2022-05-07 09:16:25
ᠶᠡᠷᠦᠩᠬᠡᠢ ᠱᠦᠵᠢ ᠰᠢ ᠵᠢᠨ ᠫᠢᠩ 2019 ᠣᠨ᠎ᠤ 8 ᠰᠠᠷ᠎ᠠ᠎ᠶ᠋ᠢᠨ 20᠎ᠤ᠋ ᠡᠳᠦᠷ ᠭᠠᠨᠰᠦ ᠮᠤᠵᠢ᠎ᠶ᠋ᠢᠨ ᠵᠠᠩ ᠶᠧ ᠬᠤᠳᠠ᠎ᠶ᠋ᠢᠨ ᠱᠠᠨᠳ᠋ᠠᠨ ᠱᠢᠶᠠᠨ᠎ᠳᠤ ᠱᠢᠨᠵᠢᠯᠡᠨ ᠪᠠᠢᠴᠠᠭᠠᠵᠤ᠂ ᠱᠠᠨᠳ᠋ᠠᠨᠤ ᠫᠸᠢᠢᠯᠢ ᠰᠤᠷᠭᠠᠭᠤᠯᠢ᠎ᠳᠤ ᠬᠦᠷᠪᠡ᠃ ᠣᠢᠷ᠎ᠠ᠎ᠳᠤ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠱᠠᠨᠳ᠋ᠠᠨᠤ ᠫᠸᠢᠢᠯᠢ ᠰᠤᠷᠭᠠᠭᠤᠯᠢ᠎ᠶ᠋ᠢᠨ ᠵᠠᠬᠢᠷᠤᠯ ᠫᠸᠩ ᠳ᠋ᠦᠩ ᠵᠢᠶᠦ᠋ᠨ᠎ᠢ ᠡᠷᠬᠢᠵᠦ ᠰᠤᠷᠪᠤᠯᠵᠢᠯᠠᠪᠠ᠃
ᠦᠵᠡᠭᠳᠡᠯ᠎ᠢ ᠡᠷᠬᠢᠴᠡᠭᠦᠯᠬᠦᠢ
ᠱᠠᠨᠳ᠋ᠠᠨᠤ ᠫᠸᠢᠢᠯᠢ ᠰᠤᠷᠭᠠᠭᠤᠯᠢ ᠪᠣᠯ ᠱᠢᠨ᠎ᠡ ᠽᠢᠯᠠᠨᠳ᠋᠎ᠤᠨ ᠠᠯᠳᠠᠷᠲᠤ ᠨᠡᠢᠭᠡᠮ᠎ᠦᠨ ᠵᠢᠳᠬᠦᠯᠲᠡᠨ ᠯᠦᠶᠢ·ᠠᠢ᠌ᠯᠢ 1942 ᠣᠨ᠎ᠳᠤ ᠡᠭᠦᠰᠭᠡᠨ ᠪᠠᠢᠭᠤᠯᠤᠭ᠍ᠰᠠᠨ ᠠᠵᠢᠯ ᠮᠡᠷᠭᠡᠵᠢᠯ᠎ᠦᠨ ᠰᠤᠷᠭᠠᠭᠤᠯᠢ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ ᠲᠤᠰᠭᠠᠢᠯᠠᠨᠡᠨᠳᠡᠢᠷᠡᠵᠦ ᠱᠢᠨᠵᠢᠯᠡᠨ ᠪᠠᠢᠴᠠᠭᠠᠵᠤ᠂ ᠰᠤᠷᠭᠠᠭᠤᠯᠢ᠎ᠶ᠋ᠢᠨ ᠪᠦᠬᠦ᠌ ᠪᠠᠢᠳᠠᠯ᠎ᠢ ᠪᠠᠢᠴᠠᠭᠠᠨᠦᠵᠡᠵᠦ᠍᠂ ᠰᠤᠷᠭᠠᠭᠤᠯᠢ᠎ᠶ᠋ᠢᠨ ᠦᠨᠳᠦᠰᠦᠨ ᠪᠠᠢᠳᠠᠯ᠎ᠢ ᠣᠢᠯᠠᠭᠠᠵᠤ᠂ ᠯᠦᠶ᠍ᠢ·ᠠᠢ᠌ᠯᠢ ᠵᠢᠨ ᠬᠠᠭᠤᠴᠢᠨ ᠰᠠᠭᠤᠴᠠ᠎ᠶ᠋ᠢ ᠲᠣᠭᠣᠷᠢᠨ ᠦᠵᠡᠪᠡ᠃
ᠪᠤᠳᠠᠳᠠᠢ ᠪᠣᠯᠪᠠᠰᠤᠷᠠᠯ᠎ᠤᠨ ᠵᠢᠭᠠᠨ ᠰᠤᠷᠭᠠᠯᠲᠠ᠎ᠶ᠋ᠢᠨ ᠠᠰᠠᠷ᠎ᠲᠤ᠂ ᠲᠡᠷᠡ ᠶᠠᠭ ᠶᠠᠪᠤᠭ᠍ᠳᠠᠵᠤ ᠪᠠᠢᠭ᠎ᠠ ᠮᠧᠬᠠᠨᠢᠭ ᠪᠣᠯᠪᠠᠰᠤᠷᠠᠭᠤᠯᠤᠯᠲᠠ᠂ ᠤᠶᠤᠨᠲᠤ ᠭᠡᠷ᠎ᠦᠨ ᠬᠡᠷᠡᠭ᠌ᠰᠡᠯ᠎ᠦᠨ ᠵᠢᠷᠤᠭ ᠲᠥᠯᠥᠪᠯᠡᠭᠡ ᠵᠡᠷᠭᠡ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠤᠳᠠᠳᠠᠢ ᠪᠣᠯᠪᠠᠰᠤᠷᠠᠯ᠎ᠢ ᠦᠵᠡᠵᠦ᠍᠂ ᠰᠤᠷᠤᠭ᠍ᠴᠢᠳ᠎ᠡᠴᠡ ᠰᠤᠷᠤᠯᠴᠠᠯᠭ᠎ᠠ ᠠᠮᠢᠳᠤᠷᠠᠯ᠎ᠤᠨ ᠪᠠᠢᠳᠠᠯ᠎ᠢ ᠨᠢ ᠠᠰᠠᠭᠤᠨ ᠯᠠᠪᠯᠠᠵᠤ᠄ 《3 ᠵᠢᠯ᠎ᠦᠨ ᠪᠤᠳᠠᠳᠠᠢ ᠪᠣᠯᠪᠠᠰᠤᠷᠠᠯ᠎ᠢᠶᠠᠷ ᠳᠠᠮᠵᠢᠨ ᠶᠠᠮᠠᠷ ᠮᠡᠷᠭᠡᠵᠢᠯ᠎ᠦᠨ ᠲᠦᠪᠱᠢᠨ᠎ᠳᠦ ᠬᠦᠷᠴᠦ᠍ ᠴᠢᠳᠠᠬᠤ ᠪᠤᠢ?》 《ᠦᠶ᠋ᠯᠡᠳᠪᠦᠷᠢ᠎ᠳᠦ ᠣᠴᠢᠵᠤ ᠳᠠᠳᠤᠯᠭ᠎ᠠ ᠬᠢᠬᠦ᠌ ᠲᠣᠬᠢᠶᠠᠯ ᠪᠠᠢᠨ᠎ᠠ ᠤᠤ?》 《ᠲᠡᠭᠦᠰᠦᠭ᠌ᠰᠡᠨ᠎ᠦ ᠳᠠᠷᠠᠭ᠎ᠠ ᠠᠵᠢᠯ᠎ᠳᠤ ᠣᠷᠣᠬᠤ ᠶᠤᠮ ᠦᠦ ᠡᠰᠡᠬᠦᠯ᠎ᠡ ᠦᠷᠭᠦᠯᠵᠢᠯᠡᠨ ᠰᠤᠷᠤᠯᠴᠠᠬᠤ ᠶᠤᠮ ᠦᠦ? 》 ᠭᠡᠪᠡ᠃
ᠰᠤᠷᠭᠠᠭᠤᠯᠢ᠎ᠳᠤ ᠪᠠᠢᠭ᠎ᠠ ᠰᠤᠷᠤᠭ᠍ᠴᠢᠳ᠎ᠤᠨ ᠣᠯᠠᠩᠬᠢ ᠨᠢ ᠲᠣᠰ ᠭᠠᠵᠠᠷ᠎ᠤᠨ ᠬᠥᠳᠡᠭᠡ ᠲᠣᠰᠭᠣᠨ᠎ᠡᠴᠡ ᠢᠷᠡᠵᠦ᠍᠂ ᠰᠤᠷᠤᠯᠴᠠᠯᠭ᠎ᠠ ᠪᠣᠯᠪᠠᠰᠤᠷᠠᠯ᠎ᠢᠶᠠᠷ ᠳᠡᠮᠵᠢᠨ ᠨᠢᠭᠡ ᠵᠦᠶ᠋ᠯ᠎ᠦᠨ ᠮᠡᠷᠭᠡᠵᠢᠯ᠎ᠢ ᠡᠵᠡᠮᠱᠢᠵᠦ᠍᠂ ᠠᠵᠢᠯ ᠣᠯᠭᠣᠯᠲᠠ᠎ᠨᠢ ᠨᠡᠢᠳᠡᠮ᠎ᠳᠡᠭᠡᠨ ᠪᠠᠲᠤᠯᠠᠭ᠎ᠠ᠎ᠲᠠᠶ ᠪᠣᠯᠤᠭᠰᠠᠨ᠎ᠢ ᠰᠤᠨᠤᠰᠤᠭᠠᠳ ᠶᠡᠷᠦᠩᠬᠡᠶ ᠱᠦᠵᠢ ᠲᠤᠢᠯ᠎ᠢᠶᠠᠷ ᠪᠠᠶᠠᠷᠯᠠᠪᠠ᠃
ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠤᠯᠤᠰ᠎ᠤᠨ ᠠᠵᠤ ᠠᠬᠤᠢ ᠪᠣᠳᠠᠲᠤ ᠴᠣᠭ᠍ᠴᠠ᠎ᠶ᠋ᠢᠨ ᠠᠵᠤ ᠠᠬᠤᠢ᠎ᠪᠠᠷ ᠲᠤᠯᠭᠠᠭᠤᠷᠢᠯᠠᠯ ᠪᠣᠯᠭᠠᠬᠤ ᠬᠡᠷᠡᠭ᠌ᠲᠡᠢ᠂ ᠡᠭᠦᠨ᠎ᠳᠦ ᠶᠡᠬᠡ ᠬᠡᠮᠵᠢᠶᠡᠨ᠎ᠦ ᠲᠤᠰᠭᠠᠢ ᠮᠡᠷᠭᠡᠵᠢᠯ᠎ᠦᠨ ᠴᠢᠳᠠᠪᠤᠷᠢᠲᠠᠨ ᠱᠠᠭᠠᠷᠳᠠᠭ᠍ᠳᠠᠨ᠎ᠠ᠂ ᠶᠡᠬᠡ ᠬᠡᠮᠵᠢᠶᠡᠨ᠎ᠦ ᠲᠤᠮᠤ ᠤᠯᠤᠰ᠎ᠤᠨ ᠤᠷᠠᠨ ᠳᠠᠷᠬᠠᠨ ᠱᠠᠭᠠᠷᠳᠠᠭ᠍ᠳᠠᠨ᠎ᠠ᠃ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠢᠷᠡᠭᠡᠳᠦᠶ ᠥᠷᠭᠡᠨ ᠠᠭᠤᠳᠠᠮ᠂ ᠶᠡᠬᠡ ᠡᠷᠡᠮᠡᠯᠵᠡᠯ᠎ᠲᠡᠶ ᠶᠤᠮ᠃ ᠠᠵᠢᠯ ᠲᠥᠷᠥᠯ ᠪᠣᠯᠭᠠᠨ᠎ᠡᠴᠡ ᠡᠷᠳᠡᠮᠲᠡᠨ ᠴᠢᠳᠠᠪᠤᠷᠢᠲᠠᠨ ᠴᠣᠯᠭᠣᠷᠠᠨᠠ᠃ ᠲᠠ᠎ᠨᠠᠷ᠎ᠤᠨ ᠱᠢᠯᠢᠳᠡᠭ ᠤᠯᠠᠮᠵᠢᠯᠠᠯ᠎ᠢᠶᠠᠨ ᠵᠠᠯᠭᠠᠮᠵᠢᠯᠠᠨ᠂ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠵᠤ᠂ ᠬᠢᠨᠠᠮᠠᠭᠠᠢ ᠰᠤᠷᠤᠯᠴᠠᠨ᠂ ᠨᠡᠩ ᠤᠯᠠᠨ ᠬᠡᠷᠡᠭ᠌ᠯᠡᠭᠡᠨ᠎ᠦ ᠤᠷ᠎ᠠ ᠴᠢᠳᠠᠪᠤᠷᠢ᠎ᠶ᠋ᠢ ᠡᠵᠡᠮᠱᠢᠵᠦ᠍᠂ ᠤᠯᠤᠰ ᠣᠷᠣᠨ᠎ᠳᠤ ᠬᠡᠷᠡᠭ᠌ᠴᠡᠭᠡ᠎ᠲᠡᠶ᠂ ᠤᠯᠤᠰ ᠣᠷᠣᠨ᠎ᠳᠤ ᠬᠡᠷᠡᠭ᠌ᠯᠡᠭᠳᠡᠬᠦ ᠴᠢᠳᠠᠪᠤᠷᠢᠲᠠᠨ ᠪᠣᠯᠬᠤ᠎ᠪᠠᠷ ᠴᠢᠷᠮᠠᠢᠬᠤ᠎ᠶ᠋ᠢ ᠬᠦᠰᠡᠵᠦ᠍ ᠪᠠᠢᠨ᠎ᠠ᠃ ᠪᠢ ᠲᠠ᠎ᠨᠠᠷ᠎ᠢ ᠳᠡᠮᠵᠢᠨ᠎ᠡ!》ᠭᠡᠵᠦ ᠤᠯᠠᠨ᠎ᠢ ᠵᠤᠷᠢᠭᠵᠢᠭᠤᠯᠪᠠ᠃
ᠫᠧᠩ ᠳ᠋ᠦᠩ ᠵᠢᠶᠦ᠋ᠨ᠎ᠦ ᠰᠡᠳᠭᠢᠯ᠎ᠦᠨ ᠳᠠᠭᠤᠨ
ᠶᠡᠷᠦᠩᠬᠡᠢ ᠱᠦᠵᠢ ᠰᠢ ᠵᠢᠨ ᠫᠢᠩ ᠮᠠᠨ᠎ᠤ ᠱᠠᠨᠳ᠋ᠠᠨᠤ ᠫᠸᠢᠢᠯᠢ ᠰᠤᠷᠭᠠᠭᠤᠯᠢ᠎ᠲᠠᠶ ᠬᠤᠪᠢ ᠪᠠᠷᠢᠯᠳᠤᠯᠭ᠎ᠠ᠎ᠲᠠᠶ᠂ ᠪᠠᠰᠠ ᠬᠠᠢᠷ᠎ᠠ ᠰᠡᠳᠭᠢᠯᠭᠡ᠎ᠲᠡᠶ ᠶᠤᠮ᠃ ᠶᠡᠷᠦᠩᠬᠡᠶ ᠱᠦᠵᠢ ᠹᠦᠵᠢᠶᠠᠨ᠎ᠳᠤ ᠠᠵᠢᠯᠯᠠᠵᠤ ᠪᠠᠢᠬᠤ᠎ᠳᠠᠭᠠᠨ ᠠᠵᠤ ᠠᠬᠤᠢᠯᠠᠯ ᠵᠢᠡᠷ ᠪᠢᠳᠡᠨ᠎ᠢ ᠳᠡᠮᠵᠢᠬᠦ ᠵᠢ ᠠᠬᠢᠭᠤᠯᠵᠤ ᠥᠩᠭᠡᠷᠡᠭ᠌ᠰᠡᠨ ᠶᠤᠮ᠃ ᠲᠥᠪ ᠬᠣᠷᠢᠶᠠᠨ᠎ᠳᠤ ᠣᠴᠢᠵᠤ ᠠᠵᠢᠯᠯᠠᠭ᠍ᠰᠠᠨ᠎ᠤ ᠳᠠᠷᠠᠭ᠎ᠠ᠂ ᠲᠡᠷᠡ ᠶᠡᠷᠦ᠍ ᠨᠢ ᠰᠤᠷᠭᠠᠭᠤᠯᠢ᠎ᠶ᠋ᠢᠨ ᠬᠥᠭ᠌ᠵᠢᠯᠲᠡ᠎ᠶ᠋ᠢ ᠬᠠᠯᠠᠮᠵᠢᠯᠠᠵᠤ ᠪᠠᠢᠪᠠ᠃ 2000 ᠣᠨ᠎ᠤ ᠱᠢᠨ᠎ᠡ ᠵᠢᠯ᠎ᠳᠦ᠂ ᠲᠡᠷᠡ ᠪᠢᠳᠡᠨ᠎ᠳᠦ ᠪᠠᠶᠠᠷ᠎ᠤᠨ ᠺᠠᠷᠲ ᠢᠯᠡᠭᠡᠵᠦ᠍᠂ ᠰᠤᠷᠭᠠᠭᠤᠯᠢ᠎ᠶ᠋ᠢᠨ ᠪᠦᠬᠦ᠌ ᠪᠠᠭ᠍ᠰᠢ ᠰᠤᠷᠤᠭ᠍ᠴᠢᠳ᠎ᠲᠤ ᠱᠢᠨ᠎ᠡ ᠵᠢᠯ᠎ᠦᠨ ᠵᠥᠩᠨᠡᠯ ᠳᠡᠪᠱᠢᠭᠦᠯᠪᠡ᠃ 2002 ᠣᠨ᠎ᠳᠤ᠂ ᠲᠡᠷᠡ ᠰᠤᠷᠭᠠᠭᠤᠯᠢ ᠪᠠᠢᠭᠤᠯᠤᠭ᠍ᠳᠠᠭ᠍ᠰᠠᠨ 60 ᠵᠢᠯ᠎ᠦᠨ ᠤᠢ᠎ᠶ᠋ᠢᠨ ᠠᠵᠢᠯᠯᠠᠭ᠎ᠠ᠎ᠳᠤ ᠪᠠᠶᠠᠷ᠎ᠤᠨ ᠵᠠᠬᠢᠳᠠᠯ ᠢᠯᠡᠭᠡᠵᠦ᠍᠂ ᠰᠤᠷᠭᠠᠭᠤᠯᠢ᠎ᠶ᠋ᠢᠨ ᠱᠢᠨ᠎ᠡ ᠵᠠᠭᠤᠨ᠎ᠳᠤ ᠲᠠᠰᠤᠷᠠᠯᠳᠠ ᠦᠭᠡᠢ ᠱᠢᠨ᠎ᠡ ᠠᠮᠵᠢᠯᠲᠠ ᠣᠯᠵᠤ᠂ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠵᠥᠩᠨᠡᠪᠡ ᠁ ᠫᠸᠢᠢᠯᠢ ᠰᠤᠷᠭᠠᠭᠤᠯᠢ᠎ᠶ᠋ᠢᠨ ᠲᠤᠬᠠᠢ ᠶᠡᠷᠦᠩᠬᠡᠢ ᠱᠦᠵᠢ᠎ᠵᠢᠨ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠬᠤᠭᠤᠴᠠᠭ᠎ᠠ ᠪᠦᠷᠢ᠎ᠶ᠋ᠢᠨ《ᠫᠸᠢᠢᠯᠢᠴᠤᠳ》 ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠵᠠᠢ᠃
ᠲᠦᠷᠦᠯ ᠰᠠᠳᠤᠨ᠎ᠢᠶᠡᠨ ᠬᠦᠰᠡᠨ ᠬᠦᠯᠢᠶᠡᠭᠰᠡᠨ ᠰᠢᠭ ᠵᠢᠡᠷ ᠪᠢᠳᠡ ᠶᠡᠷᠦᠩᠬᠡᠶ ᠱᠦᠵᠢ᠎ᠶ᠋ᠢᠨ ᠰᠤᠷᠭᠠᠭᠤᠯᠢ᠎ᠳᠤ ᠢᠷᠡᠵᠦ᠍ ᠲᠣᠭᠣᠷᠢᠨ ᠦᠵᠡᠬᠦᠳ᠋ᠦ ᠳᠡᠭᠡᠵᠤ ᠪᠠᠶᠠᠷᠯᠠᠨ ᠲᠤᠬᠳᠤᠯᠤᠭᠰᠠᠨ ᠶᠤᠮ᠃ ᠲᠡᠷᠡ ᠰᠤᠷᠭᠠᠭᠤᠯᠢ᠎ᠶ᠋ᠢᠨ ᠪᠠᠢᠳᠠᠯ᠎ᠢ ᠲᠤᠪ ᠲᠤᠳᠤ ᠴᠡᠭᠡᠵᠢᠯᠡᠭᠰᠡᠭᠡᠷ ᠪᠠᠢᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭ᠌ᠵᠢᠯᠲᠡ᠎ᠳᠦ ᠬᠦᠨᠳᠦ ᠨᠠᠢᠳᠠᠯᠭ᠎ᠠ ᠲᠠᠯᠪᠢᠵᠤ᠂ ᠨᠠᠮ᠎ᠠ ᠵᠢ ᠮᠠᠰᠢ ᠳᠣᠭ᠍ᠳᠣᠯᠤᠭᠤᠯᠵᠤ᠂ ᠮᠠᠰᠢ ᠤᠷᠮᠠᠱᠢᠭᠤᠯᠵᠠᠢ᠃
ᠡᠨᠡ ᠬᠡᠳᠦᠨ ᠵᠢᠯ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠱᠢᠨ᠎ᠡ ᠬᠠᠪᠤᠷ᠎ᠢ ᠤᠭ᠍ᠲᠤᠨ ᠠᠪᠴᠢᠷᠠᠪᠠ᠃ ᠤᠯᠤᠰ᠎ᠡᠴᠡ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠳᠡᠮᠵᠢᠬᠦ᠌ ᠡᠷᠴᠢᠮ ᠤᠯᠠᠮ᠎ᠡᠴᠡ ᠤᠯᠠᠮ ᠶᠡᠬᠡᠰᠴᠦ᠍᠂ ᠪᠦᠬᠦ᠌ ᠨᠡᠢᠭᠡᠮ᠎ᠦᠨ ᠴᠢᠳᠠᠪᠤᠷᠢᠲᠠᠨ ᠪᠣᠯᠬᠤ ᠦᠵᠡᠯᠲᠡ ᠠᠭᠠᠵᠢᠮ ᠵᠢᠡᠷ ᠬᠤᠪᠢᠷᠠᠵᠤ᠂ ᠲᠤᠮᠤ ᠤᠯᠤᠰ᠎ᠤᠨ ᠤᠷᠠᠨ ᠳᠠᠷᠬᠠᠨ ᠪᠣᠯᠬᠤ᠎ᠪᠠᠷ ᠵᠣᠷᠢᠭ ᠱᠢᠭᠤᠳᠤᠭ᠍ᠰᠠᠨ ᠬᠡᠦᠬᠡᠳ ᠤᠯᠠᠮ᠎ᠡᠴᠡ ᠤᠯᠠᠮ ᠣᠯᠠᠱᠢᠷᠠᠪᠠ᠃
ᠮᠠᠨ᠎ᠤ ᠰᠤᠷᠭᠠᠭᠤᠯᠢ᠎ᠪᠠᠷ ᠠᠪᠴᠤ᠌ ᠬᠡᠯᠡᠪᠡᠯ᠂ ᠪᠢᠳᠡ ᠱᠢᠨ᠎ᠡ᠎ᠪᠡᠷ ᠪᠠᠢᠭᠤᠯᠤᠭ᠍ᠰᠠᠨ ᠫᠧᠢᠯᠢ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠲᠠᠶ 《ᠭᠠᠷ ᠭᠠᠷ᠎ᠢᠶᠠᠨ ᠬᠣᠯᠪᠣᠨ》᠂ ᠳᠤᠮᠳᠠ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢ ᠨᠢᠭᠡ ᠴᠣᠭ᠍ᠴᠠᠵᠢᠭᠤᠯᠤᠨ ᠡᠷᠭᠢᠯᠡᠬᠦ᠌᠎ᠶ᠋ᠢ ᠪᠡᠶᠡᠯᠡᠭᠦᠯᠵᠦ᠍᠂ ᠰᠤᠷᠭᠠᠭᠤᠯᠢ᠎ᠳᠤ ᠪᠠᠢᠭ᠎ᠠ ᠰᠣᠷᠣᠭ᠍ᠴᠢ ᠥᠩᠭᠡᠷᠡᠭ᠌ᠰᠡᠨ᠎ᠳᠦ 2000 ᠭᠠᠷᠤᠶ ᠪᠠᠢᠭ᠍ᠰᠠᠨ᠎ᠡᠴᠡ᠎ᠪᠠᠨ ᠬᠥᠭ᠌ᠵᠢᠭᠡᠳ ᠣᠲᠣ 4700 ᠭᠠᠷᠤᠶ ᠪᠣᠯᠵᠠᠶ᠃ ᠰᠤᠷᠭᠠᠭᠤᠯᠢ᠎ᠶ᠋ᠢᠨ ᠲᠠᠯᠠᠪᠠᠶ ᠴᠤ᠌ ᠥᠷᠭᠡᠳᠴᠦ᠍᠂ ᠣᠲᠣ 99 ᠲᠤᠷᠱᠢᠯᠲᠠ᠎ᠶ᠋ᠢᠨ ᠪᠣᠳᠠᠲᠠᠶ ᠪᠣᠯᠪᠠᠰᠤᠷᠠᠯ᠎ᠤᠨ ᠲᠠᠰᠤᠭ᠎ᠲᠠᠶ ᠪᠣᠯᠵᠣ᠂ ᠰᠤᠷᠭᠠᠭᠤᠯᠢ᠎ᠶ᠋ᠢᠨ ᠭᠠᠳᠠᠨ᠎ᠠ ᠪᠠᠰᠠ 24 ᠠᠵᠤ ᠠᠬᠤᠢᠯᠠᠯ᠎ᠤᠨ ᠪᠣᠳᠠᠲᠠᠶ ᠪᠣᠯᠪᠠᠰᠤᠷᠠᠯ᠎ᠤᠨ ᠰᠠᠭᠤᠷᠢᠨ ᠪᠠᠢᠭᠤᠯᠵᠤ᠂ ᠨᠠᠩ ᠣᠯᠠᠨ ᠪᠣᠳᠠᠲᠤ ᠬᠡᠷᠡᠭ᠌ᠯᠡᠭᠡᠨ᠎ᠦ ᠮᠡᠷᠭᠡᠵᠢᠯ᠎ᠦᠨ ᠴᠢᠳᠠᠪᠤᠷᠢᠲᠠᠨ᠎ᠳᠤ ᠨᠠᠩ ᠣᠯᠠᠨ ᠰᠤᠷᠤᠯᠴᠠᠬᠤ ᠲᠣᠬᠢᠶᠠᠯ ᠣᠯᠭᠣᠪᠠ᠃
《ᠠᠵᠢᠯ ᠲᠦᠷᠦᠯ ᠪᠦᠬᠦᠨ᠎ᠡᠴᠡ ᠴᠢᠳᠠᠪᠤᠷᠢᠲᠠᠨ ᠴᠣᠯᠭᠣᠷᠠᠨᠠ》᠃ ᠫᠸᠢᠢᠯᠢ ᠵᠢᠨ ᠪᠠᠭ᠍ᠰᠢ ᠰᠤᠷᠤᠭ᠍ᠴᠢᠳ ᠯᠠᠪᠲᠠᠢ ᠶᠡᠷᠦᠩᠬᠡᠢ ᠱᠦᠵᠢ᠎ᠶ᠋ᠢᠨ ᠵᠣᠷᠢᠭ᠍ᠵᠢᠭᠤᠯᠤᠯ᠎ᠢ ᠪᠠᠲᠤ ᠴᠡᠭᠡᠵᠢᠯᠡᠵᠦ᠍᠂ ᠡᠬᠡ ᠤᠯᠤᠰ᠎ᠤᠨ ᠪᠠᠷᠠᠭᠤᠨ ᠣᠷᠣᠨ᠎ᠳᠤ ᠦᠨᠳᠦᠰᠦᠯᠡᠵᠦ᠍᠂ 《 ᠭᠠᠷ ᠲᠠᠷᠢᠬᠢ᠎ᠪᠠᠨ ᠵᠡᠷᠭᠡ᠎ᠪᠡᠷ ᠬᠡᠷᠡᠭ᠌ᠯᠡᠵᠦ᠍᠂ ᠪᠦᠳᠦᠭᠡᠯᠴᠢ ᠪᠡᠷ ᠵᠠᠳᠠᠯᠤᠨ ᠰᠢᠨᠵᠢᠯᠡᠬᠦ》 ᠫᠸᠢᠢᠯᠢ ᠵᠢᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠲᠤᠮᠤ ᠤᠯᠤᠰ᠎ᠤᠨ ᠤᠷᠠᠨ ᠳᠠᠷᠬᠠᠨ᠎ᠢ ᠬᠥᠮᠦᠵᠢᠭᠦᠯᠬᠦ᠌᠎ᠶ᠋ᠢᠨ ᠲᠥᠯᠥᠭᠡ ᠴᠢᠷᠮᠠᠢᠨ᠎ᠠ!
(ᠱᠢᠨᠬᠤᠸᠠ ᠬᠣᠷᠢᠶᠠᠨ᠎ᠤ ᠯᠠᠨᠵᠧᠤ᠎ᠶ᠋ᠢᠨ 4 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃