ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-06-17 09:35:46

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠬᠣᠱᠢᠭᠤ ᠱᠢᠶᠠᠨ᠎ᠤ ᠨᠠᠮ᠎ᠤᠨ ᠬᠣᠷᠢᠶᠠᠨ᠎ᠤ ᠱᠦᠵᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠶ ᠶᠠᠷᠢᠭᠰᠠᠨ ᠨᠢ ( ᠨᠢᠭᠡ)


ᠬᠥᠬᠡᠬᠣᠲᠠ᠎ᠶ᠋ᠢᠨ ᠴᠢᠩ ᠱᠦᠢ ᠾᠧ ᠱᠢᠶᠠᠨ᠎ᠤ ᠨᠠᠮ᠎ᠤᠨ ᠬᠣᠷᠢᠶᠠᠨ᠎ᠤ ᠱᠦᠵᠢ ᠵᠠᠩ ᠺᠸ ᠯᠢᠩ ᠄

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠵᠤ ᠨᠠᠮ ᠪᠠ ᠠᠷᠠᠳ ᠲᠦᠮᠡᠨ᠎ᠦ ᠱᠢᠳᠤᠷᠭᠤ ᠬᠠᠮᠠᠭᠠᠯᠠᠭ᠍ᠴᠢ᠎ᠶ᠋ᠢ ᠳᠠᠪᠲᠠᠨ ᠪᠣᠯᠪᠠᠰᠤᠷᠠᠭᠤᠯᠤᠨ᠎ᠠ

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢᠨ ᠦᠨᠳᠦᠰᠦᠨ ᠴᠢᠨᠠᠷᠲᠠᠢ ᠰᠠᠭᠤᠷᠢ ᠠᠵᠢᠯ ᠮᠥᠨ᠂ ᠪᠦᠬᠦ᠌ ᠨᠠᠮ᠎ᠤᠨ ᠴᠢᠬᠤᠯᠠ ᠶᠡᠬᠡ ᠡᠭᠦᠷᠭᠡ ᠮᠥᠨ᠃ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠭᠦᠨᠵᠡᠭᠡᠢᠷᠡᠬᠦᠯᠦᠨ ᠬᠥᠭ᠌ᠵᠢᠬᠦᠯᠬᠦ᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠪᠦᠬᠦ᠌ ᠲᠠᠯ᠎ᠠ᠎ᠪᠠᠷ ᠡᠷᠡᠭᠦᠯ ᠪᠦᠬᠡᠳ ᠵᠢᠷᠤᠮᠵᠢᠯ᠎ᠲᠠᠶ ᠵᠠᠮ᠎ᠳᠤ ᠣᠷᠣᠭᠤᠯᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ᠂ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠡᠷᠡᠰ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠬᠦᠴᠦᠯᠡᠨ ᠴᠢᠩᠭᠠᠳᠭᠠᠵᠤ᠂᠎ᠨᠠᠮ ᠪᠣᠯᠤᠨ ᠠᠷᠠᠳ ᠲᠦᠮᠡᠨ᠎ᠦ ᠦᠨᠡᠨᠴᠢ ᠱᠢᠳᠤᠷᠭᠤ ᠬᠠᠮᠠᠭᠠᠯᠠᠭ᠍ᠴᠢ᠎ᠶ᠋ᠢ᠎ᠦᠨᠡᠨ ᠬᠦ᠌ ᠳᠠᠪᠲᠠᠨ ᠪᠤᠯᠪᠠᠰᠤᠷᠠᠭᠤᠯᠤᠨ᠎ᠠ᠃

ᠲᠤᠭ ᠳᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠬᠦᠯᠦᠨ᠎ᠡ᠃ ᠪᠢᠳᠡ ᠡᠷᠬᠡᠪᠰᠢ 《ᠬᠣᠶᠠᠷ᠎ᠢ ᠲᠣᠭ᠍ᠲᠠᠭᠠᠬᠰᠠᠨ》ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌᠎ᠶ᠋ᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠪᠥᠬᠥ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠶ᠋ᠢ ᠡᠷᠡᠰ ᠲᠤᠭᠤᠱᠢᠯᠠᠭᠤᠯᠵᠤ᠂ ᠴᠠᠭ ᠢᠮᠠᠭ᠍ᠲᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠤᠯᠤᠰ ᠲᠥᠷᠥ᠎ᠶ᠋ᠢᠨ ᠵᠣᠭ᠍ᠰᠣᠯᠲᠠ᠂ ᠤᠯᠤᠰ ᠲᠥᠷᠥ᠎ᠶ᠋ᠢᠨ ᠴᠢᠭ᠌ᠯᠡᠯ᠂ ᠤᠯᠤᠰ ᠲᠥᠷᠥ᠎ᠶ᠋ᠢᠨ ᠵᠠᠷᠴᠢᠮ᠂ ᠤᠯᠤᠰ ᠲᠥᠷᠥ᠎ᠶ᠋ᠢᠨ ᠵᠠᠮ ᠳᠡᠭᠡᠷ᠎ᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠶᠡᠷᠦᠩᠬᠡᠶ ᠱᠦᠵᠢ ᠵᠢᠭᠠᠪᠤᠷᠢ᠎ᠲᠠᠶ ᠪᠠᠢᠬᠤ᠂ ᠨᠠᠮ᠎ᠤᠨ ᠲᠥᠪ ᠬᠣᠷᠢᠶ᠎ᠠ ᠪᠠᠢᠷᠢᠯᠠᠭᠤᠯᠤᠯᠲᠠ᠎ᠲᠠᠶ ᠪᠠᠢᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠬᠣᠲᠠ᠎ᠶ᠋ᠢᠨ ᠨᠠᠮ᠎ᠤᠨ ᠬᠣᠷᠢᠶ᠎ᠠ ᠱᠠᠭᠠᠷᠳᠠᠯᠭ᠎ᠠ᠎ᠲᠠᠶ ᠪᠠᠢᠬᠤ᠂ ᠴᠢᠩ ᠱᠦᠶ ᠾᠧ ᠱᠢᠶᠠᠨ ᠦᠶ᠋ᠯᠡ ᠠᠵᠢᠯᠯᠠᠭ᠎ᠠ ᠲᠠᠢ ᠪᠠᠢᠬᠤ ᠵᠢ ᠤᠬᠠᠮᠰᠠᠷ᠎ᠠᠴᠠ᠎ᠪᠠᠨ ᠪᠡᠶᠡᠯᠡᠬᠦᠯᠦᠨ᠎ᠡ᠃

ᠤᠨᠤᠯ᠎ᠢᠶᠠᠷ ᠵᠡᠪᠰᠡᠭ᠌ᠯᠡᠬᠦ᠌᠎ᠶ᠋ᠢ ᠰᠤᠯᠠᠷᠠᠭᠤᠯᠤᠯ ᠦᠭᠡᠢ ᠪᠠᠷᠢᠮᠲᠠᠯᠠᠵᠤ᠂ ᠬᠦᠰᠡᠯᠡᠩ ᠢᠲᠡᠭᠡᠯ ᠪᠢᠱᠢᠷᠡᠯ᠎ᠦᠨ ᠰᠠᠭᠤᠷᠢ᠎ᠶ᠋ᠢ ᠪᠠᠲᠤ ᠴᠣᠭ᠍ᠴᠠᠯᠠᠨ᠎ᠠ᠃ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠬᠤ᠎ᠶ᠋ᠢ ᠵᠠᠪᠠᠯ ᠰᠤᠷᠬᠤ ᠬᠢᠴᠢᠶᠡᠯ᠂ ᠪᠠᠢᠩᠭᠤ ᠰᠤᠷᠬᠤ ᠬᠢᠴᠢᠶᠡᠯ᠂ ᠨᠠᠰᠤᠨ ᠲᠤᠷᠰᠢᠳᠠ᠎ᠶ᠋ᠢᠨ ᠬᠢᠴᠢᠶᠡᠯ ᠪᠤᠯᠭᠠᠵᠤ᠂ ᠪᠠᠢᠩᠭᠤ᠎ᠶ᠋ᠢᠨ ᠬᠣᠷᠢᠶᠠᠨ᠎ᠤ 《ᠨᠢᠭᠡᠳᠦᠭᠡᠷ ᠵᠥᠪᠯᠡᠬᠦ᠌ ᠵᠦᠢᠯ》᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠎ᠶ᠋ᠢᠨ ᠲᠡᠷᠢᠭᠦᠨ ᠴᠢᠬᠤᠯᠠ ᠠᠭᠤᠯᠭ᠎ᠠ ᠳᠦᠷᠢᠮ ᠢ᠋ ᠬᠢᠨᠠᠮᠠᠭᠠᠢ ᠨᠠᠢᠳᠠᠪᠤᠷᠢᠵᠢᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠱᠢᠶᠠᠨ᠎ᠤ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠢᠲᠡᠭᠡᠯ ᠪᠢᠱᠢᠷᠡᠯ᠎ᠦᠨ ᠰᠠᠭᠤᠷᠢ᠎ᠶ᠋ᠢ ᠪᠡᠬᠢᠵᠢᠭᠦᠯᠵᠦ᠂ ᠣᠶᠤᠨ ᠰᠠᠨᠠᠭᠠᠨ᠎ᠤ ᠺᠠᠯᠼ᠎ᠢ ᠭᠦᠶ᠋ᠴᠡᠳ ᠨᠥᠬᠥᠪᠥᠷᠢᠯᠡᠨ᠂ ᠦᠨᠡᠨ ᠬᠦ᠌ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠡᠷᠡᠰ ᠪᠠᠲᠤ ᠪᠢᠰᠢᠷᠡᠭᠴᠢ᠂ ᠱᠢᠳᠤᠷᠭᠤ ᠦᠢᠯᠡᠳᠦᠯᠭᠡᠵᠢᠭᠦᠯᠦᠭ᠌ᠴᠢ ᠪᠤᠯᠭᠠᠨ᠎ᠠ᠃

ᠠᠷᠠᠳ ᠲᠦᠮᠡᠨ᠎ᠦ ᠵᠣᠭ᠍ᠰᠣᠯᠲᠠ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠡᠷᠡᠰ ᠦᠢᠯᠡᠳᠦᠯᠭᠡᠵᠢᠭᠦᠯᠦᠨ᠎ᠡ᠃ ᠪᠢᠳᠡ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠲᠤ ᠪᠤᠢ ᠪᠣᠯᠭᠠᠵᠤ ᠂ ᠨᠠᠮ ᠪᠣᠯᠤᠨ ᠠᠷᠠᠳ ᠤᠯᠠᠨ᠎ᠤ ᠴᠢᠰᠤ ᠮᠢᠬᠠᠨ᠎ᠤ ᠪᠠᠷᠢᠯᠳᠤᠯᠭ᠎ᠠ᠎ᠶ᠋ᠢ ᠴᠠᠭ ᠢᠮᠠᠭ᠍ᠲᠠ ᠪᠠᠲᠤᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠪᠣᠯᠤᠨ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠦᠨᠡᠨ ᠬᠦ᠌ ᠰᠠᠢᠲᠤᠷ ᠪᠡᠶᠡᠯᠡᠬᠦᠯᠵᠦ ᠬᠠᠮᠠᠭᠠᠯᠠᠵᠤ ᠬᠦᠭᠵᠢᠬᠦᠯᠦᠨ᠎ᠡ᠃

ᠲᠦᠷᠢᠮ᠎ᠦᠨ ᠪᠠᠢᠭᠤᠯᠤᠯᠲᠠ᠎ᠶ᠋ᠢ ᠰᠠᠢᠳᠤᠷ ᠪᠠᠷᠢᠮᠲᠠᠯᠠᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠠᠢᠭᠤᠯᠤᠨ᠎ᠠ᠃ ᠪᠢᠳᠡ ᠠᠷᠠᠳᠴᠢᠯᠠᠯ ᠲᠥᠪᠯᠡᠷᠡᠯ᠎ᠦᠨ ᠶᠣᠰᠣᠨ᠎ᠤ ᠵᠠᠷᠴᠢᠮ᠎ᠢ ᠪᠠᠷᠢᠮᠲᠠᠯᠠᠨ᠂ ᠨᠠᠮ᠎ᠤᠨ ᠬᠣᠷᠢᠶᠠᠨ᠎ᠤ ᠠᠵᠢᠯ᠎ᠤᠨ ᠲᠦᠷᠢᠮ ᠪᠠ ᠪᠠᠢᠩᠭᠤ᠎ᠶ᠋ᠢᠨ ᠬᠣᠷᠢᠶᠠᠨ᠎ᠤ ᠬᠡᠷᠡᠭ ᠵᠥᠪᠯᠡᠵᠦ᠍ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠵᠢᠷᠤᠮ᠎ᠢ ᠴᠢᠩᠭ᠎ᠠ ᠵᠢᠷᠤᠮᠯᠠᠨ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠶᠣᠰᠣ ᠲᠦᠷᠢᠮ ᠶᠣᠰᠣᠭᠠᠷ ᠠᠵᠢᠯᠯᠠᠵᠤ᠂ ᠱᠢᠶᠠᠨ᠎ᠤ ᠨᠠᠮ᠎ᠤᠨ ᠬᠣᠷᠢᠶᠠᠨ᠎ᠤ ᠤᠳᠤᠷᠢᠳᠭᠤ ᠪᠠᠭ᠎ᠤᠨ ᠪᠦᠲᠦᠭᠡᠯᠴᠢ ᠬᠦᠴᠦᠨ᠂ ᠨᠢᠭ᠍ᠲᠠᠷᠠᠯ᠎ᠤᠨ ᠬᠦᠴᠦᠨ᠂ ᠲᠠᠢ᠌ᠴᠢᠨ ᠬᠦᠴᠦᠨ᠎ᠢ ᠦᠨᠡᠨ ᠬᠦ᠌ ᠴᠢᠩᠭᠠᠳᠬᠠᠨ᠎ᠠ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠂ ᠵᠢᠭᠠᠪᠤᠷᠢ ᠠᠪᠴᠤ᠌ ᠮᠡᠳᠡᠭᠦᠯᠬᠦ᠌᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠦᠷᠢᠮ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠱᠢᠭᠦᠮᠵᠢᠯᠡᠯ ᠪᠠ ᠥᠪᠡᠷ ᠎ᠦᠨ ᠱᠢᠭᠦᠮᠵᠢᠯᠡᠯ ᠬᠢᠬᠦ ᠡᠨᠡ ᠬᠦ᠌ ᠵᠡᠪᠰᠡᠭ᠎ᠢ ᠰᠠᠢᠲᠤᠷ ᠠᠮᠢᠳᠤᠯᠢᠭ ᠬᠡᠷᠡᠭ᠌ᠯᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠶᠡᠷᠦᠮᠳᠡᠭᠴᠢᠯᠡᠬᠦ᠂ ᠳᠤᠷ᠎ᠠ ᠲᠠᠪᠠ ᠵᠢᠨ ᠪᠤᠯᠭᠠᠬᠤ᠂ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠠᠰᠠᠭᠤᠳᠠᠯ᠎ᠢ ᠡᠷᠡᠰ ᠲᠡᠪᠴᠢᠵᠦ᠍᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠨᠡᠨ ᠬᠦ᠌ ᠪᠤᠢ ᠪᠤᠯᠭᠠᠨ᠎ᠠ᠃

ᠮᠠᠭᠤ᠎ᠶ᠋ᠢ ᠨᠢ ᠠᠷᠢᠯᠭᠠᠵᠤ ᠰᠠᠢ᠌ᠨ᠎ᠢ ᠨᠢ ᠰᠠᠢᠰᠢᠶᠠᠵᠤ ᠬᠡᠯᠪᠡᠢᠬᠦ ᠦᠬᠡᠢ ᠪᠠᠢᠬᠤ ᠵᠢ ᠪᠠᠷᠢᠮᠳᠠᠯᠠᠵᠤ᠂ ᠲᠦᠷᠦᠭᠦᠯᠡᠨ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶ᠋ᠢ ᠪᠡᠶᠡᠯᠡᠬᠦᠯᠦᠨ᠎ᠡ᠃ ᠪᠢᠲᠠ ᠳᠡᠭᠡᠷ᠎ᠠ ᠱᠠᠲᠤ ᠨᠢ ᠲᠤᠤᠷ᠎ᠠ ᠱᠠᠲᠤ᠎ᠪᠠᠨ ᠳᠠᠭᠠᠭᠤᠯᠬᠤ᠎ᠶ᠋ᠢ ᠪᠠᠷᠢᠮᠲᠠᠯᠠᠵᠤ᠂ ᠤᠳᠤᠷᠢᠳᠭᠤ ᠺᠠᠳ᠋ᠷ᠎ᠤᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠢᠳᠡᠪᠬᠢ ᠬᠦᠴᠦᠨ᠎ᠢ ᠲᠠᠰᠤᠷᠠᠯᠲᠠ ᠦᠭᠡᠢ ᠲᠡᠭᠦᠯᠳᠡᠷ ᠪᠣᠯᠭᠠᠵᠤ᠂ ᠭᠠᠵᠢᠭᠤ ᠰᠤᠷᠲᠠᠯ᠎ᠢ ᠳᠠᠯᠳᠠᠯᠠᠬᠤ ᠭᠠᠵᠠᠷ ᠦᠭᠡᠢ ᠪᠤᠯᠭᠠᠨ᠎ᠠ᠃ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠤᠢ ᠪᠣᠯᠭᠠᠵᠤ᠂ ᠲᠡᠳᠡᠭᠡᠷ ᠠᠵᠢᠯ ᠬᠢᠬᠦ᠌ ᠪᠤᠳᠤᠯ ᠳᠠᠢ᠂ ᠠᠵᠢᠯ ᠬᠢᠬᠦ᠌ ᠳᠤᠷᠠᠲᠠᠢ᠂ ᠦᠨᠡᠨ ᠬᠦ᠌ ᠠᠵᠢᠯ ᠬᠢᠵᠦ᠍᠂ ᠠᠵᠢᠯ ᠪᠦᠲᠦᠭᠡᠵᠦ᠍᠂ ᠤᠴᠢᠷ ᠶᠠᠪᠤᠳᠠᠯ ᠭᠠᠷᠭᠠᠬᠤ ᠦᠭᠡᠢ ᠺᠠᠳ᠋ᠷ᠎ᠢ ᠢᠯᠡᠷᠡᠭᠦᠯᠵᠦ᠍᠂ ᠲᠣᠮᠢᠯᠠᠨ ᠬᠡᠷᠡᠭ᠌ᠯᠡᠵᠦ᠍ ᠂ ᠵᠠᠪᠱᠢᠨ ᠳᠠᠯᠢᠮᠳᠠᠭᠤᠯᠬᠤ᠂ ᠵᠢᠩᠬᠢᠨᠢ ᠠᠵᠢᠯ᠎ᠢᠶᠠᠨ ᠬᠢᠬᠦ᠌ ᠦᠭᠡᠢ ᠺᠠᠳ᠋ᠷ᠎ᠢ ᠵᠠᠬ᠎ᠠ ᠳᠡᠯᠭᠡᠭᠦᠷ ᠦᠭᠡᠢ ᠪᠤᠯᠭᠠᠨ᠎ᠠ᠃


ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠳ᠋ᠢᠩ ᠺᠠᠶ᠄

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠬᠤ᠎ᠶ᠋ᠢ ᠪᠠᠷᠢᠮᠲᠠᠯᠠᠨ᠎ᠠ

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠮᠠᠨ᠎ᠤ ᠨᠠᠮ᠎ᠤᠨ ᠱᠢᠯᠢᠳᠡᠭ ᠤᠯᠠᠮᠵᠢᠯᠠᠯ ᠪᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠂ ᠪᠠᠰᠠ ᠴᠤ᠌ ᠱᠢᠨ᠎ᠡ ᠪᠠᠢᠳᠠᠯ ᠳᠣᠣᠷ᠎ᠠ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠦᠷᠨᠢᠬᠦᠯᠦᠭᠰᠡᠨ ᠨᠢ 《ᠤᠬ᠍ᠳᠤ ᠠᠭᠤᠴᠢᠯᠠᠬᠤ ᠦᠭᠡᠢ》 ᠣᠪᠣᠷ ᠎ᠢᠶᠠᠷ ᠢᠯᠵᠠᠷᠡᠯ ᠎ᠢ ᠵᠠᠯᠬᠠᠭᠠᠨ ᠵᠠᠰᠠᠬᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠢ ᠲᠠᠬᠢᠨ ᠴᠣᠭ᠍ᠴᠠᠯᠠᠬᠤ ᠡᠷᠡᠰ ᠪᠠᠲᠤ ᠵᠣᠷᠢᠭ ᠎ᠢ ᠭᠦᠢᠴᠡᠳ ᠢᠯᠡᠷᠡᠭᠦᠯᠵᠡᠢ᠃ ᠴᠢᠩᠱᠠᠨ ᠲᠣᠭᠣᠷᠢᠭ ᠴᠢᠩᠭ᠎ᠠ ᠪᠣᠳᠠᠲᠠᠶ᠂ ᠰᠡᠳᠬᠢᠯ ᠨᠢᠭᠡᠳᠡᠢ ᠬᠦᠴᠦᠯᠡᠬᠦ᠌ ᠎ᠶ᠋ᠢ ᠪᠠᠷᠢᠮᠲᠠᠯᠠᠵᠤ᠂ ᠬᠠᠲᠠᠭᠤ ᠴᠢᠩᠭ᠎ᠠ ᠤᠪᠤᠷ ᠰᠤᠷᠲᠠᠯ᠎ᠢᠶᠠᠷ ᠲᠥᠪᠯᠡᠷᠡᠭᠦᠯᠦᠨ ᠵᠠᠰᠠᠵᠤ ᠦᠨᠡᠨ᠎ᠬᠦ ᠪᠣᠳᠠᠲᠠᠶ ᠦᠷ᠎ᠡ ᠪᠦᠲᠦᠮᠵᠢ ᠤᠯᠬᠤ ᠎ᠶ᠋ᠢ ᠪᠠᠲᠤᠯᠠᠨ᠎ᠠ᠃

ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠢ ᠴᠢᠩᠳᠠᠯᠠᠵᠤ᠂ ᠪᠦᠬᠦ᠌ ᠣᠷᠣᠨ ᠎ᠤ ᠡᠯ᠎ᠡ ᠱᠠᠲᠤᠨ ᠎ᠤ ᠤᠳᠤᠷᠢᠳᠭᠤ ᠪᠠᠭ ᠎ᠤᠨ ᠨᠢᠭ᠍ᠲᠠᠷᠠᠯ ᠎ᠤᠨ ᠬᠦᠴᠦᠨ᠂ ᠲᠠᠢ᠌ᠴᠢᠨ ᠬᠦᠴᠦᠨ ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠤᠨ ᠲᠤᠬᠠᠢ ᠪᠠᠷᠢᠮᠵᠢᠶ᠎ᠠ᠎ᠨᠤᠭᠤᠳ》 ᠎ᠢ᠋ ᠲᠦᠷᠦᠭᠦᠯᠡᠨ ᠲᠤᠭᠤᠰᠢᠯᠠᠭᠤᠯᠵᠦ᠂ 《 ᠭᠤᠷᠪᠠᠨ ᠬᠤᠷᠠᠯ ᠨᠢᠭᠡ ᠬᠢᠴᠢᠶᠡᠯ 》᠂ ᠰᠡᠳᠭᠢᠯ ᠎ᠦᠨ ᠦᠭᠡ᠎ᠪᠡᠨ ᠶᠠᠷᠢᠬᠤ ᠵᠡᠷᠭᠡ ᠲᠦᠷᠢᠮ ᠎ᠢ ᠴᠢᠩᠭ᠎ᠠ ᠬᠡᠷᠡᠭ᠌ᠵᠢᠭᠦᠯᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠦᠩᠭᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠂ ᠲᠥᠪᠯᠡᠷᠡᠭᠦᠯᠦᠨ ᠵᠠᠰᠠᠬᠤ ᠠᠵᠢᠯ ᠎ᠤᠨ ᠦᠷ᠎ᠡ ᠪᠦᠲᠦᠮᠵᠢ ᠎ᠶ᠋ᠢ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠤᠨ ᠤᠯᠤᠰ ᠲᠦᠷᠦᠴᠢ ᠴᠢᠨᠠᠷ ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ ᠎ᠢ ᠴᠢᠩᠭᠠᠳᠬᠠᠬᠤ ᠦᠨᠡᠨ ᠪᠤᠳᠠᠳᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠤᠨ᠎ᠠ᠃ ᠨᠠᠮ᠎ᠤᠨ ᠳᠣᠲᠣᠭᠠᠳᠤ᠎ᠶ᠋ᠢᠨ ᠠᠷᠠᠳᠴᠢᠯᠠᠯ ᠎ᠢ ᠲᠦᠷᠦᠭᠦᠯᠡᠨ ᠭᠦᠢᠴᠡᠳ ᠪᠠᠳᠠᠷᠠᠭᠤᠯᠵᠤ᠂ ᠨᠠᠮ ᠎ᠤᠨ ᠤᠳᠤᠷᠢᠳᠤᠯᠭ᠎ᠠ ᠎ᠶ᠋ᠢ ᠪᠠᠷᠢᠮᠲᠠᠯᠠᠬᠤ᠂ ᠨᠠᠮ᠎ᠤᠨ ᠲᠥᠪᠯᠡᠷᠡᠯ ᠨᠢᠭᠡᠳᠦᠯ ᠎ᠢ ᠬᠠᠮᠠᠭᠠᠯᠠᠬᠤ ᠲᠣᠭ᠍ᠲᠠᠭᠠᠯ ᠨᠤᠭᠤᠳ ᠪᠠ ᠱᠠᠭᠠᠷᠳᠠᠯᠭ᠎ᠠ ᠎ᠶ᠋ᠢ ᠡᠷᠡᠰ ᠨᠠᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠠᠵᠢᠯ ᠎ᠤᠨ ᠳᠦᠷᠢᠮ ᠪᠠ ᠪᠠᠢᠩᠭᠤ ᠎ᠶ᠋ᠢᠨ ᠬᠣᠷᠢᠶᠠᠨ ᠎ᠤ ᠬᠡᠷᠡᠭ ᠵᠥᠪᠯᠡᠵᠦ᠍ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠳᠦᠷᠢᠮ ᠎ᠢ ᠴᠢᠩᠭ᠎ᠠ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠦᠪᠱᠢᠨ ᠎ᠢᠶᠡᠨ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃

ᠤᠯᠤᠰ ᠲᠥᠷᠥ ᠎ᠶ᠋ᠢᠨ ᠰᠠᠬᠢᠯᠭ᠎ᠠ ᠪᠠᠲᠤ ᠶᠣᠰᠣ ᠲᠦᠷᠢᠮ ᠎ᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠠᠮᠢ ᠠᠬᠤᠶ ᠎ᠶ᠋ᠢ ᠡᠷᠡᠰ ᠬᠠᠮᠠᠭᠠᠯᠠᠨ᠎ᠠ᠃ ᠨᠠᠮ ᠎ᠤᠨ ᠤᠯᠤᠰ ᠲᠥᠷᠥ ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ ᠎ᠶ᠋ᠢᠨ ᠶᠣᠰᠣ ᠲᠦᠷᠢᠮ ᠎ᠢ ᠲᠡᠷᠢᠭᠦᠨ ᠎ᠳᠦ ᠲᠠᠯᠪᠢᠵᠤ᠂ ᠨᠠᠵᠠᠭᠠᠢ ᠲᠠᠯ᠎ᠠ ᠎ᠶ᠋ᠢᠨ ᠨᠡᠢᠲᠡᠯᠢᠭ ᠬᠡᠷᠡᠭ ᠎ᠦᠨ ᠵᠢᠱ᠌ᠢᠶ᠎ᠡ᠎ᠪᠡᠷ ᠲᠣᠯᠢ ᠪᠣᠯᠭᠠᠨ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠵᠦ᠍᠂ ᠤᠯᠤᠰ ᠲᠥᠷᠥ ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ ᠎ᠶ᠋ᠢᠨ ᠶᠣᠰᠣ ᠲᠦᠷᠢᠮ ᠪᠣᠯ ᠬᠦᠨᠳᠡᠵᠦ ᠪᠤᠯᠤᠰᠢ ᠦᠭᠡᠢ ᠬᠠᠲᠠᠭᠤ ᠶᠣᠰᠣ ᠲᠦᠷᠢᠮ ᠮᠥᠨ ᠭᠡᠳᠡᠭ ᠎ᠢ ᠮᠡᠳᠡᠷᠡᠬᠦᠯᠵᠦ᠂ ᠥᠷᠭᠡᠨ ᠣᠯᠠᠨ ᠨᠠᠮ ᠎ᠤᠨ ᠭᠡᠱᠢᠭᠦᠨ ᠺᠠᠳ᠋ᠷ᠎ᠢ ᠰᠡᠳᠭᠢᠯ᠎ᠦᠨ ᠣᠭ᠎ᠠᠴᠠ᠎ᠪᠠᠨ ᠨᠠᠮ ᠎ᠤᠨ ᠲᠣᠭ᠍ᠲᠠᠭᠠᠯ ᠨᠠᠮ ᠎ᠤᠨ ᠰᠠᠬᠢᠯᠭ᠎ᠠ ᠪᠠᠲᠤ᠎ᠪᠡᠷ 《ᠥᠨᠳᠥᠷ ᠬᠦᠴᠦᠳᠡᠯᠲᠦ ᠴᠠᠬᠢᠯᠭᠠᠨ ᠤᠳᠠᠰᠤ》 ᠪᠣᠯᠭᠠᠬᠤ᠎ᠶᠢ ᠬᠦᠳᠦᠯᠦᠨ ᠵᠢᠯᠣᠭᠣᠳᠤᠨ᠎ᠠ᠃ 《ᠨᠢᠭᠡᠳᠦᠭᠡᠷ ᠭᠠᠷ》 ᠪᠠ ᠭᠣᠣᠯᠳᠠᠯᠭ᠎ᠠ᠎ᠲᠠᠶ ᠬᠦᠷᠢᠶ᠎ᠡ᠂ ᠭᠣᠣᠯᠳᠠᠯᠭ᠎ᠠ᠎ᠲᠠᠶ ᠠᠵᠢᠯ᠎ᠤᠨ ᠪᠠᠢᠷᠢ᠂ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠠᠬᠢ ᠬᠢᠨᠠᠯᠲᠠ ᠎ᠶ᠋ᠢ ᠲᠣᠪᠣᠢ᠌ᠯᠭᠠᠨ ᠰᠠᠢᠲᠤᠷ ᠠᠳᠭᠤᠵᠤ᠂ ᠲᠥᠪ ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠎ᠤ ᠠᠳᠠᠯᠢ ᠱᠠᠲᠤᠨ᠎ᠤ ᠬᠢᠨᠠᠯᠲᠠ ᠲᠠᠯᠪᠢᠬᠤ ᠲᠤᠷᠱᠢᠯᠲᠠ᠎ᠶ᠋ᠢᠨ ᠠᠵᠢᠯ ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠎ᠶ᠋ᠢ ᠠᠬᠢᠭᠤᠯᠤᠨ᠎ᠠ᠃ ᠲᠦᠷᠢᠮ ᠎ᠦᠨ ᠬᠢᠵᠠᠭᠠᠷᠯᠠᠯ᠎ᠤᠨ 《 ᠴᠢᠩᠭᠠᠯᠠᠬᠤ ᠲᠠᠷᠨᠢ》 ᠪᠣᠯᠤᠨ ᠵᠥᠪ ᠴᠢᠭ᠌ᠯᠡᠯ ᠎ᠢᠶᠡᠷ ᠤᠷᠮᠠᠱᠢᠭᠤᠯᠬᠤ 《 ᠲᠦᠷᠭᠡᠳᠭᠡᠭᠦᠷ 》᠎ᠢ᠋ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠡᠷᠡᠭ᠌ᠯᠡᠬᠦ᠌ ᠎ᠶ᠋ᠢ ᠪᠠᠷᠢᠮᠲᠠᠯᠠᠵᠤ᠂ ᠲᠡᠷᠢᠭᠦᠨ ᠎ᠦ᠎ᠬᠢ᠎ᠶ᠋ᠢ ᠵᠣᠷᠢᠭ᠍ᠵᠢᠭᠤᠯᠵᠤ᠂ ᠬᠣᠴᠣᠷᠤᠩᠭᠤᠢ ᠎ᠶ᠋ᠢ ᠱᠠᠭᠠᠷᠳᠠᠨ᠂ ᠪᠦᠬᠦ᠌ ᠣᠷᠣᠨ᠎ᠤ ᠺᠠᠳ᠋ᠷᠴᠤᠳ ᠴᠠᠭ᠎ᠢ ᠠᠮᠵᠢᠨ ᠲᠡᠷᠢᠭᠦᠨ᠎ᠦ᠎ᠬᠢ ᠪᠣᠯᠬᠤ᠎ᠪᠠᠷ ᠴᠢᠷᠮᠠᠢᠬᠤ ᠰᠠᠢᠨ ᠰᠠᠢᠬᠠᠨ ᠪᠠᠢᠳᠠᠯ᠎ᠢ ᠪᠣᠯᠭᠠᠨ᠎ᠠ᠃

ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠍ ᠴᠢᠳᠠᠮᠠᠭᠠᠶ᠎ᠪᠠᠷ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ ᠎ᠤ ᠡᠯ᠎ᠡ ᠵᠦᠶ᠋ᠯ ᠎ᠦᠨ ᠠᠵᠢᠯ ᠎ᠢ ᠪᠥᠬᠥ᠌ ᠬᠦᠴᠦᠨ ᠎ᠢᠶᠡᠷ ᠎ᠢᠶᠡᠨ ᠰᠠᠢᠲᠤᠷ ᠠᠳᠭᠤᠨ᠎ᠠ᠃ ᠪᠣᠳᠠᠲᠠᠶ ᠠᠵᠢᠯᠯᠠᠵᠤ᠂ ᠡᠮᠦᠨ᠎ᠡ ᠡᠩᠨᠡᠭᠡᠨ ᠎ᠳᠦ ᠬᠤᠰᠢᠭᠤᠷᠠᠬᠤ᠎ᠶ᠋ᠢ ᠪᠠᠷᠢᠮᠲᠠᠯᠠᠵᠤ᠂ ᠪᠥᠬᠥ᠌ ᠣᠷᠣᠨ ᠳᠠᠶᠠᠭᠠᠷ ᠎ᠢ ᠪᠦᠯᠬᠦᠮᠳᠡᠭᠦᠯᠦᠨ ᠳᠠᠭᠠᠭᠤᠯᠵᠤ᠂ 《ᠲᠤᠯᠤᠭᠠᠨ ᠱᠢᠨ᠎ᠡ ᠴᠢᠩᠱᠠᠨ》 ᠎ᠢ᠋ ᠪᠥᠲᠥᠭᠡᠨ ᠪᠠᠢᠭᠤᠯᠬᠤ ᠲᠡᠮᠡᠴᠡᠬᠦ᠌ ᠬᠠᠷᠠᠯᠲᠠ ᠎ᠶ᠋ᠢᠨ ᠲᠣᠭᠣᠷᠢᠨ᠎ᠳᠤ᠂ ᠴᠥᠬᠥᠷᠡᠰᠢ ᠥᠬᠡᠶ ᠪᠡᠷ ᠰᠤᠷᠲᠠᠯ ᠎ᠢᠶᠠᠨ ᠰᠠᠢᠵᠢᠷᠠᠭᠤᠯᠵᠤ᠂ ᠰᠤᠷᠲᠠᠯ ᠎ᠢᠶᠠᠨ ᠬᠤᠪᠢᠷᠠᠭᠤᠯᠵᠤ᠂ ᠱᠢᠨ᠎ᠡ ᠰᠤᠷᠲᠠᠯ ᠎ᠢ ᠪᠣᠶ ᠪᠣᠯᠭᠠᠵᠤ᠂ ᠰᠠᠢᠨ ᠰᠠᠢᠬᠠᠨ ᠤᠯᠤᠰ ᠲᠥᠷᠥ ᠎ᠶ᠋ᠢᠨ ᠠᠮᠢ ᠠᠬᠤᠶ᠎ᠪᠠᠷ ᠠᠵᠤ ᠠᠬᠤᠶ ᠨᠡᠢᠭᠡᠮ ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ 《ᠬᠠᠮᠠᠭᠠᠯᠠᠨ᠎ᠠ》᠃ ᠪᠥᠬᠥ᠌ ᠬᠣᠲᠠ ᠎ᠶ᠋ᠢᠨ ᠰᠤᠷᠲᠠᠯ ᠎ᠤᠨ ᠪᠠᠢᠭᠤᠯᠤᠯᠲᠠ ᠎ᠶ᠋ᠢ ᠴᠢᠩᠭᠠᠳᠭᠠᠬᠤ ᠦᠶ᠋ᠯᠡᠳᠦᠯᠭᠡ ᠎ᠶ᠋ᠢᠨ ᠠᠵᠢᠯᠯᠠᠭ᠎ᠠ᠎ᠲᠠᠶ ᠤᠶᠠᠯᠳᠤᠭᠤᠯᠤᠨ᠂ 《ᠠᠵᠤ ᠠᠬᠤᠢᠯᠠᠯ᠎ᠠᠴᠠ ᠬᠡᠷᠡᠭ᠌ᠴᠡᠭᠡ ᠱᠠᠭᠠᠷᠳᠠᠯᠭ᠎ᠠ᠎ᠶ᠋ᠢ ᠠᠰᠠᠭᠤᠵᠤ᠂ ᠣᠯᠠᠨ ᠲᠦᠮᠡᠨ᠎ᠡᠴᠡ ᠬᠦᠰᠡᠯ ᠱᠠᠭᠠᠷᠳᠠᠯᠭ᠎ᠠ ᠠᠰᠠᠭᠤᠬᠤ》 ᠲᠤᠰᠭᠠᠶ ᠠᠵᠢᠯᠯᠠᠭ᠎ᠠ ᠎ᠶ᠋ᠢ ᠶᠡᠬᠡ ᠪᠡᠷ ᠥᠷᠨᠢᠭᠦᠯᠵᠦ᠍᠂ ᠠᠵᠤ ᠠᠬᠤᠶ ᠎ᠶ᠋ᠢᠨ ᠠᠵᠢᠯᠯᠠᠭᠠᠨ ᠎ᠤ ᠲᠣᠬᠢᠷᠠᠭᠤᠯᠤᠯᠲᠠ ᠎ᠶ᠋ᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠎ᠢ ᠳᠠᠬᠢᠨ ᠪᠣᠶ ᠪᠣᠯᠭᠠᠨ ᠱᠢᠯᠢᠳᠡᠭ᠌ᠵᠢᠭᠦᠯᠵᠦ᠍᠂ ᠨᠢᠭᠡ ᠠᠵᠤ ᠦᠶ᠋ᠯᠡᠰ ᠨᠢᠭᠡ ᠠᠷᠭ᠎ᠠ ᠪᠣᠳᠣᠯᠭ᠎ᠠ᠎ᠪᠠᠷ ᠠᠵᠤ ᠦᠶ᠋ᠯᠡᠰ ᠎ᠢ ᠲᠠᠰ ᠳᠡᠪᠱᠢᠭᠦᠯᠵᠦ᠍᠂ ᠪᠥᠬᠥ᠌ ᠣᠷᠣᠨ ᠎ᠤ ᠡᠯ᠎ᠡ ᠵᠦᠶ᠋ᠯ ᠎ᠦᠨ ᠠᠵᠢᠯ ᠎ᠤᠨ ᠳᠠᠬᠢᠨ ᠱᠢᠨ᠎ᠡ ᠳᠡᠭ᠌ᠲᠡᠷ ᠲᠸ᠋ ᠭᠠᠷᠬᠤ ᠎ᠶ᠋ᠢ ᠳᠥᠯᠭᠢᠨ ᠠᠬᠢᠭᠤᠯᠤᠨ᠎ᠠ᠃


ᠬᠥᠯᠥᠨ ᠪᠤᠢ᠌ᠷ ᠬᠤᠳᠠ᠎ᠶ᠋ᠢᠨ ᠶᠠᠭ᠍ᠰᠢ ᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠯᠤᠸᠠᠨ ᠶᠦᠩ ᠭᠠᠩ᠄

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠵᠤ ᠨᠠᠮ᠎ᠢ ᠴᠢᠩᠭ᠎ᠠ ᠵᠠᠰᠠᠬᠤ ᠦᠨᠳᠦᠰᠦ ᠰᠠᠭᠤᠷᠢ᠎ᠶ᠋ᠢ ᠪᠡᠬᠢᠵᠢᠭᠦᠯᠦᠨ᠎ᠡ

ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠭᠦᠨᠵᠡᠭᠡᠢᠷᠡᠭᠦᠯᠦᠨ ᠬᠦᠭᠵᠢᠬᠦᠯᠬᠦ ᠵᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠪᠦᠬᠦ᠌ ᠲᠠᠯ᠎ᠠ᠎ᠪᠠᠷ ᠡᠷᠡᠭᠦᠯ ᠪᠥᠭᠡᠳ ᠵᠢᠷᠤᠮᠵᠢᠯ᠎ᠲᠠᠶ ᠵᠠᠮ᠎ᠳᠦ ᠤᠷᠤᠭᠤᠯᠬᠤ ᠵᠢ ᠲᠦᠷᠬᠡᠳᠬᠡᠨ ᠠᠬᠢᠭᠤᠯᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ ᠡᠨᠡ ᠨᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠢᠨᠠᠭ᠍ᠰᠢᠳᠠ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠤ᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠭ᠍ᠰᠠᠨ ᠪᠠᠢᠨ᠎ᠠ᠃

ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠦᠵᠡᠯ ᠰᠠᠨᠠᠭᠠᠨ᠎ᠤ ᠲᠠᠯ᠎ᠠ᠎ᠶ᠋ᠢᠨ《ᠶᠡᠷᠦᠩᠬᠡᠢ ᠨᠡᠭᠡᠭᠡᠯᠭᠡ》 ᠪᠡᠨ ᠴᠢᠩᠭᠠᠯᠠᠬᠤ ᠬᠡᠷᠡᠭ᠌ᠲᠡᠢ᠃ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠲᠤᠭ ᠲᠡᠮᠳᠡᠭ᠎ᠦᠨ ᠠᠰᠠᠭᠤᠳᠠᠯ᠂ ᠰᠦᠭ ᠰᠦᠨᠡᠰᠦ᠎ᠶ᠋ᠢᠨ ᠠᠰᠠᠭᠤᠳᠠᠯ ᠮᠥᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ ᠦᠵᠡᠯ ᠰᠠᠨᠠᠭᠠᠨ᠎ᠤ《ᠶᠡᠷᠦᠩᠬᠡᠢ ᠨᠡᠭᠡᠭᠡᠯᠭᠡ》 ᠮᠥᠨ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠢᠮᠠᠭ᠍ᠲᠠ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠤᠨᠤᠯ᠎ᠢᠶᠠᠷ ᠵᠡᠪᠰᠡᠭ᠌ᠯᠡᠬᠦ᠌᠎ᠶ᠋ᠢ ᠴᠥᠬᠥᠷᠡᠰᠢ ᠦᠭᠡᠢ ᠴᠢᠩᠭᠠᠳᠭᠠᠵᠤ᠂ ᠴᠥᠬᠥᠷᠡᠰᠢ ᠦᠭᠡᠢ《ᠺᠠᠯᠼ ᠨᠥᠬᠥᠪᠥᠷᠢᠯᠡᠵᠦ᠍ ᠶᠠᠰᠤ᠎ᠪᠠᠨ ᠴᠢᠭᠢᠷᠠᠭ᠍ᠵᠢᠭᠤᠯᠬᠤ》 ᠬᠡᠷᠡᠭ᠌ᠲᠡᠢ᠃ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠮᠲᠤ᠎ᠶ᠋ᠢᠨ ᠬᠦᠰᠡᠯᠡᠩ᠎ᠢ ᠦᠶ᠋ᠯᠡᠳᠦᠯᠭᠡᠵᠢᠭᠦᠯᠬᠦ᠌ ᠪᠠ ᠡᠪ ᠬᠠᠮᠲᠤ ᠶᠣᠰᠣᠨ᠎ᠤ ᠠᠯᠤᠰ ᠬᠡᠲᠦ᠍᠎ᠶ᠋ᠢᠨ ᠬᠦᠰᠡᠯᠡᠩ᠎ᠢ ᠪᠠᠲᠤᠳᠭᠠᠬᠤ᠎ᠶ᠋ᠢ ᠨᠢᠭᠡᠳᠭᠡᠵᠦ᠍᠂ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ᠎ᠶ᠋ᠢᠨ ᠶᠣᠰᠣ ᠲᠦᠷᠢᠮ᠎ᠢ ᠴᠢᠩᠭ᠎ᠠ ᠵᠢᠷᠤᠮᠯᠠᠨ᠂ 《ᠬᠣᠶᠠᠷ᠎ᠢ ᠲᠣᠭ᠍ᠲᠠᠭᠠᠭᠰᠠᠨ》 ᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃

ᠠᠴᠢᠶᠠᠯᠠᠪᠤᠷᠢ᠎ᠶ᠋ᠢᠨ ᠦᠶ᠋ᠯᠡᠳᠦᠯ᠎ᠢ ᠳᠣᠪᠣᠢᠯᠭᠠᠵᠤ᠂ ᠤᠯᠤᠰ ᠲᠥᠷᠥ᠎ᠶ᠋ᠢᠨ ᠠᠮᠢᠳᠤᠷᠠᠯ᠎ᠤᠨ 《ᠲᠡᠮᠦᠷ ᠱᠢᠩᠭᠡᠯᠢᠭ》 ᠢ᠋ ᠪᠡᠬᠢᠯᠡᠬᠦ ᠬᠡᠷᠡᠭᠳᠡᠢ᠃ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠴᠢᠬᠤᠯᠠ ᠠᠭᠤᠯᠭ᠎ᠠ ᠪᠠ ᠠᠴᠢᠶᠠᠯᠠᠭ᠍ᠴᠢ ᠮᠥᠨ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠮ᠎ᠤᠨ ᠭᠡᠱᠢᠭᠦᠳ᠎ᠢ ᠬᠥᠮᠦᠵᠢᠭᠦᠯᠬᠦ᠌᠂ ᠬᠠᠮᠢᠶᠠᠷᠬᠤ ᠪᠠ ᠲᠡᠳᠡᠨ᠎ᠳᠦ ᠬᠢᠨᠠᠯᠲᠠ ᠲᠠᠯᠪᠢᠬᠤ ᠴᠢᠬᠤᠯᠠ ᠬᠡᠯᠪᠡᠷᠢ ᠮᠥᠨ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠡᠷᠬᠡᠪᠰᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠴᠢᠨᠠᠭᠰᠢᠲᠠ ᠵᠢᠷᠤᠮᠵᠢᠭᠤᠯᠬᠤ ᠬᠡᠷᠡᠭ᠌ᠲᠡᠢ᠃ 《ᠭᠤᠷᠪᠠᠨ ᠬᠤᠷᠠᠯ ᠨᠢᠭᠡ ᠬᠢᠴᠢᠶᠡᠯ》᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠣᠯᠤᠨ ᠰᠡᠳᠭᠢᠯ ᠎ᠦᠨ ᠦᠭᠡ᠎ᠪᠡᠨ ᠶᠠᠷᠢᠯᠴᠠᠬᠤ᠂ ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ᠌ ᠵᠡᠷᠭᠡ ᠲᠦᠷᠢᠮ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠭᠣᠣᠯ ᠰᠡᠳᠦᠪᠲᠦ ᠨᠠᠮ᠎ᠤᠨ ᠡᠳᠦᠷ᠂ ᠨᠠᠮ᠎ᠤᠨ ᠭᠡᠱᠢᠭᠦᠨ᠎ᠦ ᠠᠵᠢᠯᠯᠠᠭ᠎ᠠ᠎ᠶ᠋ᠢᠨ ᠡᠳᠦᠷ ᠵᠡᠷᠭᠡ ᠠᠵᠢᠯᠯᠠᠭ᠎ᠠ᠎ᠶ᠋ᠢᠨ ᠱᠢᠨ᠎ᠡ᠎ᠶ᠋ᠢ ᠡᠭᠦᠳᠦᠨ ᠥᠷᠨᠢᠭᠦᠯᠵᠦ᠍᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠦ ᠥᠪᠡᠷ᠎ᠦᠨ ᠬᠦᠴᠦᠨ᠎ᠳᠡᠭᠡᠨ ᠲᠦᠱᠢᠭ᠌ᠯᠡᠨ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠠᠵᠢᠯ᠎ᠢᠶᠠᠨ ᠰᠠᠢᠵᠢᠷᠠᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠦᠨᠳᠦᠰᠦᠨ᠎ᠡᠴᠡ ᠨᠢ ᠴᠡᠭ᠌ᠴᠡᠯᠡᠨ ᠵᠠᠰᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠱᠢᠯᠢᠳᠡᠭ ᠤᠯᠠᠮᠵᠢᠯᠠᠯ᠎ᠢ ᠵᠠᠯᠭᠠᠮᠵᠢᠯᠠᠬᠤ ᠮᠥᠷᠲᠡᠭᠡᠨ ᠪᠠᠰᠠ ᠴᠠᠭ ᠦᠶ᠎ᠡ ᠲᠡᠶ ᠵᠡᠷᠭᠡ᠎ᠪᠡᠷ ᠤᠷᠤᠭ᠍ᠰᠢᠯᠠᠵᠤ᠂ ᠨᠠᠮ᠎ᠤᠨ ᠭᠡᠱᠢᠭᠦᠨ᠎ᠦ ᠦᠵᠡᠯ ᠰᠠᠨᠠᠭᠠᠨ᠎ᠤ ᠬᠥᠳᠡᠯᠦᠯ ᠪᠠᠢᠳᠠᠯ᠎ᠢ ᠶᠡᠷᠦᠩᠬᠡᠢᠯᠡᠨ ᠰᠤᠳᠤᠯᠤᠨ ᠮᠠᠭᠠᠳᠯᠠᠬᠤ᠎ᠶ᠋ᠢ ᠴᠢᠩᠭᠠᠳᠭᠠᠨ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠠᠭᠤᠯᠭ᠎ᠠ ᠬᠡᠯᠪᠡᠷᠢ᠂ ᠠᠷᠭ᠎ᠠ ᠵᠠᠮ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠡᠯ᠎ᠡ ᠵᠦᠢᠯ᠎ᠦᠨ ᠬᠡᠯᠪᠡᠷᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠴᠥᠮ ᠮᠥᠨ ᠴᠢᠨᠠᠷ᠎ᠤᠨ ᠠᠭᠤᠯᠭ᠎ᠠ ᠪᠠ ᠪᠣᠳᠠᠲᠤ ᠦᠷ᠎ᠡ ᠪᠦᠲᠦᠮᠵᠢ᠎ᠲᠡᠶ ᠪᠣᠯᠭᠠᠨ᠎ᠠ᠃

ᠵᠠᠩᠭᠢᠯᠠᠭ᠎ᠠ᠎ᠶ᠋ᠢᠨ ᠴᠥᠭᠡᠨ ᠲᠣᠭᠠᠲᠠᠨ᠎ᠢ ᠴᠢᠩᠭ᠎ᠠ ᠠᠩᠬᠠᠷᠴᠤ᠌᠂ ᠨᠠᠮ᠎ᠢ ᠴᠢᠩᠭ᠎ᠠ ᠵᠠᠰᠠᠬᠤ 《ᠬᠠᠯᠬᠠᠪᠴᠢ ᠬᠡᠷᠡᠮ》 ᠎ᠢ᠋ ᠪᠠᠲᠤ ᠴᠣᠭ᠍ᠴᠠᠯᠠᠬᠤ ᠬᠡᠷᠡᠭ᠌ᠲᠡᠢ᠃ ᠲᠥᠪ᠎ᠦᠨ ᠨᠠᠢ᠍ᠮᠠᠨ ᠲᠣᠭ᠍ᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ᠋ ᠲᠥᠪᠯᠡᠷᠡᠭᠦᠯᠦᠨ ᠵᠠᠰᠠᠬᠤ《ᠬᠡᠷᠡᠭ᠌ᠵᠢᠭᠦᠯᠬᠦ᠌ ᠲᠥᠰᠦᠯ》᠂ ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠣᠷᠢᠶᠠᠨ ᠤ᠋ 《ᠦᠵᠡᠯᠲᠡ᠎ᠪᠡᠨ ᠬᠤᠪᠢᠷᠠᠭᠤᠯᠬᠤ᠂ ᠰᠤᠷᠲᠠᠯ᠎ᠢᠶᠠᠨ ᠴᠢᠩᠭᠠᠳᠭᠠᠬᠤ᠂ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠂ ᠨᠠᠢᠳᠠᠪᠤᠷᠢᠵᠢᠭᠤᠯᠤᠯᠲᠠ᠎ᠶ᠋ᠢ ᠴᠢᠬᠤᠯᠠᠴᠢᠯᠠᠬᠤ᠂ ᠲᠦᠷᠢ ᠲᠥᠷᠬᠦ᠌᠎ᠶ᠋ᠢ ᠱᠤᠭᠤᠬᠤ》 ᠰᠤᠷᠤᠯᠴᠠᠯᠭ᠎ᠠ ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠪᠣᠳᠠᠲᠠᠢ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠤ᠋ ᠦᠢᠯᠡᠳᠦᠯ᠎ᠢ ᠭᠦᠢᠴᠡᠳ ᠪᠠᠳᠠᠷᠠᠭᠤᠯᠤᠨ᠂ ᠤᠬᠠᠮᠰᠠᠷ᠎ᠠᠴᠠ᠎ᠪᠠᠨ《ᠲᠤᠯᠤᠭᠠᠨ ᠪᠠᠢᠬᠤ》 ᠲᠠᠢ ᠬᠠᠷᠭᠤᠭᠤᠯᠤᠨ ᠲᠤᠰ ᠪᠡᠶ᠎ᠡ᠎ᠶ᠋ᠢᠨ ᠠᠰᠠᠭᠤᠳᠠᠯ᠎ᠢᠶᠠᠨ ᠡᠷᠢᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠡᠯ᠎ᠡ ᠵᠦᠢᠯ᠎ᠦᠨ ᠱᠠᠭᠠᠷᠳᠠᠯᠭ᠎ᠠ᠎ᠶ᠋ᠢ ᠪᠣᠳᠠᠲᠠᠢ ᠠᠵᠢᠯ ᠎ᠳᠠᠭᠠᠨ ᠨᠠᠢᠳᠠᠪᠤᠷᠢᠵᠢᠭᠤᠯᠵᠤ᠂ ᠳᠡᠭᠡᠷ᠎ᠠ ᠱᠠᠳᠤ ᠨᠢ ᠲᠤᠤᠷ᠎ᠠ ᠱᠠᠳᠤ᠎ᠪᠠᠨ ᠳᠠᠭᠠᠭᠤᠯᠬᠤ᠂ ᠵᠢᠱ᠌ᠢᠢ᠎ᠡ ᠦᠵᠡᠭᠦᠯᠦᠨ ᠬᠦᠳᠦᠯᠥᠨ ᠳᠠᠭᠠᠭᠤᠯᠬᠤ ᠡᠨᠡ ᠬᠦ᠌ ᠠᠵᠢᠯ᠎ᠤᠨ ᠠᠷᠭ᠎ᠠ᠎ᠶ᠋ᠢ ᠪᠠᠷᠢᠮᠲᠠᠯᠠᠵᠤ᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠢ ᠲᠠᠢ᠌ᠴᠢᠯᠠᠨ ᠬᠠᠮᠲᠤ᠎ᠪᠠᠷ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠤᠯᠭᠠᠨ᠎ᠠ᠃


ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠼᠠᠢ ᠪᠦᠦ ᠵᠢᠶᠦ᠋ᠨ ᠄

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠵᠤ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠦᠨ ᠱᠢᠯᠢᠳᠡᠭ᠌ᠵᠢᠭᠦᠯᠦᠨ᠎ᠡ

ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠨᠢ ᠪᠢᠳᠡᠨ᠎ᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠭ᠍ᠰᠠᠨ ᠪᠠᠢᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ᠌ ᠣᠷᠣᠨ᠎ᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠬᠣᠯᠪᠣᠭ᠍ᠳᠠᠯ ᠪᠦᠬᠦᠢ ᠠᠵᠢᠯ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠵᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠵᠢ ᠬᠦᠨᠵᠡᠭᠡᠢᠷᠡᠬᠦᠯᠦᠨ ᠬᠦᠭᠵᠢᠬᠦᠯᠬᠦ ᠵᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠨ ᠠᠳᠭᠤᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠡᠢ᠌ᠴᠢᠠ ᠴᠢᠨᠠᠷ ᠢ᠋ ᠦᠨᠡᠨ ᠬᠦ᠌ ᠴᠢᠩᠭᠠᠳᠬᠠᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠨ᠎ᠠ᠃

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠦᠵᠡᠯ ᠰᠠᠨᠠᠭᠠᠨ᠎ᠤ ᠬᠥᠮᠦᠵᠢᠯ ᠪᠠ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠬᠤ ᠪᠣᠯ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠤᠨ ᠲᠡᠷᠢᠭᠦᠨ ᠴᠢᠬᠤᠯᠠ ᠡᠭᠦᠷᠭᠡ ᠮᠥᠨ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠬᠤ᠎ᠶ᠋ᠢ ᠵᠠᠪᠠᠯ ᠰᠤᠷᠬᠤ ᠬᠢᠴᠢᠶᠡᠯ᠂ ᠪᠠᠢᠩᠭᠤ ᠰᠤᠷᠬᠤ ᠬᠢᠴᠢᠶᠡᠯ᠂ ᠨᠠᠰᠤᠨ ᠲᠤᠷᠱᠢᠳᠠ᠎ᠶ᠋ᠢᠨ ᠬᠢᠴᠢᠶᠡᠯ ᠪᠣᠯᠭᠠᠵᠤ ᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠤᠨᠤᠯ᠎ᠢᠶᠠᠷ ᠲᠠᠷᠢᠬᠢ ᠲᠣᠯᠣᠭᠠᠢ᠎ᠪᠠᠨ ᠲᠠᠰᠤᠷᠠᠯᠳᠠ ᠦᠭᠡᠢ ᠵᠡᠪᠰᠡᠭ᠌ᠯᠡᠵᠦ᠍ ᠂ ᠦᠢᠯᠡᠳᠦᠯᠭᠡ᠎ᠪᠡᠨ ᠵᠢᠯᠤᠭᠤᠳᠤᠭᠤᠯᠵᠤ ᠂ ᠠᠵᠢᠯ᠎ᠢᠶᠠᠨ ᠠᠬᠢᠭᠤᠯᠬᠤ ᠬᠡᠷᠡᠭ᠌ᠲᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍ ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨ ᠲᠤᠷᠱᠢᠯᠭ᠎ᠠ᠎ᠶ᠋ᠢ ᠭᠦᠨᠵᠡᠭᠡᠢ ᠣᠢᠯᠠᠭᠠᠵᠤ᠂ 《ᠬᠣᠶᠠᠷ᠎ᠢ ᠲᠣᠭ᠍ᠲᠠᠭᠠᠭᠰᠠᠨ》 ᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠤᠯᠤᠰ ᠲᠦᠷᠦ᠍᠎ᠶ᠋ᠢᠨ ᠵᠣᠭ᠍ᠰᠣᠯᠲᠠ᠎ᠪᠠᠨ ᠪᠠᠲᠤᠳᠭᠠᠵᠤ ᠂ ᠵᠥᠪ ᠪᠤᠷᠤᠭᠤ᠎ᠶ᠋ᠢᠨ ᠵᠠᠭᠠᠭ ᠱᠤᠭᠤᠮ᠎ᠢ ᠲᠣᠳᠣᠷᠬᠠᠢ ᠢᠯᠭᠠᠵᠤ ᠂ ᠪᠤᠷᠤᠭᠤ ᠦᠵᠡᠯ ᠰᠠᠨᠠᠭᠠᠨ᠎ᠤ ᠨᠡᠪᠴᠢᠯᠳᠡ ᠶ᠋ᠢ ᠡᠷᠡᠰ ᠡᠰᠡᠷᠭᠦᠴᠡᠨ᠎ᠠ᠃

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠎ᠳᠤ ᠰᠠᠬᠢᠯᠭ᠎ᠠ ᠪᠠᠲᠤ ᠶᠣᠰᠣ ᠲᠦᠷᠢᠮ᠎ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠪᠦᠬᠦ᠌ ᠨᠠᠮ᠎ᠤᠨ ᠭᠡᠱᠢᠭᠦᠨ ᠺᠠᠳ᠋ᠷ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠢ᠋ ᠲᠡᠷᠡ ᠶᠣᠰᠣᠭᠠᠷ ᠨᠢ ᠨᠠᠢᠳᠠᠪᠤᠷᠢᠵᠢᠭᠤᠯᠵᠤ᠂ ᠰᠠᠬᠢᠯᠭ᠎ᠠ ᠪᠠᠲᠤ᠎ᠶ᠋ᠢᠨ ᠤᠬᠠᠮᠰᠠᠷ ᠂ ᠶᠣᠰᠣ ᠲᠦᠷᠢᠮ᠎ᠦᠨ ᠤᠬᠠᠮᠰᠠᠷ ᠂ ᠬᠠᠷᠢᠭᠤᠴᠠᠯᠭ᠎ᠠ᠎ᠶ᠋ᠢᠨ ᠤᠬᠠᠮᠰᠠᠷ᠎ᠢᠶᠠᠨ ᠰᠠᠨᠠᠭᠠᠴᠢᠯᠠᠭ᠎ᠠ ᠡᠴᠨ ᠎ᠪᠠᠨ ᠴᠢᠩᠭᠠᠳᠭᠠᠵᠤ ᠂ ᠪᠠᠷᠢᠮᠵᠢᠶ᠎ᠠ ᠪᠣᠯᠤᠨ ᠨᠠᠮ᠎ᠤᠨ ᠡᠯ᠎ᠡ ᠵᠦᠢᠯ᠎ᠦᠨ ᠲᠣᠭ᠍ᠲᠠᠭᠠᠯ᠎ᠢ ᠴᠢᠩᠭ᠎ᠠ ᠵᠢᠷᠤᠮᠯᠠᠨ ᠠᠵᠢᠯᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠎ᠳᠤ ᠨᠠᠮ᠎ᠤᠨ ᠬᠤᠷᠢᠶ᠎ᠠ (ᠨᠠᠮ᠎ᠤᠨ ᠤᠨᠤᠯ ᠰᠤᠷᠤᠯᠴᠠᠬᠤ ᠭᠤᠤᠯ ᠳᠤᠭᠤᠢᠯᠠᠩ ) ᠵᠢᠨ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠬᠦᠢᠴᠡᠳᠬᠡᠬᠦ ᠬᠡᠷᠡᠭᠳᠡᠢ᠃ ᠨᠠᠮ᠎ᠤᠨ ᠬᠤᠷᠢᠶ᠎ᠠ (ᠨᠠᠮ᠎ᠤᠨ ᠤᠨᠤᠯ ᠰᠤᠷᠤᠯᠴᠠᠬᠤ ᠭᠤᠤᠯ ᠳᠤᠭᠤᠢᠯᠠᠩ)ᠤᠯᠤᠰ ᠲᠦᠷᠦ᠍᠎ᠶ᠋ᠢᠨ ᠵᠣᠭ᠍ᠰᠣᠴᠠ ᠪᠠ ᠤᠯᠤᠰ ᠲᠦᠷᠦ᠍᠎ᠶ᠋ᠢᠨ ᠤᠬᠠᠮᠰᠠᠷ᠎ᠢᠶᠠᠨ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠢ ᠨᠥᠯᠥᠭᠡᠯᠡᠬᠦ᠌ ᠲᠤᠪᠤᠢ᠌ᠮ᠎ᠠ ᠠᠰᠠᠭᠤᠳᠠᠯ᠎ᠳᠤ ᠴᠢᠭ᠌ᠯᠡᠭᠦᠯᠦᠨ ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍ ᠂ ᠡᠪᠡᠳᠴᠢᠨ᠎ᠳᠦᠨᠢ ᠲᠤᠬᠢᠷᠠᠭᠤᠯᠤᠨ ᠡᠮ ᠥᠭ᠌ᠴᠦ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠴᠢᠷᠮᠠᠢᠨ ᠳᠡᠭᠡᠭ᠌ᠰᠢᠯᠡᠭᠦᠯᠬᠦ᠌ ᠬᠡᠷᠡᠭ᠌ᠲᠡᠢ᠃ ᠨᠠᠮ᠎ᠤᠨ ᠬᠤᠷᠢᠶ᠎ᠠ (ᠨᠠᠮ᠎ᠤᠨ ᠤᠨᠤᠯ ᠰᠤᠷᠤᠯᠴᠠᠬᠤ ᠭᠤᠤᠯ ᠳᠤᠭᠤᠢᠯᠠᠩ)ᠵᠢᠨ ᠭᠣᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠪᠡᠶ᠎ᠡ ᠪᠡᠷ ᠵᠢᠡᠨ ᠬᠡᠪ ᠲᠦᠷᠢᠮ ᠪᠤᠯᠵᠤ᠂ ᠳᠡᠭᠡᠷ᠎ᠠ ᠱᠠᠳᠤ ᠨᠢ ᠲᠤᠤᠷ᠎ᠠ ᠱᠠᠳᠤ᠎ᠪᠠᠨ ᠳᠠᠭᠠᠭᠤᠯᠵᠤ᠂ ᠨᠢᠭᠡ ᠱᠠᠳᠤ ᠨᠢ ᠨᠢᠭᠡ ᠱᠠᠳᠤ᠎ᠳᠠᠭᠠᠨ ᠳᠠᠭᠤᠷᠢᠶᠠᠯ ᠦᠵᠡᠭᠦᠯᠵᠦ᠍᠂ ᠨᠢᠭᠡ ᠱᠠᠳᠤ ᠨᠢ ᠨᠢᠭᠡ ᠱᠠᠳᠤ᠎ᠪᠠᠨ ᠳᠠᠢᠴᠢᠯᠠᠬᠤ ᠰᠠᠢ᠌ᠨ ᠰᠠᠢᠬᠠᠨ ᠪᠠᠢᠳᠠᠯ᠎ᠢ ᠪᠤᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠴᠢᠩᠭᠠᠳᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠡᠷᠡᠰ ᠵᠠᠰᠠᠵᠤ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠡᠷᠡᠭᠦᠯ ᠵᠢᠷᠤᠮᠵᠢᠭᠤᠨ ᠵᠠᠮ᠎ᠢᠶᠠᠷ ᠶᠠᠪᠤᠭ᠍ᠳᠠᠬᠤ᠎ᠶ᠋ᠢ ᠠᠬᠢᠭᠤᠯᠤᠨ᠎ᠠ᠃

ᠪᠦᠬᠦ᠌ ᠲᠠᠯ᠎ᠠ ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠤᠬ᠍ᠰᠤᠰᠢ ᠦᠭᠡᠢ ᠶᠤᠮ᠃ ᠪᠢᠳᠡ 《ᠴᠢᠩᠭ᠎ᠠ》 ᠪᠠᠢᠬᠤ ᠭᠣᠣᠯ ᠬᠦᠭ ᠠᠶᠠᠰ᠎ᠢ ᠢᠮᠠᠭ᠍ᠲᠠ ᠭᠤᠢᠪᠢᠰᠢ ᠦᠭᠡᠢ ᠪᠠᠷᠢᠮᠲᠠᠯᠠᠵᠤ᠂ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠦᠵᠡᠯ ᠰᠠᠨᠠᠭ᠎ᠠ᠎ᠪᠠᠷ ᠬᠦᠳᠦᠯᠥᠨ ᠳᠠᠭᠠᠭᠤᠯᠬᠤ᠎ᠵᠢ ᠴᠢᠩᠭᠠᠳᠭᠠᠵᠤ᠂ ᠵᠣᠷᠢᠭ᠍ᠲᠠᠢ᠎ᠪᠠᠷ ᠬᠢᠳᠤᠭᠠᠨ ᠢᠷ᠎ᠢ ᠳᠣᠲᠣᠭ᠍ᠰᠢ ᠬᠠᠨᠳᠤᠭᠤᠯᠵᠤ᠂ ᠦᠩᠬᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠎ᠶ᠋ᠢ ᠴᠢᠬᠤᠯᠠᠴᠢᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠦᠢᠯᠡᠳᠦᠯ ᠴᠢᠳᠠᠪᠬᠢ᠎ᠶ᠋ᠢ ᠨᠡᠩ ᠰᠠᠢᠲᠤᠷ ᠪᠠᠳᠠᠷᠠᠭᠤᠯᠵᠤ᠂ ᠥᠪᠡᠷ᠎ᠦᠨ ᠪᠡᠶ᠎ᠡ᠎ᠳᠡᠭᠡᠨ ᠲᠤᠢᠯᠪᠤᠷᠢᠳᠠᠢ ᠬᠤᠪᠢᠰᠭᠠᠯ ᠬᠢᠵᠦ᠂ ᠺᠠᠳ᠋ᠷ ᠲᠥᠪ ᠭᠣᠣᠯᠴᠢ᠂ ᠵᠠᠰᠠᠭ᠎ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ᠍ ᠬᠡᠪ ᠲᠦᠷᠢᠮ᠎ᠲᠡᠶ ᠪᠠᠢᠬᠤ᠎ᠶ᠋ᠢ ᠴᠢᠷᠮᠠᠢᠨ ᠪᠡᠶᠡᠯᠡᠭᠦᠯᠵᠦ᠍᠂ ᠪᠦᠬᠦ᠌ ᠣᠷᠣᠨ᠎ᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠲᠣᠭᠣᠷᠢᠨ᠎ᠢ ᠪᠤᠢ ᠪᠣᠯᠭᠠᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠃


ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠬᠦᠷᠢᠶ᠎ᠡ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠮᠠ ᠬᠣᠶ ᠵᠢᠶ᠄

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠵᠤ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠠᠭᠤᠷᠢ᠎ᠶ᠋ᠢ ᠪᠡᠬᠢᠵᠢᠭᠦᠯᠦᠨ᠎ᠡ

ᠲᠥᠪ ᠴᠢᠩᠭ᠎ᠠ ᠨᠠᠷᠢᠨ ᠬᠢᠨᠠᠮᠠᠭᠠᠢ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠪᠣᠯ ᠮᠠᠨ ᠎ᠤ ᠨᠠᠮ ᠎ᠤᠨ ᠱᠢᠯᠢᠳᠡᠭ ᠤᠯᠠᠮᠵᠢᠯᠠᠯ ᠪᠠ ᠤᠯᠤᠰ ᠲᠦᠷᠦ᠍ ᠎ᠶ᠋ᠢᠨ ᠳᠠᠪᠠᠭᠤᠯᠢᠭ ᠮᠥᠨ ᠭᠡᠳᠡᠭ ᠎ᠢ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠵᠠᠭᠤᠨ ᠵᠢᠯ᠎ᠦᠨ ᠲᠡᠮᠡᠴᠡᠯ ᠎ᠦᠨ ᠥᠩᠭᠡᠷᠡᠯᠲᠡ ᠭᠦᠢᠴᠡᠳ ᠭᠡᠷᠡᠴᠢᠯᠡᠭ᠌ᠰᠡᠨ ᠪᠠᠢᠨ᠎ᠠ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠎ᠢ ᠲᠥᠪᠯᠡᠷᠡᠭᠦᠯᠦᠨ ᠵᠠᠰᠠᠵᠤ᠂ ᠪᠦᠬᠦ᠌ ᠲᠠᠯ᠎ᠠ ᠎ᠪᠠᠷ ᠨᠠᠮ ᠎ᠢ ᠴᠢᠩᠭ᠎ᠠ ᠵᠠᠰᠠᠬᠤ ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ ᠎ᠶ᠋ᠢ ᠲᠦᠷᠭᠡᠳᠭᠡᠨ ᠠᠬᠢᠭᠤᠯᠬᠤ ᠎ᠳᠤ᠂ ᠡᠷᠬᠡᠪᠰᠢ ᠶᠡᠷᠦᠩᠬᠡᠢ ᠱᠦᠵᠢ ᠰᠢ ᠵᠢᠨ ᠫᠢᠩ ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠎ᠶ᠋ᠢᠨ ᠵᠣᠷᠢᠭ ᠰᠠᠨᠠᠭ᠎ᠠ ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠢ ᠤᠯᠠᠮ ᠴᠢᠨᠠᠭ᠍ᠰᠢᠳᠠ ᠴᠢᠩᠳᠠᠯᠠᠬᠤ ᠬᠡᠷᠡᠭ᠌ᠲᠡᠢ᠃ ᠶᠡᠷᠦᠩᠬᠡᠢ᠎ᠳᠦᠨᠢ ᠠᠪᠴᠤ᠌ ᠬᠡᠯᠡᠪᠡᠯ 《ᠭᠤᠷᠪᠠ᠎ᠶ᠋ᠢ ᠪᠠᠷᠢᠮᠲᠠᠯᠠᠬᠤ》 ᠎ᠶ᠋ᠢ ᠪᠡᠶᠡᠯᠡᠭᠦᠯᠦᠨ᠎ᠡ᠃

ᠨᠢᠭᠡ ᠳ᠋ᠦ ᠂ ᠰᠡᠳᠭᠢᠯ ᠰᠠᠨᠠᠭ᠎ᠠ ᠎ᠪᠠᠨ ᠨᠢᠭᠡᠳᠭᠡᠨ᠂ ᠦᠵᠡᠯ ᠰᠠᠨᠠᠭᠠᠨ ᠎ᠤ ᠬᠥᠮᠦᠵᠢᠯ ᠎ᠢ ᠪᠣᠳᠠᠲᠠᠶ ᠠᠳᠭᠤᠬᠤ ᠬᠡᠷᠡᠭ᠌ᠲᠡᠶ᠃ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠢ ᠴᠢᠩᠳᠠᠯᠠᠬᠤ ᠎ᠳᠤ ᠡᠷᠬᠡᠪᠰᠢ ᠤᠷᠢᠳ ᠎ᠢᠶᠠᠷ ᠦᠵᠡᠯ ᠰᠠᠨᠠᠭᠠᠨ ᠎ᠤ ᠬᠥᠮᠦᠵᠢᠯ᠎ᠡᠴᠡ ᠡᠬᠢᠯᠡᠨ ᠠᠳᠭᠤᠵᠤ᠂《ᠶᠡᠷᠦᠩᠬᠡᠢ ᠨᠡᠭᠡᠭᠡᠯᠭᠡ》᠎ᠶ᠋ᠢᠨ ᠠᠰᠠᠭᠤᠳᠠᠯ ᠎ᠢ ᠦᠨᠡᠨ ᠬᠦ᠌ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠃ ᠣᠷᠳᠣ ᠬᠤᠭᠤᠴᠠᠭ᠎ᠠ ᠎ᠪᠠᠷ ᠪᠠᠷᠢᠮᠲᠠᠯᠠᠵᠤ᠂ ᠪᠠᠢᠩᠭᠤ ᠱᠢᠨᠡᠴᠢᠯᠡᠬᠦ᠌ ᠵᠥᠪ ᠲᠠᠯ᠎ᠠ ᠎ᠶ᠋ᠢᠨ ᠬᠥᠮᠦᠵᠢᠯ ᠎ᠢ ᠥᠷᠨᠢᠭᠦᠯᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ ᠎ᠤᠨ ᠦᠵᠡᠯ ᠰᠠᠨᠠᠭ᠎ᠠ ᠪᠣᠯᠤᠨ ᠨᠠᠮ ᠎ᠤᠨ ᠲᠦᠷᠢᠮ᠂《ᠱᠢᠨ᠎ᠡ ᠪᠠᠢᠳᠠᠯ ᠳᠤᠤᠷᠠᠬᠢ ᠨᠠᠮ ᠎ᠤᠨ ᠳᠣᠲᠣᠭᠠᠳᠤ ᠎ᠶ᠋ᠢᠨ ᠤᠯᠤᠰ ᠲᠥᠷᠥ ᠎ᠶ᠋ᠢᠨ ᠠᠮᠢᠳᠤᠷᠠᠯ᠎ᠤᠨ ᠲᠤᠬᠠᠶ ᠪᠠᠷᠢᠮᠵᠢᠶ᠎ᠠ᠎ᠨᠤᠭᠤᠳ》ᠵᠡᠷᠭᠡ ᠨᠠᠮ ᠎ᠤᠨ ᠳᠣᠲᠣᠭᠠᠳᠤ ᠎ᠶ᠋ᠢᠨ ᠬᠠᠤᠯᠢ ᠲᠣᠭ᠍ᠲᠠᠭᠠᠯ ᠲᠦᠷᠢᠮ ᠎ᠦᠨ ᠬᠥᠮᠦᠵᠢᠯ ᠪᠣᠯᠪᠠᠰᠤᠷᠠᠯ ᠎ᠢ ᠭᠦᠨᠵᠡᠭᠡᠢᠷᠡᠭᠦᠯᠵᠦ᠍᠂ ᠪᠥᠬᠥ᠌ ᠬᠣᠱᠢᠭᠤᠨ ᠎ᠤ ᠨᠠᠮ ᠎ᠤᠨ ᠭᠡᠱᠢᠭᠦᠨ ᠺᠠᠳ᠋ᠷᠴᠤᠳ ᠎ᠢ ᠬᠥᠲᠥᠯᠥᠨ ᠵᠢᠯᠣᠭᠣᠳᠴᠤ᠌ ᠪᠠᠢᠭᠠᠳ ᠢᠲᠡᠭᠡᠯ ᠪᠢᠱᠢᠷᠡᠯ ᠎ᠦᠨ ᠰᠠᠭᠤᠷᠢ᠎ᠶ᠋ᠢ ᠪᠠᠲᠤ ᠴᠤᠭᠴᠠᠯᠠᠵᠤ᠂ ᠣᠶᠤᠨ ᠰᠠᠨᠠᠭᠠᠨ ᠎ᠤ ᠰᠢᠮ᠎ᠡ ᠵᠢ ᠭᠦᠶ᠋ᠴᠡᠳ ᠨᠥᠬᠥᠪᠥᠷᠢᠯᠡᠵᠦ᠍᠂ ᠦᠵᠡᠯ ᠰᠠᠨᠠᠭᠠᠨ ᠎ᠤ ᠴᠢᠭᠯᠡᠯ ᠎ᠢ ᠯᠠᠪᠳᠠᠭᠤᠨ ᠡᠵᠡᠮᠳᠡᠬᠦ᠌ ᠬᠡᠷᠡᠭ᠌ᠲᠡᠶ᠃ ᠰᠦᠭ ᠰᠦᠨᠡᠰᠦ ᠎ᠶ᠋ᠢ ᠬᠦᠨᠳᠡᠬᠦ᠌᠂ ᠰᠡᠷᠡᠮᠵᠢ ᠎ᠶ᠋ᠢᠨ ᠬᠤᠩᠬᠤ᠎ᠶ᠋ᠢ ᠪᠠᠢᠩᠭᠤ ᠳᠤᠤᠭᠠᠷᠭᠠᠬᠤ ᠡᠰᠡᠷᠭᠦ᠌ ᠲᠠᠯ᠎ᠠ ᠎ᠶ᠋ᠢᠨ ᠰᠡᠷᠡᠮᠵᠢᠯᠡᠭᠦᠯᠦᠯ ᠎ᠢ ᠴᠢᠩᠭᠠᠳᠭᠠᠵᠤ᠂ ᠳᠡᠷᠭᠡᠳᠡᠬᠢ ᠤᠴᠢᠷ ᠶᠠᠪᠤᠳᠠᠯ ᠎ᠢᠶᠠᠷ ᠳᠡᠷᠭᠡᠳᠡᠬᠢ ᠬᠥᠮᠦᠰ ᠎ᠢᠶᠡᠨ ᠰᠡᠷᠡᠮᠵᠢᠯᠡᠭᠦᠯᠵᠦ᠍ ᠬᠥᠮᠦᠵᠢᠭᠦᠯᠬᠦ᠌ ᠎ᠶ᠋ᠢ ᠪᠠᠷᠢᠮᠲᠠᠯᠠᠵᠤ᠂ ᠬᠡᠷᠡᠭ ᠎ᠢᠶᠡᠷ ᠰᠡᠷᠡᠮᠵᠢᠯᠡᠭᠦᠯᠵᠦ᠍᠂ ᠬᠡᠷᠡᠭ᠎ᠢᠶᠡᠷ ᠰᠠᠬᠢᠯᠭ᠎ᠠ ᠪᠠᠲᠤ᠎ᠶ᠋ᠢ ᠲᠣᠳᠣᠷᠬᠠᠢᠯᠠᠵᠤ᠂ ᠬᠡᠷᠡᠭ᠎ᠢᠶᠡᠷ ᠲᠤᠯᠢ ᠪᠣᠯᠭᠠᠵᠤ᠂ ᠰᠡᠷᠡᠮᠵᠢ ᠎ᠶ᠋ᠢᠨ ᠬᠤᠩᠬᠤ ᠎ᠶ᠋ᠢ ᠪᠠᠢᠩᠭᠤ ᠴᠣᠬᠢᠵᠤ᠂ ᠴᠢᠬᠡᠴᠢ ᠵᠠᠰᠠᠭ ᠎ᠤᠨ ᠬᠢᠴᠢᠶᠡᠯ᠎ᠢ ᠦᠷᠬᠦᠯᠵᠢ ᠣᠷᠣᠵᠤ᠂ ᠪᠦᠬᠦ᠌ ᠬᠣᠱᠢᠭᠤᠨ ᠎ᠤ ᠨᠠᠮ ᠎ᠤᠨ ᠭᠡᠱᠢᠭᠦᠨ ᠺᠠᠳ᠋ᠷᠴᠤᠳ ᠎ᠢ ᠬᠦᠳᠦᠯᠦᠨ ᠵᠢᠯᠣᠭᠣᠳᠴᠤ᠌ ᠪᠠᠢᠭᠠᠳ ᠠᠷᠢᠭᠤᠨ ᠴᠢᠬᠡᠴᠢ᠎ᠪᠡᠷ ᠪᠡᠶ᠎ᠡ ᠎ᠪᠡᠨ ᠱᠠᠭᠠᠷᠳᠠᠬᠤ ᠤᠬᠠᠮᠰᠠᠷ ᠪᠣᠯᠤᠨ ᠢᠯᠵᠠᠷᠡᠯ ᠎ᠢ ᠡᠰᠡᠷᠭᠦᠴᠡᠵᠦ᠍ ᠬᠤᠪᠢᠷᠠᠬᠤ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠴᠢᠩᠭᠠᠳᠬᠠᠨ᠎ᠠ᠃

ᠬᠣᠶᠠᠷ᠎ᠲᠤ᠂ ᠦᠨᠭ᠌ᠭᠡᠨ ᠲᠠᠯ᠎ᠠ ᠪᠠ ᠦᠨᠳᠦᠰᠦᠨ ᠡᠴᠡ ᠨᠢ ᠵᠡᠷᠭᠡ᠎ᠪᠡᠷ ᠵᠠᠰᠠᠬᠤ᠎ᠶ᠋ᠢ ᠪᠠᠷᠢᠮᠲᠠᠯᠠᠵᠤ᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ 《ᠴᠢᠩᠭ᠎ᠠ》 ᠪᠠᠢᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠳᠠᠯᠠᠵᠤ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠴᠢᠩᠳᠠᠯᠠᠵᠤ᠂ ᠬᠢᠨᠠᠯᠲᠠ ᠲᠠᠯᠪᠢᠵᠤ ᠬᠢᠵᠠᠭᠠᠷᠯᠠᠬᠤ᠎ᠶ᠋ᠢ ᠴᠢᠩᠭᠠᠳᠭᠠᠵᠤ᠂ ᠪᠦᠬᠦ᠌ ᠲᠠᠯ᠎ᠠ᠎ᠪᠠᠷ ᠴᠢᠩᠳᠠᠯᠠᠵᠤ᠂ ᠲᠤᠢᠯᠪᠤᠷᠢᠳᠠᠢ ᠴᠢᠩᠳᠠᠯᠠᠨ᠎ᠠ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠎ᠢ ᠢᠯᠡᠷᠡᠭᠦᠯᠬᠦ᠌᠂ ᠪᠠᠢᠴᠠᠭᠠᠨ ᠱᠢᠢᠳᠪᠦᠷᠢᠯᠡᠬᠦ᠌᠂ ᠴᠡᠭ᠌ᠴᠡᠯᠡᠨ ᠰᠠᠢᠵᠢᠷᠠᠭᠤᠯᠬᠤ ᠪᠦᠬᠦ᠌ ᠶᠠᠪᠤᠴᠠ᠎ᠶ᠋ᠢᠨ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠵᠤ᠂ ᠪᠤᠯᠬᠢ ᠢᠯᠵᠠᠷᠠᠮᠠᠯ ᠤᠯᠤᠰ ᠲᠦᠷᠦ᠍ ᠎ᠶ᠋ᠢᠨ ᠰᠣᠶᠣᠯ ᠎ᠢ ᠨᠠᠮ᠎ᠤᠨ ᠳᠣᠲᠣᠭᠠᠳᠤ᠎ᠳ᠋ᠤ ᠪᠠᠢᠬᠤ ᠦᠭᠡᠢ ᠪᠤᠯᠭᠠᠨ᠎ᠠ᠃ ᠲᠤᠰᠠᠲᠠᠶ ᠪᠥᠭᠡᠳ ᠪᠦᠲᠦᠮᠵᠢᠲᠡᠶ ᠪᠠᠢᠬᠤ᠎ᠶ᠋ᠢ ᠴᠢᠬᠤᠯᠠᠴᠢᠯᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠂ ᠨᠠᠮ᠎ᠤᠨ ᠳᠣᠲᠣᠭᠠᠳᠤ᠎ᠶ᠋ᠢᠨ ᠬᠢᠨᠠᠯᠲᠠ᠂ ᠢᠯᠵᠠᠷᠠᠯ᠎ᠢ ᠡᠰᠡᠷᠭᠦᠴᠡᠨ ᠠᠷᠢᠭᠤᠨ ᠴᠢᠬᠡᠴᠢ᠎ᠶ᠋ᠢ ᠡᠷᠬᠢᠮᠯᠡᠬᠦ᠌ ᠵᠡᠷᠭᠡ ᠳᠦᠷᠢᠮ᠎ᠦᠨ ᠱᠢᠰᠲ᠋ᠧᠮ ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠳᠦᠷᠢᠮ ᠎ᠦᠨ 《ᠱᠢᠩᠭᠡᠯᠢᠭ》 ᠎ᠢ᠋ ᠪᠦᠬᠦ᠌ ᠲᠠᠯ᠎ᠠ᠎ᠪᠠᠷ ᠪᠡᠬᠢᠵᠢᠭᠦᠯᠵᠦ᠂ ᠳᠦᠷᠢᠮ᠎ᠦᠨ ᠳᠠᠪᠠᠭᠤᠯᠢᠭ᠎ᠢ ᠨᠠᠮ ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠲᠥᠪ ᠴᠢᠩᠭ᠎ᠠ ᠥᠷᠨᠢᠭᠦᠯᠬᠦ᠌᠎ᠶ᠋ᠢᠨ ᠴᠢᠬᠤᠯᠠ ᠲᠦᠱᠢᠭ ᠪᠠ ᠭᠠᠷᠳᠠᠴᠠ ᠪᠣᠯᠭᠠᠵᠤ᠂ ᠡᠷᠬᠡ᠎ᠶ᠋ᠢᠨ ᠠᠵᠢᠯᠯᠠᠭᠠᠨ ᠎ᠤ ᠶᠣᠰᠣ ᠳᠦᠷᠢᠮ᠎ᠢ ᠦᠨᠡᠨ ᠬᠦ᠌ ᠲᠣᠭ᠍ᠲᠠᠭᠠᠵᠤ᠂ ᠴᠢᠩᠳᠠᠯᠠᠵᠤ᠂ ᠰᠠᠬᠢᠬᠤ ᠬᠡᠷᠡᠭ᠌ᠲᠡᠢ᠃

ᠭᠤᠷᠪᠠ᠎ᠳᠤ᠂ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠭᠠᠭᠤᠯᠬᠤ᠎ᠶ᠋ᠢ ᠪᠠᠷᠢᠮᠲᠠᠯᠠᠵᠤ᠂ ᠪᠠᠢᠩᠭᠤ᠎ᠶ᠋ᠢᠨ ᠴᠢᠨᠠᠷᠲᠠᠶ ᠣᠷᠳᠣ ᠬᠤᠭᠤᠴᠠᠭ᠎ᠠ ᠪᠡᠷ ᠪᠦᠲᠦᠮᠵᠢᠲᠡᠶ ᠪᠠᠢᠬᠤ᠎ᠶ᠋ᠢ ᠠᠬᠢᠭᠤᠯᠤᠨ᠎ᠠ᠃ ᠨᠠᠮ ᠎ᠤᠨ ᠳᠣᠲᠣᠭᠠᠳᠤ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠤᠨ ᠡᠷᠡᠭᠦᠯ ᠪᠥᠭᠡᠳ ᠡᠮᠬᠢ ᠵᠢᠷᠤᠮ᠎ᠲᠠᠶ ᠪᠠᠢᠬᠤ᠎ᠶ᠋ᠢ ᠪᠡᠶᠡᠯᠡᠭᠦᠯᠬᠦ᠌᠎ᠳᠦ᠂《ᠨᠢᠭᠡᠳᠦᠭᠡᠷ ᠭᠠᠷ》᠎ᠤ᠋ᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ 《ᠨᠢᠭᠡᠳᠦᠭᠡᠷ ᠭᠠᠷ》 ᠎ᠤ᠋ᠨ ᠦᠯᠢᠭᠡᠷ ᠳᠠᠭᠤᠷᠢᠶᠠᠯ ᠪᠣᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ᠎ᠢ ᠳᠠᠭᠠᠭᠤᠯᠤᠨ ᠦᠷᠭᠦᠯᠵᠢ ᠨᠠᠮ᠎ᠤᠨ ᠲᠥᠪ ᠬᠣᠷᠢᠶ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠶᠡᠬᠡ ᠲᠠᠯ᠎ᠠ᠎ᠶ᠋ᠢ ᠬᠠᠷᠠᠭᠠᠯᠵᠠᠬᠤ᠂ ᠶᠣᠰᠣ ᠲᠦᠷᠢᠮ᠎ᠢ ᠰᠠᠬᠢᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠳᠠᠭᠠᠨ ᠴᠢᠳᠠᠮᠠᠭᠠᠢ ᠪᠠᠢᠵᠤ᠂ ᠯᠠᠪᠳᠠᠭᠤᠨ ᠪᠠᠲᠤᠲᠠᠢ ᠠᠵᠢᠯᠯᠠᠵᠤ ᠡᠷᠡᠯᠬᠡᠭ᠌ᠯᠡᠨ ᠤᠷᠤᠭ᠍ᠰᠢᠯᠠᠬᠤ ᠵᠢ ᠠᠬᠢᠭᠤᠯᠤᠨ᠎ᠠ᠃ ᠨᠠᠮ ᠎ᠤᠨ ᠳᠣᠲᠣᠭᠠᠳᠤ᠎ᠶ᠋ᠢᠨ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠠᠷᠠᠳᠴᠢᠯᠠᠯ ᠲᠥᠪᠯᠡᠷᠡᠯ ᠎ᠦᠨ ᠶᠣᠰᠣ᠂ ᠴᠢᠬᠤᠯᠠ ᠶᠡᠬᠡ ᠬᠡᠷᠡᠭ ᠶᠠᠪᠤᠳᠠᠯ ᠎ᠤᠨ ᠲᠤᠬᠠᠢ ᠱᠢᠢᠳᠪᠦᠷᠢᠲᠦ ᠪᠤᠳᠤᠯᠭ᠎ᠠ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌᠂ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ ᠵᠡᠷᠭᠡ ᠪᠠᠢᠳᠠᠯ ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠬᠢᠨᠠᠯᠲᠠ ᠎ᠶ᠋ᠢ ᠪᠦᠬᠦ᠌ ᠲᠠᠯ᠎ᠠ ᠎ᠪᠠᠷ ᠭᠦᠨᠵᠡᠭᠡᠢᠷᠡᠭᠦᠯᠬᠦ᠌᠂ ᠪᠠᠢᠩᠭᠤ ᠵᠢᠨ ᠴᠢᠨᠠᠷᠲᠠᠢ ᠤᠷᠲᠤ ᠬᠤᠭᠤᠴᠠᠭ᠎ᠠ ᠪᠦᠲᠦᠮᠵᠢᠲᠡᠢ ᠪᠠᠢᠯᠭᠠᠬᠤ ᠳᠡᠭᠡᠷ᠎ᠡ ᠬᠦᠴᠦ᠍ ᠲᠠᠯᠪᠢᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠲᠥᠪ ᠴᠢᠬᠡᠴᠢ ᠪᠠᠢᠬᠤ᠎ᠶ᠋ᠢ ᠪᠡᠶᠡᠯᠡᠭᠦᠯᠦᠨ᠎ᠡ᠃


ᠤᠯᠠᠭᠠᠨᠬᠠᠳᠠ ᠬᠣᠲᠠ᠎ᠶ᠋ᠢᠨ ᠠᠷᠤ ᠬᠣᠷᠴᠢᠨ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠸᠧᠶ ᠪᠢᠯᠢᠭ ᠄

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠪᠥᠬᠥ᠌ ᠲᠠᠯ᠎ᠠ᠎ᠪᠠᠷ ᠡᠷᠡᠭᠦᠯ ᠵᠢᠷᠤᠮᠵᠢᠭᠤᠨ ᠵᠠᠮ᠎ᠳᠤ ᠣᠷᠣᠭᠤᠯᠬᠤ᠎ᠶ᠋ᠢ ᠠᠬᠢᠭᠤᠯᠤᠨ᠎ᠠ

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠱᠠᠭᠠᠷᠳᠠᠯᠭ᠎ᠠ ᠶᠣᠰᠣᠭᠠᠷ᠂ ᠪᠢ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠰᠤᠷᠤᠯᠴᠠᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠨᠡᠩ ᠭᠦᠨ ᠳᠠᠪᠬᠤᠷᠭ᠎ᠠ᠎ᠶ᠋ᠢᠨ ᠲᠠᠨᠢᠯᠲᠠ᠎ᠲᠠᠶ ᠪᠣᠯᠪᠠ᠃

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ《ᠬᠣᠶᠠᠷ᠎ᠢ ᠲᠣᠭ᠍ᠲᠠᠭᠠᠭᠰᠠᠨ》 ᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌ ᠪᠣᠳᠠᠲᠤ ᠠᠵᠢᠯᠯᠠᠭ᠎ᠠ ᠮᠥᠨ᠂ ᠡᠷᠬᠡᠪᠰᠢ ᠴᠢᠩᠭ᠎ᠠ ᠠᠳᠭᠤᠵᠤ ᠰᠠᠢᠲᠤᠷ ᠠᠳᠭᠤᠬᠤ ᠬᠡᠷᠡᠭ᠌ᠲᠡᠢ᠃ ᠤᠷᠳᠤ ᠬᠤᠭᠤᠴᠠᠭᠠᠨ ᠤ᠋ ᠦᠢᠯᠡᠳᠦᠯᠬᠡ ᠬᠡᠷᠡᠴᠢᠯᠡᠭᠰᠡᠨ ᠨᠢ᠂ ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠪᠣᠯ ᠮᠠᠨ᠎ᠤ ᠨᠠᠮ᠎ᠤᠨ ᠨᠠᠮ᠎ᠤᠨ ᠱᠢᠨᠵᠢ ᠴᠢᠨᠠᠷ ᠪᠠ ᠵᠣᠷᠢᠯᠲᠠ᠎ᠶ᠋ᠢ ᠪᠠᠷᠢᠮᠲᠠᠯᠠᠬᠤ ᠂ ᠲᠡᠷᠢᠭᠦᠨ᠎ᠦ ᠴᠢᠨᠠᠷ ᠪᠠ ᠴᠡᠪᠡᠷ ᠴᠢᠨᠠᠷ ᠎ᠢᠶᠠᠨ ᠪᠠᠲᠤᠯᠠᠬᠤ ᠴᠢᠬᠤᠯᠠ ᠡᠷᠳᠡᠨᠢ ᠮᠥᠨ᠂ ᠨᠠᠮ᠎ᠤᠨ ᠳᠣᠲᠣᠭᠠᠳᠤ᠎ᠶ᠋ᠢᠨ ᠵᠥᠷᠢᠴᠡᠯ ᠪᠠ ᠠᠰᠠᠭᠤᠳᠠᠯ᠎ᠢ ᠱᠢᠢᠳᠪᠦᠷᠢᠯᠡᠬᠦ᠌ 《ᠠᠯᠳᠠᠨ ᠲᠦᠯᠬᠢᠭᠦᠷ》 ᠮᠥᠨ᠂ ᠥᠷᠭᠡᠨ ᠤᠯᠠᠨ ᠨᠠᠮ᠎ᠤᠨ ᠭᠡᠱᠢᠭᠦᠨ ᠂ ᠺᠠᠳ᠋ᠷᠴᠤᠳ᠎ᠤᠨ ᠨᠠᠮᠴᠢ ᠴᠢᠨᠠᠷ ᠎ᠢᠶᠠᠨ ᠳᠠᠪᠲᠠᠨ ᠪᠣᠯᠪᠠᠰᠤᠷᠠᠭᠤᠯᠬᠤ 《 ᠲᠤᠮᠤ ᠵᠤᠤᠬ᠎ᠠ》 ᠮᠥᠨ᠂ ᠨᠠᠮ᠎ᠤᠨ ᠰᠤᠷᠲᠠᠯ ᠎ᠢ ᠴᠡᠪᠡᠷᠱᠢᠭᠦᠯᠬᠦ᠌ 《ᠴᠡᠪᠡᠷᠱᠢᠭᠦᠯᠦᠭ᠌ᠴᠢ》 ᠮᠥᠨ᠃ ᠡᠢᠮᠦ᠍᠎ᠡᠴᠡ ᠂ ᠪᠢᠳᠡ ᠡᠷᠬᠡᠪᠰᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠶ᠋ᠢᠨ ᠴᠢᠬᠤᠯᠠ ᠴᠢᠨᠠᠷ ᠪᠠ ᠵᠠᠢᠯᠠᠰᠢ ᠦᠭᠡᠢ ᠴᠢᠨᠠᠷ᠎ᠢ ᠭᠦᠨᠵᠡᠭᠡᠢ ᠲᠠᠨᠢᠵᠤ ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠦᠢᠴᠡᠳᠭᠡᠭᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠪᠠᠢᠭᠤᠯᠤᠯᠲᠠ᠎ᠶ᠋ᠢᠨ ᠲᠠᠰᠤᠷᠠᠯᠲᠠ ᠦᠭᠡᠢ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ᠃

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢᠨ ᠦᠨᠳᠦᠰᠦᠨ ᠴᠢᠨᠠᠷᠲᠠᠢ ᠰᠠᠭᠤᠷᠢ ᠠᠵᠢᠯ ᠮᠥᠨ᠂ ᠡᠷᠬᠡᠪᠰᠢ 《ᠴᠢᠩᠭ᠎ᠠ》 ᠪᠠᠢᠬᠤ ᠭᠣᠣᠯ ᠬᠦᠭ ᠠᠶᠠᠰ᠎ᠢ ᠲᠤᠭᠤᠱᠢᠯᠠᠭᠤᠯᠬᠤ ᠬᠡᠷᠡᠭᠳᠡᠢ᠃ ᠠᠷᠤ ᠬᠣᠷᠴᠢᠨ ᠬᠣᠱᠢᠭᠤ ᠪᠡᠷ ᠠᠪᠴᠤ᠌ ᠬᠡᠯᠡᠪᠡᠯ᠂ ᠤᠢ᠍ᠢᠷ᠎ᠠ᠎ᠶ᠋ᠢᠨ ᠵᠢᠯ᠎ᠳᠦ ᠪᠠᠢᠴᠠᠭᠠᠨ ᠱᠢᠢᠳᠪᠦᠷᠢᠯᠡᠭ᠌ᠰᠡᠨ ᠵᠠᠷᠢᠮ ᠨᠠᠮ᠎ᠤᠨ ᠭᠡᠱᠢᠭᠦᠨ ᠺᠠᠳ᠋ᠷ᠎ᠤᠨ ᠣᠯᠠᠩᠬᠢ ᠨᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠲᠥᠪ ᠴᠢᠩᠭ᠎ᠠ ᠪᠤᠰᠤ ᠂ ᠨᠠᠷᠢᠨ ᠬᠢᠨᠠᠮᠠᠭᠠᠢ ᠪᠤᠰᠤ᠎ᠠᠴᠠ ᠪᠤᠯᠵᠦ᠍ ᠡᠴᠦᠰ᠎ᠲᠡᠬᠡᠨ ᠰᠠᠬᠢᠯᠭ᠎ᠠ ᠪᠠᠲᠤ ᠬᠠᠤᠯᠢ ᠴᠠᠭᠠᠵᠠ᠎ᠠᠴᠠ ᠵᠥᠷᠢᠴᠡᠬᠦ᠌ ᠵᠠᠮ᠎ᠢᠶᠠᠷ ᠵᠠᠮᠨᠠᠭ᠍ᠰᠠᠨ ᠪᠠᠢᠨ᠎ᠠ᠃ ᠡᠢᠮᠦ᠍᠎ᠡᠴᠡ᠂ ᠪᠢᠳᠡ ᠡᠷᠬᠡᠪᠰᠢ ᠯᠠᠪᠳᠠᠭᠤᠨ ᠪᠦᠲᠦᠮᠵᠢᠲᠡᠢ ᠠᠷᠭ᠎ᠠ ᠪᠠᠷᠢᠯ᠎ᠢᠶᠠᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠪᠦᠬᠦ᠌ ᠲᠠᠯ᠎ᠠ᠎ᠪᠠᠷ ᠴᠢᠩᠭ᠎ᠠ ᠪᠠᠢᠬᠤ᠎ᠶ᠋ᠢ ᠠᠬᠢᠭᠤᠯᠬᠤ ᠬᠡᠷᠡᠭ᠌ᠲᠡᠢ᠃ ᠡᠩ ᠲᠡᠷᠢᠭᠦᠨ᠎ᠳᠦ᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠭᠠᠵᠤ᠂ ᠨᠠᠮ᠎ᠤᠨ ᠲᠦᠷᠢᠮ᠎ᠦᠨ ᠬᠥᠮᠦᠵᠢᠯ᠂ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ ᠂ ᠨᠠᠮ᠎ᠤᠨ ᠲᠡᠦᠬᠡ᠎ᠶ᠋ᠢᠨ ᠬᠥᠮᠦᠵᠢᠯ᠎ᠢ ᠲᠠᠰᠤᠷᠠᠯᠳᠠ ᠦᠭᠡᠢ ᠴᠢᠩᠭᠠᠳᠭᠠᠵᠤ ᠂ ᠬᠥᠮᠦᠵᠢᠯ ᠪᠣᠯᠪᠠᠰᠤᠷᠠᠯ᠎ᠤᠨ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠨᠠᠮ᠎ᠤᠨ ᠭᠡᠱᠢᠭᠦᠨ ᠺᠠᠳ᠋ᠷ᠎ᠢ ᠬᠦᠳᠤᠯᠤᠨ ᠵᠢᠯᠣᠭᠣᠳᠴᠤ᠌ ᠪᠠᠢᠭᠠᠳ ᠦᠵᠡᠯ ᠰᠠᠨᠠᠭ᠎ᠠ ᠦᠢᠯᠡ ᠠᠵᠢᠯᠯᠠᠭ᠎ᠠ᠎ᠶ᠋ᠢᠨ 《ᠶᠡᠷᠦᠩᠬᠡᠢ ᠨᠡᠭᠡᠭᠡᠯᠭᠡ 》 ᠵᠢ ᠴᠢᠩᠭᠠᠷᠠᠭᠤᠯᠬᠤ ᠬᠡᠷᠡᠭᠳᠡᠢ᠃ ᠳᠠᠷᠠᠭᠠᠯᠠᠪᠠᠯ ᠂ ᠪᠦᠬᠦ᠌ ᠲᠠᠯ᠎ᠠ᠎ᠪᠠᠷ ᠴᠢᠩᠭ᠎ᠠ ᠪᠠᠢᠬᠤ᠎ᠶ᠋ᠢ ᠪᠠᠷᠢᠮᠲᠠᠯᠠᠵᠤ ᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》᠎ᠢ᠋ ᠴᠢᠩᠭ᠎ᠠ ᠨᠠᠢᠳᠠᠪᠤᠷᠢᠵᠢᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠦᠷᠢᠮ᠎ᠢ ᠬᠢᠨᠠᠮᠠᠭᠠᠢ ᠬᠡᠷᠡᠭ᠌ᠵᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠤᠨ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠥᠷᠨᠢᠭᠦᠯᠬᠦ᠌᠎ᠶ᠋ᠢ ᠠᠬᠢᠭᠤᠯᠵᠤ᠂ ᠨᠠᠮ᠎ᠤᠨ ᠳᠣᠲᠣᠭᠠᠳᠤ᠎ᠶ᠋ᠢᠨ ᠬᠢᠨᠠᠯᠲᠠ ᠲᠠᠯᠪᠢᠯᠳᠠ ᠶ᠋ᠢ ᠰᠠᠢᠲᠤᠷ ᠠᠮᠢᠳᠤᠯᠢᠭ ᠬᠡᠷᠡᠭ᠌ᠯᠡᠵᠦ᠍᠂ ᠡᠯ᠎ᠡ ᠵᠦᠢᠯ᠎ᠦᠨ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠠᠵᠢᠯᠯᠠᠭ᠎ᠠ᠎ᠶ᠋ᠢ ᠡᠷᠡᠰ ᠪᠠᠢᠴᠠᠭᠠᠨ ᠱᠢᠢᠳᠪᠦᠷᠢᠯᠡᠬᠦ ᠬᠡᠷᠡᠭᠳᠡᠢ᠃ ᠡᠴᠦᠰ᠎ᠲᠦ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ᠎ᠶ᠋ᠢ ᠶᠡᠬᠡᠰᠭᠡᠵᠦ᠍᠂ 《ᠨᠢᠭᠡᠳᠦᠭᠡᠷ ᠭᠠᠷ》 ᠤ᠋ᠨ ᠵᠢᠱ᠌ᠢᠢ᠎ᠡ ᠦᠵᠡᠭᠦᠯᠵᠦ᠍ ᠬᠦᠲᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠎ᠶ᠋ᠢ ᠴᠢᠬᠤᠯᠠᠴᠢᠯᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠵᠡᠷᠭᠡ ᠲᠥᠪ ᠪᠤᠰᠤ ᠰᠤᠷᠲᠠᠯ᠎ᠢ ᠭᠦᠨᠵᠡᠭᠡᠢ ᠴᠡᠭ᠌ᠴᠡᠯᠡᠨ ᠵᠠᠰᠠᠵᠤ᠂ ᠴᠢᠬᠡᠴᠢ ᠵᠠᠰᠠᠭ᠎ᠤᠨ ᠰᠣᠶᠣᠯ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠰᠠᠢᠲᠤᠷ ᠠᠳᠭᠤᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠤᠨ ᠦᠷᠭᠦᠯᠵᠢᠯᠡᠨ ᠰᠠᠢᠵᠢᠷᠠᠬᠤ᠎ᠶ᠋ᠢ ᠦᠨᠡᠨ ᠬᠦ᠌ ᠠᠬᠢᠭᠤᠯᠬᠤ ᠬᠡᠷᠡᠭᠳᠡᠢ᠃

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠡᠷᠡᠮᠡᠭᠡᠢᠯᠡᠨ ᠤᠷᠤᠭ᠍ᠰᠢᠯᠠᠬᠤ ᠬᠦᠴᠦᠨ᠎ᠢ ᠴᠢᠩᠭᠠᠷᠠᠭᠤᠯᠬᠤ ᠵᠢᠨ ᠴᠢᠬᠤᠯᠠ ᠪᠠᠲᠤᠯᠠᠭ᠎ᠠ ᠮᠥᠨ᠃ ᠱᠢᠨ᠎ᠡ ᠱᠢᠯᠭᠠᠯᠲᠠ ᠵᠢᠨ ᠵᠠᠮ ᠳᠡᠭᠡᠷ᠎ᠡ ᠪᠠᠰᠠ ᠮᠠᠰᠢ ᠤᠯᠠᠨ ᠬᠦᠴᠢᠷ ᠪᠡᠷᠬᠡᠱᠢᠶᠡᠯ᠂ ᠠᠶᠤᠯ ᠲᠦᠭ᠌ᠰᠢᠭᠦᠷᠢ ᠥᠷᠢᠰᠥᠯᠳᠦᠭᠡᠨ ᠳ᠋ᠤ ᠲᠤᠯᠭᠠᠷᠠᠬᠤ ᠪᠣᠯᠤᠨ᠎ᠠ᠂ ᠡᠷᠬᠡᠪᠰᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠤᠨ ᠡᠨᠡ ᠬᠦ᠌ 《ᠲᠤᠮᠤ ᠵᠤᠤᠬ᠎ᠠ 》 ᠵᠢ ᠰᠠᠢᠲᠤᠷ ᠬᠡᠷᠡᠭ᠌ᠯᠡᠵᠦ᠂ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃ ᠡᠨᠡ ᠲᠠᠯ᠎ᠠ᠎ᠪᠠᠷ 《ᠭᠤᠷᠪᠠ᠎ᠶ᠋ᠢ ᠪᠠᠷᠢᠮᠲᠠᠯᠠᠬᠤ》 ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠨᠢᠭᠡ᠎ᠳᠦ ᠠᠷᠠᠳᠴᠢᠯᠠᠯ ᠲᠥᠪᠯᠡᠷᠡᠯ᠎ᠤᠨ ᠲᠦᠷᠢᠮ᠎ᠢ ᠪᠠᠷᠢᠮᠲᠠᠯᠠᠵᠤ᠂ 《ᠬᠠᠮᠲᠤ᠎ᠪᠠᠷ ᠤᠳᠤᠷᠢᠳᠭᠤ᠂ ᠠᠷᠠᠳᠴᠢᠯᠠᠯ ᠲᠥᠪᠯᠡᠷᠡᠯ ᠎ᠢ ᠬᠡᠷᠡᠭ᠌ᠵᠢᠭᠦᠯᠬᠦ᠌᠂ ᠲᠤᠰᠭᠠᠢ ᠶᠠᠷᠢᠯᠴᠠᠬᠤ᠂ ᠬᠤᠷᠠᠯ ᠎ᠢᠶᠠᠷ ᠲᠣᠭ᠍ᠲᠠᠭᠠᠬᠤ》 ᠵᠠᠷᠴᠢᠮ ᠎ᠢ ᠨᠠᠢᠳᠠᠪᠤᠷᠢᠵᠢᠭᠤᠯᠵᠤ᠂ 《ᠭᠤᠷᠪᠠᠨ ᠴᠢᠬᠤᠯᠠ ᠨᠢᠭᠡ ᠶᠡᠬᠡ 》 ᠵᠦᠢᠯᠡᠰ᠎ᠦᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠪᠠ ᠬᠢᠨᠠᠯᠲᠠ ᠲᠠᠯᠪᠢᠬᠤ ᠠᠷᠭ᠎ᠠ ᠎ᠶ᠋ᠢ ᠴᠢᠩᠭ᠎ᠠ ᠬᠡᠷᠡᠭ᠌ᠵᠢᠭᠦᠯᠬᠦ ᠬᠡᠷᠡᠭᠳᠡᠢ᠃ ᠬᠣᠶᠠᠷ᠎ᠲᠤ᠂ ᠠᠷᠠᠳ ᠲᠦᠮᠡᠨ ᠎ᠢᠶᠡᠷ ᠭᠣᠣᠯ ᠪᠣᠯᠭᠠᠬᠤ ᠎ᠶ᠋ᠢ ᠪᠠᠷᠢᠮᠲᠠᠯᠠᠵᠤ᠂ ᠵᠠᠰᠠᠭ ᠎ᠤᠨ ᠶᠠᠪᠤᠳᠠᠯ᠎ᠢ ᠠᠷᠠᠳ᠎ᠠᠴᠠ ᠠᠰᠠᠭᠤᠬᠤ᠂ ᠬᠡᠷᠡᠭ᠌ᠴᠡᠭᠡ ᠱᠠᠭᠠᠷᠳᠠᠯᠭ᠎ᠠ᠎ᠶ᠋ᠢ ᠠᠷᠠᠳ᠎ᠠᠴᠠ ᠠᠰᠠᠭᠤᠬᠤ᠂ ᠠᠷᠭ᠎ᠠ ᠪᠤᠳᠤᠯᠭ᠎ᠠ ᠎ᠶ᠋ᠢ ᠠᠷᠠᠳ᠎ᠠᠴᠠ ᠠᠰᠠᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠤᠯᠠᠨ ᠲᠦᠮᠡᠨ ᠎ᠦ ᠳᠡᠷᠭᠡᠳᠡᠬᠢ ᠢᠯᠵᠢᠷᠡᠯ᠎ᠦᠨ ᠠᠰᠠᠭᠤᠳᠠᠯ ᠪᠣᠯᠤᠨ ᠲᠥᠪ ᠪᠤᠰᠤ ᠰᠤᠷᠲᠠᠯ ᠎ᠢ ᠴᠡᠭ᠌ᠴᠡᠯᠡᠨ ᠵᠠᠰᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠤᠯᠠᠨ ᠲᠦᠮᠡᠨ ᠎ᠳᠦ ᠪᠣᠳᠠᠲᠠᠢ ᠶᠠᠪᠤᠳᠠᠯ ᠬᠢᠵᠦ᠍ ᠥᠭ᠌ᠬᠦ ᠬᠡᠷᠡᠭᠳᠡᠢ᠃ ᠭᠤᠷᠪᠠ᠎ᠳᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ ᠎ᠶ᠋ᠢ ᠪᠠᠷᠢᠮᠲᠠᠯᠠᠵᠤ᠂ ᠮᠣᠷᠠᠯ ᠴᠢᠳᠠᠪᠤᠷᠢ ᠬᠣᠣᠰᠯᠠᠭ᠍ᠰᠠᠨ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠶ ᠲᠤᠰᠭᠠᠢᠵᠢᠭ᠍ᠰᠠᠨ ᠺᠠᠳ᠋ᠷ᠎ᠢ ᠬᠥᠮᠦᠵᠢᠭᠦᠯᠬᠦ᠌᠎ᠶ᠋ᠢ ᠴᠢᠬᠤᠯᠠᠴᠢᠯᠠᠵᠤ ᠂ ᠠᠵᠢᠯ ᠬᠢᠬᠦ᠌ ᠳᠤᠷᠠᠲᠠᠢ ᠠᠵᠢᠯ ᠬᠢᠬᠦ᠌ ᠴᠢᠳᠠᠪᠤᠷᠢ᠎ᠲᠠᠶ ᠠᠵᠢᠯ ᠬᠢᠵᠦ᠍ ᠳᠡᠢᠯᠬᠦ᠌ ᠺᠠᠳ᠋ᠷ᠎ᠢ ᠦᠨᠡᠨ ᠬᠦ᠌ ᠰᠣᠩᠭᠣᠨ ᠳᠡᠪᠱᠢᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面