᠵᠠᠭᠠᠨ ᠬᠠᠢᠷ᠎ᠠ ᠰᠡᠳᠭᠢᠯᠭᠡ ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠣᠯᠠᠨ ᠲᠦᠮᠡᠨ᠎ᠦ ᠬᠦᠷᠲᠡᠮᠵᠢ ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠂ ᠠᠮᠤᠷ ᠲᠦᠪᠱᠢᠨ᠎ᠦ ᠲᠥᠷᠥᠭ᠌ᠳᠡᠯ ᠢ᠋ ᠨᠠᠩ ᠭᠦᠶ᠋ᠴᠡᠳ᠂ ᠨᠠᠩ ᠪᠠᠲᠤᠯᠠᠭ᠎ᠠ᠎ᠲᠠᠶ ᠂ ᠨᠠᠩ ᠦᠷᠭᠦᠯᠵᠢᠯᠡᠬᠦᠢᠴᠡ ᠪᠣᠯᠭᠠᠨ᠎ᠠ᠃

ᠪᠠᠶᠠᠨᠨᠠᠭᠤᠷ ᠬᠤᠳᠠ ᠶ᠋ᠢᠨ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠱᠢᠭᠦᠨ ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠢᠦᠢ ᠱᠦ᠍ ᠵᠢᠶ᠍ᠸ ᠄

ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢ ᠡᠷᠡᠰ ᠭᠤᠢᠪᠢᠰᠢ ᠦᠭᠡᠢ ᠠᠬᠢᠭᠤᠯᠤᠨ᠎ᠠ

ᠨᠠᠮ ᠨᠢ ᠨᠠᠮ ᠶ᠋ᠢᠡᠨ ᠬᠠᠮᠢᠶᠠᠷᠬᠤ᠎ᠳᠤ ᠡᠩ ᠲᠡᠷᠢᠭᠦᠨ᠎ᠳᠦ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ᠎ᠠᠴᠠ ᠡᠬᠢᠯᠡᠨ ᠬᠠᠮᠢᠶᠠᠷᠬᠤ ᠬᠡᠷᠡᠭ᠌ᠲᠡᠢ ; ᠨᠠᠮ ᠢ᠋ ᠴᠢᠩᠭ᠎ᠠ ᠵᠠᠰᠠᠬᠤ᠎ᠳᠤ ᠡᠩ ᠲᠡᠷᠢᠭᠦᠨ᠎ᠳᠦ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ᠎ᠠᠴᠠ ᠡᠬᠢᠯᠡᠵᠦ᠍ ᠴᠢᠩᠳᠠᠯᠠᠬᠤ ᠬᠡᠷᠡᠭ᠌ᠲᠡᠢ᠃ ᠲᠥᠪ ᠴᠢᠩᠭ᠎ᠠ ᠨᠠᠷᠢᠨ ᠬᠢᠨᠠᠮᠠᠭᠠᠶ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠂ ᠡᠷᠡᠭᠦᠯ ᠰᠠᠷᠠᠭᠤᠯ ᠠᠷᠢᠭᠤᠨ ᠴᠡᠪᠡᠷ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢ ᠠᠬᠤᠶ ᠂ ᠨᠠᠮ ᠤ᠋ᠨ ᠪᠦᠲᠦᠭᠡᠯᠴᠢ ᠬᠦᠴᠦᠨ ᠨᠢᠭ᠍ᠲᠠᠷᠠᠯ ᠤ᠋ᠨ ᠬᠦᠴᠦᠨ ᠳᠠᠢᠴᠢᠨ ᠬᠦᠴᠦᠨ ᠢ᠋ ᠳᠡᠭᠡᠭ᠌ᠰᠢᠯᠡᠭᠦᠯᠬᠦ᠌ ᠴᠢᠬᠤᠯᠠ ᠨᠥᠬᠥᠴᠡᠯ ᠪᠤᠯᠬᠤ ᠶᠤᠮ᠃

ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ᠎ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠦᠷᠨᠢᠭᠦᠯᠦᠭᠰᠡᠨ ᠨᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠢᠳᠠᠪᠤᠷᠢᠵᠢᠭᠤᠯᠵᠤ ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤ ᠪᠠ ᠵᠢᠷᠤᠮᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ ᠂ ᠡᠨᠡ ᠨᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ᠎ᠵᠢᠨ 《ᠤᠬ᠍ᠳᠤ ᠠᠭᠤᠴᠢᠯᠠᠬᠤ ᠦᠭᠡᠢ》 ᠣᠪᠣᠷ ᠶ᠋ᠢᠡᠷ ᠢᠯᠵᠠᠷᠡᠯ ᠢ᠋ ᠵᠠᠯᠬᠠᠭᠠᠨ ᠱᠢᠢᠳᠭᠡᠵᠦ᠍᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢ ᠠᠬᠤᠢ ᠶ᠋ᠢ ᠲᠠᠬᠢᠨ ᠴᠣᠭ᠍ᠴᠠᠯᠠᠬᠤ ᠡᠷᠡᠰ ᠵᠣᠷᠢᠭ ᠢ᠋ ᠭᠦᠢᠴᠡᠳ ᠢᠯᠡᠷᠡᠭᠦᠯᠪᠡ᠃

ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠠᠢᠴᠠᠭᠠᠨ ᠱᠢᠶ᠋ᠳᠪᠦᠷᠢᠯᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ 《ᠠᠰᠠᠭᠤᠳᠠᠯ ᠤ᠋ᠨ ᠨᠠᠷᠢᠨ ᠲᠠᠩᠰᠠ》 ᠶ᠋ᠢ ᠲᠣᠭ᠍ᠲᠠᠭᠠᠨ ᠨᠡᠢᠲᠡᠯᠡᠵᠦ᠍ ᠂ ᠰᠠᠬᠢᠯᠭ᠎ᠠ ᠪᠠᠲᠤ ᠶᠣᠰᠣ ᠲᠦᠷᠢᠮ ᠢ᠋ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠪᠣᠳᠠᠲᠠᠢᠵᠢᠭᠤᠯᠵᠤ ᠂ ᠪᠥᠬᠥ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢ ᠡᠷᠡᠰ ᠭᠤᠢᠪᠢᠰᠢ ᠥᠬᠡᠶ ᠠᠬᠢᠭᠤᠯᠵᠤ᠂ 《ᠨᠠᠵᠠᠭᠠᠶ ᠲᠠᠯ᠎ᠠ ᠶ᠋ᠢᠨ ᠨᠠᠷᠢᠨ ᠲᠠᠩᠰᠠ》 ᠶ᠋ᠢᠨ 《ᠵᠥᠪ ᠲᠠᠯ᠎ᠠ ᠶ᠋ᠢᠨ ᠦᠢᠯᠡᠳᠦᠯ》 ᠢ᠋ ᠦᠨᠡᠨ ᠬᠦ᠌ ᠪᠠᠳᠠᠷᠠᠭᠤᠯᠪᠠ᠃

ᠨᠠᠮ ᠤ᠋ᠨ ᠰᠠᠬᠢᠯᠭ᠎ᠠ ᠪᠠᠲᠤ ᠪᠠᠢᠴᠠᠭᠠᠬᠤ ᠡᠡᠭᠨᠡᠭᠡ ᠪᠣᠯᠤᠭ᠍ᠰᠠᠨ ᠤ᠋ ᠬᠤᠪᠢ᠎ᠳᠤ ᠂ ᠪᠥᠬᠥ᠌ ᠬᠣᠲᠠ ᠶ᠋ᠢᠨ ᠡᠯ᠎ᠡ ᠱᠠᠲᠤᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ 《ᠬᠣᠶᠠᠷ ᠢ᠋ ᠲᠤᠭᠲᠠᠭᠠᠭᠰᠠᠨ》 ᠢ᠋ ᠱᠢᠳᠤᠷᠭᠤ ᠪᠡᠷ ᠬᠦᠷᠢᠶᠡᠯᠡᠵᠦ᠍᠂ 《ᠬᠣᠶᠠᠷ ᠢ᠋ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠦᠨᠳᠦᠷᠴᠡ ᠳ᠋ᠦ ᠵᠣᠭ᠍ᠰᠣᠵᠤ ᠂ ᠪᠥᠬᠥ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢ ᠡᠷᠡᠰ ᠭᠤᠢᠪᠢᠰᠢ ᠥᠬᠡᠶ ᠠᠬᠢᠭᠤᠯᠵᠤ ᠂ 《ᠣᠭ᠍ᠲᠣ ᠠᠭᠤᠴᠢᠯᠠᠬᠤ ᠥᠬᠡᠶ》 ᠣᠪᠣᠷ ᠶ᠋ᠢᠡᠷ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ᠎ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠵᠠᠰᠠᠵᠤ᠂ 《ᠳᠥᠷᠪᠡᠨ ᠵᠦᠶ᠋ᠯ᠎ᠦᠨ ᠬᠡᠯᠪᠡᠷᠢ ᠪᠠᠢᠳᠠᠯ》 ᠢ᠋ ᠤᠨᠤᠴᠠᠲᠠᠢ ᠬᠡᠷᠡᠭ᠌ᠯᠡᠵᠦ᠍ ᠂ ᠴᠤᠬᠤᠢᠯᠲᠠ ᠶ᠋ᠢᠨ ᠴᠢᠨᠠᠷᠲᠠᠶ ᠂ ᠬᠡᠯᠪᠡᠷᠢᠯ᠎ᠦᠨ ᠴᠢᠨᠠᠷᠲᠠᠶ ᠠᠰᠠᠭᠤᠳᠠᠯ ᠢ᠋ ᠴᠤᠬᠤᠢᠮᠠᠭ᠍ᠴᠠ᠎ᠪᠠᠨ ᠴᠣᠬᠢᠵᠤ᠂ ᠤᠬᠠᠭᠠᠷᠠᠬᠤ ᠥᠬᠡᠶ᠂ ᠴᠡᠭ᠌ᠴᠡᠯᠡᠨ ᠰᠠᠢᠵᠢᠷᠠᠭᠤᠯᠬᠤ ᠶ᠋ᠢ ᠲᠡᠪᠴᠢᠭᠰᠡᠳ ᠢ᠋ ᠭᠦᠨᠳᠦ ᠪᠡᠷ ᠰᠢᠢᠳᠬᠡᠵᠦ ᠂ ᠦᠨᠡᠨ ᠬᠠᠮᠢᠶᠠᠷᠴᠤ᠌ ᠦᠨᠡᠨ ᠴᠢᠡᠭᠳᠠᠯᠠᠬᠤ᠂ ᠵᠣᠷᠢᠭ᠍ᠲᠠᠶ ᠪᠡᠷ ᠬᠠᠮᠢᠶᠠᠷᠴᠤ᠌ ᠵᠣᠷᠢᠭ᠍ᠲᠠᠶ ᠪᠡᠷ ᠴᠢᠡᠭᠳᠠᠯᠠᠬᠤ ᠂ ᠣᠷᠳᠣ ᠬᠤᠭᠤᠴᠠᠭ᠎ᠠ ᠪᠡᠷ ᠬᠠᠮᠢᠶᠠᠷᠴᠤ᠌ ᠣᠷᠳᠣ ᠬᠤᠭᠤᠴᠠᠭ᠎ᠠ ᠴᠢᠡᠭᠳᠠᠯᠠᠬᠤ ᠪᠡᠷ ᠳᠡᠮᠵᠢᠨ ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶ᠋ᠢᠨ ᠠᠮᠢ ᠠᠬᠤᠶ ᠶ᠋ᠢ ᠴᠢᠷᠮᠠᠢᠨ ᠪᠣᠶ ᠪᠤᠯᠭᠠᠨ᠎ᠠ᠃

ᠦᠬᠠᠶ ᠬᠣᠲᠠ ᠶ᠋ᠢᠨ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠯᠢ ᠳ᠋ᠦᠩ ᠄

ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠬᠠᠲᠠᠭᠤ᠎ᠲᠠᠶ᠎ᠨᠢ ᠬᠠᠯᠳᠠᠵᠤ᠂ ᠲᠥᠪᠯᠡᠷᠡᠡᠭᠬᠦᠢ ᠵᠠᠰᠠᠯᠳᠠ᠎ᠵᠢ ᠪᠠᠢᠩᠭᠤᠵᠢᠭᠰᠠᠨ ᠬᠢᠨᠠᠯᠳᠠ ᠳ᠋ᠤ ᠠᠭᠤᠰᠤᠯᠴᠠᠭᠤᠯᠤᠨ᠎ᠠ

ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠨᠭᠲᠠᠯᠠᠬᠤ ᠪᠣᠯ ᠨᠠᠮ ᠤ᠋ᠨ ᠱᠢᠯᠢᠳᠡᠭ ᠤᠯᠠᠮᠵᠢᠯᠠᠯ ᠪᠠ ᠤᠯᠤᠰ ᠲᠦᠷᠦ᠍ ᠶ᠋ᠢᠨ ᠳᠠᠪᠠᠭᠤᠯᠢᠭ ᠮᠥᠨ᠂ ᠨᠠᠮ ᠤ᠋ᠨ ᠲᠡᠷᠢᠭᠦᠨ᠎ᠦ ᠴᠢᠨᠠᠷ ᠪᠠ ᠴᠡᠪᠡᠷ ᠴᠢᠨᠠᠷ ᠢ᠋ ᠪᠠᠲᠤᠯᠠᠬᠤ ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠱᠢᠨ᠎ᠡ ᠴᠠᠭ ᠦᠶ᠎ᠡ᠎ᠳᠦ ᠨᠠᠮ ᠤ᠋ᠨ ᠪᠠᠢᠭᠤᠯᠤᠯᠲᠠ ᠶ᠋ᠢᠨ ᠠᠭᠤᠤ ᠶᠡᠬᠡ ᠢᠨᠵᠧᠨᠧᠷᠢᠩ ᠢ᠋ ᠠᠬᠢᠭᠤᠯᠬᠤ ᠶ᠋ᠢᠨ ᠴᠢᠬᠤᠯᠠ ᠭᠠᠷᠳᠠᠴᠠ ᠮᠥᠨ᠃

ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ ᠪᠣᠯᠤᠭ᠍ᠰᠠᠨ ᠤ᠋ ᠬᠤᠪᠢ᠎ᠳᠤ᠂ ᠲᠤᠰ ᠤᠳᠠᠭ᠎ᠠ ᠶ᠋ᠢᠨ ᠲᠥᠪᠯᠡᠷᠡᠩᠭᠦᠢ ᠵᠠᠰᠠᠯᠲᠠ᠎ᠪᠠᠷ ᠠᠵᠠ ᠲᠣᠬᠢᠶᠠᠯ ᠪᠣᠯᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠨ 11 ᠵᠦᠢᠯ᠎ᠦᠨ ᠦᠵᠡᠭ᠌ᠳᠡᠯ᠎ᠲᠡᠶ ᠬᠠᠷᠭᠤᠭᠤᠯᠵᠤ ᠭᠦᠨᠵᠡᠭᠡᠢ ᠪᠠᠢᠴᠠᠭᠠᠨ ᠳᠡᠯᠭᠡᠵᠦ᠍᠂ ᠨᠠᠷᠢᠨ ᠬᠢᠨᠠᠮᠠᠭᠠᠢ ᠴᠡᠭ᠌ᠴᠡᠯᠡᠨ ᠰᠠᠢᠵᠢᠷᠠᠭᠤᠯᠤᠨ᠎ᠠ᠃ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ ᠵᠢ ᠡᠷᠡᠰ ᠦᠶ᠋ᠯᠡᠳᠦᠯᠭᠡᠵᠢᠭᠦᠯᠵᠦ᠍᠂ ᠠᠷᠠᠳ ᠲᠦᠮᠡᠨ᠎ᠦ ᠰᠠᠢᠨ ᠠᠯᠪᠠᠨ ᠵᠠᠷᠤᠴᠠ ᠪᠣᠯᠤᠨ᠎ᠠ᠃ ᠠᠷᠠᠳᠴᠢᠯᠠᠯ ᠲᠥᠪᠯᠡᠷᠡᠯ᠎ᠦᠨ ᠶᠣᠰᠣᠨ ᠤ᠋ ᠵᠠᠷᠴᠢᠮ ᠢ᠋ ᠡᠷᠡᠰ ᠪᠠᠷᠢᠮᠲᠠᠯᠠᠵᠤ᠂ ᠵᠣᠬᠢᠶᠠᠨ ᠪᠠᠢᠭᠤᠯᠤᠯᠲᠠ ᠶ᠋ᠢᠨ ᠦᠵᠡᠯᠲᠡ᠎ᠪᠡᠨ ᠲᠠᠰᠤᠷᠠᠯᠲᠠ ᠦᠭᠡᠢ ᠴᠢᠩᠭᠠᠳᠭᠠᠨ᠎ᠠ᠃

ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠣᠯᠤᠭ᠍ᠰᠠᠨ ᠤ᠋ ᠬᠤᠪᠢ᠎ᠳᠤ᠂ ᠬᠢᠨᠠᠯᠲᠠ ᠲᠠᠯᠪᠢᠬᠤ ᠵᠢ ᠪᠣᠳᠠᠲᠠᠢᠵᠢᠭᠤᠯᠬᠤ ᠪᠣᠯ ᠨᠢᠭᠡᠳᠦᠭᠡᠷ ᠲᠤᠱᠢᠶᠠᠯ ᠬᠠᠷᠢᠭᠤᠴᠠᠯᠭ᠎ᠠ ᠪᠤᠯᠬᠤ ᠪᠦᠭᠡᠳ ᠦᠨᠳᠦᠰᠦᠨ ᠲᠤᠱᠢᠶᠠᠯ ᠬᠠᠷᠢᠭᠤᠴᠠᠯᠭ᠎ᠠ ᠪᠣᠯᠤᠨ᠎ᠠ᠃ ᠨᠢᠭᠡ᠎ᠳᠦ ᠤᠯᠤᠰ ᠲᠦᠷᠦ᠍ ᠶ᠋ᠢᠨ ᠬᠢᠨᠠᠯᠲᠠ ᠵᠢ ᠴᠢᠩᠭᠠᠳᠬᠠᠨ᠎ᠠ᠃ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ 11 ᠵᠦᠶ᠋ᠯ᠎ᠦᠨ ᠦᠵᠡᠭ᠌ᠳᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠤᠨ᠎ᠠ᠃ ᠬᠣᠶᠠᠷ᠎ᠲᠤ ᠨᠠᠮ ᠤ᠋ᠨ ᠤᠯᠤᠰ ᠲᠥᠷᠥ ᠶ᠋ᠢᠨ ᠰᠠᠬᠢᠯᠭ᠎ᠠ ᠪᠠᠲᠤ ᠪᠠ ᠤᠯᠤᠰ ᠲᠥᠷᠥ ᠶ᠋ᠢᠨ ᠶᠣᠰᠣ ᠵᠢᠷᠤᠮ ᠢ᠋ ᠴᠢᠩᠳᠠᠯᠠᠨ᠎ᠠ᠃ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠤᠷᠢᠳ᠎ᠢᠶᠠᠷ ᠪᠠᠢᠴᠠᠭᠠᠨ ᠱᠢᠢᠳᠪᠦᠷᠢᠯᠡᠵᠦ᠍᠂ ᠰᠠᠬᠢᠯᠭ᠎ᠠ ᠪᠠᠲᠤ ᠪᠠ ᠶᠣᠰᠣ ᠵᠢᠷᠤᠮ ᠢ᠋ ᠲᠡᠷᠢᠭᠦᠨ᠎ᠳᠦ ᠲᠠᠯᠪᠢᠨ᠎ᠠ᠃ ᠰᠠᠬᠢᠯᠭ᠎ᠠ ᠪᠠᠲᠤ ᠵᠢ ᠬᠠᠤᠯᠢ ᠴᠠᠭᠠᠵᠠ ᠶ᠋ᠢᠨ ᠡᠮᠦᠨ᠎ᠡ ᠲᠠᠯᠪᠢᠬᠤ ᠂ ᠰᠠᠬᠢᠯᠭ᠎ᠠ ᠪᠠᠲᠤ ᠵᠢ ᠬᠠᠤᠯᠢ ᠴᠠᠭᠠᠵᠠ᠎ᠠᠴᠠ ᠴᠢᠩᠭ᠎ᠠ ᠪᠠᠢᠯᠭᠠᠬᠤ ᠵᠢ ᠪᠠᠷᠢᠮᠲᠠᠯᠠᠵᠤ᠂ ᠰᠠᠬᠢᠯᠭ᠎ᠠ ᠪᠠᠲᠤ ᠶᠣᠰᠣ ᠵᠢᠷᠤᠮ᠎ᠦᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ᠋ ᠦᠨᠡᠨ ᠬᠦ᠌ ᠬᠠᠮᠠᠭᠠᠯᠠᠨ᠎ᠠ᠃ ᠭᠤᠷᠪᠠ᠎ᠳᠤ ᠬᠡᠷᠡᠭ᠎ᠢᠶᠡᠷ ᠬᠠᠯᠠᠨ ᠰᠠᠢᠵᠢᠷᠠᠭᠤᠯᠬᠤ ᠵᠢ ᠠᠬᠢᠭᠤᠯᠵᠦ ᠦᠷ᠎ᠡ ᠪᠦᠲᠦᠭᠡᠯ ᠭᠠᠷᠭᠠᠬᠤ᠎ᠵᠢ ᠭᠦᠨᠵᠡᠭᠡᠢᠷᠡᠭᠦᠯᠦᠨ᠎ᠠ᠃ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠨ ᠰᠦᠪᠡᠭ᠌ᠴᠢ ᠵᠢ ᠢᠯᠡᠷᠡᠭᠦᠯᠬᠦ᠌ ᠲᠣᠭ᠍ᠲᠠᠴᠠ ᠵᠢ ᠪᠦᠷᠢᠨᠱᠢᠬᠦᠯᠵᠤ᠂ 《ᠤᠬ᠍ᠳᠤ ᠠᠭᠤᠴᠢᠯᠠᠬᠤ ᠦᠭᠡᠢ》 ᠣᠪᠣᠷ᠎ᠢᠶᠠᠷ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠴᠢᠩᠭ᠎ᠠ ᠪᠠᠢᠴᠠᠭᠠᠵᠤ ᠴᠢᠩᠭ᠎ᠠ ᠵᠠᠰᠠᠯᠳᠠ ᠬᠢᠨ᠎ᠠ᠃ ᠲᠦᠷᠪᠡ᠎ᠳᠦ ᠠᠷᠢᠭᠤᠨ ᠴᠢᠬᠡᠴᠢ ᠰᠣᠶᠣᠯ ᠤ᠋ᠨ ᠪᠠᠢᠭᠤᠯᠤᠯᠲᠠ ᠵᠢ ᠠᠬᠢᠭᠤᠯᠤᠨ᠎ᠠ᠃ ᠵᠥᠪ ᠲᠠᠯ᠎ᠠ᠎ᠠᠴᠠ ᠬᠥᠲᠥᠯᠥᠨ ᠵᠢᠯᠣᠭᠣᠳᠭᠤ ᠪᠠ ᠪᠤᠷᠤᠭᠤ ᠲᠠᠯ᠎ᠠ ᠎ᠵᠢᠨ ᠭᠡᠷᠡᠭ᠎ᠵᠢᠡᠷ ᠰᠡᠷᠡᠮᠵᠢᠯᠡᠭᠦᠯᠬᠦ᠌᠎ᠪᠡᠷ ᠳᠠᠮᠵᠢᠭᠤᠯᠤᠨ᠂ ᠨᠠᠮ ᠤ᠋ᠨ ᠳᠣᠲᠣᠭᠠᠳᠤ ᠶ᠋ᠢᠨ ᠰᠠᠢᠨ ᠰᠠᠢᠬᠠᠨ ᠤᠯᠤᠰ ᠲᠥᠷᠥ ᠶ᠋ᠢᠨ ᠰᠣᠶᠣᠯ ᠢ᠋ ᠬᠠᠮᠲᠤ᠎ᠪᠠᠷ ᠪᠣᠢᠵᠢᠭᠤᠯᠵᠤ᠂ 《ᠠᠷᠢᠭᠤᠨ ᠴᠢᠬᠡᠴᠢ ᠦᠬᠠᠶ》 ᠵᠢ ᠬᠠᠮᠲᠤ᠎ᠪᠠᠷ ᠪᠣᠢᠵᠢᠭᠤᠯᠵᠤ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠬᠦᠴᠦᠷᠬᠡᠭ ᠶᠡᠬᠡ ᠬᠠᠮᠳᠤᠷᠠᠯ ᠬᠦᠴᠦᠨ ᠢ᠋ ᠨᠢᠭ᠍ᠲᠠᠷᠠᠭᠤᠯᠵᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ᠎ᠲᠠᠶ ᠬᠤᠷᠠᠯᠳᠤᠬᠤ᠎ᠳᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶ᠋ᠢᠨ ᠣᠷᠴᠢᠨ ᠨᠥᠬᠥᠴᠡᠯ ᠢ᠋ ᠪᠣᠶ ᠪᠣᠯᠭᠠᠨ᠎ᠠ᠃

ᠠᠯᠠᠱᠠ ᠠᠢᠮᠠᠭ ᠤ᠋ᠨ ᠨᠠᠮ ᠤ᠋ᠨ ᠬᠣᠷᠢᠶᠠᠨ᠎ᠤ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠯᠢᠦ ᠬᠠᠢ ᠲᠤᠤ ᠄

《 ᠭᠤᠷᠪᠠ ᠵᠢ ᠪᠣᠳᠠᠲᠠᠢᠵᠢᠭᠤᠯᠬᠤ》 ᠎ᠪᠠᠷ ᠲᠥᠪᠯᠡᠷᠡᠭᠦᠯᠦᠨ ᠵᠠᠰᠠᠬᠤ ᠵᠢ ᠠᠬᠢᠭᠤᠯᠵᠤ ᠦᠷ᠎ᠡ ᠪᠦᠲᠦᠮᠵᠢ ᠭᠠᠷᠭᠠᠨ᠎ᠠ

ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ ᠳ᠋ᠦ ᠣᠷᠣᠯᠴᠠᠬᠤ᠎ᠳᠠᠭᠠᠨ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠎ᠤ᠋ᠨ ᠡᠷᠡᠭᠦᠯ ᠵᠢᠷᠤᠮᠵᠢᠭᠤᠨ ᠵᠠᠮ᠎ᠳᠤ ᠪᠦᠬᠦ᠌ ᠲᠠᠯ᠎ᠠ᠎ᠪᠠᠷ ᠪᠤᠴᠠᠬᠤ ᠵᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠦᠬᠦ᠌ ᠣᠷᠣᠨ᠎ᠳᠤ ᠲᠥᠪᠯᠡᠷᠡᠭᠦᠯᠦᠨ ᠵᠠᠰᠠᠬᠤ ᠠᠵᠢᠯ ᠢ᠋ ᠦᠳᠲᠡᠷ ᠲᠦᠷᠭᠡᠨ ᠲᠤᠬᠢᠷᠠᠭᠤᠯᠤᠨ ᠪᠠᠢᠷᠢᠯᠠᠭᠤᠯᠵᠤ ᠂ ᠪᠠᠲᠤ ᠴᠢᠩᠭ᠎ᠠ ᠤᠯᠤᠰ ᠲᠦᠷᠦ᠍ ᠶ᠋ᠢᠨ ᠤᠬᠠᠮᠰᠠᠷ ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠪᠠ ᠡᠷᠡᠰ ᠪᠠᠲᠤ ᠰᠥᠰᠥ᠍ ᠵᠣᠷᠢᠭ ᠢ᠋ ᠭᠦᠢᠴᠡᠳ ᠢᠯᠡᠷᠡᠭᠦᠯᠪᠡ᠃ ᠨᠠᠮ ᠤ᠋ᠨ ᠭᠡᠱᠢᠭᠦᠨ ᠤᠳᠤᠷᠢᠳᠭᠤ ᠺᠠᠳ᠋ᠷ ᠪᠣᠯᠤᠭ᠍ᠰᠠᠨ ᠤ᠋ ᠬᠤᠪᠢ᠎ᠳᠤ᠂ ᠪᠢᠳᠡ ᠡᠷᠬᠡᠪᠰᠢ ᠤᠯᠤᠰ ᠲᠥᠷᠥ ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠲᠡᠮᠡᠴᠡᠯ᠎ᠦᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠶᠡᠷᠦᠮᠳᠡᠭ᠂ ᠰᠠᠨᠠᠭᠠᠨ ᠲᠠᠪᠠ᠎ᠶᠢᠨ᠂ ᠪᠣᠯᠬᠢᠴᠢᠯᠠᠭᠰᠠᠨ ᠠᠷᠠᠯᠵᠢᠶᠠᠯᠠᠭᠰᠠᠨ ᠵᠡᠷᠭᠡ ᠠᠰᠠᠭᠤᠳᠠᠯ ᠢ᠋ ᠡᠷᠡᠰ ᠴᠡᠭ᠌ᠴᠡᠯᠡᠨ ᠵᠠᠰᠠᠨ᠎ᠠ᠃

ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠳᠠᠨᠢᠬᠤ ᠵᠢ ᠪᠣᠳᠠᠲᠠᠢᠵᠢᠭᠤᠯᠤᠨ᠎ᠠ᠃ ᠪᠦᠬᠦ᠌ ᠨᠠᠮ ᠤ᠋ᠨ ᠭᠡᠱᠢᠭᠦᠨ ᠺᠠᠳ᠋ᠷ ᠡᠷᠭᠡᠪᠰᠢ ᠲᠥᠪᠯᠡᠷᠡᠭᠦᠯᠦᠨ ᠵᠠᠰᠠᠬᠤ ᠵᠢ ᠨᠢᠭᠡ ᠤᠳᠠᠭᠠᠨ ᠤ᠋ ᠲᠥᠪ ᠴᠢᠩᠭ᠎ᠠ ᠨᠠᠷᠢᠨ ᠬᠢᠨᠠᠮᠠᠭᠠᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠪᠣᠯᠭᠠᠵᠤ ᠂ ᠨᠠᠮᠴᠢ ᠴᠢᠨᠠᠷ ᠤ᠋ᠨ ᠬᠡᠪ ᠪᠣᠯᠪᠠᠰᠤᠷᠠᠯ᠎ᠢᠶᠠᠨ ᠲᠠᠰᠤᠷᠠᠯᠳᠠ ᠦᠭᠡᠢ ᠳᠠᠪᠲᠠᠨ ᠪᠣᠯᠪᠠᠰᠤᠷᠠᠭᠤᠯᠵᠤ᠂ ᠨᠠᠮ ᠤ᠋ᠨ ᠲᠥᠯᠥᠭᠡ ᠪᠤᠳᠤᠯᠬᠢᠯᠠᠵᠦ᠂ ᠨᠠᠮ ᠤ᠋ᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠍᠂ ᠨᠠᠮ ᠤ᠋ᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠭᠡᠷᠡᠭᠳᠡᠢ᠃

ᠬᠠᠷᠢᠭᠤᠴᠠᠯᠭ᠎ᠠ᠎ᠪᠠᠨ ᠪᠡᠶᠡᠯᠡᠬᠦᠯᠵᠦ ᠬᠠᠷᠢᠭᠤᠴᠠᠯᠭ᠎ᠠ᠎ᠪᠠᠨ ᠭᠦᠶ᠋ᠴᠡᠳᠭᠡᠬᠦ᠎ᠵᠢ ᠪᠤᠳᠠᠳᠠᠢᠵᠢᠭᠤᠯᠤᠨ᠎ᠠ᠃ ᠡᠯ᠎ᠡ ᠱᠠᠲᠤᠨ ᠤ᠋ ᠨᠠᠮ ᠤ᠋ᠨ ᠭᠡᠱᠢᠭᠦᠨ ᠤᠳᠤᠷᠢᠳᠭᠤ ᠺᠠᠳ᠋ᠷ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ ᠳᠤᠮᠳᠠ ᠴᠢᠬᠤᠯᠠ ᠳᠦᠷᠢ ᠵᠢ ᠲᠣᠭ᠍ᠯᠠᠵᠤ᠂ ᠴᠢᠬᠤᠯᠠ ᠡᠭᠦᠷᠭᠡ ᠵᠢ ᠡᠭᠦᠷᠭᠡᠯᠡᠵᠦ᠍ ᠪᠠᠢᠨ᠎ᠠ᠃ ᠡᠢᠨ ᠬᠥ᠌ ᠡᠷᠬᠡᠪᠰᠢ ᠠᠵᠢᠯ ᠤ᠋ᠨ ᠬᠠᠷᠢᠭᠤᠴᠠᠯᠭ᠎ᠠ᠎ᠪᠠᠨ ᠪᠠᠷᠢᠮᠲᠠᠯᠠᠵᠤ᠂ ᠠᠵᠢᠯ ᠤ᠋ᠨ ᠬᠠᠷᠢᠭᠤᠴᠠᠯᠭ᠎ᠠ᠎ᠪᠠᠨ ᠰᠠᠬᠢᠵᠤ᠂ ᠠᠵᠢᠯ ᠤ᠋ᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠤᠬᠠᠮᠰᠠᠷ᠎ᠠᠴᠠ᠎ᠪᠠᠨ ᠨᠠᠮ ᠢ᠋ ᠬᠠᠮᠢᠶᠠᠷᠴᠤ᠌ ᠨᠠᠮ ᠢ᠋ ᠵᠠᠰᠠᠬᠤ ᠤᠯᠤᠰ ᠲᠦᠷᠦ᠍ ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠬᠦ᠌ ᠬᠡᠷᠡᠭ᠌ᠲᠡᠢ᠃

ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠲᠤᠯᠭᠠᠬᠤ ᠵᠢ ᠪᠣᠳᠠᠲᠠᠢᠵᠢᠭᠤᠯᠤᠨ᠎ᠠ᠃ ᠰᠠᠬᠢᠯᠭ᠎ᠠ ᠪᠠᠲᠤ ᠵᠢ ᠢᠮᠠᠭ᠍ᠲᠠ ᠲᠡᠷᠢᠭᠦᠨ᠎ᠳᠦ ᠲᠠᠯᠪᠢᠵᠤ᠂ ᠠᠰᠠᠭᠤᠳᠠᠯ ᠢ᠋ ᠪᠠᠢᠴᠠᠭᠠᠨ ᠱᠢᠶ᠋ᠳᠪᠦᠷᠢᠯᠡᠬᠦ᠌ ᠵᠢᠷᠭᠤᠭᠠᠨ ᠵᠦᠶ᠋ᠯ᠎ᠦᠨ ᠱᠠᠭᠠᠷᠳᠠᠯᠭ᠎ᠠ᠎ᠲᠠᠶ ᠴᠢᠩᠭ᠎ᠠ ᠬᠠᠷᠭᠤᠭᠤᠯᠵᠤ᠂ ᠲᠥᠷᠥ ᠶ᠋ᠢᠨ ᠪᠣᠳᠣᠯᠭ᠎ᠠ ᠠᠷᠭ᠎ᠠ ᠪᠣᠳᠣᠯᠭ᠎ᠠ ᠵᠢ ᠰᠠᠢᠲᠤᠷ ᠬᠡᠷᠡᠭ᠌ᠯᠡᠵᠦ᠍᠂ ᠪᠠᠷᠢᠮᠵᠢᠶ᠎ᠠ ᠶ᠋ᠢᠨ ᠵᠠᠭᠠᠭ ᠬᠢᠵᠠᠭᠠᠷ ᠢ᠋ ᠡᠵᠡᠮᠳᠡᠵᠦ᠍᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠶᠣᠰᠣᠭᠠᠷ ᠬᠠᠷᠢᠭᠤᠴᠠᠯᠭ᠎ᠠ ᠨᠡᠭᠡᠮᠵᠢᠯᠡᠨ᠎ᠠ᠃ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ ᠵᠢ ᠤᠶᠠᠯᠳᠤᠭᠤᠯᠬᠤ᠂ ᠵᠤᠷᠢᠭᠵᠢᠭᠤᠯᠬᠤ ᠪᠠ ᠬᠢᠵᠠᠭᠠᠷᠯᠠᠬᠤ ᠵᠢ ᠵᠡᠷᠭᠡ᠎ᠪᠡᠷ ᠴᠢᠬᠤᠯᠠᠴᠢᠯᠠᠬᠤ ᠵᠢ ᠪᠡᠶᠡᠯᠡᠭᠦᠯᠵᠦ᠍ ᠂ ᠲᠥᠪᠯᠡᠷᠡᠭᠦᠯᠦᠨ ᠵᠠᠰᠠᠬᠤ᠎ᠪᠠᠷ ᠭᠠᠷᠳᠠᠴᠠ ᠪᠣᠯᠭᠠᠨ ᠭᠠᠵᠠᠷ ᠣᠷᠣᠨ ᠤ᠋ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢ ᠠᠬᠤᠢ ᠵᠢ ᠪᠦᠬᠦ᠌ ᠲᠠᠯ᠎ᠠ᠎ᠪᠠᠷ ᠲᠠᠬᠢᠨ ᠴᠣᠭ᠍ᠴᠠᠯᠠᠵᠤ ᠂ ᠦᠨᠳᠦᠰᠦᠨ᠎ᠡᠴᠡ ᠨᠢ ᠰᠠᠢᠵᠢᠷᠠᠭᠤᠯᠬᠤ ᠵᠢ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面