ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-05-10 09:23:04

ᠵᠣᠬᠢᠶᠠᠭ᠍ᠴᠢ᠄ ᠸᠠᠩ ᠽᠸ ᠬᠤᠤ ᠭᠠᠯᠰᠠᠩᠨᠠᠮᠵᠢᠯ ᠣᠩᠱᠢᠭ᠍ᠰᠠᠨ ᠣᠳᠠᠭ᠎ᠠ᠄ 3

ᠶᠡᠷᠦᠩᠬᠡᠶ ᠱᠦᠵᠢ ᠰᠢ ᠵᠢᠨ ᠫᠢᠩ 2021 ᠣᠨ᠎ᠤ 7 ᠰᠠᠷ᠎ᠠ᠎ᠶ᠋ᠢᠨ 21᠎ᠤ᠋ ᠡᠳᠦᠷ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠯᠢᠨ ᡁᠢ ᠬᠣᠲᠠ᠎ᠶ᠋ᠢᠨ ᠪᠠ ᠢ ᠲᠣᠭᠣᠷᠢᠭ᠎ᠤᠨ ᠯᠢᠨ ᡁᠢ ᠪᠠᠯᠭᠠᠰᠤᠨ᠎ᠤ ᠭᠠᠯ ᠲᠣᠰᠭᠣᠨ᠎ᠳᠤ ᠱᠢᠨᠵᠢᠯᠡᠨ ᠪᠠᠢᠴᠠᠭᠠᠵᠤ᠂ ᠲᠥᠪᠡᠳ ᠦᠨᠳᠦᠰᠦᠲᠡᠨ᠎ᠦ ᠲᠣᠰᠭᠣᠨ᠎ᠤ ᠠᠷᠠᠳ ᠳᠠᠸᠠᠵᠠᠯᠰᠠᠨ᠎ᠤ ᠬᠡᠷ᠎ᠲᠦ ᠬᠥᠷᠪᠡ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠳᠠᠸᠠᠵᠠᠯᠰᠠᠨ᠎ᠢ ᠡᠷᠭᠢᠵᠦ ᠰᠤᠷᠪᠤᠯᠵᠢᠯᠠᠪᠠ᠃

ᠦᠵᠡᠭ᠌ᠳᠡᠯ᠎ᠢ ᠡᠷᠭᠢᠴᠡᠭᠦᠯᠬᠦᠢ

ᠲᠥᠪᠡᠳ᠎ᠦᠨ ᠯᠢᠨ ᡁᠢ ᠬᠤᠳᠠ᠎ᠶ᠋ᠢᠨ ᠭᠠᠯ ᠲᠣᠰᠭᠣᠨ ᠪᠣᠯ 《 ᠲᠤᠭᠤᠷ᠎ᠤᠨ ᠴᠡᠴᠡᠭ ᠪᠠᠳᠠᠷᠠᠨ ᠳᠡᠯᠭᠡᠷᠡᠭ᠌ᠰᠡᠨ ᠭᠠᠵᠠᠷ 》ᠪᠠᠢᠵᠤ᠂ ᠲᠥᠪᠡᠳ᠎ᠦᠨ《 ᠲᠤᠭᠤᠷ᠎ᠤᠨ ᠴᠡᠴᠡᠭ᠎ᠦᠨ ᠨᠢᠭᠡᠳᠦᠭᠡᠷ ᠲᠣᠰᠭᠣᠨ》ᠭᠡᠮᠡᠭᠳᠡᠪᠡ᠃ ᠲᠡᠷᠡ ᠡᠳᠦᠷ᠂ ᠲᠣᠰᠭᠣᠨ᠎ᠤ ᠠᠷᠠᠳ ᠳᠠᠸᠠᠵᠠᠯᠰᠠᠨ ᠶᠡᠷᠦᠩᠬᠡᠢ ᠱᠦᠵᠢ ᠰᠢ ᠵᠢᠨ ᠫᠢᠩ᠎ᠦᠨ ᠲᠡᠬᠦᠨ᠎ᠤ ᠭᠡᠷ᠎ᠲᠦ ᠠᠢᠯᠴᠢᠯᠠᠷ᠎ᠠ ᠢᠷᠡᠭ᠌ᠰᠡᠨ᠎ᠢ ᠬᠠᠯᠠᠭᠤᠨ᠎ᠢᠶᠠᠷ ᠤᠭ᠍ᠲᠤᠪᠠ᠃ ᠶᠡᠷᠦᠩᠬᠡᠶ ᠱᠦᠵᠢ ᠲᠡᠳᠡᠨ᠎ᠤ ᠤᠨᠲᠠᠬᠤ ᠥᠷᠥᠭᠡ᠂ ᠲᠣᠭᠣᠭᠠᠨ ᠬᠡᠷ᠂ ᠬᠠᠳᠠᠭᠠᠯᠠᠬᠤ ᠥᠷᠥᠭᠡ᠂ ᠠᠷᠢᠭᠤᠨ ᠴᠡᠪᠡᠷ᠎ᠦᠨ ᠲᠠᠰᠤᠯᠭ᠎ᠠ ᠵᠡᠷᠭᠡ᠎ᠶ᠋ᠢ ᠨᠢ ᠨᠠᠷᠢᠨ ᠪᠠᠢᠴᠠᠭᠠᠨ ᠦᠵᠡᠪᠡ᠃ ᠠᠮᠤ ᠪᠤᠳᠠᠭᠠᠨ᠎ᠤ ᠬᠥᠮᠥᠷᠭᠡ᠎ᠳᠤᠨᠢ᠂ ᠪᠤᠭᠤᠳᠠᠢ᠂ ᠰᠠᠭᠠᠭ᠂ ᠨᠣᠬᠠᠶ᠎ᠶ᠋ᠢᠨ ᠬᠣᠱᠢᠭᠤ᠂ ᠸᠠᠨᠳᠧᠦ᠂ ᠡᠷᠳᠡᠨᠢ ᠱᠢᠰᠢ ᠁ ᠪᠠᠢᠵᠤ᠂ ᠶᠡᠷᠦᠩᠬᠡᠶ ᠱᠦᠵᠢ ᠨᠢᠭᠡ ᠨᠢᠭᠡ ᠤᠭᠤᠲᠠ ᠠᠮᠤ ᠪᠤᠳᠠᠭ᠎ᠠ᠎ᠵᠢ ᠨᠠᠷᠢᠨ ᠠᠵᠢᠭ᠍ᠯᠠᠵᠤ᠂ ᠪᠠᠰᠠ ᠳᠡᠭᠡᠭᠰᠢ ᠡᠷᠭᠦᠨ᠂ ᠨᠠᠷᠠᠨ᠎ᠤ ᠭᠡᠷᠡᠯ᠎ᠤᠨ ᠳᠤᠤᠷ᠎ᠠ ᠨᠠᠷᠢᠨ ᠬᠢᠨᠠᠮᠠᠭᠠᠶ ᠦᠵᠡᠪᠡ᠃

ᠶᠡᠷᠦᠩᠬᠡᠢ ᠱᠦᠵᠢ ᠰᠢ ᠵᠢᠨ ᠫᠢᠩ ᠬᠡᠷ᠎ᠦᠨ ᠬᠥᠮᠦᠰ᠎ᠲᠡᠶ ᠬᠠᠮᠲᠤ ᠵᠣᠴᠢᠯᠠᠬᠤ ᠲᠢᠩᠬᠢᠮ᠎ᠳᠦ ᠲᠣᠭᠣᠷᠢᠨ ᠰᠠᠭᠤᠵᠤ ᠵᠣᠭᠣᠭ᠍ᠳᠠᠨ᠂ ᠣᠷᠣᠯᠭ᠎ᠠ ᠵᠠᠷᠤᠯᠭ᠎ᠠ᠎ᠶ᠋ᠢᠨ ᠲᠠᠩᠰᠠ ᠵᠢ ᠪᠤᠳᠤᠵᠤ ᠪᠠᠢᠯ᠎ᠠ᠃ ᠳᠠᠸᠠᠵᠠᠯᠰᠠᠨ ᠶᠡᠷᠦᠩᠬᠡᠢ ᠱᠦᠵᠢ᠎ᠳᠦ᠂ ᠲᠡᠳᠡᠨ ᠤ᠋ ᠬᠢᠨ ᠲᠡᠭᠡᠭᠡᠪᠦᠷᠢ ᠵᠢᠨ ᠦᠢᠯᠡᠰ ᠡᠷᠬᠢᠯᠡᠬᠦ ᠲᠤᠭᠤᠷ᠎ᠤᠨ ᠴᠡᠴᠡᠭ᠎ᠦᠨ ᠨᠠᠢᠷ᠎ᠲᠤ ᠲᠦᠱᠢᠭ᠌ᠯᠡᠨ ᠠᠱᠢᠭ ᠬᠤᠪᠢᠶᠠᠬᠤ᠂ ᠭᠠᠵᠠᠷ ᠱᠢᠷᠣᠢ᠎ᠶᠢᠨ ᠡᠵᠡᠨᠭᠨᠡᠯᠲᠡ᠎ᠶᠢᠨ ᠡᠷᠬᠡ᠎ᠪᠠᠨ ᠰᠢᠯᠵᠢᠬᠦᠯᠬᠦ᠂ ᠲᠠᠷᠢᠮᠠᠯ ᠲᠡᠵᠢᠬᠡᠪᠦᠷᠢ ᠵᠢᠨ ᠦᠢᠯᠡᠰ ᠡᠷᠬᠢᠯᠡᠬᠦ᠎ᠳᠤ ᠲᠦᠰᠢᠭᠯᠡᠨ᠂ ᠣᠷᠣᠯᠭ᠎ᠠ ᠨᠢ ᠨᠡᠯᠢᠶᠡᠳ ᠰᠠᠢ᠌ᠨ ᠪᠠᠢᠨ᠎ᠠ ᠭᠡᠵᠦ᠍ ᠬᠡᠯᠡᠪᠡ᠃ ᠶᠡᠷᠦᠩᠬᠡᠢ ᠱᠦᠵᠢ᠄《 ᠲᠠ᠎ᠨᠠᠷ᠎ᠤᠨ ᠣᠷᠣᠯᠭ᠎ᠠ᠎ᠶ᠋ᠢ ᠨᠠᠷᠢᠨ ᠪᠤᠳᠤᠪᠠᠯ ᠬᠡᠳᠦᠨ ᠠᠷᠪᠠᠨ ᠲᠦᠮᠡ ᠪᠣᠯᠤᠨ᠎ᠠ᠃ ᠮᠠᠰᠢ ᠵᠣᠯ ᠵᠢᠷᠭᠠᠯ᠎ᠲᠠᠶ ᠠᠮᠢᠳᠤᠷᠠᠵᠤ ᠪᠠᠢᠭ᠎ᠠ ᠨᠢᠭᠡ ᠭᠡᠷ᠎ᠦᠨ ᠬᠢᠨ ᠪᠠᠢᠨ᠎ᠠ 》 ᠭᠡᠵᠦ ᠬᠡᠯᠡᠪᠡ᠃

ᠲᠣᠰᠭᠣᠨ᠎ᠤ ᠵᠠᠬ᠎ᠠ᠎ᠳᠤ᠂ ᠲᠣᠰᠭᠣᠨ᠎ᠤ ᠠᠷᠠᠳ ᠪᠦᠬᠦᠳᠡᠬᠡᠷ ᠬᠦᠷᠦᠯᠴᠡᠨ ᠢᠷᠡᠵᠦ᠍᠂ ᠪᠠᠶᠠᠷ᠎ᠤᠨ ᠡᠳᠦᠷ᠎ᠦᠨ ᠬᠤᠪᠴᠠᠰᠤ᠎ᠪᠠᠨ ᠡᠮᠦᠰᠴᠦ᠍᠂ ᠭᠠᠷ᠎ᠲᠠᠭᠠᠨ ᠠᠷᠢᠭᠤᠨ ᠴᠠᠭᠠᠨ ᠬᠠᠳᠠᠭ ᠪᠠᠷᠢᠵᠤ᠂《 ᠶᠡᠷᠦᠩᠬᠡᠢ ᠱᠦᠵᠢ᠎ᠳᠦ ᠲᠠᠯᠠᠷᠬᠠᠵᠤ ᠪᠠᠢᠨ᠎ᠠ》᠂ 《 ᠨᠠᠮ᠎ᠤᠨ ᠲᠥᠪ ᠬᠣᠷᠢᠶ᠎ᠠ᠎ᠳᠤ ᠲᠠᠯᠠᠷᠬᠠᠵᠤ ᠪᠠᠢᠨ᠎ᠠ 》᠁ ᠭᠡᠮᠡᠨ ᠪᠠᠶᠠᠷᠯᠠᠯᠳᠤᠨ ᠬᠠᠰᠬᠢᠷᠴᠤ ᠪᠠᠢᠯ᠎ᠠ᠂ ᠶᠡᠷᠦᠩᠬᠡᠢ ᠱᠦᠵᠢ ᠰᠢ ᠵᠢᠨ ᠫᠢᠩ ᠲᠡᠳᠡᠨ᠎ᠦ ᠳᠤᠮᠳᠠ ᠬᠦᠷᠴᠦ᠍ ᠤᠴᠢᠨ᠂ ᠤᠯᠠᠨ᠎ᠢ᠄《 ᠦᠯᠵᠡᠢ ᠪᠡᠯᠭᠡ ᠤᠷᠤᠰᠢᠲᠤᠭᠠᠢ 》ᠭᠡᠵᠤ ᠵᠦᠩᠨᠡᠪᠡ᠃

ᠶᠡᠷᠦᠩᠬᠡᠢ ᠱᠦᠵᠢ ᠰᠢ ᠵᠢᠨ ᠫᠢᠩ᠂ ᠭᠠᠯ ᠲᠣᠰᠭᠣᠨ᠎ᠤ ᠰᠠᠢ᠌ᠨ ᠰᠠᠢᠬᠠᠨ ᠠᠮᠢᠳᠤᠷᠠᠯ ᠪᠣᠯ ᠲᠥᠪᠡᠳ᠎ᠢ ᠨᠠᠢᠷᠠᠮᠳᠠᠯ᠎ᠢᠶᠠᠷ ᠴᠢᠯᠥᠭᠡᠯᠡᠭ᠌ᠰᠡᠨ 70 ᠵᠢᠯ᠎ᠦᠨ ᠲᠤᠷᠱᠢᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢᠨ ᠬᠤᠷᠢᠶᠠᠩᠭᠤᠢ ᠳᠦᠷᠰᠦ ᠪᠣᠯᠤᠨ᠎ᠠ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠴᠡᠴᠡᠭ ᠪᠠᠳᠠᠷᠠᠨ ᠳᠡᠯᠭᠡᠷᠡᠭ᠌ᠰᠡᠨ ᠭᠠᠵᠠᠷ ᠪᠣᠯᠤᠨ᠎ᠠ᠃ ᠨᠤᠲᠤᠭ᠎ᠤᠨ ᠠᠬ᠎ᠠ ᠳᠡᠭᠦᠦ᠍᠎ᠨᠡᠷ᠎ᠦᠨ ᠰᠠᠢ᠌ᠨ ᠰᠠᠢᠬᠠᠨ ᠠᠮᠢᠳᠤᠷᠠᠯ ᠨᠢ ᠨᠠᠮ ᠪᠠ ᠤᠯᠤᠰ᠎ᠤᠨ ᠰᠠᠢ᠌ᠨ ᠲᠦᠷᠦ᠍᠎ᠶ᠋ᠢᠨ ᠪᠤᠳᠤᠯᠭ᠎ᠠ᠎ᠡᠴᠡ ᠠᠴᠢ ᠲᠤᠰᠠ ᠬᠦᠷᠳᠡᠭᠰᠡᠨ ᠶᠤᠮ᠂ ᠮᠦᠨ ᠴᠦ᠍ ᠲᠠ᠎ᠨᠠᠷ᠎ᠤᠨ ᠠᠵᠢᠯᠴᠢ ᠬᠥᠳᠡᠯᠮᠦᠷᠢᠴᠢ ᠬᠣᠶᠠᠷ ᠭᠠᠷ᠎ᠢᠶᠠᠷ᠎ᠢᠶᠠᠨ ᠡᠭᠦᠳᠦᠨ ᠪᠦᠲᠦᠭᠡᠭ᠌ᠰᠡᠨ ᠶᠤᠮ᠃ ᠲᠥᠪᠡᠳ᠎ᠦᠨ ᠬᠥᠭ᠌ᠵᠢᠯᠲᠡ᠎ᠶ᠋ᠢ ᠳᠡᠮᠵᠢᠬᠦ᠌ ᠲᠤᠬᠠᠶ ᠨᠠᠮ᠎ᠤᠨ ᠲᠥᠪ ᠬᠣᠷᠢᠶᠠᠨ᠎ᠤ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠳᠠᠸᠠᠵᠠᠯᠰᠠᠨ᠎ᠤ ᠰᠡᠳᠭᠢᠯ᠎ᠦᠨ ᠳᠠᠭᠤᠨ

ᠶᠡᠷᠦᠩᠬᠡᠢ ᠱᠦᠵᠢ ᠰᠢ ᠵᠢᠨ ᠫᠢᠩ ᠮᠠᠨ᠎ᠤ ᠭᠡᠷ᠎ᠢ ᠮᠠᠰᠢ ᠨᠠᠷᠢᠨ ᠠᠵᠢᠭᠯᠠᠵᠤ᠂ ᠮᠠᠰᠢ ᠨᠠᠷᠢᠨ ᠠᠰᠠᠭᠤᠵᠤ᠂ ᠵᠣᠷᠯᠣᠩ ᠤᠰᠤ ᠨᠡᠪᠲᠡᠷᠡᠵᠦ᠍ ᠪᠠᠢᠬᠤ ᠡᠰᠡᠬᠦ᠌᠂ ᠪᠡᠶ᠎ᠡ ᠤᠬᠢᠶᠠᠬᠤ ᠬᠠᠯᠠᠭᠤᠨ ᠤᠰᠤ ᠶᠠᠭᠠᠬᠢᠵᠤ ᠢᠷᠡᠭ᠌ᠰᠡᠨ᠂ ᠬᠡᠦᠬᠡᠳ᠎ᠦᠨ ᠴᠡᠴᠡᠷᠯᠢᠭ ᠬᠤᠯᠠ ᠪᠠᠢᠬᠤ ᠡᠰᠡᠬᠦ᠎ᠵᠢ ᠠᠰᠠᠭᠤᠵᠤ ᠁ ᠲᠡᠷᠡ ᠮᠠᠨ᠎ᠤ ᠭᠡᠷ᠎ᠦᠨ ᠡᠳᠡᠭᠡᠷ ᠶᠠᠪᠤᠳᠠᠯ᠎ᠢ ᠢᠩᠭᠢᠵᠦ᠍ ᠬᠠᠯᠠᠮᠵᠢᠯᠠᠵᠤ᠂ ᠮᠢᠨᠦ᠍ ᠰᠡᠳᠭᠢᠯ᠎ᠢ ᠦᠨᠡᠬᠡᠷ ᠳᠤᠯᠠᠭᠠᠴᠡᠭᠤᠯᠪᠠ᠃

ᠮᠠᠨ᠎ᠤ ᠲᠣᠰᠭᠣᠨ᠎ᠤ ᠲᠤᠭᠤᠷ᠎ᠤᠨ ᠴᠡᠴᠡᠭ ᠮᠠᠰᠢ ᠭᠤᠶᠤ᠂ ᠶᠡᠷᠦᠩᠬᠡᠶ ᠱᠦᠵᠢ᠂ ᠡᠨᠡ ᠪᠣᠯ ᠡᠪᠦᠭᠡ ᠳᠡᠭᠡᠳᠦᠰ᠎ᠦᠨ ᠦᠯᠡᠳᠡᠭᠡᠭ᠌ᠰᠡᠨ ᠬᠦᠷᠦᠩᠬᠡ᠂ ᠪᠢᠳᠡᠨ᠎ᠳᠦ ᠨᠢᠭᠡ ᠲᠤᠭᠤᠷ᠎ᠤᠨ ᠴᠡᠴᠡᠭ᠎ᠦᠨ ᠬᠦᠷᠢᠶᠡᠯᠡᠩ ᠬᠦᠷᠭᠡᠭᠰᠡᠨ ᠪᠠᠢᠨ᠎ᠠ᠃ ᠥᠩᠭᠡᠷᠡᠭ᠌ᠰᠡᠨ᠎ᠳᠦ᠂ ᠡᠪᠦᠭᠡ ᠳᠡᠭᠡᠳᠦᠰ᠎ᠦᠨ ᠦᠯᠡᠳᠡᠭᠡᠭ᠌ᠰᠡᠨ ᠡᠨᠡ ᠬᠦᠷᠦᠩᠬᠡ ᠎ᠶ᠋ᠢ ᠲᠣᠰᠭᠣᠨ᠎ᠤ ᠠᠷᠠᠳ ᠦᠷᠭᠦᠯᠵᠢ ᠴᠠᠪᠴᠢᠵᠤ ᠲᠦᠯᠡᠭᠡ ᠪᠣᠯᠭᠠᠵᠤ ᠱᠢᠲᠠᠭᠠᠳᠠᠭ᠂ ᠪᠢᠳᠡ ᠬᠥᠬᠡᠮᠳᠦᠭ ᠨᠣᠭᠣᠭᠠᠨ ᠠᠭᠤᠯᠠ ᠤᠰᠤ᠂ ᠡᠨᠡ ᠬᠦ᠌ ᠡᠷᠳᠡᠨᠢᠰ᠎ᠤᠨ ᠰᠠᠩ᠎ᠢ ᠰᠠᠬᠢᠵᠤ ᠪᠠᠢᠪᠠᠴᠤ᠌ ᠶᠠᠭᠠᠬᠢᠵᠤ ᠪᠠᠶᠠᠵᠢᠬᠤ᠎ᠪᠠᠨ ᠮᠡᠳᠡᠬᠦ᠌ ᠦᠭᠡᠢ ᠪᠠᠢᠨ᠎ᠠ ᠭᠡᠵᠦ ᠬᠡᠯᠡᠪᠡ᠃

ᠰᠡᠭᠦᠯᠡᠷ ᠨᠢ ᠲᠣᠰᠭᠣᠨ᠎ᠤ ᠺᠠᠳ᠋ᠷ ᠪᠢᠳᠡᠨ᠎ᠢ ᠳᠠᠭᠠᠭᠤᠯᠤᠨ ᠲᠤᠭᠤᠷ᠎ᠤᠨ ᠴᠡᠴᠡᠭ᠎ᠢᠶᠡᠷ ᠬᠥᠳᠡᠭᠡ ᠲᠣᠰᠭᠣᠨ᠎ᠤ ᠠᠮᠢ ᠠᠬᠤᠶ᠎ᠶ᠋ᠢᠨ ᠵᠢᠭᠤᠯᠴᠢᠯᠠᠯ᠎ᠢ ᠬᠦᠭᠵᠢᠬᠦᠯᠵᠤ᠂ 2002 ᠣᠨ᠎ᠡᠴᠡ ᠡᠬᠢᠯᠡᠨ ᠡᠷᠬᠢᠯᠡᠵᠦ ᠬᠢᠭᠰᠡᠨ ᠡᠴᠡ ᠣᠲᠣ ᠪᠤᠯᠬᠤ᠎ᠳᠤ ᠨᠡᠷ᠎ᠡ ᠠᠯᠳᠠᠷᠰᠢᠯ ᠴᠣ᠌ ᠤᠯᠠᠮ᠎ᠡᠴᠡ ᠤᠯᠠᠮ ᠶᠡᠬᠡ ᠪᠣᠯᠵᠠᠶ᠃ ᠪᠢᠳᠡ ᠪᠠᠰᠠ ᠵᠢᠮᠢᠰ ᠲᠡᠭᠦᠬᠦ᠌ ᠬᠦᠷᠢᠶᠡᠯᠡᠩ᠎ᠢ ᠪᠠᠢᠭᠤᠯᠵᠤ᠂ ᠡᠪᠦᠯ᠎ᠦᠨ ᠤᠯᠠᠷᠢᠯ᠎ᠤᠨ ᠱᠢᠯᠢᠮᠳᠡᠭ᠂ ᠨᠣᠬᠠᠶ᠎ᠶ᠋ᠢᠨ ᠬᠣᠱᠢᠭᠤ ᠵᠡᠷᠭᠡ᠎ᠶ᠋ᠢ ᠲᠠᠷᠢᠵᠤ᠂ ᠲᠣᠰᠭᠣᠨ᠎ᠤ ᠵᠢᠭᠤᠯᠴᠢᠯᠠᠯ᠎ᠤᠨ ᠠᠵᠤ ᠦᠶ᠋ᠯᠡᠰ ᠲᠠᠰᠤᠷᠠᠯᠲᠠ ᠦᠭᠡᠢ ᠪᠤᠵᠠᠭᠠᠢᠷᠠᠵᠤ᠂ ᠭᠠᠯ ᠲᠣᠰᠭᠣᠨ᠎ᠤ ᠲᠦᠷᠢ ᠲᠦᠷᠬᠦ ᠳ᠋ᠤ ᠶᠡᠬᠡᠬᠡᠨ ᠬᠤᠪᠢᠷᠠᠯᠳᠠ ᠭᠠᠷᠴᠠᠢ᠃

ᠡᠨᠡ ᠵᠢᠯ᠎ᠦᠨ 3 ᠰᠠᠷ᠎ᠠ᠎ᠳᠤ᠂ ᠲᠣᠰᠭᠣᠨ᠎ᠳᠤ ᠬᠤᠪᠢᠰᠭᠠᠯ᠎ᠤᠨ ᠰᠤᠳᠤᠯᠤᠨ ᠰᠤᠷᠤᠯᠴᠠᠬᠤ ᠭᠣᠣᠯ ᠰᠡᠳᠦᠪᠲᠦ ᠬᠥᠮᠦᠵᠢᠯ᠎ᠦᠨ ᠦᠵᠡᠭᠦᠯᠭᠡ᠎ᠶ᠋ᠢᠨ ᠣᠷᠳᠣᠨ᠎ᠢ ᠱᠢᠨ᠎ᠡ᠎ᠪᠡᠷ ᠨᠡᠭᠡᠭᠡᠪᠡ᠃ ᠣᠷᠳᠣᠨ᠎ᠳᠤ ᠣᠷᠣᠮᠠᠭ᠍ᠴᠠ᠂ ᠶᠡᠷᠦᠩᠬᠡᠢ ᠱᠦᠵᠢ᠎ᠶ᠋ᠢᠨ ᠱᠢᠨᠵᠢᠯᠡᠨ ᠪᠠᠢᠴᠠᠭᠠᠬᠤ᠎ᠪᠠᠷ ᠢᠷᠡᠬᠦ᠌ ᠦᠶ᠎ᠡ᠎ᠶ᠋ᠢᠨ ᠸᠢᠳᠢᠣ᠋᠎ᠶ᠋ᠢ ᠣᠯᠵᠤ ᠬᠠᠷᠠᠨ᠎ᠠ᠃ ᠮᠦᠽᠧᠶ᠎ᠳᠦ ᠪᠠᠰᠠ ᠮᠠᠰᠢ ᠣᠯᠠᠨ ᠬᠠᠭᠤᠴᠢᠨ ᠬᠡᠷᠡᠯ ᠵᠢᠷᠤᠭ᠂ ᠬᠠᠭᠤᠴᠢᠨ ᠡᠳ᠋᠂ ᠣᠯᠠᠨ ᠵᠠᠭᠤᠴᠢᠳᠤ ᠸᠢᠳᠢᠣ᠋ ᠵᠡᠷᠭᠡ ᠪᠣᠶ᠂ ᠡᠲᠡᠭᠡᠷ ᠵᠢᠯ᠎ᠦᠨ ᠮᠠᠨ᠎ᠤ ᠲᠣᠰᠭᠣᠨ᠎ᠤ ᠪᠠᠶᠠᠵᠢᠵᠤ ᠭᠣᠶᠣᠵᠢᠭ᠍ᠰᠠᠨ ᠥᠩᠭᠡᠷᠡᠯᠲᠡ᠎ᠶ᠋ᠢ ᠨᠠᠩ ᠣᠯᠠᠨ ᠬᠥᠮᠦᠨ᠎ᠳᠦ ᠳᠡᠯᠭᠡᠨ ᠦᠵᠡᠭᠦᠯᠵᠦ᠍᠂ ᠪᠢᠳᠡᠨ᠎ᠦ ᠨᠠᠮ᠎ᠳ᠋ᠠᠭᠠᠨ᠂ ᠶᠡᠷᠦᠩᠬᠡᠶ ᠱᠦᠵᠢ᠎ᠳᠦ ᠶᠠᠷᠢᠭᠠᠳ ᠪᠠᠷᠠᠰᠢ ᠥᠬᠡᠶ ᠲᠠᠯᠠᠷᠬᠠᠯ᠎ᠢᠶᠡᠨ ᠢᠯᠡᠳᠭᠡᠪᠠ᠃

ᠪᠢᠳᠠ ᠪᠠᠰᠠ ᠭᠠᠯ ᠲᠣᠰᠭᠣᠨ᠂ ᠡᠨᠡ ᠬᠦ᠌《ᠲᠤᠭᠤᠷ᠎ᠤᠨ ᠴᠡᠴᠡᠭ᠎ᠦᠨ ᠬᠦᠷᠢᠶᠡᠯᠡᠩ》᠎ᠢ᠋ ᠨᠡᠩ᠎ᠬᠠᠢᠷᠠᠯᠠᠬᠤ ᠪᠤᠯᠵᠠᠢ᠃ ᠶᠡᠷᠦᠩᠬᠡᠶ ᠱᠦᠵᠢ ᠱᠢᠨᠵᠢᠯᠡᠨ ᠪᠠᠢᠴᠠᠭᠠᠭ᠍ᠰᠠᠨ᠎ᠤ ᠳᠠᠷᠠᠭ᠎ᠠ᠂ ᠣᠯᠠᠨ᠎ᠤ ᠣᠷᠴᠢᠨ ᠲᠣᠭᠣᠷᠢᠨ᠎ᠢ ᠬᠠᠮᠠᠭᠠᠯᠠᠬᠤ ᠤᠬᠠᠮᠰᠠᠷ ᠨᠠᠩ ᠴᠢᠩᠭᠠᠷᠠᠯ᠎ᠠ᠂ ᠣᠲᠣ ᠠᠢᠯ ᠪᠣᠯᠭᠠᠨ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠡᠷᠡᠭᠦᠯ ᠬᠠᠮᠠᠭᠠᠯᠠᠯ ᠬᠢᠵᠦ ᠴᠡᠪᠡᠷᠯᠡᠨ᠂ ᠲᠣᠭᠣᠷ᠎ᠤᠨ ᠮᠣᠳᠣ᠎ᠶ᠋ᠢ ᠵᠠᠰᠠᠵᠤ᠂ ᠵᠠᠮ ᠬᠠᠷᠢᠯᠴᠠᠭᠠᠨ᠎ᠤ ᠲᠥᠬᠥᠭᠡᠷᠦᠮᠵᠢ᠎ᠶ᠋ᠢ ᠬᠠᠮᠠᠭᠠᠯᠠᠵᠤ᠂ ᠶᠠᠭ ᠥᠪᠡᠷ᠎ᠦᠨ ᠬᠡᠷ᠎ᠢᠶᠡᠨ ᠬᠠᠢᠷᠠᠯᠠᠵᠤ ᠪᠠᠢᠬᠤ ᠰᠢᠭ᠋ ᠲᠣᠰᠭᠣᠨ᠎ᠢᠶᠡᠨ ᠬᠠᠢᠷᠠᠯᠠᠬᠤ ᠪᠣᠯᠵᠠᠶ᠃ ᠪᠢᠳᠡ ᠡᠪᠦᠭᠡ ᠳᠡᠭᠡᠳᠦᠰ᠎ᠦᠨ ᠦᠯᠡᠳᠡᠭᠡᠭ᠌ᠰᠡᠨ《ᠲᠤᠭᠤᠷ᠎ᠤᠨ ᠴᠡᠴᠡᠭ᠎ᠤᠨ ᠬᠦᠷᠢᠶᠡᠯᠡᠩ》᠎ᠢ᠋ ᠰᠠᠢᠲᠤᠷ ᠬᠠᠮᠠᠭᠠᠯᠠᠵᠤ ᠤᠯᠠᠮᠵᠢᠯᠠᠨ᠎ᠠ᠃

ᠡᠨᠡ ᠬᠡᠳᠦᠨ ᠡᠳᠦᠷ ᠪᠣᠯ ᠶᠠᠭ ᠰᠠᠢᠬᠠᠨ ᠲᠤᠭᠤᠷ᠎ᠤᠨ ᠴᠡᠴᠡᠭ ᠪᠠᠳᠠᠷᠠᠨ ᠳᠡᠯᠭᠡᠷᠡᠵᠤ ᠪᠠᠢᠭ᠎ᠠ ᠴᠠᠭ ᠪᠣᠯᠤᠨ᠎ᠠ᠂ ᠮᠠᠨ᠎ᠤ ᠪᠦᠬᠦ᠌ ᠲᠣᠰᠭᠣᠨ᠎ᠤ ᠬᠥᠮᠦᠰ ᠶᠡᠷᠦᠩᠬᠡᠢ ᠱᠦᠵᠢ᠎ᠶ᠋ᠢᠨ ᠭᠠᠯ ᠲᠣᠰᠭᠣᠨ᠂《 ᠲᠤᠭᠤᠷ᠎ᠤᠨ ᠴᠡᠴᠡᠭ᠎ᠦᠨ ᠬᠦᠷᠢᠶᠡᠯᠡᠩ 》ᠳ᠋ᠤ ᠲᠠᠬᠢᠨᠳᠠ ᠰᠠᠭᠠᠳᠠᠵᠤ᠂ ᠠᠭᠤᠯᠠ ᠲᠠᠯ᠎ᠠ ᠳᠦᠭᠦᠷᠡᠩ ᠲᠡᠯᠬᠡᠷᠡᠭᠰᠡᠨ ᠲᠤᠭᠤᠷ᠎ᠤᠨ ᠴᠡᠴᠡᠭ᠎ᠢ ᠦᠵᠡᠵᠦ᠍᠂ ᠲᠣᠰᠭᠣᠨ᠎ᠤ ᠬᠤᠪᠢᠷᠠᠯᠲᠠ᠎ᠶ᠋ᠢ ᠦᠵᠡᠵᠦ᠍᠂ ᠪᠢᠳᠡᠨ᠎ᠦ ᠪᠠᠶᠠᠷ ᠵᠢᠷᠭᠠᠯ᠎ᠢ ᠬᠤᠪᠢᠶᠠᠯᠴᠠᠬᠤ᠎ᠶ᠋ᠢ ᠴᠢᠩ ᠰᠡᠳᠭᠢᠯ᠎ᠡᠴᠡ᠎ᠪᠡᠨ ᠬᠦᠰᠡᠵᠦ᠍ ᠪᠠᠢᠨ᠎ᠠ᠃

(ᠱᠢᠨᠬᠤᠸᠠ ᠬᠣᠷᠢᠶᠠᠨ᠎ᠤ ᡀᠠᠰᠠ᠎ᠶ᠋ᠢᠨ 5 ᠰᠠᠷ᠎ᠠ᠎ᠶ᠋ᠢᠨ 9 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面