ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-04-29 10:33:50

ᠵᠣᠬᠢᠶᠠᠭ᠍ᠴᠢ᠄ ᠵᠠᠢ ᠵᠦᠸᠸ ᠣᠩᠱᠢᠭ᠍ᠰᠠᠨ ᠣᠳᠠᠭ᠎ᠠ᠄ 3

ᠶᠡᠷᠦᠩᠬᠡᠶ ᠱᠦᠵᠢ ᠰᠢ ᠵᠢᠨ ᠫᠢᠩ 2019 ᠤᠨ᠎ᠤ 9 ᠰᠠᠷ᠎ᠠ᠎ᠵᠢᠨ 16᠎ᠤ᠋ ᠡᠳᠦᠷ ᠾᠸᠨᠠᠨ ᠮᠤᠵᠢ᠎ᠵᠢᠨ ᠰᠢᠨ ᠶᠠᠩ ᠬᠤᠲᠠ᠎ᠵᠢᠨ ᠰᠢᠨ ᠰᠢᠶᠠᠨ᠎ᠤ ᠲᠢᠶᠠᠨ ᠫᠥ ᠰᠢᠶᠠᠩ᠎ᠤᠨ ᠲᠢᠶᠠᠨ ᠫᠥ ᠳᠠ ᠸᠠᠨ᠎ᠳᠤ ᠰᠢᠨᠵᠢᠯᠡᠨ ᠪᠠᠢᠴᠠᠭᠠᠬᠤ᠎ᠳᠠᠭᠠᠨ᠂《 ᠨᠤᠲᠤᠭ᠎ᠤᠨ ᠪᠤᠷᠤ ᠭᠡᠷ 》 ᠠᠷᠠᠳ᠎ᠤᠨ ᠤᠯᠠᠮᠵᠢᠯᠠᠯᠳᠤ ᠰᠠᠭᠤᠴᠠ᠎ᠶ᠋ᠢᠨ ᠪᠠᠭᠤᠳᠠᠯ᠎ᠤᠨ ᠡᠵᠡᠨ ᠬᠠᠨ ᠭᠤᠸᠠᠩ ᠶᠢᠩ᠎ᠤᠨ ᠭᠡᠷ᠎ᠲᠤ ᠬᠦᠷᠪᠡ᠃ ᠤᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠬᠠᠨ ᠭᠤᠸᠠᠩ ᠶᠢᠩ᠎ᠢ ᠡᠷᠬᠢᠵᠦ ᠰᠤᠷᠪᠤᠯᠵᠢᠯᠠᠪᠠ᠃

ᠦᠵᠡᠭ᠌ᠳᠡᠯ᠎ᠢ ᠡᠷᠬᠢᠴᠡᠭᠦᠯᠬᠦᠢ

ᠶᠡᠷᠦᠩᠬᠡᠶ ᠱᠦᠵᠢ ᠰᠢ ᠵᠢᠨ ᠫᠢᠩ ᠲᠣᠰᠭᠣᠨ᠎ᠤ ᠲᠤᠮᠳᠠᠭᠤᠷᠬᠢ ᠵᠥᠷᠢᠭ ᠵᠠᠮ᠎ᠢᠶᠠᠷ ᠠᠯᠬᠤᠵᠤ᠂ ᠲᠢᠶᠠᠨ ᠫᠥ ᠳᠠ ᠸᠠᠨ᠎ᠤ ᠰᠢᠨ᠎ᠡ ᠡᠭᠦᠳᠦᠯᠳᠡ ᠵᠢᠨ ᠵᠢᠵᠢᠭ ᠳᠡᠯᠭᠡᠭᠦᠷ᠎ᠲᠦ ᠣᠷᠣᠵᠤ᠂ ᠬᠥᠳᠡᠭᠡ ᠲᠣᠰᠭᠣᠨ᠎ᠤ ᠵᠢᠭᠤᠯᠴᠢᠯᠠᠯ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠵᠤ ᠪᠠᠢᠭ᠎ᠠ ᠪᠠᠢᠳᠠᠯ᠎ᠢ ᠣᠢᠯᠠᠭᠠᠪᠠ᠃ 《ᠨᠤᠲᠤᠭ᠎ᠤᠨ ᠪᠤᠷᠤ ᠭᠡᠷ》 ᠠᠷᠠᠳ᠎ᠤᠨ ᠤᠯᠠᠮᠵᠢᠯᠠᠯᠳᠤ ᠰᠠᠭᠤᠴᠠ᠎ᠶ᠋ᠢᠨ ᠪᠠᠭᠤᠳᠠᠯ᠎ᠳᠤ᠂ ᠶᠡᠷᠦᠩᠬᠡᠢ ᠱᠦᠵᠢ ᠦᠢᠯᠡᠴᠢᠯᠡᠭᠡᠨ᠎ᠦ ᠲᠥᠬᠥᠭᠡᠷᠦᠮᠵᠢ᠎ᠶ᠋ᠢ ᠨᠠᠷᠢᠨ ᠪᠠᠢᠴᠠᠭᠠᠨ ᠦᠵᠡᠵᠦ᠍᠂ ᠪᠠᠭᠤᠳᠠᠯ᠎ᠦᠨ ᠡᠵᠡᠨ ᠬᠠᠨ ᠭᠤᠸᠠᠩ ᠶᠢᠩ᠎ᠦᠨ ᠨᠢᠭᠡ ᠭᠡᠷ᠎ᠦᠨ ᠬᠢᠨ᠎ᠲᠡᠶ ᠬᠠᠮᠲᠤ ᠰᠠᠭᠤᠯᠴᠠᠵᠤ ᠳᠣᠲᠣᠨᠣ᠎ᠪᠠᠷ ᠶᠠᠷᠢᠯᠴᠠᠪᠠ᠃

ᠬᠠᠨ ᠭᠤᠸᠠᠩ ᠶᠢᠩ ᠶᠡᠷᠦᠩᠬᠡᠢ ᠱᠦᠵᠢ᠎ᠳᠦ᠂ ᠪᠢ ᠪᠣᠯ ᠤᠯᠠᠭᠠᠨ ᠴᠡᠷᠢᠭ᠎ᠦᠨ ᠬᠣᠢᠴᠢ ᠦᠶ᠎ᠡ᠂ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠭᠡᠷ ᠪᠦᠯᠢ᠎ᠶ᠋ᠢᠨ ᠬᠢᠨ ᠪᠣᠯᠤᠨ᠎ᠠ᠂ ᠤᠢ᠍ᠢᠷ᠎ᠠ᠎ᠶ᠋ᠢᠨ ᠵᠢᠯ᠎ᠡᠴᠡ ᠬᠥᠳᠡᠭᠡ ᠲᠣᠰᠭᠣᠨ᠎ᠤ᠎ᠵᠢᠭᠤᠯᠴᠢᠯᠠᠯ᠎ᠳᠤ ᠲᠦᠱᠢᠭ᠌ᠯᠡᠨ ᠣᠷᠣᠯᠭ᠎ᠠ᠎ᠪᠠᠨ ᠨᠡᠮᠡᠭ᠌ᠳᠡᠭᠦᠯᠵᠦ᠍᠂ ᠪᠠᠰᠠ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠢ᠌ᠴᠢᠯᠠᠨ ᠠᠷᠠᠳ᠎ᠤᠨ ᠤᠯᠠᠮᠵᠢᠯᠠᠯᠳᠤ ᠰᠠᠭᠤᠴᠠ᠎ᠶ᠋ᠢ ᠨᠡᠭᠡᠭᠡᠨ ᠬᠥᠭ᠌ᠵᠢᠭᠦᠯᠦᠨ ᠪᠠᠶᠠᠵᠢᠯ᠎ᠤᠨ ᠵᠠᠮ᠎ᠢᠶᠠᠷ ᠵᠠᠮᠨᠠᠭᠤᠯᠵᠠᠢ ᠭᠡᠵᠦ᠍ ᠬᠡᠯᠡᠪᠡ᠃ ᠶᠡᠷᠦᠩᠬᠡᠢ ᠱᠦᠵᠢ ᠰᠢ ᠵᠢᠨ ᠫᠢᠩ ᠰᠣᠨᠣᠰᠤᠭᠠᠳ ᠮᠠᠰᠢ ᠪᠠᠶᠠᠷᠯᠠᠪᠠ᠃

《ᠬᠥᠳᠡᠭᠡ ᠲᠣᠰᠭᠣᠨ᠎ᠤ ᠵᠢᠭᠤᠯᠴᠢᠯᠠᠯ᠎ᠢ ᠬᠥᠭ᠌ᠵᠢᠭᠦᠯᠬᠦ᠌᠎ᠳᠦ ᠶᠡᠬᠡ᠎ᠪᠡᠷ ᠨᠤᠷᠠᠭᠠᠵᠤ ᠶᠡᠬᠡ᠎ᠪᠡᠷ ᠪᠠᠢᠭᠤᠯᠵᠤ ᠪᠣᠯᠬᠤ ᠥᠬᠡᠶ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠬᠠᠨᠳᠤᠰᠢ᠎ᠳᠤᠨᠢ ᠲᠣᠬᠢᠷᠠᠭᠤᠯᠤᠨ ᠬᠥᠲᠥᠯᠥᠨ ᠵᠢᠯᠣᠭᠣᠳᠴᠤ᠌᠂ ᠤᠯᠠᠮᠵᠢᠯᠠᠯᠲᠤ ᠠᠢᠯ ᠲᠣᠰᠭᠣᠨ᠎ᠢ ᠰᠠᠢᠲᠤᠷ ᠥᠭᠡᠷᠡᠴᠢᠯᠡᠨ ᠰᠠᠢᠵᠢᠷᠠᠭᠤᠯᠵᠤ ᠰᠠᠢᠲᠤᠷ ᠬᠠᠮᠠᠭᠠᠯᠠᠬᠤ ᠬᠡᠷᠡᠭ᠌ᠲᠡᠶ》᠃ ᠶᠡᠷᠦᠩᠬᠡᠶ ᠱᠦᠵᠢ ᠰᠢ ᠵᠢᠨ ᠫᠢᠩ ᠄ 《 ᠡᠯᠪᠡᠭ ᠪᠠᠶᠠᠯᠢᠭ ᠬᠤᠪᠢᠰᠭᠠᠯᠳᠤ ᠰᠣᠶᠣᠯ᠎ᠤᠨ ᠡᠬᠢ ᠪᠠᠶᠠᠯᠢᠭ ᠪᠠ ᠪᠣᠬᠢᠷᠲᠤᠯ ᠥᠬᠡᠶ ᠠᠮᠢ ᠠᠬᠤᠶ᠎ᠶ᠋ᠢᠨ ᠡᠬᠢ ᠪᠠᠶᠠᠯᠢᠭ᠎ᠲᠤ ᠲᠦᠱᠢᠭ᠌ᠯᠡᠨ ᠬᠥᠳᠡᠭᠡ ᠲᠣᠰᠭᠣᠨ᠎ᠤ ᠵᠢᠭᠤᠯᠴᠢᠯᠠᠯ᠎ᠢ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠠᠵᠤ ᠠᠬᠤᠶ᠎ᠶ᠋ᠢ ᠠᠮᠢᠳᠤᠯᠢᠬᠵᠢᠭᠤᠯᠬᠤ ᠪᠤᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠰᠠᠢᠨ ᠠᠷᠭ᠎ᠠ ᠮᠥᠨ 》ᠭᠡᠵᠦ ᠵᠢᠭᠠᠵᠤ ᠭᠠᠷᠭᠠᠪᠠ᠃

ᠬᠠᠨ ᠭᠤᠸᠠᠩ ᠶᠢᠩ᠎ᠦᠨ ᠰᠡᠳᠭᠢᠯ᠎ᠦᠨ ᠳᠠᠭᠤᠨ

3 ᠵᠢᠯ ᠥᠨᠭᠭᠡᠷᠡᠨ ᠤᠳᠤᠯ᠎ᠠ᠂ ᠲᠡᠷᠡ ᠡᠳᠦᠷ᠎ᠦᠨ ᠪᠠᠢᠳᠠᠯ ᠪᠣᠯᠤᠨ ᠶᠡᠷᠦᠩᠬᠡᠢ ᠱᠦᠵᠢ᠎ᠶ᠋ᠢᠨ ᠶᠠᠷᠢᠭᠰᠠᠨ ᠦᠭᠡ᠎ᠶ᠋ᠢ ᠪᠤᠳᠤᠬᠤ ᠪᠦᠷᠢ ᠮᠢᠨᠦ ᠰᠡᠳᠭᠢᠯ ᠳᠣᠭ᠍ᠳᠣᠯᠤᠨ ᠬᠠᠯᠠᠭᠤᠨ ᠳᠤᠯᠠᠭᠠᠬᠠᠨ ᠰᠠᠨᠠᠭᠳᠠᠳᠠᠭ᠃

ᠥᠩᠭᠡᠷᠡᠭ᠌ᠰᠡᠨ᠎ᠳᠦ᠂ ᠮᠠᠨ᠎ᠤ ᠲᠣᠰᠭᠣᠨ᠎ᠤ ᠬᠥᠳᠡᠭᠡ ᠲᠣᠰᠭᠣᠨ᠎ᠤ ᠵᠢᠭᠤᠯᠴᠢᠯᠠᠯ《ᠪᠠᠢᠭᠠᠯᠢᠯᠢᠭ》᠎ᠬᠡᠪ᠎ᠢᠶᠡᠷ᠎ᠢᠶᠡᠨ ᠪᠠᠢᠵᠤ᠂ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠶ ᠲᠥᠯᠥᠪᠵᠢᠭᠦᠯᠦᠭ᠌ᠰᠡᠨ ᠥᠬᠡᠶ᠃ ᠡᠨᠡ ᠬᠡᠳᠦᠨ ᠵᠢᠯ᠎ᠳᠦ᠂ ᠵᠠᠰᠠᠭ᠎ᠤᠨ ᠣᠷᠳᠣᠨ ᠪᠢᠳᠡᠨ᠎ᠢ ᠬᠠᠪᠰᠤᠷᠤᠨ ᠵᠢᠭᠤᠯᠴᠢᠯᠠᠯ᠎ᠤᠨ ᠦᠢᠯᠡᠰ᠎ᠢ ᠬᠥᠭ᠌ᠵᠢᠭᠦᠯᠬᠦ᠌ ᠪᠠ ᠲᠣᠰᠭᠣᠨ᠎ᠤ ᠳᠦᠷᠰᠦ ᠪᠠᠢᠳᠠᠯ᠎ᠢ ᠥᠭᠡᠷᠡᠴᠢᠯᠡᠨ ᠰᠠᠢᠵᠢᠷᠠᠭᠤᠯᠬᠤ᠎ᠳᠠᠭᠠᠨ᠂ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠲᠣᠰᠭᠣᠨ᠎ᠤ ᠤᠤᠯ᠎ᠤᠨ ᠳᠦᠷᠰᠦ ᠪᠠᠢᠳᠠᠯ᠎ᠢ ᠬᠠᠮᠠᠭᠠᠯᠠᠬᠤ᠎ᠶ᠋ᠢ ᠣᠨᠴᠠᠭᠠᠢᠯᠠᠨ ᠴᠢᠬᠤᠯᠠᠴᠢᠯᠠᠪᠠ᠃ ᠭᠡᠷ ᠪᠠᠢᠱᠢᠩ᠎ᠢ ᠨᠤᠷᠠᠭᠠᠨ ᠳᠠᠬᠢᠨ ᠪᠠᠢᠭᠤᠯᠬᠤ ᠶᠠᠪᠤᠳᠠᠯ ᠲᠤᠩ ᠴᠥᠭᠡᠨ ᠪᠠᠢᠵᠤ᠂ ᠦᠨᠳᠦᠰᠦᠨ᠎ᠳᠡᠭᠡᠨ ᠬᠠᠭᠤᠴᠢᠨ ᠬᠡᠪ᠎ᠢᠶᠡᠷ ᠨᠢ ᠵᠠᠰᠠᠭ᠍ᠰᠠᠨ ᠪᠠᠢᠨ᠎ᠠ; ᠵᠠᠮ᠎ᠢ᠋ ᠬᠥᠬᠡ ᠴᠢᠯᠠᠭᠤᠨ ᠬᠠᠪᠲᠠᠰᠤ᠎ᠪᠠᠷ ᠳᠡᠪᠢᠰᠴᠦ᠍᠂ ᠡᠷᠲᠡᠨ᠎ᠤ ᠪᠣᠷᠣᠭ᠍ᠵᠢᠭᠤᠨ ᠠᠬᠤᠢ ᠪᠠᠢᠳᠠᠯ᠎ᠢ ᠨᠢ ᠰᠡᠷᠭᠦᠭᠡᠪᠡ᠃ ᠳᠦᠷᠰᠦ ᠪᠠᠢᠳᠠᠯ᠎ᠢᠶᠠᠨ ᠰᠠᠢᠲᠤᠷ ᠬᠠᠳᠠᠭᠠᠯᠠᠭᠰᠠᠨ᠎ᠢᠶᠡᠷ ᠪᠠᠷᠠᠬᠤ ᠦᠭᠡᠢ ᠨᠤᠲᠤᠭ᠎ᠤᠨ ᠲᠤᠷᠠᠰᠤᠮᠵᠢ ᠵᠢ ᠴᠦ᠍ ᠦᠯᠡᠳᠡᠭᠡᠪᠡ᠂ ᠡᠢᠮᠦ᠍ᠷᠬᠦᠦ ᠬᠥᠳᠡᠭᠡ ᠲᠣᠰᠭᠣᠨ᠎ᠢ ᠬᠡᠨ ᠬᠠᠢᠷᠠᠯᠠᠬᠤ ᠦᠭᠡᠢ ᠪᠠᠢᠵᠤ ᠴᠢᠳᠠᠬᠤ ᠪᠤᠢ?

ᠶᠡᠷᠦᠩᠬᠡᠶ ᠱᠦᠵᠢ ᠪᠢᠳᠡᠨ᠎ᠳᠦ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠶ ᠡᠷᠢᠨ ᠥᠭᠴᠦ᠂ ᠪᠢᠳᠡᠨ᠎ᠢ ᠵᠢᠭᠠᠨ ᠵᠢᠯᠤᠭᠤᠳᠤᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠵᠠᠮ᠎ᠢᠶᠠᠷ ᠵᠠᠮᠨᠠᠭᠤᠯᠤᠭᠰᠠᠨ᠎ᠳᠤ ᠨᠤᠲᠤᠭ᠎ᠤᠨ ᠠᠬ᠎ᠠ ᠳᠡᠭᠦᠦ᠍᠎ᠨᠡᠷ ᠴᠢᠩ ᠰᠡᠳᠬᠢᠯ ᠡᠴᠡ᠎ᠪᠠᠨ ᠲᠠᠯᠠᠷᠬᠠᠵᠤ ᠪᠠᠢᠬᠤ᠎ᠪᠠᠨ ᠢᠯᠡᠳᠭᠡᠵᠡᠭᠡᠵᠦ ᠪᠠᠢᠨ᠎ᠠ᠃

ᠠᠭᠤᠯᠠ ᠤᠰᠤᠨ᠎ᠤ ᠦᠵᠡᠮᠵᠢ ᠭᠤᠶᠤ ᠤᠴᠢᠷ᠎ᠡᠴᠡ᠂ ᠮᠠᠰᠢ ᠣᠯᠠᠨ ᠬᠡᠷᠡᠯ ᠵᠢᠷᠤᠬᠴᠢᠨ ᠪᠠᠰᠠ ᠲᠢᠶᠠᠨ ᠫᠦ ᠳᠠ ᠸᠠᠨ᠎ᠳᠤ ᠬᠦᠷᠴᠦ ᠢᠷᠡᠳᠡᠭ᠃ ᠤᠭ᠍ᠲᠤᠮᠠᠯ ᠴᠡᠴᠡᠭ ᠳᠡᠯᠭᠡᠷᠡᠬᠦ᠌᠎ᠡᠴᠡ ᠠᠪᠤᠭᠠᠳ ᠲᠤᠭᠤᠷ᠎ᠤᠨ ᠴᠡᠴᠡᠭ᠂ ᠢᠩᠳᠤᠤᠷ᠎ᠤᠨ ᠴᠡᠴᠡᠭ ᠳᠡᠯᠭᠡᠷᠡᠬᠦ᠌ ᠬᠦᠷᠲᠡᠯ᠎ᠡ ᠁ ᠭᠡᠷᠡᠯ ᠵᠢᠷᠤᠭ ᠪᠣᠯ ᠳᠠᠷᠤᠢ ᠨᠡᠷ᠎ᠡ᠎ᠶ᠋ᠢᠨ ᠬᠠᠭᠤᠳᠠᠰᠤ ᠂ ᠤᠯᠠᠨ᠎ᠤ ᠦᠨᠡᠯᠡᠯᠲᠡ ᠪᠣᠯ ᠳᠠᠷᠤᠢ 《 ᠤᠬᠠᠭᠤᠯᠭ᠎ᠠ ᠵᠢᠨ ᠵᠠᠷ 》 ᠪᠠᠢᠵᠤ᠂ ᠮᠠᠨ᠎ᠤ ᠲᠣᠰᠭᠣᠨ᠎ᠤ ᠨᠡᠷ᠎ᠡ ᠠᠯᠳᠠᠷ ᠤᠯᠠᠮ᠎ᠡᠴᠡ ᠤᠯᠠᠮ ᠶᠡᠬᠡ ᠪᠣᠯᠵᠠᠢ᠃

ᠡᠨᠡ ᠬᠣᠶᠠᠷ ᠵᠢᠯ᠂ ᠮᠠᠨ᠎ᠤ ᠬᠤᠪᠢᠰᠭᠠᠯᠳᠤ ᠰᠣᠶᠣᠯ᠎ᠤᠨ ᠵᠢᠭᠤᠯᠴᠢᠯᠠᠯ ᠮᠠᠰᠢ ᠬᠥᠭ᠌ᠵᠢᠶᠡᠨ᠎ᠲᠡᠶ ᠪᠤᠯᠵᠠᠢ᠃ ᠲᠢᠶᠠᠨ ᠫᠦ ᠳ᠋ᠡ ᠸᠠᠨ᠎ᠳᠦ ᠵᠢᠭᠤᠯᠴᠢᠯᠠᠬᠤ ᠪᠠ ᠬᠤᠪᠢᠰᠭᠠᠯᠳᠦ ᠬᠥᠮᠦᠵᠢᠯ ᠬᠦᠷᠲᠡᠬᠦ᠌ ᠵᠢᠭᠤᠯᠴᠢᠯᠠᠭᠰᠠᠳ ᠤᠯᠠᠮ᠎ᠡᠴᠡ ᠤᠯᠠᠮ ᠠᠷᠪᠢᠨ ᠪᠣᠯᠵᠤ ᠪᠠᠢᠨ᠎ᠠ᠃ ᠴᠠᠭ᠎ᠲᠠᠶ ᠯᠠ ᠶᠤᠮ ᠪᠣᠯ᠂ ᠪᠢ ᠪᠦᠷ 《 ᠨᠤᠲᠤᠭ᠎ᠤᠨ ᠪᠤᠷᠤ ᠭᠡᠷ 》᠎ᠵᠢᠡᠨ ᠦᠨ᠎ᠡ ᠲᠥᠯᠥᠪᠦᠷᠢ ᠦᠭᠡᠢ᠎ᠪᠡᠷ ᠨᠡᠭᠡᠭᠡᠵᠦ᠍᠂ ᠤᠯᠠᠨ᠎ᠳᠦ ᠰᠤᠨᠢᠷᠬᠠᠭᠤᠯᠬᠤ ᠵᠢᠨ ᠬᠠᠮᠳᠤ᠂ ᠵᠠᠷᠢᠮ᠎ᠳᠠᠭᠠᠨ ᠪᠠᠰᠠ ᠵᠢᠭᠤᠯᠴᠢᠯᠠᠭᠰᠠᠳ᠎ᠲᠤ ᠦᠶ᠎ᠡ ᠤᠯᠠᠷᠢᠨ ᠤᠯᠠᠮᠵᠢᠯᠠᠭ᠍ᠳᠠᠭ᠍ᠰᠠᠨ ᠬᠤᠪᠢᠰᠭᠠᠯᠳᠦ ᠦᠯᠢᠭᠡᠷ᠎ᠢ ᠶᠠᠷᠢᠵᠤ ᠦᠭ᠌ᠳᠡᠭ᠃

ᠮᠢᠨᠦ᠍ ᠪᠤᠳᠤᠬᠤ᠎ᠪᠠᠷ᠂ ᠵᠥᠪ ᠵᠠᠮ᠎ᠢᠶᠠᠷ ᠵᠠᠮᠨᠠᠳᠠᠭ ᠯᠠ ᠶᠤᠮ ᠪᠣᠯ ᠨᠡᠩ ᠤᠯᠠᠨ ᠲᠤᠰᠬᠤᠨ᠎ᠤᠳ ᠲᠢᠶᠠᠨ ᠫᠦ ᠳᠠ ᠸᠠᠨ ᠰᠢᠬ ᠪᠠᠶᠠᠵᠢᠯ᠎ᠤᠨ ᠵᠠᠮ᠎ᠢᠶᠡᠷ ᠵᠠᠮᠨᠠᠬᠤ ᠨᠢ ᠯᠠᠪᠲᠠᠢ᠃

( ᠱᠢᠨᠬᠤᠸᠠ ᠬᠣᠷᠢᠶᠠᠨ᠎ᠤ ᠵᠧᠩᠵᠧᠦ᠍᠎ᠶ᠋ᠢᠨ 4 ᠰᠠᠷ᠎ᠠ᠎ᠶ᠋ᠢᠨ 22᠎ᠤ᠋ᠨ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面