2022-07-04 09:43:42
— ᠲᠤᠰᠭᠠᠢ ᠮᠡᠷᠭᠡᠵᠢᠯᠲᠡᠨ ᠡᠷᠳᠡᠮᠲᠡᠨ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠶᠠᠷᠢᠬᠰᠠᠨ ᠨᠢ (ᠨᠢᠭᠡ)
ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠵᠢᠨ ᠫᠷᠤᠹᠸᠰᠰᠤᠷ ᠰᠦᠨ ᠵᠢᠶ᠍ᠸ᠄
ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠵᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠢ᠋ ᠪᠠᠳᠤᠯᠠᠬᠤ ᠭᠡᠷᠡᠭᠳᠡᠢ
ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ᠳᠦ ᠣᠷᠣᠯᠴᠠᠬᠤ ᠳᠠᠭᠠᠨ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠵᠢ ᠪᠦᠬᠦ᠌ ᠲᠠᠯᠠᠪᠠᠷ ᠨᠠᠮ ᠢ᠋ ᠴᠢᠩᠭ᠎ᠠ ᠵᠠᠰᠠᠬᠤ ᠠᠵᠢᠯ ᠦᠨ ᠭᠦᠨᠵᠡᠭᠡᠢᠷᠡᠨ ᠬᠥᠭ᠌ᠵᠢᠬᠦ ᠵᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ ᠡᠷᠡᠭᠦᠯ ᠪᠦᠭᠡᠳ ᠵᠢᠷᠤᠮᠵᠢᠬᠰᠠᠨ ᠵᠠᠮ ᠳ᠋ᠦ᠍ ᠪᠦᠬᠦ ᠲᠠᠯ᠎ᠠ ᠪᠡᠷ ᠪᠤᠴᠠᠬᠤ ᠵᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠤ ᠤᠨᠴᠠᠭᠠᠢᠯᠠᠨ ᠴᠢᠬᠤᠯᠠᠴᠢᠯᠠᠪᠠ᠃ ᠪᠢᠳᠡ ᠡᠷᠬᠡᠪᠰᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠤᠯᠠᠮ ᠴᠢᠨᠠᠭ᠍ᠰᠢᠳᠠ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠢ᠋ ᠪᠠᠲᠤᠯᠠᠵᠤ᠂ ᠪᠦᠬᠦ᠌ ᠲᠠᠯᠠᠪᠠᠷ ᠨᠠᠮ ᠢ᠋ ᠴᠢᠩᠭ᠎ᠠ ᠵᠠᠰᠠᠬᠤ ᠵᠢᠨ ᠭᠦᠨᠵᠡᠭᠡᠢᠷᠡᠨ ᠬᠥᠭ᠌ᠵᠢᠬᠦ ᠵᠢ ᠠᠬᠢᠭᠤᠯᠬᠤ ᠬᠡᠷᠡᠭ᠌ᠲᠡᠢ᠃
ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠢ᠋ ᠪᠠᠲᠤᠯᠠᠬᠤ ᠳ᠋ᠦ᠍᠂ ᠡᠷᠬᠡᠪᠰᠢ 《ᠬᠣᠶᠠᠷ ᠢ᠋ ᠲᠣᠭ᠍ᠲᠠᠭᠠᠬᠰᠠᠨ》 ᠢ᠋ ᠦᠨᠡᠨᠴᠢ ᠪᠡᠷ ᠬᠦᠷᠢᠶᠡᠯᠡᠵᠤ᠂ 《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ ᠡᠷᠬᠡᠪᠰᠢ 《ᠵᠠᠩᠭᠢᠯᠠᠭ᠎ᠠ ᠵᠢᠨ ᠴᠥᠭᠡᠨ ᠲᠣᠭᠠᠲᠠᠨ》ᠪᠤᠯᠤᠬᠰᠠᠨ ᠤᠳᠤᠷᠢᠳᠭᠤ ᠺᠠᠳ᠋ᠷ ᠢ᠋ ᠠᠳᠭᠤᠵᠤ᠂ ᠤᠳᠤᠷᠢᠳᠭᠤ ᠺᠠᠳ᠋ᠷ ᠤ᠋ᠨ ᠤᠯᠤᠰ ᠲᠦᠷᠦ᠍ ᠵᠢᠨ ᠮᠠᠭᠠᠳᠯᠠᠬᠤ ᠴᠢᠳᠠᠪᠤᠷᠢ ᠂ ᠤᠯᠤᠰ ᠲᠦᠷᠦ᠍ ᠵᠢᠨ ᠤᠬᠠᠪᠤᠷᠢᠯᠡᠬᠤ ᠴᠢᠳᠠᠪᠤᠷᠢ ᠪᠠ ᠤᠯᠤᠰ ᠲᠦᠷᠦ᠍ ᠵᠢᠨ ᠬᠡᠷᠡᠭ᠌ᠵᠢᠭᠦᠯᠬᠦ᠌ ᠴᠢᠳᠠᠪᠤᠷᠢ ᠵᠢ ᠳᠡᠭᠡᠭ᠌ᠰᠢᠯᠡᠭᠦᠯᠬᠦ᠌ ᠬᠡᠷᠡᠭ᠌ᠲᠡᠢ᠃ ᠡᠯ᠎ᠡ ᠱᠠᠲᠤᠨ ᠤ᠋ ᠤᠳᠤᠷᠢᠳᠭᠤ ᠺᠠᠳ᠋ᠷ ᠨᠠᠮ ᠤ᠋ᠨ ᠲᠤᠭ ᠵᠢᠡᠷ ᠲᠤᠭ ᠲᠡᠮᠳᠡᠭ ᠵᠢᠠᠨ ᠪᠣᠯᠭᠠᠵᠤ᠂ ᠨᠠᠮ ᠤ᠋ᠨ ᠵᠣᠷᠢᠭ ᠰᠠᠨᠠᠭᠠᠪᠠᠷ ᠵᠣᠷᠢᠭ ᠰᠠᠨᠠᠭ᠎ᠠ ᠪᠠᠨ ᠪᠣᠯᠭᠠᠵᠤ᠂ ᠨᠠᠮ ᠤ᠋ᠨ ᠴᠢᠭ᠌ᠯᠡᠯ ᠵᠢᠡᠷ ᠴᠢᠭ᠌ᠯᠡᠯ ᠵᠢᠠᠨ ᠪᠣᠯᠭᠠᠵᠤ᠂ ᠢᠮᠠᠭ᠍ᠲᠠ ᠤᠯᠤᠰ ᠲᠦᠷᠦ᠍ ᠵᠢᠨ ᠵᠣᠭ᠍ᠰᠣᠯᠲᠠ᠂ ᠤᠯᠤᠰ ᠲᠦᠷᠦ᠍ ᠵᠢᠨ ᠴᠢᠭ᠌ᠯᠡᠯ᠂ ᠤᠯᠤᠰ ᠲᠦᠷᠦ᠍ ᠵᠢᠨ ᠵᠠᠷᠴᠢᠮ᠂ ᠤᠯᠤᠰ ᠲᠦᠷᠦ᠍ ᠵᠢᠨ ᠵᠠᠮ ᠳᠡᠭᠡᠷ᠎ᠡ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠲᠠᠶ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠵᠤ᠂ 《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ ᠨᠠᠮ ᠤ᠋ᠨ ᠡᠯ᠎ᠡ ᠱᠠᠲᠤᠨ ᠤ᠋ ᠵᠣᠬᠢᠶᠠᠨ ᠪᠠᠢᠭᠤᠯᠤᠯᠲᠠ᠂ ᠪᠦᠬᠦ᠌ ᠨᠠᠮ ᠤ᠋ᠨ ᠭᠡᠱᠢᠭᠦᠨ ᠢᠯᠠᠩᠭᠤᠶ᠎ᠠ ᠤᠳᠤᠷᠢᠳᠭᠤ ᠺᠠᠳ᠋ᠷᠴᠤᠳ ᠴᠥᠮ ᠨᠠᠮ ᠤ᠋ᠨ ᠲᠥᠪ ᠬᠣᠷᠢᠶᠠᠲᠠᠶ ᠨᠢᠭᠡᠳᠦᠯᠲᠡᠢ ᠪᠠᠢᠵᠤ᠂ ᠨᠠᠮ ᠤ᠋ᠨ ᠤᠨᠤᠯ ᠪᠠ ᠱᠤᠭᠤᠮ ᠴᠢᠭ᠌ᠯᠡᠯᠲᠡ ᠲᠦᠷᠦ᠍ ᠵᠢᠨ ᠪᠤᠳᠤᠯᠭᠠᠲᠠᠶ ᠨᠢᠭᠡᠳᠦᠯᠲᠡᠢ ᠪᠠᠢᠵᠤ᠂ ᠨᠠᠮ ᠤ᠋ᠨ ᠲᠥᠪ ᠬᠣᠷᠢᠶᠠᠨ ᠤ᠋ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠲᠠᠶ ᠨᠢᠭᠡᠳᠦᠯᠲᠡᠢ ᠪᠠᠢᠵᠤ᠂ ᠨᠠᠮ ᠤ᠋ᠨ ᠲᠥᠪ ᠬᠣᠷᠢᠶᠠᠨ ᠤ᠋ ᠰᠠᠨᠠᠭᠠᠴᠢᠯᠠᠭ᠍ᠰᠠᠨ ᠵᠦᠢᠯ ᠢ᠋ ᠡᠷᠡᠰ ᠴᠤᠤᠷᠢᠶᠠᠲᠤᠨ ᠲᠠᠭᠠᠵᠤ᠂ ᠨᠠᠮ ᠤ᠋ᠨ ᠲᠥᠪ ᠬᠣᠷᠢᠶᠠᠨ ᠤ᠋ ᠲᠣᠭ᠍ᠲᠠᠭᠠᠭ᠍ᠰᠠᠨ ᠵᠦᠢᠯ ᠢ᠋ ᠡᠷᠡᠰ ᠬᠡᠷᠡᠭ᠌ᠵᠢᠭᠦᠯᠵᠦ᠍᠂ ᠨᠠᠮ ᠤ᠋ᠨ ᠲᠥᠪ ᠬᠣᠷᠢᠶᠠᠨ ᠤ᠋ ᠴᠠᠭᠠᠵᠠᠯᠠᠭ᠍ᠰᠠᠨ ᠵᠦᠢᠯ ᠢ᠋ ᠴᠤ᠌ ᠬᠢᠵᠤ ᠪᠤᠯᠬᠤ ᠦᠭᠡᠢ᠃
ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠣᠷᠴᠢᠨ ᠢ᠋ ᠪᠠᠲᠤᠯᠠᠬᠤ ᠳ᠋ᠦ᠍᠂ ᠡᠷᠬᠡᠪᠰᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠰᠣᠶᠣᠯ ᠤ᠋ᠨ 《ᠰᠢᠮᠡᠳᠦ ᠬᠦᠷᠦᠰᠦ》 ᠵᠢ ᠵᠤᠵᠠᠭᠠᠳᠬᠠᠨ ᠪᠣᠢᠵᠢᠭᠤᠯᠬᠤ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠂ ᠤᠯᠤᠰ ᠲᠦᠷᠦ᠍ ᠵᠢᠨ ᠠᠮᠢ ᠠᠬᠤᠢ᠂ ᠤᠯᠤᠰ ᠲᠦᠷᠦ᠍ ᠵᠢᠨ ᠰᠣᠶᠣᠯ ᠪᠣᠯ ᠬᠠᠷᠢᠯᠴᠠᠨ ᠨᠥᠬᠥᠴᠡᠯᠳᠦᠵᠦ᠍ ᠪᠠᠢᠳᠠᠭ᠂ ᠤᠯᠤᠰ ᠲᠦᠷᠦ᠍ ᠵᠢᠨ ᠰᠣᠶᠣᠯ ᠪᠣᠯ ᠤᠯᠤᠰ ᠲᠦᠷᠦ᠍ ᠵᠢᠨ ᠠᠮᠢᠳᠤᠷᠠᠯ ᠤ᠋ᠨ ᠰᠦᠭ ᠰᠦᠨᠡᠰᠦ ᠮᠥᠨ᠂ ᠤᠯᠤᠰ ᠲᠦᠷᠦ᠍ ᠵᠢᠨ ᠠᠮᠢ ᠠᠬᠤᠢ ᠳ᠋ᠦ᠍ ᠳᠠᠯᠳᠠ ᠪᠡᠷ ᠨᠥᠯᠥᠭᠡ ᠦᠵᠡᠭᠦᠯᠵᠦ᠍ ᠪᠠᠢᠳᠠᠭ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠰᠣᠶᠣᠯ ᠤ᠋ᠨ ᠪᠠᠢᠭᠤᠯᠤᠯᠲᠠ ᠵᠢ ᠴᠢᠩᠭᠠᠳᠭᠠᠬᠤ ᠳ᠋ᠦ᠍ ᠡᠷᠬᠡᠪᠰᠢ ᠦᠨᠡᠨᠴᠢ ᠱᠢᠳᠤᠷᠭᠤ᠂ ᠲᠥᠪ ᠭᠣᠣᠯᠴᠢ᠂ ᠦᠨᠡᠨᠡᠴᠡ ᠵᠥᠪ ᠢ᠋ ᠡᠷᠢᠬᠦ᠌᠂ ᠠᠷᠢᠭᠤᠨ ᠴᠢᠬᠡᠴᠢ ᠪᠠᠢᠬᠤ ᠵᠡᠷᠭᠡ ᠦᠷᠳᠡᠭ ᠤ᠋ᠨ ᠦᠵᠡᠯᠲᠡ ᠵᠢ ᠪᠠᠳᠠᠷᠠᠭᠤᠯᠵᠤ᠂ ᠬᠤᠪᠢᠨᠴᠢᠷ ᠦᠵᠡᠯ᠂ ᠲᠠᠷᠠᠬᠠᠢ ᠦᠵᠡᠯ᠂ ᠳᠤᠷ᠎ᠠ ᠵᠣᠷᠢᠭ ᠤ᠋ᠨ ᠦᠵᠡᠯ᠂ ᠥᠪᠡᠷᠮᠡᠲᠡᠭᠡᠢ ᠦᠵᠡᠯ᠂ ᠰᠠᠢᠮᠰᠤᠷᠠᠬᠤ ᠦᠵᠡᠯ ᠢ᠋ ᠡᠷᠡᠰ ᠰᠡᠷᠭᠡᠢᠯᠡᠨ ᠡᠰᠡᠷᠭᠦᠴᠡᠬᠦ᠌ ᠬᠡᠷᠡᠭ᠌ᠲᠡᠢ; ᠡᠷᠬᠡᠪᠰᠢ ᠦᠨᠳᠦᠰᠦ ᠰᠤᠷᠪᠤᠯᠵᠢ ᠵᠢ ᠨᠢ ᠴᠡᠭ᠌ᠴᠡᠯᠡᠨ᠂ ᠮᠠᠭᠤ ᠵᠢ ᠨᠢ ᠠᠷᠢᠯᠭᠠᠵᠤ ᠰᠠᠢ᠌ᠨ ᠢ᠋ ᠨᠢ ᠰᠠᠢᠱᠢᠶᠠᠬᠤ ᠬᠡᠷᠡᠭ᠌ᠲᠡᠢ᠂ ᠹᠸᠤᠳᠠᠯ ᠤ᠋ᠨ ᠨᠡᠢᠭᠡᠮ ᠤ᠋ᠨ ᠪᠤᠯᠬᠢ ᠢᠯᠵᠠᠷᠠᠮᠠᠯ ᠵᠢᠵᠢᠭ ᠪᠦᠯᠬᠦᠮᠤᠨ ᠰᠣᠶᠣᠯ᠂ 《ᠭᠠᠷᠠᠮ ᠤ᠋ᠨ ᠰᠣᠶᠣᠯ》 ᠤ᠋ᠨ ᠪᠣᠬᠢᠷᠲᠤᠯ ᠢ᠋ ᠠᠷᠢᠯᠭᠠᠵᠤ᠂ ᠲᠠᠸᠠᠷ ᠤ᠋ᠨ ᠰᠣᠯᠢᠯᠴᠠᠭᠠᠨ ᠤ᠋ ᠵᠠᠷᠴᠢᠮ ᠤ᠋ᠨ ᠨᠡᠷᠪᠡᠯᠲᠡ ᠵᠢ ᠤᠬᠠᠮᠰᠠᠷᠠᠴᠠᠪᠠᠨ ᠡᠰᠡᠷᠭᠦᠴᠡᠨ ᠬᠣᠷᠢᠭ᠍ᠯᠠᠵᠤ᠂ ᠡᠷᠬᠡ ᠵᠢᠨ ᠠᠷᠠᠯᠵᠢᠶ᠎ᠠ᠂ ᠡᠷᠬᠡ ᠮᠥᠩᠭᠥᠨᠦ ᠠᠷᠠᠯᠵᠢᠶ᠎ᠠ ᠵᠡᠷᠭᠡ ᠲᠥᠪ ᠪᠤᠰᠤ ᠰᠤᠷᠲᠠᠯ ᠢ᠋ ᠴᠢᠩᠭ᠎ᠠ ᠴᠠᠭᠠᠵᠠᠯᠠᠵᠤ᠂ ᠬᠠᠷᠢᠴᠠᠭᠠᠨ ᠤ᠋ ᠤᠬᠠᠭᠠᠨ ᠵᠡᠷᠭᠡ ᠹᠸᠤᠳᠠᠯ ᠤ᠋ᠨ ᠱᠢᠭᠠᠷᠤ ᠵᠢ ᠠᠷᠢᠯᠭᠠᠨ᠂ ᠬᠡᠪᠢᠶᠡᠨ ᠰᠠᠬᠢᠵᠤ ᠬᠡᠷᠡᠭᠡᠴᠡ ᠵᠠᠢᠯᠠᠬᠤ 《ᠨᠣᠶᠠᠳ ᠤ᠋ᠨ ᠲᠠᠯᠠᠪᠤᠷ ᠤ᠋ᠨ ᠭᠦᠨ ᠤᠬᠠᠭᠠᠨ》 ᠢ᠋ ᠡᠰᠡᠷᠭᠦᠴᠡᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠠᠮᠢ ᠠᠬᠤᠢ ᠵᠢ ᠬᠠᠳᠠᠭᠠᠯᠠᠬᠤ ᠳ᠋ᠦ᠍ ᠨᠥᠬᠥᠴᠡᠯ ᠪᠦᠷᠢᠯᠳᠦᠭᠦᠯᠵᠦ᠍ ᠥᠭ᠌ᠬᠦ ᠬᠡᠷᠡᠭ᠌ᠲᠡᠢ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠰᠣᠶᠣᠯ ᠤ᠋ᠨ ᠪᠠᠢᠭᠤᠯᠤᠯᠲᠠ ᠵᠢ ᠴᠢᠩᠭᠠᠳᠭᠠᠬᠤ ᠳ᠋ᠦ᠍ ᠡᠷᠬᠡᠪᠰᠢ ᠳᠤᠮᠳᠠᠳᠤ ᠵᠢᠨ ᠦᠨᠳᠦᠰᠦᠲᠡᠨᠦ ᠱᠢᠯᠢᠳᠡᠭ ᠤᠯᠠᠮᠵᠢᠯᠠᠯᠲᠤ ᠰᠣᠶᠣᠯ ᠢ᠋ ᠪᠠᠳᠠᠷᠠᠭᠤᠯᠵᠤ᠂ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠳ᠋ᠦ᠍ ᠠᠭᠤᠯᠤᠭ᠍ᠳᠠᠵᠤ ᠪᠠᠢᠭ᠎ᠠ ᠶᠣᠰᠣ ᠰᠤᠷᠲᠠᠬᠤᠨ ᠤ᠋ ᠣᠢᠯᠠᠭᠠᠭ᠍ᠳᠠᠬᠤᠨ ᠪᠠ ᠵᠢᠷᠤᠮᠵᠢᠯ ᠤ᠋ᠨ ᠭᠧᠨ ᠢ᠋ ᠨᠠᠮ ᠤ᠋ᠨ ᠭᠡᠱᠢᠭᠦᠨ ᠺᠠᠳ᠋ᠷᠴᠤᠳ ᠤ᠋ᠨ ᠠᠮᠢᠨ ᠰᠤᠳᠠᠰᠤᠨ ᠳ᠋ᠦ᠍ ᠠᠭᠤᠰᠭᠠᠬᠤ ᠬᠡᠷᠡᠭ᠌ᠲᠡᠢ; ᠡᠷᠬᠡᠪᠰᠢ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠪᠢᠰᠭᠠᠯᠲᠤ ᠰᠣᠶᠣᠯ᠂ ᠬᠤᠪᠢᠰᠭᠠᠯᠲᠤ ᠤᠳᠤᠮᠱᠢᠯ ᠢ᠋ ᠰᠠᠢᠲᠤᠷ ᠤᠯᠠᠮᠵᠢᠯᠠᠵᠤ᠂ ᠲᠡᠭᠦᠨᠳᠦ ᠠᠭᠤᠯᠤᠭ᠍ᠳᠠᠵᠤ ᠪᠠᠢᠭ᠎ᠠ ᠴᠠᠭ ᠦᠶ᠎ᠡ ᠵᠢᠨ ᠠᠭᠤᠯᠤᠭ᠍ᠳᠠᠬᠤᠨ ᠪᠣᠯᠤᠨ ᠤᠳᠤ ᠦᠶ᠎ᠡ ᠵᠢᠨ ᠦᠷᠳᠡᠭ ᠢ᠋ ᠭᠦᠨᠵᠡᠭᠡᠢ ᠠᠭᠤᠳᠠᠯᠬᠤ ᠬᠡᠷᠡᠭ᠌ᠲᠡᠢ; ᠡᠷᠬᠡᠪᠰᠢ ᠨᠡᠢᠭᠡᠮ ᠵᠢᠷᠤᠮ ᠤ᠋ᠨ ᠲᠡᠷᠢᠭᠦᠨᠦ ᠰᠣᠶᠣᠯ ᠢ᠋ ᠬᠥᠭ᠌ᠵᠢᠭᠦᠯᠵᠦ᠍᠂ ᠡᠷᠡᠮᠡᠬᠡᠢᠯᠡᠨ ᠤᠷᠤᠭ᠍ᠰᠢᠯᠠᠬᠤ ᠤᠶᠤᠨ ᠰᠠᠨᠠᠭᠠᠨ ᠤ᠋ ᠬᠥᠳᠡᠯᠭᠡᠬᠦ᠌ ᠬᠦᠴᠦᠨ ᠢ᠋ ᠬᠥᠭ᠌ᠵᠢᠭᠡᠬᠦ᠌ ᠬᠡᠷᠡᠭ᠌ᠲᠡᠢ᠃
ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠢ᠋ ᠪᠠᠲᠤᠯᠠᠬᠤ ᠳ᠋ᠦ᠍ ᠡᠷᠬᠡᠪᠰᠢ ᠬᠥᠮᠦᠨ ᠢ᠋ ᠵᠥᠪ ᠰᠣᠩᠭᠣᠨ ᠵᠦᠪ ᠬᠡᠷᠡᠭ᠌ᠯᠡᠬᠦ᠌ 《ᠵᠦᠭ᠌ᠯᠡᠭᠦᠷ》 ᠢ᠋ ᠪᠤᠢ ᠪᠣᠯᠭᠠᠬᠤ ᠬᠡᠷᠡᠭ᠌ᠲᠡᠢ᠃ ᠡᠷᠬᠡᠪᠰᠢ ᠱᠢᠨ᠎ᠡ ᠴᠠᠭ ᠦᠶ᠎ᠡ ᠵᠢᠨ ᠰᠠᠢ᠌ᠨ ᠺᠠᠳ᠋ᠷ ᠤ᠋ᠨ ᠪᠠᠷᠢᠮᠵᠢᠶ᠎ᠠ ᠵᠢ ᠨᠠᠢᠳᠠᠪᠤᠷᠢᠵᠢᠭᠤᠯᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠲᠠᠯ᠎ᠠ ᠪᠠᠷ ᠬᠢ ᠲᠥᠪ ᠪᠤᠰᠤ ᠰᠤᠷᠲᠠᠯ ᠢ᠋ ᠶᠡᠬᠡ ᠪᠡᠷ ᠴᠡᠭ᠌ᠴᠡᠯᠡᠨ ᠵᠠᠰᠠᠵᠤ᠂ ᠠᠯᠳᠠᠭ᠎ᠠ ᠪᠤᠷᠤᠭᠤ ᠵᠢ ᠠᠭᠤᠴᠢᠯᠠᠨ ᠪᠠᠭ᠍ᠲᠠᠭᠠᠬᠤ ᠠᠯᠳᠠᠭ᠎ᠠ ᠪᠤᠷᠤᠭᠤ ᠵᠢ ᠵᠠᠯᠠᠷᠠᠭᠤᠯᠬᠤ ᠲᠣᠭ᠍ᠲᠠᠴᠠ ᠵᠢ ᠤᠯᠠᠮ ᠴᠢᠨᠠᠭ᠍ᠰᠢᠳᠠ ᠪᠦᠷᠢᠨᠱᠢᠬᠦᠯᠬᠦ᠌ ᠬᠡᠷᠡᠭ᠌ᠲᠡᠢ᠃
ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠢ᠋ ᠪᠠᠲᠤᠯᠠᠬᠤ ᠳ᠋ᠦ᠍ ᠡᠷᠬᠡᠪᠰᠢ ᠨᠠᠮᠴᠢ ᠴᠢᠨᠠᠷ ᠤ᠋ᠨ ᠬᠥᠮᠦᠵᠢᠯ ᠢ᠋ ᠴᠢᠩᠭ᠎ᠠ ᠠᠳᠬᠤᠬᠤ ᠬᠡᠷᠡᠭᠳᠡᠢ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠲᠥᠪ ᠴᠢᠩᠭ᠎ᠠ ᠪᠣᠯᠭᠠᠬᠤ ᠪᠣᠯ ᠨᠢᠭᠡᠨ ᠱᠢᠰᠲ᠋ᠧᠮ ᠤ᠋ᠨ ᠢᠨᠵᠧᠨᠧᠷᠢᠩ ᠮᠥᠨ᠂ ᠬᠦᠰᠡᠯᠡᠩ ᠢᠲᠡᠭᠡᠯ ᠵᠣᠷᠢᠭᠢᠶᠠᠨ ᠪᠠᠲᠤᠳᠭᠠᠬᠤ ᠵᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠡᠪ ᠬᠠᠮᠲᠤᠴᠤᠳ ᠤ᠋ᠨ ᠤᠶᠤᠨ ᠰᠠᠨᠠᠭᠠᠨ ᠤ᠋ ᠲᠦᠱᠢᠭ ᠲᠤᠯᠭᠠᠭᠤᠷᠢ ᠪᠠ ᠤᠯᠤᠰ ᠲᠦᠷᠦ᠍ ᠵᠢᠨ ᠰᠦᠭ ᠰᠦᠨᠡᠰᠦ ᠵᠢ ᠪᠡᠬᠢᠵᠢᠭᠦᠯᠬᠦ᠌ ᠬᠡᠷᠡᠭ᠌ᠲᠡᠢ᠃ 《ᠱᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ ᠲᠤᠬᠠᠢ ᠪᠠᠷᠢᠮᠵᠢᠶᠠᠨᠤᠭᠤᠳ》 ᠢ᠋ ᠴᠢᠩᠭ᠎ᠠ ᠬᠡᠷᠡᠭ᠌ᠵᠢᠭᠦᠯᠵᠦ᠍᠂ ᠵᠣᠬᠢᠶᠠᠨ ᠪᠠᠢᠭᠤᠯᠤᠯᠲᠠ ᠵᠢᠨ ᠠᠮᠢᠳᠤᠷᠠᠯ ᠢ᠋ ᠪᠣᠯᠬᠢᠴᠢᠯᠠᠬᠤ᠂ ᠳᠤᠷ᠎ᠠ ᠵᠢᠨ ᠪᠣᠯᠭᠠᠬᠤ᠂ ᠶᠡᠷᠦᠮᠳᠡᠭ ᠪᠣᠯᠭᠠᠬᠤ᠂ ᠵᠤᠭ᠎ᠠ ᠴᠡᠩᠭᠡᠯ ᠤ᠋ᠨ ᠪᠣᠯᠭᠠᠬᠤ ᠬᠡᠯᠪᠡᠷᠢᠯ ᠢ᠋ ᠡᠷᠡᠰ ᠵᠠᠯᠠᠷᠠᠭᠤᠯᠬᠤ ᠬᠡᠷᠡᠭ᠌ᠲᠡᠢ᠃ ᠠᠷᠠᠳᠴᠢᠯᠠᠯ ᠲᠥᠪᠯᠡᠷᠡᠯ ᠤ᠋ᠨ ᠶᠣᠰᠣ ᠵᠢ ᠪᠠᠷᠢᠮᠲᠠᠯᠠᠵᠤ᠂ ᠤᠯᠤᠰ ᠲᠦᠷᠦ᠍ ᠵᠢᠨ ᠠᠮᠢ ᠠᠬᠤᠢ ᠵᠢᠨ ᠪᠠᠢᠭᠤᠯᠤᠯᠲᠠ ᠵᠢᠨ ᠲᠦᠷᠢᠮ ᠤ᠋ᠨ ᠬᠥᠷᠥᠰᠥ᠍ ᠱᠢᠷᠣᠢ ᠵᠢ ᠵᠤᠵᠠᠭᠠᠳᠭᠠᠬᠤ ᠬᠡᠷᠡᠭ᠌ᠲᠡᠢ᠃
ᠥᠪᠥᠷ ᠮᠣᠩᠭᠣᠯ ᠤ᠋ᠨ ᠠᠵᠤ ᠦᠢᠯᠡᠳᠪᠦᠷᠢ ᠶ᠋ᠢᠨ ᠶᠡᠬᠡ ᠰᠤᠷᠭᠠᠭᠤᠯᠢ ᠶ᠋ᠢᠨ ᠮᠠᠷᠺᠰ ᠤ᠋ᠨ ᠦᠵᠡᠯᠦᠨ ᠳᠡᠭᠡᠳᠦ ᠰᠤᠷᠭᠠᠭᠤᠯᠢ ᠶ᠋ᠢᠨ ᠵᠠᠬᠢᠷᠤᠯ ᠂ ᠫᠷᠤᠹᠸᠰᠰᠤᠷ ᠮᠠ ᠵᠢᠶᠦ᠋ᠨ᠄
ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠬᠤ ᠴᠢᠬᠤᠯᠠ ᠴᠢᠨᠠᠷ ᠢ᠋ ᠭᠦᠨᠵᠡᠭᠡᠶ ᠲᠠᠨᠢᠬᠤ ᠬᠡᠷᠡᠭ᠌ᠲᠡᠶ
ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳᠦᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳᠦᠨ ᠪᠦᠯᠬᠦᠮᠦᠨ ᠬᠢᠨᠠᠨ ᠵᠥᠪᠯᠡᠬᠦ᠌ ᠳ᠋ᠦ ᠣᠷᠣᠯᠴᠠᠬᠤ ᠳᠠᠭᠠᠨ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠶ᠋ᠢ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠠᠵᠢᠯᠦᠨ ᠭᠦᠨᠵᠡᠭᠡᠢᠷᠡᠨ ᠬᠦᠭᠵᠢᠬᠦ ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠪᠦᠬᠦ᠌ ᠲᠠᠯ᠎ᠠ ᠪᠡᠷ ᠡᠷᠡᠭᠦᠯ ᠵᠢᠷᠤᠮᠵᠢᠭᠤᠨ ᠵᠠᠮᠳᠤ ᠪᠤᠴᠠᠬᠤ ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤ ᠪᠣᠯ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠬᠦᠴᠦᠲᠡᠢ ᠭᠠᠷᠳᠠᠴᠠ ᠮᠥᠨ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤ ᠴᠢᠬᠤᠯᠠ ᠴᠢᠨᠠᠷ ᠢ᠋ ᠭᠦᠨᠵᠡᠭᠡᠢ ᠲᠠᠨᠢᠵᠤ ᠂ ᠨᠠᠮ ᠤ᠋ᠨ ᠪᠠᠢᠭᠤᠯᠤᠯᠲᠠ ᠶ᠋ᠢᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠬᠤ ᠬᠡᠷᠡᠭ᠌ᠲᠡᠢ᠃
ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠪᠣᠯ ᠮᠠᠷᠺᠰ ᠤ᠋ᠨ ᠦᠵᠡᠯᠦᠨ ᠲᠦᠷᠦ᠍ ᠶ᠋ᠢᠨ ᠨᠠᠮ ᠤ᠋ᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠮᠠᠷᠺᠰ᠂ ᠡᠩᠭᠧᠯᠰᠦᠨ ᠪᠠᠢᠭᠤᠯᠬᠤ ᠭᠡᠵᠦ᠍ ᠪᠠᠢᠭ᠎ᠠ ᠦᠭᠡᠢᠭᠦᠦ ᠠᠩᠭᠢ ᠶ᠋ᠢᠨ ᠲᠦᠷᠦ᠍ ᠶ᠋ᠢᠨ ᠨᠠᠮ ᠪᠣᠯ ᠱᠢᠨᠵᠢ ᠴᠢᠨᠠᠷ᠂ ᠵᠣᠷᠢᠯᠲᠠ ᠪᠠ ᠲᠡᠮᠡᠴᠡᠯᠦᠨ ᠬᠠᠷᠠᠯᠲᠠ ᠶ᠋ᠢᠨ ᠲᠠᠯ᠎ᠠ ᠪᠡᠷ ᠴᠥᠮ ᠥᠩᠭᠡᠷᠡᠭ᠌ᠰᠡᠨᠦ ᠠᠵᠢᠯᠴᠢᠨ ᠤ᠋ ᠬᠤᠪᠢᠰᠭᠠᠯᠲᠤ ᠪᠦᠯᠬᠦᠮ ᠲᠠᠢ ᠠᠳᠠᠯᠢ ᠪᠤᠰᠤ ᠱᠢᠨ᠎ᠡ ᠲᠦᠷᠦ᠍ ᠶ᠋ᠢᠨ ᠨᠠᠮ ᠤ᠋ᠨ ᠵᠣᠬᠢᠶᠠᠨ ᠪᠠᠢᠭᠤᠯᠤᠯᠲᠠ ᠮᠥᠨ᠃ ᠡᠭᠦᠨᠡᠴᠡ ᠦᠵᠡᠪᠡᠯ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠪᠣᠯ ᠮᠠᠷᠺᠰ ᠤ᠋ᠨ ᠦᠵᠡᠯᠦᠨ ᠲᠦᠷᠦ᠍ ᠶ᠋ᠢᠨ ᠨᠠᠮ ᠤ᠋ᠨ ᠪᠠᠢᠭᠤᠯᠤᠭ᠍ᠳᠠᠭ᠍ᠰᠠᠨᠠᠴᠠ ᠨᠠᠭᠠᠰᠢᠬᠢ ᠪᠠᠷᠢᠮᠲᠠᠯᠠᠭ᠍ᠰᠠᠭᠠᠷ ᠢᠷᠡᠭ᠌ᠰᠡᠨ ᠨᠠᠮ ᠪᠠᠢᠭᠤᠯᠬᠤ ᠵᠠᠷᠴᠢᠮ ᠪᠠ ᠣᠢᠯᠠᠭᠠᠭ᠍ᠳᠠᠬᠤᠨ ᠮᠥᠨ᠃ ᠵᠢᠷᠤᠮᠵᠢᠭᠤᠨ ᠪᠥᠭᠡᠳ ᠡᠷᠡᠭᠦᠯ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠪᠠᠢᠬᠤ ᠦᠭᠡᠢ ᠪᠣᠯ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢᠪᠤᠢ ᠪᠤᠯᠵᠤ ᠴᠢᠳᠠᠬᠤ ᠦᠭᠡᠢ᠂ ᠮᠠᠷᠺᠰ ᠤ᠋ᠨ ᠦᠵᠡᠯᠦᠨ ᠲᠦᠷᠦ᠍ ᠶ᠋ᠢᠨ ᠨᠠᠮ ᠪᠣᠯᠤᠭ᠍ᠰᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠪᠠᠢᠭᠤᠯᠤᠯᠲᠠ ᠪᠠ ᠬᠥᠭ᠌ᠵᠢᠯᠲᠡ ᠳᠠᠷᠤᠢ ᠬᠦᠨᠳᠦ ᠨᠣᠴᠢᠲᠠᠢ ᠨᠦᠯᠦᠭᠡ ᠬᠦᠷᠲᠡᠬᠦ ᠪᠣᠯᠤᠨ᠎ᠠ᠃
ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠪᠣᠯ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠯᠤᠰ ᠲᠦᠷᠦ᠍ ᠶ᠋ᠢᠨ ᠳᠠᠪᠠᠭᠤᠯᠢᠭ ᠪᠠ ᠱᠢᠯᠢᠳᠡᠭ ᠤᠯᠠᠮᠵᠢᠯᠠᠯ ᠮᠥᠨ᠃ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠭᠡᠬᠦ᠌ ᠡᠨᠡ ᠬᠦ᠌ ᠳᠠᠪᠠᠭᠤᠯᠢᠭ ᠲᠠᠯ᠎ᠠ ᠶ᠋ᠢᠨ ᠪᠦᠷᠢᠯᠳᠦᠯ ᠨᠢ ᠲᠠᠰᠤᠷᠠᠯᠲᠠ ᠦᠭᠡᠢ ᠪᠤᠢ ᠪᠤᠯᠵᠤ ᠬᠦᠮᠦᠵᠢᠭᠳᠡᠨ᠂ ᠠᠭᠠᠵᠢᠮ ᠶ᠋ᠢᠡᠷ ᠪᠣᠯᠪᠠᠰᠤᠷᠠᠬᠤ ᠶᠠᠪᠤᠴᠠ ᠶ᠋ᠢ ᠥᠩᠭᠡᠷᠡᠭᠡᠵᠡᠢ᠃ ᠨᠠᠮ ᠪᠠᠢᠭᠤᠯᠤᠭ᠍ᠳᠠᠭ᠍ᠰᠠᠨ ᠡᠬᠢᠨᠦ ᠦᠶ᠎ᠡ ᠳ᠋ᠦ᠂ ᠨᠠᠮ ᠤ᠋ᠨ ᠳᠣᠲᠣᠭᠠᠳᠤ ᠶ᠋ᠢᠨ ᠰᠠᠬᠢᠯᠭ᠎ᠠ ᠪᠠᠲᠤ᠂ ᠨᠠᠮ ᠤ᠋ᠨ ᠳᠣᠲᠣᠭᠠᠳᠤ ᠶ᠋ᠢᠨ ᠵᠣᠬᠢᠶᠠᠨ ᠪᠠᠢᠭᠤᠯᠤᠯᠲᠠ ᠶ᠋ᠢᠨ ᠠᠵᠢᠯᠯᠠᠭ᠎ᠠ᠂ ᠨᠠᠮ ᠤ᠋ᠨ ᠭᠡᠱᠢᠭᠦᠨᠦ ᠡᠩᠨᠡᠭᠡ ᠶ᠋ᠢᠨ ᠬᠠᠮᠢᠶᠠᠷᠤᠯᠲᠠ ᠵᠡᠷᠭᠡ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠦᠨᠳᠦᠰᠦᠨ ᠵᠢᠷᠤᠮᠵᠢᠯ ᠢ᠋ ᠠᠩᠬ᠎ᠠ ᠠᠯᠬᠤᠮ ᠲᠣᠭ᠍ᠲᠠᠭᠠᠵᠤ᠂ ᠨᠠᠮ ᠤ᠋ᠨ ᠬᠥᠭ᠌ᠵᠢᠯᠲᠡᠵᠢᠨ ᠶᠠᠪᠤᠴᠠ ᠳ᠋ᠡᠬᠢ ᠡᠯ᠎ᠡ ᠵᠦᠢᠯᠦᠨ ᠱᠢᠨ᠎ᠡ ᠠᠰᠠᠭᠤᠳᠠᠯ ᠰᠢᠢᠳᠪᠦᠷᠢᠯᠡᠭᠳᠡᠬᠦ ᠶ᠋ᠢ ᠲᠠᠭᠠᠯᠳᠤᠨ ᠠᠯᠬᠤᠮ ᠠᠯᠬᠤᠮ ᠶ᠋ᠢᠡᠷ ᠪᠠᠶᠠᠯᠢᠭᠵᠢᠨ ᠬᠦᠭᠵᠢᠭᠰᠡᠨ ᠶᠤᠮ᠃ ᠨᠠᠮ ᠤ᠋ᠨ ᠬᠤᠶᠠᠳᠤᠭᠠᠷ ᠶᠡᠬᠡ ᠬᠤᠷᠠᠯᠠᠴᠠ ᠪᠠᠲᠤᠯᠠᠭ᠍ᠰᠠᠨ ᠨᠠᠮ ᠤ᠋ᠨ ᠲᠦᠷᠢᠮ ᠳ᠋ᠦ ᠠᠷᠠᠳᠴᠢᠯᠠᠯ ᠲᠥᠪᠯᠡᠷᠡᠯᠦᠨ ᠶᠣᠰᠣᠨ ᠤ᠋ ᠦᠨᠳᠦᠰᠦᠨ ᠵᠠᠷᠴᠢᠮ ᠢ᠋ ᠨᠢᠭᠡᠨᠲᠡ ᠢᠯᠡᠷᠡᠭᠦᠯᠵᠦ᠂ ᠨᠠᠮ ᠤ᠋ᠨ ᠭᠤᠷᠪᠠᠳᠤᠭᠠᠷ ᠶᠡᠬᠡ ᠬᠤᠷᠠᠯᠠᠴᠠ ᠨᠠᠮ ᠤ᠋ᠨ ᠡᠯ᠎ᠡ ᠱᠠᠲᠤᠨ ᠤ᠋ ᠵᠣᠬᠢᠶᠠᠨ ᠪᠠᠢᠭᠤᠯᠤᠯᠲᠠ ᠲᠣᠭ᠍ᠲᠠᠮᠠᠯ ᠬᠤᠭᠤᠴᠠᠭᠠᠲᠠᠶ ᠪᠡᠷ ᠬᠤᠷᠠᠯ ᠬᠢᠬᠦ᠌ ᠬᠡᠷᠡᠭ᠌ᠲᠡᠶ ᠭᠡᠵᠦ᠍ ᠲᠣᠳᠣᠷᠬᠠᠢᠯᠠᠪᠠ᠃ ᠥᠭᠡᠷᠡᠴᠢᠯᠡᠯᠲᠡ ᠨᠡᠭᠡᠭᠡᠯᠳᠡ ᠬᠢᠭ᠌ᠰᠡᠨᠦ ᠲᠠᠷᠠᠭ᠎ᠠ ᠂ ᠨᠠᠮ ᠤ᠋ᠨ ᠠᠷᠪᠠᠨ ᠨᠢᠭᠡᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠲᠠᠪᠤᠳᠤᠭᠠᠷ ᠪᠦᠬᠦᠳᠡ ᠬᠤᠷᠠᠯᠠᠴᠠ ᠪᠠᠲᠤᠯᠠᠭ᠍ᠰᠠᠨ 《ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠲᠤᠬᠠᠢ ᠪᠠᠷᠢᠮᠵᠢᠶᠠᠨᠤᠭᠤᠳ》 ᠨᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤ ᠠᠩᠬᠠᠳᠠᠭ᠍ᠴᠢ ᠪᠢᠴᠢᠭ ᠮᠠᠲ᠋ᠧᠷᠢᠶᠠᠯ ᠪᠣᠯᠤᠭ᠍ᠰᠠᠨ ᠶᠤᠮ᠃ ᠨᠠᠮ ᠤ᠋ᠨ ᠠᠷᠪᠠᠨ ᠳᠥᠷᠪᠡᠳᠦᠭᠡᠷ ᠶᠡᠬᠡ ᠬᠤᠷᠠᠯ ᠠᠴᠠ ᠪᠠᠲᠤᠯᠠᠭ᠍ᠰᠠᠨ ᠨᠠᠮ ᠤ᠋ᠨ ᠲᠦᠷᠢᠮ ᠳ᠋ᠦ ᠨᠠᠮ ᠤ᠋ᠨ ᠭᠡᠱᠢᠭᠦᠨ ᠤᠳᠤᠷᠢᠳᠭᠤ ᠺᠠᠳ᠋ᠷᠴᠤᠳ ᠤ᠋ᠨ ᠳᠠᠪᠬᠤᠷ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯᠳᠤ ᠣᠷᠣᠯᠴᠠᠬᠤ ᠶ᠋ᠢ ᠪᠢᠴᠢᠵᠦ᠍ ᠣᠷᠣᠭᠤᠯᠤᠭᠰᠠᠨ ᠶᠤᠮ᠃ ᠨᠠᠮ ᠤ᠋ᠨ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠡ ᠬᠤᠷᠠᠯ ᠡᠴᠡ ᠨᠠᠮ ᠤ᠋ᠨ ᠲᠡᠦᠬᠡᠨ ᠲᠤᠷᠱᠢᠯᠭ᠎ᠠ ᠵᠢᠨ ᠳ᠋ᠦᠡᠭᠨᠡᠯᠲᠡ᠂ ᠢᠯᠠᠩᠭᠤᠶ᠎ᠠ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯᠠᠴᠠ ᠨᠠᠭᠠᠱᠢᠬᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠥᠷᠨᠢᠭᠦᠯᠦᠭ᠌ᠰᠡᠨ ᠠᠮᠢᠳᠤᠯᠢᠭ ᠲᠤᠷᠱᠢᠯᠭᠠᠵᠢᠨ ᠰᠠᠭᠤᠷᠢᠨ ᠳᠡᠭᠡᠷ᠎ᠡ᠂ 《ᠱᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠲᠤᠬᠠᠢ ᠪᠠᠷᠢᠮᠵᠢᠶᠠᠨᠤᠭᠤᠳ》 ᠢ᠋ ᠲᠣᠭ᠍ᠲᠠᠭᠠᠨ ᠨᠡᠢᠲᠡᠯᠡᠵᠦ᠍᠂ ᠨᠠᠮ ᠤ᠋ᠨ ᠲᠡᠷᠢᠭᠦᠨᠦ ᠴᠢᠨᠠᠷ ᠪᠠ ᠴᠡᠪᠡᠷ ᠴᠢᠨᠠᠷ ᠢ᠋ ᠪᠠᠲᠤᠯᠠᠬᠤ᠂ ᠨᠠᠮ ᠤ᠋ᠨ ᠡᠭᠦᠷᠭᠡᠯᠡᠵᠦ᠍ ᠪᠠᠢᠭ᠎ᠠ ᠲᠡᠦᠬᠡᠲᠦ ᠡᠭᠦᠷᠭᠡ ᠶ᠋ᠢ ᠪᠡᠶᠡᠯᠡᠭᠦᠯᠬᠦ᠌ ᠳ᠋ᠦ ᠪᠠᠲᠤ ᠴᠢᠩᠭ᠎ᠠ ᠤᠯᠤᠰ ᠲᠦᠷᠦ᠍ ᠶ᠋ᠢᠨ ᠪᠠᠲᠤᠯᠠᠭ᠎ᠠ ᠬᠠᠩᠭᠠᠪᠠ᠃
ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤ ᠪᠣᠯ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢᠨ ᠦᠨᠳᠦᠰᠦᠨ ᠴᠢᠨᠠᠷᠲᠠᠢ ᠰᠠᠭᠤᠷᠢ ᠠᠵᠢᠯ ᠮᠥᠨ᠃ ᠶᠡᠷᠦᠩᠬᠡᠢ ᠱᠦᠵᠢ ᠰᠢ ᠵᠢᠨ ᠫᠢᠩ᠄《ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠪᠣᠯ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤᠳᠦ ᠰᠠᠭᠤᠷᠢ ᠮᠥᠨ᠃ ᠨᠠᠮ ᠨᠢ ᠨᠠᠮ ᠶ᠋ᠢᠡᠨ ᠬᠠᠮᠢᠶᠠᠷᠬᠤᠳᠤ ᠡᠩ ᠲᠡᠷᠢᠭᠦᠨ ᠳ᠋ᠦ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯᠠᠴᠠ ᠡᠬᠢᠯᠡᠨ ᠬᠠᠮᠢᠶᠠᠷᠬᠤ ᠬᠡᠷᠡᠭ᠌ᠲᠡᠢ; ᠨᠠᠮ ᠢ᠋ ᠴᠢᠩᠭ᠎ᠠ ᠵᠠᠰᠠᠬᠤᠳᠤ ᠡᠩ ᠲᠡᠷᠢᠭᠦᠨ ᠳ᠋ᠦ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯᠠᠴᠠ ᠡᠬᠢᠯᠡᠵᠦ᠍ ᠴᠢᠩᠳᠠᠯᠠᠬᠤ ᠬᠡᠷᠡᠭ᠌ᠲᠡᠢ》 ᠭᠡᠵᠦ ᠵᠢᠭᠠᠵᠤ ᠭᠠᠷᠭᠠᠪᠠ᠃ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠳᠦ ᠬᠠᠮᠤᠭ ᠤ᠋ᠨ ᠦᠨᠳᠦᠰᠦᠨ ᠵᠦᠢᠯ ᠪᠣᠯ ᠳᠠᠷᠤᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤᠳᠤ ᠲᠦᠱᠢᠭ᠌ᠯᠡᠨ ᠨᠠᠮ ᠤ᠋ᠨ ᠲᠤᠰ ᠪᠡᠶ᠎ᠡ ᠶ᠋ᠢᠨ ᠪᠠᠢᠭᠤᠯᠤᠯᠲᠠ ᠬᠥᠭ᠌ᠵᠢᠯᠲᠡ ᠶ᠋ᠢᠨ ᠠᠰᠠᠭᠤᠳᠠᠯ ᠢ᠋ ᠱᠢᠢᠳᠪᠦᠷᠢᠯᠡᠬᠦ᠌ ᠶᠠᠪᠤᠳᠠᠯ ᠪᠣᠯᠤᠨ᠎ᠠ᠂ ᠪᠣᠳᠠᠲᠠᠢ ᠪᠡᠷ ᠬᠡᠯᠡᠪᠡᠯ ᠳᠠᠷᠤᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠳᠤᠮᠳᠠ᠂ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ᠂ ᠨᠠᠮ ᠤ᠋ᠨ ᠭᠡᠱᠢᠭᠦᠨ ᠺᠠᠳ᠋ᠷᠴᠤᠳ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠪᠠᠷᠢᠮᠵᠢᠶ᠎ᠠ ᠪᠠ ᠲᠣᠭ᠍ᠲᠠᠭᠠᠯ ᠢ᠋ ᠴᠢᠩᠭ᠎ᠠ ᠵᠢᠷᠤᠮᠯᠠᠨ ᠠᠵᠢᠯᠯᠠᠵᠤ ᠴᠢᠳᠠᠬᠤ ᠡᠰᠡᠬᠦ᠌᠂ ᠨᠠᠮᠴᠢ ᠴᠢᠨᠠᠷ ᠶ᠋ᠢᠡᠨ ᠪᠠᠲᠤᠳᠭᠠᠵᠤ ᠴᠢᠳᠠᠬᠤ ᠡᠰᠡᠬᠦ᠌᠂ ᠱᠢᠭᠦᠮᠵᠢᠯᠡᠯ ᠪᠠ ᠥᠪᠡᠷᠦᠨ ᠱᠢᠭᠦᠮᠵᠢᠯᠡᠯ ᠢ᠋ ᠵᠢᠷᠤᠮᠯᠠᠵᠤ ᠴᠢᠳᠠᠬᠤ ᠡᠰᠡᠬᠦ᠌᠂ ᠤᠯᠠᠨ ᠲᠦᠮᠡᠨ ᠲᠠᠢ ᠨᠢᠭ᠍ᠲᠠ ᠬᠠᠷᠢᠯᠴᠠᠵᠤ ᠴᠢᠳᠠᠬᠤ ᠡᠰᠡᠬᠦ᠌᠂ ᠠᠷᠠᠳᠴᠢᠯᠠᠯ ᠲᠥᠪᠯᠡᠷᠡᠯᠦᠨ ᠶᠣᠰᠣᠨ ᠤ᠋ ᠵᠠᠷᠴᠢᠮ᠂ ᠨᠠᠮ ᠤ᠋ᠨ ᠰᠠᠬᠢᠯᠭ᠎ᠠ ᠪᠠᠲᠤ ᠶ᠋ᠢ ᠴᠢᠩᠳᠠᠯᠠᠵᠤ ᠴᠢᠳᠠᠬᠤ ᠡᠰᠡᠬᠦ᠌ ᠶ᠋ᠢ ᠦᠵᠡᠵᠦ᠍᠂ ᠡᠭᠦᠨᠦ ᠤᠯᠠᠮᠠᠴᠠ ᠠᠱᠢᠭ ᠦᠭᠡᠢ ᠬᠦᠴᠦᠨ ᠵᠦᠢᠯ ᠢ᠋ ᠠᠷᠢᠯᠭᠠᠨ᠂ ᠵᠣᠷᠢᠭ᠍ᠲᠠᠢ ᠪᠡᠷ ᠶᠠᠰᠤ ᠪᠠᠨ ᠬᠤᠰᠤᠵᠤ ᠬᠣᠣᠷ ᠢ᠋ ᠡᠮᠨᠡᠵᠦ᠂ ᠨᠠᠮ ᠤ᠋ᠨ ᠠᠮᠢᠵᠢᠷᠠᠯ ᠤ᠋ᠨ ᠬᠦᠴᠦᠨ ᠪᠠ ᠠᠮᠢᠳᠤᠯᠢᠭ ᠬᠦᠴᠦᠨ ᠢ᠋ ᠦᠨᠡᠨ ᠬᠦ᠌ ᠪᠠᠲᠤᠯᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠡᠮᠡᠴᠡᠯᠦᠨ ᠥᠩᠭᠡᠷᠡᠯᠲᠡ ᠲᠠᠢ ᠤᠶᠠᠯᠳᠤᠭᠤᠯᠤᠨ᠂ 《ᠠᠯᠳᠠᠨ ᠲᠦᠯᠬᠢᠭᠦᠷ》 ᠂ 《 ᠶᠡᠬᠡ ᠤᠷᠴᠢᠨ》 ᠂ 《ᠴᠡᠪᠡᠷᠱᠢᠭᠦᠯᠦᠭ᠌ᠴᠢ》 ᠵᠡᠷᠭᠡ ᠵᠦᠢᠷᠯᠡᠯ ᠶ᠋ᠢᠡᠷ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠨᠢ ᠨᠠᠮ ᠤ᠋ᠨ ᠰᠤᠷᠲᠠᠯ ᠤ᠋ᠨ ᠪᠠᠢᠭᠤᠯᠤᠯᠲᠠ᠂ ᠲᠡᠷᠢᠭᠦᠨᠦ ᠴᠢᠨᠠᠷ ᠴᠡᠪᠡᠷ ᠴᠢᠨᠠᠷ ᠤ᠋ᠨ ᠪᠠᠢᠭᠤᠯᠤᠯᠲᠠ᠂ ᠪᠦᠲᠦᠭᠡᠯᠴᠢ ᠬᠦᠴᠦᠨ ᠨᠢᠭ᠍ᠲᠠᠷᠠᠯ ᠤ᠋ᠨ ᠬᠦᠴᠦᠨ ᠲᠠᠢ᠌ᠴᠢᠨ ᠬᠦᠴᠦᠨ ᠢ᠋ ᠳᠡᠭᠡᠭ᠌ᠰᠢᠯᠡᠭᠦᠯᠬᠦ᠌ ᠵᠡᠷᠭᠡ ᠲᠠᠯᠠᠳᠤ ᠴᠢᠬᠤᠯᠠ ᠦᠢᠯᠡᠳᠦᠯ ᠦᠵᠡᠭᠦᠯᠵᠦ᠍ ᠪᠠᠢᠬᠤ ᠶ᠋ᠢ ᠠᠮᠢᠳᠤᠯᠢᠭ ᠶ᠋ᠢᠡᠷ ᠲᠣᠳᠣᠷᠬᠠᠢᠯᠠᠪᠠ᠃ ᠡᠢᠮᠦ᠍ᠡᠴᠡ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠡᠭᠳᠠᠯᠠᠬᠤ ᠪᠣᠯ ᠨᠠᠮ ᠢ᠋ ᠪᠦᠬᠦ᠌ ᠲᠠᠯ᠎ᠠ ᠪᠡᠷ ᠴᠢᠩᠭ᠎ᠠ ᠵᠠᠰᠠᠬᠤ ᠶ᠋ᠢᠨ ᠲᠤᠮᠤ ᠠᠰᠠᠭᠤᠳᠠᠯ ᠮᠥᠨ᠂ 《 ᠨᠠᠮ ᠤ᠋ᠨ ᠪᠠᠢᠭᠤᠯᠤᠯᠲᠠ ᠶ᠋ᠢᠨ ᠳᠤᠮᠳᠠᠬᠢ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ ᠠᠰᠠᠭᠤᠳᠠᠯ ᠮᠥᠨ᠂ ᠨᠠᠮ ᠤ᠋ᠨ ᠪᠦᠯᠬᠦᠮᠳᠡᠯ ᠨᠢᠭᠡᠳᠦᠯ ᠳ᠋ᠦ ᠬᠣᠯᠪᠣᠭ᠍ᠳᠠᠵᠤ᠂ ᠨᠠᠮ ᠤ᠋ᠨ ᠮᠠᠨᠳᠤᠵᠤ ᠮᠥᠬᠥᠬᠦ᠌ ᠳ᠋ᠦ ᠬᠣᠯᠪᠣᠭ᠍ᠳᠠᠵᠤ ᠪᠠᠢᠳᠠᠭ》᠃
ᠦᠢᠯᠡᠳᠦᠯᠭᠡ ᠰᠡᠳᠬᠦᠯ ᠤ᠋ᠨ ᠬᠣᠷᠢᠶᠠᠨ ᠤ᠋ ᠨᠠᠮ ᠤ᠋ᠨ ᠬᠣᠷᠢᠶᠠᠨ ᠤ᠋ ᠱᠦᠵᠢ᠂ ᠬᠤᠷᠢᠶᠠᠨ ᠳᠠᠷᠤᠭ᠎ᠠ ᠸᠠᠩ ᠳ᠋ᠧᠩ ᠬᠤᠸᠠ᠄
ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠲᠤᠬᠠᠢ ᠬᠡᠳᠦᠨ ᠲᠠᠨᠢᠯᠲᠠ
ᠶᠡᠷᠦᠩᠬᠡᠢ ᠱᠦᠵᠢ ᠰᠢ ᠵᠢᠨ ᠫᠢᠩ ᠲᠥᠪ ᠴᠢᠩᠭ᠎ᠠ ᠨᠠᠷᠢᠨ ᠬᠢᠨᠠᠮᠠᠭᠠᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠥᠷᠨᠢᠭᠦᠯᠬᠦ᠌ ᠪᠣᠯ ᠮᠠᠨ ᠤ᠋ ᠨᠠᠮ ᠤ᠋ᠨ ᠮᠠᠷᠺᠰ ᠤ᠋ᠨ ᠦᠵᠡᠯ ᠤ᠋ᠨ ᠲᠦᠷᠦ᠍ ᠵᠢᠨ ᠨᠠᠮ ᠪᠣᠯᠤᠭ᠍ᠰᠠᠨ ᠤ᠋ ᠬᠤᠪᠢ ᠳ᠋ᠤ ᠪᠤᠰᠤᠳ ᠲᠦᠷᠦ᠍ ᠵᠢᠨ ᠨᠠᠮᠠᠴᠠ ᠢᠯᠭᠠᠭ᠍ᠳᠠᠬᠤ ᠴᠢᠬᠤᠯᠠ ᠣᠨᠴᠠᠯᠢᠭ ᠪᠣᠯᠤᠨ᠎ᠠ ᠭᠡᠵᠦ᠍ ᠵᠢᠭᠠᠵᠤ ᠭᠠᠷᠭᠠᠪᠠ᠃ ᠥᠭᠡᠷᠡᠪᠡᠷ ᠬᠡᠯᠡᠪᠡᠯ᠂ ᠮᠠᠷᠺᠰ ᠤ᠋ᠨ ᠦᠵᠡᠯ ᠤ᠋ᠨ ᠲᠦᠷᠦ᠍ ᠵᠢᠨ ᠨᠠᠮ ᠤ᠋ᠨ ᠪᠤᠰᠤᠳ ᠲᠦᠷᠦ᠍ ᠵᠢᠨ ᠨᠠᠮᠠᠴᠠ ᠢᠯᠭᠠᠭ᠍ᠳᠠᠬᠤ ᠴᠢᠬᠤᠯᠠ ᠱᠢᠨᠵᠢ ᠲᠡᠮᠳᠡᠭ ᠨᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠪᠠᠢᠬᠤ ᠡᠰᠡᠬᠦ᠌ᠳᠦ ᠪᠠᠢᠬᠤ ᠪᠢᠰᠢ᠂ ᠬᠠᠷᠢᠨ ᠲᠥᠪ ᠴᠢᠩᠭ᠎ᠠ ᠨᠠᠷᠢᠨ ᠬᠢᠨᠠᠮᠠᠭᠠᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠲᠠᠢ ᠡᠰᠡᠬᠦ᠌ᠳᠦ ᠤᠷᠤᠰᠢᠨ᠎ᠡ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠡᠴᠡ ᠪᠦᠬᠦ᠌ ᠣᠷᠣᠨ ᠳ᠋ᠤ 3 ᠰᠠᠷ᠎ᠠ ᠵᠢᠨ ᠬᠤᠭᠤᠴᠠᠭᠠᠲᠠᠶ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ ᠪᠤᠯᠬᠢᠴᠢᠯᠠᠬᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤᠪᠠᠷ ᠲᠣᠭ᠍ᠲᠠᠭ᠍ᠰᠠᠨ ᠨᠢ ᠳᠠᠷᠤᠢ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠡᠷᠡᠭᠦᠯ ᠵᠢᠡᠷ ᠵᠢᠷᠤᠮᠵᠢᠭᠤᠯᠤᠨ ᠴᠢᠨᠠᠭ᠍ᠰᠢᠳᠠ ᠠᠬᠢᠭᠤᠯᠬᠤ ᠵᠢᠨ ᠪᠣᠳᠠᠲᠤ ᠬᠡᠷᠡᠭ᠌ᠴᠡᠭᠡ ᠪᠣᠯᠤᠨ᠎ᠠ᠃
ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠪᠣᠯ《ᠬᠣᠶᠠᠷ ᠢ᠋ ᠲᠣᠭ᠍ᠲᠠᠭᠠᠬᠰᠠᠨ》ᠢ ᠬᠦᠷᠢᠶᠡᠯᠡᠬᠦ᠂《ᠬᠣᠶᠠᠷ ᠢ᠋ ᠬᠠᠮᠠᠭᠠᠯᠠᠬᠤ》ᠶ᠋ᠢ ᠪᠡᠶᠡᠯᠡᠭᠦᠯᠬᠦ᠌ ᠵᠢᠨ ᠴᠢᠬᠤᠯᠠ ᠰᠢᠨᠵᠢ ᠲᠡᠮᠳᠡᠭ ᠮᠥᠨ᠃ 《ᠬᠣᠶᠠᠷ ᠢ᠋ ᠲᠣᠭ᠍ᠲᠠᠭᠠᠬᠰᠠᠨ》ᠢ ᠬᠦᠷᠢᠶᠡᠯᠡᠬᠦ᠂《ᠬᠣᠶᠠᠷ ᠢ᠋ ᠬᠠᠮᠠᠭᠠᠯᠠᠬᠤ》ᠶ᠋ᠢ ᠪᠡᠶᠡᠯᠡᠭᠦᠯᠬᠦ᠌ᠨᠢ ᠪᠣᠳᠠᠲᠠᠶ ᠪᠤᠯᠬᠤᠠᠴᠠ ᠪᠢᠰᠢ ᠬᠠᠷᠢᠨ ᠬᠡᠢᠰᠪᠦᠷᠢ ᠪᠢᠰᠢ᠂ ᠨᠠᠮ ᠤ᠋ᠨ ᠭᠡᠱᠢᠭᠦᠨ ᠺᠠᠳ᠋ᠷ ᠪᠣᠯᠤᠭ᠍ᠰᠠᠨ ᠤ᠋ ᠬᠤᠪᠢ ᠳ᠋ᠤ ᠮᠡᠳᠡᠬᠦᠶ ᠬᠢᠬᠦᠶᠪᠡᠨ ᠨᠢᠭᠡᠳᠭᠡᠬᠦ᠌ ᠲᠠᠯ᠎ᠠ᠎ᠠᠴᠠ ᠥᠪᠡᠷ ᠢ᠋ᠪᠡᠨ ᠬᠢᠨᠠᠨ ᠦᠵᠡᠵᠦ᠍᠂ ᠥᠪᠡᠷ ᠢ᠋ᠪᠡᠨ ᠱᠠᠭᠠᠷᠳᠠᠨ᠂ ᠥᠪᠡᠷ ᠢ᠋ᠪᠡᠨ ᠪᠠᠢᠴᠠᠭᠠᠬᠤ ᠬᠡᠷᠡᠭ᠌ᠲᠡᠶ᠃ ᠬᠡᠷᠪᠡ ᠨᠢᠭᠡᠨ ᠨᠠᠮ ᠤ᠋ᠨ ᠭᠡᠱᠢᠭᠦᠨ ᠺᠠᠳ᠋ᠷᠲᠤ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠨᠢ ᠪᠤᠯᠬᠢᠴᠢᠯᠠᠬᠰᠠᠨ ᠠᠷᠠᠯᠵᠢᠶᠠᠯᠠᠭᠰᠠᠨ ᠠᠰᠠᠭᠤᠳᠠᠯ ᠣᠷᠣᠱᠢᠵᠤ ᠪᠠᠢᠬᠤ ᠪᠤᠶᠤ ᠰᠡᠳᠭᠢᠯᠳᠡᠭᠡᠨ ᠡᠢᠮᠦ᠍ ᠬᠠᠨᠳᠤᠰᠢᠲᠡᠶ ᠪᠠᠢᠪᠠᠯ ᠦᠵᠡᠯ ᠰᠠᠨᠠᠭ᠎ᠠ ᠂ ᠠᠵᠢᠯ ᠳᠡᠭᠡᠷᠡᠪᠡᠨ《ᠬᠣᠶᠠᠷ ᠢ᠋ ᠲᠣᠭ᠍ᠲᠠᠭᠠᠬᠰᠠᠨ》 ᠢ ᠬᠦᠷᠢᠶᠡᠯᠡᠬᠦ᠂《ᠬᠣᠶᠠᠷ ᠢ᠋ ᠬᠠᠮᠠᠭᠠᠯᠠᠬᠤ》 ᠵᠢ ᠦᠢᠯᠡᠳᠦᠯᠭᠡᠵᠢᠭᠦᠯᠵᠦ᠍ ᠳᠡᠢᠯᠬᠦ᠌ ᠦᠭᠡᠢ ᠶᠤᠮ᠃ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠲᠥᠪ ᠴᠢᠩᠭ᠎ᠠ ᠪᠠᠢᠯᠭᠠᠬᠤ ᠢᠯᠠᠩᠭᠤᠶ᠎ᠠ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠪᠤᠯᠬᠢᠴᠢᠯᠠᠬᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤᠪᠠᠷ ᠳᠠᠮᠵᠢᠭᠤᠯᠤᠨ᠂ 《ᠬᠣᠶᠠᠷ ᠢ᠋ ᠲᠣᠭ᠍ᠲᠠᠭᠠᠬᠰᠠᠨ》 ᠤᠯᠤᠰ ᠲᠥᠷᠥ ᠵᠢᠨ ᠬᠠᠮᠲᠤ ᠵᠢᠨ ᠲᠠᠨᠢᠯᠲᠠ᠂ ᠦᠵᠡᠯ ᠰᠠᠨᠠᠭᠠᠨ ᠤ᠋ ᠬᠠᠮᠲᠤ ᠵᠢᠨ ᠲᠠᠨᠢᠯᠲᠠ᠂ ᠣᠨᠣᠯ ᠤ᠋ᠨ ᠬᠠᠮᠲᠤ ᠵᠢᠨ ᠲᠠᠨᠢᠯᠲᠠ᠂ ᠬᠠᠢᠷ᠎ᠠ ᠰᠡᠳᠭᠢᠯᠭᠡ ᠵᠢᠨ ᠬᠠᠮᠲᠤ ᠵᠢᠨ ᠲᠠᠨᠢᠯᠲᠠ ᠶ᠋ᠢ ᠦᠨᠡᠨ ᠬᠦ᠌ ᠴᠢᠩᠭᠠᠳᠭᠠᠵᠤ᠂ 《ᠬᠣᠶᠠᠷ ᠢ᠋ ᠲᠣᠭ᠍ᠲᠠᠭᠠᠬᠰᠠᠨ》ᠢ ᠦᠨᠡᠨ ᠬᠦ᠌ 《ᠬᠣᠶᠠᠷ ᠢ᠋ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠦᠵᠡᠯ ᠰᠠᠨᠠᠭᠠᠨ ᠤ᠋ ᠤᠬᠠᠮᠰᠠᠷ᠂ ᠤᠯᠤᠰ ᠲᠥᠷᠥ ᠵᠢᠨ ᠤᠬᠠᠮᠰᠠᠷ᠂ ᠦᠶ᠋ᠯᠡ ᠠᠵᠢᠯᠯᠠᠭᠠᠨ ᠤ᠋ ᠤᠬᠠᠮᠰᠠᠷ ᠪᠣᠯᠭᠠᠨ ᠬᠤᠪᠢᠷᠠᠭᠤᠯᠬᠤ ᠭᠡᠷᠡᠭᠳᠡᠢ᠃
ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠪᠣᠯ ᠨᠠᠮ ᠤ᠋ᠨ ᠬᠣᠶᠠᠳᠤᠭᠠᠷ ᠵᠠᠭᠤᠨ ᠵᠢᠯ ᠤ᠋ᠨ ᠲᠡᠮᠡᠴᠡᠬᠦ᠌ ᠬᠠᠷᠠᠯᠲᠠ ᠶ᠋ᠢ ᠪᠡᠶᠡᠯᠡᠭᠦᠯᠬᠦ᠌ ᠬᠦᠴᠦᠲᠡᠢ ᠪᠠᠲᠤᠯᠠᠭ᠎ᠠ ᠮᠥᠨ᠃ ᠮᠠᠨ ᠤ᠋ ᠨᠠᠮ ᠶᠡᠷᠦ᠍ᠡᠴᠡ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠬᠤᠯᠠᠴᠢᠯᠠᠵᠤ᠂ ᠬᠤᠪᠢᠰᠭᠠᠯ᠂ ᠪᠦᠳᠦᠭᠡᠨ ᠪᠠᠢᠭᠤᠯᠤᠯᠲᠠ ᠂ ᠥᠭᠡᠷᠡᠴᠢᠯᠡᠯᠲᠡ ᠵᠢᠨ ᠤᠷᠳᠤ ᠬᠤᠭᠤᠴᠠᠭᠠᠨ ᠤ᠋ ᠦᠢᠯᠡᠳᠦᠯᠭᠡ ᠵᠢᠨ ᠳᠤᠮᠳᠠ ᠦᠨᠡᠨᠡᠴᠡ ᠵᠥᠪ ᠢ᠋ ᠡᠷᠢᠬᠦ᠌᠂ ᠤᠨᠤᠯ ᠢ᠋ ᠪᠣᠳᠠᠲᠠᠢᠲᠠᠶ ᠤᠶᠠᠯᠳᠤᠭᠤᠯᠬᠤ᠂ ᠤᠯᠠᠨ ᠲᠦᠮᠡᠨᠲᠡᠶ ᠨᠢᠭ᠍ᠲᠠ ᠬᠠᠷᠢᠯᠴᠠᠬᠤ᠂ ᠱᠢᠭᠦᠮᠵᠢᠯᠡᠯ ᠪᠠ ᠥᠪᠡᠷ ᠤ᠋ᠨ ᠱᠢᠭᠦᠮᠵᠢᠯᠡᠯ ᠬᠢᠬᠦ᠌᠂ ᠠᠷᠠᠳᠴᠢᠯᠠᠯ ᠲᠥᠪᠯᠡᠷᠡᠯ ᠤ᠋ᠨ ᠶᠣᠰᠣ᠂ ᠨᠠᠮ ᠤ᠋ᠨ ᠰᠠᠬᠢᠯᠭ᠎ᠠ ᠪᠠᠲᠤ ᠶ᠋ᠢ ᠴᠢᠩᠳᠠᠯᠠᠬᠤ ᠵᠡᠷᠭᠡᠪᠡᠷ ᠭᠣᠣᠯ ᠠᠭᠤᠯᠭ᠎ᠠ ᠪᠣᠯᠭᠠᠭ᠍ᠰᠠᠨ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠤ᠋ᠨ ᠦᠨᠳᠦᠰᠦᠨ ᠵᠢᠷᠤᠮᠵᠢᠯ ᠢ᠋ ᠠᠯᠬᠤᠮ ᠠᠯᠬᠤᠮ ᠵᠢᠡᠷ ᠪᠦᠷᠢᠯᠳᠦᠭᠦᠯᠵᠡᠢ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠪᠣᠯ ᠮᠠᠨ ᠤ᠋ ᠨᠠᠮ ᠤ᠋ᠨ ᠱᠢᠯᠢᠳᠡᠭ ᠤᠯᠠᠮᠵᠢᠯᠠᠯ ᠪᠠ ᠤᠯᠤᠰ ᠲᠦᠷᠦ᠍ ᠵᠢᠨ ᠳᠠᠪᠠᠭᠤᠯᠢᠭ ᠮᠥᠨ᠂ ᠮᠠᠨ ᠤ᠋ ᠨᠠᠮ ᠤ᠋ᠨ ᠲᠠᠰᠤᠷᠠᠯᠳᠠ ᠦᠭᠡᠢ ᠠᠭᠤᠤ ᠶᠡᠬᠡ ᠠᠮᠵᠢᠯᠲᠠ ᠤᠯᠬᠤ ᠵᠢᠨ ᠴᠢᠬᠤᠯᠠ ᠪᠠᠲᠤᠯᠠᠭ᠎ᠠ ᠮᠥᠨ ᠭᠡᠵᠦ᠍ ᠬᠡᠯᠡᠵᠦ᠍ ᠪᠣᠯᠤᠨ᠎ᠠ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠶᠠᠮᠠᠷ ᠪᠠᠢᠪᠠᠯ ᠨᠠᠮ ᠤ᠋ᠨ ᠭᠡᠱᠢᠭᠦᠨ ᠺᠠᠳ᠋ᠷ ᠤ᠋ᠨ ᠰᠤᠷᠲᠠᠯ ᠨᠢ ᠳᠠᠷᠤᠢ ᠶᠠᠮᠠᠷ ᠪᠠᠢᠵᠤ᠂ ᠤᠯᠤᠰ ᠲᠦᠷᠦ᠍ ᠵᠢᠨ ᠠᠮᠢ ᠠᠬᠤᠢ ᠨᠢ ᠶᠠᠮᠠᠷ ᠪᠠᠢᠳᠠᠭ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠬᠡᠪ ᠤ᠋ᠨ ᠪᠤᠰᠤ ᠪᠠᠢᠪᠠᠯ ᠨᠠᠮ ᠤ᠋ᠨ ᠲᠤᠰ ᠪᠡᠶ᠎ᠡ ᠵᠢᠨ ᠬᠥᠭ᠌ᠵᠢᠯᠲᠡ ᠪᠠ ᠨᠠᠮ ᠤ᠋ᠨ ᠦᠢᠯᠡᠰ ᠢ᠋ ᠨᠤᠭᠤᠷᠠᠯ ᠪᠦᠳᠦᠷᠢᠯᠳᠦ ᠤᠴᠠᠷᠠᠭᠤᠯᠬᠤ ᠪᠣᠯᠤᠨ᠎ᠠ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠡᠷᠡᠭᠦᠯ ᠰᠠᠷᠠᠭᠤᠯ ᠪᠠᠢᠪᠠᠯ ᠮᠠᠨ ᠤ᠋ ᠨᠠᠮ ᠳᠠᠷᠤᠢ ᠰᠤᠷᠲᠠᠯ ᠴᠢᠬᠡᠴᠢ ᠣᠪᠣᠷ ᠲᠥᠪ᠂ ᠪᠦᠯᠬᠦᠮᠳᠡᠯ ᠨᠢᠭᠡᠳᠦᠯᠲᠡᠶ ᠪᠠᠢᠵᠤ᠂ ᠨᠠᠮ ᠤ᠋ᠨ ᠦᠢᠯᠡᠰ ᠳᠠᠷᠤᠢ ᠥᠷᠨᠢᠭᠦᠨ ᠬᠥᠭ᠌ᠵᠢᠵᠦ᠍ ᠴᠢᠳᠠᠨ᠎ᠠ᠃ ᠣᠳᠣᠬᠠᠨ ᠳ᠋ᠤ ᠮᠠᠨ ᠤ᠋ ᠨᠠᠮ ᠶᠠᠭ ᠪᠦᠬᠦ᠌ ᠤᠯᠤᠰ ᠤ᠋ᠨ ᠦᠨᠳᠦᠰᠦᠲᠡᠨᠨᠦᠭᠦᠳ ᠤ᠋ᠨ ᠠᠷᠠᠳ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ ᠤ᠋ᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠤ ᠪᠠᠢᠨ᠎ᠠ᠂ ᠡᠨᠡ ᠬᠦ᠌ ᠬᠠᠷᠠᠯᠲᠠ ᠶ᠋ᠢ ᠲᠣᠭ᠍ᠲᠠᠭ᠍ᠰᠠᠨ ᠬᠤᠭᠤᠴᠠᠭᠠᠨ ᠳ᠋ᠤ ᠪᠡᠶᠡᠯᠡᠭᠦᠯᠦᠶ᠎ᠡ ᠭᠡᠪᠡᠯ ᠡᠷᠬᠡᠪᠰᠢ ᠣᠳᠣᠬᠠᠨ ᠳ᠋ᠤ ᠣᠷᠣᠱᠢᠵᠤ ᠪᠠᠢᠭ᠎ᠠ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠳ ᠢ᠋ ᠱᠢᠢᠳᠪᠦᠷᠢᠯᠡᠵᠦ᠍᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠤᠯᠠᠮ ᠨᠢᠭᠡ ᠠᠯᠬᠤᠮ ᠲᠥᠪ ᠴᠢᠩᠭ᠎ᠠ ᠪᠣᠯᠭᠠᠨ᠂ ᠨᠠᠮ ᠤ᠋ᠨ ᠨᠢᠭ᠍ᠲᠠᠷᠠᠯ ᠤ᠋ᠨ ᠬᠦᠴᠦᠨ᠂ ᠲᠠᠢ᠌ᠴᠢᠨ ᠬᠦᠴᠦᠨ ᠢ᠋ ᠴᠢᠩᠭᠠᠳᠭᠠᠬᠤ ᠬᠡᠷᠡᠭ᠌ᠲᠡᠢ᠃
ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠪᠣᠯ ᠨᠠᠮ ᠢ᠋ ᠪᠥᠬᠥ᠌ ᠲᠠᠯᠠᠪᠠᠷ ᠴᠢᠩᠭ᠎ᠠ ᠵᠠᠰᠠᠬᠤ ᠵᠠᠢᠯᠠᠰᠢ ᠥᠬᠡᠶ ᠱᠠᠭᠠᠷᠳᠠᠯᠭ᠎ᠠ ᠮᠥᠨ᠃《ᠨᠠᠮ ᠨᠢ ᠨᠠᠮ ᠵᠢᠡᠨ ᠬᠠᠮᠢᠶᠠᠷᠬᠤ》ᠳ᠋ᠤ ᠡᠩ ᠲᠡᠷᠢᠭᠦᠨᠳᠦ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯᠠᠴᠠ ᠡᠬᠢᠯᠡᠵᠤ ᠬᠠᠮᠢᠶᠠᠷᠬᠤ ᠬᠡᠷᠡᠭ᠌ᠲᠡᠢ; ᠨᠠᠮ ᠢ᠋ ᠴᠢᠩᠭ᠎ᠠ ᠵᠠᠰᠠᠬᠤ ᠳ᠋ᠤ ᠡᠩ ᠲᠡᠷᠢᠭᠦᠨᠳᠦ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯᠠᠴᠠ ᠡᠬᠢᠯᠡᠵᠦ᠍ ᠴᠢᠩᠳᠠᠯᠠᠬᠤ ᠬᠡᠷᠡᠭ᠌ᠲᠡᠢ᠃ ᠶᠡᠷᠦᠩᠬᠡᠶ ᠱᠦᠵᠢ ᠵᠢᠨ ᠡᠨᠡ ᠬᠦ᠌ ᠴᠢᠬᠤᠯᠠ ᠨᠤᠲᠠᠯᠠᠯᠲᠠ ᠨᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋《ᠨᠠᠮ ᠨᠢ ᠨᠠᠮ ᠵᠢᠡᠨ ᠬᠠᠮᠢᠶᠠᠷᠬᠤ》《ᠨᠠᠮ ᠢ᠋ ᠴᠢᠩᠭ᠎ᠠ ᠵᠠᠰᠠᠬᠤ》ᠦᠨᠳᠦᠷ ᠲᠦᠪᠰᠢᠨ ᠳ᠋ᠤ ᠬᠦᠷᠲᠡᠯ᠎ᠡ ᠳᠡᠭᠡᠭ᠌ᠰᠢᠯᠡᠭᠦᠯᠦᠭ᠌ᠰᠡᠨ ᠪᠣᠯᠬᠣᠷ ᠭᠦᠨ ᠰᠡᠳᠭᠢᠭᠦᠱᠢᠲᠡᠶ ᠶᠤᠮ᠃ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠲᠥᠪ ᠴᠢᠩᠭ᠎ᠠ ᠪᠠᠢᠯᠭᠠᠬᠤ ᠪᠣᠯ ᠨᠠᠮ ᠢ᠋ ᠪᠦᠬᠦ᠌ ᠲᠠᠯᠠᠪᠠᠷ ᠴᠢᠩᠭ᠎ᠠ ᠵᠠᠰᠠᠬᠤ ᠰᠠᠭᠤᠷᠢ ᠮᠥᠨ᠂ ᠬᠡᠷᠪᠡ ᠪᠤᠯᠬᠢᠴᠢᠯᠠᠭᠰᠠᠨ ᠠᠷᠠᠯᠵᠢᠶᠠᠯᠠᠭᠰᠠᠨ ᠵᠡᠷᠭᠡ ᠠᠰᠠᠭᠤᠳᠠᠯ ᠭᠠᠷᠪᠠᠯ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢ ᠠᠬᠤᠢ ᠪᠣᠬᠢᠷᠲᠤᠵᠤ᠂ ᠥᠪᠡᠷ ᠢ᠋ᠪᠡᠨ ᠴᠡᠪᠡᠷᠱᠢᠭᠦᠯᠬᠦ᠌᠂ ᠥᠪᠡᠷ ᠢ᠋ᠪᠡᠨ ᠲᠡᠭᠦᠯᠳᠡᠷᠵᠢᠭᠦᠯᠬᠦ᠌᠂ ᠥᠪᠡᠷ ᠢ᠋ᠪᠡᠨ ᠱᠢᠨᠡᠴᠢᠯᠡᠬᠦ᠌᠂ ᠥᠪᠡᠷ ᠢ᠋ᠪᠡᠨ ᠳᠡᠭᠡᠭ᠌ᠰᠢᠯᠡᠭᠦᠯᠬᠦ᠌ ᠴᠢᠳᠠᠮᠵᠢ ᠦᠢᠯᠡᠳᠦᠯ ᠵᠢᠡᠨ ᠪᠠᠳᠠᠷᠠᠭᠤᠯᠵᠤ ᠴᠢᠳᠠᠬᠤ ᠦᠭᠡᠢ ᠪᠣᠯᠤᠨ᠎ᠠ᠃ ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯᠠᠴᠠ ᠨᠠᠭᠠᠱᠢᠬᠢ ᠪᠥᠬᠥ᠌ ᠤᠯᠤᠰ᠂ ᠪᠥᠬᠥ᠌ ᠣᠷᠣᠨ ᠤ᠋ ᠪᠠᠢᠴᠠᠭᠠᠨ ᠱᠢᠶ᠋ᠳᠪᠦᠷᠢᠯᠡᠭ᠌ᠰᠡᠨ ᠢᠯᠵᠠᠷᠠᠯ ᠤ᠋ᠨ ᠬᠡᠷᠡᠭ ᠡᠴᠡ ᠦᠵᠡᠪᠡᠯ ᠴᠥᠮ ᠦᠵᠡᠯ ᠰᠠᠨᠠᠭᠠᠨ ᠤ᠋ ᠪᠠᠢᠭᠤᠯᠤᠯᠲᠠ ᠶ᠋ᠢ ᠰᠤᠯᠠᠷᠠᠭᠤᠯᠵᠤ᠂ ᠤᠯᠤᠰ ᠲᠥᠷᠥ ᠵᠢᠨ ᠱᠠᠭᠠᠷᠳᠠᠯᠭ᠎ᠠ ᠪᠠ ᠶᠣᠰᠣ ᠵᠢᠷᠤᠮᠠᠴᠠ ᠰᠠᠯᠤᠭ᠍ᠰᠠᠨ ᠦᠷ᠎ᠡ ᠳ᠋ᠦᠩ ᠪᠣᠯᠬᠤ ᠶᠤᠮ᠃ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠪᠣᠯ ᠳᠠᠷᠤᠶ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠡᠷᠡᠭᠦᠯ ᠵᠢᠡᠷ ᠵᠢᠷᠤᠮᠵᠢᠭᠤᠯᠵᠤ᠂ ᠨᠠᠮ ᠢ᠋ ᠪᠥᠬᠥ᠌ ᠲᠠᠯᠠᠪᠠᠷ ᠴᠢᠩᠭ᠎ᠠ ᠵᠠᠰᠠᠬᠤ ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠣᠳᠠᠲᠠᠢᠵᠢᠭᠤᠯᠬᠤ ᠶᠠᠪᠤᠳᠠᠯ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃