ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-05-06 09:55:45

ᠵᠣᠬᠢᠶᠠᠭ᠍ᠴᠢ᠄ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠰᠦᠨ ᠯᠢᠶᠠᠩ ᠴᠢᠤᠸᠠᠨ ᠵᠠᠨ ᠶᠠᠨ ᠣᠩᠱᠢᠭ᠍ᠰᠠᠨ ᠣᠳᠠᠭ᠎ᠠ᠄ 3

ᠶᠡᠷᠦᠩᠬᠡᠶ ᠱᠦᠵᠢ ᠰᠢ ᠵᠢᠨ ᠫᠢᠩ 2020 ᠣᠨ᠎ᠤ 5 ᠰᠠᠷ᠎ᠠ᠎ᠳᠤ ᠱᠠᠨ ᠰᠢ᠎ᠳᠦ ᠱᠢᠨᠵᠢᠯᠡᠨ ᠪᠠᠢᠴᠠᠭᠠᠬᠤ᠎ᠳᠠᠭᠠᠨ᠂ ᠲᠠᠢᠶᠤᠸᠠᠨ᠎ᠤ ᠪᠤᠯᠤᠳ ᠲᠡᠮᠦᠷ᠎ᠤᠨ ᠵᠢᠪᠡᠷᠡᠬᠦ᠌ ᠥᠬᠡᠶ ᠪᠣᠯᠣᠳ᠎ᠤᠨ ᠨᠠᠷᠢᠯᠢᠭ ᠪᠦᠰᠡᠳᠦ ᠪᠣᠯᠣᠳ᠎ᠤᠨ ᠬᠢᠵᠠᠭᠠᠷᠲᠤ ᠺᠣᠮᠫᠠᠨᠢ᠎ᠳᠤ ᠬᠦᠷᠴᠦ᠍᠂ 0.02 ᠮᠢᠯᠢᠮᠧᠲ᠋ᠷ ᠨᠢᠮᠭᠡᠨ 《ᠭᠡᠳᠦ ᠨᠢᠮᠭᠡᠨ ᠪᠣᠯᠣᠳ》 ᠎ᠤ᠋ᠨ ᠦᠶ᠋ᠯᠡᠳᠬᠦᠨ᠎ᠢ ᠪᠠᠢᠴᠠᠭᠠᠨ ᠦᠵᠡᠭ᠌ᠰᠡᠨ ᠪᠥᠭᠡᠳ ᠳᠡᠭᠡᠳᠦ ᠲᠠᠰ᠎ᠤᠨ ᠦᠶ᠋ᠯᠡᠳᠬᠦ᠌ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠠᠬᠢᠭᠤᠯᠬᠤ ᠲᠤᠬᠠᠶ ᠱᠠᠭᠠᠷᠳᠠᠯᠭ᠎ᠠ ᠳᠤᠷᠠᠳᠪᠠ᠃ ᠰᠤᠷᠪᠤᠯᠵᠢᠯᠠᠭ᠍ᠴᠢ ᠤᠢ᠍ᠢᠷ᠎ᠠ᠎ᠳᠤ ᠲᠤᠬᠠᠢ᠎ᠶ᠋ᠢᠨ ᠦᠶ᠎ᠡ᠎ᠳᠦ ᠶᠡᠷᠦᠩᠬᠡᠢ ᠱᠦᠵᠢ᠎ᠲᠡᠶ ᠶᠠᠷᠢᠯᠴᠠᠵᠤ ᠪᠠᠢᠭ᠍ᠰᠠᠨ ᠲᠠᠢᠶᠤᠸᠠᠨ᠎ᠤ ᠪᠤᠯᠤᠳ ᠲᠡᠮᠦᠷ᠎ᠤᠨ ᠵᠢᠪᠡᠷᠡᠬᠦ ᠦᠭᠡᠢ ᠪᠤᠯᠤᠳ᠎ᠦᠨ ᠪᠦᠯᠦᠭ᠌ᠯᠡᠯ᠎ᠦᠨ ᠵᠢᠪᠡᠷᠡᠬᠦ᠌ ᠦᠭᠡᠢ ᠪᠤᠯᠤᠳ᠎ᠤᠨ ᠢᠯᠲᠠᠰᠤ᠎ᠶ᠋ᠢᠨ ᠤᠷ᠎ᠠ ᠮᠡᠷᠭᠡᠵᠢᠯ᠎ᠦᠨ ᠲᠡᠷᠢᠬᠦᠨ ᠢᠨᠵᠧᠨᠧᠷ ᠯᠢᠶᠣᠤ ᠰᠢ᠎ᠶ᠋ᠢ ᠲᠠᠬᠢᠵᠤ ᠰᠤᠷᠪᠤᠯᠵᠢᠯᠠᠪᠠ᠃


ᠦᠵᠡᠭ᠌ᠳᠡᠯ᠎ᠢ ᠡᠷᠭᠢᠴᠡᠭᠦᠯᠬᠦᠢ


ᠲᠠᠢᠶᠤᠸᠠᠨ᠎ᠤ ᠪᠤᠯᠤᠳ ᠲᠡᠮᠦᠷ᠎ᠤᠨ ᠵᠢᠪᠡᠷᠡᠬᠦ᠌ ᠥᠬᠡᠶ ᠪᠣᠯᠣᠳ ᠨᠠᠷᠢᠯᠢᠭ ᠪᠦᠰᠡᠳᠦ ᠪᠣᠯᠣᠳ᠎ᠤᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢ᠎ᠶ᠋ᠢᠨ ᠲᠠᠰᠤᠭ᠎ᠲᠤ ᠠᠷᠠᠭᠠᠲᠤ ᠬᠦᠷᠳᠦ ᠡᠷᠭᠢᠯᠳᠦᠵᠦ᠍᠂ ᠮᠠᠱᠢᠨ ᠲᠤᠨᠤᠭ ᠬᠦᠩᠭᠢᠨᠡᠨ᠎ᠡ᠃ ᠶᠡᠷᠦᠩᠬᠡᠢ ᠱᠦᠵᠢ ᠰᠢ ᠵᠢᠨ ᠫᠢᠩ᠎ᠦᠢᠯᠡᠳᠪᠦᠷᠢ ᠵᠢᠨ ᠲᠠᠰᠤᠭ᠎ᠲᠤ ᠣᠷᠣᠵᠤ᠂ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌ ᠦᠢᠯᠡᠳᠬᠦᠨ ᠎ᠦ ᠦᠵᠡᠭᠦᠯᠭᠡ᠎ᠶ᠋ᠢ ᠪᠠᠢᠴᠠᠭᠠᠨ ᠦᠵᠡᠵᠦ᠍᠂ ᠠᠵᠤ ᠠᠬᠤᠢᠯᠠᠯ᠎ᠤᠨ ᠠᠵᠢᠯᠯᠠᠭᠠᠨ᠎ᠤ ᠪᠠᠢᠳᠠᠯ᠎ᠢ ᠣᠢᠯᠠᠭᠠᠪᠠ᠃

ᠭᠡᠳᠦ ᠨᠢᠮᠭᠡᠨ ᠨᠠᠷᠢᠯᠢᠭ ᠵᠢᠪᠡᠷᠡᠬᠦ᠌ ᠦᠭᠡᠢ ᠪᠦᠰᠡᠳᠦ ᠪᠤᠯᠤᠳ᠎ᠢ ᠦᠢᠯᠡᠳᠪᠦᠷᠢᠯᠡᠬᠦ᠌ ᠮᠠᠱᠢᠨ ᠴᠣᠭ᠍ᠴᠠᠯᠠᠪᠤᠷᠢ᠎ᠶ᠋ᠢᠨ ᠡᠮᠦᠨ᠎ᠡ᠂ ᠶᠡᠷᠦᠩᠬᠡᠢ ᠱᠦᠵᠢ ᠠᠯᠬᠤᠭ᠎ᠠ᠎ᠪᠠᠨ ᠵᠣᠭ᠍ᠰᠣᠵᠤ᠂ ᠨᠢᠭᠡ ᠬᠡᠰᠡᠭ 《ᠭᠡᠳᠦ ᠨᠢᠮᠭᠡᠨ ᠪᠤᠯᠤᠳ》 ᠢ᠋ ᠠᠪᠴᠤ᠌ ᠨᠠᠷᠢᠨ ᠨᠢᠮᠪᠠᠢ ᠪᠠᠢᠴᠠᠭᠠᠨ ᠦᠵᠡᠵᠦ᠍᠂ ᠬᠤᠷᠤᠭᠤ᠎ᠪᠠᠷ᠎ᠢᠶᠠᠨ ᠬᠥᠩᠭᠡᠬᠡᠨ ᠮᠤᠰᠭᠢᠵᠦ᠍ ᠠᠪᠤᠭᠠᠳ᠄ 《ᠤᠷ᠎ᠠ ᠮᠡᠷᠭᠡᠵᠢᠯ ᠦᠨᠡᠬᠡᠷ ᠰᠠᠢ᠌ᠨ᠂ ᠶᠠᠭ ᠯᠠ ᠴᠠᠭᠠᠨ ᠲᠤᠭᠤᠯᠭᠠᠨ ᠴᠠᠭᠠᠰᠤ ᠱᠢᠭ᠋ ᠨᠢᠮᠭᠡᠨ᠂ ᠵᠠᠭᠤᠨᠲᠠ ᠪᠣᠯᠪᠠᠰᠤᠷᠠᠭᠤᠯᠤᠭ᠍ᠰᠠᠨ ᠪᠤᠯᠤᠳ᠎ᠢ ᠬᠤᠷᠤᠭᠤ᠎ᠪᠠᠨ ᠣᠷᠢᠶᠠᠵᠤ ᠪᠤᠯᠬᠤ ᠵᠥᠭᠡᠯᠡᠨ ᠪᠣᠯᠭᠠᠭ᠍ᠰᠠᠨ ᠪᠠᠢᠨ᠎ᠠ》 ᠭᠡᠵᠦ ᠥᠪᠡᠷ᠎ᠤᠨ ᠡᠷᠬᠡ ᠦᠭᠡᠢ ᠮᠠᠭᠳᠠᠨ ᠰᠠᠢᠰᠢᠶᠠᠪᠠ᠃

ᠡᠢᠮᠦᠷᠬᠦᠦ ᠪᠣᠯᠣᠳ᠎ᠤᠨ ᠵᠤᠵᠠᠭᠠᠨ᠎ᠤ ᠬᠡᠮᠵᠢᠶ᠎ᠡ ᠨᠢ ᠵᠥᠪᠬᠡᠨ 0.02 ᠮᠢᠯᠢᠮᠧᠲ᠋ᠷ ᠪᠠᠢᠵᠤ᠂ ᠡᠩ᠎ᠦᠨ A4 ᠴᠠᠭᠠᠰᠤᠨ᠎ᠤ ᠳᠥᠷᠪᠡᠨ᠎ᠦ ᠨᠢᠭᠡ ᠬᠤᠪᠢ᠎ᠲᠠᠶ ᠲᠡᠩᠴᠡᠵᠦ᠍᠂ ᠠᠮᠠᠷᠬᠠᠨ ᠤᠷᠠᠵᠤ ᠪᠣᠯᠬᠤ ᠲᠤᠯᠠ 《ᠭᠠᠷ᠎ᠢᠶᠠᠷ ᠤᠷᠠᠵᠤ ᠪᠤᠯᠬᠤ ᠪᠣᠯᠣᠳ》 ᠭᠡᠵᠦ ᠳᠦᠷᠰᠦᠯᠡᠳᠡᠭ᠃ ᠰᠠᠨᠰᠠᠷ᠎ᠤᠨ ᠠᠶᠠᠯᠠᠯ᠂ ᠳᠡᠭᠡᠳᠦ ᠲᠡᠰ᠎ᠤᠨ ᠡᠯᠧᠺᠲ᠋ᠷᠣᠨ᠂ ᠱᠢᠨ᠎ᠡ ᠡᠨᠧᠷᠭᠢ᠎ᠶ᠋ᠢᠨ ᠬᠦᠷᠢᠶ᠎ᠡ᠎ᠡᠴᠡ᠂ ᠣᠳᠣᠬᠠᠨ᠎ᠳᠤ ᠳᠡᠯᠭᠡᠷᠡᠵᠦ᠍ ᠪᠠᠢᠭ᠎ᠠ ᠡᠪᠬᠡᠮᠡᠯ ᠳᠡᠯᠭᠡᠴᠡ᠎ᠲᠡᠶ ᠭᠠᠷ ᠤᠲᠠᠰᠤᠨ᠎ᠳᠤ ᠬᠦᠷᠲᠡᠯ᠎ᠡ ᠪᠦᠷ ᠲᠡᠭᠦᠨ᠎ᠦ ᠪᠠᠷ᠎ᠠ ᠰᠡᠭᠦᠳᠡᠷ ᠬᠠᠷᠠᠭ᠍ᠳᠠᠨ᠎ᠠ᠃

ᠦᠢᠯᠡᠳᠪᠦᠷᠢ ᠵᠢᠨ ᠲᠠᠰᠤᠭ᠎ᠤᠨ ᠡᠭᠦᠳᠡᠨ᠎ᠳᠦ᠂ ᠶᠡᠷᠦᠩᠬᠡᠢ ᠱᠦᠵᠢ ᠰᠢ ᠵᠢᠨ ᠫᠢᠩ ᠴᠤᠭᠯᠠᠷᠠᠨ ᠢᠷᠡᠭ᠌ᠰᠡᠨ ᠠᠵᠢᠯᠳᠠᠨ ᠠᠵᠢᠯᠴᠢᠨ᠎ᠤ ᠲᠥᠯᠥᠭᠡᠯᠡᠭ᠌ᠴᠢᠳ᠎ᠲᠡᠶ ᠳᠣᠲᠣᠨᠣ᠎ᠪᠠᠷ ᠶᠠᠷᠢᠯᠴᠠᠪᠠ᠃ ᠲᠡᠷᠡ᠂ ᠦᠶ᠋ᠯᠡᠳᠬᠦᠨ ᠪᠠ ᠮᠡᠷᠭᠡᠵᠢᠯ ᠪᠣᠯ ᠠᠵᠤ ᠠᠬᠤᠢᠯᠠᠯ᠎ᠤᠨ ᠣᠷᠣᠱᠢᠨ ᠲᠣᠭ᠍ᠲᠠᠨᠢᠬᠤ ᠦᠨᠳᠦᠰᠦ ᠮᠥᠨ᠂ 《ᠲᠠ᠎ᠨᠠᠷ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠳᠡᠭᠡᠳᠦ ᠲᠠᠰ᠎ᠤᠨ ᠦᠶ᠋ᠯᠡᠳᠬᠦ᠌ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠲᠠᠰᠤᠷᠠᠯᠲᠠ ᠥᠬᠡᠶ ᠨᠣᠶᠠᠨ ᠣᠷᠭᠢᠯ᠎ᠳᠤ ᠭᠠᠷᠴᠤ᠌᠂ ᠲᠡᠷᠢᠭᠦᠨ᠎ᠦ ᠦᠶ᠋ᠯᠡᠳᠬᠦ᠌ ᠦᠶ᠋ᠯᠡᠰ᠎ᠢ ᠲᠤᠯᠭᠠᠭᠤᠷᠢᠯᠠᠬᠤ ᠲᠠᠯ᠎ᠠ᠎ᠪᠠᠷ ᠨᠠᠩ ᠶᠡᠬᠡ ᠱᠢᠨ᠎ᠡ ᠠᠯᠬᠤᠮ᠎ᠢ ᠠᠯᠬᠤᠬᠤ᠎ᠶ᠋ᠢ ᠬᠦᠰᠡᠵᠦ᠍ ᠪᠠᠢᠨ᠎ᠠ》 ᠭᠡᠵᠦ ᠵᠢᠭᠠᠨ ᠭᠠᠷᠭᠠᠪᠠ᠃


ᠯᠢᠶᠣᠤ ᠰᠢ᠎ᠶ᠋ᠢᠨ ᠰᠡᠳᠭᠢᠯ᠎ᠦᠨ ᠳᠠᠭᠤᠨ


ᠲᠤᠬᠠᠢ᠎ᠶ᠋ᠢᠨ ᠲᠠᠯᠠᠪᠠᠢ᠎ᠳᠤ ᠶᠡᠷᠦᠩᠬᠡᠢ ᠱᠦᠵᠢ᠎ᠶ᠋ᠢᠨ ᠶᠠᠷᠢᠶ᠎ᠠ᠎ᠶ᠋ᠢ ᠰᠣᠨᠣᠰᠤᠭ᠍ᠰᠠᠨ᠎ᠳᠠᠭᠠᠨ ᠪᠢ ᠮᠠᠰᠢ ᠠᠵᠠ᠎ᠲᠠᠶ ᠰᠠᠨᠠᠭ᠍ᠳᠠᠵᠤ ᠪᠠᠢᠨ᠎ᠠ᠃ ᠶᠡᠷᠦᠩᠬᠡᠶ ᠱᠦᠵᠢ ᠠᠵᠤ ᠠᠬᠤᠢᠯᠠᠯ᠎ᠤᠨ ᠦᠶ᠋ᠯᠡᠳᠪᠦᠷᠢᠯᠡᠯ ᠪᠠ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠬᠠᠯᠠᠮᠵᠢᠯᠠᠬᠤ᠎ᠪᠠᠷ ᠪᠠᠷᠠᠬᠤ ᠥᠬᠡᠶ᠂ ᠪᠠᠰᠠ ᠮᠠᠨ᠎ᠤ ᠠᠵᠢᠯᠴᠢᠨ᠎ᠤ ᠠᠵᠢᠯ ᠠᠮᠢᠳᠤᠷᠠᠯ᠎ᠢ ᠴᠦ᠍ ᠮᠠᠰᠢ ᠬᠠᠯᠠᠮᠵᠢᠯᠠᠳᠠᠭ᠃ ᠲᠡᠭᠦᠨ᠎ᠦ ᠬᠠᠯᠠᠮᠵᠢᠯᠠᠯ ᠪᠠ ᠵᠣᠷᠢᠭ᠍ᠵᠢᠭᠤᠯᠤᠯ ᠨᠢ ᠪᠢᠳᠡᠨ᠎ᠦ ᠠᠵᠢᠯ ᠲᠥᠷᠥᠯ᠎ᠦᠨ ᠳᠡᠯᠡᠬᠡᠶ᠎ᠶ᠋ᠢᠨ ᠬᠦᠴᠢᠷ ᠰᠡᠳᠦᠪ᠎ᠲᠦ ᠦᠷᠭᠦᠯᠵᠢᠯᠡᠨ ᠳᠠᠭᠠᠷᠢᠯᠲᠠ ᠶᠠᠪᠤᠭᠤᠯᠬᠤ ᠣᠶᠤᠨ ᠰᠠᠨᠠᠭᠠᠨ᠎ᠤ ᠬᠦᠴᠦᠨ ᠪᠣᠯᠪᠠ᠃

ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠪᠢᠳᠡ ᠰᠤᠳᠤᠯᠤᠨ ᠨᠡᠭᠡᠭᠡᠬᠦ᠌ ᠭᠣᠣᠯᠳᠠᠯᠭ᠎ᠠ ᠎ᠪᠠᠨ ᠳᠠᠬᠢᠨ ᠲᠣᠭ᠍ᠲᠠᠭᠠᠵᠤ᠂ ᠱᠢᠯᠢᠳᠡᠭ ᠬᠦᠴᠦᠨ᠎ᠢ ᠲᠠᠲᠠᠵᠤ 7 ᠪᠣᠭᠣᠮᠲᠠ ᠱᠢᠪᠲᠤᠯᠬᠤ ᠳᠤᠭᠤᠢᠯᠠᠩ ᠪᠠᠢᠭᠤᠯᠪᠠ᠃ ᠡᠭᠦᠨ᠎ᠳᠦ ᠨᠢᠭᠡᠨ ᠪᠣᠭᠣᠮᠲᠠ ᠱᠢᠪᠲᠤᠯᠬᠤ ᠪᠦᠯᠬᠦᠮ᠎ᠦᠨ ᠡᠭᠦᠷᠭᠡ ᠪᠣᠯ ᠳᠠᠷᠤᠶ 0.02 ᠮᠢᠯᠢᠮᠧᠲ᠋ᠷ ᠵᠤᠵᠠᠭᠠᠨ《ᠭᠡᠳᠦ ᠨᠢᠮᠭᠡᠨ ᠪᠣᠯᠣᠳ》 ᠎ᠢ᠋ ᠦᠷᠭᠦᠯᠵᠢᠯᠡᠨ ᠨᠢᠮᠭᠡᠯᠡᠵᠦ᠍᠂ ᠬᠢᠵᠠᠭᠠᠷᠲᠦ ᠪᠠᠢᠳᠠᠯ᠎ᠢ ᠱᠢᠪᠲᠤᠯᠤᠨ᠂ ᠲᠥᠷᠥᠯ ᠲᠡᠮᠳᠡᠭ᠎ᠢ ᠪᠣᠶ ᠪᠣᠯᠭᠠᠨ᠎ᠠ᠃

ᠪᠢᠳᠠ ᠨᠢᠭᠡ ᠲᠠᠯ᠎ᠠ᠎ᠪᠠᠷ ᠤᠳᠤ ᠪᠠᠢᠭ᠎ᠠ ᠲᠤᠨᠤᠭ ᠲᠥᠬᠥᠭᠡᠷᠦᠮᠵᠢ᠎ᠶ᠋ᠢ ᠲᠡᠰ ᠳᠡᠪᠱᠢᠭᠦᠯᠦᠨ ᠥᠭᠡᠷᠡᠴᠢᠯᠡᠵᠦ᠍᠂ ᠨᠦᠬᠦᠭᠡ ᠲᠠᠯ᠎ᠠ᠎ᠪᠠᠷ ᠠᠳᠠᠯᠢ ᠪᠤᠰᠤ ᠲᠦᠷᠦᠯ᠎ᠦᠨ ᠪᠤᠯᠤᠳ ᠮᠠᠲ᠋ᠧᠷᠢᠶᠠᠯ᠎ᠢ ᠰᠣᠯᠢᠬᠤ᠎ᠪᠠᠷ ᠲᠠᠮᠵᠢᠨ᠂ ᠴᠢᠨᠠᠭ᠍ᠰᠢᠯᠠᠨ ᠲᠤᠨᠤᠭ ᠲᠥᠬᠥᠭᠡᠷᠦᠮᠵᠢ᠎ᠶ᠋ᠢᠨ 《ᠨᠢᠳᠦ》 ᠎ᠳ᠋ᠤ ᠲᠦᠱᠢᠭ᠌ᠯᠡᠬᠦ᠌᠎ᠪᠡᠨ ᠪᠤᠯᠢᠵᠤ᠂ ᠬᠥᠮᠦᠨ᠎ᠦ ᠬᠦᠴᠦ᠍᠎ᠪᠡᠷ ᠲᠠᠬᠢᠨ ᠳᠠᠪᠲᠠᠨ ᠲᠤᠷᠱᠢᠬᠤ ᠪᠣᠯᠪᠠ᠃

ᠶᠡᠷᠦᠩᠬᠡᠶ ᠱᠦᠵᠢ ᠱᠢᠨᠵᠢᠯᠡᠨ ᠪᠠᠢᠴᠠᠭᠠᠭᠠᠳ 3 ᠰᠠᠷ᠎ᠠ ᠪᠤᠯᠤᠭᠰᠠᠨ᠎ᠤ ᠳᠠᠷᠠᠭ᠎ᠠ᠂ ᠪᠢᠳᠡ ᠡᠴᠦᠰ᠎ᠲᠡᠬᠡᠨ 600 ᠮᠢᠯᠢᠮᠧᠲ᠋ᠷ ᠵᠢᠪᠡᠷᠡᠬᠦ᠌ ᠥᠬᠡᠶ ᠪᠣᠯᠣᠳ ᠨᠠᠷᠢᠯᠢᠭ ᠢᠯᠲᠠᠰᠤ᠎ᠶᠢᠨ ᠵᠤᠵᠠᠭᠠᠨ᠎ᠢ 0.015 ᠮᠢᠯᠢᠮᠧᠲ᠋ᠷ ᠪᠣᠯᠭᠠᠪᠠ᠃ ᠡᠨᠡ ᠪᠣᠯ ᠱᠢᠨ᠎ᠡ ᠳᠡᠯᠡᠬᠡᠶ᠎ᠶ᠋ᠢᠨ ᠲᠡᠮᠳᠡᠭ᠌ᠯᠡᠯ ᠪᠤᠯᠤᠨ᠎ᠠ᠃

ᠬᠣᠶᠠᠷ ᠵᠢᠯ᠎ᠦᠨ ᠲᠤᠷᠰᠢ᠂ 《ᠭᠡᠳᠦ ᠨᠢᠮᠭᠡᠨ ᠪᠤᠯᠤᠳ》 ᠎ᠤ᠋ᠨ ᠴᠢᠭ᠌ᠯᠡᠯ᠎ᠡᠴᠡ ᠭᠠᠳᠠᠨ᠎ᠠ᠂ ᠪᠤᠰᠤᠳ 6 ᠳᠤᠭᠤᠢᠯᠠᠩ᠎ᠤᠨ ᠰᠤᠳᠤᠯᠤᠨ ᠨᠡᠭᠡᠭᠡᠬᠦ᠌ ᠴᠢᠭ᠌ᠯᠡᠯ ᠴᠦ᠍ ᠱᠢᠪᠲᠤᠯᠤᠯᠲᠠ᠎ᠲᠠᠶ ᠪᠣᠯᠪᠠ᠃ ᠮᠠᠨ᠎ᠤ ᠰᠤᠳᠤᠯᠤᠨ ᠨᠡᠭᠡᠭᠡᠬᠦ᠌ ᠪᠦᠯᠬᠦᠮ ᠲᠠᠰᠤᠷᠠᠯᠳᠠ ᠦᠭᠡᠢ ᠥᠷᠭᠡᠳᠴᠦ᠍᠂ ᠮᠠᠲ᠋ᠧᠷᠢᠶᠠᠯ᠎ᠢ ᠰᠤᠳᠤᠯᠤᠨ ᠨᠡᠭᠡᠭᠡᠬᠦ᠌ ᠪᠦᠬᠦ᠌ ᠠᠵᠤ ᠦᠢᠯᠡᠰ᠎ᠦᠨ ᠬᠡᠯᠬᠢᠶ᠎ᠡ ᠠᠯᠬᠤᠮ ᠠᠯᠬᠤᠮ᠎ᠢᠶᠠᠷ ᠪᠦᠷᠢᠯᠳᠦᠵᠦ᠍᠂ ᠮᠠᠰᠢ ᠤᠯᠠᠨ ᠱᠢᠨ᠎ᠡ ᠦᠢᠯᠡᠳᠬᠦᠨ᠎ᠢ ᠰᠤᠳᠤᠯᠤᠨ ᠨᠡᠭᠡᠭᠡᠬᠦ᠌ ᠦᠶᠡᠯᠡᠯ᠎ᠦᠨ ᠬᠤᠭᠤᠴᠠᠭ᠎ᠠ ᠲᠠᠰᠤᠷᠠᠯᠳᠠ ᠦᠭᠡᠢ ᠪᠣᠭᠣᠨᠢᠰᠪᠠ᠃ ᠤᠳᠤ᠂ ᠮᠠᠨ᠎ᠤ ᠠᠵᠤ ᠠᠬᠤᠢᠯᠠᠯ ᠵᠢᠯ ᠪᠦᠷᠢ ᠪᠦᠬᠦ᠌ ᠳᠡᠯᠡᠬᠡᠢ᠎ᠳᠦ ᠠᠩᠬ᠎ᠠ ᠲᠠᠷᠬᠠᠭᠠᠬᠤ ᠱᠢᠨ᠎ᠡ ᠪᠦᠲᠦᠭᠡᠭ᠌ᠳᠡᠬᠦᠨ᠎ᠲᠡᠶ ᠪᠤᠯᠵᠠᠢ᠃

ᠪᠢ ᠶᠡᠷᠦᠩᠬᠡᠢ ᠱᠦᠵᠢ᠎ᠳᠦ᠂ ᠪᠢᠳᠡ ᠨᠡᠩ ᠤᠯᠠᠨ 《ᠪᠣᠭᠣᠮᠢ》 ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠢᠲᠡᠭᠡᠯ ᠪᠠ ᠡᠷᠡᠰ ᠵᠣᠷᠢᠭ᠎ᠲᠠᠶ ᠪᠠᠢᠨ᠎ᠠ᠂ ᠵᠢᠩᠬᠢᠨᠢ ᠠᠵᠤ ᠦᠢᠯᠡᠰ᠎ᠦᠨ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ᠎ᠶ᠋ᠢ ᠠᠬᠢᠭᠤᠯᠵᠤ᠂ ᠤᠯᠤᠰ᠎ᠤᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠨ᠎ᠡ ᠭᠡᠵᠦ ᠬᠡᠯᠡᠶ᠎ᠡ ᠭᠡᠮᠡᠨ ᠪᠤᠳᠤᠵᠤ ᠪᠤᠢ᠃


(ᠰᠢᠨᠬᠤᠸᠠ ᠬᠤᠷᠢᠶᠠᠨ᠎ᠤ ᠲᠠᠢᠶᠤᠸᠠᠨ᠎ᠤ 4 ᠰᠠᠷ᠎ᠠ᠎ᠶᠢᠨ 29 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面