ᠭᠣᠣᠯ ᠰᠡᠳᠦᠪᠲᠦ ᠮᠡᠳᠡᠭᠡᠯᠡᠯ > ᠠᠷᠠᠳ ᠨᠡᠢᠲᠡ᠎ᠶ᠋ᠢᠨ ᠤᠯᠤᠰ᠎ᠤ᠋ᠨ ᠠᠮᠤᠷ ᠲᠦᠪᠰᠢᠨ᠎ᠦ᠌ ᠬᠥᠮᠦᠵᠢᠯ

2022-04-16 20:49:53

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨᠬᠤᠸᠠ ᠬᠣᠷᠢᠶᠠᠨ᠎ᠤ ᠪᠡᠭᠡᠵᠢᠩ᠎ᠦᠨ 4 ᠰᠠᠷ᠎ᠠ᠎ᠶ᠋ᠢᠨ 14 ᠎ᠤ᠋ ᠴᠠᠬᠢᠯᠭᠠᠨ ᠮᠡᠳᠡᠭᠡ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠥᠷᠭᠡᠨ ᠤᠯᠠᠨ ᠠᠷᠠᠳ ᠢᠷᠭᠡᠨ᠎ᠦ ᠤᠯᠤᠰ᠎ᠤᠨ ᠠᠮᠤᠷ ᠲᠦᠪᠱᠢᠨ᠎ᠦ ᠤᠬᠠᠮᠰᠠᠷ᠎ᠢᠶᠠᠨ ᠴᠢᠩᠭᠠᠳᠭᠠᠬᠤ᠎ᠶ᠋ᠢ ᠬᠦᠳᠦᠯᠦᠨ ᠵᠢᠯᠣᠭᠣᠳᠭᠤ᠎ᠶ᠋ᠢᠨ ᠲᠥᠯᠥᠭᠡ᠂ ᠳᠣᠯᠣᠳᠡᠬᠢ ᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ ᠬᠦᠷᠴᠦ᠍ ᠢᠷᠡᠬᠦ᠌ ᠲᠠᠱᠢᠷᠠᠮ᠎ᠢᠶᠠᠷ᠂ ᠲᠥᠪ᠎ᠦᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ ᠬᠣᠶᠠᠳᠤᠭᠠᠷ ᠪᠦᠯᠦᠭ᠎ᠦᠨ 3 ᠵᠦᠢᠯ᠎ᠦᠨ ᠭᠣᠣᠯᠳᠠᠯᠭ᠎ᠠ᠎ᠲᠠᠶ ᠬᠦᠷᠢᠶᠡᠨ᠎ᠳᠡᠬᠢ ᠤᠯᠤᠰ᠎ᠤᠨ ᠠᠮᠤᠷ ᠲᠦᠪᠱᠢᠨ᠎ᠤ ᠬᠦᠮᠦᠵᠢᠯ᠎ᠢ ᠲᠦᠭᠡᠮᠡᠯᠵᠢᠭᠦᠯᠬᠦ᠌ ᠤᠩᠱᠢᠬᠤ ᠪᠢᠴᠢᠭ — 《ᠤᠯᠤᠰ᠎ᠤᠨ ᠰᠣᠶᠣᠯ᠎ᠤᠨ ᠠᠮᠤᠷ ᠲᠦᠪᠱᠢᠨ᠎ᠦ ᠮᠡᠳᠡᠯᠭᠡ᠎ᠶ᠋ᠢᠨ ᠵᠠᠭᠤᠨ ᠠᠰᠠᠭᠤᠯᠲᠠ》᠂ 《ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠦ ᠮᠡᠳᠡᠯᠭᠡ᠎ᠶ᠋ᠢᠨ ᠵᠠᠭᠤᠨ ᠠᠰᠠᠭᠤᠯᠲᠠ》᠂ 《ᠤᠯᠤᠰ᠎ᠤᠨ ᠮᠥᠩᠭᠥᠨ ᠭᠦᠢᠯᠭᠡᠭᠡᠨ᠎ᠦ ᠠᠮᠤᠷ ᠲᠦᠪᠱᠢᠨ᠎ᠦ ᠮᠡᠳᠡᠯᠭᠡ᠎ᠶ᠋ᠢᠨ ᠵᠠᠭᠤᠨ ᠠᠰᠠᠭᠤᠯᠲᠠ》 ᠵᠢ ᠠᠷᠠᠳ᠎ᠤᠨ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠪᠦᠬᠦ᠌ ᠤᠯᠤᠰ᠎ᠤᠨ ᠱᠢᠨᠬᠤᠸᠠ ᠨᠣᠮ᠎ᠤᠨ ᠳᠡᠯᠭᠡᠭᠦᠷ᠎ᠲᠦ ᠲᠠᠷᠬᠠᠭᠠᠪᠠ᠃

ᠬᠣᠶᠠᠳᠤᠭᠠᠷ᠎ᠪᠦᠯᠦᠭ᠎ᠦᠨ᠎ᠭᠣᠣᠯᠳᠠᠯᠭ᠎ᠠ᠎ᠲᠠᠶ᠎ᠬᠦᠷᠢᠶᠡᠨ᠎ᠳᠡᠬᠢ ᠤᠯᠤᠰ᠎ᠤᠨ ᠠᠮᠤᠷ ᠲᠦᠪᠱᠢᠨ᠎ᠤ ᠬᠦᠮᠦᠵᠢᠯ᠎ᠢ ᠲᠦᠭᠡᠮᠡᠯᠵᠢᠭᠦᠯᠬᠦ᠌ ᠤᠩᠱᠢᠬᠤ ᠪᠢᠴᠢᠭ ᠪᠣᠯ ᠲᠥᠪ᠎ᠦᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ 《ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠲᠦᠭᠡᠮᠡᠯᠵᠢᠭᠦᠯᠬᠦ᠌ ᠴᠤᠪᠤᠷᠠᠯ ᠪᠢᠴᠢᠭ》 ᠎ᠤ᠋ᠨ ᠳᠤᠲᠤᠷᠠᠬᠢ 3 ᠵᠦᠢᠯ ᠪᠣᠯᠤᠨ᠎ᠠ᠂ ᠲᠤᠰ ᠲᠤᠰ ᠲᠥᠪ᠎ᠦᠨ ᠤᠬᠠᠭᠤᠯᠬᠤ ᠬᠡᠯᠲᠡᠰ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠡᠴᠡ ᠨᠠᠢᠷᠠᠭᠤᠯᠤᠨ ᠪᠢᠴᠢᠬᠦ᠌ ᠠᠵᠢᠯ᠎ᠢ ᠪᠣᠳᠠᠲᠠᠢ ᠡᠭᠦᠷᠭᠡᠯᠡᠪᠡ᠃ ᠤᠩᠱᠢᠬᠤ ᠪᠢᠴᠢᠭ ᠨᠢ ᠮᠡᠳᠡᠯᠭᠡ᠎ᠶ᠋ᠢ ᠲᠦᠭᠡᠮᠡᠯᠵᠢᠭᠦᠯᠬᠦ᠌ ᠪᠠ ᠭᠣᠣᠯᠳᠠᠯᠭ᠎ᠠ᠎ᠲᠠᠶ ᠲᠠᠢᠯᠪᠤᠷᠢᠯᠠᠬᠤ᠎ᠶ᠋ᠢ ᠤᠶᠠᠯᠳᠤᠭᠤᠯᠬᠤ ᠬᠡᠯᠪᠡᠷᠢ᠎ᠶ᠋ᠢ ᠠᠪᠴᠤ᠌᠂ ᠠᠭᠤᠯᠭ᠎ᠠ ᠨᠢ ᠣᠨᠣᠪᠴᠢᠲᠠᠢ ᠪᠥᠭᠡᠳ ᠡᠷᠬᠡ ᠰᠦᠷ᠎ᠲᠡᠶ᠂ ᠲᠣᠪᠴᠢ ᠠᠪᠰᠠᠷᠬᠠᠨ᠂ ᠪᠣᠳᠠᠲᠠᠢ᠎ᠶ᠋ᠢ ᠡᠷᠬᠢᠮᠯᠡᠭ᠌ᠰᠡᠨ ᠪᠥᠭᠡᠳ ᠬᠡᠷᠡᠭᠴᠡᠬᠡ ᠲᠠᠢ ᠪᠠᠢᠳᠠᠭ᠃ ᠤᠩᠱᠢᠬᠤ ᠪᠢᠴᠢᠭ᠎ᠨᠢ ᠢᠮᠠᠭ᠍ᠲᠠ ᠤᠯᠤᠰ᠎ᠤᠨ ᠶᠡᠷᠦᠩᠬᠡᠶ ᠠᠮᠤᠷ ᠲᠦᠪᠱᠢᠨ᠎ᠤ ᠦᠵᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠲᠥᠪ ᠬᠣᠷᠢᠶᠠᠨ᠎ᠤ ᠬᠠᠮᠤᠭ᠎ᠤᠨ ᠱᠢᠨ᠎ᠡ ᠵᠣᠷᠢᠭ ᠰᠠᠨᠠᠭ᠎ᠠ᠎ᠶ᠋ᠢ ᠣᠨᠣᠪᠴᠢᠲᠠᠶ ᠡᠵᠡᠮᠳᠡᠵᠦ᠍᠂ ᠤᠯᠤᠰ᠎ᠤᠨ ᠠᠮᠤᠷ ᠲᠦᠪᠱᠢᠨ᠎ᠦ ᠪᠠᠢᠳᠠᠯ᠎ᠤᠨ ᠱᠢᠨ᠎ᠡ ᠬᠤᠪᠢᠷᠠᠯᠲᠠ᠎ᠶ᠋ᠢ ᠪᠥᠬᠥ᠌ ᠲᠠᠯ᠎ᠠ᠎ᠪᠠᠷ ᠲᠤᠰᠭᠠᠵᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠤᠯᠤᠰ᠎ᠤᠨ ᠠᠮᠤᠷ ᠲᠦᠪᠱᠢᠨ᠎ᠦ ᠠᠵᠢᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠬᠤ᠎ᠶ᠋ᠢᠨ ᠬᠠᠮᠲᠤ ᠬᠡᠷᠡᠭ᠌ᠯᠡᠭᠡᠨ᠎ᠦ ᠴᠢᠨᠠᠷ ᠪᠣᠯᠤᠨ ᠤᠩᠱᠢᠪᠤᠷᠢᠲᠤ ᠴᠢᠨᠠᠷ᠎ᠢ ᠬᠠᠷᠠᠭᠠᠯᠵᠠᠵᠤ᠂ ᠭᠡᠷᠡᠯ ᠵᠢᠷᠤᠭ᠂ ᠵᠢᠷᠤᠭᠴᠢᠯᠠᠬᠤ ᠪᠠ ᠸᠢᠳᠢᠣ᠋᠎ᠶ᠋ᠢᠨ ᠬᠣᠶᠠᠷ ᠬᠡᠮᠵᠢᠯᠳᠦ ᠺᠣᠳ᠋᠎ᠢ ᠬᠠᠪᠰᠤᠷᠭᠠᠵᠤ᠂ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢᠨ ᠬᠥᠮᠦᠵᠢᠯ᠎ᠢ ᠲᠦᠭᠡᠮᠡᠯᠵᠢᠭᠦᠯᠬᠦ᠌ ᠪᠠ ᠠᠷᠠᠳ ᠢᠷᠭᠡᠳ᠎ᠦᠨ《ᠶᠡᠬᠡ ᠠᠮᠤᠷ ᠲᠦᠪᠱᠢᠨ》᠎ᠤ᠋ ᠤᠬᠠᠮᠰᠠᠷ᠎ᠢ ᠳᠡᠭᠡᠭ᠌ᠰᠢᠯᠡᠭᠦᠯᠬᠦ᠌ ᠳ᠋ᠤ ᠴᠢᠬᠤᠯᠠ ᠬᠠᠪᠰᠤᠷᠤᠮᠵᠢ ᠪᠤᠯᠬᠤ ᠤᠩᠱᠢᠬᠤ ᠪᠢᠴᠢᠭ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面