ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-07-12 09:23:38

ᠵᠣᠬᠢᠶᠠᠭ᠍ᠴᠢ᠄ ᠯᠢ ᠴᠢᠶᠠᠨ ᠸᠸᠢ ᠣᠩᠱᠢᠭ᠍ᠰᠠᠨ ᠣᠳᠠᠭ᠎ᠠ᠄ 3

2020 ᠣᠨ᠎ᠤ 10 ᠰᠠᠷ᠎ᠠ᠎ᠳᠤ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠲᠡᠢᠨ ᠬᠢᠭ᠌ᠰᠡᠨ 70 ᠵᠢᠯ᠎ᠦᠨ ᠣᠶ᠎ᠶ᠋ᠢᠨ ᠲᠠᠱᠢᠷᠠᠮ᠎ᠳᠤ᠂ ᠶᠡᠷᠦᠩᠬᠡᠶ ᠱᠦᠵᠢ ᠰᠢ᠎ᠶ᠋ᠢᠨ ᠫᠢᠩ ᠰᠸᠴᠤᠸᠠᠨ ᠮᠤᠵᠢ᠎ᠶ᠋ᠢᠨ ᠬᠤᠪᠢᠰᠭᠠᠯᠳᠤ ᠵᠡᠮᠳᠡᠭ ᠴᠡᠷᠢᠭ᠎ᠦᠨ ᠰᠤᠪᠢᠯᠠᠯᠲᠠ᠎ᠶ᠋ᠢᠨ ᠬᠦᠷᠢᠶᠡᠯᠡᠩ᠎ᠦᠨ ᠪᠥᠬᠥ᠌ ᠨᠥᠬᠥᠳ᠎ᠲᠦ ᠬᠠᠷᠢᠭᠤ ᠵᠠᠬᠢᠳᠠᠯ ᠢᠯᠡᠭᠡᠵᠦ᠍᠂ ᠲᠡᠳᠡᠨ᠎ᠳᠦ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠪᠡ᠃ ᠤᠢ᠍ᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠶᠡᠷᠦᠩᠬᠡᠢ ᠱᠦᠵᠢ᠎ᠳᠦ ᠵᠠᠬᠢᠳᠠᠯ ᠪᠢᠴᠢᠭ᠌ᠰᠡᠨ ᠰᠸᠴᠤᠸᠠᠨ ᠮᠤᠵᠢ᠎ᠶ᠋ᠢᠨ ᠬᠤᠪᠢᠰᠭᠠᠯᠳᠦ ᠵᠡᠮᠳᠡᠭ ᠴᠡᠷᠢᠭ᠎ᠦᠨ ᠰᠤᠪᠢᠯᠠᠯᠲᠠ᠎ᠶ᠋ᠢᠨ ᠬᠦᠷᠢᠶᠡᠯᠡᠩ᠎ᠦᠨ ᠠᠬᠠᠮᠠᠳ ᠪᠠᠢᠯᠳᠤᠭ᠍ᠴᠢ ᠲᠦ ᠪᠥᠸᠧ ᠢ ᠵᠢ ᠰᠤᠷᠪᠤᠯᠵᠢᠯᠠᠵᠤ᠂ ᠲᠡᠭᠦᠨ᠎ᠦ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ ᠶᠣᠰᠣᠭᠠᠷ ᠤᠭ ᠰᠠᠨᠠᠭ᠎ᠠ᠎ᠪᠠᠨ ᠦᠯᠦ᠍ ᠮᠠᠷᠲᠠᠵᠤ᠂ ᠴᠥᠬᠥᠷᠡᠰᠢ ᠦᠭᠡᠢ ᠲᠡᠮᠡᠴᠡᠭ᠌ᠰᠡᠨ ᠠᠮᠢᠳᠤᠷᠠᠯ᠎ᠤᠨ ᠬᠢᠨᠢ ᠦᠯᠢᠭᠡᠷ᠎ᠢ ᠰᠣᠨᠣᠰᠪᠠ᠃

1951 ᠣᠨ᠎ᠳᠤ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ ᠲᠠᠢ᠌ᠨ᠎ᠦ ᠲᠠᠯᠠᠪᠤᠷ᠎ᠲᠤ᠂ ᠪᠢ ᠳᠠᠢᠰᠤᠨ᠎ᠤ ᠱᠢᠳᠡᠭ᠌ᠰᠡᠨ ᠴᠠᠷᠴᠠᠮᠠᠯ ᠴᠢᠶᠢᠤ ᠵᠢᠨ ᠭᠠᠷᠨᠠᠳᠠ ᠳ᠋ᠤ ᠱᠢᠲᠠᠭ᠍ᠳᠠᠵᠤ᠂ ᠨᠢᠭᠡᠳᠦᠭᠡᠷ ᠳᠡᠰ᠎ᠤᠨ ᠵᠡᠮᠳᠡᠭ ᠪᠣᠯᠪᠠ᠃ ᠰᠤᠪᠢᠯᠠᠯᠲᠠ᠎ᠶ᠋ᠢᠨ ᠬᠦᠷᠢᠶᠡᠯᠡᠩ᠎ᠳᠦ ᠤᠷᠤᠭ᠍ᠰᠠᠨ᠎ᠤ ᠲᠠᠷᠠᠭ᠎ᠠ᠂ ᠪᠢ ᠵᠡᠮᠳᠡᠭ ᠪᠤᠯᠤᠬᠰᠠᠨ ᠲᠠᠢ᠌ᠴᠢᠨ ᠨᠥᠬᠥᠳ᠎ᠲᠡᠶ᠎ᠪᠡᠨ ᠬᠠᠮᠲᠤ ᠠᠯᠪᠠᠨ ᠵᠢᠷᠤᠮ᠎ᠤᠨ ᠲᠣᠭ᠍ᠯᠠᠯᠲᠠ᠎ᠶ᠋ᠢᠨ ᠠᠩᠭᠢ ᠪᠠ ᠠᠬᠠᠮᠠᠳ ᠪᠠᠢᠯᠳᠤᠭ᠍ᠴᠢᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠰᠠᠢ᠌ᠨ ᠳᠤᠷ᠎ᠠ᠎ᠶ᠋ᠢᠨ ᠴᠡᠷᠢᠭ᠎ᠦᠨ ᠡᠷᠡᠯᠬᠡᠭ ᠪᠠᠭᠠᠲᠤᠷᠯᠢᠭ᠎ᠢᠶᠠᠷ ᠪᠠᠢᠯᠳᠤᠭ᠍ᠰᠠᠨ ᠪᠠ ᠮᠠᠰᠢ ᠤᠯᠠᠨ ᠱᠢᠷᠬᠠᠲᠤᠭ᠍ᠰᠠᠨ ᠪᠠᠢᠯᠳᠤᠭ᠍ᠴᠢᠳ ᠤ᠋ᠨ ᠪᠡᠶ᠎ᠡ ᠨᠢ ᠵᠡᠮᠳᠡᠭ ᠪᠣᠯᠪᠠᠴᠤ᠌ ᠵᠣᠷᠢᠭ ᠬᠠᠲᠠᠭᠤ ᠪᠠᠢᠳᠠᠭ ᠬᠥᠮᠦᠰ᠎ᠦᠨ ᠰᠡᠳᠭᠢᠯ᠎ᠢ ᠬᠥᠳᠡᠯᠭᠡᠮ᠎ᠡ ᠦᠢᠯᠡ ᠠᠵᠢᠯᠯᠠᠭ᠎ᠠ᠎ᠶ᠋ᠢ ᠴᠥᠬᠥᠷᠡᠰᠢ ᠦᠭᠡᠢ ᠤᠬᠠᠭᠤᠯᠵᠤ᠂ ᠲᠦᠮᠡ ᠱᠢᠬᠠᠮ ᠲᠠᠯᠠᠪᠠᠢ ᠮᠡᠳᠡᠭᠦᠯᠦᠯᠲᠡ ᠬᠢᠪᠡ᠃

ᠡᠳᠡᠭᠡᠷ ᠵᠢᠯ᠎ᠦᠳ᠎ᠲᠦ᠂ ᠮᠠᠨ᠎ᠤ ᠠᠮᠢᠳᠤᠷᠠᠯ᠂ ᠡᠮᠴᠢᠯᠡᠭᠡ ᠵᠡᠷᠭᠡ ᠨᠥᠬᠥᠴᠡᠯ ᠡᠳᠦᠷ᠎ᠡᠴᠡ ᠡᠳᠦᠷ ᠰᠠᠢᠵᠢᠷᠠᠵᠠᠢ᠃ 2020 ᠣᠨ᠎ᠳᠤ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢ᠌ᠨ ᠬᠢᠭ᠌ᠰᠡᠨ 70 ᠵᠢᠯ᠎ᠦᠨ ᠤᠢ᠎ᠶ᠋ᠢᠨ ᠡᠨᠡ ᠬᠦ᠌ ᠣᠨᠴᠠᠭᠠᠢ ᠦᠶ᠎ᠡ᠎ᠳᠦ᠂ ᠪᠢ ᠰᠤᠪᠢᠯᠠᠯᠲᠠ᠎ᠶ᠋ᠢᠨ ᠬᠦᠷᠢᠶᠡᠯᠡᠩ᠎ᠦᠨ ᠪᠤᠰᠤᠳ ᠵᠡᠮᠳᠡᠭ ᠴᠡᠷᠢᠭ᠎ᠲᠡᠶ ᠵᠥᠪᠳᠡᠯᠴᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠳᠦ ᠵᠠᠬᠢᠳᠠᠯ ᠪᠢᠴᠢᠵᠦ᠍᠂ ᠪᠢᠳᠡᠨ᠎ᠦ ᠰᠡᠳᠭᠢᠯ᠎ᠦᠨ ᠦᠭᠡ᠎ᠪᠡᠨ ᠶᠠᠷᠢᠬᠤ᠎ᠪᠠᠷ ᠲᠣᠭ᠍ᠲᠠᠪᠠ᠃

ᠵᠠᠬᠢᠳᠠᠯ᠎ᠳᠠᠭᠠᠨ᠂ ᠨᠢᠭᠡ ᠲᠠᠯ᠎ᠠ᠎ᠪᠠᠷ ᠶᠡᠷᠦᠩᠬᠡᠶ ᠱᠦᠵᠢ᠎ᠳᠦ ᠪᠢᠳᠡᠨ᠎ᠦ ᠠᠮᠢᠳᠤᠷᠠᠯ ᠤᠯᠠᠮ᠎ᠡᠴᠡ ᠤᠯᠠᠮ ᠰᠠᠢᠨ ᠪᠣᠯᠵᠤ ᠪᠠᠢᠨ᠎ᠠ᠂ ᠶᠡᠷᠦᠩᠬᠡᠶ ᠱᠦᠵᠢ ᠲᠠ ᠰᠠᠨᠠᠭ᠎ᠠ ᠠᠮᠤᠷ ᠪᠠᠢᠭᠠᠷᠠᠢ ᠭᠡᠵᠦ᠍ ᠬᠡᠯᠡᠪᠡ; ᠬᠣᠶᠠᠷ᠎ᠲᠤ᠂ ᠪᠢᠳᠡ ᠪᠠᠰᠠ ᠦᠳᠡᠯᠦᠭᠡ ᠨᠠᠰᠤᠨ ᠤ᠋ ᠬᠦᠴᠦᠨ ᠴᠢᠳᠠᠯ ᠵᠢᠡᠨ ᠪᠠᠳᠠᠷᠠᠭᠤᠯᠵᠤ᠂ ᠤᠯᠤᠰ᠎ᠢᠶᠠᠨ ᠬᠠᠢᠷᠠᠯᠠᠬᠤ ᠦᠵᠡᠯ ᠪᠣᠯᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠲᠤᠬᠠᠢ ᠤᠬᠠᠭᠤᠯᠤᠨ ᠲᠠᠢᠯᠪᠤᠷᠢᠯᠠᠵᠤ ᠪᠠᠢᠬᠤ ᠪᠠᠨ ᠮᠡᠳᠡᠭᠦᠯᠵᠠᠢ᠃ ᠵᠠᠬᠢᠳᠠᠯ᠎ᠳᠠᠭᠠᠨ ᠪᠠᠰᠠ ᠡᠬᠡ ᠤᠯᠤᠰ᠎ᠤᠨ ᠵᠢᠡᠨ ᠡᠳᠦᠷ᠎ᠡᠴᠡ ᠡᠳᠦᠷ ᠱᠢᠨᠡᠳᠦᠨ ᠬᠥᠭ᠌ᠵᠢᠵᠦ᠍ ᠪᠠᠢᠬᠤ᠎ᠶ᠋ᠢ ᠣᠯᠵᠤ ᠦᠵᠡᠭ᠌ᠰᠡᠨ ᠣᠮᠣᠭ᠍ᠰᠢᠯᠲᠤ ᠰᠡᠳᠭᠢᠯᠭᠡ᠎ᠪᠡᠨ ᠢᠯᠡᠳᠭᠡᠭ᠌ᠰᠡᠨ ᠪᠠᠢᠨ᠎ᠠ᠃

ᠳᠡᠮᠡᠢ ᠤᠳᠠᠭ᠍ᠰᠠᠨ ᠦᠭᠡᠢ᠂ ᠶᠡᠷᠦᠩᠬᠡᠢ ᠱᠦᠵᠢ ᠪᠢᠳᠡᠨ᠎ᠳᠦ ᠬᠠᠷᠢᠭᠤ ᠵᠠᠬᠢᠳᠠᠯ ᠢᠯᠡᠭᠡᠵᠦ᠍᠂ ᠪᠢᠳᠡᠨ ᠢ᠋ ᠶᠡᠬᠡ ᠪᠡᠷ ᠬᠠᠢᠷᠠᠯᠠᠨ ᠬᠠᠯᠠᠮᠵᠢᠯᠠᠵᠤ ᠪᠠᠢᠬᠤ ᠪᠠᠨ ᠢᠯᠡᠳᠭᠡᠪᠡ᠃ ᠲᠡᠷᠡ ᠡᠳᠦᠷ᠂ ᠮᠠᠨ᠎ᠤ ᠵᠡᠮᠳᠡᠭ ᠴᠡᠷᠢᠭ ᠪᠤᠯᠤᠨ ᠪᠦᠬᠦ᠌ ᠬᠦᠷᠢᠶᠡᠯᠡᠩ᠎ᠦᠨ ᠠᠵᠢᠯᠲᠠᠳ ᠬᠠᠮᠲᠤ ᠪᠡᠷ ᠲᠣᠭᠣᠷᠢᠨ ᠰᠠᠭᠤᠵᠤ᠂ ᠶᠡᠷᠦᠩᠬᠡᠢ ᠱᠦᠵᠢ᠎ᠶ᠋ᠢᠨ ᠬᠠᠷᠢᠭᠤ ᠵᠠᠬᠢᠳᠠᠯ᠎ᠤᠨ ᠠᠭᠤᠯᠭ᠎ᠠ᠎ᠶ᠋ᠢ ᠰᠣᠨᠣᠰᠴᠤ᠌᠂ ᠮᠠᠰᠢ ᠤᠯᠠᠨ ᠬᠥᠮᠦᠰ ᠬᠠᠯᠠᠭᠤᠨ ᠨᠢᠯᠪᠤᠰᠤ ᠠᠰᠭᠠᠷᠠᠭᠤᠯᠪᠠ᠃

ᠶᠡᠷᠦᠩᠬᠡᠢ ᠱᠦᠵᠢ ᠰᠢ᠎ᠶ᠋ᠢᠨ ᠫᠢᠩ ᠬᠠᠷᠢᠭᠤ ᠵᠠᠬᠢᠳᠠᠯ᠎ᠳᠠᠭᠠᠨ᠄ 《ᠰᠠᠢ᠌ᠨ ᠳᠤᠷ᠎ᠠ᠎ᠶ᠋ᠢᠨ ᠴᠡᠷᠢᠭ᠎ᠦᠨ ᠳᠠᠷᠤᠭ᠎ᠠ ᠪᠠᠢᠯᠳᠤᠭ᠍ᠴᠢᠳ ᠵᠢᠴᠢ ᠪᠠᠭᠠᠲᠤᠷ ᠵᠢᠱ᠌ᠢᠶᠡᠴᠢᠳ᠎ᠦᠨ ᠭᠠᠪᠢᠶ᠎ᠠ ᠵᠢᠳᠬᠦᠯ᠎ᠢ ᠨᠠᠮ ᠪᠣᠯᠤᠨ ᠠᠷᠠᠳ ᠲᠦᠮᠡᠨ ᠡᠭᠦᠷᠢᠳᠡ ᠮᠠᠷᠲᠠᠬᠤ ᠦᠭᠡᠢ ᠶᠤᠮ》 ᠭᠡᠪᠡ᠃ ᠲᠡᠷᠡ ᠪᠠᠰᠠ᠄ 《60 ᠭᠠᠷᠤᠢ ᠵᠢᠯ᠎ᠦᠨ ᠲᠤᠷᠰᠢ᠂ ᠲᠠ᠎ᠨᠠᠷ ᠨᠠᠮ᠎ᠢᠶᠠᠨ ᠬᠠᠢᠷᠠᠯᠠᠬᠤ᠂ ᠨᠠᠮ᠎ᠢᠶᠠᠨ ᠢᠲᠡᠭᠡᠬᠦ᠌᠂ ᠨᠠᠮ ᠵᠢᠡᠨ ᠳᠠᠭᠠᠬᠤ᠎ᠶ᠋ᠢ ᠪᠠᠷᠢᠮᠲᠠᠯᠠᠵᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ ᠪᠣᠯᠤᠨ ᠤᠯᠤᠰ᠎ᠤᠨ ᠪᠠᠲᠤᠯᠠᠨ ᠬᠠᠮᠠᠭᠠᠯᠠᠯᠲᠠ ᠶ᠋ᠢᠨ ᠬᠥᠮᠦᠵᠢᠯ᠎ᠦᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠨᠠᠮ ᠪᠣᠯᠤᠨ ᠠᠷᠠᠳ ᠲᠦᠮᠡᠨ᠎ᠳᠦ ᠦᠷᠭᠦᠯᠵᠢᠯᠡᠨ ᠥᠪᠡᠷ᠎ᠦᠨ ᠬᠦᠴᠦᠨ ᠴᠢᠳᠠᠯ᠎ᠢᠶᠠᠨ ᠡᠷᠭᠦᠵᠦ᠍᠂ ᠤᠭ ᠰᠠᠨᠠᠭ᠎ᠠ᠎ᠪᠠᠨ ᠦᠯᠦ᠍ ᠮᠠᠷᠲᠠᠬᠤ᠂ ᠵᠣᠭ᠍ᠰᠣᠯᠲᠠ ᠦᠭᠡᠢ ᠲᠡᠮᠡᠴᠡᠬᠦ᠌ ᠵᠣᠷᠢᠭ ᠰᠠᠨᠠᠭ᠎ᠠ᠎ᠶ᠋ᠢ ᠢᠯᠡᠷᠡᠭᠦᠯᠪᠡ》 ᠭᠡᠪᠡ᠃

《ᠨᠠᠮ ᠪᠣᠯᠤᠨ ᠠᠷᠠᠳ ᠲᠦᠮᠡᠨ᠎ᠦ ᠲᠥᠯᠥᠭᠡ ᠥᠪᠡᠷ᠎ᠦᠨ ᠬᠦᠴᠦᠨ ᠴᠢᠳᠠᠯ᠎ᠢᠶᠠᠨ ᠦᠷᠭᠦᠯᠵᠢᠯᠡᠨ ᠡᠷᠭᠦᠭᠡᠷᠠᠢ》— ᠶᠡᠷᠦᠩᠬᠡᠢ ᠱᠦᠵᠢ ᠰᠢ᠎ᠶ᠋ᠢᠨ ᠫᠢᠩ᠎ᠦᠨ ᠶᠠᠷᠢᠶ᠎ᠠ ᠨᠢ ᠮᠢᠨᠦ᠍ ᠰᠡᠳᠭᠢᠯ᠎ᠢ ᠳᠤᠯᠠᠭᠠᠴᠠᠭᠤᠯᠪᠠ᠃ ᠶᠡᠷᠦᠩᠬᠡᠢ ᠱᠦᠵᠢ᠎ᠶ᠋ᠢᠨ ᠬᠠᠯᠠᠮᠵᠢᠯᠠᠯ ᠨᠢ ᠮᠢᠨᠦ᠍ ᠦᠲᠡᠯᠦᠭᠡ ᠨᠠᠰᠤᠨ᠎ᠤ ᠬᠦᠴᠦᠨ ᠴᠢᠳᠠᠯ᠎ᠵᠢᠡᠨ ᠦᠷᠭᠦᠯᠵᠢᠯᠡᠨ ᠪᠠᠳᠠᠷᠠᠭᠤᠯᠬᠤ᠎ᠶ᠋ᠢ ᠵᠣᠷᠢᠭ᠍ᠵᠢᠭᠤᠯᠪᠠ᠃

ᠨᠢᠳᠤᠨᠤᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠣᠶ ᠮᠥᠨ᠃ 4 ᠰᠠᠷ᠎ᠠ᠎ᠳᠤ᠂ ᠰᠤᠪᠢᠯᠠᠯᠲᠠ᠎ᠶ᠋ᠢᠨ ᠬᠦᠷᠢᠶᠡᠯᠡᠩ ᠡᠴᠡ ᠤᠯᠠᠨ᠎ᠢ ᠵᠣᠬᠢᠶᠠᠨ ᠪᠠᠢᠭᠤᠯᠵᠤ ᠰᠸᠴᠤᠸᠠᠨ᠎ᠤ ᠯᠸ ᡁᠢ ᠱᠢᠶᠠᠨ᠎ᠤ ᠴᠧᠨ ᠢ᠎ᠶ᠋ᠢᠨ ᠬᠠᠭᠤᠴᠢᠨ ᠰᠠᠭᠤᠴᠠ᠎ᠳᠤ ᠬᠦᠷᠴᠦ᠍ ᠭᠣᠣᠯ ᠰᠡᠳᠦᠪᠲᠦ ᠨᠠᠮ᠎ᠤᠨ ᠡᠳᠦᠷᠯᠢᠭ᠎ᠦᠨ ᠠᠵᠢᠯᠯᠠᠭ᠎ᠠ ᠦᠷᠨᠢᠭᠦᠯᠪᠡ᠂ ᠨᠠᠭᠠᠰᠢ ᠴᠠᠭᠠᠰᠢ ᠶᠠᠪᠤᠬᠤ ᠳ᠋ᠸ᠋ 4 ᠴᠠᠭ ᠱᠢᠬᠠᠮ ᠬᠡᠷᠡᠭᠰᠡᠨ᠎ᠡ᠃ ᠬᠡᠳᠦᠢᠪᠡᠷ ᠪᠢ ᠨᠠᠰᠤ ᠠᠬᠢᠵᠤ᠌᠂ ᠡᠨᠡ ᠬᠡᠳᠦᠨ ᠵᠢᠯ ᠬᠤᠯᠠ ᠶᠠᠪᠤᠳᠠᠭ ᠦᠭᠡᠢ ᠪᠤᠯᠤᠭᠰᠠᠨ ᠪᠤᠯᠪᠠᠴᠤ ᠰᠠᠨᠠᠭᠠᠴᠢᠯᠠᠭ᠎ᠠ᠎ᠡᠴᠡ ᠎ᠪᠠᠨ ᠡᠨᠡ ᠤᠳᠠᠭᠠᠨ᠎ᠤ ᠬᠥᠳᠡᠯᠭᠡᠭᠡᠨ᠎ᠳᠦ ᠣᠷᠣᠯᠴᠠᠬᠤ ᠪᠡᠷ ᠳᠤᠷᠠᠳᠴᠤ᠌᠂ ᠨᠢᠭᠡᠨ ᠤᠬᠠᠭᠤᠯᠤᠨ ᠲᠠᠢᠯᠪᠤᠷᠢᠯᠠᠭᠴᠢ ᠪᠣᠯᠵᠠᠶ᠃ ᠤᠬᠠᠭᠤᠯᠤᠨ ᠲᠠᠢᠯᠪᠤᠷᠢᠯᠠᠬᠤ ᠶᠠᠰᠤ ᠴᠢᠨᠠᠷ᠎ᠢ ᠪᠠᠲᠤᠯᠠᠬᠤ᠎ᠶ᠋ᠢᠨ ᠲᠥᠯᠥᠭᠡ᠂ ᠪᠢ ᠬᠣᠶᠠᠷ ᠡᠳᠦᠷ᠎ᠦᠨ ᠡᠮᠦᠨ᠎ᠡ ᠶᠠᠷᠢᠶᠠᠨ᠎ᠤ ᠨᠤᠤᠷᠠᠭ᠎ᠢᠶᠠᠨ ᠨᠠᠷᠢᠨ ᠬᠢᠨᠠᠮᠠᠭᠠᠢ ᠪᠡᠯᠡᠳᠭᠡᠪᠡ᠃ ᠨᠢᠭᠡ ᠴᠠᠭ ᠭᠠᠷᠤᠢ᠎ᠶ᠋ᠢᠨ ᠤᠬᠠᠭᠤᠯᠤᠨ ᠲᠠᠢᠯᠪᠤᠷᠢᠯᠠᠯᠲᠠ᠎ᠳᠤ᠂ ᠪᠢ ᠥᠪᠡᠷ᠎ᠦᠨ ᠪᠠᠢᠯᠳᠤᠭᠠᠨ᠎ᠤ ᠥᠩᠭᠡᠷᠡᠯᠲᠡ᠎ᠪᠡᠨ ᠶᠠᠷᠢᠵᠤ᠂ ᠱᠢᠷᠬᠠᠲᠤᠭ᠍ᠰᠠᠨ᠎ᠤ ᠲᠠᠷᠠᠭ᠎ᠠ ᠬᠡᠷᠬᠢᠨ ᠬᠠᠲᠠᠭᠤᠵᠢᠨ ᠪᠤᠯᠪᠠᠰᠤᠷᠠᠭᠰᠠᠨ ᠵᠢᠴᠢ ᠤᠳᠤ᠎ᠶ᠋ᠢᠨ ᠵᠣᠯ ᠵᠢᠷᠭᠠᠯᠲᠤ ᠠᠮᠢᠳᠤᠷᠠᠯ᠎ᠢᠶᠠᠨ ᠶᠠᠷᠢᠪᠠ᠃

ᠨᠢᠭᠡ ᠵᠠᠯᠠᠭᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠴᠤ᠌ ᠪᠠᠷᠠᠭᠠᠳ ᠨᠠᠳᠠ᠎ᠳᠤ᠄ 《ᠲᠠᠨ᠎ᠤ ᠶᠠᠷᠢᠭ᠍ᠰᠠᠨ ᠠᠭᠤᠯᠭ᠎ᠠ ᠨᠠᠳᠠ᠎ᠳᠤ ᠮᠠᠰᠢ ᠭᠦᠨᠵᠡᠭᠡᠢ ᠲᠦᠷᠦᠭᠳᠡᠯ ᠦᠭᠴᠠᠢ᠂ ᠪᠢ ᠥᠨᠥᠳᠦᠷ᠎ᠦᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ᠎ᠪᠠᠷ ᠢᠷᠡᠭ᠌ᠰᠡᠨ ᠭᠡᠳᠡᠭ᠎ᠢ ᠨᠡᠩ ᠢᠯᠡᠭᠦᠦ ᠣᠢᠯᠠᠭᠠᠯ᠎ᠠ᠃ ᠮᠠᠨ᠎ᠤ ᠵᠠᠯᠠᠭᠤᠴᠤᠳ ᠵᠠᠪᠠᠯ ᠨᠡᠩ ᠢᠯᠡᠭᠦᠦ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠵᠤ᠂ ᠡᠬᠡ ᠣᠷᠣᠨ᠎ᠢᠶᠠᠨ ᠰᠠᠢᠲᠤᠷ ᠪᠦᠳᠦᠭᠡᠨ ᠪᠠᠢᠭᠤᠯᠬᠤ ᠪᠡᠷ ᠴᠢᠷᠮᠠᠢᠬᠤ ᠴᠢᠬᠤᠯᠠᠳᠠᠢ》 ᠭᠡᠪᠡ᠃

ᠦᠷᠭᠦᠯᠵᠢ ᠰᠢᠨ᠎ᠡ ᠰᠤᠷᠭᠤᠭ ᠠᠭᠤᠯᠭ᠎ᠠ ᠵᠢ ᠤᠬᠠᠭᠤᠯᠤᠨ ᠲᠠᠢᠯᠪᠤᠷᠢᠯᠠᠬᠤ᠎ᠵᠢᠨ ᠲᠥᠯᠥᠭᠡ᠂ ᠠᠬᠠᠮᠠᠳ ᠲᠠᠢ᠌ᠴᠢᠨ ᠨᠥᠬᠥᠳ ᠡᠳᠦᠷ ᠪᠦᠷᠢ ᠰᠣᠨᠢᠨ ᠮᠡᠳᠡᠭᠡ ᠦᠵᠡᠵᠦ᠍᠂ ᠤᠬᠠᠭᠤᠯᠤᠨ ᠲᠠᠢᠯᠪᠤᠷᠢᠯᠠᠬᠤ ᠠᠭᠤᠯᠭ᠎ᠠ᠎ᠪᠠᠨ ᠴᠠᠭ ᠲᠤᠬᠠᠢ᠎ᠳᠤᠨᠢ ᠲᠤᠬᠢᠷᠠᠭᠤᠯᠵᠤ ᠪᠠᠢᠳᠠᠭ᠃ ᠤᠳᠤ᠂ ᠠᠮᠢᠳᠤ ᠰᠡᠷᠡᠭᠦᠨ ᠪᠠᠢᠬᠤ 11 ᠪᠦᠷᠢᠯᠳᠦᠬᠦᠨ᠎ᠦ ᠳᠤᠮᠳᠠᠴᠢ ᠨᠠᠰᠤ ᠨᠢ 85 ᠪᠣᠯᠵᠠᠢ᠂ ᠮᠠᠨ᠎ᠤ ᠠᠬᠠᠮᠠᠳ ᠪᠠᠢᠯᠳᠤᠭ᠍ᠴᠢᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠥᠪᠡᠷ᠎ᠵᠢᠡᠨ ᠬᠥᠳᠡᠯᠵᠦ᠍ ᠲᠡᠢᠯᠬᠦ ᠦᠭᠡᠢ ᠲᠡᠷᠡ ᠡᠳᠦᠷ ᠪᠤᠯᠲᠠᠯ᠎ᠠ ᠤᠬᠠᠭᠤᠯᠤᠨ ᠲᠠᠢᠯᠪᠤᠷᠢᠯᠠᠬᠤ ᠪᠠᠨ ᠪᠠᠷᠢᠮᠲᠠᠯᠠᠬᠤ ᠪᠤᠯᠤᠨ᠎ᠠ ᠬᠡᠪᠡ᠃

ᠶᠡᠷᠦᠩᠬᠡᠢ ᠱᠦᠵᠢ ᠰᠢ᠎ᠶ᠋ᠢᠨ ᠫᠢᠩ ᠡᠴᠡ ᠴᠡᠷᠢᠭ᠎ᠦᠨ ᠠᠯᠪᠠᠨ᠎ᠡᠴᠡ ᠬᠠᠯᠠᠭ᠍ᠳᠠᠭ᠍ᠰᠠᠳ᠎ᠢ ᠮᠠᠰᠢ ᠬᠠᠯᠠᠮᠵᠢᠯᠠᠵᠤ᠂ ᠤᠯᠤᠰ᠎ᠠᠴᠠ ᠴᠡᠷᠢᠭ᠎ᠦᠨ ᠠᠯᠪᠠᠨ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠶᠠᠮᠤᠨ᠎ᠢ ᠪᠠᠢᠭᠤᠯᠵᠤ᠂ ᠴᠡᠷᠢᠭ᠎ᠦᠨ ᠠᠯᠪᠠᠨ᠎ᠡᠴᠡ ᠬᠠᠯᠠᠭ᠍ᠳᠠᠭ᠍ᠰᠠᠳ᠎ᠤᠨ ᠬᠣᠢᠱᠢᠳᠠ᠎ᠶ᠋ᠢᠨ ᠵᠣᠪᠠᠨᠢᠯ᠎ᠢ ᠨᠢ ᠱᠢᠢᠳᠪᠦᠷᠢᠯᠡᠵᠦ᠍ ᠥᠭ᠌ᠪᠡ᠃ ᠣᠷᠣᠨ ᠨᠤᠲᠤᠭ᠎ᠤᠨ ᠴᠡᠷᠢᠭ᠎ᠢ ᠬᠦᠷᠢᠶᠡᠯᠡᠬᠦ᠌ ᠠᠵᠢᠯ᠎ᠢ ᠴᠤ᠌ ᠮᠠᠰᠢ ᠰᠠᠢ᠌ᠨ ᠬᠢᠵᠡᠢ᠃ ᠮᠠᠨ᠎ᠤ ᠰᠤᠪᠢᠯᠠᠯᠲᠠ᠎ᠶ᠋ᠢᠨ ᠬᠦᠷᠢᠶᠡᠯᠡᠩ᠎ᠤᠨ ᠡᠮᠴᠢᠯᠡᠭᠡᠨ᠎ᠤ ᠲᠤᠨᠤᠭ ᠲᠥᠬᠥᠭᠡᠷᠦᠮᠵᠢ ᠳᠠᠪᠱᠢᠩᠭᠤᠶ ᠪᠠᠢᠵᠤ᠂ ᠬᠦᠴᠢᠷ ᠲᠦᠪᠡᠭ᠎ᠲᠡᠶ ᠡᠪᠡᠳᠴᠢᠨ ᠡᠮᠭᠡᠭ᠎ᠲᠦ ᠲᠤᠯᠭᠠᠷᠠᠪᠠᠯ᠂ ᠪᠠᠰᠠ ᠲᠣᠮᠣ ᠡᠮᠨᠡᠯᠭᠡ᠎ᠶ᠋ᠢᠨ ᠲᠤᠰᠭᠠᠶ ᠮᠡᠷᠭᠡᠵᠢᠯᠲᠡᠨ᠎ᠢ ᠤᠷᠢᠵᠤ ᠬᠠᠮᠲᠤᠷᠠᠨ ᠣᠨᠣᠱᠢᠯᠠᠭᠤᠯᠤᠨ᠎ᠠ᠂ ᠪᠢᠳᠡ ᠮᠠᠰᠢ ᠰᠠᠨᠠᠭ᠎ᠠ ᠠᠮᠤᠷ ᠪᠠᠢᠨ᠎ᠠ᠃

ᠪᠡᠶ᠎ᠡ ᠦᠷᠡᠭ᠌ᠳᠡᠭ᠌ᠰᠡᠨ ᠳᠠᠢᠴᠢᠨ ᠬᠠᠨᠢ᠎ᠪᠠᠨ ᠪᠤᠳᠤᠬᠤ ᠪᠦᠷᠢ᠂ ᠪᠢ ᠮᠠᠰᠢ ᠠᠵᠠ᠎ᠲᠠᠶ ᠰᠠᠨᠠᠭ᠍ᠳᠠᠳᠠᠭ᠂ ᠥᠨᠥᠳᠦᠷ ᠪᠣᠯᠲᠠᠯ᠎ᠠ ᠠᠮᠢᠳᠤ ᠰᠡᠷᠡᠭᠦᠨ ᠶᠠᠪᠤᠵᠤ ᠴᠢᠳᠠᠭ᠍ᠰᠠᠨ ᠮᠥᠷᠲᠡᠭᠡᠨ ᠡᠬᠡ ᠤᠯᠤᠰ ᠲᠸ᠋ ᠭᠠᠯᠪᠠ ᠶᠢᠷᠲᠢᠨᠴᠦ ᠵᠢ ᠦᠭᠡᠷᠡᠴᠢᠯᠡᠭᠰᠡᠨ ᠬᠤᠪᠢᠷᠠᠯᠲᠠ ᠭᠠᠷᠤᠭ᠍ᠰᠠᠨ᠎ᠢ ᠣᠯᠵᠤ ᠬᠠᠷᠠᠭ᠍ᠰᠠᠨ ᠪᠤᠯᠬᠤᠷ ᠡᠨᠡ ᠨᠠᠰᠤᠨ᠎ᠳᠠᠭᠠᠨ ᠬᠠᠷᠠᠮᠰᠠᠯ ᠥᠬᠡᠶ ᠪᠤᠯᠵᠠᠢ᠃

(ᠱᠢᠨᠬᠤᠸᠠ ᠬᠣᠷᠢᠶᠠᠨ᠎ᠤ ᠴᠧᠩᠳᠦ᠋ ᠶ᠋ᠢᠨ 7 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面