ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-04-26 09:15:20

ᠵᠣᠬᠢᠶᠠᠭ᠍ᠴᠢ᠄ ᠴᠧᠨ ᠼᠦᠩ ᠱᠢᠤᠢ ᠺᠠᠢ ᠱᠢᠨ ᠣᠩᠱᠢᠭ᠍ᠰᠠᠨ ᠣᠳᠠᠭ᠎ᠠ᠄ 3

ᠶᠡᠷᠦᠩᠬᠡᠶ ᠱᠦᠵᠢ ᠰᠢ ᠵᠢᠨ ᠫᠢᠩ 2016 ᠣᠨ᠎ᠤ 5 ᠰᠠᠷ᠎ᠠ᠎ᠶ᠋ᠢᠨ 23᠎ᠤ᠋ ᠡᠳᠦᠷ ᠬᠠᠷᠠᠮᠥ᠋ᠷᠡᠨ ᠮᠤᠵᠢ᠎ᠶ᠋ᠢᠨ ᠢ ᠴᠦ᠋ᠨ ᠳ᠋ᠥ᠍ ᠠᠵᠢᠯ ᠪᠠᠢᠴᠠᠭᠠᠬᠤ᠎ᠳᠠᠭᠠᠨ ᠲᠤᠰᠭᠠᠢᠯᠠᠨ ᠱᠠᠩ ᠭᠠᠨ ᠯᠢᠩ ᠣᠶ ᠱᠢᠭᠤᠶ᠎ᠶ᠋ᠢᠨ ᠲᠣᠪᠴᠢᠶᠠᠨ᠎ᠤ ᠠᠵᠢᠯ᠎ᠡᠴᠡ᠎ᠪᠠᠨ ᠠᠮᠠᠷᠠᠭ᠍ᠰᠠᠨ ᠠᠵᠢᠯᠲᠠᠨ ᠯᠢᠦ ᠶᠠᠩ ᠱᠦᠨ᠎ᠤ ᠬᠢᠨ᠎ᠢ ᠡᠷᠭᠢᠵᠦ᠍ ᠦᠵᠡᠪᠡ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢᠦ ᠶᠠᠩ ᠱᠦᠨ᠎ᠢ ᠡᠷᠭᠢᠵᠦ ᠰᠤᠷᠪᠤᠯᠵᠢᠯᠠᠪᠠ᠃

ᠦᠵᠡᠭᠳᠡᠯ᠎ᠢ ᠡᠷᠭᠢᠴᠡᠭᠦᠯᠬᠦᠢ

ᠱᠠᠩ ᠭᠠᠨ ᠯᠢᠩ ᠤᠢ ᠱᠢᠭᠤᠢ᠎ᠶ᠋ᠢᠨ ᠲᠣᠪᠴᠢᠶ᠎ᠠ᠎ᠶ᠋ᠢᠨ ᠰᠢ ᠱᠦᠢ ᠤᠯᠤᠰ᠎ᠤᠨ ᠤᠢ ᠱᠢᠭᠤᠢ᠎ᠶ᠋ᠢᠨ ᠴᠡᠴᠡᠷᠯᠢᠭ᠎ᠲᠦ᠂ ᠶᠡᠷᠦᠩᠬᠡᠢ ᠱᠦᠵᠢ ᠰᠢ ᠵᠢᠨ ᠫᠢᠩ ᠬᠥᠭᠥᠷᠭᠡ᠎ᠶ᠋ᠢᠨ ᠵᠠᠮ ᠳᠠᠭᠠᠤ ᠪᠠᠯᠠᠷ ᠡᠷᠲᠡᠨ᠎ᠦ ᠨᠠᠷᠠᠰᠤᠨ ᠤᠢ ᠵᠡᠷᠭᠡ ᠬᠣᠪᠣᠷ ᠨᠠᠨᠳᠢᠨ ᠳᠤᠷᠤᠭ ᠮᠣᠳᠣ᠎ᠶ᠋ᠢ ᠪᠠᠢᠴᠠᠭᠠᠨ ᠦᠵᠡᠵᠦ᠍᠂ ᠤᠢ ᠱᠢᠭᠤᠢ᠎ᠶ᠋ᠢᠨ ᠲᠠᠯᠠᠪᠠᠢ᠎ᠶ᠋ᠢᠨ ᠠᠵᠢᠯᠲᠠᠳ᠎ᠲᠤ ᠤᠢ ᠱᠢᠭᠤᠢ᠎ᠶ᠋ᠢᠨ ᠡᠬᠢ ᠪᠠᠶᠠᠯᠢᠭ ᠎ᠢ ᠵᠠᠪᠠᠯ ᠰᠠᠢᠲᠤᠷ ᠬᠠᠮᠠᠭᠠᠯᠠᠬᠤ ᠬᠡᠷᠡᠭ᠌ᠲᠡᠢ ᠭᠡᠵᠦ᠍ ᠵᠠᠬᠢᠪᠠ᠃

ᠳᠠᠷᠠᠭ᠎ᠠ ᠨᠢ᠂ ᠶᠡᠷᠦᠩᠬᠡᠢ ᠱᠦᠵᠢ ᠤᠢ ᠱᠢᠭᠤᠢ᠎ᠶ᠋ᠢᠨ ᠲᠠᠯᠠᠪᠠᠢ᠎ᠶ᠋ᠢᠨ ᠠᠵᠢᠯᠳᠠᠨ ᠯᠢᠦ ᠶᠠᠩ ᠱᠦᠨ᠎ᠤ ᠭᠡᠷ᠎ᠲᠦ ᠬᠦᠷᠪᠡ᠃ ᠲᠡᠷᠡ ᠲᠣᠭᠣᠭᠠᠨ ᠭᠡᠷ᠎ᠲᠦ ᠣᠷᠣᠵᠤ ᠲᠣᠭᠣᠭᠠᠨ᠎ᠤ ᠬᠠᠪᠬᠠᠭᠠᠰᠤ᠎ᠶ᠋ᠢ ᠰᠡᠬᠦᠬᠦ᠎ᠳᠤ ᠲᠠᠷᠢᠶᠠᠴᠢᠨ ᠠᠢᠯ᠎ᠤᠨ ᠬᠣᠭᠣᠯᠠ ᠪᠤᠳᠠᠭ᠎ᠠ᠎ᠶᠢᠨ ᠠᠩᠬᠢᠯᠤᠮ᠎ᠠ ᠦᠨᠦᠷ ᠬᠠᠩᠬᠤᠯᠵᠤ᠂ ᠶᠡᠷᠦᠩᠬᠡᠢ ᠱᠦᠵᠢ 《ᠦᠵᠡᠬᠦ᠎ᠳᠤ ᠳᠠᠷᠤᠢ ᠠᠮᠲᠠᠲᠠᠢ ᠰᠠᠨᠠᠭᠳᠠᠵᠤ ᠪᠤᠢ》 ᠭᠡᠵᠦ᠍ ᠢᠨᠢᠶᠡᠮᠰᠦᠭ᠌ᠯᠡᠨ ᠬᠡᠯᠡᠪᠡ᠃ ᠶᠡᠷᠦᠩᠬᠡᠶ ᠱᠦᠵᠢ ᠪᠠᠰᠠ ᠬᠠᠭᠤᠴᠢᠨ ᠬᠡᠷ ᠪᠠᠢᠱᠢᠩ᠎ᠢ ᠰᠡᠯᠪᠢᠨ ᠵᠠᠰᠠᠭ᠍ᠰᠠᠨ ᠪᠠᠢᠳᠠᠯ᠂ ᠤᠰᠤ ᠴᠠᠬᠢᠯᠭᠠᠨ ᠵᠠᠮ᠎ᠢ ᠥᠭᠡᠷᠡᠴᠢᠯᠡᠨ ᠵᠠᠰᠠᠭ᠍ᠰᠠᠨ ᠪᠠᠢᠳᠠᠯ ᠵᠡᠷᠭᠡ ᠬᠡᠷ ᠪᠦᠯᠢ᠎ᠶ᠋ᠢᠨ᠎ᠬᠢᠨ᠎ᠦ ᠣᠷᠣᠨ ᠰᠠᠭᠤᠴᠠ᠎ᠶ᠋ᠢᠨ ᠠᠮᠢᠳᠤᠷᠠᠯ᠎ᠤᠨ ᠪᠠᠢᠳᠠᠯ᠎ᠢ ᠠᠰᠠᠭᠤᠨ ᠯᠠᠪᠯᠠᠵᠤ᠂ ᠯᠢᠦ ᠶᠠᠩ ᠱᠦᠨ᠎ᠤ ᠬᠡᠷ ᠪᠦᠯᠢ᠎ᠶ᠋ᠢᠨ᠎ᠬᠢᠨ᠎ᠲᠡᠶ ᠣᠶ ᠱᠢᠭᠤᠶ᠎ᠶ᠋ᠢᠨ ᠲᠠᠯᠠᠪᠠᠶ᠎ᠶ᠋ᠢᠨ ᠬᠥᠭ᠌ᠵᠢᠯᠲᠡ᠎ᠶ᠋ᠢᠨ ᠲᠡᠦᠬᠡ᠎ᠶ᠋ᠢ ᠶᠠᠷᠢᠯᠴᠠᠵᠤ᠂ ᠣᠷᠣᠯᠭ᠎ᠠ ᠵᠠᠷᠤᠯᠭ᠎ᠠ᠎ᠶ᠋ᠢᠨ ᠲᠠᠩᠰᠠ᠎ᠶ᠋ᠢ ᠪᠤᠳᠤᠪᠠ᠃

ᠵᠢᠷᠭᠠᠬᠤ ᠨᠡᠷᠡᠨ ᠪᠠᠷᠠᠭᠤᠨᠰᠢ ᠲᠠᠱᠢᠵᠤ᠂ ᠶᠡᠷᠦᠩᠬᠡᠢ ᠱᠦᠵᠢ ᠰᠢ ᠵᠢᠨ ᠫᠢᠩ ᠯᠢᠦ ᠶᠠᠩ ᠱᠦᠨ᠎ᠤ ᠨᠢᠭᠡ ᠭᠡᠷ ᠵᠢᠴᠢ ᠬᠥᠷᠰᠢ ᠵᠡᠷᠭᠡᠯᠡᠳᠡᠭᠡ ᠠᠢᠯ᠎ᠤᠨ ᠬᠥᠮᠥᠰ᠎ᠲᠠᠶ ᠵᠢᠵᠢᠭ ᠬᠦᠷᠢᠶᠡᠨ᠎ᠳᠦ ᠰᠠᠭᠤᠵᠤ ᠵᠣᠭᠣᠭ᠍ᠳᠠᠪᠠ᠃ ᠶᠡᠷᠦᠩᠬᠡᠶ ᠱᠦᠵᠢ ᠱᠢᠭᠤᠢᠲᠤ ᠣᠷᠣᠨ᠎ᠤ ᠣᠭ᠍ᠲᠣᠯᠬᠤ ᠶ᠋ᠢ ᠵᠣᠭ᠍ᠰᠣᠭᠠᠭ᠍ᠰᠠᠨ᠎ᠤ ᠳᠠᠷᠠᠭ᠎ᠠ ᠲᠠᠳᠠ ᠭᠤᠤᠯᠳᠠᠭᠤ ᠶᠠᠭᠤ ᠬᠢᠳᠡᠭ ᠪᠣᠶ᠂ ᠣᠷᠣᠯᠭ᠎ᠠ᠎ᠶ᠋ᠢᠨ ᠢᠷᠡᠯᠲᠡ᠎ᠨᠢ ᠶᠠᠮᠠᠷ ᠪᠠᠢᠳᠠᠭ ᠪᠣᠶ᠂ ᠡᠳᠦᠷ ᠲᠤᠲᠤᠮ᠎ᠤᠨ ᠠᠮᠢᠳᠤᠷᠠᠯ ᠪᠠ ᠠᠵᠢᠯ ᠣᠯᠭᠣᠯᠲᠠ᠂ ᠰᠤᠷᠭᠠᠭᠤᠯᠢ᠎ᠳᠤ ᠣᠷᠣᠬᠤ ᠵᠡᠷᠭᠡ ᠲᠠᠯ᠎ᠠ᠎ᠪᠠᠷ ᠪᠠᠰᠠ ᠶᠠᠮᠠᠷ ᠶᠠᠮᠠᠷ ᠬᠦᠴᠢᠷᠳᠡᠯ ᠪᠠᠢᠬᠤ᠎ᠶ᠋ᠢ ᠨᠢᠭᠡᠳ ᠨᠢᠭᠡ᠎ᠪᠡᠷ ᠯᠠᠪᠯᠠᠨ ᠠᠰᠠᠭᠤᠪᠠ᠃

ᠵᠠᠷᠢᠮ ᠨᠢ ᠳᠡᠯᠳᠡᠦ ᠲᠠᠷᠢᠵᠦ᠍᠂ ᠵᠠᠷᠢᠮ ᠨᠢ ᠠᠮᠲᠠᠲᠤ ᠬᠡᠮᠬᠡ ᠲᠠᠷᠢᠵᠦ᠍᠂ ᠵᠠᠷᠢᠮ ᠨᠢ ᠲᠡᠵᠢᠭᠡᠨ ᠦᠷᠡᠵᠢᠭᠦᠯᠦᠭᠡᠳ ᠁ ᠤᠯᠠᠨ᠎ᠢᠶᠠᠷ᠎ᠢᠶᠠᠨ ᠥᠪᠡᠷ ᠥᠪᠡᠷ᠎ᠦᠨ ᠠᠮᠢᠳᠤᠷᠠᠯ᠎ᠤᠨ ᠪᠠᠢᠳᠠᠯ᠎ᠢᠶᠠᠨ ᠶᠠᠷᠢᠵᠠᠭᠠᠵᠤ ᠪᠠᠢᠯ᠎ᠠ᠃ ᠶᠡᠷᠦᠩᠬᠡᠶ ᠱᠦᠵᠢ᠂ ᠣᠶ ᠱᠢᠭᠤᠶ᠎ᠶ᠋ᠢᠨ ᠲᠠᠯᠠᠪᠠᠶ᠎ᠶ᠋ᠢᠨ ᠠᠵᠢᠯᠲᠠᠨ ᠠᠵᠢᠯᠴᠢᠨ᠎ᠤ ᠠᠮᠢᠳᠤᠷᠠᠯ ᠲᠠᠰᠤᠷᠠᠯᠲᠠ ᠥᠬᠡᠶ ᠰᠠᠢᠵᠢᠷᠠᠵᠤ ᠪᠠᠢᠬᠤ᠎ᠶ᠋ᠢ ᠬᠠᠷᠠᠭᠠᠳ ᠮᠠᠰᠢ ᠪᠠᠶᠠᠷᠯᠠᠵᠤ᠂ ᠮᠠᠰᠢ ᠰᠠᠨᠠᠭ᠎ᠠ ᠠᠮᠤᠷ ᠪᠣᠯᠪᠠ᠃ ᠱᠢᠭᠤᠢᠲᠤ ᠣᠷᠣᠨ᠎ᠤ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠳᠦ ᠵᠠᠷᠢᠮ ᠳᠦᠷ ᠴᠠᠭ᠎ᠤᠨ ᠬᠦᠴᠢᠷᠳᠡᠯ ᠲᠤᠯᠭᠠᠷᠠᠬᠤ ᠪᠣᠯᠤᠨ᠎ᠠ᠂ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠯᠠᠪᠲᠠᠢ ᠡᠭᠦᠨ᠎ᠢ ᠬᠠᠯᠠᠮᠵᠢᠯᠠᠵᠤ᠂ ᠤᠯᠠᠨ᠎ᠤ ᠠᠮᠢᠳᠤᠷᠠᠯ᠎ᠢ ᠶᠠᠪᠤᠬᠤ ᠳᠤᠳᠤᠮ ᠰᠠᠢᠵᠢᠷᠠᠭᠤᠯᠵᠤ᠂ ᠤᠯᠠᠨ᠎ᠢᠶᠠᠷ᠎ᠢᠶᠠᠨ ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠵᠦ᠍᠂ ᠱᠢᠨ᠎ᠡ ᠠᠷᠭ᠎ᠠ ᠵᠠᠮ᠎ᠢ ᠢᠯᠡᠭᠦᠬᠡᠨ ᠡᠷᠢᠯᠬᠢᠯᠡᠬᠦ᠌ ᠪᠣᠯᠤᠨ᠎ᠠ ᠭᠡᠵᠦ ᠬᠡᠯᠡᠪᠡ᠃

ᠯᠢᠦ ᠶᠠᠩ ᠱᠦᠨ᠎ᠤ ᠰᠡᠳᠭᠢᠯ᠎ᠦᠨ ᠳᠠᠭᠤᠨ

ᠶᠡᠷᠦᠩᠬᠡᠶ ᠱᠦᠵᠢ ᠮᠠᠨ᠎ᠤ᠎ᠳᠤ ᠢᠷᠡᠭ᠌ᠰᠡᠨ ᠲᠡᠷᠡ ᠡᠳᠦᠷ᠎ᠢ ᠪᠢ ᠬᠡᠷᠬᠢᠨ ᠮᠠᠷᠳᠠᠬᠤ ᠪᠢᠯᠡ? ᠭᠠᠭ᠍ᠴᠠ ᠮᠠᠨ᠎ᠤ ᠬᠢᠨ ᠪᠢᠰᠢ᠂ ᠮᠠᠰᠢ ᠣᠯᠠᠨ ᠣᠢ ᠱᠢᠭᠤᠶ᠎ᠶ᠋ᠢᠨ ᠲᠠᠯᠠᠪᠠᠢ᠎ᠶ᠋ᠢᠨ ᠬᠥᠮᠦᠰ ᠪᠦᠷ ᠡᠨᠡ ᠬᠡᠳᠦᠨ ᠵᠢᠯ᠎ᠳᠦ ᠱᠢᠨ᠎ᠡ ᠠᠮᠢᠳᠤᠷᠠᠯ᠎ᠢᠶᠠᠨ ᠤᠭ᠍ᠲᠤᠵᠠᠶ᠃

ᠲᠡᠷᠡ ᠡᠳᠦᠷ᠂ ᠶᠡᠷᠦᠩᠬᠡᠢ ᠱᠦᠵᠢ ᠮᠠᠨ᠎ᠤ ᠲᠣᠭᠣᠭᠠᠨ ᠭᠡᠷ᠎ᠲᠦ ᠣᠷᠣᠵᠤ᠂ ᠪᠢ ᠪᠠᠰᠠ ᠶᠡᠷᠦᠩᠬᠡᠢ ᠱᠦᠵᠢ᠎ᠳᠦ ᠫᠸᠩᠰᠡᠨ ᠳᠣᠲᠣᠷᠠᠬᠢ ᠬᠡᠭᠡᠷ᠎ᠡ᠎ᠶ᠋ᠢᠨ ᠨᠣᠭᠣᠭ᠎ᠠ᠎ᠶ᠋ᠢ ᠲᠠᠨᠢᠯᠴᠠᠭᠤᠯᠪᠠ᠂ ᠪᠦᠷ ᠤᠢ ᠱᠢᠭᠤᠢ᠎ᠡᠴᠡ ᠲᠡᠭᠦᠵᠦ᠍ ᠠᠪᠴᠢᠷᠠᠭ᠍ᠰᠠᠨ ᠶᠤᠮ᠂ ᠰᠡᠭᠦᠯᠡᠷ ᠨᠢ ᠮᠠᠨ᠎ᠤ ᠭᠡᠷ᠎ᠦᠨ ᠦᠢᠯᠡᠰ ᠪᠤᠰᠭᠠᠬᠤ ᠬᠠᠶᠢᠭ ᠪᠣᠯᠵᠠᠢ᠃

ᠲᠤᠬᠠᠶ᠎ᠶ᠋ᠢᠨ ᠦᠶ᠎ᠡ᠎ᠳᠦ᠂ ᠢ ᠴᠦ᠋ᠨ᠎ᠤ ᠪᠠᠢᠭᠠᠯᠢ᠎ᠶ᠋ᠢᠨ ᠣᠶ᠎ᠶ᠋ᠢ ᠬᠤᠳᠠᠯᠳᠤᠭᠠᠨ᠎ᠤ ᠴᠢᠨᠠᠷᠲᠠᠶ᠎ᠪᠠᠷ ᠣᠭ᠍ᠲᠣᠯᠬᠤ ᠠᠵᠢᠯ ᠨᠢᠭᠡᠨᠲᠡ ᠪᠦᠬᠦ᠌ ᠲᠠᠯ᠎ᠠ᠎ᠪᠠᠷ ᠵᠣᠭ᠍ᠰᠣᠵᠤ᠂ ᠮᠠᠨ᠎ᠤ ᠣᠶ ᠱᠢᠭᠤᠶ᠎ᠶ᠋ᠢᠨ ᠲᠠᠯᠠᠪᠠᠶ᠎ᠶ᠋ᠢᠨ ᠬᠥᠮᠦᠰ ᠢᠷᠡᠭᠡᠳᠦᠶ᠎ᠶ᠋ᠢᠨ ᠠᠮᠢᠳᠤᠷᠠᠯ᠎ᠳ᠋ᠠᠭᠠᠨ ᠵᠢᠭᠠᠬᠠᠨ ᠲᠥᠭᠡᠷᠢᠭ᠌ᠳᠡᠵᠦ ᠪᠠᠢᠪᠠ᠃ ᠶᠡᠷᠦᠩᠬᠡᠶ ᠱᠦᠵᠢ᠎ᠶ᠋ᠢᠨ ᠦᠭᠡ ᠨᠠᠳᠠ᠎ᠵᠢ ᠨᠢᠭᠡ ᠯᠡ ᠳᠤᠤᠷ᠎ᠠ ᠰᠡᠭᠡᠭᠡᠷᠡᠭᠦᠯᠪᠠ᠃ ᠶᠡᠷᠦᠩᠬᠡᠶ ᠱᠦᠵᠢ ᠪᠢᠳᠡᠨ᠎ᠢ ᠱᠢᠨ᠎ᠡ ᠠᠷᠭ᠎ᠠ ᠵᠠᠮ ᠡᠷᠢᠵᠦ᠂ ᠬᠤᠷᠳᠤᠨ ᠬᠥᠳᠡᠯᠬᠦ᠌ ᠬᠡᠷᠡᠭᠳᠡᠢ ᠭᠡᠵᠡᠢ᠃

ᠶᠠᠭ ᠲᠡᠷᠡ ᠵᠢᠯ᠎ᠦᠨ ᠵᠤᠨ᠂ ᠮᠠᠨ᠎ᠤ ᠭᠡᠷ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠦᠢᠯᠡᠰ ᠡᠷᠬᠢᠯᠡᠪᠡ᠂ ᠪᠢ ᠬᠥᠭ᠌ᠰᠢᠨ᠎ᠲᠡᠶ᠎ᠪᠡᠨ ᠨᠣᠭᠣᠭ᠎ᠠ ᠬᠠᠭᠤᠷᠬᠤ᠎ᠶ᠋ᠢ ᠬᠠᠷᠢᠭᠤᠴᠠᠵᠤ᠂ ᠬᠦᠦ ᠪᠠᠷᠢ ᠬᠤᠶᠠᠭᠤᠯᠠ ᠨᠣᠭᠣᠭ᠎ᠠ ᠵᠥᠭᠡᠭᠡᠵᠦ᠍ ᠤᠰᠤ ᠬᠦᠷᠭᠡᠨ᠎ᠡ ᠁ ᠮᠠᠨ᠎ᠤ ᠭᠡᠷ ᠶᠡᠷᠦ᠍᠎ᠡᠴᠡ ᠡᠢᠮᠦ᠍ ᠨᠠᠷᠭᠢᠶᠠᠨ᠎ᠲᠠᠶ ᠪᠠᠢᠵᠤ ᠥᠩᠭᠡᠷᠡᠭ᠌ᠰᠡᠨ ᠦᠭᠡᠢ᠃

ᠣᠷᠴᠢᠮ᠎ᠤᠨ ᠬᠡᠳᠦᠨ ᠵᠢᠯ᠂ ᠮᠠᠨ᠎ᠤ ᠣᠢ ᠱᠢᠭᠤᠶ᠎ᠶ᠋ᠢᠨ ᠲᠠᠯᠠᠪᠠᠢ ᠬᠦᠭᠡᠮᠳᠦᠭ ᠨᠤᠭᠤᠭᠠᠨ ᠠᠭᠤᠯᠠ ᠤᠰᠤ ᠪᠠᠨ ᠬᠠᠮᠠᠭᠠᠯᠠᠵᠤ᠂ ᠡᠷᠭᠢᠨ ᠲᠣᠭᠣᠷᠢᠨ᠎ᠤ ᠣᠷᠴᠢᠨ ᠲᠣᠭᠣᠷᠢᠨ ᠤᠯᠠᠮ᠎ᠡᠴᠡ ᠤᠯᠠᠮ ᠰᠠᠢᠨ ᠪᠣᠯᠵᠠᠶ᠃ ᠤᠤᠯ᠎ᠳ᠋ᠠᠭᠠᠨ ᠭᠡᠷ᠎ᠦᠨ ᠡᠭᠦᠳᠡᠨ᠎ᠳᠦ ᠬᠠᠢᠷ ᠴᠢᠯᠠᠭᠤᠨ ᠵᠠᠮ ᠪᠠᠢᠭᠰᠠᠨ ᠡᠴᠡ ᠲᠡᠷᠭᠡ ᠥᠩᠭᠡᠷᠡᠪᠡᠯ ᠲᠣᠭᠣᠰᠣ ᠳᠡᠭ᠌ᠳᠡᠳᠡᠭ ᠪᠠᠢᠯ᠎ᠠ᠃ ᠣᠲᠣ ᠣᠶ ᠱᠢᠭᠤᠶ᠎ᠶ᠋ᠢᠨ ᠲᠠᠯᠠᠪᠠᠶ ᠡᠴᠡ ᠴᠠᠷᠳᠠᠮᠠᠯ ᠵᠠᠮ ᠵᠠᠰᠠᠵᠤ ᠦᠭᠴᠦ᠂ ᠥᠩᠭᠡᠲᠦ ᠳ᠋ᠧᠩ ᠲᠠᠭᠠᠷᠠᠭᠤᠯᠵᠤ᠂ ᠮᠣᠳᠣ ᠵᠠᠢᠯᠠᠭᠠᠳ᠂ ᠪᠠᠰᠠ ᠮᠠᠨ᠎ᠤ ᠬᠡᠷ᠎ᠦᠨ ᠡᠰᠡᠷᠭᠦ᠌ ᠲᠠᠯ᠎ᠠ᠎ᠶ᠋ᠢᠨ ᠨᠤᠭᠤ ᠭᠠᠵᠠᠷ᠎ᠲᠤ 《ᠰᠣᠭ᠍ᠲᠣᠭᠤ ᠡᠷᠪᠡᠬᠡᠶ ᠴᠡᠴᠡᠭ᠎ᠦᠨ ᠬᠥᠨᠳᠡᠶ》 ᠎ᠶ᠋ᠢᠨ ᠦᠵᠡᠮᠵᠢ᠎ᠶ᠋ᠢᠨ ᠭᠠᠵᠠᠷ ᠪᠠᠢᠭᠤᠯᠵᠠᠶ᠃

ᠠᠮᠢ ᠠᠬᠤᠶ ᠣᠷᠴᠢᠨ ᠲᠣᠭᠣᠷᠢᠨ᠎ᠤ ᠰᠠᠢᠵᠢᠷᠠᠯᠲᠠ᠎ᠨᠢ ᠪᠢᠳᠡᠨ᠎ᠳᠦ ᠶᠡᠬᠡ ᠠᠱᠢᠭ ᠬᠦᠷᠲᠡᠭᠡᠵᠦ᠍᠂ ᠵᠢᠭᠤᠯᠴᠢᠯᠠᠬᠤ᠎ᠪᠠᠷ ᠢᠷᠡᠬᠦ᠌ ᠬᠥᠮᠦᠨ ᠶᠠᠪᠤᠬᠤ ᠲᠤᠲᠤᠮ ᠣᠯᠠᠱᠢᠷᠠᠪᠠ᠃ ᠬᠦᠭᠵᠢᠶᠡᠨᠲᠦ ᠤᠯᠠᠷᠢᠯ᠎ᠳᠤ᠂ ᠬᠦᠷᠢᠶᠡᠨ᠎ᠳᠦ ᠪᠠᠷᠤᠭ ᠡᠳᠦᠷ ᠪᠦᠷᠢ ᠵᠢᠭᠤᠯᠴᠢᠯᠠᠭᠰᠠᠳ ᠳᠦᠭᠦᠷᠳᠡᠭ᠃ ᠲᠠᠳᠠ ᠲᠡᠷᠡ ᠬᠣᠯᠠ᠎ᠡᠴᠡ ᠶᠠᠭᠤ᠎ᠶᠢ ᠵᠤᠷᠢᠵᠤ ᠮᠠᠨ᠎ᠤ ᠡᠨᠳᠡ ᠢᠷᠡᠯ᠎ᠠ? ᠭᠡᠪᠡᠯ ᠮᠠᠨ᠎ᠤ ᠡᠨᠳᠡᠬᠢ ᠲᠩᠷᠢ ᠨᠢ ᠨᠠᠩ ᠬᠥᠬᠡ᠂ ᠤᠰᠤ ᠨᠢ ᠨᠠᠩ ᠲᠤᠩᠭᠠᠯᠠᠭ᠂ ᠠᠭᠠᠷ ᠨᠢ ᠨᠠᠩ ᠴᠡᠩᠭᠡᠭ ᠳᠦ᠍ ᠪᠠᠢᠭ᠎ᠠ ᠶᠤᠮ᠃ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠦᠢᠯᠡᠰ᠎ᠢ ᠡᠵᠡᠩᠨᠡᠬᠦ᠌᠎ᠳᠦ ᠲᠦᠱᠢᠭ᠌ᠯᠡᠨ᠂ ᠵᠦᠭᠡᠷ ᠵᠢᠯ ᠳ᠋ᠡᠭᠡᠨ ᠪᠢᠳᠡ ᠠᠷᠪᠠᠨ ᠬᠡᠳᠦᠨ ᠲᠦᠮᠡᠨ ᠲᠥᠭᠥᠷᠢᠭ ᠎ᠦᠨ ᠣᠷᠣᠯᠭ᠎ᠠ ᠣᠯᠵᠤ ᠪᠤᠢ᠃ ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠢ ᠶᠡᠷᠦᠩᠬᠡᠢ ᠱᠦᠵᠢ᠎ᠶ᠋ᠢᠨ ᠪᠢᠳᠡᠨ᠎ᠳᠦ ᠵᠢᠭᠠᠵᠤ ᠥᠭ᠌ᠭᠦᠭ᠌ᠰᠡᠨ ᠱᠢᠨ᠎ᠡ ᠠᠷᠭ᠎ᠠ ᠵᠠᠮ ᠪᠣᠯᠤᠨ᠎ᠠ ᠭᠡᠳᠡᠭ᠎ᠢ ᠪᠢ ᠤᠳᠤ ᠰᠠᠶᠢ ᠵᠢᠪ ᠵᠢᠩᠬᠢᠨᠢ ᠤᠢᠯᠠᠭᠠᠯ᠎ᠠ!

ᠭᠠᠭ᠍ᠴᠠ ᠮᠠᠨ᠎ᠤ᠋᠎ᠬᠢᠨ᠎ᠵᠢᠡᠷ ᠵᠤᠭᠰᠤᠬᠤ ᠦᠭᠡᠢ᠂ ᠡᠷᠬᠢᠨ ᠲᠣᠭᠣᠷᠢᠨ᠎ᠤ ᠨᠤᠲᠤᠭ᠎ᠤᠨ ᠠᠬ᠎ᠠ ᠳᠡᠭᠦᠦ᠍᠎ᠨᠡᠷ ᠪᠣᠯᠤᠨ ᠮᠠᠰᠢ ᠣᠯᠠᠨ ᠣᠶ ᠱᠢᠭᠤᠶ᠎ᠶ᠋ᠢᠨ ᠲᠠᠯᠠᠪᠠᠶ᠎ᠶ᠋ᠢᠨ ᠠᠵᠢᠯ᠎ᠡᠴᠡ᠎ᠪᠠᠨ ᠠᠮᠠᠷᠠᠭ᠍ᠰᠠᠨ ᠠᠵᠢᠯᠴᠢᠳ ᠴᠥᠮ ᠦᠶ᠋ᠯᠡᠰ ᠪᠤᠰᠭᠠᠵᠤ ᠡᠬᠢᠯᠡᠪᠡ᠃ ᠪᠢᠳᠠ ᠢᠳᠡᠭᠡᠨ ᠤᠮᠳᠠᠭᠠᠨ᠎ᠤ ᠦᠶ᠋ᠯᠡᠴᠢᠯᠡᠭᠡ᠎ᠶ᠋ᠢᠨ ᠵᠡᠭᠡᠯᠢ᠎ᠶ᠋ᠢ ᠪᠠᠢᠭᠤᠯᠵᠠᠢ᠂ 30 ᠣᠷᠴᠢᠮ᠎ᠤᠨ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠦᠢᠯᠡᠰ ᠪᠠ ᠠᠷᠠᠳ᠎ᠤᠨ ᠰᠠᠭᠤᠴᠠ᠎ᠶ᠋ᠢᠨ ᠡᠵᠡᠩᠨᠡᠯᠲᠡ ᠮᠠᠰᠢ ᠰᠠᠢᠨ᠃ ᠤᠢ᠎ᠶ᠋ᠢᠨ ᠣᠷᠬᠣᠳᠠᠶ᠂ ᠥᠷᠭᠡᠰᠦᠲᠦ ᠲᠠᠪᠤᠯᠭᠠᠨ᠎ᠠ᠂ ᠤᠯᠠᠭᠠᠨ ᠨᠠᠷᠠᠰᠤᠨ᠎ᠤ ᠴᠢᠬᠢ ᠲᠠᠷᠢᠭᠰᠠᠳ ᠪᠦᠷ ᠵᠣᠭᠣᠰ ᠤᠯᠪᠠ᠃ ᠣᠶ ᠱᠢᠭᠤᠶ᠎ᠶ᠋ᠢᠨ ᠲᠠᠯᠠᠪᠠᠶ᠎ᠶ᠋ᠢᠨ ᠬᠥᠮᠦᠰ 《ᠠᠮᠢ ᠠᠬᠤᠶ᠎ᠶ᠋ᠢᠨ ᠬᠣᠭᠣᠯᠠ》 ᠢᠳᠡᠵᠦ᠍᠂ ᠣᠶ ᠰᠢᠭᠤᠢ᠎ᠪᠠᠨ ᠰᠠᠬᠢᠵᠤ ᠱᠢᠨ᠎ᠡ ᠠᠮᠢᠳᠤᠷᠠᠯ᠎ᠢᠶᠠᠨ ᠡᠬᠢᠯᠡᠭᠦᠯᠵᠡᠶ᠃ (ᠰᠢᠨᠬᠤᠸᠠ ᠬᠤᠷᠢᠶᠠᠨ᠎ᠤ ᠬᠠᠷᠪᠢᠨ᠎ᠤ 4 ᠰᠠᠷ᠎ᠠ᠎ᠶᠢᠨ 24᠎ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面