ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-07-08 10:03:41

ᠵᠣᠬᠢᠶᠠᠭ᠍ᠴᠢ᠄ ᠰᠦᠨ ᠹᠸᠢ ᠣᠩᠱᠢᠭ᠍ᠰᠠᠨ ᠣᠳᠠᠭ᠎ᠠ᠄ 3

2018 ᠣᠨ᠎ᠤ 10 ᠰᠠᠷ᠎ᠠ᠎ᠶ᠋ᠢᠨ 24᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠭᠤᠸᠠᠩᠳᠦ᠋ᠩ᠎ᠳᠦ ᠱᠢᠨᠵᠢᠯᠡᠨ ᠪᠠᠢᠴᠠᠭᠠᠬᠤ ᠬᠤᠭᠤᠴᠠᠭᠠᠨ᠎ᠳᠠᠭᠠᠨ᠂ ᠭᠤᠸᠠᠩᠳᠦ᠋ᠩ᠎ᠦᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠱᠧᠨᠵᠧᠨ᠎ᠦ ᠴᠢᠶᠠᠨᠬᠠᠢ᠎ᠶ᠋ᠢᠨ ᠱᠸᠺᠸᠤ ᠣᠷᠣᠨ᠎ᠳᠤ ᠬᠦᠷᠴᠦ᠍᠂ ᠴᠢᠶᠠᠨᠬᠠᠢ᠎ᠶ᠋ᠢᠨ ᠪᠦᠳᠦᠭᠡᠨ ᠪᠠᠢᠭᠤᠯᠤᠭ᠍ᠴᠢᠳ᠎ᠤᠨ ᠲᠥᠯᠥᠭᠡᠯᠡᠭ᠌ᠴᠢᠳ ᠯᠤᠭᠡ ᠴᠢᠶᠠᠨᠬᠠᠢ ᠵᠢᠨ ᠯᠤᠲᠤ ᠶᠡᠬᠡ ᠬᠤᠪᠢᠷᠠᠯᠲᠠ᠎ᠶ᠋ᠢ ᠬᠠᠮᠲᠤ᠎ᠪᠠᠷ ᠶᠠᠷᠢᠯᠴᠠᠪᠠ᠂ ᠴᠢᠶᠠᠨᠬᠠᠢ᠎ᠳᠤ ᠦᠢᠯᠡᠰ ᠪᠤᠰᠭᠠᠵᠤ ᠪᠠᠢᠭ᠎ᠠ ᠱᠢᠶᠠᠩᠭᠠᠩ᠎ᠤᠨ ᠵᠠᠯᠠᠭᠤᠴᠤᠳ᠎ᠤᠨ ᠲᠥᠯᠥᠭᠡᠯᠡᠭ᠌ᠴᠢ ᠭᠦᠸᠧ ᠸᠧᠢ ᠴᠢᠶᠠᠩ ᠴᠤ᠌ ᠡᠬᠦᠨ᠎ᠤ ᠲᠤᠳᠤᠷᠠᠬᠢ ᠨᠢᠬᠡ ᠨᠢ ᠪᠤᠯᠤᠨ᠎ᠠ᠃ ᠣᠢᠷ᠎ᠠ᠎ᠳᠤ᠂ ᠱᠢᠨᠬᠤᠸᠠ ᠬᠣᠷᠢᠶᠠᠨ ᠎ᠤ ᠰᠤᠷᠪᠤᠯᠵᠢᠯᠠᠭ᠍ᠴᠢ ᠭᠦᠸᠧ ᠸᠧᠶ ᠴᠢᠶᠠᠩ᠎ᠢ ᠡᠷᠭᠢᠵᠦ ᠰᠤᠷᠪᠤᠯᠵᠢᠯᠠᠪᠠ᠂ ᠬᠠᠮᠲᠤ᠎ᠪᠡᠷ ᠲᠡᠭᠦᠨ᠎ᠦ ᠶᠡᠷᠦᠩᠬᠡᠶ ᠱᠦᠵᠢ᠎ᠶ᠋ᠢᠨ ᠵᠣᠷᠢᠭ᠍ᠵᠢᠭᠤᠯᠤᠯ᠎ᠢ ᠭᠥᠷᠳᠡᠭ᠌ᠰᠡᠨ᠎ᠦ ᠳᠠᠷᠠᠭᠠᠬᠢ ᠦᠶ᠋ᠯᠡᠰ ᠪᠤᠰᠬᠠᠬᠰᠡᠨ ᠥᠩᠭᠡᠷᠡᠯᠲᠡ᠎ᠶ᠋ᠢ ᠰᠣᠨᠣᠰᠤᠶ᠎ᠠ —

ᠡᠮᠦᠨᠡᠲᠦ ᠲᠠᠩᠭᠢᠰ᠎ᠤᠨ ᠬᠥᠭ᠌ᠵᠢᠯᠲᠡ᠎ᠶ᠋ᠢᠨ ᠶᠠᠪᠤᠴᠠ᠎ᠶ᠋ᠢ ᠭᠡᠷᠡᠴᠢᠯᠡᠬᠦ᠌ ᠪᠡᠯᠭᠡ ᠲᠡᠮᠳᠡᠭ ᠪᠣᠯᠬᠤ《ᠴᠢᠶᠠᠨᠬᠠᠢ ᠵᠢᠨ ᠴᠢᠯᠠᠭᠤ》 ᠵᠢᠨ ᠬᠠᠵᠠᠭᠤ᠎ᠳᠤ᠂ ᠪᠢ ᠶᠡᠷᠦᠩᠬᠡᠢ ᠱᠦᠵᠢ ᠰᠢ ᠵᠢᠨ ᠫᠢᠩ᠎ᠲᠡᠶ ᠠᠭᠤᠯᠵᠠᠪᠠ᠃ ᠲᠤᠬᠠᠶ᠎ᠶ᠋ᠢᠨ ᠦᠶ᠎ᠡ᠎ᠳᠤ ᠪᠢ ᠵᠢᠭᠠᠬᠠᠨ ᠰᠠᠨᠳᠤᠷᠴᠠᠶ᠂ ᠨᠡᠢᠳᠡᠯᠢᠭ ᠬᠡᠯᠡ ᠪᠠᠰᠠ ᠲᠡᠢᠮᠦ᠍ ᠰᠠᠢᠨ ᠶᠠᠷᠢᠵᠤ ᠴᠢᠳᠠᠬᠤ ᠦᠬᠡᠢ᠂ ᠲᠤᠷᠴᠤ ᠲᠡᠭᠡᠭᠯᠡᠨ ᠪᠠᠢᠵᠤ ᠥᠪᠡᠷ ᠎ᠢ᠎ᠪᠡᠨ ᠲᠠᠨᠢᠯᠴᠠᠭᠤᠯᠪᠠ᠃ ᠶᠡᠷᠦᠩᠬᠡᠶ ᠱᠦᠵᠢ ᠳᠣᠲᠣᠨᠣ᠎ᠪᠠᠷ ᠮᠢᠨᠦ᠍ ᠭᠠᠷ᠎ᠢ ᠠᠳᠭᠤᠵᠤ᠂ ᠮᠢᠨᠦ᠍ ᠨᠠᠷᠢᠨ ᠪᠠᠢᠳᠠᠯ᠎ᠢ ᠠᠰᠠᠭᠤᠪᠠ᠃ ᠡᠨᠡ᠎ᠨᠢ ᠨᠠᠳᠠ᠎ᠳᠤ ᠶᠡᠷᠦᠩᠬᠡᠢ ᠱᠦᠵᠢ᠎ᠶ᠋ᠢᠨ ᠳᠣᠲᠣᠨᠣᠰᠣᠭ ᠬᠦᠴᠦᠨ᠎ᠢ ᠮᠡᠳᠡᠷᠡᠭᠦᠯᠵᠦ᠍᠂ ᠨᠡᠩ ᠴᠤ᠌ ᠶᠡᠷᠦᠩᠬᠡᠢ ᠱᠦᠵᠢ᠎ᠶ᠋ᠢᠨ ᠮᠠᠨ᠎ᠤ ᠱᠢᠶᠠᠩᠭᠠᠩ ᠎ᠤᠨ ᠵᠠᠯᠠᠭᠤᠴᠤᠳ᠎ᠢ ᠣᠨᠴᠠᠭᠠᠢ ᠬᠠᠯᠠᠮᠵᠢᠯᠠᠵᠤ ᠪᠠᠢᠬᠤ᠎ᠶ᠋ᠢ ᠮᠡᠳᠡᠷᠡᠭᠦᠯᠵᠡᠢ᠃

ᠶᠡᠷᠦᠩᠬᠡᠢ ᠱᠦᠵᠢ ᠰᠢ ᠵᠢᠨ ᠫᠢᠩ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠬᠥᠮᠦᠰ ᠎ᠲᠦ᠂《ᠱᠧᠨᠵᠧᠨ ᠱᠢᠶᠠᠩᠭᠠᠩ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌》᠂《ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ》ᠭᠡᠷᠡᠭᠳᠠᠢ ᠭᠡᠵᠦ᠍ ᠬᠡᠯᠡᠪᠡ᠃ ᠴᠢᠶᠠᠨᠬᠠᠢ᠎ᠳᠤ ᠦᠢᠯᠡᠰ ᠪᠤᠰᠭᠠᠬ᠍ᠰᠠᠨ ᠱᠢᠶᠠᠩᠭᠠᠩ ᠎ᠤᠨ ᠵᠠᠯᠠᠭᠤᠴᠤᠳ ᠎ᠤᠨ ᠨᠢᠬᠡ ᠪᠣᠯᠤᠭ᠍ᠰᠠᠨ᠎ᠤ ᠬᠤᠪᠢ᠎ᠳᠤ᠂ ᠪᠢ ᠮᠠᠰᠢ ᠤᠷᠮᠠᠱᠢᠨ ᠵᠣᠷᠢᠭ᠍ᠵᠢᠵᠤ ᠪᠠᠢᠨ᠎ᠠ᠂ ᠲᠤᠮᠤ ᠪᠤᠯᠤᠩ᠎ᠤᠨ ᠣᠷᠣᠨ᠎ᠤ ᠬᠥᠭ᠌ᠵᠢᠯᠲᠡ᠎ᠶ᠋ᠢᠨ ᠢᠷᠡᠭᠡᠳᠦᠢ ᠮᠠᠰᠢ ᠭᠡᠭᠡᠨ ᠰᠠᠷᠠᠭᠤᠯ ᠪᠠᠢᠨ᠎ᠠ᠂ ᠥᠪᠡᠷ᠎ᠢᠶᠡᠨ ᠡᠨᠳᠡ ᠦᠢᠯᠡᠰ ᠪᠤᠰᠭᠠᠬᠤ᠎ᠶ᠋ᠢ ᠰᠣᠩᠭᠣᠭ᠍ᠰᠠᠨ ᠨᠢ ᠦᠨᠡᠬᠡᠷ ᠵᠥᠪ ᠪᠣᠯᠵᠠᠢ᠃

ᠪᠢ ᠪᠣᠯ 《ᠶᠡᠷᠡᠭᠡᠳ ᠤᠨ ᠳ᠋ᠤ᠎ᠲᠥᠷᠥᠭ᠌ᠰᠡᠳ》᠂ ᠬᠠᠷᠠᠬᠠᠨ ᠪᠠᠭ᠎ᠠ᠎ᠡᠴᠡ᠎ᠪᠠᠨ ᠱᠢᠨ᠎ᠡ ᠶ᠋ᠢ ᠡᠭᠦᠳᠴᠤ᠌ ᠦᠶ᠋ᠯᠡᠰ ᠪᠣᠰᠭᠠᠬᠤ ᠎ᠳᠤ ᠰᠣᠨᠢᠷᠬᠠᠯ᠎ᠲᠠᠶ᠃ ᠱᠢᠶᠠᠩᠭᠠᠩ᠎ᠤᠨ ᠬᠢᠲᠠᠳ ᠬᠡᠯᠡᠨ᠎ᠦ ᠶᠡᠬᠡ ᠰᠤᠷᠭᠠᠭᠤᠯᠢ᠎ᠳᠤ ᠰᠤᠷᠤᠯᠴᠠᠵᠤ ᠪᠠᠢᠬᠤ᠎ᠳᠠᠭᠠᠨ ᠪᠢ 《ᠭᠡᠭᠡᠬᠦ᠌᠎ᠡᠴᠡ ᠰᠡᠷᠭᠡᠢᠯᠡᠬᠦ᠌ ᠱᠢᠰᠲ᠋ᠧᠮ》 ᠢ᠋ ᠰᠤᠳᠤᠯᠤᠨ ᠨᠡᠭᠡᠭᠡᠬᠦ᠌ ᠠᠵᠢᠯ᠎ᠳᠤ ᠡᠬᠢᠯᠡᠨ ᠣᠷᠣᠯᠴᠠᠵᠤ᠂ ᠴᠢᠳᠠᠮᠵᠢ ᠵᠢᠨ ᠬᠣᠷᠣᠭ᠍ᠳᠠᠯ᠎ᠢᠶᠡᠷ ᠪᠠᠭ᠎ᠠ ᠯᠠᠨ ᠶᠠ ᠵᠡᠷᠭᠡ ᠮᠡᠷᠭᠡᠵᠢᠯ᠎ᠢ ᠠᠱᠢᠭ᠍ᠯᠠᠨ᠂ ᠡᠳ᠋ ᠪᠣᠳᠠᠰ᠎ᠤᠨ ᠠᠮᠤᠷ ᠲᠦᠪᠱᠢᠨ᠎ᠦ ᠬᠠᠮᠢᠶᠠᠷᠤᠯᠲᠠ ᠬᠢᠬᠦ᠌᠎ᠶ᠋ᠢ ᠪᠤᠳᠤᠪᠠ᠃ ᠱᠢᠨ᠎ᠡ᠎ᠶ᠋ᠢ ᠡᠭᠦᠳᠬᠦ᠌ ᠪᠤᠳᠤᠯ᠎ᠢᠶᠡᠨ᠎ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢᠨ ᠲᠥᠯᠥᠭᠡ᠂ 2016 ᠣᠨ᠎ᠳᠤ ᠪᠢ ᠱᠧᠨᠵᠧᠨ᠎ᠦ ᠴᠢᠶᠠᠨᠬᠠᠢ᠎ᠳᠤ ᠬᠦᠷᠴᠦ᠍ ᠦᠢᠯᠡᠰ ᠪᠤᠰᠭᠠᠵᠤ᠂ ᠱᠧᠨᠵᠧᠨ ᠱᠢᠶᠠᠩᠭᠠᠩ᠎ᠤᠨ ᠵᠠᠯᠠᠭᠤᠴᠤᠳ᠎ᠤᠨ ᠵᠡᠭᠦᠳᠦ᠍᠎ᠪᠡᠨ ᠲᠡᠷᠭᠡᠯᠰᠢᠬᠦᠯᠬᠦ ᠦᠢᠯᠡᠳᠭᠡᠯ᠎ᠦᠨ ᠭᠠᠵᠠᠷ᠎ᠲᠤ ᠨᠤᠳᠤᠬᠰᠢᠬᠤ ᠪᠡᠷ ᠪᠤᠯᠪᠠ᠃ ᠮᠢᠨᠦ᠍ ᠱᠢᠨ᠎ᠡ᠎ᠶ᠋ᠢ ᠡᠭᠦᠳᠬᠦ᠌ ᠬᠦᠰᠡᠯ ᠡᠨᠳᠡ ᠡᠴᠡ ᠡᠬᠢᠯᠡᠭᠰᠡᠨ ᠶᠤᠮ᠃

ᠴᠢᠶᠠᠨᠬᠠᠶ᠎ᠳᠤ ᠲᠦᠭ᠌ᠰᠢᠭᠦᠷᠢ ᠵᠢᠨ ᠪᠠᠯᠠ ᠣᠷᠣᠭᠤᠯᠤᠯᠲᠠ᠎ᠶ᠋ᠢᠨ ᠣᠷᠴᠢᠨ ᠨᠦᠬᠦᠴᠡᠯ ᠬᠦᠭᠵᠢᠶᠠᠨ ᠲᠠᠢ᠂ ᠪᠢᠳᠡ ᠠᠩᠬᠠᠨ᠎ᠤ ᠡᠭᠡᠯᠵᠢ ᠵᠢᠨ 300 ᠲᠦᠮᠡᠨ ᠲᠥᠭᠥᠷᠢᠭ᠎ᠦᠨ ᠪᠠᠯᠠ ᠬᠤᠷᠠᠮᠳᠤᠭᠤᠯᠵᠤ᠂ ᠪᠠᠰᠠ ᠴᠢᠳᠠᠪᠤᠷᠢᠲᠠᠨ᠎ᠤ ᠣᠷᠣᠨ ᠰᠠᠭᠤᠴᠠ᠂ ᠨᠥᠬᠥᠪᠥᠷᠢ ᠵᠡᠷᠭᠡ ᠳᠡᠮᠵᠢᠯᠭᠡ ᠶ᠋ᠢ ᠭᠥᠷᠳᠡᠵᠦ᠍᠂ ᠺᠣᠮᠫᠠᠨᠢ᠎ᠶ᠋ᠢᠨ ᠬᠥᠭ᠌ᠵᠢᠯᠲᠡ ᠠᠯᠬᠤᠮ ᠠᠯᠬᠤᠮ᠎ᠢᠶᠠᠷ ᠵᠥᠪ ᠵᠠᠮ᠎ᠳᠤ ᠣᠷᠣᠪᠠ᠃

ᠦᠩᠬᠡᠷᠡᠭᠰᠡᠨ ᠳ᠋ᠤ ᠪᠢᠳᠡ ᠴᠢᠷᠮᠠᠢᠨ ᠲᠡᠮᠡᠴᠡᠵᠤ ᠱᠢᠨ᠎ᠡ᠎ᠶ᠋ᠢ ᠡᠭᠦᠳᠴᠦ᠍ ᠦᠶ᠋ᠯᠡᠰ ᠪᠣᠰᠭᠠᠬᠤ ᠨᠢ ᠥᠪᠡᠷ᠎ᠦᠨ ᠬᠠᠷᠠᠯᠲᠠ᠎ᠪᠠᠨ ᠪᠡᠶᠡᠯᠡᠭᠦᠯᠬᠦ᠌᠎ᠶ᠋ᠢᠨ ᠲᠥᠯᠥᠭᠡ ᠪᠠᠢᠯ᠎ᠠ᠃ ᠶᠡᠷᠦᠩᠬᠡᠢ ᠱᠦᠵᠢ᠎ᠶ᠋ᠢᠨ ᠰᠤᠷᠭᠠᠯ᠎ᠢ ᠲᠤᠬᠠᠢ ᠵᠢᠨ ᠲᠠᠯᠠᠪᠠᠢ᠎ᠳᠤ ᠰᠣᠨᠣᠰᠤᠭᠠᠳ᠂ ᠪᠢ ᠬᠠᠷᠢᠭᠤᠴᠠᠯᠭᠠᠳᠤ ᠪᠤᠳᠤᠯ᠎ᠨᠡᠩ ᠴᠢᠩᠭ᠎ᠠ ᠪᠣᠯᠪᠠ᠂ ᠵᠥᠪᠬᠡᠨ ᠥᠪᠡᠷ᠎ᠦᠨ᠎ᠢᠶᠡᠨ ᠲᠥᠯᠥᠭᠡ ᠯᠡ ᠪᠢᠰᠢ ᠪᠦᠭᠡᠳ ᠨᠡᠩ ᠤᠯᠠᠨ ᠱᠢᠶᠠᠩᠭᠠᠩ᠎ᠤᠨ ᠵᠠᠯᠠᠭᠤᠴᠤᠳ᠎ᠲᠤ ᠵᠢᠱ᠌ᠢᠢ᠎ᠡ ᠦᠵᠡᠭᠦᠯᠬᠦ᠌᠎ᠶ᠋ᠢᠨ ᠲᠥᠯᠥᠭᠡ ᠶᠤᠮ᠂ ᠥᠪᠡᠷ᠎ᠤᠨ ᠬᠦᠰᠡᠯ ᠵᠡᠬᠦᠳᠤ ᠪᠠᠨ ᠲᠡᠷᠬᠡᠯᠰᠢᠬᠦᠯᠬᠦ ᠵᠢᠨ ᠬᠠᠮᠳᠤ᠂ ᠳᠡᠷᠭᠡᠳᠡᠬᠢ ᠨᠠᠰᠤ ᠬᠤᠷᠠᠬ᠍ᠴᠤᠤᠯ᠎ᠤᠨ᠎ᠢᠶᠡᠨ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠳᠤ ᠱᠢᠨ᠎ᠡ᠎ᠶ᠋ᠢ ᠡᠭᠦᠳᠴᠦ᠍ ᠦᠢᠯᠡᠰ ᠪᠤᠰᠭᠠᠬᠤ᠎ᠶ᠋ᠢ ᠲᠠᠢᠴᠢᠯᠡᠬᠤ ᠵᠢ ᠬᠦᠰᠡᠵᠦ᠍ ᠪᠠᠢᠨ᠎ᠠ᠃

ᠲᠡᠷᠡ ᠦᠶ᠎ᠡ᠎ᠡᠴᠡ ᠡᠬᠢᠯᠡᠨ᠂ ᠪᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠢᠲᠡᠭᠡᠯ ᠵᠣᠷᠢᠭ᠎ᠢᠶᠠᠨ ᠨᠡᠩ ᠪᠠᠲᠤᠳᠭᠠᠪᠠ᠃ ᠪᠢ ᠨᠠᠢᠵᠠ᠎ᠨᠠᠷ ᠲᠠᠢ ᠬᠠᠮᠳᠤᠷᠠᠨ ᠬᠢᠭᠰᠡᠨ ᠦᠢᠯᠡᠰ ᠪᠤᠰᠭᠠᠬᠤ ᠲᠦᠷᠦᠯ ᠵᠦᠢᠯ ᠪᠤᠯᠬᠤ 《ᠪᠠᠶ᠎ᠡ ᠳ᠋ᠡᠭᠡᠨ ᠠᠪᠴᠤ ᠶᠠᠪᠤᠬᠤ ᠡᠷᠳᠡᠨᠢ》 ᠪᠤᠯ ᠬᠦᠮᠦᠰ᠎ᠤᠨ ᠪᠡᠶ᠎ᠡ᠎ᠳᠡᠭᠡᠨ ᠠᠪᠴᠤ᠌ ᠶᠠᠪᠤᠭ᠎ᠠ ᠡᠳ᠋ ᠪᠣᠳᠠᠰ᠎ᠢ ᠤᠶᠤᠨᠴᠢᠯᠠᠭ᠍ᠰᠠᠠ ᠶᠠᠪᠤᠳᠠᠯ ᠪᠣᠯᠤᠨ᠎ᠠ᠃ ᠪᠢᠳᠠ ᠪᠣᠰᠣᠭ᠎ᠠ᠎ᠪᠠᠷ ᠨᠡᠭᠡᠭᠡᠵᠦ᠍ ᠳᠡᠢᠯᠬᠦ᠌ ᠤᠶᠤᠨᠴᠢ ᠪᠤᠭᠤᠳᠠᠯ ᠪᠠᠬᠯᠠᠭ᠎ᠠ ᠵᠢᠨ ᠬᠠᠢᠷᠴᠠᠭ᠎ᠢ ᠰᠤᠳᠤᠯᠤᠨ ᠨᠡᠭᠡᠭᠡᠪᠡ᠂ ᠲᠡᠭᠡᠭᠡᠪᠦᠷᠢᠯᠡᠬᠦ᠌ ᠦᠶᠡᠰ ᠪᠠᠢᠷᠢ ᠲᠣᠭ᠍ᠲᠠᠭᠠᠵᠤ ᠪᠣᠯᠤᠨ᠎ᠠ᠂ ᠪᠠᠰᠠ ᠴᠠᠬᠢᠯᠭᠠᠨ ᠴᠡᠨᠡᠭ᠌ᠯᠡᠬᠦ᠌᠂ ᠭᠡᠭᠡᠭ᠌ᠳᠡᠬᠦ᠌᠎ᠡᠴᠡ ᠰᠡᠷᠭᠡᠢᠯᠡᠬᠦ᠌᠂ ᠣᠶᠤᠨᠴᠢ᠎ᠪᠠᠷ ᠬᠦᠨᠳᠦ᠍᠎ᠶ᠋ᠢ ᠬᠡᠮᠵᠢᠬᠦ᠌᠂ ᠬᠤᠷᠤᠭᠤᠨ ᠣᠷᠣᠮ᠎ᠢᠶᠡᠷ ᠤᠨᠢᠰᠤ ᠵᠢ ᠨᠡᠭᠡᠭᠡᠬᠦ ᠵᠡᠷᠭᠡ ᠴᠢᠳᠠᠮᠵᠢ᠎ᠲᠠᠶ᠃

ᠪᠤᠳᠤᠬᠤ ᠠᠷᠭ᠎ᠠ ᠵᠢ ᠪᠢᠴᠢᠬᠦ᠂ ᠤᠷᠤᠯᠠᠬᠤ ᠺᠣᠳ᠋᠎ᠢ ᠲᠠᠷᠤᠮᠠᠯᠯᠠᠬᠤ᠂ ᠴᠠᠬᠢᠯᠭᠠᠨ ᠬᠡᠯᠬᠢᠶ᠎ᠡ᠎ᠶ᠋ᠢᠨ ᠵᠢᠷᠤᠭ᠎ᠢ ᠦᠵᠡᠬᠦ᠌᠂ ᠨᠡᠭᠡᠭᠡᠨ ᠬᠥᠭ᠌ᠵᠢᠭᠦᠯᠬᠦ᠌ ᠬᠠᠪᠲᠠᠰᠤ ᠵᠢ ᠦᠶ᠋ᠯᠡᠳᠬᠦ᠌ ᠁ ᠣᠯᠠᠨ ᠤᠳᠠᠭ᠎ᠠ ᠵᠢᠨ ᠳᠠᠬᠢᠨ ᠳᠠᠪᠲᠠᠨ ᠲᠤᠷᠱᠢᠬᠤ ᠪᠡᠷ ᠳᠡᠮᠵᠢᠵᠤ᠂ ᠪᠢᠳᠡ ᠮᠡᠷᠭᠡᠵᠢᠯ᠎ᠦᠨ ᠲᠠᠰ ᠳᠠᠪᠱᠢᠬᠦ ᠵᠢ ᠡᠴᠦᠰ᠎ᠲᠡᠬᠡᠨ ᠪᠡᠶᠡᠯᠡᠭᠦᠯᠵᠦ᠍ ᠴᠢᠳᠠᠭ᠍ᠰᠠᠨ ᠶᠤᠮ! ᠣᠲᠣ ᠪᠢᠳᠡ 20 ᠭᠠᠷᠤᠶ ᠵᠦᠶ᠋ᠯ᠎ᠦᠨ ᠲᠤᠰᠭᠠᠶ ᠠᠱᠢᠭ ᠭᠤᠶᠤᠴᠢᠯᠠᠭ᠍ᠰᠠᠨ ᠪᠥᠭᠡᠳ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠨᠤᠲᠠᠯᠠᠯᠲᠠ᠎ᠶ᠋ᠢ ᠣᠯᠵᠤ᠂ 4 ᠵᠦᠶ᠋ᠯ᠎ᠦᠨ ᠠᠳᠠᠯᠢ ᠪᠤᠰᠤ ᠦᠶ᠋ᠯᠡᠳᠬᠦᠨ ᠭᠠᠷᠭᠠᠵᠤ᠂ 2021ᠣᠨ᠎ᠳᠤ ᠪᠣᠷᠣᠯᠠᠭᠤᠯᠤᠭ᠍ᠰᠠᠨ ᠲᠣᠭ᠎ᠠ᠎ᠨᠢ ᠮᠢᠩᠭᠠᠨ ᠲᠦᠮᠡᠨ ᠲᠥᠭᠥᠷᠢᠭ᠎ᠢ ᠳᠠᠪᠠᠵᠤ᠂ ᠺᠣᠮᠫᠠᠨᠢ ᠲᠦᠷᠭᠡᠨ ᠬᠥᠭ᠌ᠵᠢᠯᠲᠡ ᠵᠢᠨ ᠵᠠᠮ᠎ᠳᠤ ᠣᠷᠣᠪᠠ᠃

ᠪᠢ ᠴᠢᠶᠠᠨᠬᠠᠢ᠎ᠳᠤ ᠢᠷᠡᠭᠡᠳ ᠨᠢᠭᠡᠨᠲᠡ 6 ᠵᠢᠯ ᠪᠣᠯᠬᠤ ᠭᠡᠵᠦ᠍ ᠪᠠᠢᠨ᠎ᠠ᠂ ᠡᠨᠳᠡ ᠡᠳᠦᠷ ᠪᠦᠷᠢ ᠱᠢᠨ᠎ᠡ ᠬᠤᠪᠢᠷᠠᠯᠲᠠ ᠡᠭᠦᠰᠴᠤ ᠪᠠᠢᠨ᠎ᠠ᠂ 《ᠣᠨᠴᠠᠭᠠᠢ ᠣᠷᠣᠨ᠎ᠤ ᠳᠣᠲᠣᠷᠠᠬᠢ ᠣᠨᠴᠠᠭᠠᠢ ᠣᠷᠣᠨ》 ᠤ᠋ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠶ᠋ᠢ ᠪᠢ ᠦᠨᠡᠨ ᠬᠦ᠌ ᠮᠡᠳᠡᠷᠡᠵᠦ᠍ ᠪᠠᠢᠨ᠎ᠠ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠴᠤᠭ ᠵᠢᠪᠬᠤᠭ᠎ᠠ᠎ᠶ᠋ᠢ ᠮᠡᠳᠡᠷᠡᠵᠦ᠍ ᠪᠠᠢᠨ᠎ᠠ᠃ ᠨᠡᠩ ᠴᠢᠬᠤᠯᠠ ᠨᠢ᠂ ᠡᠨᠳᠡᠬᠢ ᠮᠠᠰᠢ ᠤᠯᠠᠨ ᠲᠦᠷᠦ᠍᠎ᠶ᠋ᠢᠨ ᠪᠤᠳᠤᠯᠭ᠎ᠠ ᠪᠣᠯ ᠱᠢᠶᠠᠩᠭᠠᠩ ᠣᠣᠮᠧᠨ᠎ᠦ ᠵᠠᠯᠠᠭᠤᠴᠤᠳ᠎ᠲᠤ ᠵᠣᠷᠢᠭᠤᠯᠤᠨ ᠲᠣᠭ᠍ᠲᠠᠭᠠᠵᠤ ᠥᠭ᠌ᠭᠦᠭ᠌ᠰᠡᠨ ᠶᠤᠮ᠂ ᠣᠷᠴᠢᠨ ᠲᠣᠭᠣᠷᠢᠨ ᠰᠠᠢ᠌ᠨ ᠰᠠᠢᠬᠠᠨ ᠠᠯᠪᠠᠯᠠᠬᠤ ᠲᠠᠯᠠᠪᠤᠷ᠎ᠡᠴᠡ ᠲᠦᠷᠭᠡᠨ ᠤᠷᠤᠵᠤ ᠰᠠᠭᠤᠵᠤ ᠲᠠᠢᠯᠬᠦ ᠴᠢᠳᠠᠪᠤᠷᠢᠲᠠᠨ᠎ᠤ ᠣᠷᠣᠨ ᠰᠠᠭᠤᠴᠠ ᠬᠦᠷᠲᠡᠯ᠎ᠡ᠂ ᠦᠢᠯᠡᠰ ᠪᠤᠰᠭᠠᠬᠤ᠎ᠶ᠋ᠢ ᠬᠠᠪᠰᠤᠷᠤᠨ ᠲᠡᠳᠬᠦᠬᠦ᠌ ᠲᠦᠷᠦ᠍᠎ᠶ᠋ᠢᠨ ᠪᠤᠳᠤᠯᠭ᠎ᠠ᠎ᠡᠴᠡ ᠬᠠᠤᠯᠢ ᠴᠠᠭᠠᠵᠠ᠂ ᠭᠠᠢᠯᠢ᠎ᠶ᠋ᠢᠨ ᠶᠠᠪᠤᠳᠠᠯ ᠵᠡᠷᠭᠡ ᠲᠠᠢᠯᠤᠮᠵᠢ᠎ᠶ᠋ᠢ ᠬᠠᠪᠰᠤᠷᠤᠨ ᠵᠢᠯᠣᠭᠣᠳᠭᠤ ᠬᠦᠷᠲᠡᠯ᠎ᠡ᠂ ᠠᠯᠢ ᠤᠯᠠᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠨᠢ ᠨᠡᠩ ᠤᠯᠠᠨ ᠦᠢᠯᠡᠰ ᠪᠤᠰᠭᠠᠬᠤ ᠵᠠᠯᠠᠭᠤᠴᠤᠳ᠎ᠤᠨ ᠬᠦᠰᠡᠯ ᠵᠡᠭᠦᠳᠦ᠍᠎ᠶ᠋ᠢ ᠡᠨᠳᠡ ᠲᠡᠷᠭᠡᠯᠱᠢᠭᠦᠯᠵᠡᠢ᠃

ᠪᠢ ᠶᠡᠷᠦᠩᠬᠡᠢ ᠱᠦᠵᠢ᠎ᠳᠦ᠂ ᠨᠡᠩ ᠤᠯᠠᠨ ᠱᠢᠶᠠᠩᠭᠠᠩ᠎ᠤᠨ ᠵᠠᠯᠠᠭᠤᠴᠤᠳ ᠲᠤᠮᠤ ᠪᠤᠯᠤᠩ᠎ᠤᠨ ᠣᠷᠣᠨ᠎ᠳᠤ ᠠᠭᠤᠰᠤᠯᠴᠠᠵᠤ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠪᠡᠷ ᠴᠢᠷᠮᠠᠢᠨ ᠲᠡᠮᠡᠴᠡᠵᠦ᠍ ᠪᠠᠢᠬᠤ᠎ᠶ᠋ᠢ ᠬᠡᠯᠡᠵᠦ᠍ ᠥᠭ᠌ᠬᠦ ᠭᠡᠵᠤ ᠪᠤᠳᠤᠵᠤ ᠪᠠᠢᠨ᠎ᠠ᠃ 《ᠡᠨᠳᠡ ᠢᠷᠡᠭ᠌ᠰᠡᠨ ᠪᠣᠯ ᠳᠠᠷᠤᠢ ᠱᠧᠨᠵᠧᠨ᠎ᠦ ᠬᠥᠮᠦᠨ》 ᠬᠡᠵᠤ ᠶᠠᠷᠢᠵᠤ ᠪᠠᠢᠭ᠍ᠰᠠᠨ᠎ᠡᠴᠡ ᠪᠠᠨ 《ᠤᠯᠠᠨ᠎ᠢᠶᠠᠷ᠎ᠢᠶᠠᠨ ᠴᠦᠮ ᠲᠤᠮᠤ ᠪᠤᠯᠤᠩ᠎ᠤᠨ ᠣᠷᠣᠨ᠎ᠤ ᠬᠥᠮᠦᠨ》 ᠬᠡᠵᠤ ᠬᠡᠯᠡᠬᠦ ᠪᠤᠯᠵᠤ᠂ ᠤᠯᠠᠨ᠎ᠢᠶᠠᠷ᠎ᠢᠶᠠᠨ ᠡᠨᠳᠡ ᠦᠢᠯᠡᠰ ᠪᠤᠰᠭᠠᠨ ᠠᠵᠢᠯ ᠣᠯᠵᠤ᠂ ᠠᠵᠢᠯᠯᠠᠵᠤ ᠠᠮᠢᠳᠤᠷᠠᠨ᠂ ᠬᠤᠪᠢ ᠬᠥᠮᠦᠨ᠎ᠦ ᠬᠦᠰᠡᠯᠡᠩ ᠬᠥᠭᠡᠭᠡᠴᠡᠯᠳᠦᠯ᠎ᠢᠶᠡᠨ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠭᠤᠯᠪᠠ᠃

(ᠱᠢᠨᠬᠤᠸᠠ ᠬᠣᠷᠢᠶᠠᠨ᠎ᠤ ᠱᠧᠨᠵᠧᠨ᠎ᠦ 6 ᠰᠠᠷ᠎ᠠ᠎ᠶ᠋ᠢᠨ 20 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面