ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-07-14 09:23:58

ᠵᠣᠬᠢᠶᠠᠭ᠍ᠴᠢ᠄ ᠴᠧᠨ ᠨᠦᠸᠸ ᠼᠤᠤ ᠵᠢᠶᠠ ᠶᠢᠨ ᠣᠩᠱᠢᠭ᠍ᠰᠠᠨ ᠣᠳᠠᠭ᠎ᠠ᠄ 3

2016 ᠣᠨ᠎ᠤ 4 ᠰᠠᠷ᠎ᠠ᠎ᠶ᠋ᠢᠨ 24 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠨᠾᠦ᠋ᠢ ᠮᠤᠵᠢ᠎ᠶ᠋ᠢᠨ ᠯᠢᠦ ᠠᠨ ᠬᠤᠳᠠ᠎ᠶ᠋ᠢᠨ ᠵᠢᠨᠵᠠᠢ ᠱᠢᠶᠠᠨ᠎ᠤ ᠬᠤᠸᠠ ᠱ᠌ᠢ ᠱᠢᠶᠠᠩ᠎ᠤᠨ ᠳ᠋ᠠ ᠸᠠᠨ ᠲᠣᠰᠭᠣᠨ᠎ᠳᠤ ᠬᠦᠷᠴᠦ᠍ ᠶᠠᠳᠠᠭᠤ ᠡᠴᠡ ᠠᠩᠭᠢᠵᠢᠷᠠᠭᠤᠯᠬᠤ ᠠᠵᠢᠯ᠎ᠢ ᠱᠢᠨᠵᠢᠯᠡᠨ ᠪᠠᠢᠴᠠᠭᠠᠵᠤ᠂ ᠶᠠᠳᠠᠭᠤ ᠬᠦᠴᠢᠷᠳᠡᠯᠲᠡᠢ ᠡᠷᠦᠬᠡ ᠴᠧᠨ ᠽᠸ ᠱᠸᠨ᠎ᠤ ᠵᠢᠵᠢᠭ ᠬᠦᠷᠢᠶᠡᠨ᠎ᠳᠦ᠂ ᠶᠡᠷᠦᠩᠬᠡᠢ ᠱᠦᠵᠢ ᠲᠡᠨᠳᠡᠬᠢ ᠨᠤᠲᠤᠭ᠎ᠤᠨ ᠠᠬ᠎ᠠ ᠳᠡᠭᠦᠦ᠍᠎ᠨᠡᠷ᠎ᠲᠡᠶ ᠶᠠᠷᠢᠶ᠎ᠠ ᠳᠡᠯᠭᠡᠵᠤ ᠵᠣᠭᠣᠭ᠍ᠳᠠᠪᠠ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠴᠧᠨ ᠽᠧ ᠱᠧᠨ᠎ᠢ ᠰᠤᠷᠪᠤᠯᠵᠢᠯᠠᠪᠠ᠂ ᠪᠢᠳᠡ ᠬᠠᠮᠲᠤ᠎ᠪᠠᠷ ᠲᠡᠭᠦᠨ᠎ᠦ ᠶᠠᠳᠠᠭᠤ᠎ᠡᠴᠡ ᠠᠩᠭᠢᠵᠢᠷᠠᠨ ᠪᠠᠶᠠᠵᠢᠭ᠍ᠰᠠᠨ ᠪᠠᠶᠠᠷ ᠪᠠᠬᠠᠳᠤᠯ ᠪᠣᠯᠤᠨ ᠠᠴᠢ ᠡᠨᠡᠷᠢᠯ᠎ᠳᠦ ᠲᠠᠯᠠᠷᠬᠠᠬᠰᠠᠨ ᠰᠡᠳᠭᠢᠯᠭᠡ᠎ᠶ᠋ᠢ ᠨᠢ ᠣᠢᠯᠠᠭᠠᠶ᠎ᠠ —

ᠲᠡᠷᠡ ᠡᠳᠦᠷ ᠪᠣᠷᠣᠭᠠᠨ ᠣᠷᠣᠵᠤ᠂ ᠲᠩᠷᠢ ᠰᠠᠶᠢ ᠴᠡᠯᠮᠡᠭ᠌ᠰᠢᠪᠡ᠂ ᠪᠢ ᠭᠡᠷ᠎ᠦᠨ ᠡᠭᠦᠳᠡᠨ ᠳᠡᠭᠡᠷ᠎ᠡ ᠪᠠᠨ ᠨᠢᠭᠡ ᠪᠦᠯᠦᠭ ᠬᠥᠮᠦᠰ ᠬᠥᠲᠥᠯ ᠦᠭᠰᠦᠨ ᠢᠷᠡᠵᠤ ᠪᠠᠢᠬᠤ ᠵᠢ ᠣᠯᠵᠤ ᠦᠵᠡᠪᠡ᠂ ᠲᠡᠭᠦᠨ᠎ᠦ ᠳᠣᠲᠣᠷᠠᠬᠢ ᠨᠢᠭᠡ ᠪᠡᠶ᠎ᠡ ᠪᠢᠯᠳᠠᠷ ᠥᠨᠳᠥᠷ ᠬᠦᠮᠦᠨ ᠢ᠋ ᠨᠠᠷᠢᠨ ᠠᠵᠢᠭ᠍ᠯᠠᠭᠰᠠᠨ ᠳ᠋ᠤ᠂ ᠬᠠᠷᠢᠨ ᠮᠠᠨ᠎ᠤ ᠶᠡᠷᠦᠩᠬᠡᠶ ᠱᠦᠵᠢ ᠪᠠᠢᠵᠠᠢ᠃

ᠪᠢ ᠲᠦᠷᠭᠡᠭᠡᠨ ᠤᠭ᠍ᠲᠤᠨ ᠤᠴᠢᠵᠤ᠂ ᠶᠡᠷᠦᠩᠬᠡᠶ ᠱᠦᠵᠢ ᠵᠢ ᠭᠡᠷ ᠲᠡᠭᠡᠨ ᠵᠠᠯᠠᠵᠤ ᠤᠷᠤᠭᠤᠯᠵᠠᠢ᠃ ᠭᠡᠷ ᠳᠣᠲᠣᠷ᠎ᠠ ᠲᠤᠩ ᠳᠥᠭᠥᠮᠬᠡᠨ᠂ ᠶᠡᠷᠦᠩᠬᠡᠢ ᠱᠦᠵᠢ ᠬᠠᠷᠢᠨ ᠲᠤᠩ ᠨᠠᠷᠢᠨ ᠬᠢᠨᠠᠮᠠᠭᠠᠢ ᠦᠵᠡᠵᠦ᠍᠂ ᠬᠡᠷᠡᠮ ᠳᠡᠭᠡᠷᠡᠬᠢ ᠮᠢᠨᠦ᠍ ᠣᠮᠪᠣᠯᠤ ᠵᠢᠨ ᠬᠥᠬᠢᠭᠦᠯᠦᠯ᠎ᠦᠨ ᠦᠨᠡᠮᠯᠡᠯ᠎ᠢ ᠬᠦᠷᠲᠡᠯ᠎ᠡ ᠠᠩᠬᠠᠷᠴᠤ᠌ ᠵᠠᠪᠳᠤᠵᠠᠢ᠃ ᠬᠡᠦᠬᠡᠳ᠎ᠦᠨ ᠰᠤᠷᠤᠯᠭ᠎ᠠ᠎ᠶ᠋ᠢᠨ ᠪᠠᠢᠳᠠᠯ᠎ᠢ ᠠᠰᠠᠭᠤᠬᠤ᠎ᠳᠠᠭᠠᠨ᠂ ᠲᠡᠷᠡ ᠬᠡᠦᠬᠡᠳ᠎ᠦᠳ᠎ᠢ ᠡᠬᠢᠯᠡᠯᠲᠡ᠎ᠶ᠋ᠢᠨ ᠱᠤᠭᠤᠮ ᠳᠡᠭᠡᠷ᠎ᠡ ᠬᠤᠴᠤᠷᠤᠭᠤᠯᠵᠤ ᠪᠣᠯᠬᠤ ᠦᠭᠡᠢ᠂ ᠰᠤᠷᠭᠠᠨ ᠬᠥᠮᠦᠵᠢᠯ ᠬᠦᠷᠦᠯᠴᠡᠬᠦ ᠦᠭᠡᠢ ᠪᠤᠯ ᠦᠶ᠎ᠡ᠎ᠶ᠋ᠢᠨ ᠦᠶ᠎ᠡ᠎ᠳᠡᠭᠡᠨ ᠬᠣᠴᠣᠷᠤᠩᠭᠤᠢ ᠪᠠᠢᠵᠤ᠂ ᠮᠡᠷᠭᠡᠵᠢᠯ ᠴᠢᠳᠠᠪᠤᠷᠢ ᠲᠠᠢ ᠪᠤᠯ ᠰᠠᠶᠢ ᠨᠡᠩ ᠰᠠᠢ᠌ᠨ ᠪᠠᠲᠤᠯᠠᠭ᠎ᠠ᠎ᠲᠠᠶ ᠪᠤᠯᠵᠤ ᠴᠢᠳᠠᠨ᠎ᠠ ᠭᠡᠵᠦ᠍ ᠬᠡᠯᠡᠪᠡ᠃

ᠮᠢᠨᠦ᠍ ᠲᠡᠷᠡ ᠣᠮᠪᠣᠯᠣ ᠮᠠᠰᠢ ᠴᠢᠷᠮᠠᠢᠯᠲᠠ᠎ᠲᠠᠶ᠂ ᠤᠳᠤ ᠨᠢᠭᠡᠨᠲᠡ ᠶᠡᠬᠡ ᠰᠤᠷᠭᠠᠭᠤᠯᠢ ᠲᠡᠭᠦᠰᠦᠭᠡᠳ ᠠᠵᠢᠯᠯᠠᠵᠤ ᠪᠠᠢᠨ᠎ᠠ᠃ ᠨᠢᠳᠤᠨᠤᠨ᠂ ᠬᠡᠦᠬᠡᠳ ᠪᠠᠰᠠ ᠲᠤᠰᠭᠠᠢᠯᠠᠨ ᠨᠠᠮᠠᠶ᠋ᠢ ᠶᠡᠬᠡ ᠬᠣᠲᠠ ᠪᠡᠷ ᠲᠤᠭᠤᠷᠢᠭᠤᠯᠵᠠᠢ᠃

ᠶᠡᠷᠦᠩᠬᠡᠶ ᠱᠦᠵᠢ ᠮᠠᠨ᠎ᠤ ᠬᠤᠪᠢᠰᠬᠠᠯ ᠤ᠋ᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠦᠨᠡᠨ ᠬᠠᠢᠷ᠎ᠠ ᠰᠡᠳᠬᠢᠯᠭᠡ ᠲᠠᠢ! ᠲᠡᠷᠡ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠦ ᠨᠢᠭᠡ᠎ᠶ᠋ᠢ ᠴᠦ᠍ ᠣᠷᠬᠢᠭ᠍ᠳᠠᠭᠤᠯᠵᠤ ᠪᠣᠯᠬᠤ ᠦᠭᠡᠢ᠂ ᠢᠯᠠᠩᠭᠤᠶ᠎ᠠ ᠬᠤᠪᠢᠰᠬᠠᠯ ᠤ᠋ᠨ ᠡᠷᠲᠡ ᠴᠢᠯᠥᠭᠡᠯᠡᠭ᠌ᠳᠡᠭ᠌ᠰᠡᠨ ᠣᠷᠣᠨ᠎ᠢ ᠮᠠᠷᠲᠠᠵᠤ ᠪᠣᠯᠬᠤ ᠦᠭᠡᠢ ᠭᠡᠵᠤ ᠬᠡᠯᠡᠵᠠᠢ᠃ ᠲᠡᠷᠡ ᠪᠠᠰᠠ ᠪᠢᠳᠡᠨ᠎ᠳᠦ᠂ ᠶᠠᠳᠠᠭᠤ ᠡᠴᠡ ᠠᠩᠭᠢᠵᠢᠷᠠᠬᠤ᠎ᠪᠠᠷ ᠪᠠᠷᠠᠬᠤ ᠦᠭᠡᠢ ᠪᠠᠰᠠ ᠪᠠᠶᠠᠵᠢᠨ ᠴᠢᠨᠡᠭᠡᠯᠢᠭ᠌ᠵᠢᠬᠦ᠌ ᠬᠡᠷᠡᠭ᠌ᠲᠡᠢ᠂ ᠠᠵᠤ ᠦᠢᠯᠡᠰ᠎ᠢᠶᠡᠷ ᠶᠠᠳᠠᠭᠤ᠎ᠶ᠋ᠢ ᠲᠡᠳᠬᠦᠬᠦ᠌ ᠪᠣᠯ ᠲᠤᠢᠯ᠎ᠤᠨ ᠴᠢᠬᠤᠯᠠ ᠶᠤᠮ᠂ ᠠᠵᠤ ᠦᠢᠯᠡᠰ᠎ᠢ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠵᠣᠬᠢᠴᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠵᠤ᠂ ᠱᠢᠨ᠎ᠡ᠎ᠶ᠋ᠢ ᠡᠭᠦᠳᠦᠨ ᠲᠡᠭᠦᠯᠳᠡᠷᠵᠢᠭᠦᠯᠬᠦ᠌ ᠬᠡᠷᠡᠭ᠌ᠲᠡᠢ ᠭᠡᠵᠦ᠍ ᠬᠡᠯᠡᠪᠡ᠃

ᠲᠣᠰᠭᠣᠨ᠎ᠤ ᠬᠠᠪᠰᠤᠷᠤᠯᠭ᠎ᠠ ᠳᠡᠮᠵᠢᠯᠭᠡ ᠳᠤᠤᠷ᠎ᠠ᠂ ᠮᠠᠨ᠎ᠤ ᠬᠦᠷᠢᠶᠡᠨ᠎ᠳᠦ ᠬᠡᠷᠡᠯ ᠴᠡᠨᠡᠭ᠎ᠢᠶᠡᠷ ᠴᠠᠬᠢᠯᠭᠠᠨ ᠭᠠᠷᠭᠠᠬᠤ ᠬᠠᠪᠲᠠᠰᠤ ᠤᠭ᠍ᠰᠠᠷᠠᠭ᠍ᠰᠠᠨ ᠪᠥᠭᠡᠳ ᠪᠠᠰᠠ ᠤᠨᠳᠤᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌ ᠵᠡᠷᠭᠡ ᠰᠠᠢᠨ ᠲᠥᠷᠥ᠎ᠶ᠋ᠢᠨ ᠪᠣᠳᠣᠯᠭ᠎ᠠ᠎ᠶ᠋ᠢ ᠭᠥᠷᠳᠡᠵᠦ᠍᠂ ᠱᠢᠨ᠎ᠡ ᠬᠡᠷ ᠪᠠᠢᠱᠢᠩ᠎ᠳᠤ ᠨᠡᠭᠦᠨ ᠣᠷᠣᠪᠠ᠃ 2017 ᠣᠨ᠎ᠳᠤ᠂ ᠪᠢ ᠰᠠᠨᠠᠭᠠᠴᠢᠯᠠᠭ᠎ᠠ᠎ᠡᠴᠡ᠎ᠪᠠᠨ《ᠶᠠᠳᠠᠭᠤ ᠬᠦᠴᠢᠷᠳᠡᠯ》 ᠡᠴᠡ ᠠᠩᠭᠢᠵᠢᠷᠠᠭᠰᠠᠨ᠎ᠵᠢᠡᠷ᠎ᠭᠤᠶᠤᠴᠢᠯᠠᠵᠤ᠂ ᠶᠠᠳᠠᠭᠤ᠎ᠡᠴᠡ ᠠᠩᠭᠢᠵᠢᠷᠠᠭᠰᠠᠨ ᠢᠷᠠᠭᠤ ᠠᠯᠳᠠᠷ᠎ᠤᠨ ᠦᠨᠡᠮᠯᠡᠯ᠎ᠢ ᠱᠢᠨ᠎ᠡ ᠭᠡᠷ᠎ᠦᠨ ᠵᠣᠴᠢᠨ᠎ᠤ ᠲᠢᠩᠬᠢᠮ᠎ᠳᠡᠭᠡᠨ ᠡᠯᠭᠦᠪᠡ᠃

ᠨᠢᠳᠤᠨᠤᠨ᠂ ᠲᠣᠰᠭᠣᠨ᠎ᠤ ᠬᠢᠨ ᠬᠥᠳᠡᠭᠡ ᠲᠣᠰᠭᠣᠨ᠎ᠤ ᠵᠢᠭᠤᠯᠴᠢᠯᠠᠯ᠎ᠢ ᠬᠥᠭ᠌ᠵᠢᠭᠦᠯᠬᠦ᠌ ᠳᠤᠮᠳᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠠᠷᠠᠭᠠᠨ᠎ᠤ ᠲᠠᠯᠪᠢᠭᠤᠷ᠎ᠢ ᠳᠡᠯᠭᠡᠷᠡᠭᠦᠯᠵᠦ᠍᠂ ᠲᠣᠰᠭᠣᠨ᠎ᠤ ᠪᠣᠬᠢᠷᠲᠤᠯ ᠦᠭᠡᠢ ᠨᠤᠲᠤᠭ᠎ᠤᠨ ᠣᠨᠴᠠ ᠭᠠᠷᠤᠯᠲᠠ᠎ᠪᠠᠨ ᠬᠤᠳᠠᠯᠳᠤᠬᠤ᠎ᠶ᠋ᠢ ᠤᠷᠢᠶᠠᠯᠠᠪᠠ᠃ ᠪᠢ ᠲᠦᠷᠦᠭᠦᠯᠡᠨ ᠪᠠᠷᠠᠭᠠᠨ᠎ᠤ ᠲᠠᠯᠪᠢᠭᠤᠷ ᠬᠢᠵᠦ᠍᠂ ᠬᠠᠭᠤᠴᠢᠨ ᠬᠦᠷᠢᠶᠡᠨ᠎ᠳᠡᠭᠡᠨ ᠬᠤᠳᠠᠯᠳᠤᠭ᠎ᠠ ᠪᠠᠨ ᠡᠭᠦᠳᠡ᠎ᠵᠢ ᠨᠢ ᠨᠡᠭᠡᠭᠡᠵᠦ᠍ ᠪᠠᠷᠠᠭ᠎ᠠ ᠬᠤᠳᠠᠯᠳᠤᠪᠠ᠃

ᠣᠳᠣ ᠪᠢ ᠥᠪᠡᠷ᠎ᠦᠨ ᠲᠠᠷᠢᠶᠠᠯᠠᠩ᠎ᠤᠨ ᠪᠦᠲᠦᠭᠡᠭ᠌ᠳᠡᠬᠦᠨ᠎ᠢᠶᠡᠨ ᠬᠤᠳᠠᠯᠳᠤᠬᠤ᠎ᠪᠠᠷ ᠪᠠᠷᠠᠬᠤ ᠦᠭᠡᠢ ᠪᠠᠰᠠ ᠭᠤᠷᠪᠠᠨ ᠬᠦᠷᠲᠦᠲᠦ ᠲᠡᠷᠭᠡ ᠪᠠᠨ ᠤᠨᠤᠵᠤ ᠲᠣᠰᠭᠣᠨ᠎ᠤ ᠠᠷᠠᠳ᠎ᠤᠨ ᠭᠡᠷ᠎ᠲᠦ ᠣᠴᠢᠵᠤ ᠨᠤᠲᠤᠭ᠎ᠤᠨ ᠭᠠᠷᠤᠯᠲᠠ ᠬᠤᠷᠢᠶᠠᠳᠠᠭ᠃ ᠡᠬᠢᠨ᠎ᠳᠡᠭᠡᠨ᠂ ᠮᠢᠨᠦ᠍ ᠲᠡᠪᠡᠷᠢ ᠲᠠᠪᠠᠷᠢ ᠪᠡᠷ ᠠᠪᠴᠢᠷᠠᠭ᠍ᠰᠠᠨ ᠨᠤᠲᠤᠭ᠎ᠤᠨ ᠣᠨᠴᠠ ᠭᠠᠷᠤᠯᠲᠠ《ᠦᠨᠭᠭᠡ ᠵᠢᠰᠦ ᠨᠢ ᠮᠠᠭᠤᠬᠠᠢ ᠡᠴᠡ ᠬᠤᠳᠠᠯᠳᠤᠵᠤ ᠭᠠᠷᠬᠤ ᠦᠭᠡᠢ》 ᠪᠠᠢᠪᠠ᠂ ᠰᠡᠭᠦᠯᠡᠷ ᠨᠢ ᠲᠣᠰᠭᠣᠨ᠎ᠤ ᠺᠠᠳ᠋ᠷ᠎ᠤᠨ ᠵᠢᠯᠤᠭᠤᠳᠤᠯᠭ᠎ᠠ ᠳᠣᠣᠷ᠎ᠠ᠂ ᠪᠢ ᠲᠣᠰᠭᠣᠨ᠎ᠤ ᠨᠢᠭᠡᠳᠦᠯᠲᠡᠢ ᠲᠦᠷᠦᠯ ᠲᠡᠮᠳᠡᠭ᠎ᠦᠨ ᠤᠭᠤᠲᠠ ᠵᠢ ᠬᠡᠷᠡᠭᠯᠡᠵᠦ᠂ ᠨᠢᠭᠡ ᠨᠢᠭᠡ᠎ᠪᠠᠷ ᠵᠢᠩᠯᠡᠵᠦ᠍᠂ ᠪᠢᠲᠡᠭᠦᠮᠵᠢᠯᠡᠨ ᠪᠣᠭᠣᠳᠠᠯᠯᠠᠭᠰᠠᠨ ᠡᠴᠡ ᠦᠵᠡᠬᠦ ᠳ᠋ᠸ᠋ ᠭᠤᠶᠤ ᠪᠤᠯᠤᠭᠰᠠᠨ ᠮᠥᠷᠲᠡᠭᠡᠨ ᠠᠮᠠᠷᠬᠠᠨ ᠬᠤᠳᠠᠯᠳᠤᠵᠤ᠎ᠭᠠᠷᠬᠤ ᠪᠤᠯᠪᠠ᠃

ᠤᠳᠤ ᠮᠢᠨᠦ᠍ ᠪᠠᠷᠠᠭᠠᠨ᠎ᠤ ᠲᠠᠯᠪᠢᠭᠤᠷ ᠲᠦᠪ ᠳᠦᠭᠦᠷᠡᠩ ᠪᠤᠯᠵᠤ᠂ ᠬᠤᠯᠤᠰᠤᠨ ᠰᠦᠶ᠎ᠡ᠎ᠵᠢᠨ ᠬᠠᠲᠠᠭᠠᠮᠠᠯ᠂ ᠳᠡᠯᠳᠡᠦ ᠵᠡᠷᠭᠡ ᠨᠤᠲᠤᠭ᠎ᠤᠨ ᠭᠠᠷᠤᠯᠲᠠ ᠪᠠᠢᠬᠤ ᠮᠦᠷᠲᠡᠭᠡᠨ ᠪᠠᠰᠠ ᠯᠢᠦ ᠠᠨ ᠭᠤᠸᠠ᠎ᠶ᠋ᠢᠨ ᠬᠠᠲᠠᠭᠠᠮᠠᠯ᠂ ᠰᠤᠭ᠍ᠰᠤᠷ ᠴᠠᠬᠢᠷᠮ᠎ᠠ ᠵᠡᠷᠭᠡ ᠱᠢᠯᠢᠳᠡᠭ ᠣᠨᠴᠠ ᠭᠠᠷᠤᠯᠲᠠ ᠪᠠᠢᠨ᠎ᠠ᠃ ᠪᠢ ᠪᠠᠰᠠ ᠰᠦᠯᠵᠢᠶᠡᠨ ᠳᠡᠭᠡᠷ᠎ᠡ ᠳᠠᠩᠰᠠ ᠨᠡᠭᠡᠭᠡᠵᠦ᠂ ᠵᠣᠭᠣᠰ ᠬᠤᠷᠢᠶᠠᠬᠤ ᠬᠣᠶᠠᠷ ᠬᠡᠮᠵᠢᠯᠳᠦ ᠺᠣᠳ᠋ ᠭᠤᠶᠤᠴᠢᠯᠠᠵᠤ᠂ ᠮᠠᠢᠮᠠᠢ ᠤᠯᠠᠮ᠎ᠡᠴᠡ ᠤᠯᠠᠮ ᠰᠠᠢᠨ ᠪᠣᠯᠵᠠᠶ᠃ ᠨᠢᠭᠡ ᠵᠢᠯ᠎ᠳᠦ ᠲᠠᠪᠤ ᠵᠢᠷᠭᠤᠭᠠᠨ ᠲᠦᠮᠡᠨ ᠲᠥᠭᠥᠷᠢᠭ ᠣᠯᠬᠤ᠎ᠳᠤ ᠠᠰᠠᠭᠤᠳᠠᠯ ᠦᠭᠡᠢ ᠪᠤᠯᠪᠠ᠃

ᠲᠣᠰᠭᠣᠨ᠎ᠤ ᠬᠢᠨ ᠵᠢᠭᠤᠯᠴᠢᠯᠠᠯ᠎ᠤᠨ ᠦᠶ᠋ᠯᠡᠰ ᠡᠷᠬᠢᠯᠡᠵᠦ ᠡᠬᠢᠯᠡᠪᠡ᠃ ᠠᠭᠤᠯᠠᠨ ᠳᠡᠭᠡᠷ᠎ᠡ ᠠᠮᠢ ᠠᠬᠤᠢ᠎ᠶ᠋ᠢᠨ ᠴᠠᠢ᠎ᠶ᠋ᠢᠨ ᠬᠦᠷᠢᠶᠡᠯᠡᠩ᠎ᠲᠡᠶ᠂ ᠠᠭᠤᠯᠠᠨ ᠳᠣᠣᠷ᠎ᠠ ᠠᠷᠠᠳ᠎ᠤᠨ ᠤᠯᠠᠮᠵᠢᠯᠠᠯᠲᠤ ᠰᠠᠭᠤᠴᠠ᠎ᠵᠢᠨ ᠪᠠᠭᠤᠳᠠᠯ᠎ᠲᠠᠶ᠂ ᠭᠤᠤᠯ᠎ᠤᠨ ᠬᠦᠪᠡᠭᠡᠨ᠎ᠳᠦ ᠠᠷᠪᠠᠨ ᠭᠠᠵᠠᠷ᠎ᠤᠨ ᠤᠰᠤ ᠨᠠᠭᠠᠳᠬᠤ ᠭᠠᠵᠠᠷ ᠲᠠᠢ᠂ ᠵᠡᠭᠡᠯᠢ ᠳᠡᠭᠡᠷ᠎ᠡ ᠵᠢᠭᠤᠯᠴᠢᠯᠠᠭᠰᠠᠳ᠎ᠢ ᠬᠦᠯᠢᠶᠡᠨ ᠠᠪᠬᠤ ᠲᠥᠪ᠂ ᠲᠠᠷᠢᠶᠠᠯᠠᠩ᠎ᠤᠨ ᠮᠦᠽᠧᠢ ᠪᠠᠢᠭᠤᠯᠵᠤ᠂ ᠠᠢᠯ ᠠᠢᠮᠠᠭ ᠤ᠋ᠨ ᠬᠢᠨ ᠲᠠᠷᠢᠶᠠᠴᠢᠨ ᠠᠢᠯ᠎ᠤᠨ ᠵᠢᠭᠤᠯᠴᠢᠯᠠᠯ ᠡᠷᠬᠢᠯᠡᠵᠦ᠍᠂ ᠪᠠᠰᠠ ᠱᠢᠭᠤᠳ ᠨᠡᠪᠲᠡᠷᠡᠭᠦᠯᠭᠡ ᠪᠡᠷ ᠪᠠᠷᠠᠭ᠎ᠠ ᠪᠤᠷᠤᠯᠠᠭᠤᠯᠵᠤ᠂ ᠣᠯᠠᠨ᠎ᠤ ᠠᠮᠢᠳᠤᠷᠠᠯ ᠤᠯᠠᠮ᠎ᠡᠴᠡ ᠤᠯᠠᠮ ᠰᠠᠢᠵᠢᠷᠠᠵᠠᠢ᠃

ᠶᠡᠷᠦᠩᠬᠡᠶ ᠱᠦᠵᠢ᠎ᠪᠢᠳᠡᠨ ᠳ᠋ᠦ ᠰᠠᠢᠨ ᠠᠮᠢᠳᠤᠷᠠᠬᠤ ᠠᠷᠭ᠎ᠠ ᠵᠠᠮ ᠵᠢᠭᠠᠵᠤ ᠥᠭ᠌ᠭᠦᠭ᠌ᠰᠡᠨ᠎ᠳᠦ ᠪᠠᠶᠠᠷᠯᠠᠵᠤ ᠪᠠᠢᠨ᠎ᠠ᠃ ᠪᠢ ᠥᠪᠡᠷ᠎ᠦᠨ ᠬᠣᠶᠠᠷ ᠭᠠᠷ᠎ᠢᠶᠠᠨ ᠲᠦᠰᠢᠭᠯᠡᠵᠦ᠂ ᠥᠨᠢ ᠡᠭᠦᠷᠢᠳᠡ ᠨᠠᠮ᠎ᠤᠨ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢ ᠳᠠᠭᠠᠵᠤ᠂ ᠨᠡᠩ ᠪᠠᠶᠠᠨ ᠴᠢᠨᠡᠭᠡᠯᠢᠭ ᠵᠣᠯ ᠵᠢᠷᠭᠠᠯ᠎ᠲᠠᠶ ᠠᠮᠢᠳᠤᠷᠠᠯ᠎ᠢ ᠡᠳ᠋ᠯᠡᠨ᠎ᠡ᠃

(ᠱᠢᠨᠬᠤᠸᠠ ᠬᠣᠷᠢᠶᠠᠨ᠎ᠤ ᠾᠸᠹᠸᠢ ᠵᠢᠨ 6 ᠰᠠᠷ᠎ᠠ᠎ᠶ᠋ᠢᠨ 15 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面