ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-05-17 09:09:42

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠶᠡᠷᠦᠩᠬᠡᠶ ᠱᠦᠵᠢ ᠰᠢ ᠵᠢᠨ ᠫᠢᠩ 2018 ᠣᠨ᠎ᠤ 9 ᠰᠠᠷ᠎ᠠ᠎ᠶ᠋ᠢᠨ 28 ᠎ᠤ᠋ ᠡᠳᠦᠷ ᠯᠢᠶᠣᠤᠨᠢᠩ᠎ᠳᠤ ᠱᠢᠨᠵᠢᠯᠡᠨ ᠪᠠᠢᠴᠠᠭᠠᠬᠤ᠎ᠳᠠᠭᠠᠨ᠂ ᠹᠦᠱᠦ᠋ᠨ ᠬᠣᠲᠠ᠎ᠶ᠋ᠢᠨ ᠳ᠋ᠦᠩ ᠬᠤᠸᠠ ᠶᠤᠸᠠᠨ ᠨᠡᠢᠭᠡᠮ ᠲᠣᠭᠣᠷᠢᠭ᠎ᠲᠤ ᠬᠦᠷᠴᠦ᠍᠂ ᠲᠤᠬᠠᠶ᠎ᠶ᠋ᠢᠨ ᠭᠠᠵᠠᠷ᠎ᠤᠨ ᠨᠡᠭᠦᠷᠡᠰᠦ ᠮᠠᠯᠲᠠᠭᠠᠳ ᠳᠣᠷᠣᠭ᠍ᠰᠢ ᠰᠠᠭᠤᠬᠳᠠᠭ᠍ᠰᠠᠨ ᠣᠷᠣᠨ᠎ᠤ ᠠᠶᠤᠯ᠎ᠡᠴᠡ ᠵᠠᠢᠯᠠᠭᠤᠯᠵᠤ ᠨᠡᠭᠦᠯᠭᠡᠨ ᠲᠥᠪᠬᠢᠨᠡᠭᠦᠯᠦᠭ᠌ᠰᠡᠨ ᠪᠠᠢᠳᠠᠯ᠎ᠢ ᠣᠢᠯᠠᠭᠠᠭ᠍ᠰᠠᠨ ᠪᠥᠭᠡᠳ ᠰᠠᠭᠤᠭᠠᠯᠢ ᠠᠷᠠᠳ ᠴᠧᠨ ᠢᠦᠶ ᠹᠠᠩ᠎ᠤᠨ ᠬᠡᠷ᠎ᠲᠦ ᠬᠥᠷᠪᠡ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠴᠧᠨ ᠢᠦᠶ ᠹᠠᠩ᠎ᠢ ᠡᠷᠭᠢᠵᠦ ᠰᠤᠷᠪᠤᠯᠵᠢᠯᠠᠪᠠ᠃


ᠦᠵᠡᠭᠳᠡᠯ᠎ᠢ ᠡᠷᠭᠢᠴᠡᠭᠦᠯᠬᠦᠢ

ᠲᠤᠰ ᠡᠳᠦᠷ᠎ᠦᠨ ᠦᠳᠡ᠎ᠶᠢᠨ ᠦᠶ᠎ᠡ᠎ᠪᠡᠷ᠂ ᠶᠡᠷᠦᠩᠬᠡᠢ ᠱᠦᠵᠢ ᠮᠠᠱᠢᠨ ᠲᠡᠷᠭᠡᠨ᠎ᠳᠤ ᠰᠠᠭᠤᠨ ᠳ᠋ᠦᠩ ᠬᠤᠸᠠ ᠶᠤᠸᠠᠨ ᠨᠡᠢᠭᠡᠮ ᠲᠣᠭᠣᠷᠢᠭ᠎ᠲᠤ ᠬᠦᠷᠪᠡ᠃ ᠴᠧᠨ ᠢᠦᠢ ᠹᠠᠩ᠎ᠤᠨ ᠭᠡᠷ᠎ᠲᠦ᠂ ᠰᠢ ᠵᠢᠨ ᠫᠢᠩ ᠰᠠᠭᠤᠭᠠᠯᠢ ᠠᠷᠠᠳ᠎ᠲᠠᠶ ᠬᠠᠮᠲᠤ ᠲᠣᠭᠣᠷᠢᠯᠴᠠᠨ ᠰᠠᠭᠤᠵᠤ ᠵᠣᠭᠣᠭ᠍ᠳᠠᠪᠠ᠃ ᠶᠡᠷᠦᠩᠬᠡᠢ ᠱᠦᠵᠢ ᠣᠷᠣᠨ ᠰᠠᠭᠤᠴᠠ᠎ᠶ᠋ᠢᠨ ᠰᠠᠢᠵᠢᠷᠠᠯᠲᠠ᠎ᠶ᠋ᠢᠨ ᠪᠠᠢᠳᠠᠯ ᠶᠠᠮᠠᠷ ᠪᠠᠢᠬᠤ᠂ ᠨᠠᠰᠤᠨ᠎ᠤ ᠠᠮᠠᠷᠠᠯᠲᠠ᠎ᠶᠢᠨ ᠮᠥᠩᠭᠥ᠌ ᠪᠣᠯᠤᠨ ᠨᠡᠢᠭᠡᠮ᠎ᠦᠨ ᠳᠠᠭᠠᠳᠭᠠᠯ᠎ᠢ ᠴᠠᠭ ᠲᠤᠬᠠᠢ᠎ᠳᠤᠨᠢ ᠠᠪᠴᠤ᠌ ᠳᠡᠢᠯᠬᠦ᠌ ᠡᠰᠡᠬᠦ᠌᠂ ᠡᠪᠡᠳᠴᠢᠨ ᠦᠵᠡᠭᠦᠯᠬᠦ᠌᠎ᠳᠦ ᠲᠦᠬᠦᠮ ᠡᠰᠡᠬᠦ᠌᠎ᠶ᠋ᠢ ᠬᠠᠯᠠᠮᠵᠢᠯᠠᠨ ᠠᠰᠠᠭᠤᠪᠠ᠃

ᠤᠯᠠᠨ᠎ᠢᠶᠠᠷ᠎ᠢᠶᠠᠨ ᠶᠡᠷᠦᠩᠬᠡᠢ ᠱᠦᠵᠢ᠎ᠳᠦ᠂ ᠱᠢᠨ᠎ᠡ ᠨᠡᠢᠭᠡᠮ ᠲᠣᠭᠣᠷᠢᠭ᠎ᠲᠤ ᠨᠡᠭᠦᠵᠦ᠍ ᠢᠷᠡᠭ᠌ᠰᠡᠨ᠎ᠡᠴᠡ ᠨᠠᠭᠠᠰᠢ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ ᠢᠯᠡᠳᠲᠡ ᠰᠠᠢᠵᠢᠷᠠᠵᠤ᠂ ᠤᠰᠤ ᠴᠠᠬᠢᠯᠭᠠᠨ ᠬᠡᠢ᠎ᠶ᠋ᠢᠨ ᠬᠠᠩᠭᠠᠯᠭ᠎ᠠ ᠪᠠᠲᠤᠯᠠᠭ᠎ᠠ᠎ᠲᠠᠶ ᠪᠤᠯᠵᠥ᠍᠂ ᠤᠯᠠᠨ ᠨᠡᠢᠲᠡ᠎ᠶ᠋ᠢᠨ ᠦᠢᠯᠡᠴᠢᠯᠡᠭᠡ ᠨᠡᠢᠭᠡᠮ ᠲᠣᠭᠣᠷᠢᠭ᠎ᠲᠤ ᠣᠷᠣᠵᠤ᠂ ᠠᠮᠢᠳᠤᠷᠠᠯ᠎ᠤᠨ ᠶᠠᠰᠤ ᠴᠢᠨᠠᠷ ᠶᠡᠬᠡ᠎ᠪᠡᠷ ᠳᠡᠭᠡᠭ᠌ᠰᠢᠯᠡᠭᠰᠡᠨ ᠭᠡᠵᠦ ᠬᠡᠯᠡᠪᠡ᠃ ᠰᠢ ᠵᠢᠨ ᠫᠢᠩ ᠰᠣᠨᠣᠰᠤᠭᠠᠳ ᠮᠠᠰᠢ ᠪᠠᠶᠠᠷᠯᠠᠪᠠ᠃

ᠨᠡᠢᠭᠡᠮ ᠲᠣᠭᠣᠷᠢᠭ᠎ᠡᠴᠡ ᠰᠠᠯᠬᠤ ᠦᠶ᠎ᠡ᠎ᠳᠦ᠂ ᠰᠠᠭᠤᠭᠠᠯᠢ ᠠᠷᠠᠳ᠎ᠤᠳ ᠬᠦᠷᠦᠯᠴᠡᠨ ᠢᠷᠡᠵᠦ᠍᠂ ᠶᠡᠷᠦᠩᠬᠡᠢ ᠱᠦᠵᠢ᠎ᠲᠡᠶ ᠮᠡᠨᠳᠦᠴᠢᠯᠡᠪᠡ᠂ ᠰᠢ ᠵᠢᠨ ᠫᠢᠩ ᠤᠯᠠᠨ᠎ᠲᠠᠶ ᠳᠣᠲᠣᠨᠣ᠎ᠪᠠᠷ ᠭᠠᠷ ᠠᠳᠭᠤᠵᠤ᠂ ᠭᠦᠨ ᠰᠡᠳᠭᠢᠯᠭᠡ᠎ᠲᠡᠶ᠎ᠪᠡᠷ ᠤᠯᠠᠨ᠎ᠳᠤ᠂ ᠪᠢ ᠡᠬᠢ ᠪᠠᠶᠠᠯᠢᠭ ᠬᠤᠭᠤᠰᠤᠷᠠᠬᠰᠠᠨ ᠮᠠᠶᠢᠭ᠎ᠤᠨ ᠬᠤᠳᠠ᠎ᠶ᠋ᠢᠨ ᠲᠤᠬᠠᠢ ᠨᠡᠢᠳᠡᠮ ᠰᠠᠨᠠᠭᠠᠱᠢᠷᠠᠵᠤ᠂ ᠡᠳᠡᠭᠡᠷ ᠬᠤᠳᠠ᠎ᠶ᠋ᠢᠨ ᠠᠵᠤ ᠠᠬᠤᠢ ᠶᠠᠮᠠᠷ ᠵᠡᠷᠭᠡ᠂ ᠠᠷᠠᠳ᠎ᠤᠨ ᠠᠮᠢᠳᠤᠷᠠᠯ ᠶᠠᠮᠠᠷ ᠵᠡᠷᠭᠡ ᠪᠠᠢᠬᠤ᠎ᠳᠦ ᠰᠠᠨᠠᠭ᠎ᠠ ᠪᠤᠯᠳᠠᠭ᠂ ᠪᠢ ᠡᠨᠡ ᠤᠳᠠᠭ᠎ᠠ ᠲᠤᠰᠭᠠᠢᠯᠠᠨ ᠦᠵᠡᠬᠦ᠌᠎ᠪᠡᠷ ᠢᠷᠡᠭ᠌ᠰᠡᠨ ᠶᠤᠮ᠃ ᠨᠠᠮ᠎ᠤᠨ ᠲᠥᠪ ᠬᠣᠷᠢᠶ᠎ᠠ ᠶᠡᠬᠡ ᠬᠡᠮᠵᠢᠶᠡᠨ᠎ᠦ ᠪᠡᠯᠡ ᠮᠥᠩᠭᠥ᠌ ᠣᠷᠣᠭᠤᠯᠵᠤ ᠲᠦᠬᠦᠮ ᠪᠦᠳᠦᠴᠡᠳᠦ ᠣᠷᠣᠨ ᠰᠠᠭᠤᠴᠠ᠎ᠶ᠋ᠢᠨ ᠲᠣᠭᠣᠷᠢᠭ ᠪᠣᠯᠤᠨ ᠨᠡᠭᠦᠷᠡᠰᠦ ᠮᠠᠯᠲᠠᠭᠠᠳ ᠳᠣᠷᠣᠭ᠍ᠰᠢ ᠰᠠᠭᠤᠭ᠍ᠳᠠᠬᠰᠠᠨ ᠣᠷᠣᠨ᠎ᠢ ᠶᠡᠷᠦᠩᠬᠡᠢᠯᠡᠨ ᠵᠠᠰᠠᠬᠤ ᠠᠰᠠᠭᠤᠳᠠᠯ᠎ᠢ ᠱᠢᠢᠳᠪᠦᠷᠢᠯᠡᠭ᠌ᠰᠡᠨ ᠨᠢ ᠮᠠᠰᠢ ᠴᠢᠬᠤᠯᠠᠲᠠᠢ ᠪᠥᠭᠡᠳ ᠤᠳᠬ᠎ᠠ ᠠᠭᠤᠯᠭ᠎ᠠ ᠲᠠᠢ ᠶᠤᠮ᠃ ᠡᠬᠢ ᠪᠠᠶᠠᠯᠢᠭ ᠬᠤᠭᠤᠰᠤᠷᠠᠬᠰᠠᠨ ᠮᠠᠶᠢᠭ᠎ᠤᠨ ᠬᠤᠳᠠ ᠬᠡᠯᠪᠡᠷᠢ᠎ᠪᠡᠨ ᠬᠤᠪᠢᠷᠠᠭᠤᠯᠵᠤ ᠬᠥᠭ᠌ᠵᠢᠬᠦ ᠳᠤᠮᠳᠠ ᠡᠩ ᠲᠡᠷᠢᠭᠦᠨ᠎ᠳᠦ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠬᠦᠴᠢᠷᠳᠡᠯᠲᠡᠢ ᠤᠯᠠᠨ ᠲᠦᠮᠡᠨ᠎ᠦ ᠠᠮᠢᠳᠤᠷᠠᠯ᠎ᠢ ᠰᠠᠢᠲᠤᠷ ᠪᠠᠲᠤᠯᠠᠬᠤ ᠬᠡᠷᠡᠭ᠌ᠲᠡᠢ ᠭᠡᠵᠦ ᠬᠡᠯᠡᠪᠡ᠃


ᠴᠧᠨ ᠢᠦᠢ ᠹᠠᠩ᠎ᠤᠨ ᠰᠡᠳᠭᠢᠯ᠎ᠦᠨ ᠳᠠᠭᠤᠨ

ᠲᠡᠷᠡ ᠡᠳᠦᠷ᠂ ᠶᠡᠷᠦᠩᠬᠡᠶ ᠱᠦᠵᠢ ᠭᠡᠷ᠎ᠲᠦ ᠠᠯᠬᠤᠨ ᠣᠷᠣᠵᠤ ᠢᠷᠡᠭᠰᠡᠨ᠎ᠤ ᠲᠠᠷᠠᠭ᠎ᠠ᠂ ᠨᠠᠳᠠ᠎ᠲᠠᠶ ᠳᠣᠲᠣᠨᠣᠰᠣᠭ᠎ᠢᠶᠠᠷ ᠮᠡᠨᠳᠦᠴᠢᠯᠡᠵᠦ᠍᠂ ᠳᠠᠷᠠᠭ᠎ᠠ ᠨᠢ ᠮᠠᠨ᠎ᠤ ᠭᠡᠷ᠎ᠲᠦ ᠪᠢᠳᠠᠨ᠎ᠲᠡᠶ ᠬᠠᠮᠲᠤ ᠰᠠᠭᠤᠵᠤ ᠵᠣᠭᠣᠭ᠍ᠳᠠᠪᠠ᠃ 《ᠨᠡᠭᠦᠭᠡᠳ ᠬᠡᠳᠦᠶ ᠵᠣᠭᠣᠰ ᠵᠠᠷᠤᠴᠠᠭᠤᠯᠤᠭ᠍ᠰᠠᠨ ᠪᠣᠶ?》᠂ 《ᠨᠠᠰᠤᠨ᠎ᠤ ᠠᠮᠠᠷᠠᠯᠲᠠ᠎ᠶ᠋ᠢᠨ ᠮᠥᠩᠭᠥ᠌ ᠪᠠ ᠨᠡᠢᠭᠡᠮ᠎ᠦᠨ ᠳᠠᠭᠠᠳᠭᠠᠯ᠎ᠢ ᠴᠠᠭ ᠲᠤᠬᠠᠶ᠎ᠳᠤᠨᠢ ᠠᠪᠴᠤ᠌ ᠪᠠᠢᠨ᠎ᠠ ᠦᠦ ᠥᠬᠡᠶ ᠦᠦ?》᠂ 《ᠡᠪᠡᠳᠴᠢᠨ ᠦᠵᠡᠭᠦᠯᠬᠦ᠌᠎ᠳᠦ ᠳᠥᠭᠥᠮ ᠦᠦ ᠥᠬᠡᠶ ᠦᠦ?》᠂ 《ᠨᠡᠢᠭᠡᠮ ᠲᠣᠭᠣᠷᠢᠭ᠎ᠤᠨ ᠦᠶ᠋ᠯᠡᠴᠢᠯᠡᠭᠡ ᠶᠠᠮᠠᠷ ᠵᠡᠷᠭᠡ ᠪᠤᠢ?》 ᠭᠡᠵᠦ᠍ ᠶᠡᠷᠦᠩᠬᠡᠢ ᠱᠦᠵᠢ ᠮᠠᠰᠢ ᠨᠠᠷᠢᠨ ᠠᠰᠠᠭᠤᠪᠠ᠂ ᠮᠢᠨᠦ᠍ ᠰᠡᠳᠬᠢᠯ ᠳᠣᠲᠣᠷ᠎ᠠ ᠮᠠᠰᠢ ᠬᠠᠯᠠᠭᠤᠨ ᠰᠠᠨᠠᠭᠳᠠᠯ᠎ᠠ᠃

ᠨᠡᠯᠢᠶᠡᠳ ᠡᠷᠳᠡ ᠦᠶ᠎ᠡ᠎ᠳᠤ ᠂ ᠹᠦᠱᠦ᠋ᠨ᠎ᠳᠤ ᠶᠡᠬᠡ ᠪᠡᠷ ᠨᠡᠭᠦᠷᠡᠰᠦ ᠮᠠᠯᠲᠠᠪᠠ᠃ ᠰᠡᠭᠦᠯᠡᠷ ᠨᠢ ᠨᠡᠭᠦᠷᠡᠰᠦ ᠮᠠᠯᠲᠠᠭᠠᠳ ᠴᠥᠮᠥᠷᠡᠵᠤ ᠰᠠᠭᠤᠬᠳᠠᠬᠰᠠᠨ ᠭᠠᠵᠠᠷ ᠵᠠᠯᠭᠠᠯᠳᠤᠨ ᠦᠷᠭᠦᠯᠵᠢᠯᠡᠵᠤ᠂ ᠮᠠᠨ᠎ᠤ ᠬᠠᠭᠤᠴᠢᠨ ᠪᠠᠢᠱᠢᠩ ᠴᠤ᠌ ᠳᠠᠷᠤᠢ ᠴᠥᠮᠥᠷᠡᠵᠤ ᠰᠠᠭᠤᠬᠳᠠᠬᠰᠠᠨ ᠬᠡᠰᠡᠭ᠎ᠲᠤ ᠪᠠᠢᠷᠢᠯᠡᠵᠤ ᠪᠠᠢᠪᠠ᠃ ᠬᠡᠷᠡᠮ᠎ᠬᠠᠨ᠎ᠠ ᠬᠠᠭᠠᠷᠠᠵᠤ᠂ ᠠᠰᠠᠷ᠎ᠤᠨ ᠬᠡᠯᠪᠡᠷᠢ ᠳᠦᠷᠰᠦ ᠬᠤᠪᠢᠷᠠᠵᠤ᠂ ᠪᠢ ᠨᠦᠬᠦᠷ᠎ᠲᠡᠶ᠎ᠪᠡᠨ ᠡᠳᠦᠷᠵᠢᠨ ᠵᠢᠷᠦᠬᠡ᠎ᠪᠡᠨ ᠭᠠᠷ᠎ᠲᠠᠭᠠᠨ ᠪᠠᠷᠢᠵᠤ᠂ ᠡᠷᠲᠡᠬᠡᠨ 《ᠨᠡᠭᠦᠵᠦ᠍ ᠭᠠᠷᠬᠤ》 ᠎ᠶ᠋ᠢ ᠬᠦᠰᠡᠵᠦ ᠪᠠᠢᠪᠠ᠃

2017 ᠣᠨ᠎ᠳᠤ᠂ ᠨᠠᠮ ᠪᠣᠯᠤᠨ ᠵᠠᠰᠠᠭ᠎ᠤᠨ ᠣᠷᠳᠣᠨ᠎ᠤ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢᠨ ᠠᠴᠢ᠎ᠪᠠᠷ᠂ ᠪᠢᠳᠡ 4 ᠲᠦᠮᠡ ᠭᠠᠷᠤᠢ ᠲᠥᠭᠥᠷᠢᠭ ᠨᠥᠬᠥᠪᠥᠷᠢᠯᠡᠨ ᠲᠤᠰᠢᠶᠠᠵᠤ᠂ ᠤᠤᠯ᠎ᠤᠨ 60 ᠭᠠᠷᠤᠢ ᠲᠡᠭ᠌ᠰᠢ ᠳᠥᠷᠪᠡᠯᠵᠢᠨ ᠮᠸᠲᠷ᠎ᠤᠨ ᠨᠤᠷᠠᠬᠤ ᠠᠶᠤᠯᠲᠠᠢ ᠪᠠᠢᠱᠢᠩ᠎ᠡᠴᠡ᠎ᠪᠠᠨ ᠤᠳᠤ᠎ᠶ᠋ᠢᠨ 90 ᠭᠠᠷᠤᠢ ᠲᠡᠭ᠌ᠰᠢ ᠳᠥᠷᠪᠡᠯᠵᠢᠨ ᠮᠸᠲᠷ᠎ᠤᠨ ᠱᠢᠨ᠎ᠡ ᠪᠠᠢᠱᠢᠩ᠎ᠳᠤ ᠨᠡᠭᠦᠪᠡ᠃

ᠲᠡᠷᠡ ᠡᠳᠦᠷ᠂ ᠶᠡᠷᠦᠩᠬᠡᠢ ᠱᠦᠵᠢ ᠪᠠᠰᠠ ᠣᠷᠣᠨ ᠨᠤᠲᠤᠭ᠎ᠤᠨ ᠺᠠᠳ᠋ᠷ᠎ᠲᠤ᠂ ᠡᠬᠢ ᠪᠠᠶᠠᠯᠢᠭ ᠬᠤᠭᠤᠰᠤᠷᠠᠬᠰᠠᠨ ᠮᠠᠶᠢᠭ᠎ᠤᠨ ᠬᠤᠳᠠ᠎ᠶ᠋ᠢᠨ ᠬᠥᠭ᠌ᠵᠢᠯᠲᠡ᠎ᠶ᠋ᠢᠨ ᠬᠡᠯᠪᠡᠷᠢ᠎ᠶ᠋ᠢ ᠬᠤᠪᠢᠷᠠᠭᠤᠯᠬᠤ ᠶᠠᠪᠤᠴᠠ᠎ᠳᠤ᠂ ᠡᠩ ᠲᠡᠷᠢᠭᠦᠨ᠎ᠳᠦ ᠠᠷᠠᠳ᠎ᠤᠨ ᠠᠮᠢᠳᠤᠷᠠᠯ᠎ᠢ ᠰᠠᠢᠲᠤᠷ ᠪᠠᠲᠤᠯᠠᠵᠤ᠂ ᠬᠦᠴᠢᠷᠳᠡᠯᠲᠡᠢ ᠤᠯᠠᠨ ᠲᠦᠮᠡᠨ᠎ᠦ ᠠᠮᠢᠳᠤᠷᠠᠯ᠎ᠢ ᠰᠠᠢᠲᠤᠷ ᠪᠠᠲᠤᠯᠠᠵᠤ᠂ ᠤᠯᠠᠨ ᠲᠦᠮᠡᠨ᠎ᠦ ᠠᠮᠢᠳᠤᠷᠠᠯ᠎ᠢ ᠶᠠᠪᠤᠬᠤ ᠲᠤᠳᠤᠮ ᠰᠠᠢᠵᠢᠷᠠᠭᠤᠯᠬᠤ ᠬᠡᠷᠡᠭ᠌ᠲᠡᠢ ᠭᠡᠵᠦ᠍ ᠵᠠᠬᠢᠪᠠ᠃

ᠤᠳᠤ᠂ ᠪᠢ ᠨᠦᠬᠦᠷ᠎ᠲᠡᠶ᠎ᠪᠡᠨ ᠪᠦᠷ 70 ᠭᠠᠷᠴᠠᠢ᠂ ᠮᠠᠨ᠎ᠤ ᠬᠣᠶᠠᠷ ᠨᠠᠰᠤᠲᠠᠨ ᠡᠨᠡ ᠬᠦ᠌ ᠠᠭᠤᠵᠢᠮ ᠰᠠᠷᠠᠭᠤᠯ ᠭᠡᠷ᠎ᠲᠦ ᠰᠠᠨᠠᠭ᠎ᠠ ᠠᠮᠤᠷ ᠰᠠᠭᠤᠵᠤ᠂ ᠲᠠᠭᠠᠯᠠᠮᠵᠢᠲᠠᠢ ᠰᠠᠢᠬᠠᠨ ᠠᠮᠢᠳᠤᠷᠠᠵᠤ ᠪᠠᠢᠨ᠎ᠠ᠃

ᠡᠲᠡᠭᠡᠷ᠎ᠢᠶᠡᠷ ᠵᠣᠭ᠍ᠰᠣᠬᠤ ᠥᠬᠡᠶ᠂ ᠣᠢᠷ᠎ᠠ᠎ᠶ᠋ᠢᠨ ᠬᠡᠳᠦᠨ ᠵᠢᠯ᠎ᠳᠦ᠂ ᠮᠠᠨ᠎ᠤ ᠡᠨᠡ ᠠᠶᠤᠯ ᠲᠦᠭᠰᠢᠭᠦᠷᠢ᠎ᠡᠴᠡ ᠵᠠᠢᠯᠠᠵᠤ ᠨᠡᠭᠦᠭ᠌ᠰᠡᠨ ᠲᠣᠭᠣᠷᠢᠭ᠎ᠲᠤ ᠶᠡᠬᠡ ᠬᠤᠪᠢᠷᠠᠯᠲᠠ ᠭᠠᠷᠴᠠᠶ᠃ ᠨᠡᠢᠲᠡ᠎ᠶ᠋ᠢᠨ ᠮᠠᠰᠢᠨ ᠲᠡᠷᠭᠡᠨ᠎ᠤ ᠱᠤᠭᠤᠮ ᠣᠯᠠᠱᠢᠷᠠᠵᠤ᠂ ᠨᠡᠢᠭᠡᠮ ᠲᠣᠭᠣᠷᠢᠭ᠎ᠲᠤ ᠪᠠᠰᠠ ᠨᠠᠰᠤᠲᠠᠨ᠎ᠢ ᠠᠰᠠᠷᠠᠬᠤ ᠦᠶ᠋ᠯᠡᠴᠢᠯᠡᠭᠡᠨ᠎ᠦ ᠲᠥᠪ ᠪᠠᠢᠭᠤᠯᠵᠠᠶ; ᠰᠠᠭᠤᠭᠠᠯᠢ ᠠᠷᠠᠳ᠎ᠤᠨ ᠲᠣᠭᠣᠷᠢᠭ᠎ᠤᠨ ᠡᠷᠭᠢᠨ ᠲᠣᠭᠣᠷᠢᠨ᠎ᠳᠤ᠂ ᠬᠡᠦᠬᠡᠳ᠎ᠦᠨ ᠴᠡᠴᠡᠷᠯᠢᠭ ᠪᠠ ᠰᠤᠷᠭᠠᠭᠤᠯᠢ ᠪᠠᠢᠭᠤᠯᠵᠠᠢ᠃

ᠪᠢ ᠨᠦᠬᠦᠷ᠎ᠲᠡᠶ᠎ᠪᠡᠨ ᠶᠡᠷᠦᠩᠬᠡᠢ ᠱᠦᠵᠢ᠎ᠶ᠋ᠢᠨ ᠱᠢᠨ᠎ᠡ ᠤᠨ᠎ᠤ ᠪᠠᠶᠠᠷ᠎ᠤᠨ ᠦᠭᠡ᠎ᠳᠡᠭᠡᠨ 《ᠪᠢ ᠢᠮᠠᠭ᠍ᠲᠠ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠲᠦᠯᠦᠭᠡ ᠰᠠᠨᠠᠭᠠᠰᠢᠷᠠᠭᠰᠠᠭᠠᠷ ᠪᠠᠢᠨ᠎ᠠ》 ᠭᠡᠵᠦ᠍ ᠬᠡᠯᠡᠭ᠌ᠰᠡᠨ᠎ᠢ ᠰᠣᠨᠣᠰᠤᠭᠠᠳ ᠰᠡᠳᠭᠢᠯ ᠳᠣᠭ᠍ᠳᠣᠯᠤᠨ ᠨᠢᠯᠪᠤᠰᠤ ᠪᠥᠮᠪᠥᠷᠢᠭᠦᠯᠪᠡ᠃ ᠶᠡᠷᠦᠩᠬᠡᠶ ᠱᠦᠵᠢ ᠪᠢᠳᠡᠨ᠎ᠢ ᠮᠠᠷᠲᠠᠭ᠍ᠰᠠᠨ ᠦᠭᠡᠢ᠂ ᠲᠡᠷᠡ ᠪᠣᠯ ᠪᠢᠳᠡᠨ᠎ᠦ ᠬᠠᠮᠤᠭ᠎ᠤᠨ ᠳᠣᠲᠣᠨᠣ ᠬᠥᠮᠦᠨ ᠮᠦᠨ᠃

(ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠸᠠᠩ ᠸᠧᠢ ᠢᠦᠢ ᠶᠧ ᠲᠦᠩ)

(ᠰᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ᠎ᠶᠢᠨ 15᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面