ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-07-20 10:48:44

ᠵᠣᠬᠢᠶᠠᠭ᠍ᠴᠢ᠄ ᠵᠠᠩ ᠯᠢᠶᠠᠩ ᠯᠸᠡᠭ ᠷᠦᠢ ᠵᠢᠶᠧ ᠯᠢᠦ ᠵᠢᠶᠧ ᠣᠩᠱᠢᠭ᠍ᠰᠠᠨ ᠣᠳᠠᠭ᠎ᠠ᠄ 3

2016 ᠣᠨ᠎ᠤ 7 ᠰᠠᠷ᠎ᠠ᠎ᠶ᠋ᠢᠨ 18 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠨᠢᠩᠱᠢᠶᠠ᠎ᠶ᠋ᠢᠨ ᠬᠦ᠋ ᠶᠤᠸᠠᠨ ᠬᠤᠳᠠ᠎ᠶ᠋ᠢᠨ ᠶᠤᠸᠠᠨ ᠵᠧᠦ ᠲᠣᠭᠣᠷᠢᠭ᠎ᠤᠨ ᠫᠸᠩ ᠪᠦᠦ ᠪᠠᠯᠭᠠᠰᠤᠨ ᠤ᠋ ᠶᠣᠣ ᠮᠦᠸᠸ ᠲᠣᠰᠭᠣᠨ᠎ᠳᠤ ᠬᠦᠷᠴᠦ᠍ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠠᠵᠢᠯ᠎ᠢ ᠱᠢᠨᠵᠢᠯᠡᠨ ᠪᠠᠢᠴᠠᠭᠠᠪᠠ᠃ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠰᠠᠭᠤᠷᠢᠨ᠎ᠳᠤ᠂ ᠶᠡᠷᠦᠩᠬᠡᠶ ᠱᠦᠵᠢ ᠲᠠᠷᠢᠮᠠᠯ᠎ᠤᠨ ᠲᠣᠮᠣ ᠡᠷᠦᠬᠡ ᠪᠣᠯᠤᠨ ᠬᠥᠯᠥᠰᠥᠨ ᠠᠵᠢᠯ ᠬᠢᠵᠦ᠍ ᠪᠠᠢᠭ᠎ᠠ ᠣᠯᠠᠨ ᠲᠦᠮᠡᠨ᠎ᠲᠡᠶ ᠳᠣᠲᠣᠨᠣ ᠎ᠪᠠᠷ ᠶᠠᠷᠢᠯᠴᠠᠵᠤ᠂ ᠲᠡᠳᠡᠨ᠎ᠦ 《ᠪᠠᠶᠠᠵᠢᠯ᠎ᠤᠨ ᠵᠤᠷ》 ᠪᠣᠯᠤᠨ ᠦᠶ᠋ᠯᠡᠳᠪᠦᠷᠢᠯᠡᠯ᠎ᠦᠨ ᠳᠤᠮᠳᠠ ᠲᠤᠯᠭᠠᠷᠠᠭ᠍ᠰᠠᠨ ᠬᠦᠴᠢᠷᠳᠡᠯ᠎ᠢ᠎ᠨᠢ ᠣᠢᠯᠠᠭᠠᠪᠠ᠃ ᠢᠳᠡᠰᠢᠨ ᠨᠤᠭᠤᠭ᠎ᠠ ᠵᠢᠨ ᠰᠠᠭᠤᠷᠢᠨ ᠳ᠋ᠤ ᠬᠦᠴᠦ᠍ ᠶᠠᠪᠤᠵᠤ ᠪᠠᠢᠭ᠍ᠰᠠᠨ ᠶᠣᠣ ᠮᠦᠸᠸ ᠲᠣᠰᠭᠣᠨ᠎ᠤ ᠠᠷᠠᠳ ᠭᠦᠸᠧ ᠱᠤᠤ ᠯᠢᠩ ᠶᠠᠭ ᠲᠤᠬᠠᠢ᠎ᠶ᠋ᠢᠨ ᠲᠠᠯᠠᠪᠠᠢ᠎ᠳᠤ ᠪᠠᠢᠪᠠ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠭᠦᠸᠧ ᠱᠤᠤ ᠯᠢᠩ᠎ᠢ ᠰᠤᠷᠪᠤᠯᠵᠢᠯᠠᠵᠤ᠂ ᠪᠢᠳᠡ ᠲᠡᠭᠦᠨ᠎ᠦ ᠶᠡᠷᠦᠩᠬᠡᠶ ᠱᠦᠵᠢ᠎ᠶ᠋ᠢᠨ ᠵᠣᠷᠢᠭ᠍ᠵᠢᠭᠤᠯᠤᠯ ᠳᠤᠤᠷ᠎ᠠ ᠪᠠᠶᠠᠵᠢᠯ᠎ᠤᠨ ᠳᠠᠭᠠᠭᠤᠯᠤᠭ᠍ᠴᠢ ᠪᠣᠯᠵᠣ᠂ ᠣᠯᠠᠨ ᠲᠦᠮᠡᠨ᠎ᠢᠶᠡᠨ ᠳᠠᠢᠴᠢᠯᠠᠨ ᠶᠠᠳᠠᠭᠤ᠎ᠡᠴᠡ ᠠᠩᠭᠢᠵᠢᠷᠠᠭᠤᠯᠤᠨ ᠴᠢᠨᠡᠭᠡᠯᠢᠭᠵᠢᠯ᠎ᠢ ᠵᠤᠷᠢᠭᠰᠠᠨ ᠲᠡᠮᠡᠴᠡᠯ᠎ᠦᠨ ᠥᠯᠢᠭᠡᠷ᠎ᠢ ᠬᠠᠮᠲᠤ᠎ᠪᠠᠷ ᠰᠣᠨᠢᠷᠬᠠᠵᠠᠭᠠᠶ᠎ᠠ —

ᠲᠡᠷᠡ ᠡᠳᠦᠷ ᠪᠢᠳᠠ ᠶᠡᠷᠦᠩᠬᠡᠶ ᠱᠦᠵᠢ ᠰᠢ ᠵᠢᠨ ᠫᠢᠩ᠎ᠲᠡᠶ ᠠᠭᠤᠯᠵᠠᠭᠠᠳ ᠦᠨᠡᠬᠡᠷ ᠪᠠᠶᠠᠷᠯᠠᠵᠠᠶ᠃ ᠲᠣᠰᠭᠣᠨ᠎ᠤ ᠨᠠᠮ᠎ᠤᠨ ᠭᠡᠱᠢᠭᠦᠨ ᠺᠠᠳ᠋ᠷ ᠪᠣᠯᠤᠨ ᠲᠠᠷᠢᠮᠠᠯ᠎ᠤᠨ ᠲᠣᠮᠣ ᠡᠷᠦᠬᠡ ᠪᠦᠷ ᠬᠦᠷᠢᠶᠡᠯᠡᠨ ᠢᠷᠡᠵᠡᠭᠡᠪᠡ᠃ ᠶᠡᠷᠦᠩᠬᠡᠢ ᠱᠦᠵᠢ ᠰᠢ ᠵᠢᠨ ᠫᠢᠩ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠂ ᠲᠠᠷᠢᠶᠠᠨ ᠠᠵᠢᠯ ᠬᠢᠵᠦ᠍ ᠬᠦᠴᠦ ᠶᠠᠪᠤᠬᠤ᠂ ᠬᠤᠪᠢ ᠣᠷᠣᠭᠤᠯᠤᠨ ᠠᠱᠢᠭ ᠬᠤᠪᠢᠶᠠᠷᠢᠯᠠᠬᠤ ᠵᠡᠷᠭᠡ ᠪᠠᠢᠳᠠᠯ᠎ᠢ ᠠᠰᠠᠭᠤᠬᠰᠡᠨ ᠪᠦᠭᠡᠳ ᠪᠠᠰᠠ ᠤᠯᠠᠨ᠎ᠤ ᠦᠢᠯᠡᠳᠪᠦᠷᠢᠯᠡᠯ ᠎ᠦᠨ ᠳᠤᠮᠳᠠ ᠲᠤᠯᠭᠠᠷᠠᠭ᠍ᠰᠠᠨ ᠬᠦᠴᠢᠷᠳᠡᠯ᠎ᠢ ᠣᠢᠯᠠᠭᠠᠵᠤ᠂ ᠪᠢᠳᠠᠨ᠎ᠲᠡᠶ ᠬᠠᠮᠲᠤ ᠤᠷᠤᠯᠭ᠎ᠠ ᠵᠠᠷᠤᠯᠭ᠎ᠠ᠎ᠶ᠋ᠢᠨ ᠳᠠᠩᠰᠠ᠎ᠶ᠋ᠢ ᠪᠤᠳᠤᠵᠠᠢ᠃

ᠶᠡᠷᠦᠩᠬᠡᠶ ᠱᠦᠵᠢ ᠰᠢ ᠵᠢᠨ ᠫᠢᠩ ᠮᠠᠨ᠎ᠤ 《ᠬᠣᠶᠠᠷ ᠲᠠᠭᠠᠭᠤᠯᠤᠬᠴᠢ》 ᠵᠢᠨ ᠢᠨᠵᠧᠨᠧᠷᠢᠩ᠎ᠢ ᠨᠤᠲᠠᠯᠠᠭ᠍ᠰᠠᠨ ᠶᠠᠪᠤᠳᠠᠯ ᠪᠣᠯ ᠳᠠᠷᠤᠶ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠭᠠᠭᠤᠯᠤᠭ᠍ᠴᠢ ᠪᠠ ᠪᠠᠶᠠᠵᠢᠯ᠎ᠤᠨ ᠳᠠᠭᠠᠭᠤᠯᠤᠭ᠍ᠴᠢ᠎ᠶ᠋ᠢᠨ ᠡᠩᠨᠡᠭᠡ᠎ᠳᠦ ᠲᠦᠱᠢᠭ᠌ᠯᠡᠨ᠂ ᠣᠯᠠᠨ ᠲᠦᠮᠡᠨ᠎ᠢ ᠬᠠᠪᠰᠤᠷᠤᠨ ᠶᠠᠳᠠᠭᠤ᠎ᠡᠴᠡ ᠠᠩᠭᠢᠵᠢᠷᠠᠭᠤᠯᠤᠨ ᠪᠠᠶᠠᠵᠢᠭᠤᠯᠬᠤ ᠶᠠᠪᠤᠳᠠᠯ ᠨᠢ ᠨᠠᠳᠠ ᠳ᠋ᠤ ᠬᠠᠮᠤᠭ ᠤ᠋ᠨ ᠬᠦᠨ ᠰᠠᠭᠤᠬᠳᠠᠯ ᠦᠯᠡᠳᠡᠭᠡᠵᠠᠢ᠃ ᠶᠡᠷᠦᠩᠬᠡᠢ ᠱᠦᠵᠢ ᠲᠣᠰᠭᠣᠨ᠎ᠤ ᠨᠠᠮ᠎ᠤᠨ ᠡᠭᠦᠷ᠎ᠦᠨ ᠬᠢᠨ ᠤᠯᠠᠨ ᠲᠦᠮᠡᠨ᠎ᠲᠡᠶ ᠬᠠᠷᠢᠯᠴᠠᠬᠤ᠂ ᠤᠯᠠᠨ ᠲᠦᠮᠡᠨ᠎ᠳᠦ ᠦᠢᠯᠡᠴᠢᠯᠡᠬᠦ᠌᠂ ᠤᠯᠠᠨ ᠲᠦᠮᠡᠨ᠎ᠢ ᠨᠢᠭ᠍ᠲᠠᠷᠠᠭᠤᠯᠬᠤ᠂ ᠤᠯᠠᠨ ᠲᠦᠮᠡᠨ᠎ᠳᠦ ᠪᠤᠶᠠᠨ ᠦᠢᠯᠡᠳᠬᠦ᠌ ᠴᠢᠳᠡᠪᠬᠢ᠎ᠪᠠᠨ ᠴᠢᠩᠭᠠᠳᠭᠠᠵᠤ᠂ ᠤᠯᠠᠨ ᠲᠦᠮᠡᠨ᠎ᠢ ᠵᠣᠷᠢᠭ᠍ᠵᠢᠭᠤᠯᠤᠨ ᠬᠠᠪᠰᠤᠷᠴᠤ᠌ ᠪᠠᠢᠭᠠᠳ ᠨᠡᠩ ᠢᠲᠡᠭᠡᠯ᠎ᠲᠡᠶ᠂ ᠵᠣᠷᠢᠭ᠎ᠲᠠᠶ᠂ ᠬᠦᠯᠢᠴᠡᠨᠭᠭᠦᠢ᠎ᠪᠠᠷ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠪᠠᠶᠠᠵᠢᠨ ᠴᠢᠨᠡᠭᠡᠯᠢᠭ᠌ᠵᠢᠬᠦ᠌ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠶ᠋ᠢ ᠬᠦᠰᠡᠪᠡ᠃

ᠲᠤᠬᠠᠶ᠎ᠶ᠋ᠢᠨ ᠵᠢᠯ ᠳ᠋ᠦ ᠪᠢ 《ᠬᠣᠶᠠᠷ ᠲᠠᠭᠠᠭᠤᠯᠤᠬᠴᠢ》ᠶ᠋ᠢᠨ ᠢᠨᠵᠧᠨᠧᠷᠢᠩ᠎ᠦᠨ ᠳᠠᠭᠠᠭᠤᠯᠭ᠎ᠠ ᠳᠤᠤᠷ᠎ᠠ ᠪᠠᠶᠠᠵᠢᠭ᠍ᠰᠠᠨ ᠶᠤᠮ᠃ ᠲᠡᠷᠡ ᠦᠶ᠎ᠡ᠎ᠳᠦ᠂ ᠲᠣᠰᠭᠣᠨ᠎ᠳᠤ ᠵᠠᠷᠢᠮ ᠬᠥᠮᠦᠨ ᠢᠳᠡᠰᠢᠨ ᠨᠣᠭᠣᠭ᠎ᠠ ᠲᠠᠷᠢᠬᠤ᠎ᠳᠤ ᠲᠦᠱᠢᠭ᠌ᠯᠡᠨ ᠰᠠᠢᠨ ᠠᠮᠢᠳᠤᠷᠠᠵᠤ ᠪᠠᠢᠬᠤ᠎ᠶ᠋ᠢ ᠬᠠᠷᠠᠭᠠᠳ ᠪᠢ ᠴᠦ᠍ ᠲᠤᠷᠱᠢᠵᠤ ᠦᠵᠡᠪᠡ᠃ ᠰᠠᠨᠠᠭᠠᠨ ᠳ᠋ᠦ ᠦᠭᠡᠢ ᠶᠠᠪᠤᠳᠠᠯ ᠭᠡᠪᠡᠯ ᠢᠳᠡᠱᠢᠨ ᠨᠣᠭᠣᠭ᠎ᠠ᠎ᠨᠢ ᠨᠢᠯᠬ᠎ᠠ ᠬᠡᠦᠬᠡᠳ ᠱᠢᠭ ᠨᠠᠷᠢᠯᠢᠭ ᠲᠤᠳᠤᠮᠳᠠᠯᠭ᠎ᠠ ᠤᠷᠤᠨ᠎ᠠ᠃ ᠬᠦᠴᠦ ᠬᠦᠯᠦᠰᠤ ᠪᠠᠨ ᠤᠷᠤᠰᠬᠠᠨ ᠲᠠᠷᠢᠭ᠍ᠰᠠᠨ ᠴᠤᠭᠤᠷ ᠨᠣᠭᠣᠭ᠎ᠠ ᠪᠠᠨ ᠨᠢᠭᠡ ᠰᠢᠷᠭᠡᠭ ᠴᠦ᠍ ᠬᠤᠳᠠᠯᠳᠤᠵᠤ ᠭᠠᠷᠤᠭ᠍ᠰᠠᠨ ᠦᠭᠡᠢ᠂ ᠪᠦᠷ ᠲᠠᠷᠢᠶᠠᠨ ᠭᠠᠵᠠᠷ ᠲᠠᠭᠠᠨ ᠢᠯᠵᠢᠷᠡᠭᠡᠳ ᠬᠣᠨᠢᠨ᠎ᠤ ᠲᠡᠵᠢᠭᠡᠯ ᠪᠤᠯᠬᠤ ᠳ᠋ᠦ ᠪᠠᠴᠢᠮᠳᠠᠭᠠᠳ ᠨᠢᠯᠪᠤᠰᠤ ᠤᠨᠠᠭᠠᠪᠠ᠃ ᠬᠣᠵᠢᠮ ᠨᠢ ᠲᠣᠰᠭᠣᠨ᠎ᠤ ᠨᠢᠭᠡᠨ ᠲᠤᠮᠤ ᠡᠷᠤᠬᠡ᠎ᠶ᠋ᠢᠨ ᠵᠢᠯᠤᠭᠤᠳᠤᠯᠭ᠎ᠠ ᠳᠣᠣᠷ᠎ᠠ᠂ ᠪᠢ ᠨᠣᠭᠣᠭ᠎ᠠ ᠲᠠᠷᠢᠬᠤ 《ᠠᠷᠭ᠎ᠠ ᠲᠡᠮ》 ᠢ᠋ ᠰᠤᠷᠴᠤ᠌᠂ ᠲᠠᠷᠢᠶᠠᠨ ᠭᠠᠵᠠᠷ᠎ᠤᠨ ᠬᠠᠮᠢᠶᠠᠷᠤᠯᠲᠠ᠂ ᠵᠠᠬ᠎ᠠ ᠳᠡᠯᠭᠡᠭᠦᠷ᠎ᠦᠨ ᠪᠣᠷᠣᠯᠠᠭᠤᠯᠭ᠎ᠠ ᠵᠡᠷᠭᠡ ᠠᠭᠠᠵᠢᠮ᠎ᠢᠶᠠᠷ ᠵᠠᠮ᠎ᠳᠠᠭᠠᠨ ᠤᠷᠤᠪᠠ᠃ ᠵᠠᠰᠠᠭ᠎ᠤᠨ ᠣᠷᠳᠣᠨ᠎ᠤ ᠬᠠᠪᠰᠤᠷᠤᠯᠭ᠎ᠠ ᠳᠤᠤᠷ᠎ᠠ᠂ ᠲᠣᠰᠭᠣᠨ᠎ᠤ ᠬᠢᠨ ᠵᠸᠩᠵᠸᠦ᠂ ᠰᠢ ᠠᠨ ᠵᠡᠷᠭᠡ ᠭᠠᠵᠠᠷ᠎ᠤᠨ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠎ᠲᠦ ᠲᠡᠯᠬᠡᠬᠦᠷ ᠨᠡᠬᠡᠭᠡᠵᠦ᠂ ᠲᠣᠭ᠍ᠲᠠᠮᠠᠯ ᠬᠤᠳᠠᠯᠳᠤᠨ ᠠᠪᠤᠬᠴᠢ ᠪᠠ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠲᠠᠢ ᠪᠤᠯᠵᠤ᠂ ᠪᠠᠰᠠ ᠡᠯᠧᠺᠲ᠋ᠷᠣᠨ ᠬᠤᠳᠠᠯᠳᠤᠭᠠᠨ᠎ᠤ ᠪᠣᠷᠣᠯᠠᠭᠤᠯᠭ᠎ᠠ᠎ᠶ᠋ᠢᠨ ᠲᠠᠪᠴᠠᠩ ᠪᠠᠢᠭᠤᠯᠵᠤ᠂ ᠮᠠᠨ᠎ᠤ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠪᠣᠷᠣᠯᠠᠭᠤᠯᠭ᠎ᠠ᠎ᠶ᠋ᠢᠨ ᠵᠠᠮ ᠴᠤ᠌ ᠶᠠᠪᠤᠬᠤ ᠲᠤᠲᠤᠮ ᠰᠠᠢᠵᠢᠷᠠᠪᠠ᠃

ᠡᠳᠡᠭᠡᠷ ᠵᠢᠯ ᠳ᠋ᠦ ᠮᠠᠨ᠎ᠤ ᠬᠢᠨ ᠭᠡᠷ ᠪᠠᠢᠰᠢᠩ᠂ ᠮᠠᠰᠢᠨ ᠲᠡᠷᠭᠡ ᠬᠤᠳᠠᠯᠳᠤᠨ ᠠᠪᠤᠪᠠ᠃ ᠠᠮᠢᠳᠤᠷᠠᠯ ᠰᠠᠢᠵᠢᠷᠠᠬᠤ᠎ᠶ᠋ᠢᠨ ᠵᠡᠷᠭᠡ᠎ᠪᠡᠷ᠂ ᠪᠢ ᠶᠡᠷᠦᠩᠬᠡᠢ ᠱᠦᠵᠢ᠎ᠶ᠋ᠢᠨ ᠦᠭᠡ᠎ᠶ᠋ᠢ ᠢᠮᠠᠭ᠍ᠲᠠ ᠴᠡᠭᠡᠵᠢᠯᠡᠵᠦ᠍᠂ ᠥᠪᠡᠷ᠎ᠢᠶᠡᠨ ᠪᠠᠶᠠᠵᠢᠨ ᠴᠢᠨᠡᠭᠡᠯᠢᠭ᠌ᠵᠢᠭ᠌ᠰᠡᠨ ᠴᠦ᠍ ᠦᠷᠦᠭᠡᠯ ᠪᠤᠰᠤᠳ᠎ᠢ ᠬᠠᠪᠰᠤᠷᠬᠤ᠎ᠪᠠᠷ ᠴᠢᠷᠮᠠᠢᠵᠤ ᠶᠠᠪᠤᠨ᠎ᠠ᠃

ᠣᠳᠣ ᠵᠣᠬᠢᠶᠠᠨ ᠪᠠᠢᠭᠤᠯᠤᠯᠲᠠ᠎ᠡᠴᠡ ᠨᠠᠮ᠎ᠠ᠎ᠶᠢ 《ᠪᠠᠶᠠᠵᠢᠯ᠎ᠤᠨ ᠳᠠᠭᠠᠭᠤᠯᠤᠭ᠍ᠴᠢ》 ᠪᠠᠷ ᠦᠨᠡᠯᠡᠪᠠ᠃ 2017 ᠣᠨ᠎ᠳᠤ ᠪᠢ ᠢᠷᠠᠭᠤ ᠠᠯᠳᠠᠷᠲᠠᠢ᠎ᠪᠠᠷ ᠨᠠᠮ᠎ᠳᠤ ᠡᠯᠰᠡᠭᠳᠡᠵᠦ᠂ ᠰᠡᠭᠦᠯᠡᠷ ᠨᠢ ᠪᠠᠰᠠ ᠲᠣᠰᠭᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠎ᠪᠡᠷ ᠰᠣᠩᠭᠣᠭ᠍ᠳᠠᠪᠠ᠃ ᠡᠲᠡᠭᠡᠷ ᠵᠢᠯ᠎ᠦᠳ᠎ᠲᠦ ᠪᠢ 5 ᠲᠠᠩᠰᠠᠯᠠᠵᠤ ᠺᠠᠷᠲ᠋ᠯᠠᠬᠰᠠᠨ ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠢᠴᠢᠯᠠᠨ ᠬᠠᠪᠰᠤᠷᠤᠨ ᠲᠡᠳᠬᠦᠪᠡ᠃

ᠨᠢᠭᠡᠨ ᠤᠨᠴᠠ ᠬᠦᠴᠢᠷᠳᠠᠯᠳᠠᠢ ᠭᠡᠷ ᠪᠦᠯᠢ᠎ᠳᠦ᠂ ᠪᠢ ᠦᠪᠡᠷ ᠤ᠋ᠨ ᠬᠠᠮᠤᠭ ᠰᠠᠢᠨ ᠲᠠᠷᠢᠶᠠᠨ ᠭᠠᠵᠠᠷ ᠵᠢᠨᠨ ᠭᠠᠷᠭᠠᠨ ᠦᠭᠴᠦ᠂ ᠪᠠᠶ᠎ᠠ ᠪᠡᠷ ᠵᠢᠨᠨ ᠨᠣᠭᠣᠭ᠎ᠠ ᠲᠠᠷᠢᠬᠤ ᠮᠡᠷᠭᠡᠵᠢᠯ᠎ᠢ ᠵᠢᠭᠠᠵᠤ ᠦᠭᠪᠠ᠃ 2020 ᠣᠨ᠎ᠳᠤ᠂ ᠡᠨᠡ ᠬᠦ᠌ ᠶᠠᠳᠠᠭᠤ ᠬᠦᠴᠢᠷᠳᠡᠯᠲᠡᠢ ᠡᠷᠦᠬᠡ ᠶᠠᠳᠠᠭᠤ ᠡᠴᠡ ᠠᠩᠭᠢᠵᠢᠷᠠᠬᠰᠠᠨ ᠳ᠋ᠤ ᠥᠪᠡᠷ᠎ᠦᠨ ᠲᠠᠷᠢᠶ᠎ᠠ ᠡᠯᠪᠡᠭ ᠬᠤᠷᠢᠶᠠᠯᠲᠠ ᠣᠯᠤᠭ᠍ᠰᠠᠨ ᠰᠢᠬ ᠪᠠᠶᠠᠷᠯᠠᠵᠠᠢ᠃

ᠡᠳᠦᠭᠡ ᠶᠣᠣ ᠮᠦᠸᠸ ᠲᠣᠰᠭᠣᠨ 《ᠨᠢᠷᠤᠭᠤ ᠭᠡᠳᠡᠢᠵᠦ》᠂ ᠬᠤᠯᠠ ᠤᠢ᠍ᠢᠷ᠎ᠠ᠎ᠳᠠᠭᠠᠨ ᠠᠯᠳᠠᠷᠱᠢᠭ᠍ᠰᠠᠨ ᠣᠳᠣᠬᠢᠴᠢᠯᠠᠭ᠍ᠰᠠᠨ ᠲᠦᠮᠡᠨ ᠮᠦ᠍ ᠵᠢᠨ ᠢᠳᠡᠱᠢᠨ ᠨᠣᠭᠣᠭ᠎ᠠ᠎ᠶ᠋ᠢᠨ ᠰᠠᠭᠤᠷᠢᠨ ᠳᠠᠢ ᠪᠤᠯᠵᠤ᠂ ᠡᠷᠦᠭᠡ ᠪᠣᠯᠭᠠᠨ ᠢᠳᠡᠱᠢᠨ ᠨᠣᠭᠣᠭ᠎ᠠ ᠲᠠᠷᠢᠵᠤ᠂ ᠲᠣᠰᠭᠣᠨ᠎ᠤ ᠬᠦᠢᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠮᠦ᠍ ᠲᠤᠮᠳᠠᠴᠢ ᠵᠢᠨ ᠦᠷ᠎ᠡ ᠠᠱᠢᠭ 2016 ᠣᠨ ᠤ᠋ 3000 ᠲᠥᠭᠥᠷᠢᠭ ᠡᠴᠡ ᠣᠳᠣ 5000 ᠱᠢᠬᠠᠮ ᠲᠥᠭᠥᠷᠢᠭ ᠪᠣᠯᠵᠤ ᠨᠡᠮᠡᠭᠳᠡᠵᠡᠢ᠃

(ᠱᠢᠨᠬᠤᠸᠠ ᠬᠣᠷᠢᠶᠠᠨ᠎ᠤ ᠢᠷᠭᠠᠢ᠎ᠶ᠋ᠢᠨ 7 ᠰᠠᠷ᠎ᠠ᠎ᠶ᠋ᠢᠨ 18 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面