ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-05-27 11:09:02

ᠵᠣᠬᠢᠶᠠᠭ᠍ᠴᠢ᠄ ᠱᠢᠶᠠᠩ ᡁᠢ ᠴᠢᠶᠠᠩ ᠬᠤᠸᠠᠩ ᠬᠤᠤ ᠮᠢᠩ ᠣᠩᠱᠢᠭ᠍ᠰᠠᠨ ᠣᠳᠠᠭ᠎ᠠ᠄ 3

2020 ᠣᠨ᠎ᠤ 5 ᠰᠠᠷ᠎ᠠ᠎ᠳᠤ᠂ ᠭᠤᠸᠠᠩᠰᠢ ᠮᠤᠵᠢ᠎ᠶ᠋ᠢᠨ ᠬᠤᠸᠠᠨᠵᠢᠶᠠᠩ᠎ᠤᠨ ᠮᠣᠣᠨᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠱᠢᠶᠠᠨ᠎ᠤ ᠮᠣᠣᠨᠠᠨ ᠦᠨᠳᠦᠰᠦᠲᠡᠨ᠎ᠦ ᠣᠯᠠᠨ ᠲᠦᠮᠡᠨ᠎ᠦ ᠲᠥᠯᠥᠭᠡᠯᠡᠭ᠌ᠴᠢ ᠨᠠᠷ ᠶᠡᠷᠦᠩᠬᠡᠶ ᠱᠦᠵᠢ ᠰᠢ ᠵᠢᠨ ᠫᠢᠩ᠎ᠳᠦ ᠵᠠᠬᠢᠳᠠᠯ ᠪᠢᠴᠢᠵᠦ᠍᠂ ᠲᠤᠬᠠᠶ᠎ᠶ᠋ᠢᠨ ᠭᠠᠵᠠᠷ᠎ᠤᠨ ᠮᠣᠣᠨᠠᠨ ᠦᠨᠳᠦᠰᠦᠲᠡᠨ᠎ᠦ ᠶᠠᠳᠠᠭᠤ᠎ᠡᠴᠡ ᠠᠩᠭᠢᠵᠢᠷᠠᠭ᠍ᠰᠠᠨ ᠪᠠᠶᠠᠷᠲᠤ ᠰᠡᠳᠭᠢᠯᠭᠡ᠎ᠪᠡᠨ ᠬᠠᠷᠢᠭᠤ ᠮᠡᠳᠡᠭᠦᠯᠪᠡ᠃ ᠳᠠᠷᠠᠭ᠎ᠠ ᠨᠢ᠂ ᠶᠡᠷᠦᠩᠬᠡᠢ ᠱᠦᠵᠢ ᠰᠢ ᠵᠢᠨ ᠫᠢᠩ ᠮᠣᠣᠨᠠᠨ ᠦᠨᠳᠦᠰᠦᠲᠡᠨ᠎ᠦ ᠪᠦᠬᠦ᠌ ᠬᠥᠮᠦᠰ ᠶᠠᠳᠠᠭᠤ᠎ᠡᠴᠡ ᠠᠩᠭᠢᠵᠢᠷᠠᠭ᠍ᠰᠠᠨ᠎ᠳᠤ ᠴᠢᠬᠤᠯᠠ ᠵᠢᠭᠠᠪᠤᠷᠢ ᠥᠭ᠌ᠪᠡ᠃ ᠤᠢ᠍ᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠶᠡᠷᠦᠩᠬᠡᠢ ᠱᠦᠵᠢ᠎ᠳᠦ ᠵᠠᠬᠢᠳᠠᠯ ᠪᠢᠴᠢᠵᠦ᠍ ᠥᠩᠭᠡᠷᠡᠭ᠌ᠰᠡᠨ ᠤᠯᠠᠨ ᠲᠦᠮᠡᠨ᠎ᠦ ᠲᠥᠯᠥᠭᠡᠯᠡᠭ᠌ᠴᠢ ᠲᠠᠨ ᠮᠧᠢ ᠴᠦᠨ᠎ᠢ ᠲᠠᠬᠢᠵᠤ ᠰᠤᠷᠪᠤᠯᠵᠢᠯᠠᠪᠠ᠂ ᠳᠣᠣᠷᠠᠬᠢ ᠪᠣᠯ ᠲᠡᠭᠦᠨ᠎ᠦ ᠥᠪᠡᠷ᠎ᠦᠨ ᠲᠤᠭᠠᠴᠢᠯᠲᠠ ᠪᠠ ᠰᠡᠳᠭᠢᠯ᠎ᠦᠨ ᠦᠭᠡ ᠪᠣᠯᠤᠨ᠎ᠠ —

ᠬᠣᠶᠠᠷ ᠵᠢᠯ᠎ᠦᠨ ᠡᠮᠦᠨᠡᠬᠢ 5 ᠰᠠᠷ᠎ᠠ᠎ᠳᠤ᠂ ᠮᠠᠨ᠎ᠤ ᠬᠡᠳᠦᠨ ᠮᠣᠣᠨᠠᠨ ᠦᠨᠳᠦᠰᠦᠲᠡᠨ᠎ᠦ ᠨᠤᠲᠤᠭ᠎ᠤᠨ ᠠᠬ᠎ᠠ ᠳᠡᠭᠦᠦ᠍᠎ᠨᠡᠷ ᠬᠠᠮᠲᠤ᠎ᠪᠠᠷ᠂ ᠮᠢᠨᠦ ᠡᠨᠡ ᠨᠠᠰᠤᠨ᠎ᠤ ᠬᠠᠮᠤᠭ᠎ᠤᠨ ᠤᠷᠳᠤ᠂ ᠬᠠᠮᠤᠭ᠎ᠤᠨ ᠬᠤᠯᠠ ᠢᠯᠡᠭᠡᠭ᠌ᠰᠡᠨ ᠵᠠᠬᠢᠳᠠᠯ᠎ᠢ ᠪᠢᠴᠢᠪᠡ᠂ ᠵᠠᠬᠢᠳᠠᠯ ᠬᠤᠷᠢᠶᠠᠭ᠍ᠴᠢ ᠨᠢ ᠶᠡᠷᠦᠩᠬᠡᠢ ᠱᠦᠵᠢ ᠰᠢ ᠵᠢᠨ ᠫᠢᠩ ᠪᠣᠯᠤᠨ᠎ᠠ᠃

ᠪᠢᠳᠡ ᠶᠡᠷᠦᠩᠬᠡᠢ ᠱᠦᠵᠢ᠎ᠳᠦ ᠰᠡᠳᠭᠢᠯ᠎ᠦᠨ ᠪᠠᠶᠠᠷ ᠪᠠᠬᠠᠳᠤᠯ ᠪᠣᠯᠤᠨ ᠲᠠᠯᠠᠷᠬᠠᠯ᠎ᠤᠨ ᠰᠡᠳᠭᠢᠯᠭᠡ᠎ᠪᠡᠨ ᠢᠯᠡᠳᠭᠡᠪᠡ᠄ ᠨᠠᠮ ᠪᠣᠯᠤᠨ ᠵᠠᠰᠠᠭ᠎ᠤᠨ ᠣᠷᠳᠣᠨ᠎ᠤ ᠬᠠᠪᠰᠤᠷᠤᠯᠭ᠎ᠠ ᠳᠣᠣᠷ᠎ᠠ᠂ ᠮᠠᠨ᠎ᠤ ᠡᠨᠡ ᠬᠦ᠌ ᠬᠥᠮᠦᠨ ᠠᠮᠠ᠎ᠪᠠᠷ ᠴᠥᠭᠡᠪᠲᠦᠷ ᠦᠨᠳᠦᠰᠦᠲᠡᠨ ᠪᠦᠬᠦ᠌ ᠠᠷᠠᠳ᠎ᠢᠶᠡᠷ᠎ᠢᠶᠡᠨ ᠶᠠᠳᠠᠭᠤ᠎ᠡᠴᠡ ᠠᠩᠭᠢᠵᠢᠷᠠᠬᠤ᠎ᠵᠢ ᠪᠡᠶᠡᠯᠡᠭᠦᠯᠦᠯ᠎ᠡ!

《ᠮᠣᠣᠨᠠᠨ ᠦᠨᠳᠦᠰᠦᠲᠡᠨ᠎ᠦ ᠪᠥᠬᠥ᠌ ᠬᠥᠮᠦᠰ ᠶᠠᠳᠠᠭᠤ᠎ᠡᠴᠡ ᠠᠩᠭᠢᠵᠢᠷᠠᠵᠤ᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠠᠮᠢᠳᠤᠷᠠᠯ ᠢᠯᠡᠳᠲᠡ ᠰᠠᠢᠵᠢᠷᠠᠭ᠍ᠰᠠᠨ᠎ᠢ ᠰᠣᠨᠣᠰᠤᠭᠠᠳ ᠪᠢ ᠮᠠᠰᠢ ᠪᠠᠶᠠᠷᠯᠠᠵᠤ ᠪᠠᠢᠨ᠎ᠠ》 — ᠡᠨᠡ ᠬᠦ᠌ ᠵᠠᠬᠢᠳᠠᠯ᠎ᠢ ᠢᠯᠡᠭᠡᠭᠡᠳ ᠳᠡᠮᠡᠢ ᠤᠳᠠᠭ᠍ᠰᠠᠨ ᠦᠭᠡᠢ ᠶᠡᠷᠦᠩᠬᠡᠢ ᠱᠦᠵᠢ ᠴᠢᠬᠤᠯᠠ ᠵᠢᠭᠠᠪᠤᠷᠢ ᠥᠭ᠌ᠪᠡ᠃

ᠡᠨᠡ ᠴᠢᠮᠡᠭᠡ᠎ᠶ᠋ᠢ ᠰᠣᠨᠣᠰᠤᠭᠠᠳ ᠪᠢ ᠮᠠᠰᠢ ᠪᠠᠶᠠᠷᠯᠠᠪᠠ᠃ ᠪᠢᠳᠡ ᠲᠣᠰᠭᠣᠨ᠎ᠤ ᠵᠠᠬ᠎ᠠ᠎ᠵᠢᠨ ᠵᠡᠯᠡᠲᠦ ᠮᠣᠳᠣᠨ᠎ᠤ ᠳᠣᠣᠷ᠎ᠠ ᠴᠤᠭ᠍ᠯᠠᠷᠠᠨ ᠮᠣᠣᠨᠠᠨ ᠦᠭᠡ᠎ᠪᠡᠷ 《ᠨᠠᠮ᠎ᠤᠨ ᠠᠴᠢ᠎ᠶ᠋ᠢ ᠠᠷᠪᠠᠨᠲᠠ ᠮᠠᠭ᠍ᠲᠠᠨ ᠳᠠᠭᠤᠯᠠᠶ᠎ᠠ》 ᠭᠡᠬᠦ ᠳᠠᠭᠤᠤ ᠵᠢ ᠳᠠᠭᠤᠯᠠᠯ᠎ᠠ᠄ 《ᠮᠥᠷᠭᠥ᠌ ᠵᠢᠭᠠᠰᠤ ᠤᠰᠤ ᠲᠠᠢ ᠬᠠᠨᠢᠯᠠᠬᠤᠶ᠎ᠠ ᠤᠰᠤ ᠨᠡᠩ ᠲᠤᠩᠭᠠᠯᠠᠭᠰᠢᠨ᠂ ᠤᠳᠤᠳ ᠰᠠᠷᠠᠠ ᠲᠠᠢ ᠬᠠᠨᠢᠯᠠᠬᠤᠶ᠎ᠠ ᠰᠠᠷᠠ ᠨᠡᠩ ᠭᠡᠭᠡᠭᠡᠨ᠂ ᠪᠢᠳᠡ ᠰᠠᠢ᠌ᠨ ᠠᠮᠢᠳᠤᠷᠠᠯ᠎ᠢ ᠡᠳ᠋ᠯᠡᠵᠦ᠍᠂ ᠨᠠᠮ᠎ᠤᠨ ᠠᠴᠢ᠎ᠶ᠋ᠢ ᠡᠭᠦᠷᠢᠳᠡ ᠮᠠᠷᠲᠠᠬᠤ ᠦᠭᠡᠢ ᠁》

ᠤᠰᠤ᠎ᠶ᠋ᠢ ᠨᠢ ᠤᠤᠭᠤᠪᠠᠯ ᠡᠬᠢ᠎ᠶ᠋ᠢ ᠨᠢ ᠪᠦᠦ ᠮᠠᠷᠲᠠ ᠭᠡᠳᠡᠭ᠃ ᠪᠢ ᠤᠤᠯ ᠨᠢ ᠨᠢᠭᠡᠨ ᠶᠠᠳᠠᠭᠤ ᠬᠦᠴᠢᠷᠳᠡᠯᠲᠡᠶ ᠡᠷᠦᠬᠡ ᠪᠠᠢᠵᠠᠶ᠂ ᠶᠠᠳᠠᠭᠤ᠎ᠡᠴᠡ ᠠᠩᠭᠢᠵᠢᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠶᠠᠳᠠᠭᠤ᠎ᠶ᠋ᠢ ᠲᠡᠳᠬᠦᠬᠦ᠌ ᠺᠠᠳ᠋ᠷ᠎ᠤᠨ ᠬᠠᠪᠰᠤᠷᠤᠯᠭ᠎ᠠ ᠳᠤᠤᠷ᠎ᠠ᠂ ᠵᠦᠷᠵᠢ ᠳᠠᠷᠢᠬᠤ᠎ᠶ᠋ᠢ ᠬᠥᠭ᠌ᠵᠢᠭᠦᠯᠬᠦ᠌᠎ᠪᠡᠷ ᠳᠡᠮᠵᠢᠨ 2016 ᠣᠨ᠎ᠳᠤ ᠶᠠᠳᠠᠭᠤ᠎ᠡᠴᠡ ᠠᠩᠭᠢᠵᠢᠷᠠᠪᠠ᠃ ᠠᠵᠤ ᠦᠢᠯᠡᠰ᠎ᠦᠨ ᠪᠠᠶᠠᠵᠢᠯ᠎ᠤᠨ ᠠᠮᠲᠠ᠎ᠶ᠋ᠢ ᠠᠮᠲᠠᠯᠠᠭ᠍ᠰᠠᠨ᠎ᠤ ᠳᠠᠷᠠᠭ᠎ᠠ᠂ ᠪᠢ 14 ᠶᠠᠳᠠᠭᠤ ᠬᠦᠴᠢᠷᠳᠡᠯᠲᠡᠢ ᠡᠷᠦᠬᠡ᠎ᠶ᠋ᠢ ᠪᠠᠭ᠍ᠲᠠᠭᠠᠭ᠍ᠰᠠᠨ 22 ᠡᠷᠦᠬᠡ ᠤᠯᠠᠨ ᠲᠦᠮᠡᠨ᠎ᠢ ᠳᠠᠢ᠌ᠴᠢᠯᠠᠨ ᠬᠤᠷᠱᠢᠶ᠎ᠠ ᠪᠠᠢᠭᠤᠯᠵᠤ᠂ ᠲᠣᠰᠭᠣᠨ᠎ᠤ ᠪᠠᠶᠠᠵᠢᠯ᠎ᠤᠨ ᠲᠠᠭᠠᠭᠤᠯᠤᠬ᠍ᠴᠢ ᠪᠣᠯᠪᠠ᠃ 2019 ᠣᠨ᠎ᠤ ᠡᠴᠦᠰ᠎ᠲᠦ᠂ ᠡᠨᠡ 14 ᠶᠠᠳᠠᠭᠤ ᠬᠦᠴᠢᠷᠳᠡᠯᠲᠡᠢ ᠡᠷᠦᠬᠡ᠎ᠶ᠋ᠢ ᠪᠦᠬᠦᠨ᠎ᠢ ᠶᠠᠳᠠᠭᠤ᠎ᠡᠴᠡ ᠠᠩᠭᠢᠵᠢᠷᠠᠭᠤᠯᠪᠠ᠃ ᠠᠮᠢᠳᠤᠷᠠᠯ ᠡᠢᠮᠦ᠍ ᠶᠡᠬᠡ ᠬᠤᠪᠢᠷᠠᠯᠲᠠ ᠭᠠᠷᠤᠨ᠎ᠠ ᠭᠡᠵᠦ ᠵᠡᠬᠦᠳᠦᠨ ᠳ᠋ᠦ ᠴᠦ᠍ ᠤᠷᠤᠬᠰᠠᠨ ᠦᠭᠡᠢ᠃

ᠶᠡᠷᠦᠩᠬᠡᠢ ᠱᠦᠵᠢ ᠵᠢᠭᠠᠪᠤᠷᠢ᠎ᠳᠠᠭᠠᠨ᠂ ᠨᠤᠲᠤᠭ᠎ᠤᠨ ᠠᠬ᠎ᠠ ᠳᠡᠭᠦᠦ᠍᠎ᠨᠡᠷ ᠶᠠᠳᠠᠭᠤ᠎ᠡᠴᠡ ᠠᠩᠭᠢᠵᠢᠷᠠᠬᠰᠠᠨ ᠵᠢᠡᠨ ᠨᠡᠩ ᠰᠠᠢ᠌ᠨ ᠰᠠᠢᠬᠠᠨ ᠱᠢᠨ᠎ᠡ ᠠᠮᠢᠳᠤᠷᠠᠯ ᠲᠡᠢᠰᠢ ᠲᠡᠮᠡᠦᠯᠬᠦ᠌ ᠱᠢᠨ᠎ᠡ ᠭᠠᠷᠤᠭ᠎ᠠ ᠪᠣᠯᠭᠠᠵᠤ᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠠᠮᠢᠳᠤᠷᠠᠯ᠎ᠢᠶᠠᠨ ᠡᠳᠦᠷ᠎ᠡᠴᠡ ᠡᠳᠦᠷ ᠥᠭᠡᠳᠡᠯᠡᠭᠦᠯᠬᠦ᠌ ᠵᠢ ᠬᠦᠰᠡᠵᠦ ᠪᠠᠢᠨ᠎ᠠ ᠭᠡᠵᠦ᠍ ᠴᠢᠬᠤᠯᠠᠴᠢᠯᠠᠪᠠ᠃ ᠡᠨᠡ ᠬᠣᠶᠠᠷ ᠵᠢᠯ᠎ᠳᠦ᠂ ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠴᠥᠬᠥᠷᠡᠰᠢ ᠦᠭᠡᠢ ᠴᠢᠷᠮᠠᠢᠵᠤ᠂ ᠡᠯ᠎ᠡ ᠲᠠᠯ᠎ᠠ᠎ᠪᠠᠷ ᠪᠦᠷ ᠱᠢᠨ᠎ᠡ ᠲᠠᠪᠱᠢᠯᠳᠠ᠎ᠲᠠᠶ ᠪᠣᠯᠪᠠ᠃

ᠬᠠᠮᠤᠭ ᠶᠡᠬᠡ ᠬᠤᠪᠢᠷᠠᠯᠲᠠ ᠪᠣᠯ ᠳᠠᠷᠤᠢ ᠵᠦᠷᠵᠢ ᠲᠠᠷᠢᠬᠤ ᠨᠢ ᠣᠯᠠᠨ᠎ᠤ ᠤᠷᠤᠯᠭ᠎ᠠ ᠵᠢ ᠨᠡᠮᠡᠭᠳᠡᠬᠦᠯᠵᠠᠢ᠃ ᠵᠦᠷᠵᠢ᠎ᠶ᠋ᠢᠨ ᠴᠢᠨᠠᠷ ᠴᠢᠨᠰᠠᠭ᠎ᠠ ᠵᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠱᠢᠶᠠᠨ᠎ᠡᠴᠡ ᠦᠷᠭᠦᠯᠵᠢ ᠲᠠᠷᠢᠶᠠᠯᠠᠩ᠎ᠤᠨ ᠮᠡᠷᠭᠡᠵᠢᠯᠲᠡᠨ ᠲᠣᠮᠢᠯᠠᠨ ᠲᠠᠷᠢᠶᠠᠨ ᠭᠠᠵᠠᠷ᠎ᠲᠤ ᠣᠴᠢᠭᠤᠯᠵᠤ ᠮᠠᠨᠤᠰ᠎ᠲᠦ ᠲᠠᠷᠢᠬᠤ ᠮᠡᠷᠭᠡᠵᠢᠯ ᠵᠢᠭᠠᠯᠭᠠᠳᠠᠭ᠂ ᠪᠠᠰᠠ ᠪᠢᠳᠡᠨ᠎ᠢ ᠳᠠᠭᠠᠭᠤᠯᠤᠨ ᠭᠠᠳᠠᠨ᠎ᠠ ᠤᠷᠤᠨ ᠳ᠋ᠦ ᠰᠤᠷᠤᠯᠴᠠᠭᠤᠯᠵᠤ᠂ ᠬᠤᠳᠠᠯᠳᠤᠭᠠᠴᠢᠨ᠎ᠲᠠᠶ ᠵᠣᠯᠭᠠᠭᠤᠯᠤᠨ᠂ ᠪᠣᠷᠣᠯᠠᠭᠤᠯᠬᠤ ᠵᠠᠮ᠎ᠢ ᠥᠷᠭᠡᠳᠭᠡᠳᠡᠭ᠃ ᠮᠡᠷᠭᠡᠵᠢᠯ ᠪᠠ ᠮᠡᠳᠡᠯᠭᠡ ᠨᠡᠮᠡᠭ᠌ᠳᠡᠭ᠌ᠰᠡᠨ᠎ᠦ ᠳᠠᠷᠠᠭ᠎ᠠ᠂ ᠡᠵᠡᠩᠨᠡᠯᠲᠡ᠎ᠶ᠋ᠢᠨ ᠦᠵᠡᠯᠲᠡ᠎ᠳᠤ ᠪᠠᠰᠠ ᠬᠤᠪᠢᠷᠠᠯᠲᠠ ᠭᠠᠷᠴᠠᠶ᠃

ᠠᠵᠤ ᠦᠢᠯᠡᠰ᠎ᠢ ᠬᠥᠭ᠌ᠵᠢᠭᠦᠯᠬᠦ᠌ ᠶᠠᠪᠤᠴᠠ᠎ᠳᠤ ᠪᠢᠳᠡ ᠪᠠᠰᠠ ᠬᠦᠴᠢᠷᠳᠡᠯ᠎ᠳᠦ ᠲᠤᠯᠭᠠᠷᠠᠵᠤ ᠥᠩᠭᠡᠷᠡᠭ᠌ᠰᠡᠨ ᠶᠤᠮ᠃ ᠵᠢᠱ᠌ᠢᠶᠡᠯᠡᠪᠡᠯ᠂ ᠮᠣᠣᠨᠠᠨᠱᠠᠨ ᠱᠢᠶᠠᠩ᠎ᠤᠨ《ᠨᠠᠶ᠋ᠮᠠᠨ ᠠᠭᠤᠯᠠ ᠨᠢᠭᠡ ᠤᠰᠤ ᠨᠢᠭᠡ ᠬᠤᠪᠢ ᠲᠠᠷᠢᠶ᠎ᠠ》᠂ ᠵᠦᠷᠵᠢ᠎ᠶ᠋ᠢᠨ ᠲᠠᠷᠢᠮᠠᠯ ᠬᠥᠭ᠌ᠵᠢᠭᠡᠳ ᠵᠣᠬᠢᠬᠤ ᠬᠡᠪᠴᠢᠶᠡᠨ᠎ᠳᠦ ᠭᠦᠷᠦᠭ᠌ᠰᠡᠨ᠎ᠦ ᠳᠠᠷᠠᠭ᠎ᠠ᠂ ᠳᠠᠬᠢᠭᠠᠳ ᠥᠷᠭᠡᠳᠭᠡᠬᠦ᠌᠎ᠳᠦ ᠨᠡᠯᠢᠶᠡᠳ ᠬᠦᠴᠢᠷᠲᠡᠶ ᠪᠣᠯᠤᠨ᠎ᠠ; ᠪᠠᠰᠠ ᠵᠢᠱ᠌ᠢᠶᠡᠯᠡᠪᠡᠯ᠂ ᠵᠦᠷᠵᠢ᠎ᠶ᠋ᠢᠨ ᠦᠨ᠎ᠡ᠎ᠶ᠋ᠢᠨ ᠬᠡᠯᠪᠡᠯᠵᠡᠯ ᠶᠡᠬᠡ ᠪᠠᠢᠵᠤ᠂ ᠤᠯᠠᠨ ᠲᠦᠮᠡᠨ᠎ᠢ ᠰᠠᠨᠠᠭᠠᠰᠢᠷᠠᠭᠤᠯᠤᠨ᠎ᠠ᠃

ᠶᠡᠷᠦᠩᠬᠡᠶ ᠱᠦᠵᠢ᠎ᠶ᠋ᠢᠨ ᠨᠠᠢᠳᠠᠯᠭ᠎ᠠ ᠪᠢᠳᠡᠨ᠎ᠳᠦ ᠬᠦᠴᠢᠷ ᠪᠡᠷᠬᠡᠱᠢᠶᠡᠯ᠎ᠢ ᠢᠯᠠᠨ ᠳᠠᠪᠠᠬᠤ ᠢᠲᠡᠭᠡᠯ ᠵᠣᠷᠢᠭ ᠣᠯᠭᠣᠭ᠍ᠰᠠᠨ ᠶᠤᠮ᠃ ᠪᠢ ᠵᠦᠷᠵᠢ ᠬᠤᠳᠠᠯᠳᠤᠬᠤ᠎ᠳᠤ ᠬᠦᠴᠢᠷ ᠪᠠᠢᠬᠤ ᠱᠢᠯᠲᠠᠭᠠᠨ᠎ᠢ ᠨᠠᠷᠢᠨ ᠵᠠᠳᠠᠯᠵᠠᠶ᠂ ᠤᠤᠯ ᠨᠢ ᠦᠨ᠎ᠡ ᠥᠰᠴᠦ᠍ ᠳᠡᠢᠯᠬᠦ᠌ ᠦᠭᠡᠢ ᠪᠠᠢᠭ᠍ᠰᠠᠨ᠎ᠤ ᠭᠤᠤᠯ ᠰᠢᠯᠳᠠᠭᠠᠨ ᠨᠢ ᠵᠢᠯ ᠪᠦᠷᠢ᠎ᠶ᠋ᠢᠨ ᠲᠡᠷᠡ ᠬᠡᠰᠡᠭ ᠬᠤᠭᠤᠴᠠᠭᠠᠨ᠎ᠳᠤ ᠶᠡᠬᠡ ᠬᠡᠮᠵᠢᠶᠡᠨ᠎ᠦ ᠵᠦᠷᠵᠢ ᠵᠠᠬ᠎ᠠ ᠳᠡᠯᠭᠡᠭᠦᠷ᠎ᠲᠦ ᠭᠠᠷᠳᠠᠭ᠂ ᠪᠢᠳᠡ ᠥᠷᠢᠰᠦᠯᠳᠦᠬᠦ᠌ ᠳᠠᠪᠠᠭᠤᠯᠢᠭ ᠦᠭᠡᠢ ᠪᠠᠢᠬᠰᠠᠨ ᠡᠴᠡ ᠪᠤᠯᠵᠠᠢ᠃ ᠪᠢ ᠵᠦᠷᠵᠢ᠎ᠶ᠋ᠢ ᠤᠷᠢᠳᠴᠢᠯᠠᠨ ᠵᠠᠬ᠎ᠠ ᠳᠡᠯᠭᠡᠭᠦᠷ᠎ᠲᠦ ᠭᠠᠷᠭᠠᠵᠤ᠂ ᠤᠷᠭᠢᠯ ᠬᠤᠭᠤᠴᠠᠭ᠎ᠠ᠎ᠵᠢ ᠵᠦᠷᠢᠭᠦᠯᠦᠨ ᠪᠣᠷᠣᠯᠠᠭᠤᠯᠭ᠎ᠠ᠎ᠶ᠋ᠢ ᠪᠡᠶᠡᠯᠡᠭᠦᠯᠵᠦ᠍ ᠳᠡᠢᠯᠬᠦ᠌ ᠠᠷᠭ᠎ᠠ ᠶ᠋ᠢ ᠪᠣᠳᠣᠪᠠ᠃ ᠪᠢ ᠪᠠᠰᠠ ᠤᠯᠠᠨ ᠤᠳᠠᠭ᠎ᠠ ᠱᠢᠶᠠᠨ᠎ᠤ ᠵᠦᠷᠵᠢ᠎ᠶ᠋ᠢᠨ ᠠᠵᠤ ᠦᠢᠯᠡᠰ᠎ᠦᠨ ᠭᠣᠣᠯ ᠵᠢᠱ᠌ᠢᠢ᠎ᠡ ᠦᠵᠡᠭᠦᠯᠬᠦ᠌ ᠣᠷᠣᠨ᠎ᠢᠶᠠᠷ ᠬᠦᠷᠴᠦ᠍ ᠲᠤᠷᠱᠢᠯᠭ᠎ᠠ ᠬᠤᠷᠠᠮᠳᠤᠭᠤᠯᠵᠤ᠂《ᠨᠢᠭᠤᠴᠠ ᠵᠣᠷ》 ᠢ᠋ ᠣᠯᠤᠭ᠍ᠰᠠᠨ᠎ᠤ ᠲᠠᠷᠠᠭ᠎ᠠ ᠪᠤᠴᠠᠨ ᠢᠷᠡᠵᠦ ᠦᠢᠯᠡᠳᠦᠯᠭᠡᠵᠢᠬᠦᠯᠦᠭᠰᠡᠨ ᠶᠤᠮ᠃

ᠪᠢ ᠥᠪᠡᠷ᠎ᠦᠨ ᠭᠡᠷ᠎ᠦᠨ 120 ᠭᠠᠷᠤᠢ ᠮᠦ᠍ ᠵᠦᠷᠵᠢ᠎ᠶ᠋ᠢᠨ ᠬᠦᠷᠢᠶᠡᠯᠡᠩ᠎ᠳᠡᠭᠡᠨ ᠤᠷᠢᠳ᠎ᠢᠶᠠᠷ ᠲᠤᠷᠱᠢᠯᠲᠠ ᠬᠢᠪᠡ᠂ ᠡᠨᠡ ᠵᠢᠯ᠎ᠦᠨ ᠰᠢᠨ᠎ᠡ ᠵᠢᠨ ᠨᠢᠭᠡᠨ᠎ᠳᠦ᠂ ᠡᠨᠡ ᠪᠦᠯᠦᠭ ᠵᠦᠷᠵᠢ᠎ᠶ᠋ᠢ ᠬᠠᠭᠠᠰ ᠰᠠᠷ᠎ᠠ ᠤᠷᠢᠳᠴᠢᠯᠠᠨ ᠵᠠᠬ᠎ᠠ ᠳᠡᠯᠭᠡᠭᠦᠷ᠎ᠲᠦ ᠭᠠᠷᠭᠠᠵᠤ᠂ ᠵᠢᠩ ᠪᠦᠷᠢ᠎ᠶᠢᠨ ᠦᠨ᠎ᠡ ᠨᠢ ᠨᠢᠳᠤᠨᠤᠨ᠎ᠤ ᠬᠢ᠎ᠡᠴᠡ ᠨᠢᠭᠡ ᠲᠥᠭᠥᠷᠢᠭ ᠢᠯᠡᠭᠦᠦ ᠦᠨ᠎ᠡ᠎ᠲᠡᠶ ᠪᠣᠯᠤᠭ᠍ᠰᠠᠨ ᠪᠠᠢᠳᠠᠯ ᠳᠣᠣᠷ᠎ᠠ ᠴᠦ᠍ ᠬᠤᠳᠠᠯᠳᠤᠭᠠᠴᠢᠨ ᠪᠤᠯᠢᠶᠠᠯᠳᠤᠨ ᠬᠤᠭᠤᠰᠤᠷᠠᠲᠠᠯ᠎ᠠ ᠬᠤᠳᠠᠯᠳᠤᠨ ᠠᠪᠴᠠᠢ᠃ ᠣᠪ ᠤᠯᠠᠭᠠᠨ ᠵᠦᠷᠵᠢ᠎ᠶ᠋ᠢ ᠤᠮᠠᠷᠠᠲᠤ ᠣᠷᠣᠨ᠎ᠳᠤ ᠬᠦᠷᠭᠡᠬᠦ᠌ ᠪᠠᠷᠠᠭ᠎ᠠ᠎ᠶ᠋ᠢᠨ ᠲᠡᠷᠭᠡᠨ᠎ᠳᠦ ᠠᠴᠢᠬᠤ ᠦᠶᠡᠰ᠂ ᠮᠢᠨᠦ᠍ ᠳᠣᠲᠣᠷ᠎ᠠ ᠮᠠᠰᠢ ᠪᠠᠶᠠᠷ ᠲᠠᠶ ᠪᠠᠢᠯ᠎ᠠ᠃ ᠤᠳᠤ ᠡᠨᠡ ᠬᠦ᠌ ᠬᠡᠪ ᠵᠠᠭ᠍ᠪᠤᠷ ᠨᠢ ᠪᠦᠬᠦᠢᠯᠡ ᠬᠤᠷᠱᠢᠶ᠎ᠠ᠎ᠳᠤ ᠳᠡᠯᠭᠡᠷᠡᠵᠦ᠍᠂ ᠤᠯᠠᠨ᠎ᠢᠶᠠᠷ᠎ᠢᠶᠠᠨ ᠨᠢᠭᠲᠠᠷᠠᠯᠴᠠᠨ ᠬᠠᠮᠲᠤ᠎ᠪᠠᠷ ᠬᠥᠭ᠌ᠵᠢᠵᠦ᠍ ᠪᠠᠢᠨ᠎ᠠ᠃

ᠬᠤᠸᠠᠨᠵᠢᠶᠠᠩ᠎ᠤᠨ ᠺᠠᠷᠰᠲ᠎ᠤᠨ ᠭᠠᠵᠠᠷ᠎ᠤᠨ ᠳᠦᠷᠬᠦ ᠪᠣᠯ ᠳᠡᠯᠡᠬᠡᠶ᠎ᠶ᠋ᠢᠨ ᠪᠠᠢᠭᠠᠯᠢ᠎ᠶ᠋ᠢᠨ ᠥᠪ ᠪᠣᠯᠤᠨ᠎ᠠ᠂ ᠮᠠᠰᠢ ᠣᠯᠠᠨ ᠬᠥᠮᠦᠨ ᠮᠠᠨ᠎ᠤ ᠡᠨᠡ ᠭᠠᠵᠠᠷ᠎ᠢ ᠠᠭᠤᠯᠠ ᠨᠢ ᠬᠦᠬᠡ ᠤᠰᠤ ᠨᠢ ᠲᠤᠨᠭᠭᠠᠯᠠᠭ᠂ 《ᠰᠠᠬᠢᠭᠤᠯᠰᠤᠨ᠎ᠤ ᠰᠠᠭᠤᠳᠠᠭ ᠭᠠᠵᠠᠷ》 ᠭᠡᠵᠦ᠍ ᠬᠡᠯᠡᠳᠡᠭ᠂ ᠭᠡᠪᠡᠴᠦ᠍ ᠥᠩᠭᠡᠷᠡᠭ᠌ᠰᠡᠨ᠎ᠳᠦ ᠬᠠᠷᠢᠨ ᠶᠠᠳᠠᠭᠤ ᠭᠠᠵᠠᠷ ᠤᠷᠤᠨ ᠪᠠᠢᠵᠠᠶ᠃ ᠤᠳᠤ᠂ ᠵᠦᠷᠵᠢ᠂ ᠬᠦᠷᠢ᠂ ᠥᠨᠦᠷᠲᠦ ᠭᠠᠬᠠᠢ᠂ ᠲᠤᠰᠤᠨ ᠴᠠᠢ ᠵᠡᠷᠭᠡ ᠤᠨᠴᠠᠯᠢᠬ᠍ᠳᠤ ᠠᠵᠤ ᠦᠢᠯᠡᠰ ᠮᠤᠤᠨᠠᠨᠱᠠᠨ ᠰᠢᠶᠠᠩ᠎ᠳᠤ ᠥᠷᠨᠢᠨ ᠬᠥᠭᠵᠢᠵᠦ ᠪᠤᠢ᠃

ᠪᠢ ᠶᠡᠷᠦᠩᠬᠡᠢ ᠱᠦᠵᠢ᠎ᠳᠦ᠂ ᠪᠢᠳᠡᠨ᠎ᠦ ᠠᠮᠢᠳᠤᠷᠠᠯ ᠯᠠᠪᠲᠠᠢ ᠭᠠᠯ ᠤᠯᠠᠭᠠᠨ ᠵᠦᠷᠵᠢ ᠱᠢᠭ᠂ ᠤᠯᠠᠮ᠎ᠡᠴᠡ ᠤᠯᠠᠮ ᠱᠢᠬᠢᠷᠯᠢᠭ᠂ ᠤᠯᠠᠮ᠎ᠡᠴᠡ ᠤᠯᠠᠮ ᠰᠠᠢᠵᠢᠷᠠᠬᠤ ᠪᠣᠯᠤᠨ᠎ᠠ ᠭᠡᠵᠦ ᠬᠡᠯᠡᠶ᠎ᠡ᠃

(ᠱᠢᠨᠬᠤᠸᠠ ᠬᠣᠷᠢᠶᠠᠨ᠎ᠤ ᠨᠠᠨᠨᠢᠩ᠎ᠤᠨ 5 ᠰᠠᠷ᠎ᠠ᠎ᠶ᠋ᠢᠨ 22᠎ᠤ᠋ᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面