ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-05-14 21:03:19

ᠵᠣᠬᠢᠶᠠᠭ᠍ᠴᠢ᠄ ᠮᠤᠤ ᠵᠧᠨ ᠬᠤᠸᠠ ᠪᠠᠢ ᠵᠢᠶᠠ ᠯᠢ ᠣᠩᠱᠢᠭ᠍ᠰᠠᠨ ᠣᠳᠠᠭ᠎ᠠ᠄ 3

2019 ᠣᠨ᠎ᠤ 1 ᠰᠠᠷ᠎ᠠ᠎ᠶ᠋ᠢᠨ 17 ᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠪᠡᠭᠡᠵᠢᠩ ᠲᠢᠶᠠᠨᠵᠢᠨ ᠾᠸᠪᠸᠢ᠎ᠳ᠋ᠤ ᠱᠢᠨᠵᠢᠯᠡᠨ ᠪᠠᠢᠴᠠᠭᠠᠬᠤ ᠬᠤᠭᠤᠴᠠᠭᠠᠨ᠎ᠳᠦ᠂ ᠲᠢᠶᠠᠨᠵᠢᠨ ᠬᠣᠲᠠ᠎ᠶ᠋ᠢᠨ ᠾᠧ ᠫᠢᠩ ᠲᠣᠭᠣᠷᠢᠭ᠎ᠤᠨ ᠱᠢᠨ ᠱᠢᠩ ᠵᠡᠭᠡᠯᠢ᠎ᠶ᠋ᠢᠨ ᠴᠤᠤ ᠶᠠᠩ ᠯᠢ ᠨᠡᠢᠭᠡᠮ ᠲᠣᠭᠣᠷᠢᠭ᠎ᠲᠤ ᠬᠦᠷᠴᠦ᠍᠂ ᠨᠡᠢᠭᠡᠮ ᠲᠣᠭᠣᠷᠢᠭ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭ᠌ᠴᠢᠳ᠎ᠲᠡᠶ ᠳᠣᠲᠣᠨᠣ᠎ᠪᠠᠷ ᠶᠠᠷᠢᠯᠴᠠᠵᠤ᠂ ᠲᠡᠳᠡᠨ᠎ᠦ ᠥᠪᠡᠷ᠎ᠦᠨ《 ᠰᠠᠢᠨ ᠳᠤᠷ᠎ᠠ᠎ᠶ᠋ᠢᠨ ᠥᠯᠢᠭᠡᠷ 》 ᠵᠢᠡᠨ ᠶᠠᠷᠢᠬᠤ᠎ᠶ᠋ᠢ ᠰᠣᠨᠣᠰᠪᠠ᠂ ᠰᠠᠭᠤᠭᠠᠯᠢ ᠠᠷᠠᠳ᠎ᠲᠤ《ᠬᠠᠯᠠᠭᠤᠨ ᠰᠡᠳᠬᠢᠯᠲᠦ ᠡᠮᠡᠭᠡ 》 ᠬᠡᠮᠡᠭ᠌ᠳᠡᠭ᠌ᠰᠡᠨ ᠯᠢᠦᠶ ᠸᠸᠨ ᠱᠢᠶᠠ ᠶᠠᠭ ᠡᠳᠡᠭᠡᠷ᠎ᠤᠨ ᠲᠤᠳᠤᠷᠠᠬᠢ ᠨᠢᠬᠡ ᠨᠢ ᠶᠤᠮ᠃ ᠣᠢᠷ᠎ᠠ᠎ᠳᠤ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢᠦᠶ ᠸᠸᠨ ᠱᠢᠶᠠ᠎ᠶ᠋ᠢ ᠡᠷᠬᠢᠵᠦ ᠰᠤᠷᠪᠤᠯᠵᠢᠯᠠᠪᠠ᠃

ᠦᠵᠡᠭᠳᠡᠯ᠎ᠢ ᠡᠷᠬᠢᠴᠡᠭᠦᠯᠬᠦᠢ

ᠲᠡᠷᠡ ᠡᠳᠦᠷ 75 ᠨᠠᠰᠤᠲᠠᠶ ᠯᠢᠦᠶ ᠸᠸᠨ ᠱᠢᠶᠠ ᠲᠤᠰᠭᠠᠢᠯᠠᠨ ᠤᠯᠠᠭᠠᠨ ᠨᠤᠤᠰᠤᠨ ᠴᠠᠮᠴᠠ ᠪᠠᠨ ᠡᠮᠦᠰᠪᠡ᠃ ᠲᠡᠷᠡ ᠶᠡᠷᠦᠩᠬᠡᠢ ᠱᠦᠵᠢ᠎ᠳᠦ ᠄ 《ᠤᠯᠠᠨ᠎ᠦ ᠲᠦᠯᠦᠭᠡ ᠠᠵᠢᠯ ᠬᠢᠬᠦ᠎ᠵᠢᠨ ᠳᠠᠭᠠᠤ ᠦᠪᠡᠷ᠎ᠲᠡᠭᠡᠨ ᠴᠤ᠌ ᠪᠠᠶᠠᠰᠳᠠᠭ᠃ ᠲᠠ ᠪᠢᠳᠡᠨ᠎ᠢ ᠳᠠᠭᠠᠭᠤᠯᠵᠤ ᠱᠢᠨ᠎ᠡ ᠴᠠᠭ ᠦᠶ᠎ᠡ᠎ᠳᠦ ᠣᠷᠣᠪᠠ᠂ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠵᠠᠮ ᠳᠡᠭᠡᠷ᠎ᠡ ᠪᠢᠳᠡ ᠶᠠᠭᠠᠬᠢᠭ᠍ᠰᠠᠨ ᠴᠤ᠌ ᠡᠩᠨᠡᠭᠡ᠎ᠡᠴᠡ ᠪᠠᠨ ᠬᠣᠴᠣᠷᠬᠤ ᠦᠭᠡᠢ!》ᠭᠡᠪᠡ᠃

ᠲᠢᠶᠠᠨᠵᠢᠨ ᠬᠤᠳᠠ᠎ᠶ᠋ᠢᠨ ᠾᠧ ᠫᠢᠩ ᠲᠣᠭᠣᠷᠢᠭ᠎ᠤᠨ ᠱᠢᠨ ᠱᠢᠩ ᠵᠡᠭᠡᠯᠢ᠎ᠶ᠋ᠢᠨ ᠴᠤᠤ ᠶᠠᠩ ᠯᠢ ᠨᠡᠢᠭᠡᠮ ᠲᠣᠭᠣᠷᠢᠭ᠎ᠲᠤ᠂ 《ᠬᠠᠭᠤᠴᠢᠨ ᠨᠡᠷᠡᠳᠦ 》ᠰᠠᠢ᠌ᠨ ᠲᠤᠷᠠᠴᠤᠤᠯ᠎ᠤᠨ ᠦᠢᠯᠡᠴᠢᠯᠡᠭᠡᠨ᠎ᠦ ᠢᠷᠠᠭᠤ ᠠᠯᠳᠠᠷ᠎ᠤᠨ ᠫᠠᠢᠰᠠ ᠪᠠᠢᠳᠠᠭ᠃ 30 ᠭᠠᠷᠤᠢ ᠵᠢᠯ᠎ᠦᠨ ᠡᠮᠦᠨ᠎ᠡ᠂ ᠬᠥᠷᠰᠢ ᠵᠡᠷᠭᠡᠯᠡᠳᠡᠭᠡ᠎ᠳᠡᠭᠡᠨ ᠬᠠᠯᠠᠭᠤᠨ ᠰᠡᠳᠭᠢᠯ᠎ᠢᠶᠡᠷ ᠦᠢᠯᠡᠴᠢᠯᠡᠵᠦ᠍ ᠪᠠᠢᠭ᠍ᠰᠠᠨ 13 ᠨᠠᠰᠤᠲᠠᠨ᠂ ᠭᠠᠯ ᠬᠠᠯᠠᠭᠤᠨ ᠰᠡᠳᠬᠢᠯ᠎ᠵᠢᠡᠷ᠎ᠵᠢᠡᠨ ᠨᠡᠢᠭᠡᠮ ᠲᠣᠭᠣᠷᠢᠭ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠬᠡᠷᠡᠯᠳᠦᠬᠦᠯᠵᠠᠢ᠃

ᠶᠡᠷᠦᠩᠬᠡᠶ ᠱᠦᠵᠢ ᠰᠢ ᠵᠢᠨ ᠫᠢᠩ ᠨᠡᠢᠭᠡᠮ ᠲᠣᠭᠣᠷᠢᠭ᠎ᠤᠨ ᠰᠠᠢᠨ ᠲᠤᠷᠠᠴᠤᠳ᠎ᠢ ᠮᠠᠭ᠍ᠲᠠᠨ ᠰᠠᠢᠱᠢᠶᠠᠵᠤ᠂ ᠲᠡᠳᠡᠨ᠎ᠢ ᠨᠡᠢᠭᠡᠮ᠎ᠳᠦ ᠬᠤᠪᠢ ᠨᠡᠮᠡᠷᠢ ᠦᠵᠡᠭᠦᠯᠦᠭ᠌ᠰᠡᠨ ᠬᠣᠱᠢᠭᠤᠴᠢ᠂ ᠳᠠᠭᠠᠭᠤᠯᠤᠭ᠍ᠴᠢ ᠭᠡᠵᠦ᠍ ᠮᠠᠭ᠍ᠲᠠᠨ ᠰᠠᠢᠱᠢᠶᠠᠪᠠ᠃ ᠲᠡᠷᠡ᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠪᠣᠯ ᠨᠡᠢᠭᠡᠮ᠎ᠦᠨ ᠪᠣᠯᠪᠠᠰᠤᠨ᠎ᠤ ᠳᠠᠪᠱᠢᠯᠲᠠ᠎ᠶ᠋ᠢᠨ ᠴᠢᠬᠤᠯᠠ ᠪᠡᠯᠭᠡ ᠲᠡᠮᠳᠡᠭ ᠮᠥᠨ᠂ ᠥᠷᠭᠡᠨ ᠣᠯᠠᠨ ᠰᠠᠢᠨ ᠲᠤᠷᠠᠴᠤᠳ᠎ᠤᠨ ᠬᠠᠢᠷ᠎ᠠ᠎ᠬᠠᠯᠠᠮᠵᠢ ᠪᠠᠨ ᠡᠷᠭᠦᠬᠦ᠌ ᠴᠢᠬᠤᠯᠠ ᠠᠷᠭ᠎ᠠ ᠵᠠᠮ ᠮᠥᠨ᠃《ᠰᠠᠢ᠌ᠨ ᠲᠤᠷᠠᠴᠤᠳ᠎ᠤᠨ ᠦᠢᠯᠡᠰ〈ᠬᠣᠣᠰ ᠵᠠᠭᠤᠨ ᠵᠢᠯ〉ᠤ᠋ᠨ ᠲᠡᠮᠡᠴᠡᠬᠦ᠌ ᠬᠠᠷᠠᠯᠲᠠ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠳᠦᠭᠡᠨ ᠪᠠᠢᠭᠤᠯᠬᠤ᠎ᠲᠠᠶ ᠬᠠᠮᠲᠤ ᠤᠷᠤᠭ᠍ᠰᠢᠯᠠᠬᠤ ᠬᠡᠷᠡᠭ᠌ᠲᠡᠢ》ᠭᠡᠪᠡ᠃

ᠯᠢᠦᠢ ᠸᠸᠨ ᠱᠢᠶᠠ᠎ᠶ᠋ᠢᠨ ᠰᠡᠳᠭᠢᠯ᠎ᠦᠨ ᠳᠠᠭᠤᠨ

3 ᠵᠢᠯ ᠭᠠᠷᠤᠢ᠎ᠶ᠋ᠢᠨ ᠬᠤᠭᠤᠴᠠᠭ᠎ᠠ ᠥᠩᠭᠡᠷᠡᠨ ᠤᠳᠤᠯ᠎ᠠ᠂ ᠶᠡᠷᠦᠩᠬᠡᠢ ᠱᠦᠵᠢ᠎ᠶ᠋ᠢᠨ ᠦᠭᠡ ᠨᠢ ᠪᠢᠳᠡᠨ᠎ᠦ ᠰᠡᠳᠭᠢᠯ᠎ᠢ ᠳᠤᠯᠠᠭᠠᠴᠠᠭᠤᠯᠵᠤ᠂ ᠪᠢ ᠪᠣᠯᠤᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢᠨ ᠨᠠᠢᠵᠠ᠎ᠨᠠᠷ᠎ᠤᠨ《 ᠬᠠᠷᠠᠮ ᠦᠭᠡᠢ ᠵᠣᠷᠢᠭᠤᠯᠬᠤ᠂ ᠨᠥᠬᠥᠷᠰᠡᠭ ᠪᠠᠢᠬᠤ᠂ ᠬᠠᠷᠢᠯᠴᠠᠨ ᠬᠠᠪᠰᠤᠷᠤᠯᠴᠠᠬᠤ᠂ ᠤᠷᠤᠭ᠍ᠰᠢᠯᠠᠨ ᠲᠠᠪᠱᠢᠬᠤ》ᠰᠠᠢ᠌ᠨ ᠳᠤᠷ᠎ᠠ᠎ᠶ᠋ᠢᠨ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠪᠤᠰᠤᠳ᠎ᠢ ᠬᠠᠪᠰᠤᠷᠬᠤ ᠳᠤᠮᠳᠠ ᠪᠠᠶᠠᠷ ᠪᠠᠶᠠᠰᠤᠯ ᠡᠳ᠋ᠯᠡᠬᠦ᠎ᠵᠢ ᠵᠣᠷᠢᠭ᠍ᠵᠢᠭᠤᠯᠤᠭᠰᠠᠭᠠᠷ ᠢᠷᠡᠯ᠎ᠡ᠃

ᠪᠢ ᠲᠤᠰᠭᠠᠢᠯᠠᠨ ᠨᠢᠭᠡᠨ ᠪᠠᠳᠠᠭ ᠱᠠᠨᠳᠦ᠋ᠩ᠎ᠦᠨ ᠯᠢᠦ ᠴᠢᠨ ᠬᠤᠭᠤᠷ᠎ᠤᠨ ᠬᠥᠭᠵᠢᠮ᠎ᠢ ᠨᠠᠢᠷᠠᠭᠤᠯᠤᠨ ᠵᠤᠬᠢᠶᠠᠵᠤ᠂《 ᠶᠡᠷᠦᠩᠬᠡᠢ ᠱᠦᠵᠢ ᠪᠢᠳᠡᠨ᠎ᠤ ᠳᠡᠷᠭᠡᠳᠡ ᠢᠷᠡᠪᠡ》ᠬᠡᠮᠡᠨ ᠨᠡᠷᠡᠢᠳᠪᠡ᠄ 《ᠪᠦᠸᠧᠬᠠᠢ ᠲᠠᠩᠭᠢᠰ᠎ᠤᠨ ᠬᠦᠪᠡᠭᠡᠨ᠎ᠡ ᠤᠷᠢᠬᠠᠨ ᠬᠠᠪᠤᠷ ᠰᠠᠭᠠᠳᠠᠵᠤ᠂ ᠶᠢᠰᠦᠨ ᠭᠣᠣᠯ᠎ᠤᠨ ᠤᠷᠤᠰᠬᠠᠯ ᠴᠤᠭᠯᠠᠷᠠᠨ ᠳᠠᠯᠠᠢ᠎ᠳᠦᠷ ᠴᠢᠳᠬᠤᠮᠤᠢ᠂ ᠶᠡᠷᠦᠩᠬᠡᠢ ᠱᠦᠵᠢ ᠪᠢᠳᠡᠨ᠎ᠤ ᠳᠡᠷᠭᠡᠳᠡ ᠢᠷᠡᠪᠡ ᠁ 》 ᠪᠢ ᠡᠨᠡ᠎ᠬᠦ ᠳᠠᠭᠤᠤ᠎ᠪᠠᠷ ᠪᠢᠳᠡᠨ᠎ᠦ ᠰᠡᠳᠭᠢᠯ᠎ᠦᠨ ᠲᠠᠭᠤᠨ᠎ᠢᠶᠡᠨ ᠢᠯᠡᠳᠭᠡᠶ᠎ᠡ᠄ ᠶᠡᠷᠦᠩᠬᠡᠢ ᠱᠦᠵᠢ ᠲᠠ ᠰᠠᠨᠠᠭ᠎ᠠ ᠠᠮᠤᠷ ᠪᠠᠢᠭᠠᠷᠠᠢ᠂ ᠪᠢᠳᠡ ᠰᠠᠢ᠌ᠨ ᠳᠤᠷ᠎ᠠ᠎ᠶ᠋ᠢᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠨ᠎ᠠ!

ᠶᠡᠷᠦᠩᠬᠡᠢ ᠱᠦᠵᠢ᠂ ᠲᠠ᠎ᠨᠠᠷ᠎ᠤᠨ ᠬᠢᠭ᠌ᠰᠡᠨ ᠦᠢᠯᠡᠰ ᠲᠡᠦᠬᠡ᠎ᠶ᠋ᠢᠨ ᠬᠠᠭᠤᠳᠠᠰᠤᠨ᠎ᠳᠤ ᠲᠡᠮᠳᠡᠭ᠌ᠯᠡᠭ᠌ᠳᠡᠨ᠎ᠡ ᠬᠡᠵᠤ ᠬᠡᠯᠡᠪᠡ᠃ ᠡᠨᠡ ᠦᠭᠡ ᠬᠦᠨᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠂ ᠨᠠᠳᠠ᠎ᠵᠢ ᠬᠡᠷᠬᠢᠨ ᠰᠠᠢ᠌ᠨ ᠳᠤᠷ᠎ᠠ᠎ᠶ᠋ᠢᠨ ᠵᠣᠷᠢᠭ ᠰᠠᠨᠠᠭ᠎ᠠ᠎ᠶ᠋ᠢ ᠨᠡᠩ ᠰᠠᠢᠲᠤᠷ ᠤᠯᠠᠮᠵᠢᠯᠠᠬᠤ᠎ᠶ᠋ᠢ ᠲᠠᠬᠢᠨ ᠰᠡᠳᠬᠢᠬᠦᠯᠵᠤ᠂ ᠨᠡᠢᠭᠡᠮ ᠲᠣᠭᠣᠷᠢᠭ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠨᠡᠩ ᠤᠯᠠᠨ ᠬᠥᠮᠦᠰ᠎ᠲᠦ ᠤᠢ᠍ᠢᠯᠠᠭᠠᠭᠤᠯᠵᠤ᠂ ᠨᠡᠢᠭᠡᠮ᠎ᠢ ᠨᠡᠩ ᠬᠠᠯᠠᠭᠤᠨ ᠳᠤᠯᠠᠭᠠᠨ ᠪᠣᠯᠭᠠᠨ᠎ᠠ᠃

ᠪᠢ ᠪᠣᠯ ᠠᠵᠢᠯ᠎ᠡᠴᠡ᠎ᠪᠠᠨ ᠠᠮᠠᠷᠠᠭ᠍ᠰᠠᠨ ᠵᠢᠷ᠎ᠦᠨ ᠨᠢᠬᠡᠨ ᠠᠵᠢᠯᠲᠠᠨ᠂ ᠬᠠᠯᠠᠭᠤᠨ ᠰᠡᠳᠭᠢᠯ᠎ᠲᠡᠶ᠂ ᠬᠥᠮᠦᠨ᠎ᠢ ᠬᠠᠪᠰᠤᠷᠬᠤ ᠳᠤᠷᠠᠲᠠᠶ ᠪᠤᠯᠬᠤᠷ᠂ ᠵᠡᠷᠭᠡᠯᠡᠳᠡᠭᠡ ᠠᠢᠯ᠎ᠤᠳ ᠬᠢᠨ ᠨᠠᠳᠠ᠎ᠶ᠋ᠢ《ᠬᠠᠯᠠᠭᠤᠨ ᠰᠡᠳᠬᠢᠯᠲᠦ ᠡᠮᠡᠭᠡ》ᠭᠡᠵᠦ᠍ ᠳᠠᠭᠤᠳᠠᠳᠠᠭ᠃ ᠡᠨᠡ ᠬᠡᠳᠦᠨ ᠵᠢᠯ᠂ ᠬᠡᠳᠦᠢᠪᠡᠷ ᠬᠢᠵᠢᠭ᠎ᠦᠨ ᠪᠠᠢᠳᠠᠯ᠎ᠳᠤ ᠲᠠᠭᠠᠷᠠᠬ᠍ᠰᠠᠨ ᠪᠣᠯᠪᠠᠴᠤ᠌᠂ ᠨᠠᠳᠠ ᠰᠢᠭ ᠬᠥᠭᠰᠢᠷᠡᠭᠰᠡᠨ ᠡᠮᠡᠭᠡ ᠪᠠᠰᠠ 400 ᠭᠠᠷᠤᠢ ᠴᠠᠭ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ ᠳ᠋ᠤ ᠤᠷᠤᠯᠴᠠᠬᠰᠠᠨ ᠪᠠᠢᠨ᠎ᠠ᠃

ᠡᠨᠡ ᠬᠡᠳᠦᠨ ᠡᠳᠦᠷ᠂ ᠨᠡᠢᠭᠡᠮ ᠲᠣᠭᠣᠷᠢᠭ᠎ᠤᠨ ᠵᠠᠷᠢᠮ ᠨᠠᠰᠤᠲᠠᠢᠴᠤᠳ ᠭᠠᠳᠠᠭ᠍ᠰᠢ ᠭᠠᠷᠬᠤ᠎ᠳᠤ ᠳᠥᠭᠥᠮ ᠦᠭᠡᠢ ᠪᠣᠯᠬᠣᠷ ᠪᠢ ᠭᠡᠷ᠎ᠲᠦᠨᠢ ᠬᠦᠷᠴᠦ᠍ ᠲᠡᠳᠡᠨ᠎ᠦ ᠭᠡᠵᠢᠭᠡ᠎ᠶ᠋ᠢ ᠨᠢ ᠬᠠᠢᠴᠢᠯᠠᠵᠦ ᠥᠭᠪᠡ᠃ ᠪᠠᠰᠠ ᠨᠢᠭᠡ ᠴᠢᠬᠤᠯᠠ ᠶᠠᠪᠤᠳᠠᠯ ᠭᠡᠪᠡᠯ ᠲᠡᠳᠡᠨ᠎ᠳᠦ ᠸᠠᠺᠼᠢᠨ᠎ᠤ ᠲᠠᠷᠢᠯᠭ᠎ᠠ ᠲᠠᠷᠢᠬᠤ ᠵᠢᠨ ᠠᠴᠢ ᠬᠣᠯᠪᠣᠭ᠍ᠳᠠᠯ᠎ᠢ ᠤᠬᠠᠭᠤᠯᠵᠤ᠂ ᠣᠯᠠᠨ᠎ᠢ ᠬᠠᠮᠲᠤ᠎ᠪᠠᠷ ᠬᠢᠵᠢᠭ᠎ᠢ ᠰᠡᠷᠭᠡᠢᠯᠡᠬᠦ᠌ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠢ ᠡᠷᠲᠡᠬᠡᠨ ᠢᠯᠠᠬᠤ᠎ᠶ᠋ᠢ ᠤᠷᠢᠶᠠᠯᠠᠪᠠ᠃

ᠬᠠᠮᠤᠭ᠎ᠤᠨ ᠪᠠᠶᠠᠷᠯᠠᠭᠤᠰᠢᠳᠠᠢ ᠶᠠᠪᠤᠳᠠᠯ ᠪᠣᠯ᠂ ᠨᠡᠩ ᠣᠯᠠᠨ ᠵᠠᠯᠠᠭᠤ ᠰᠠᠢᠨ ᠲᠤᠷᠠᠴᠤᠳ ᠮᠠᠨ᠎ᠤ ᠡᠩᠨᠡᠭᠡᠨ᠎ᠳᠦ ᠣᠷᠣᠯᠴᠠᠵᠤ ᠪᠠᠢᠨ᠎ᠠ᠃ ᠡᠴᠢᠭᠡ ᠬᠦᠦ ᠲᠠᠢ ᠪᠠᠨ᠂ ᠡᠷ᠎ᠡ ᠡᠮ᠎ᠡ᠎ᠬᠤᠶᠠᠭᠤᠯᠠ ᠪᠠᠨ᠂ ᠴᠢᠨᠠᠭ᠍ᠰᠢᠯᠠᠪᠠᠯ ᠪᠦᠬᠦ᠌ ᠭᠡᠷ᠎ᠢᠶᠡᠷ᠎ᠢᠶᠡᠨ ᠬᠠᠮᠲᠤ᠎ᠪᠡᠷ ᠬᠦᠳᠡᠯᠦᠯᠴᠡᠵᠤ ᠰᠠᠢᠨ ᠲᠤᠷ᠎ᠠ ᠵᠢᠨ ᠦᠢᠯᠡᠴᠢᠯᠡᠬᠡ ᠳ᠋ᠤ ᠤᠷᠤᠯᠴᠠᠵᠤ ᠪᠠᠢᠨ᠎ᠠ᠃ 1989 ᠣᠨ᠎ᠳᠤ ᠪᠦᠬᠦ᠌ ᠤᠯᠤᠰ᠎ᠤᠨ ᠠᠩᠬᠠᠳᠠᠭ᠍ᠴᠢ ᠨᠡᠢᠭᠡᠮ ᠲᠣᠭᠣᠷᠢᠭ᠎ᠤᠨ ᠦᠢᠯᠡᠴᠢᠯᠡᠭᠡᠨ᠎ᠦ ᠰᠠᠢ᠌ᠨ ᠳᠤᠷᠠᠴᠤᠳ᠎ᠤᠨ ᠨᠡᠢᠭᠡᠮᠯᠢᠭ ᠮᠠᠨ᠎ᠤ ᠵᠡᠭᠡᠯᠢ ᠭᠤᠳᠤᠮᠵᠢ᠎ᠳᠤ ᠪᠠᠢᠭᠤᠯᠤᠭ᠍ᠳᠠᠬᠤ ᠦᠶ᠎ᠡ᠎ᠳᠦ《ᠨᠡᠭᠦᠷᠡᠰᠦ ᠬᠦᠷᠭᠡᠬᠦ᠌》᠂《ᠨᠣᠭᠣᠭ᠎ᠠ ᠬᠦᠷᠭᠡᠬᠦ》《ᠵᠤᠤᠬᠠᠨ ᠬᠡᠷᠡᠭᠰᠡᠯ ᠬᠦᠷᠬᠡᠵᠤ》ᠪᠠᠢᠭ᠍ᠰᠠᠨ᠎ᠡᠴᠡ᠎ᠪᠠᠨ ᠤᠳᠤ《ᠪᠠᠶᠠᠷ ᠪᠠᠶᠠᠰᠤᠯ ᠬᠦᠷᠭᠡᠬᠦ᠌》᠂ 《ᠲᠦᠷᠦᠯ ᠲᠡᠮᠳᠡᠭ ᠬᠦᠷᠭᠡᠬᠦ᠌》᠂《ᠦᠢᠯᠡᠴᠢᠯᠡᠭᠡ ᠬᠦᠷᠭᠡᠬᠦ᠌》ᠪᠣᠯᠤᠭ᠍ᠰᠠᠨ ᠨᠢ ᠴᠠᠭ ᠦᠶ᠎ᠡ᠎ᠶ᠋ᠢᠨ ᠲᠠᠪᠱᠢᠯᠳᠠ᠎ᠶ᠋ᠢ ᠬᠠᠷᠠᠭᠤᠯᠵᠤ ᠪᠠᠢᠨ᠎ᠠ᠃

(ᠰᠢᠨᠬᠤᠸᠠ ᠬᠤᠷᠢᠶᠠᠨ᠎ᠤ ᠲᠢᠶᠠᠨᠵᠢᠨ᠎ᠤ 5 ᠰᠠᠷ᠎ᠠ᠎ᠵᠢᠨ 12᠎ᠤ᠋ᠨ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面