2022-07-13 10:29:47
2015 ᠣᠨ᠎ᠤ 6 ᠰᠠᠷ᠎ᠠ᠎ᠶ᠋ᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠭᠦᠢᠵᠧᠦ᠍᠎ᠶ᠋ᠢᠨ ᠽᠦᠨ ᠢ᠎ᠶ᠋ᠢᠨ ᠬᠤᠸᠠ ᠮᠤᠤ ᠲᠣᠰᠭᠣᠨ᠎ᠳᠤ ᠱᠢᠨᠵᠢᠯᠡᠨ ᠪᠠᠢᠴᠠᠭᠠᠵᠤ᠂ ᠲᠠᠷᠢᠶᠠᠴᠢᠨ ᠠᠢᠯ᠎ᠤᠨ ᠵᠢᠭᠤᠯᠴᠢᠯᠠᠯ ᠡᠵᠡᠩᠨᠡᠵᠦ᠍ ᠪᠠᠢᠭ᠎ᠠ ᠲᠣᠰᠭᠣᠨ᠎ᠤ ᠠᠷᠠᠳ ᠸᠠᠩ ᡁᠢ ᠴᠢᠶᠠᠩ᠎ᠤᠨ ᠭᠡᠷ᠎ᠲᠦ᠂ ᠶᠡᠷᠦᠩᠬᠡᠢ ᠱᠦᠵᠢ ᠬᠦᠷᠢᠶ᠎ᠡ ᠬᠠᠱᠢᠶ᠎ᠠ᠎ᠶ᠋ᠢ ᠨᠢ ᠦᠵᠡᠵᠦ᠍᠂ ᠭᠡᠷ᠎ᠲᠦᠨᠢ ᠣᠷᠣᠵᠤ᠂ ᠲᠣᠰᠭᠣᠨ᠎ᠤ ᠠᠷᠠᠳ᠎ᠲᠠᠶ ᠲᠤᠭᠤᠷᠢᠨ ᠰᠠᠭᠤᠵᠤ ᠳᠣᠲᠣᠨᠣ᠎ᠪᠠᠷ ᠶᠠᠷᠢᠯᠴᠠᠪᠠ᠃ ᠤᠢ᠍ᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠸᠠᠩ ᡁᠢ ᠴᠢᠶᠠᠩ᠎ᠢ ᠰᠤᠷᠪᠤᠯᠵᠢᠯᠠᠵᠤ᠂ ᠲᠡᠭᠦᠨ᠎ᠦ ᠬᠤᠸᠠ ᠮᠤᠤ ᠲᠣᠰᠭᠣᠨ᠎ᠤ ᠬᠥᠭ᠌ᠵᠢᠨ ᠮᠠᠨᠳᠤᠭ᠍ᠰᠠᠨ ᠦᠯᠢᠭᠡᠷ᠎ᠢ ᠶᠠᠷᠢᠬᠤ᠎ᠶ᠋ᠢ ᠰᠣᠨᠣᠰᠪᠠ —
ᠶᠡᠷᠦᠩᠬᠡᠶ ᠱᠦᠵᠢ ᠰᠢ ᠵᠢᠨ ᠫᠢᠩ᠎ᠦᠨ ᠮᠠᠨ᠎ᠤ ᠭᠡᠷ᠎ᠲᠦ ᠢᠷᠡᠭ᠌ᠰᠡᠨ ᠪᠠᠢᠳᠠᠯ ᠶᠠᠭ ᠥᠴᠥᠭᠡᠳᠦᠷ ᠱᠢᠭ᠃ ᠶᠡᠷᠦᠩᠬᠡᠶ ᠱᠦᠵᠢ ᠮᠢᠨᠦ᠍ ᠬᠡᠷ᠎ᠢ ᠦᠵᠡᠭᠡᠳ᠂ ᠶᠡᠬᠡ ᠰᠠᠢᠨ ᠪᠠᠢᠭᠤᠯᠵᠠᠢ ᠭᠡᠪᠡ᠂ ᠠᠷᠠᠯᠵᠢᠶ᠎ᠠ ᠮᠠᠢᠮᠠᠢ ᠰᠠᠢᠨ ᠪᠠᠢᠨ᠎ᠠ ᠦᠦ ᠭᠡᠵᠦ᠍ ᠠᠰᠠᠭᠤᠵᠤ᠂ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠵᠤ ᠬᠥᠭ᠌ᠵᠢᠭᠦᠯᠬᠦ᠌ ᠬᠡᠷᠡᠭ᠌ᠲᠡᠶ ᠭᠡᠵᠦ᠍ ᠵᠠᠬᠢᠪᠠ᠃ ᠶᠡᠷᠦᠩᠬᠡᠢ ᠱᠦᠵᠢ ᠮᠠᠰᠢ ᠳᠣᠲᠣᠨᠣᠰᠣᠭ ᠵᠢᠡᠷ ᠤᠯᠠᠨ᠎ᠲᠠᠶ ᠬᠦᠷᠢᠶᠡᠨ ᠳᠣᠲᠣᠷ᠎ᠠ ᠲᠣᠭᠣᠷᠢᠨ ᠰᠠᠭᠤᠵᠤ ᠵᠣᠭᠣᠭ᠍ᠳᠠᠪᠠ᠃ ᠣᠯᠠᠨ᠎ᠢᠶᠠᠷ᠎ᠢᠶᠠᠨ ᠪᠦᠷ ᠨᠠᠮ᠎ᠤᠨ ᠠᠷᠠᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ ᠰᠠᠢᠨ᠂ ᠠᠮᠢᠳᠤᠷᠠᠯ ᠶᠠᠪᠤᠬᠤ ᠲᠤᠲᠤᠮ ᠪᠠᠶᠠᠷ ᠬᠥᠷ᠎ᠲᠡᠶ ᠪᠣᠯᠵᠤ ᠪᠠᠢᠨ᠎ᠠ ᠭᠡᠵᠦ᠍ ᠬᠡᠯᠡᠵᠦ᠍ ᠪᠠᠢᠯ᠎ᠠ᠃ ᠶᠡᠷᠦᠩᠬᠡᠢ ᠱᠦᠵᠢ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠬᠥᠮᠦᠰ᠎ᠲᠦ᠄《ᠰᠠᠢ᠌ᠨ ᠠᠮᠢᠳᠤᠷᠠᠯ᠎ᠢ ᠪᠣᠯ ᠬᠦᠳᠡᠯᠮᠤᠷᠢᠯᠡᠵᠤ ᠪᠠᠢᠭᠠᠳ ᠣᠯᠳᠠᠭ ᠶᠤᠮ᠂ ᠶᠠᠳᠠᠭᠤ ᠬᠦᠴᠢᠷᠳᠡᠯ ᠠᠶᠤᠮᠰᠢᠬᠳᠠᠢ ᠪᠢᠰᠢ᠂ ᠢᠲᠡᠭᠡᠯ ᠵᠣᠷᠢᠭᠲᠠᠶ ᠯᠠ ᠶᠤᠮ ᠪᠣᠯ ᠢᠯᠠᠨ ᠳᠠᠪᠠᠵᠤ ᠳᠡᠢᠯᠬᠦ᠌ ᠦᠭᠡᠢ ᠬᠦᠴᠢᠷᠳᠡᠯ ᠭᠡᠵᠦ᠍ ᠪᠠᠢᠬᠤ ᠦᠭᠡᠢ ᠶᠤᠮ》 ᠭᠡᠵᠤ ᠬᠡᠯᠡᠪᠡ᠃
ᠨᠠᠳᠠ᠎ᠳᠤ ᠬᠠᠮᠤᠭ᠎ᠤᠨ ᠬᠦᠨ ᠲᠦᠷᠦᠭᠳᠡᠯ ᠦᠯᠡᠳᠡᠭᠡᠭᠰᠡᠨ ᠨᠢ ᠬᠠᠰᠢ ᠯᠡ ᠶᠡᠷᠤᠨᠭᠭᠡᠢ ᠱᠦᠵᠢ ᠵᠢᠨ ᠭᠡᠯᠡᠭᠰᠡᠨ᠄ 《ᠨᠠᠮ᠎ᠤᠨ ᠲᠥᠪ ᠬᠣᠷᠢᠶᠠᠨ᠎ᠤ ᠲᠦᠷᠦ᠍᠎ᠶ᠋ᠢᠨ ᠪᠤᠳᠤᠯᠭ᠎ᠠ ᠰᠠᠢ᠌ᠨ ᠡᠰᠡᠬᠦ᠌ ᠨᠢ ᠨᠤᠲᠤᠭ᠎ᠤᠨ ᠠᠬ᠎ᠠ ᠳᠡᠭᠦᠦ᠍᠎ᠨᠡᠷ᠎ᠦᠨ ᠤᠬᠢᠯᠠᠵᠤ ᠪᠠᠢᠭ᠎ᠠ ᠶᠤᠮ᠎ᠤᠤ ᠡᠰᠡᠬᠦᠯ᠎ᠠ ᠪᠠᠶᠠᠷᠯᠠᠵᠤ ᠪᠠᠢᠭ᠎ᠠ ᠵᠢ ᠨᠢ ᠦᠵᠡᠨ᠎ᠡ᠃ ᠬᠡᠷᠪᠡ ᠨᠤᠲᠤᠭ᠎ᠤᠨ ᠠᠬ᠎ᠠ ᠳᠡᠭᠦᠦ᠍᠎ᠨᠡᠷ ᠪᠠᠶᠠᠷᠯᠠᠵᠤ ᠪᠠᠢᠪᠡᠯ ᠡᠨᠡ ᠨᠢ ᠳᠠᠷᠤᠢ ᠰᠠᠢ᠌ᠨ ᠲᠦᠷᠦ᠍᠎ᠶ᠋ᠢᠨ ᠪᠤᠳᠤᠯᠭ᠎ᠠ ᠪᠣᠯᠤᠨ᠎ᠠ᠂ ᠪᠠᠷᠢᠮᠲᠠᠯᠠᠬᠤ ᠬᠡᠷᠡᠭ᠌ᠲᠡᠢ 》 ᠭᠡᠬᠦ ᠦᠭᠡ ᠪᠤᠯᠤᠨ᠎ᠠ᠃
ᠡᠨᠡ ᠦᠭᠡ ᠨᠢ ᠮᠠᠨ᠎ᠤ ᠲᠠᠷᠢᠶᠠᠴᠢᠨ᠎ᠤ ᠰᠡᠳᠭᠢᠯ᠎ᠳᠤ ᠬᠦᠷᠤᠯ᠎ᠠ᠂ ᠬᠤᠸᠠ ᠮᠤᠤ ᠲᠣᠰᠭᠣᠨ᠎ᠤ ᠠᠷᠠᠳ ᠲᠦᠮᠡᠨ ᠨᠠᠮ᠎ᠤᠨ ᠲᠦᠷᠦ᠍᠎ᠶ᠋ᠢᠨ ᠪᠤᠳᠤᠯᠭ᠎ᠠ ᠪᠣᠯᠤᠨ ᠥᠪᠡᠷ᠎ᠦᠨ ᠠᠵᠢᠯᠴᠢ ᠬᠥᠳᠡᠯᠮᠦᠷᠢᠴᠢ ᠬᠣᠶᠠᠷ ᠭᠠᠷ᠎ᠢᠶᠠᠷ᠎ᠢᠶᠠᠨ ᠵᠣᠯ ᠵᠢᠷᠭᠠᠯᠲᠤ ᠠᠮᠢᠳᠤᠷᠠᠯ᠎ᠢᠶᠠᠨ ᠴᠣᠭ᠍ᠴᠠᠯᠠᠭ᠍ᠰᠠᠨ ᠶᠤᠮ᠃
ᠮᠠᠨ᠎ᠤ ᠲᠣᠰᠭᠣᠨ᠎ᠢ ᠥᠩᠭᠡᠷᠡᠭ᠌ᠰᠡᠨ᠎ᠳᠦ《ᠠᠳᠠᠷᠰᠢᠬᠰᠡᠨ ᠲᠠᠷᠢᠶ᠎ᠠ》ᠭᠡᠳᠡᠭ ᠪᠠᠢᠭ᠍ᠰᠠᠨ᠂ ᠲᠤᠢᠯ᠎ᠤᠨ ᠶᠠᠳᠠᠭᠤ ᠬᠦᠴᠢᠷᠳᠡᠯᠲᠡᠢ᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠴᠢᠷᠠᠢ᠎ᠳᠤ ᠢᠨᠢᠶᠡᠳᠦ ᠲᠣᠳᠣᠷᠠᠬᠤᠶᠠ ᠪᠡᠷᠬᠡ ᠪᠠᠢᠯ᠎ᠠ᠃ ᠤᠯᠤᠰ᠎ᠤᠨ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ ᠨᠤᠭᠤᠳ᠎ᠢ ᠮᠠᠨ᠎ᠤ ᠲᠣᠰᠭᠣᠨ᠎ᠳᠤ ᠭᠡᠷᠡᠭᠵᠢᠬᠦᠯᠦᠭᠰᠡᠨ ᠡᠴᠡ ᠲᠣᠰᠭᠣᠨ ᠵᠢᠯ ᠡᠴᠡ ᠵᠢᠯ ᠬᠤᠪᠢᠷᠠᠯᠳᠠ ᠲᠠᠢ ᠪᠤᠯᠵᠤ᠂ ᠭᠦᠶ᠋ᠵᠧᠤ᠎ᠶ᠋ᠢᠨ ᠬᠣᠢᠲᠤ ᠬᠡᠰᠡᠭ᠎ᠦᠨ ᠭᠣᠶᠣ ᠰᠠᠢᠬᠠᠨ ᠠᠷᠠᠳ᠎ᠤᠨ ᠣᠷᠣᠨ ᠰᠠᠭᠤᠴᠠ᠎ᠶ᠋ᠢ ᠪᠠᠢᠭᠤᠯᠵᠤ᠂ ᠲᠠᠷᠢᠶᠠᠨ ᠭᠠᠵᠠᠷ᠎ᠲᠤ ᠬᠦᠯᠡᠮᠵᠢ ᠪᠠᠷᠢᠵᠤ᠂ ᠲᠣᠰᠭᠣᠨ᠎ᠳᠤ ᠨᠡᠪᠲᠡᠷᠡᠬᠦ᠌ ᠵᠠᠮ᠂ ᠬᠤᠯᠪᠤᠯᠳᠤᠬᠰᠡᠨ ᠵᠠᠮ ᠠᠢᠯ ᠡᠷᠦᠬᠡ ᠪᠣᠯᠭᠠᠨ᠎ᠢ ᠬᠣᠯᠪᠣᠭ᠍ᠰᠠᠨ ᠪᠠᠢᠨ᠎ᠠ᠃
ᠶᠡᠷᠦᠩᠬᠡᠶ ᠱᠦᠵᠢ᠎ᠶ᠋ᠢᠨ ᠬᠦᠷᠴᠦ᠍ ᠢᠷᠡᠭ᠌ᠰᠡᠨ ᠨᠢ ᠣᠯᠠᠨ᠎ᠤ ᠡᠷᠴᠢ ᠵᠣᠷᠢᠭ᠎ᠢ ᠨᠠᠩ ᠬᠥᠪᠴᠢᠯᠡᠪᠡ᠃ ᠤᠳᠤ ᠲᠣᠰᠭᠣᠨ᠎ᠤ ᠲᠠᠷᠢᠶᠠᠴᠢᠨ ᠠᠢᠯ᠎ᠤᠨ ᠵᠢᠭᠤᠯᠴᠢᠯᠠᠯ ᠬᠥᠭ᠌ᠵᠢᠭᠡᠳ 19 ᠪᠤᠯᠵᠤ᠂ ᠤᠯᠠᠮ᠎ᠡᠴᠡ ᠤᠯᠠᠨ ᠲᠣᠰᠭᠣᠨ᠎ᠤ ᠠᠷᠠᠳ ᠵᠢᠭᠤᠯᠴᠢᠯᠠᠯ᠎ᠤᠨ ᠦᠢᠯᠡᠰ ᠡᠷᠬᠢᠯᠡᠭᠡᠳ ᠠᠰᠢᠭ ᠬᠦᠷᠳᠡᠬᠦ ᠪᠣᠯᠵᠠᠢ᠃
ᠥᠩᠭᠡᠷᠡᠭ᠌ᠰᠡᠨ᠎ᠳᠦ ᠪᠢ ᠣᠯᠠᠨ ᠵᠢᠯ ᠭᠠᠳᠠᠨ᠎ᠠ ᠠᠵᠢᠯ ᠬᠢᠵᠦ ᠪᠠᠢᠵᠠᠢ᠂ ᠬᠤᠸᠠ ᠮᠤᠤ ᠲᠣᠰᠭᠣᠨ᠎ᠤ ᠬᠥᠭ᠌ᠵᠢᠯᠲᠡ ᠤᠯᠠᠮ᠎ᠡᠴᠡ ᠤᠯᠠᠮ ᠰᠠᠢᠨ ᠪᠣᠯᠵᠤ ᠪᠠᠢᠬᠤ᠎ᠶ᠋ᠢ ᠣᠯᠵᠤ ᠬᠠᠷᠠᠭᠠᠳ᠂ 2014 ᠣᠨ᠎ᠳᠤ᠂ ᠪᠢ ᠨᠤᠲᠤᠭ᠎ᠲᠠᠭᠠᠨ ᠪᠤᠴᠠᠵᠤ ᠲᠣᠰᠭᠣᠨ᠎ᠤ ᠠᠨᠭᠬᠠᠳᠠᠬᠴᠢ ᠲᠠᠷᠢᠶᠠᠴᠢᠨ ᠠᠢᠯ᠎ᠤᠨ ᠵᠢᠭᠤᠯᠴᠢᠯᠠᠯ᠎ᠢ ᠡᠷᠬᠢᠯᠡᠪᠡ᠃ ᠶᠡᠷᠦᠩᠬᠡᠶ ᠱᠦᠵᠢ ᠢᠷᠡᠭ᠌ᠰᠡᠨ᠎ᠦ ᠳᠠᠷᠠᠭ᠎ᠠ᠂ ᠪᠢᠳᠡ ᠡᠷᠬᠢᠨ ᠲᠣᠭᠣᠷᠢᠨ᠎ᠤ ᠬᠥᠬᠡᠮᠳᠦᠭ ᠨᠣᠭᠣᠭᠠᠨ ᠠᠭᠤᠯᠠ ᠤᠰᠤᠨ᠎ᠳᠤ ᠲᠦᠱᠢᠭ᠌ᠯᠡᠨ ᠬᠥᠳᠡᠭᠡ ᠲᠣᠰᠭᠣᠨ᠎ᠤ ᠵᠢᠭᠤᠯᠴᠢᠯᠠᠯ᠎ᠢ ᠢᠳᠡᠪᠬᠢᠲᠡᠶ ᠬᠥᠭ᠌ᠵᠢᠭᠦᠯᠵᠦ᠍᠂ ᠲᠣᠰᠭᠣᠨ᠎ᠳᠤ ᠠᠭᠠᠵᠢᠮ᠎ᠢᠶᠠᠷ ᠱᠠᠭᠠᠵᠠᠩ ᠤᠷᠠᠯᠢᠭ᠎ᠤᠨ ᠵᠡᠭᠡᠯᠢ᠂ ᠨᠤᠭᠤ ᠭᠠᠵᠠᠷ᠎ᠤᠨ ᠥᠷᠲᠡᠭᠡ᠂ ᠨᠤᠲᠤᠭ᠎ᠤᠨ ᠮᠥᠷᠥᠭᠡᠳᠦᠯ᠎ᠦᠨ ᠵᠥᠷᠢᠭ ᠵᠠᠮ ᠵᠡᠷᠭᠡ ᠨᠢᠭᠡ ᠪᠦᠯᠦᠭ ᠵᠢᠭᠤᠯᠴᠢᠯᠠᠯ᠎ᠤᠨ ᠲᠥᠷᠥᠯ ᠵᠦᠶ᠋ᠯ᠎ᠢ ᠪᠠᠢᠭᠤᠯᠵᠤ᠂ ᠮᠢᠨᠦ᠍ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠠᠷᠠᠯᠵᠢᠶ᠎ᠠ ᠤᠯᠠᠮ ᠡᠴᠡ ᠤᠯᠠᠮ ᠰᠠᠢᠵᠢᠷᠠᠪᠠ᠃ ᠨᠠᠩ ᠣᠯᠠᠨ ᠵᠢᠭᠤᠯᠴᠢᠯᠠᠬᠰᠡᠳ᠎ᠢ ᠬᠦᠯᠢᠶᠡᠨ ᠠᠪᠬᠤ᠎ᠶ᠋ᠢᠨ ᠲᠥᠯᠥᠭᠡ᠂ ᠪᠢ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠬᠡᠪᠴᠢᠶ᠎ᠡ᠎ᠪᠡᠨ ᠥᠷᠭᠡᠳᠭᠡᠵᠦ᠍᠂ ᠲᠣᠭᠣᠭᠠᠨ ᠭᠡᠷ᠎ᠢ ᠥᠭᠡᠷᠡᠴᠢᠯᠡᠵᠦ᠍᠂ ᠪᠠᠢᠨ ᠪᠠᠢᠨ ᠬᠡᠳᠦᠨ ᠱᠢᠨ᠎ᠡ ᠨᠣᠭᠣᠭ᠎ᠠ ᠨᠡᠮᠡᠵᠦ᠍᠂ ᠪᠦᠷ ᠲᠣᠰ ᠭᠠᠵᠠᠷ᠎ᠤᠨ ᠢᠳᠡᠭᠡᠨ᠎ᠦ ᠮᠠᠲ᠋ᠧᠷᠢᠶᠠᠯ᠎ᠢᠶᠠᠷ ᠬᠢᠭ᠌ᠰᠡᠨ ᠲᠠᠷᠢᠶᠠᠴᠢᠨ ᠠᠢᠯ᠎ᠤᠨ ᠨᠣᠭᠣᠭ᠎ᠠ ᠪᠠᠢᠵᠤ ᠵᠢᠭᠤᠯᠴᠢᠯᠠᠭ᠍ᠴᠢᠳ᠎ᠤᠨ ᠬᠦᠷᠢᠶᠡᠯᠡᠯ᠎ᠢ ᠣᠯᠵᠤ ᠪᠠᠢᠨ᠎ᠠ᠃
ᠬᠥᠳᠡᠭᠡ ᠲᠣᠰᠭᠣᠨ᠎ᠤ ᠵᠢᠭᠤᠯᠴᠢᠯᠠᠯ᠎ᠡᠴᠡ ᠭᠠᠳᠠᠨ᠎ᠠ᠂ ᠲᠣᠰᠭᠣᠨ᠎ᠤ ᠢᠳᠡᠱᠢᠨ ᠨᠣᠭᠣᠭ᠎ᠠ ᠵᠢᠨ ᠠᠵᠤ ᠦᠶ᠋ᠯᠡᠰ ᠪᠠᠰᠠ ᠨᠡᠯᠢᠶᠡᠳ ᠰᠠᠢᠨ ᠬᠥᠭ᠌ᠵᠢᠵᠦ᠍ ᠪᠠᠢᠨ᠎ᠠ᠃ ᠥᠩᠭᠡᠷᠡᠭᠰᠡᠨ᠎ᠳᠦ ᠲᠣᠰᠭᠣᠨ᠎ᠤ ᠮᠠᠰᠢ ᠣᠯᠠᠨ ᠲᠠᠷᠢᠶᠠᠨ ᠭᠠᠵᠠᠷ ᠠᠲᠠᠷᠱᠢᠭ᠍ᠰᠠᠨ ᠪᠤᠶᠤ ᠲᠠᠷᠢᠮᠠᠯ᠎ᠤᠨ ᠲᠥᠷᠥᠯ ᠵᠦᠶ᠋ᠯ ᠳᠠᠩ ᠴᠤᠯᠭᠤᠶ᠂ ᠦᠷ᠎ᠡ ᠠᠱᠢᠭ ᠨᠢ ᠥᠨᠳᠥᠷ ᠪᠢᠰᠢ ᠪᠠᠢᠵᠠᠢ᠃ ᠰᠡᠭᠦᠯᠡᠷ ᠨᠢ ᠲᠣᠰᠭᠣᠨ᠎ᠳᠤ ᠢᠳᠡᠱᠢᠨ ᠨᠣᠭᠣᠭ᠎ᠠ ᠳᠠᠷᠢᠬᠤ ᠲᠤᠰᠭᠠᠶ ᠬᠣᠷᠱᠢᠶ᠎ᠠ ᠪᠠᠢᠭᠤᠯᠵᠤ᠂ ᠲᠠᠷᠢᠶᠠᠯᠠᠩ᠎ᠤᠨ ᠮᠠᠱᠢᠨ᠎ᠤ ᠨᠥᠬᠥᠪᠥᠷᠢ᠂ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡᠨ᠎ᠦ ᠨᠥᠬᠥᠪᠥᠷᠢ ᠵᠡᠷᠭᠡ᠎ᠶ᠋ᠢ ᠭᠥᠷᠳᠡᠵᠦ᠍᠂ ᠥᠷᠭᠡᠰᠦᠲᠦ ᠬᠡᠮᠬᠡ᠂ ᠠᠯᠲᠠᠨ ᠮᠠᠨᠵᠢᠯᠭ᠎ᠠ᠂ ᠲᠥᠪᠡᠳ ᠬᠠᠰᠢ᠂ ᠬᠠᠰᠢ ᠵᠡᠷᠭᠡ ᠡᠯ᠎ᠡ ᠵᠦᠶ᠋ᠯ᠎ᠦᠨ ᠢᠳᠡᠱᠢᠨ ᠨᠣᠭᠣᠭ᠎ᠠ ᠳᠠᠷᠢᠪᠠ᠃ ᠬᠠᠪᠤᠷ ᠵᠤᠨ᠎ᠤ ᠤᠯᠠᠷᠢᠯ ᠪᠣᠯᠬᠤ ᠪᠦᠷᠢ᠂ ᠲᠠᠷᠢᠶᠠᠨ ᠭᠠᠵᠠᠷ ᠲᠤ᠌ ᠢᠳᠡᠰᠢᠨ ᠨᠤᠭᠤᠭ᠎ᠠ ᠵᠢᠨ ᠡᠯᠪᠡᠭ ᠬᠤᠷᠢᠶᠠᠯᠳᠠ ᠵᠢᠨ ᠠᠡᠭᠭᠢᠯᠤᠮᠠ ᠦᠨᠦᠷ ᠬᠠᠨᠭᠬᠤᠯᠤᠨᠠ᠃
2019 ᠣᠨ᠎ᠤ ᠰᠡᠭᠦᠯᠴᠢ᠎ᠪᠡᠷ ᠮᠠᠨ᠎ᠤ ᠬᠤᠸᠠ ᠮᠤᠤ ᠲᠣᠰᠭᠣᠨ᠎ᠤ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠵᠢᠡᠷ ᠢᠶᠡᠨ ᠶᠠᠳᠠᠭᠤ᠎ᠡᠴᠡ ᠠᠩᠭᠢᠵᠢᠷᠠᠪᠠ᠃ ᠥᠩᠭᠡᠷᠡᠭ᠌ᠰᠡᠨ᠎ᠳᠦ ᠲᠦᠷᠢ ᠲᠦᠷᠬᠦ ᠠᠨᠠᠢ 《ᠠᠲᠠᠷᠰᠢᠬᠰᠡᠨ ᠲᠠᠷᠢᠶ᠎ᠠ》 ᠡᠳᠦᠭᠡ ᠵᠢᠩᠬᠢᠨᠢ《ᠬᠤᠸᠠ ᠮᠤᠤ ᠲᠣᠰᠭᠣᠨ》 ᠪᠣᠯᠵᠤ ᠬᠤᠪᠢᠷᠠᠪᠠ᠃ ᠮᠢᠨᠦ᠍ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠬᠦᠷᠢᠶᠠᠨ᠎ᠤ ᠡᠭᠦᠳᠡᠨ᠎ᠳᠦ ᠨᠢᠭᠡ ᠢᠨᠢᠶᠡᠮᠰᠦᠭᠯᠡᠭᠰᠡᠨ ᠴᠢᠷᠠᠶ᠎ᠲᠠᠶ ᠬᠡᠷᠡᠮ ᠪᠠᠢᠨ᠎ᠠ᠂ ᠳᠡᠭᠡᠷ᠎ᠡ ᠨᠢ ᠲᠣᠰᠭᠣᠨ᠎ᠤ ᠠᠷᠠᠳ᠎ᠤᠨ ᠢᠨᠢᠶᠡᠮᠰᠦᠭᠯᠡᠭᠰᠡᠨ ᠴᠢᠷᠠᠶ᠎ᠲᠠᠶ ᠰᠡᠭᠦᠳᠡᠷᠤᠳᠢ ᠨᠡᠭᠠᠵᠠᠢ᠂ ᠪᠢ ᠢᠷᠡᠭ᠌ᠰᠡᠨ ᠬᠥᠮᠦᠨ ᠪᠣᠯᠭᠠᠨ᠎ᠳᠤ ᠪᠢᠳᠡᠨ᠎ᠦ ᠵᠣᠯ ᠵᠢᠷᠭᠠᠯ ᠪᠠ ᠪᠠᠶᠠᠷ ᠪᠠᠶᠠᠰᠤᠯ᠎ᠢ ᠮᠡᠳᠡᠷᠡᠭᠦᠯᠬᠦ᠌ ᠰᠠᠨᠠᠭ᠎ᠠ᠎ᠲᠠᠶ᠃
(ᠱᠢᠨᠬᠤᠸᠠ ᠬᠣᠷᠢᠶᠠᠨ᠎ᠤ ᠭᠦᠢᠶᠠᠩ᠎ᠤᠨ 6 ᠰᠠᠷ᠎ᠠ᠎ᠶ᠋ᠢᠨ 29 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃