2022-04-30 20:33:16
ᠶᠡᠷᠦᠩᠬᠡᠢ ᠱᠦᠵᠢ ᠰᠢ ᠵᠢᠨ ᠫᠢᠩ 2020 ᠣᠨ᠎ᠤ 10 ᠰᠠᠷ᠎ᠠ᠎ᠶ᠋ᠢᠨ 12᠎ᠤ᠋ᠨ ᠦᠳᠡ᠎ᠶ᠋ᠢᠨ ᠬᠣᠢᠨ᠎ᠠ ᠭᠤᠸᠠᠩᠳᠦ᠋ᠩ ᠮᠤᠵᠢ᠎ᠶ᠋ᠢᠨ ᠴᠤᠤᠵᠸᠦ ᠬᠤᠳᠠ᠎ᠶ᠋ᠢᠨ ᠫᠠᠢ ᠹᠠᠩ ᠵᠡᠭᠡᠯᠢ᠎ᠪᠡᠷ ᠱᠢᠨᠵᠢᠯᠡᠨ ᠪᠠᠢᠴᠠᠭᠠᠬᠤ᠎ᠳᠠᠭᠠᠨ ᠱᠢᠤᠢ ᠸᠧᠢ ᠱᠢᠨ᠎ᠦ ᠠᠵᠢᠯᠯᠠᠵᠤ ᠪᠠᠢᠭ᠎ᠠ ᠬᠣᠭᠣᠯᠠᠨ ᠭᠡᠷ᠎ᠲᠦ ᠢᠷᠡᠪᠡ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠱᠢᠤᠢ ᠸᠧᠶ ᠱᠢᠨᠢ ᠡᠷᠬᠢᠵᠦ ᠰᠤᠷᠪᠤᠯᠵᠢᠯᠠᠪᠠ᠃
ᠦᠵᠡᠭᠳᠡᠯ᠎ᠢ ᠡᠷᠬᠢᠴᠡᠭᠦᠯᠬᠦᠢ
ᠴᠤᠤᠵᠸᠤ ᠬᠤᠲᠠ᠎ᠵᠢᠨ ᠫᠠᠢ ᠹᠠᠩ ᠵᠡᠭᠡᠯᠢ᠎ᠳᠦ᠂ ᠶᠡᠷᠦᠩᠬᠡᠢ ᠱᠦᠵᠢ ᠰᠢ ᠵᠢᠨ ᠫᠢᠩ ᠵᠡᠭᠡᠯᠢ ᠳᠠᠭᠠᠤ ᠠᠯᠬᠤᠨ᠂ ᠬᠤᠳᠠᠯᠳᠤᠭᠠᠨ᠎ᠤ ᠳᠡᠯᠭᠡᠭᠦᠷ᠎ᠢ ᠦᠵᠡᠵᠦ᠍᠂ ᠪᠠᠷᠠᠭᠠᠨ᠎ᠤ ᠦᠨ᠎ᠡ᠎ᠶ᠋ᠢ ᠠᠰᠠᠭᠤᠵᠤ᠂ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ᠎ᠲᠡᠶ ᠳᠣᠲᠣᠨᠣ᠎ᠪᠠᠷ ᠶᠠᠷᠢᠯᠴᠠᠵᠤ᠂ ᠲᠡᠦᠬᠡ ᠰᠣᠶᠣᠯ᠎ᠤᠨ ᠵᠡᠭᠡᠯᠢ ᠲᠣᠭᠣᠷᠢᠭ᠎ᠤᠨ ᠬᠠᠮᠠᠭᠠᠯᠠᠯᠲᠠ᠎ᠶ᠋ᠢ ᠣᠢᠯᠠᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠬᠤᠳᠠᠯᠳᠤᠭ᠎ᠠ᠎ᠶ᠋ᠢ ᠰᠡᠷᠭᠦᠭᠡᠵᠦ᠍ ᠵᠠᠬ᠎ᠠ ᠳᠡᠯᠭᠡᠭᠦᠷ᠎ᠢ ᠰᠡᠷᠭᠦᠭᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠭ᠌ᠰᠡᠨ ᠵᠡᠷᠭᠡ ᠪᠠᠢᠳᠠᠯ᠎ᠢ ᠣᠢᠯᠠᠭᠠᠪᠠ᠃
《ᠬᠠᠳᠠᠭᠠᠮᠠᠯ ᠵᠢᠮᠢᠰ ᠪᠠ ᠰᠣᠷᠭᠣᠭ ᠵᠢᠮᠢᠰ᠎ᠤᠨ ᠠᠷᠠᠯᠵᠢᠶ᠎ᠠ ᠶᠠᠮᠠᠷ ᠵᠡᠷᠭᠡ ᠪᠣᠶ?》 《 ᠴᠢ ᠡᠨᠡ ᠱᠢᠷᠠᠭ᠍ᠰᠠᠨ ᠮᠢᠬᠠᠨ᠎ᠤ ᠵᠠᠷ᠎ᠢ ᠰᠠᠢᠨ ᠬᠢᠵᠡᠶ!》 《 ᠪᠢ ᠪᠠᠰᠠ ᠭᠦᠩᠹᠦ᠋ ᠴᠠᠢ ᠤᠤᠭᠤᠬᠤ ᠳᠤᠷᠠᠲᠠᠢ᠂ ᠬᠠᠷᠠᠮᠰᠠᠯᠲᠠᠢ ᠨᠢ ᠲᠡᠢᠮᠦ᠍ 〈 ᠰᠡᠯᠡᠭᠦᠦ ᠴᠠᠭ 〉 ᠪᠠᠢᠬᠤ ᠦᠭᠡᠢ!》᠁ ᠶᠡᠷᠦᠩᠬᠡᠢ ᠱᠦᠵᠢ᠎ᠶ᠋ᠢᠨ ᠶᠦᠮᠦᠷᠯᠢᠭ ᠦᠭᠡ ᠶᠠᠷᠢᠶ᠎ᠠ ᠨᠢ ᠤᠯᠠᠨ᠎ᠢ ᠬᠦᠷ ᠨᠠᠷᠭᠢᠶᠠᠨ ᠲᠠᠢ ᠪᠤᠯᠭᠠᠵᠤ ᠪᠠᠢᠪᠠ᠃
ᠲᠤᠬᠠᠢ᠎ᠶ᠋ᠢᠨ ᠦᠶ᠎ᠡ᠎ᠳᠦ᠂ ᠱᠢᠤᠢ ᠸᠧᠢ ᠱᠢᠨ ᠬᠣᠭᠣᠯᠠᠨ ᠭᠡᠷᠦᠨᠵᠢᠡᠨ ᠡᠭᠦᠳᠡᠨ᠎ᠳᠤ ᠲᠤᠬᠠᠢ᠎ᠶ᠋ᠢᠨ ᠭᠠᠵᠠᠷ᠎ᠤᠨ ᠣᠨᠴᠠ ᠭᠠᠷᠤᠯᠲᠠ ᠪᠤᠯᠬᠤ ᠦᠬᠡᠷ᠎ᠦᠨ ᠮᠢᠬᠠᠨ᠎ᠤ ᠪᠦᠮᠪᠦᠯᠢᠭᠢ ᠨᠦᠳᠦᠵᠤ ᠪᠠᠢᠪᠠ᠃ ᠶᠡᠷᠦᠩᠬᠡᠶ ᠱᠦᠵᠢ ᠦᠨ᠎ᠡ ᠬᠠᠩᠰᠢ᠎ᠶ᠋ᠢ ᠨᠢ ᠠᠰᠠᠭᠤᠭ᠍ᠰᠠᠨᠤ ᠳᠠᠷᠠᠭ᠎ᠠ ᠄ 《 ᠦᠬᠡᠷ᠎ᠦᠨ ᠮᠢᠬᠠᠨ᠎ᠤ ᠪᠦᠮᠪᠦᠯᠢᠭ 10 ᠲᠥᠭᠥᠷᠢᠭ ᠨᠢᠭᠡ ᠬᠤᠪᠢ᠂ ᠨᠡᠯᠢᠶᠡᠳ ᠬᠢᠮᠳᠠ! 》 ᠭᠡᠪᠡ᠃
ᠵᠡᠭᠡᠯᠢ ᠳᠠᠭᠠᠤ ᠴᠢᠮᠡᠭᠡᠰᠤᠷᠠᠭ ᠤᠯᠵᠤ ᠬᠦᠷᠦᠯᠴᠡᠨ ᠢᠷᠡᠭ᠌ᠰᠡᠨ ᠤᠯᠠᠨ ᠲᠦᠮᠡᠨ ᠳᠦᠭᠦᠷᠴᠦ᠍᠂ ᠤᠯᠠᠨ᠎ᠢᠶᠠᠷ᠎ᠢᠶᠠᠨ 《 ᠶᠡᠷᠦᠩᠬᠡᠢ ᠱᠦᠵᠢ ᠰᠠᠢ᠌ᠨ ᠪᠠᠢᠨ᠎ᠠ ᠦᠦ! 》 ᠭᠡᠬᠦ᠎ᠳᠤ ᠶᠡᠷᠦᠩᠬᠡᠢ ᠱᠦᠵᠢ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠯ ᠲᠡᠪᠰᠢᠭᠦᠯᠵᠠᠢ᠃
《ᠴᠤᠤᠵᠸᠤ ᠥᠨᠢ ᠤᠳᠠᠭᠠᠨ ᠲᠡᠦᠬᠡ᠎ᠲᠡᠶ᠂ ᠤᠬᠢ ᠰᠤᠳᠤᠨ ᠰᠣᠶᠣᠯ ᠤᠯᠠᠮᠵᠢᠯᠠᠯ᠎ᠲᠠᠶ᠂ ᠤᠯᠤᠰ᠎ᠤᠨ ᠲᠡᠦᠬᠡ ᠰᠣᠶᠣᠯ᠎ᠤᠨ ᠨᠡᠷᠡᠳᠤ ᠬᠤᠳᠠ ᠪᠣᠯᠤᠨ᠎ᠠ᠂ ᠮᠠᠰᠢ ᠤᠯᠠᠨ ᠬᠥᠮᠦᠰ ᠪᠦᠷ ᠡᠨᠳᠡ ᠢᠷᠡᠵᠤ ᠲᠣᠭᠣᠷᠢᠨ ᠦᠵᠡᠵᠦ᠍ ᠵᠢᠭᠤᠯᠴᠢᠯᠠᠵᠤ ᠪᠠᠢᠨ᠎ᠠ᠃ ᠲᠡᠦᠬᠡ ᠰᠣᠶᠣᠯ᠎ᠤᠨ ᠦᠨ᠎ᠡ ᠦᠷᠳᠡᠭ᠎ᠲᠡᠶ ᠬᠠᠭᠤᠴᠢᠨ ᠬᠤᠳᠠ᠎ᠶ᠋ᠢᠨ ᠲᠣᠭᠣᠷᠢᠭ᠎ᠢ ᠰᠠᠢᠲᠤᠷ ᠬᠠᠮᠠᠭᠠᠯᠠᠵᠤ᠂ ᠬᠤᠳᠠ᠎ᠶ᠋ᠢᠨ ᠣᠨᠴᠠᠯᠢᠭ᠎ᠢ ᠢᠯᠡᠷᠡᠭᠦᠯᠵᠦ᠍᠂ ᠰᠣᠶᠣᠯ ᠵᠢᠭᠤᠯᠴᠢᠯᠠᠯ᠎ᠤᠨ ᠠᠭᠤᠯᠤᠭ᠍ᠳᠠᠬᠤᠨ᠎ᠢ ᠨᠡᠮᠡᠭ᠌ᠳᠡᠭᠦᠯᠵᠦ᠍᠂ ᠬᠥᠮᠦᠰ᠎ᠲᠦ ᠨᠡᠩ ᠤᠯᠠᠨ ᠰᠤᠷᠭᠠᠨ ᠬᠥᠮᠦᠵᠢᠯ ᠬᠦᠷᠲᠡᠭᠡᠬᠦ᠌ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ ᠤᠯᠠᠨ᠎ᠳᠤ᠄ 《 ᠴᠤᠤᠵᠸᠦ ᠳ᠋ᠦ᠍ ᠮᠠᠰᠢ ᠤᠯᠠᠨ ᠡᠷᠳᠡᠨᠢ ᠲᠠᠢ᠂ ᠴᠤᠤᠵᠸᠦ ᠵᠢᠨ ᠬᠠᠳᠭᠤᠮᠠᠯ᠂ ᠮᠣᠳᠣᠨ ᠰᠡᠢᠯᠦᠮᠡᠯ᠂ ᠴᠤᠤᠵᠸᠦ ᠵᠦᠴᠦᠭᠡ᠂ ᠭᠦᠨᠭᠹᠥ᠋ ᠴᠠᠢ᠂ ᠴᠤᠤᠵᠸᠦ ᠵᠢᠨ ᠨᠣᠭᠣᠭ᠎ᠠ ᠵᠡᠷᠭᠡ ᠨᠢ ᠴᠥᠮ ᠮᠠᠰᠢ ᠣᠨᠴᠠᠯᠢᠭ᠎ᠲᠠᠶ᠂ ᠮᠠᠰᠢ ᠡᠷᠬᠢᠮ ᠨᠠᠨᠳᠢᠨ᠂ ᠦᠨᠡᠬᠡᠷ ᠣᠯᠳᠠᠰᠢ ᠦᠭᠡᠢ ᠶᠤᠮ᠃ ᠪᠢᠳᠡ ᠡᠨᠡ ᠬᠣᠲᠠ᠎ᠶ᠋ᠢ ᠬᠠᠢᠷᠠᠯᠠᠬᠤ᠎ᠳᠤ᠂ ᠲᠡᠭᠦᠨ᠎ᠢ ᠰᠠᠢᠲᠤᠷ ᠬᠠᠮᠠᠭᠠᠯᠠᠵᠤ᠂ ᠰᠠᠢᠲᠤᠷ ᠪᠦᠲᠦᠭᠡᠨ ᠪᠠᠢᠭᠤᠯᠬᠤ ᠬᠡᠷᠡᠭ᠌ᠲᠡᠶ》 ᠭᠡᠵᠦ ᠳᠤᠲᠤᠨᠤᠰᠤᠭᠵᠢᠡᠷ ᠬᠡᠯᠡᠪᠡ᠃
ᠱᠢᠤᠢ ᠸᠧᠶ ᠱᠢᠨ᠎ᠦ ᠰᠡᠳᠭᠢᠯ᠎ᠦᠨ ᠳᠠᠭᠤᠨ
ᠶᠡᠷᠦᠩᠬᠡᠢ ᠱᠦᠵᠢ ᠶᠠᠷᠢᠬᠤ᠎ᠳᠠᠭᠠᠨ᠂ ᠡᠨᠡ ᠬᠤᠳᠠ᠎ᠶ᠋ᠢ ᠬᠠᠢᠷᠠᠯᠠᠬᠤ᠎ᠳᠤ ᠲᠡᠭᠦᠨ᠎ᠢ ᠰᠠᠢᠲᠤᠷ ᠬᠠᠮᠠᠭᠠᠯᠠᠵᠤ᠂ ᠰᠠᠢᠲᠤᠷ ᠪᠦᠳᠦᠭᠡᠨ ᠪᠠᠢᠭᠤᠯᠬᠤ ᠬᠡᠷᠡᠭ᠌ᠲᠡᠢ ᠭᠡᠵᠠᠢ᠃ ᠪᠢᠳᠡ ᠪᠦᠷ ᠰᠡᠳᠬᠢᠯ᠎ᠳᠡᠭᠡᠨ ᠴᠡᠭᠡᠵᠢᠯᠡᠵᠦ᠍ ᠪᠠᠢᠨ᠎ᠠ᠃
ᠡᠨᠡ ᠬᠣᠶᠠᠷ ᠵᠢᠯ᠎ᠳᠦ᠂ ᠴᠤᠤᠵᠸᠤ ᠬᠤᠳᠠ᠎ᠶ᠋ᠢᠨ ᠳᠦᠷᠰᠦ ᠪᠠᠢᠳᠠᠯ ᠱᠢᠨᠡᠳᠦᠨ ᠬᠤᠪᠢᠷᠠᠪᠠ᠃ ᠫᠠᠢ ᠹᠠᠩ ᠵᠡᠭᠡᠯᠢ᠎ᠶ᠋ᠢᠨ ᠮᠠᠰᠢ ᠣᠯᠠᠨ ᠪᠠᠷᠢᠯᠭ᠎ᠠ᠎ᠶ᠋ᠢ ᠰᠡᠯᠪᠢᠨ ᠵᠠᠰᠠᠵᠤ ᠭᠣᠶᠣᠯᠠᠨ ᠴᠢᠮᠡᠵᠦ᠍᠂ ᠨᠠᠷᠠᠲᠤ ᠬᠥᠮᠦᠰ᠎ᠦᠨ ᠬᠠᠭᠤᠴᠢᠨ ᠰᠠᠭᠤᠴᠠ᠂ ᠤᠨᠴᠠᠯᠢᠭ᠍ᠳᠤ ᠠᠷᠠᠳ᠎ᠤᠨ ᠣᠷᠣᠨ ᠰᠠᠭᠤᠴᠠ᠎ᠶ᠋ᠢ《ᠬᠠᠭᠤᠴᠢᠨ ᠬᠡᠪ᠎ᠢᠶᠡᠷ ᠨᠢ ᠵᠠᠰᠠᠨ ᠰᠡᠯᠪᠢᠵᠦ᠍》᠂ ᠲᠡᠦᠬᠡ᠎ᠶ᠋ᠢᠨ ᠪᠠᠷᠢᠯᠭ᠎ᠠ᠂ ᠰᠣᠶᠣᠯ᠎ᠤᠨ ᠦᠵᠡᠭᠦᠯᠭᠡ᠎ᠶ᠋ᠢᠨ ᠣᠷᠳᠣᠨ᠂ ᠠᠷᠠᠳ᠎ᠤᠨ ᠣᠷᠣᠨ ᠰᠠᠭᠤᠴᠠ᠎ᠶ᠋ᠢᠨ ᠳᠡᠯᠭᠡᠭᠦᠷᠦᠳ ᠨᠢ ᠴᠥᠮ ᠵᠡᠭᠡᠯᠢ ᠭᠤᠳᠤᠮᠵᠢ᠎ᠳᠤ ᠠᠭᠤᠰᠤᠯᠴᠠᠨ᠂ ᠡᠷᠲᠡᠨ᠎ᠦ ᠥᠩᠭᠡ ᠪᠤᠳᠤᠭ᠎ᠢᠶᠡᠷ ᠪᠢᠯᠬᠠᠮ᠎ᠠ ᠪᠠᠢᠨ᠎ᠠ᠃
ᠡᠷᠲᠡᠨ᠎ᠦ ᠬᠣᠲᠠ᠎ᠶ᠋ᠢᠨ ᠵᠢᠭᠤᠯᠴᠢᠯᠠᠭᠰᠠᠳ ᠤᠯᠠᠮ᠎ᠡᠴᠡ ᠤᠯᠠᠮ ᠠᠷᠪᠢᠨ ᠪᠣᠯᠵᠤ᠂ ᠮᠠᠨ᠎ᠤ ᠬᠣᠭᠣᠯᠠᠨ ᠭᠡᠷ᠎ᠦᠨ ᠠᠷᠠᠯᠵᠢᠶ᠎ᠠ ᠪᠠᠰᠠ ᠤᠯᠠᠮ᠎ᠡᠴᠡ ᠤᠯᠠᠮ ᠬᠥᠭ᠌ᠵᠢᠶᠡᠨᠲᠡᠶ ᠪᠣᠯᠵᠤ ᠪᠠᠢᠨ᠎ᠠ᠃ 300 ᠭᠠᠷᠤᠶ ᠲᠡᠭ᠌ᠰᠢ ᠳᠥᠷᠪᠡᠯᠵᠢᠨ ᠮᠧᠲ᠋ᠷ᠎ᠦᠨ ᠡᠵᠡᠩᠨᠡᠯᠲᠡ᠎ᠶ᠋ᠢᠨ ᠲᠠᠯᠠᠪᠠᠶ᠎ᠶ᠋ᠢ ᠥᠷᠭᠡᠳᠭᠡᠭ᠌ᠰᠡᠨ ᠪᠥᠭᠡᠳ ᠪᠠᠰᠠ ᠴᠥᠭᠡᠨ ᠪᠤᠰᠤ ᠬᠥᠮᠦᠨ ᠨᠡᠮᠡᠵᠦ᠍ ᠡᠯᠰᠡᠭ᠌ᠰᠡᠨ ᠪᠠᠢᠨ᠎ᠠ᠃
ᠬᠣᠭᠣᠯᠠᠨ ᠭᠡᠷ᠎ᠦᠨ ᠨᠡᠷᠡᠲᠦ ᠦᠬᠡᠷ᠎ᠦᠨ ᠮᠢᠬᠠᠨ᠎ᠤ ᠪᠥᠮᠪᠦᠯᠢᠭ ᠨᠢ ᠪᠠᠷᠢᠮᠵᠢᠶᠠᠵᠢᠭ᠍ᠰᠠᠨ ᠦᠢᠯᠡᠳᠪᠦᠷᠢᠯᠡᠯ᠎ᠦᠨ ᠲᠠᠰᠤᠭ᠎ᠲᠠᠶ ᠪᠣᠯᠵᠤ᠂ ᠶᠠᠰᠤ ᠴᠢᠨᠠᠷ ᠪᠣᠯᠤᠨ ᠭᠠᠷᠤᠯᠲᠠ᠎ᠨᠢ ᠪᠦᠷ ᠤᠯᠠᠮᠨᠢᠭᠡ ᠠᠯᠬᠤᠮ ᠳᠡᠭᠡᠭᠰᠢᠯᠡᠵᠦ᠂ ᠪᠠᠰᠠ ᠪᠦᠬᠦ᠌ ᠤᠯᠤᠰ᠎ᠤᠨ ᠡᠯ᠎ᠡ ᠭᠠᠵᠠᠷ᠎ᠲᠤ《ᠵᠠᠬᠢᠶᠠᠯᠠᠨ ᠬᠤᠳᠠᠯᠳᠤᠵᠤ》᠂ ᠮᠠᠨ᠎ᠤ ᠴᠤᠤᠵᠧᠦ᠍ ᠬᠤᠲᠠ᠎ᠶ᠋ᠢᠨ ᠰᠤᠯᠠ ᠢᠳᠡᠭᠡᠨ ᠨᠡᠷ᠎ᠡ ᠠᠯᠳᠠᠷᠱᠢᠵᠠᠢ᠃
ᠵᠤᠴᠢᠳ ᠪᠢᠰᠢᠷᠡᠨ ᠲᠠᠭᠠᠰᠢᠶᠠᠵᠤ ᠬᠦᠷᠦᠯᠴᠡᠨ ᠢᠷᠡᠭᠰᠡᠨ ᠨᠢ᠂ ᠠᠮᠲᠠᠲᠤ ᠢᠳᠡᠭᠡᠨ᠎ᠢ ᠢᠳᠡᠬᠦ᠎ᠪᠡᠷ ᠪᠠᠷᠠᠬᠤ ᠦᠭᠡᠢ᠂ ᠨᠠᠩ ᠴᠤ᠌ ᠮᠠᠨ᠎ᠤ ᠴᠤᠤᠵᠸᠦ᠎ᠶ᠋ᠢᠨ ᠰᠣᠶᠣᠯ᠎ᠢ ᠤᠢᠯᠠᠭᠠᠬᠤ᠎ᠶᠢᠨ ᠲᠥᠯᠥᠭᠡ ᠶᠤᠮ᠃ ᠨᠢᠳᠤᠨᠤᠨ᠂ ᠴᠤᠤᠵᠸᠤ ᠵᠢᠨ ᠨᠣᠭᠣᠭ᠎ᠠ ᠬᠢᠬᠦ᠌ ᠮᠡᠷᠭᠡᠵᠢᠯ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠦᠷᠦᠯ ᠵᠦᠢᠯ᠎ᠳᠦ ᠰᠣᠩᠭᠣᠭ᠍ᠳᠠᠨ ᠣᠷᠣᠪᠠ᠃ ᠴᠤᠤᠵᠸᠦ᠎ᠶ᠋ᠢᠨ ᠬᠥᠮᠦᠨ ᠮᠥᠷᠲᠡᠭᠡᠨ ᠴᠤᠤᠵᠧᠦᠶ᠋ᠢᠨ ᠲᠣᠭᠣᠭᠠᠴᠢ ᠪᠣᠯᠤᠭ᠍ᠰᠠᠨ᠎ᠤ ᠬᠤᠪᠢ᠎ᠳᠤ᠂ ᠪᠢ ᠮᠠᠰᠢ ᠣᠮᠣᠭ᠍ᠰᠢᠳᠠᠭ᠃
ᠶᠡᠷᠦᠩᠬᠡᠶ ᠱᠦᠵᠢ᠎ᠶ᠋ᠢᠨ ᠬᠡᠯᠡᠬᠦ᠌᠎ᠪᠡᠷ ᠮᠠᠨ᠎ᠤ ᠴᠤᠤᠵᠧᠦᠳᠦ ᠣᠯᠠᠨ ᠡᠷᠳᠡᠨᠢ᠎ᠲᠡᠶ᠂ ᠴᠤᠤᠵᠧᠦᠶ᠋ᠢᠨ ᠨᠣᠭᠣᠭ᠎ᠠ ᠪᠣᠯ ᠳᠠᠷᠤᠢ ᠮᠢᠨᠦ᠍ ᠰᠡᠳᠭᠢᠯ᠎ᠳᠡᠬᠢ ᠡᠷᠳᠡᠨᠢ ᠪᠤᠯᠤᠨ᠎ᠠ᠃ ᠡᠨᠡᠬᠦ ᠡᠷᠳᠡᠨᠢ᠎ᠶ᠋ᠢ ᠪᠠᠲᠤ ᠰᠠᠬᠢᠴᠢᠬᠠᠪᠠᠯ ᠮᠠᠨ᠎ᠤ ᠴᠤᠤᠵᠧᠦᠶ᠋ᠢᠨ ᠰᠣᠶᠣᠯ᠎ᠤᠨ ᠠᠮᠢᠳᠤ ᠫᠠᠢᠰᠠ᠎ᠶ᠋ᠢ ᠬᠠᠮᠠᠭᠠᠯᠠᠴᠢᠬᠠᠨ᠎ᠠ᠃
ᠤᠳᠤ ᠠᠵᠢᠯ ᠬᠡᠳᠦᠢ ᠶᠠᠭᠠᠷᠠᠤ ᠪᠠᠢᠭ᠍ᠰᠠᠨ ᠴᠤ᠌᠂ ᠪᠢ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠰᠤᠷᠤᠭ᠍ᠴᠢᠳ᠎ᠢᠶᠠᠨ ᠳᠠᠭᠠᠭᠤᠯᠤᠨ ᠬᠣᠭᠣᠯᠠᠨ ᠭᠡᠷ᠎ᠲᠦ ᠳᠠᠳᠤᠯᠭ᠎ᠠ ᠬᠢᠬᠦ᠌᠎ᠶ᠋ᠢ ᠪᠠᠷᠢᠮᠲᠠᠯᠠᠵᠤ᠂ ᠲᠡᠳᠡᠨ᠎ᠳᠦ ᠥᠪᠡᠷ᠎ᠦᠨ ᠲᠤᠷᠱᠢᠯᠭ᠎ᠠ ᠪᠣᠯᠤᠨ ᠣᠯᠤᠯᠲᠠ ᠲᠥᠷᠥᠭᠳᠡᠯ᠎ᠢᠶᠡᠨ ᠶᠠᠷᠢᠵᠤ ᠥᠭ᠌ᠭᠦ ᠵᠢᠨ ᠬᠠᠮᠳᠤ ᠪᠠᠰᠠ ᠨᠢᠭᠡ ᠵᠦᠢᠯ᠎ᠤᠨ ᠨᠤᠭᠤᠭ᠎ᠠ ᠪᠣᠯᠤᠨ ᠲᠡᠭᠦᠨ᠎ᠦ ᠠᠷᠤ᠎ᠳᠠᠬᠢ ᠰᠣᠶᠣᠯ᠎ᠢ ᠬᠡᠷᠬᠢᠨ ᠣᠢᠯᠠᠭᠠᠬᠤ ᠲᠤᠬᠠᠢ ᠶᠠᠷᠢᠵᠤ ᠥᠭ᠌ᠳᠡᠭ᠃ ᠶᠡᠷᠦᠩᠬᠡᠶ ᠱᠦᠵᠢ᠎ᠶ᠋ᠢᠨ 《 ᠡᠨᠡ ᠬᠦ᠌ ᠡᠷᠬᠢᠮ ᠨᠠᠨᠳᠢᠨ ᠲᠡᠦᠬᠡ ᠰᠣᠶᠣᠯ᠎ᠤᠨ ᠥᠪ᠎ᠢ ᠨᠠᠨᠳᠢᠩᠨᠠᠨ ᠰᠠᠢᠲᠤᠷ ᠬᠠᠮᠠᠭᠠᠯᠠᠬᠤ ᠬᠡᠷᠡᠭ᠌ᠲᠡᠶ》 ᠭᠡᠰᠡᠨ ᠱᠠᠭᠠᠷᠳᠠᠯᠭ᠎ᠠ ᠶᠣᠰᠣᠭᠠᠷ᠂ ᠮᠢᠨᠤ ᠪᠤᠳᠤᠬᠤ ᠪᠡᠷ ᠭᠠᠭ᠍ᠴᠠ ᠬᠦ᠌ ᠤᠯᠠᠮᠵᠢᠯᠠᠨ ᠪᠠᠳᠠᠷᠠᠭᠤᠯᠪᠠᠯ ᠰᠠᠶᠢ ᠴᠤᠤᠵᠧᠦᠶ᠋ᠢᠨ ᠨᠣᠭᠣᠭ᠎ᠠ᠂ ᠴᠤᠤᠵᠧᠦᠶ᠋ᠢᠨ ᠰᠣᠶᠣᠯ᠎ᠢ ᠬᠠᠮᠤᠭ᠎ᠡᠴᠡ ᠢᠯᠡᠭᠦᠦ ᠬᠠᠢᠷᠠᠯᠠᠨ ᠬᠠᠮᠠᠭᠠᠯᠠᠵᠤ ᠴᠢᠳᠠᠨ᠎ᠠ ᠃
(ᠱᠢᠨᠬᠤᠸᠠ ᠬᠣᠷᠢᠶᠠᠨ᠎ᠤ ᠭᠤᠸᠠᠩᠵᠧᠦ᠍᠎ᠶ᠋ᠢᠨ 4 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃