ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-05-04 20:35:24

ᠵᠣᠬᠢᠶᠠᠭ᠍ᠴᠢ᠄ ​ᠭᠤᠤ ᠨᠠᠨ ᠵᠢᠨ ᠵᠢᠨ ᠱᠢᠤ ᠣᠩᠱᠢᠭ᠍ᠰᠠᠨ ᠣᠳᠠᠭ᠎ᠠ᠄ 3

ᠶᠡᠷᠦᠩᠬᠡᠶ ᠱᠦᠵᠢ ᠰᠢ ᠵᠢᠨ ᠫᠢᠩ 2015 ᠣᠨ᠎ᠤ 7 ᠰᠠᠷ᠎ᠠ᠎ᠶ᠋ᠢᠨ 16 ᠎ᠤ᠋ ᠡᠳᠦᠷ ᠭᠢᠷᠢᠨ ᠮᠤᠵᠢ᠎ᠶ᠋ᠢᠨ ᠶᠠᠨᠪᠢᠶᠠᠨ᠎ᠤ ᠰᠣᠯᠣᠩᠭᠣᠰ ᠦᠨᠳᠦᠰᠦᠲᠡᠨ᠎ᠦ ᠥᠪᠡᠷᠲᠡᠭᠡᠨ ᠵᠠᠰᠠᠬᠤ ᠵᠧᠦ᠎ᠳᠦ ᠠᠵᠢᠯ ᠪᠠᠢᠴᠠᠭᠠᠵᠤ᠂ ᠾᠧ ᠯᠦᠩ ᠬᠣᠲᠠ᠎ᠶ᠋ᠢᠨ ᠳ᠋ᠦᠩ ᠴᠧᠩ ᠪᠠᠯᠭᠠᠰᠤᠨ᠎ᠤ ᠭᠤᠸᠠᠩ ᠳ᠋ᠦᠩ ᠲᠣᠰᠭᠣᠨ᠎ᠳᠤ ᠬᠦᠷᠴᠦ᠍᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠲᠡᠶ ᠶᠠᠷᠢᠯᠴᠠᠪᠠ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠡᠴᠡ ᠲᠤᠬᠠᠶ᠎ᠶ᠋ᠢᠨ ᠦᠶ᠎ᠡ᠎ᠳᠦ ᠶᠡᠷᠦᠩᠬᠡᠶ ᠱᠦᠵᠢ᠎ᠳᠦ ᠨᠤᠲᠤᠭ᠎ᠲᠠᠭᠠᠨ ᠪᠤᠴᠠᠵᠤ ᠦᠶ᠋ᠯᠡᠰ ᠪᠤᠰᠬᠠᠭᠰᠠᠨ ᠥᠩᠭᠡᠷᠡᠯᠲᠡ᠎ᠪᠡᠨ ᠬᠠᠷᠢᠭᠤ ᠮᠡᠳᠡᠭᠦᠯᠦᠭ᠌ᠰᠡᠨ ᠲᠣᠰᠭᠣᠨ᠎ᠤ ᠠᠷᠠᠳ᠎ᠤᠨ ᠲᠥᠯᠥᠭᠡᠯᠡᠭ᠌ᠴᠢ᠎ᠶ᠋ᠢᠨ ᠵᠢᠶᠦ᠋ᠨ᠎ᠢ ᠡᠷᠭᠢᠵᠦ ᠰᠤᠷᠪᠤᠯᠵᠢᠯᠠᠪᠠ᠃

ᠦᠵᠡᠭᠳᠡᠯ᠎ᠢ ᠡᠷᠭᠢᠴᠡᠭᠦᠯᠬᠦᠢ

ᠲᠤᠰᠬᠤᠨ᠎ᠳᠤ ᠤᠷᠤᠬᠤ᠎ᠡᠴᠡ ᠡᠮᠦᠨ᠎ᠡ᠂ ᠶᠡᠬᠡ ᠬᠡᠮᠵᠢᠶᠡᠨ᠎ᠦ ᠤᠰᠤᠨ ᠲᠤᠲᠤᠷᠭ᠎ᠠ᠎ᠶ᠋ᠢᠨ ᠲᠠᠷᠢᠶ᠎ᠠ᠎ᠶ᠋ᠢ ᠥᠩᠭᠡᠷᠡᠭᠡᠳᠡᠭ᠃ ᠶᠡᠷᠦᠩᠬᠡᠶ ᠱᠦᠵᠢ ᠰᠢ ᠵᠢᠨ ᠫᠢᠩ ᠲᠡᠷᠭᠡᠨ᠎ᠡᠴᠡ ᠪᠠᠭᠤᠵᠤ᠂ ᠱᠢᠪᠠᠷ ᠱᠠᠯᠴᠢᠭ᠎ᠲᠠᠶ ᠲᠠᠷᠢᠶᠠᠨ ᠳᠠᠯᠠᠩ᠎ᠢᠶᠠᠷ ᠲᠤᠲᠤᠷᠭᠠᠨ ᠲᠠᠷᠢᠶᠠᠨ᠎ᠳᠤ ᠣᠷᠣᠵᠤ᠂ ᠲᠠᠷᠢᠶᠠᠨ ᠭᠠᠵᠠᠷ᠎ᠲᠠᠭᠠᠨ ᠬᠥᠳᠡᠯᠮᠦᠷᠢᠯᠡᠵᠦ᠍ ᠪᠠᠢᠭ᠎ᠠ ᠲᠣᠰᠭᠣᠨ᠎ᠤ ᠠᠷᠠᠳ ᠪᠣᠯᠤᠨ ᠲᠠᠷᠢᠶᠠᠯᠠᠩ᠎ᠤᠨ ᠮᠡᠷᠭᠡᠵᠢᠯᠲᠡᠨ᠎ᠲᠡᠶ ᠰᠠᠨᠠᠯ᠎ᠢᠶᠠᠨ ᠰᠣᠯᠢᠯᠴᠠᠪᠠ᠃ ᠶᠡᠷᠦᠩᠬᠡᠢ ᠱᠦᠵᠢ᠂ ᠳᠤᠮᠳᠠᠳᠤ ᠤᠯᠤᠰ 13 ᠳ᠋ᠦᠩᠱᠢᠭᠤᠷ ᠬᠥᠮᠦᠨ ᠠᠮᠠ᠎ᠲᠠᠶ᠂ ᠪᠢᠳᠡ ᠥᠪᠡᠷ᠎ᠤᠨ ᠪᠡᠶ᠎ᠡ᠎ᠳᠦ ᠪᠠᠨ ᠲᠦᠰᠢᠭᠯᠡᠨ ᠠᠮᠤ ᠪᠤᠳᠠᠭᠠᠨ᠎ᠤ ᠦᠢᠯᠡᠳᠪᠦᠷᠢᠯᠡᠯ᠎ᠢ ᠲᠣᠭ᠍ᠲᠠᠪᠤᠷᠢᠵᠢᠭᠤᠯᠬᠤ᠎ᠬᠡᠷᠡᠭᠳᠡᠢ᠃ ᠠᠮᠤ ᠪᠤᠳᠠᠭ᠎ᠠ ᠵᠢᠨ ᠲᠥᠷᠥᠯ ᠲᠡᠮᠳᠡᠭᠳᠦ ᠵᠢ ᠪᠠᠰᠠ ᠴᠤᠬᠴᠠᠯᠠᠬᠤ ᠬᠡᠷᠡᠭ᠌ᠲᠡᠶ᠂ ᠢᠩᠭᠢᠪᠡᠯ ᠦᠨ᠎ᠡ ᠨᠢ ᠰᠠᠢᠨ᠂ ᠦᠷ᠎ᠡ ᠠᠱᠢᠭ ᠨᠢ ᠰᠠᠢᠨ ᠪᠣᠯᠤᠨ᠎ᠠ᠃ ᠨᠤᠲᠤᠭ᠎ᠤᠨ ᠠᠬ᠎ᠠ ᠳᠡᠭᠦᠦ᠍᠎ᠨᠡᠷ᠎ᠦᠨ ᠡᠯᠪᠡᠭ ᠬᠤᠷᠢᠶᠠᠯᠲᠠ᠎ᠶ᠋ᠢ ᠵᠥᠩᠨᠡᠶ᠎ᠡ ᠭᠡᠵᠦ ᠬᠡᠯᠡᠪᠡ᠃

ᠳᠠᠷᠠᠭ᠎ᠠ ᠨᠢ᠂ ᠶᠡᠷᠦᠩᠬᠡᠢ ᠱᠦᠵᠢ ᠰᠢ ᠵᠢᠨ ᠫᠢᠩ ᠨᠢᠭᠡᠨ ᠲᠣᠰᠭᠣᠨ᠎ᠤ ᠠᠷᠠᠳ᠎ᠤᠨ ᠭᠡᠷ᠎ᠲᠦ ᠪᠠᠭ᠎ᠠ ᠬᠡᠯᠪᠡᠷᠢ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠰᠣᠯᠣᠩᠭᠣᠰ ᠦᠨᠳᠦᠰᠦᠲᠡᠨ᠎ᠦ ᠵᠠᠩᠱᠢᠯ᠎ᠢᠶᠠᠷ᠂ ᠶᠡᠷᠦᠩᠬᠡᠢ ᠱᠦᠵᠢ ᠱᠠᠬᠠᠢ᠎ᠪᠠᠨ ᠲᠠᠢᠯᠤᠭᠠᠳ ᠬᠠᠨᠵᠤᠨ ᠳᠡᠭᠡᠷ᠎ᠡ ᠭᠠᠷᠴᠤ᠌᠂ ᠵᠠᠪᠢᠯᠠᠵᠤ ᠰᠠᠭᠤᠭᠠᠳ ᠨᠤᠲᠤᠭ᠎ᠤᠨ ᠠᠬ᠎ᠠ ᠳᠡᠭᠦᠦ᠍᠎ᠨᠡᠷ᠎ᠲᠡᠶ ᠵᠣᠭᠣᠭ᠍ᠳᠠᠪᠠ᠃ 32 ᠨᠠᠰᠤᠲᠠᠢ᠎ᠶ᠋ᠢᠨ ᠵᠢᠶᠦ᠋ᠨ ᠨᠤᠲᠤᠭ᠎ᠲᠠᠭᠠᠨ ᠪᠤᠴᠠᠵᠤ ᠦᠢᠯᠡᠰ ᠪᠤᠰᠭᠠᠬ᠍ᠰᠠᠨ ᠵᠠᠯᠠᠭᠤᠴᠤᠳ᠎ᠤᠨ ᠲᠥᠯᠥᠭᠡᠯᠡᠭ᠌ᠴᠢ᠎ᠶ᠋ᠢᠨ ᠬᠤᠪᠢ᠎ᠪᠠᠷ ᠶᠡᠷᠦᠩᠬᠡᠢ ᠱᠦᠵᠢ᠎ᠶ᠋ᠢᠨ ᠳᠡᠷᠭᠡᠳᠡ ᠰᠠᠭᠤᠵᠤ᠂ ᠶᠡᠷᠦᠩᠬᠡᠢ ᠱᠦᠵᠢ᠎ᠳᠦ ᠤᠰᠤᠨ ᠲᠤᠲᠤᠷᠭ᠎ᠠ ᠲᠠᠷᠢᠵᠤ ᠡᠳ᠋ᠱᠢᠭᠦᠯᠵᠤ ᠪᠤᠯᠪᠠᠰᠤᠷᠠᠭᠤᠯᠬᠤ ᠠᠵᠢᠯ ᠬᠢᠵᠦ ᠦᠢᠯᠡᠰ ᠪᠤᠰᠭᠠᠬ᠍ᠰᠠᠨ ᠥᠩᠭᠡᠷᠡᠯᠲᠡ᠎ᠪᠡᠨ ᠬᠠᠷᠢᠭᠤ ᠮᠡᠳᠡᠭᠦᠯᠪᠡ᠃

ᠵᠢᠨ ᠵᠢᠶᠦ᠋ᠨ᠎ᠦ ᠰᠡᠳᠭᠢᠯ᠎ᠦᠨ ᠳᠠᠭᠤᠨ

《 ᠠᠮᠤ ᠪᠤᠳᠠᠭ᠎ᠠ᠎ᠵᠢᠨ ᠲᠦᠷᠦᠯ ᠲᠡᠮᠳᠡᠭᠳᠦ ᠵᠢ ᠪᠠᠰᠠ ᠴᠤᠬᠴᠠᠯᠠᠬᠤ᠎ᠬᠡᠷᠡᠭ᠌ᠲᠡᠢ 》᠂ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠦᠭᠡ ᠮᠢᠨᠦ᠍ ᠪᠤᠳᠤᠯ ᠰᠡᠳᠬᠢᠴᠡ ᠵᠢ ᠨᠢᠭᠡ ᠯᠡ ᠳᠣᠣᠷ᠎ᠠ ᠲᠡᠯᠡᠪᠡ᠃

ᠪᠢ 2009 ᠣᠨ᠎ᠳᠤ ᠭᠠᠳᠠᠭᠠᠳᠤ᠎ᠳᠤ ᠰᠤᠷᠤᠯᠴᠠᠭᠠᠳ ᠬᠠᠷᠢᠵᠤ ᠢᠷᠡᠭ᠌ᠰᠡᠨ᠎ᠦ ᠲᠠᠷᠠᠭ᠎ᠠ᠂ ᠲᠣᠰᠭᠣᠨ᠎ᠳᠤ ᠣᠷᠭᠠᠨᠢᠭ ᠲᠤᠲᠤᠷᠭ᠎ᠠ᠎ᠶ᠋ᠢᠨ ᠲᠠᠷᠢᠶᠠᠯᠠᠩ᠎ᠤᠨ ᠲᠠᠯᠠᠪᠠᠢ ᠪᠠᠢᠭᠤᠯᠤᠭ᠍ᠰᠠᠨ ᠪᠥᠭᠡᠳ ᠲᠤᠲᠤᠷᠭ᠎ᠠ ᠡᠳ᠋ᠰᠢᠭᠦᠯᠵᠤ ᠪᠣᠯᠪᠠᠰᠤᠷᠠᠭᠤᠯᠬᠤ ᠺᠣᠮᠫᠠᠨᠢ ᠪᠠᠢᠭᠤᠯᠵᠤ᠂ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠤᠨ 《ᠠᠢᠯ ᠪᠣᠯᠭᠠᠨ ᠨᠢᠭᠡ ᠮᠦ᠍ ᠭᠤᠷᠪᠠᠨ ᠹᠦᠨ ᠲᠠᠷᠢᠶ᠎ᠠ》 ᠲᠠᠷᠢᠬᠤ ᠠᠷᠭ᠎ᠠ ᠮᠠᠶᠢᠭ᠎ᠡᠴᠡ ᠰᠠᠯᠬᠤ᠎ᠪᠡᠷ ᠲᠤᠷᠱᠢᠵᠤ ᠦᠵᠡᠪᠡ᠃ ᠭᠡᠪᠡᠴᠦ᠍ ᠲᠡᠷᠡ ᠦᠶ᠎ᠡ᠎ᠳᠦ᠂ ᠡᠳᠦᠷ ᠪᠦᠷᠢ ᠬᠠᠮᠤᠭ᠎ᠤᠨ ᠠᠷᠪᠢᠨ᠎ᠳᠠᠭᠠᠨ 30 ᠲᠣᠨ ᠲᠤᠲᠤᠷᠭ᠎ᠠ ᠪᠣᠯᠪᠠᠰᠤᠷᠠᠭᠤᠯᠵᠤ᠂ ᠦᠨᠳᠦᠰᠦᠨ᠎ᠳᠡᠭᠡᠨ ᠪᠦᠷ ᠲᠤᠰ ᠭᠠᠵᠠᠷ᠎ᠲᠠᠭᠠᠨ ᠪᠣᠷᠣᠯᠠᠭᠤᠯᠵᠤ᠂ ᠰᠠᠢᠨ ᠲᠤᠲᠤᠷᠭ᠎ᠠ᠎ᠶ᠋ᠢ ᠶᠡᠷᠦ᠍᠎ᠡᠴᠡ ᠰᠠᠢᠨ ᠦᠨ᠎ᠡ᠎ᠪᠡᠷ ᠬᠤᠳᠠᠯᠳᠤᠵᠤ ᠳᠡᠢᠯᠬᠦ᠌ ᠦᠭᠡᠶ ᠪᠠᠢᠪᠠ᠃

ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ ᠨᠢ ᠮᠠᠨ᠎ᠤ ᠶᠠᠨᠪᠢᠶᠠᠨ᠎ᠤ᠋ ᠲᠤᠲᠤᠷᠭ᠎ᠠ᠂ ᠭᠢᠷᠢᠨ᠎ᠦ ᠲᠤᠲᠤᠷᠭ᠎ᠠ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠴᠢᠭ᠌ᠯᠡᠯ᠎ᠢ ᠲᠣᠳᠣᠷᠬᠠᠶ ᠵᠢᠭᠠᠨ ᠥᠭ᠌ᠴᠦ᠂ ᠪᠢᠳᠡᠨ᠎ᠢ ᠠᠵᠤ ᠦᠢᠯᠡᠰᠵᠢᠯᠲᠡ᠂ ᠲᠥᠷᠥᠯ ᠲᠡᠮᠳᠡᠭ᠌ᠵᠢᠯᠲᠡ ᠵᠢᠨ ᠵᠠᠮ ᠵᠢᠡᠷ ᠵᠠᠮᠨᠠᠬᠤ ᠢᠲᠡᠭᠡᠯ ᠵᠣᠷᠢᠭ᠎ᠲᠠᠶ ᠪᠣᠯᠭᠠᠵᠠᠶ᠃

ᠲᠦᠷᠦᠯ᠎ᠲᠡᠮᠳᠡᠭ᠎ᠢ ᠡᠭᠦᠳᠬᠦ᠌᠎ᠶ᠋ᠢᠨ ᠲᠥᠯᠥᠭᠡ᠂ ᠪᠢᠳᠡ ᠮᠠᠰᠢ ᠤᠯᠠᠨ ᠭᠠᠵᠠᠷ᠎ᠢᠶᠠᠷ ᠱᠢᠨᠵᠢᠯᠡᠨ ᠪᠠᠢᠴᠠᠭᠠᠵᠤ᠂ ᠲᠠᠷᠢᠶᠠᠯᠠᠩ᠎ᠤᠨ ᠮᠡᠷᠭᠡᠵᠢᠯ᠎ᠦᠨ ᠲᠤᠰᠭᠠᠢ ᠮᠡᠷᠭᠡᠵᠢᠯᠲᠡᠨ᠎ᠢ ᠤᠷᠢᠵᠤ ᠤᠰᠤᠨ ᠲᠤᠲᠤᠷᠭ᠎ᠠ ᠲᠠᠷᠢᠬᠤ᠎ᠳᠤ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠳᠡᠮᠵᠢᠯᠭᠡ ᠬᠠᠩᠭᠠᠯᠭᠠᠪᠠ᠃ ᠬᠠᠭᠤᠴᠢᠨ ᠡᠭᠦᠯᠳᠡᠷ ᠵᠢᠡᠨ ᠰᠠᠢᠵᠢᠷᠠᠭᠤᠯᠤᠬᠰᠠᠨ ᠵᠢᠡᠷ᠂ ᠪᠤᠳᠠᠭᠠᠨ ᠮᠥᠬᠥᠯᠢᠭ ᠨᠠᠩ ᠤᠬᠢ ᠰᠠᠢᠨ᠂ ᠨᠠᠩ ᠨᠠᠷᠢᠯᠢᠭ᠂ ᠨᠠᠩ ᠠᠮᠲᠠᠲᠠᠶ ᠪᠣᠯᠵᠠᠶ᠃

ᠶᠠᠰᠤ ᠴᠢᠨᠠᠷ ᠳᠡᠭᠡᠭᠰᠢᠯᠡᠵᠠᠢ᠂ ᠪᠢᠳᠡ ᠲᠠᠷᠢᠮᠠᠯ᠎ᠤᠨ ᠬᠡᠪᠴᠢᠶ᠎ᠡ᠎ᠪᠡᠨ ᠥᠷᠭᠡᠳᠭᠡᠵᠦ᠍᠂ ᠡᠳ᠋ᠰᠢᠭᠦᠯᠵᠤ ᠪᠣᠯᠪᠠᠰᠤᠷᠠᠭᠤᠯᠬᠤ ᠦᠶ᠋ᠯᠡᠳᠪᠦᠷᠢ᠎ᠶ᠋ᠢᠨ ᠲᠠᠰᠤᠭ᠎ᠢᠶᠠᠨ ᠥᠷᠭᠡᠳᠭᠡᠨ ᠪᠠᠢᠭᠤᠯᠬᠤ᠎ᠶ᠋ᠢᠨ ᠬᠠᠮᠲᠤ ᠲᠤᠰᠭᠠᠢᠵᠢᠭ᠍ᠰᠠᠨ ᠡᠳ᠋ᠱᠢᠭᠦᠯᠤᠨ ᠪᠤᠯᠪᠠᠰᠤᠷᠠᠭᠤᠯᠬᠤ ᠲᠥᠬᠥᠭᠡᠷᠦᠮᠵᠢ ᠪᠠ ᠪᠠᠷᠢᠮᠵᠢᠶᠠᠵᠢᠭ᠍ᠰᠠᠨ ᠦᠶ᠋ᠯᠡᠳᠪᠦᠷᠢᠯᠡᠯ᠎ᠦᠨ ᠱᠤᠭᠤᠮ᠎ᠢ ᠣᠷᠣᠭᠤᠯᠤᠨ ᠠᠪᠴᠢᠷᠠᠵᠤ᠂ ᠪᠠᠰᠠ ᠰᠦᠯᠵᠢᠶᠡᠨ ᠳᠡᠭᠡᠷᠡᠬᠢ ᠪᠣᠷᠣᠯᠠᠭᠤᠯᠭ᠎ᠠ᠎ᠶ᠋ᠢ ᠠᠱᠢᠭ᠍ᠯᠠᠨ ᠱᠢᠨ᠎ᠡ ᠪᠣᠷᠣᠯᠠᠭᠤᠯᠭ᠎ᠠ᠎ᠶ᠋ᠢᠨ ᠵᠠᠮ᠎ᠢ ᠨᠡᠭᠡᠭᠡᠭ᠌ᠰᠡᠨ ᠪᠠᠢᠨ᠎ᠠ᠃ ᠥᠩᠭᠡᠷᠡᠭ᠌ᠰᠡᠨ᠎ᠳᠦ ᠵᠥᠪᠬᠡᠨ ᠲᠣᠰ ᠭᠠᠵᠠᠷ ᠲᠠᠭᠠᠨ ᠰᠦᠯᠵᠢᠶᠡᠨ᠎ᠡᠴᠡ ᠭᠠᠳᠠᠨ᠎ᠠ ᠪᠣᠷᠣᠯᠠᠭᠤᠯᠵᠤ ᠪᠠᠢᠭ᠍ᠰᠠᠨ ᠲᠤᠲᠤᠷᠭ᠎ᠠ᠎ᠶ᠋ᠢ ᠣᠲᠣ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠢᠶᠠᠷ ᠪᠥᠬᠥ᠌ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠵᠤ ᠪᠠᠢᠨ᠎ᠠ᠃

ᠡᠳᠡᠭᠡᠷ ᠵᠢᠯ᠎ᠦᠨ ᠲᠤᠷᠰᠢ᠂ ᠭᠤᠸᠠᠩ ᠳ᠋ᠦᠩ ᠲᠣᠰᠭᠣᠨ ᠨᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠬᠠᠪᠰᠤᠷᠤᠯᠭ᠎ᠠ ᠳᠣᠣᠷ᠎ᠠ᠂ ᠪᠦᠬᠦ᠌ ᠤᠯᠤᠰ᠎ᠤᠨ ᠣᠷᠭᠠᠨᠢᠭ ᠲᠤᠲᠤᠷᠭ᠎ᠠ ᠲᠠᠷᠢᠬᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠱ᠌ᠢᠢ᠎ᠡ ᠦᠵᠡᠭᠦᠯᠬᠦ᠌ ᠰᠠᠭᠤᠷᠢᠨ᠂ ᠤᠯᠤᠰ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠡᠷᠡᠴᠢᠯᠡᠯ᠎ᠬᠦᠷᠳᠡᠭᠰᠡᠨ ᠣᠷᠭᠠᠨᠢᠭ ᠲᠤᠲᠤᠷᠭ᠎ᠠ᠎ᠶ᠋ᠢᠨ ᠰᠠᠭᠤᠷᠢᠨ ᠪᠣᠯᠪᠠ᠃ ᠲᠤᠲᠤᠷᠭᠠᠨ᠎ᠤ ᠦᠨ᠎ᠡ ᠺᠢᠯᠣᠭ᠌ᠷᠠᠮ ᠪᠦᠷᠢ᠎ᠳᠡᠭᠡᠨ 8 ᠲᠥᠭᠥᠷᠢᠭ ᠪᠠᠢᠭ᠍ᠰᠠᠨ᠎ᠡᠴᠡ᠎ᠪᠠᠨ 15 ᠲᠥᠭᠥᠷᠢᠭ ᠪᠣᠯᠵᠤ᠂ 300 ᠭᠠᠷᠤᠶ ᠲᠣᠰᠭᠣᠨ᠎ᠤ ᠠᠷᠠᠳ᠎ᠢ ᠳᠠᠢᠴᠢᠯᠠᠨ ᠪᠠᠶᠠᠵᠢᠯ᠎ᠤᠨ ᠵᠠᠮ᠎ᠢᠶᠠᠷ ᠵᠠᠮᠨᠠᠵᠠᠶ᠃

ᠲᠤᠬᠠᠢ᠎ᠶ᠋ᠢᠨ ᠵᠢᠯ᠎ᠳᠦ᠂ ᠶᠡᠷᠦᠩᠬᠡᠢ ᠱᠦᠵᠢ ᠨᠠᠮᠠᠶ᠋ᠢ ᠰᠠᠢᠲᠤᠷ ᠠᠵᠢᠯᠯᠠᠭᠠᠷᠠᠢ ᠭᠡᠵᠦ᠍ ᠵᠣᠷᠢᠭ᠍ᠵᠢᠭᠤᠯᠤᠭ᠍ᠰᠠᠨ ᠶᠤᠮ᠂ ᠤᠳᠤ ᠪᠢ ᠶᠡᠷᠦᠩᠬᠡᠢ ᠱᠦᠵᠢ᠎ᠳᠦ᠂ ᠡᠳᠡᠭᠡᠷ ᠵᠢᠯ᠎ᠦᠳ᠎ᠲᠦ᠂ ᠮᠠᠨ᠎ᠤ ᠶᠠᠨᠪᠢᠶᠡᠨ᠎ᠤ ᠲᠤᠲᠤᠷᠭ᠎ᠠ ᠪᠦᠬᠦ᠌ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠤᠭ᠍ᠳᠠᠬᠰᠠᠨ᠎ᠢᠶᠠᠷ ᠪᠠᠷᠠᠬᠤ ᠦᠭᠡᠢ᠂ ᠨᠡᠩ ᠴᠤ᠌ ᠺᠣᠷᠢᠶᠠ᠂ ᠶᠠᠫᠣᠨ ᠵᠡᠷᠭᠡ ᠤᠯᠤᠰ᠎ᠲᠤ ᠪᠣᠷᠣᠯᠠᠭᠤᠯᠤᠭ᠍ᠳᠠᠬᠰᠠᠨ ᠪᠠᠢᠨ᠎ᠠ᠃ ᠡᠨᠡ ᠪᠣᠯ ᠥᠩᠭᠡᠷᠡᠭ᠌ᠰᠡᠨ᠎ᠳᠦ ᠰᠠᠨᠠᠭ᠎ᠠ ᠵᠡᠭᠦᠳᠦᠨ᠎ᠳᠤ᠎ᠴᠦ ᠤᠷᠤᠭᠰᠠᠨ ᠦᠭᠡᠢ ᠶᠠᠪᠤᠳᠠᠯ ᠶᠤᠮ᠂ ᠶᠠᠨᠪᠢᠶᠠᠨ᠎ᠤ ᠲᠤᠲᠤᠷᠭ᠎ᠠ《ᠠᠮᠳᠠᠳᠠᠢ》 ᠡᠴᠡ 《 ᠠᠯᠲᠠᠷᠳᠠᠢ》 ᠪᠤᠯᠵᠠᠢ ᠭᠡᠵᠦ ᠬᠠᠷᠢᠭᠤ ᠮᠡᠳᠡᠭᠦᠯᠦᠶ᠎ᠠ ᠭᠡᠮᠡᠨ ᠪᠤᠳᠤᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面