ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-07-22 10:32:15

ᠵᠣᠬᠢᠶᠠᠭ᠍ᠴᠢ᠄ ᠶᠧ ᠵᠢᠩ ᠣᠩᠱᠢᠭ᠍ᠰᠠᠨ ᠣᠳᠠᠭ᠎ᠠ᠄ 3

2013 ᠣᠨ᠎ᠤ 11 ᠰᠠᠷ᠎ᠠ᠎ᠶ᠋ᠢᠨ 27 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠨᠳᠦ᠋ᠩ ᠮᠤᠵᠢ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠳᠦ ᠬᠦᠷᠴᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠴᠦ᠍ ᠲᠠᠷᠢᠶᠠᠯᠠᠩ ᠤ᠋ᠨ ᠬᠥᠭ᠌ᠵᠢᠯᠲᠡ᠎ᠶ᠋ᠢ ᠠᠬᠢᠭᠤᠯᠵᠤ ᠪᠠᠢᠭ᠎ᠠ ᠪᠠᠢᠳᠠᠯ᠎ᠢ ᠱᠢᠨᠵᠢᠯᠡᠨ ᠪᠠᠢᠴᠠᠭᠠᠪᠠ᠃ ᠮᠤᠵᠢ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠢᠳᠡᠱᠢᠨ ᠨᠣᠭᠣᠭ᠎ᠠ ᠰᠤᠳᠤᠯᠬᠤ ᠭᠠᠵᠠᠷ᠎ᠤᠨ ᠰᠤᠳᠤᠯᠤᠭ᠍ᠴᠢ ᠸᠠᠩ ᠱᠣ᠌ ᠹᠸᠨ ᠶᠡᠷᠦᠩᠬᠡᠶ ᠱᠦᠵᠢ᠎ᠳᠦ ᠢᠳᠡᠱᠢᠨ ᠨᠣᠭᠣᠭ᠎ᠠ ᠰᠣᠩᠭᠣᠨ ᠪᠣᠢᠵᠢᠭᠤᠯᠵᠤ ᠳᠠᠷᠢᠬᠤ ᠲᠠᠯ᠎ᠠ᠎ᠪᠠᠷ ᠬᠢ ᠱᠢᠨ᠎ᠡ᠎ᠶ᠋ᠢ ᠡᠭᠦᠳᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠷᠡᠭ᠌ᠯᠡᠯᠲᠡ᠎ᠶ᠋ᠢ ᠲᠠᠨᠢᠯᠴᠠᠭᠤᠯᠪᠠ᠃ ᠤᠢ᠍ᠢᠷ᠎ᠠ᠎ᠶ᠋ᠢᠨ ᠡᠳᠦᠷ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠸᠠᠩ ᠱᠣ᠌ ᠹᠸᠨ ᠢ᠋ ᠰᠤᠷᠪᠤᠯᠵᠢᠯᠡᠵᠤ᠂ ᠲᠡᠭᠦᠨ᠎ᠦ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ《ᠳᠤᠮᠳᠠᠳᠤ ᠤᠯᠤᠰ᠎ᠤᠨ ᠬᠤᠯᠢᠰᠢᠨ ᠢᠳᠡᠭᠡᠨ》ᠢ᠋ ᠪᠠᠶᠠᠯᠢᠭᠵᠢᠭᠤᠯᠤᠬᠰᠡᠨ ᠲᠡᠮᠡᠴᠡᠯ᠎ᠦᠨ ᠦᠯᠢᠭᠡᠷ᠎ᠢ ᠶᠠᠷᠢᠬᠤ᠎ᠶ᠋ᠢ ᠰᠣᠨᠣᠰᠴᠠᠭᠠᠶ᠎ᠠ —

ᠲᠡᠷᠡ ᠡᠳᠦᠷ᠂ ᠶᠡᠷᠦᠩᠬᠡᠢ ᠱᠦᠵᠢ ᠰᠢ ᠵᠢᠨ ᠫᠢᠩ ᠮᠠᠨ᠎ᠤ ᠤᠶᠤᠨᠴᠢᠯᠠᠬ᠍ᠰᠠᠨ ᠬᠦᠯᠡᠮᠵᠢ᠎ᠳᠦ ᠬᠦᠷᠴᠤ ᠢᠷᠡᠪᠡ᠃ ᠵᠢᠵᠢᠭ ᠱᠢᠯᠢᠮᠳᠡᠭ᠂ ᠲᠣᠰᠣᠯᠢᠭ ᠪᠤᠭᠤᠳᠠᠢ ᠵᠡᠷᠭᠡ ᠰᠢᠮ᠎ᠠ ᠲᠡᠵᠢᠭᠡᠯ᠎ᠤᠨ ᠰᠢᠨᠭᠭᠡᠨ᠎ᠳᠤ ᠪᠤᠢᠵᠢᠭᠤᠯᠤᠬᠰᠡᠨ ᠢᠳᠡᠱᠢᠨ ᠨᠣᠭᠣᠭ᠎ᠠ᠎ᠶ᠋ᠢ ᠦᠵᠡᠭᠡᠳ᠂ ᠶᠡᠷᠦᠩᠬᠡᠢ ᠱᠦᠵᠢ ᠠᠯᠬᠤᠭ᠎ᠠ ᠪᠡᠨ ᠵᠤᠬᠰᠤᠵᠤ᠂ ᠨᠢᠮᠪᠠᠢ ᠪᠠᠢᠴᠠᠭᠠᠨ ᠦᠵᠡᠪᠡ᠃ ᠪᠢ ᠬᠥᠪᠦᠮᠡᠯ ᠳᠠᠷᠢᠵᠤ ᠤᠷᠭᠤᠭᠤᠯᠬᠤ ᠲᠠᠪᠴᠠᠩ ᠢ᠋ ᠰᠡᠬᠦᠵᠤ᠂ ᠤᠰᠤᠨ ᠰᠠᠪᠠ ᠳᠣᠲᠣᠷ᠎ᠠ ᠶᠠᠭ ᠡᠷᠭᠢᠯᠳᠦᠭᠦᠯᠦᠨ ᠬᠡᠷᠡᠭ᠌ᠯᠡᠵᠦ᠍ ᠪᠠᠢᠭ᠎ᠠ ᠱᠢᠮ᠎ᠡ ᠲᠡᠵᠢᠭᠡᠯ᠎ᠦᠨ ᠱᠢᠩᠭᠡᠨ᠎ᠢ ᠳᠡᠯᠭᠡᠨ ᠦᠵᠡᠭᠦᠯᠵᠦ᠍᠂ ᠶᠡᠷᠦᠩᠬᠡᠶ ᠱᠦᠵᠢ᠎ᠳᠦ ᠲᠡᠭᠦᠨ᠎ᠦ ᠳᠣᠲᠣᠷᠠᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠲᠠᠨᠢᠯᠴᠠᠭᠤᠯᠪᠠ᠃

ᠱᠢᠷᠣᠶ᠎ᠳ᠋ᠦ ᠳᠠᠷᠢᠬᠤ᠎ᠲᠠᠶ ᠬᠠᠷᠢᠴᠠᠭᠤᠯᠪᠠᠯ᠂ ᠰᠢᠮ᠎ᠠ ᠲᠡᠵᠢᠭᠡᠯ᠎ᠤᠨ ᠰᠢᠨᠭᠭᠡᠨ ᠳ᠋ᠤ ᠪᠤᠢᠵᠢᠭᠤᠯᠬᠤ ᠢᠳᠡᠱᠢᠨ ᠨᠣᠭᠣᠭ᠎ᠠ ᠨᠢ ᠨᠠᠩ ᠴᠡᠪᠡᠷ ᠠᠮᠤᠷ ᠲᠦᠪᠱᠢᠨ᠂ ᠦᠶ᠋ᠯᠡᠳᠪᠦᠷᠢᠯᠡᠯ᠎ᠦᠨ ᠦᠶᠡᠯᠡᠯ᠎ᠦᠨ ᠬᠤᠭᠤᠴᠠᠭ᠎ᠠ ᠨᠢ ᠨᠠᠩ ᠣᠬᠣᠷ᠂ ᠪᠠᠰᠠ ᠪᠣᠷᠲᠣᠭᠣᠷ᠎ᠤᠨ ᠥᠪᠡᠷ᠎ᠦᠨ ᠥᠷᠲᠡᠭ᠎ᠢ ᠠᠷᠪᠢᠯᠠᠵᠤ᠂ ᠤᠰᠤ ᠠᠷᠪᠢᠯᠠᠬᠤ ᠡᠷᠭᠢᠯᠲᠡ᠎ᠶ᠋ᠢ ᠪᠡᠶᠡᠯᠡᠭᠦᠯᠵᠦ᠍ ᠪᠣᠯᠤᠨ᠎ᠠ᠃ ᠢᠯᠡᠭᠦᠦ ᠬᠡᠲᠦ ᠤᠳᠠᠭ᠎ᠠ ᠬᠤᠷᠢᠶᠠᠪᠠᠯ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠵᠦ᠍ ᠲᠠᠢᠯᠤᠨ᠎ᠠ᠃ ᠠᠷᠠᠳ ᠢᠷᠭᠡᠳ ᠭᠡᠷ᠎ᠦᠨ᠎ᠢᠶᠡᠨ ᠨᠠᠷᠠᠪᠴᠢᠨ ᠳᠡᠭᠡᠷ᠎ᠡ《ᠢᠳᠡᠰᠢᠨ ᠨᠣᠭᠣᠭ᠎ᠠ᠎ᠶ᠋ᠢᠨ ᠵᠢᠵᠢᠭ ᠬᠦᠷᠢᠶᠡᠯᠡᠩ》 ᠢ᠋ ᠪᠠᠢᠭᠤᠯᠵᠤ ᠪᠣᠯᠤᠨ᠎ᠠ᠃

ᠶᠡᠷᠦᠩᠬᠡᠶ ᠱᠦᠵᠢ ᠰᠢ ᠵᠢᠨ ᠫᠢᠩ ᠪᠢᠳᠡᠨ᠎ᠳᠦ᠂ ᠬᠦᠳᠡᠭᠡ ᠠᠵᠤ ᠠᠬᠤᠢ ᠳ᠋ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠭᠦᠷ ᠤᠷᠭᠤᠭᠤᠯᠵᠤ᠂ ᠰᠠᠢᠨ᠎ᠢ ᠢᠳᠡᠬᠦ᠂ ᠠᠮᠤᠷ ᠲᠦᠪᠰᠢᠨ ᠢᠳᠡᠬᠦ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠢᠲᠠᠶ ᠠᠮᠤᠷ ᠲᠦᠪᠱᠢᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠶᠡᠬᠡ᠎ᠪᠡᠷ ᠬᠥᠭ᠌ᠵᠢᠭᠦᠯᠬᠦ᠌ ᠬᠡᠷᠡᠭ᠌ᠲᠡᠶ ᠭᠡᠵᠦ᠍ ᠵᠠᠬᠢᠪᠠ᠃

ᠱᠠᠨᠳᠦ᠋ᠩ ᠪᠣᠯ ᠲᠠᠷᠢᠶᠠᠯᠠᠩ᠎ᠤᠨ ᠲᠣᠮᠣ ᠮᠤᠵᠢ ᠪᠣᠯᠤᠨ᠎ᠠ᠂ ᠲᠦᠬᠦᠭᠡᠷᠤᠮᠵᠢᠳᠤ ᠢᠳᠡᠱᠢᠨ ᠨᠣᠭᠣᠭ᠎ᠠ ᠪᠣᠯ ᠱᠠᠨᠳᠦ᠋ᠩ᠎ᠦᠨ ᠬᠠᠮᠤᠭ᠎ᠤᠨ ᠣᠨᠴᠠᠯᠢᠭ᠎ᠲᠠᠶ《ᠲᠠᠷᠢᠶᠠᠯᠠᠩ ᠤ᠋ᠨ ᠪᠦᠲᠦᠭᠡᠭ᠌ᠳᠡᠬᠦᠨ》ᠤ᠋ ᠨᠢᠭᠡ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠢ ᠵᠣᠷᠢᠭ ᠱᠢᠭᠤᠳᠴᠤ᠌᠂ ᠲᠤᠰ ᠭᠠᠵᠠᠷ ᠣᠷᠣᠨ᠎ᠤ ᠣᠨᠴᠠᠯᠢᠭ᠎ᠲᠠᠭᠠᠨ ᠰᠠᠭᠤᠷᠢᠯᠠᠵᠤ᠂ ᠨᠡᠩ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠢᠳᠡᠱᠢᠨ ᠨᠣᠭᠣᠭ᠎ᠠ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠬᠡᠷᠡᠭ᠌ᠯᠡᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠵᠦ᠍᠂ ᠠᠷᠠᠳ ᠤᠯᠠᠨ ᠳ᠋ᠦ ᠬᠣᠭᠣᠯᠠᠨ ᠱᠢᠷᠡᠭᠡᠨ᠎ᠤ ᠠᠱᠢᠭ ᠬᠦᠷᠲᠡᠭᠡᠬᠦ᠌᠎ᠪᠡᠷ ᠪᠠᠢᠨ᠎ᠠ᠃ ᠣᠢᠷ᠎ᠠ᠎ᠶ᠋ᠢᠨ ᠵᠢᠯ᠎ᠳᠦ᠂ ᠮᠠᠨ᠎ᠤ ᠪᠦᠯᠬᠦᠮ᠎ᠦᠨ᠎ᠬᠢᠨ ᠢᠳᠡᠱᠢᠨ ᠨᠣᠭᠣᠭ᠎ᠠ᠎ᠶ᠋ᠢᠨ ᠱᠢᠨ᠎ᠡ ᠡᠭᠦᠯᠳᠡᠷ᠎ᠢ ᠰᠣᠩᠭᠣᠨ ᠪᠣᠢᠵᠢᠭᠤᠯᠬᠤ᠂ ᠭᠤᠤᠯ ᠪᠣᠯᠬᠤ ᠢᠳᠡᠱᠢᠨ ᠨᠣᠭᠣᠭ᠎ᠠ᠎ᠶ᠋ᠢ ᠡᠷᠴᠢᠮᠵᠢᠭᠦᠯᠦᠨ ᠴᠢᠬᠢ ᠪᠣᠢᠵᠢᠭᠤᠯᠬᠤ᠂ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠪᠣᠬᠢᠷᠲᠤᠯ ᠥᠬᠡᠶ ᠪᠡᠷ ᠰᠡᠷᠭᠡᠢᠯᠡᠨ ᠡᠵᠡᠮᠳᠡᠬᠦ᠌ ᠵᠡᠷᠭᠡ ᠮᠡᠷᠭᠡᠵᠢᠯ᠎ᠦᠨ ᠰᠤᠳᠤᠯᠭᠠᠨ᠎ᠤ ᠬᠦᠷᠢᠶᠡᠨ᠎ᠳᠦ ᠱᠢᠨ᠎ᠡ ᠦᠷ᠎ᠡ ᠪᠦᠲᠦᠭᠡᠯ ᠣᠯᠵᠤ᠂ 6 ᠵᠦᠶ᠋ᠯ᠎ᠦᠨ ᠱᠢᠨ᠎ᠡ ᠮᠡᠷᠭᠡᠵᠢᠯ᠎ᠨᠢ ᠱᠠᠨᠳᠦ᠋ᠩ ᠮᠤᠵᠢ᠎ᠶ᠋ᠢᠨ ᠬᠦᠳᠡᠭᠡ ᠠᠵᠤ ᠠᠬᠤᠢ ᠵᠢᠨ ᠭᠤᠤᠯ ᠳᠡᠯᠭᠡᠷᠡᠭᠦᠯᠬᠦ᠌ ᠮᠡᠷᠭᠡᠵᠢᠯ ᠪᠣᠯᠪᠠ᠃

ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠦᠨ ᠵᠠᠷᠢᠮ ᠳᠡᠭᠡᠳᠦ ᠲᠡᠰ᠎ᠤᠨ ᠢᠳᠡᠱᠢᠨ ᠨᠣᠭᠣᠭ᠎ᠠ᠎ᠶ᠋ᠢᠨ ᠦᠷ᠎ᠡ ᠨᠢ ᠨᠢᠭᠡ ᠦᠶ᠎ᠡ ᠭᠠᠳᠠᠭᠠᠳᠤ᠎ᠡᠴᠡ ᠣᠷᠣᠭᠤᠯᠬᠤ᠎ᠳᠤ ᠨᠡᠯᠢᠶᠡᠳ ᠲᠦᠱᠢᠭ᠌ᠯᠡᠵᠦ᠍ ᠪᠠᠢᠪᠠ᠃ ᠱᠢᠯᠢᠳᠡᠭ ᠦᠷ᠎ᠠ ᠡᠳ᠋ ᠪᠣᠯᠤᠨ ᠦᠷ᠎ᠠ ᠪᠣᠢᠵᠢᠭᠤᠯᠬᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠎ᠶᠢ ᠲᠠᠰᠤᠷᠠᠯᠲᠠ ᠥᠬᠡᠶ ᠠᠬᠢᠭᠤᠯᠬᠤ ᠪᠠᠷ ᠳᠠᠮᠵᠢᠭᠤᠯᠤᠨ᠂ ᠠᠰᠢᠭ ᠦᠭᠡᠢ ᠤᠷᠴᠢᠨ ᠨᠦᠭᠦᠴᠡᠯ ᠢ᠋ ᠲᠠᠭᠠᠭᠠᠵᠤ ᠲᠠᠢᠯᠬᠦ ᠴᠢᠨᠠᠷ ᠰᠠᠢᠲᠠᠶ ᠢᠳᠡᠱᠢᠨ ᠨᠣᠭᠣᠭ᠎ᠠ᠎ᠶ᠋ᠢᠨ ᠱᠢᠨ᠎ᠡ ᠡᠭᠦᠯᠳᠡᠷ᠎ᠢ ᠲᠦᠷᠭᠡᠳᠭᠡᠨ ᠰᠣᠩᠭᠣᠨ ᠪᠣᠢᠵᠢᠭᠤᠯᠵᠤ᠂ ᠪᠢᠳᠡ ᠢᠳᠡᠱᠢᠨ ᠨᠣᠭᠣᠭ᠎ᠠ᠎ᠶ᠋ᠢᠨ ᠭᠠᠳᠠᠭᠠᠳᠤ᠎ᠡᠴᠡ ᠣᠷᠣᠭᠤᠯᠤᠭ᠍ᠰᠠᠨ ᠦᠷ᠎ᠡ᠎ᠶ᠋ᠢ ᠤᠯᠤᠰ᠎ᠲᠠᠭᠠᠨ ᠦᠶ᠋ᠯᠡᠳᠪᠦᠷᠢᠯᠡᠬᠦ᠌᠂ ᠤᠯᠤᠰ᠎ᠤᠨ ᠳᠣᠲᠣᠭᠠᠳᠤ᠎ᠶ᠋ᠢᠨ ᠨᠠᠷᠠᠲᠤ ᠱᠢᠯᠢᠳᠡᠭ ᠡᠭᠦᠯᠳᠡᠷ᠎ᠢ ᠳᠡᠯᠡᠬᠡᠢᠴᠢᠯᠡᠬᠦ᠌᠎ᠶ᠋ᠢ ᠦᠷᠭᠦᠯᠵᠢᠯᠡᠨ ᠠᠬᠢᠭᠤᠯᠪᠠ᠃

ᠴᠠᠭᠠᠨ ᠨᠣᠭᠣᠭ᠎ᠠ᠂ ᠯᠤᠤᠪᠠᠩ᠎ᠨᠢ ᠤᠤᠯ᠎ᠡᠴᠡ᠎ᠪᠠᠨ ᠮᠠᠨ᠎ᠤ ᠤᠯᠤᠰ᠎ᠡᠴᠡ ᠢᠷᠡᠯᠲᠡ᠎ᠲᠡᠶ᠂ ᠭᠡᠪᠡᠴᠦ᠍ ᠬᠠᠪᠤᠷ ᠵᠣᠨ᠎ᠤ ᠳᠡᠭᠡᠳᠦ ᠲᠠᠰ᠎ᠤᠨ ᠡᠭᠦᠯᠳᠡᠷ᠎ᠨᠢ ᠬᠠᠷᠢᠨ ᠨᠢᠭᠡ ᠦᠶ᠎ᠡ ᠭᠠᠳᠠᠭᠠᠳᠤ᠎ᠡᠴᠡ ᠣᠷᠣᠭᠤᠯᠤᠭ᠍ᠰᠠᠨ ᠦᠷ᠎ᠡ᠎ᠵᠢᠨ ᠭᠠᠬᠴᠠᠭᠠᠷ ᠡᠵᠡᠮᠰᠢᠯ ᠲᠤᠤᠷ᠎ᠠ ᠪᠠᠢᠪᠠ᠃ ᠡᠨᠡ ᠬᠦ᠌ ᠪᠠᠢᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠮᠠᠨ᠎ᠤ ᠪᠦᠯᠬᠦᠮ ᠬᠡᠳᠦᠨ ᠪᠣᠭᠣᠮᠲᠠ ᠱᠢᠪᠲᠤᠯᠬᠤ ᠳᠤᠭᠤᠢᠯᠠᠩ ᠪᠠᠢᠭᠤᠯᠵᠤ᠂ ᠠᠯᠬᠤᠮ ᠠᠯᠬᠤᠮ᠎ᠢᠶᠡᠷ ᠱᠢᠪᠲᠤᠯᠤᠯᠲᠠ ᠭᠠᠷᠭᠠᠪᠠ᠃ ᠡᠪᠦᠯ᠎ᠦᠨ ᠤᠯᠠᠷᠢᠯ᠎ᠳᠤ ᠡᠪᠦᠯ᠎ᠦᠨ ᠳᠤᠯᠠᠭᠠᠨ ᠬᠦᠯᠡᠮᠵᠢ᠎ᠳᠦ ᠳᠠᠷᠢᠵᠤ ᠴᠢᠬᠢ ᠪᠣᠢᠵᠢᠭᠤᠯᠤᠨ᠎ᠠ; ᠵᠣᠨ᠎ᠤ ᠤᠯᠠᠷᠢᠯ᠎ᠳᠤ ᠦᠷ᠎ᠡ ᠲᠡᠭᠦᠵᠦ᠍᠂ ᠦᠷ᠎ᠡ ᠰᠤᠨᠭᠭᠤᠨ᠎ᠠ᠃ ᠡᠨᠡ ᠮᠡᠲᠦ᠍᠎ᠪᠡᠷ ᠵᠢᠯ ᠳᠠᠷᠠᠭᠠᠯᠠᠨ ᠬᠠᠢᠨ ᠰᠦᠪᠡᠭ᠌ᠴᠢᠯᠡᠵᠦ᠍ ᠤᠷᠤᠭ᠍ᠰᠢᠯᠠᠭᠠᠳ᠂ ᠰᠤᠳᠤᠯᠭᠠᠨ᠎ᠤ ᠦᠷ᠎ᠡ ᠪᠦᠲᠦᠭᠡᠯ᠎ᠢᠶᠡᠨ ᠨᠡᠢᠳᠭᠡᠨ ᠬᠡᠷᠡᠭ᠌ᠯᠡᠵᠤ᠂ ᠡᠴᠦᠰ ᠲᠡᠬᠡᠨ ᠭᠠᠳᠠᠭᠠᠳᠤ᠎ᠡᠴᠡ ᠣᠷᠣᠭᠤᠯᠤᠭ᠍ᠰᠠᠨ ᠴᠠᠭᠠᠨ ᠨᠣᠭᠣᠭ᠎ᠠ᠂ ᠯᠤᠤᠪᠠᠩ᠎ᠢ ᠪᠦᠲᠦᠮᠵᠢᠲᠡᠢ᠎ᠪᠡᠷ ᠣᠷᠣᠯᠠᠵᠤ ᠴᠢᠳᠠᠬᠤ ᠱᠢᠨ᠎ᠡ ᠲᠦᠷᠦᠯ ᠵᠦᠢᠯ᠎ᠢ ᠪᠣᠢᠵᠢᠭᠤᠯᠤᠭ᠍ᠰᠠᠨ ᠪᠠᠢᠨ᠎ᠠ᠃

ᠡᠳᠤᠭᠡ᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠢᠳᠡᠰᠢᠨ ᠨᠣᠭᠣᠭ᠎ᠠ᠎ᠶ᠋ᠢᠨ ᠦᠷ᠎ᠡ ᠵᠢᠨ ᠱᠠᠨᠳᠦ᠋ᠩ᠎ᠦᠨ ᠱᠧᠦ ᠭᠤᠸᠠᠩ᠎ᠤᠨ ᠵᠠᠬ᠎ᠠ ᠲᠡᠯᠭᠡᠬᠦᠷ ᠲᠡᠬᠢ ᠡᠵᠡᠯᠡᠬᠦ ᠨᠤᠷᠮ᠎ᠠ 2010 ᠤᠨ ᠡᠴᠡ ᠡᠮᠤᠨᠠᠬᠢ ᠵᠢᠨ 54% ᠡᠴᠡ ᠲᠡᠭᠡᠭᠰᠢᠯᠡᠭᠡᠳ 70% ᠡᠴᠡ ᠲᠡᠭᠡᠭᠰᠢ ᠪᠤᠯᠪᠠ᠃ ᠥᠩᠭᠡᠷᠡᠭ᠌ᠰᠡᠨ᠎ᠳᠦ ᠭᠠᠳᠠᠭᠠᠳᠤ᠎ᠡᠴᠡ ᠣᠷᠣᠭᠤᠯᠤᠭ᠍ᠰᠠᠨ ᠡᠭᠦᠯᠳᠡᠷ᠎ᠦᠨ ᠵᠠᠬ᠎ᠠ ᠳᠡᠯᠭᠡᠭᠦᠷ᠎ᠦᠨ ᠡᠵᠡᠯᠡᠬᠦ᠌ ᠨᠣᠷᠮ᠎ᠠ 80%᠎ᠡᠴᠡ ᠳᠡᠭᠡᠭ᠌ᠰᠢ᠎ᠳᠦ ᠬᠦᠷᠴᠦ ᠪᠠᠢᠭᠰᠠᠨ ᠡᠪᠡᠷ ᠬᠡᠮᠬᠡ᠎ᠶᠢ ᠤᠯᠤᠰ᠎ᠲᠠᠭᠠᠨ ᠦᠶ᠋ᠯᠡᠳᠪᠦᠷᠢᠯᠡᠭ᠌ᠰᠡᠨ ᠦᠷ᠎ᠡ ᠪᠦᠷᠢᠨ ᠤᠷᠤᠯᠠᠪᠠ᠃

ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ ᠨᠢ ᠨᠠᠮᠠᠶ᠋ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠳᠡᠮᠵᠢᠨ 《ᠳᠤᠮᠳᠠᠳᠤ ᠤᠯᠤᠰ᠎ᠤᠨ ᠬᠤᠯᠢᠰᠢᠨ ᠢᠳᠡᠭᠡᠨ》 ᠢ᠋ ᠪᠠᠶᠠᠯᠢᠭ᠍ᠵᠢᠭᠤᠯᠬᠤ᠎ᠶ᠋ᠢ ᠱᠠᠭᠠᠷᠳᠠᠵᠤ ᠪᠠᠢᠨ᠎ᠠ᠃ ᠪᠢ ᠲᠠᠷᠢᠶᠠᠴᠢᠨ᠂ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠦᠷᠭᠦᠯᠵᠢᠯᠡᠨ ᠪᠠᠲᠤ ᠡᠵᠡᠮᠳᠡᠵᠦ᠍᠂ ᠢᠳᠡᠱᠢᠨ ᠨᠣᠭᠣᠭ᠎ᠠ ᠵᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ 《ᠵᠠᠮ ᠨᠡᠭᠡᠭᠡᠬᠦ》 ᠂ 《ᠲᠤᠷᠱᠢᠯᠭ᠎ᠠ ᠬᠤᠷᠠᠮᠳᠤᠭᠤᠯᠬᠤ》 ᠪᠠᠷ ᠴᠢᠷᠮᠠᠢᠵᠤ᠂ ᠠᠷᠠᠳ ᠣᠯᠠᠨ᠎ᠳᠤ ᠰᠠᠨᠠᠭ᠎ᠠ ᠠᠮᠤᠷ᠂ ᠴᠢᠨᠠᠷ ᠰᠠᠢᠲᠠᠶ ᠢᠳᠡᠱᠢᠨ ᠨᠣᠭᠣᠭ᠎ᠠ ᠢᠳᠡᠭᠦᠯᠤᠨ᠎ᠠ᠃

(ᠰᠢᠨᠬᠤᠸᠠ ᠬᠤᠷᠢᠶᠠᠨ ᠤ᠋ ᠵᠢᠨᠠᠨ ᠤ᠋ 7 ᠰᠠᠷ᠎ᠠ ᠵᠢᠨ 20 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面