2022-05-20 09:34:21
2019 ᠣᠨ᠎ᠤ 1 ᠰᠠᠷ᠎ᠠ᠎ᠶ᠋ᠢᠨ 17᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠲᠢᠶᠠᠨᠵᠢᠨ᠎ᠳᠤ ᠱᠢᠨᠵᠢᠯᠡᠨ ᠪᠠᠢᠴᠠᠭᠠᠬᠤ ᠬᠤᠭᠤᠴᠠᠭᠠᠨ᠎ᠳᠠᠭᠠᠨ ᠲᠢᠶᠠᠨᠵᠢᠨ᠎ᠤ ᠪᠢᠨ ᠬᠠᠢ — ᠵᠦᠩ ᠭᠤᠸᠠᠨ ᠼᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠯᠡᠩ᠎ᠳᠦ ᠬᠦᠷᠪᠡ᠃ ᠬᠠᠮᠵᠢᠯᠴᠠᠨ ᠱᠢᠨ᠎ᠡ᠎ᠶ᠋ᠢ ᠡᠭᠦᠳᠬᠦ᠌ ᠦᠵᠡᠭᠦᠯᠭᠡ᠎ᠶ᠋ᠢᠨ ᠲᠥᠪ᠎ᠲᠦ᠂ ᠤᠯᠤᠰ᠎ᠤᠨ ᠴᠠᠬᠢᠯᠭᠠᠨ ᠲᠣᠣᠷ᠎ᠤᠨ ᠲᠢᠶᠠᠨᠵᠢᠨ᠎ᠤ ᠴᠠᠬᠢᠯᠭᠠᠨ ᠬᠦᠴᠦᠨ᠎ᠦ ᠪᠢᠨ ᠬᠠᠢ ᠵᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠴᠠᠬᠢᠯᠭᠠᠨ ᠲᠤᠬᠢᠷᠠᠭᠤᠯᠬᠤ ᠵᠢ ᠱᠠᠯᠠᠪᠳᠠᠨ ᠵᠠᠰᠠᠬᠤ ᠠᠩᠬᠢ᠎ᠶ᠋ᠢᠨ ᠳᠠᠷᠤᠭ᠎ᠠ ᠵᠠᠩ ᠯᠢ ᠮᠢᠩ ᠶᠡᠷᠦᠩᠬᠡᠢ ᠱᠦᠵᠢ᠎ᠳᠦ ᠴᠠᠬᠢᠯᠭᠠᠨ ᠲᠣᠣᠷ᠎ᠲᠤ ᠢᠵᠢ ᠪᠦᠷᠢᠳᠦᠭᠦᠯᠦᠭᠰᠡᠨ ᠴᠠᠬᠢᠯᠭᠠᠨ᠎ᠲᠠᠶ ᠪᠡᠷ ᠠᠵᠢᠯᠯᠠᠬᠤ ᠵᠣᠬᠢᠶᠠᠮᠠᠯ ᠤᠶᠤᠨ ᠴᠢᠳᠠᠪᠤᠷᠢ᠎ᠶ᠋ᠢᠨ ᠮᠠᠱᠢᠨ ᠬᠥᠮᠦᠨ᠎ᠢ ᠲᠠᠨᠢᠯᠴᠠᠭᠤᠯᠪᠠ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠵᠠᠩ ᠯᠢ ᠮᠢᠩ᠎ᠢ ᠡᠷᠬᠢᠵᠦ ᠰᠤᠷᠪᠤᠯᠵᠢᠯᠠᠪᠠ᠂ ᠳᠤᠤᠷᠠᠬᠢ ᠪᠣᠯ ᠲᠡᠭᠦᠨ᠎ᠦ ᠥᠪᠡᠷ᠎ᠦᠨ ᠲᠤᠭᠠᠴᠢᠯᠲᠠ ᠪᠠ ᠰᠡᠳᠭᠢᠯ᠎ᠦᠨ ᠦᠭᠡ ᠪᠣᠯᠤᠨ᠎ᠠ —
ᠪᠢ ᠡᠨᠡ ᠵᠢᠯ 52 ᠨᠠᠰᠤᠲᠠᠢ᠂ 3 ᠵᠢᠯ ᠭᠠᠷᠤᠢ᠎ᠶ᠋ᠢᠨ ᠡᠮᠦᠨ᠎ᠡ ᠶᠡᠷᠦᠩᠬᠡᠢ ᠱᠦᠵᠢ ᠰᠢ ᠵᠢᠨ ᠫᠢᠩ᠎ᠳᠦ ᠪᠢᠳᠡᠨ᠎ᠤ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢᠶᠡᠨ ᠬᠠᠷᠢᠭᠤ ᠮᠡᠳᠡᠭᠦᠯᠦᠭ᠌ᠰᠡᠨ ᠶᠠᠪᠤᠳᠠᠯ᠎ᠢ ᠡᠨᠡ ᠨᠠᠰᠤᠨ᠎ᠳᠠᠭᠠᠨ ᠮᠠᠷᠲᠠᠬᠤ ᠦᠭᠡᠢ᠃
ᠲᠡᠷᠡ ᠡᠳᠦᠷ᠂ ᠪᠢ ᠶᠡᠷᠦᠩᠬᠡᠢ ᠱᠦᠵᠢ᠎ᠳᠦ ᠲᠤᠬᠠᠢ᠎ᠶ᠋ᠢᠨ ᠲᠠᠯᠠᠪᠠᠢ᠎ᠶ᠋ᠢᠨ ᠦᠵᠡᠭᠦᠯᠭᠡ ᠬᠢᠪᠡ᠃ ᠳᠠᠮᠵᠢᠭᠤᠯᠤᠭᠴᠢ ᠤᠲᠠᠰᠤ᠎ᠶ᠋ᠢ ᠬᠡᠷᠴᠢᠬᠦ᠂ ᠬᠤᠪᠢᠯ᠎ᠳᠤ ᠲᠠᠲᠠᠵᠤ ᠣᠷᠣᠭᠤᠯᠬᠤ᠂ ᠤᠲᠠᠰᠤᠨ᠎ᠤ ᠬᠠᠪᠴᠢᠭᠤᠷᠢ ᠴᠢᠨᠭᠭᠠᠯᠠᠬᠤ ᠵᠡᠷᠭᠡ ᠲᠠᠯ᠎ᠠ ᠪᠡᠷ ᠮᠠᠱᠢᠨ ᠬᠥᠮᠦᠨ᠎ᠦ ᠠᠵᠢᠯᠯᠠᠬᠤ ᠶᠠᠪᠤᠴᠠ ᠨᠢ ᠮᠠᠰᠢ ᠱᠢᠯᠤᠭᠤᠨ ᠪᠠᠢᠪᠠ᠃ ᠶᠡᠷᠦᠩᠬᠡᠶ ᠱᠦᠵᠢ ᠮᠠᠰᠢ ᠨᠠᠷᠢᠨ ᠬᠢᠨᠠᠮᠠᠭᠠᠶ ᠦᠵᠡᠵᠦ᠍᠂ ᠮᠠᠨ᠎ᠤ ᠨᠢᠭᠡᠳᠦᠭᠡᠷ ᠹᠷᠣᠨᠲ᠎ᠤᠨ ᠠᠵᠢᠯᠴᠢᠨ ᠰᠤᠳᠤᠯᠤᠨ ᠨᠡᠭᠡᠭᠡᠬᠦ᠌ ᠴᠢᠭ᠌ᠯᠡᠯ᠎ᠢ ᠳᠤᠷᠠᠳᠤᠭ᠍ᠰᠠᠨᠢ ᠰᠣᠨᠣᠰᠤᠭᠠᠳ᠂ ᠪᠢᠳᠡᠨ᠎ᠤ ᠠᠵᠢᠯᠴᠢᠨ᠎ᠤ ᠱᠢᠨ᠎ᠡ᠎ᠶ᠋ᠢ ᠡᠭᠦᠳᠬᠦ᠌ ᠪᠦᠯᠬᠦᠮ᠎ᠤᠨ ᠦᠶ᠋ᠯᠡᠳᠦᠯᠭᠡ᠎ᠡᠴᠡ ᠦᠨᠡᠨ ᠡᠷᠳᠡᠮ ᠭᠠᠷᠭᠠᠭᠰᠠ᠎ᠨᠢ ᠮᠠᠭ᠍ᠲᠠᠨ ᠰᠠᠢᠱᠢᠶᠠᠪᠠ᠃
ᠪᠢᠳᠡᠨ᠎ᠦ ᠰᠤᠳᠤᠯᠤᠨ ᠦᠢᠯᠡᠳᠦᠭ᠌ᠰᠡᠨ ᠮᠠᠱᠢᠨ ᠬᠥᠮᠦᠨ ᠬᠥᠮᠦᠨ᠎ᠢ ᠣᠷᠣᠯᠠᠨ ᠥᠨᠳᠥᠷ ᠲᠤ᠌ ᠴᠠᠬᠢᠯᠭᠠᠨ᠎ᠲᠠᠶ᠎ᠪᠠᠷ ᠠᠵᠢᠯᠯᠠᠵᠤ᠂ ᠨᠢᠭᠡᠳᠦᠭᠡᠷ ᠹᠷᠣᠨᠲ᠎ᠤᠨ ᠠᠵᠢᠯᠴᠢᠨ᠎ᠤ ᠠᠮᠢ ᠨᠠᠰᠤᠨ᠎ᠤ ᠠᠮᠤᠷ ᠲᠦᠪᠱᠢᠨ᠎ᠢ ᠪᠠᠲᠤᠯᠠᠵᠤ ᠪᠠᠢᠬᠤ᠎ᠶ᠋ᠢ ᠶᠡᠷᠦᠩᠬᠡᠢ ᠱᠦᠵᠢ ᠨᠤᠲᠠᠯᠠᠵᠤ ᠪᠠᠢᠬᠤ᠎ᠪᠠᠨ ᠢᠯᠡᠳᠭᠡᠪᠡ᠃ ᠲᠡᠭᠦᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠬᠤᠯᠠᠴᠢᠯᠠᠨ᠂ ᠨᠢᠭᠡᠳᠦᠭᠡᠷ ᠹᠷᠣᠨᠲ᠎ᠤᠨ ᠠᠵᠢᠯᠴᠢᠨ᠎ᠢ ᠬᠠᠯᠠᠮᠵᠢᠯᠠᠵᠤ ᠪᠠᠢᠭ᠎ᠠ ᠨᠢ ᠮᠢᠨᠦ᠍ ᠰᠡᠳᠭᠢᠯ᠎ᠢ ᠳᠤᠯᠠᠭᠠᠴᠡᠭᠤᠯᠪᠠ᠃
ᠶᠠᠷᠢᠯᠴᠠᠭ᠎ᠠ ᠳᠤᠮᠳᠠ᠂ ᠶᠡᠷᠦᠩᠬᠡᠶ ᠱᠦᠵᠢ ᠨᠠᠳᠠ᠎ᠡᠴᠡ ᠶᠠᠮᠠᠷ ᠰᠤᠷᠤᠯᠭ᠎ᠠ᠎ᠶ᠋ᠢᠨ ᠨᠠᠮᠲᠠᠷ᠎ᠲᠠᠶ ᠪᠣᠶ ᠭᠡᠵᠦ᠍ ᠠᠰᠠᠭᠤᠪᠠ᠃ ᠪᠢ᠄《ᠪᠢ ᠳᠤᠮᠳᠠᠳᠤ ᠵᠡᠷᠭᠡ᠎ᠶ᠋ᠢᠨ ᠲᠤᠰᠭᠠᠢ ᠮᠡᠷᠭᠡᠵᠢᠯ᠎ᠦᠨ ᠰᠤᠷᠤᠯᠭ᠎ᠠ᠎ᠶ᠋ᠢᠨ ᠨᠠᠮᠲᠠᠷ᠎ᠲᠠᠶ᠂ ᠠᠵᠢᠯ᠎ᠤᠨ ᠪᠠᠢᠷᠢ ᠳᠡᠭᠡᠷ᠎ᠡ᠎ᠪᠡᠨ ᠨᠠᠰᠤᠨ ᠲᠤᠷᠱᠢᠳᠠ ᠰᠤᠷᠤᠯᠴᠠᠨ᠎ᠠ᠂ ᠢᠩᠬᠢᠪᠡᠯ ᠠᠳᠠᠯᠢᠬᠠᠨ ᠬᠢᠷᠢ ᠪᠦᠲᠦᠮᠵᠢ ᠣᠯᠵᠤ ᠴᠢᠳᠠᠨ᠎ᠠ》 ᠭᠡᠵᠦ ᠬᠠᠷᠢᠭᠤᠯᠪᠠ᠃
ᠶᠡᠷᠦᠩᠬᠡᠢ ᠱᠦᠵᠢ ᠰᠤᠨᠤᠰᠤᠭᠠᠳ᠄ 《ᠲᠠ ᠬᠤᠪᠢ ᠨᠡᠮᠡᠷᠢ ᠦᠵᠡᠭᠦᠯᠦᠭ᠌ᠰᠡᠨ ᠪᠥᠭᠡᠳ ᠱᠢᠨ᠎ᠡ᠎ᠶ᠋ᠢ ᠡᠭᠦᠳᠬᠦ ᠲᠠᠯ᠎ᠠ ᠪᠡᠷ ᠵᠢᠱ᠌ᠢᠢ᠎ᠡ ᠦᠵᠡᠭᠦᠯᠦᠭ᠌ᠰᠡᠨ ᠪᠠᠢᠨ᠎ᠠ》 ᠭᠡᠵᠦ ᠮᠠᠭᠲᠠᠪᠠ᠃
ᠶᠡᠷᠦᠩᠬᠡᠢ ᠱᠦᠵᠢ᠎ᠶ᠋ᠢᠨ ᠨᠤᠲᠠᠯᠠᠯᠲᠠ᠎ᠶ᠋ᠢ ᠣᠯᠤᠭᠠᠳ ᠪᠢ ᠮᠠᠰᠢ ᠰᠡᠳᠭᠢᠯ ᠳᠣᠭ᠍ᠳᠣᠯᠪᠠ᠃ ᠱᠢᠨ᠎ᠡ᠎ᠶ᠋ᠢ ᠡᠭᠦᠳᠦᠬᠰᠡᠨ ᠨᠢ ᠬᠤᠪᠢ ᠪᠡᠶ᠎ᠡ ᠵᠢᠨ ᠦᠷᠳᠡᠭ᠎ᠢᠶᠡᠨ ᠢᠯᠡᠷᠡᠭᠦᠯᠦᠭᠰᠡᠨ ᠪᠥᠭᠡᠳ ᠬᠥᠮᠦᠨ᠎ᠦ ᠠᠮᠢᠳᠤᠷᠠᠯ᠎ᠤᠨ ᠲᠡᠮᠡᠴᠡᠯ᠎ᠦᠨ ᠴᠢᠭ᠌ᠯᠡᠯ᠎ᠢ ᠴᠦ᠍ ᠡᠷᠢᠵᠦ᠍ ᠣᠯᠤᠬᠰᠠᠨ ᠭᠡᠳᠡᠭ᠎ᠢ ᠪᠢ ᠭᠦᠨᠵᠡᠭᠡᠢ ᠰᠡᠷᠡᠵᠦ᠍ ᠮᠡᠳᠡᠪᠡ᠃
《ᠴᠢᠨᠠᠷ ᠰᠠᠢᠲᠠᠢ ᠬᠥᠭ᠌ᠵᠢᠯᠲᠡ ᠨᠢ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ᠎ᠡ᠂ ᠮᠠᠨ᠎ᠤ ᠤᠯᠤᠰ ᠦᠷᠭᠦᠯᠵᠢᠯᠡᠨ ᠤᠷᠤᠭ᠍ᠰᠢᠯᠠᠬᠤ᠎ᠳᠤ ᠴᠤ᠌ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ᠎ᠡ》᠃ ᠶᠡᠷᠦᠩᠬᠡᠢ ᠱᠦᠵᠢ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠬᠥᠮᠦᠰ᠎ᠲᠦ᠂ ᠱᠢᠨ᠎ᠡ᠎ᠶ᠋ᠢ ᠡᠭᠦᠳᠬᠦ᠌ ᠬᠦᠰᠡᠯ ᠵᠡᠭᠦᠳᠦ᠍᠎ᠲᠡᠶ ᠬᠥᠮᠦᠨ ᠨᠢᠭᠡᠪᠦᠷᠢ᠎ᠶ᠋ᠢ ᠱᠢᠨ᠎ᠡ᠎ᠶ᠋ᠢ ᠡᠭᠦᠳᠬᠦ᠌᠎ᠳᠦ ᠠᠩᠬᠠᠷᠤᠯ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠨᠢᠭᠡᠪᠦᠷᠢ᠎ᠶ᠋ᠢ ᠭᠦᠢᠴᠡᠳ ᠪᠠᠳᠠᠷᠠᠭᠤᠯᠬᠤ ᠬᠡᠷᠡᠭ᠌ᠲᠡᠢ ᠭᠡᠵᠦ᠍ ᠬᠡᠯᠡᠪᠡ᠃
ᠶᠡᠷᠦᠩᠬᠡᠢ ᠱᠦᠵᠢ᠎ᠶ᠋ᠢᠨ ᠵᠣᠷᠢᠭ᠍ᠵᠢᠭᠤᠯᠤᠯ ᠨᠢ ᠮᠠᠨ᠎ᠤ ᠱᠢᠨ᠎ᠡ᠎ᠶ᠋ᠢ ᠡᠭᠦᠳᠬᠦ᠌ ᠡᠷᠴᠢ ᠵᠣᠷᠢᠭ᠎ᠢ ᠬᠥᠪᠴᠢᠯᠡᠵᠡᠢ᠃
ᠬᠡᠳᠦᠢᠪᠡᠷ ᠤᠳᠤ ᠮᠠᠱᠢᠨ ᠬᠥᠮᠦᠨ ᠬᠥᠮᠦᠨ᠎ᠢ ᠣᠷᠣᠯᠠᠨ ᠥᠨᠳᠥᠷ ᠲᠤ᠌ ᠭᠠᠷᠴᠤ ᠴᠠᠬᠢᠯᠭᠠᠨ᠎ᠲᠠᠶ ᠠᠵᠢᠯᠯᠠᠬᠤ᠎ᠶ᠋ᠢ ᠪᠡᠶᠡᠯᠡᠭᠦᠯᠦᠭ᠌ᠰᠡᠨ ᠪᠣᠯᠪᠠᠴᠤ᠌ ᠱᠠᠯᠠᠪᠳᠠᠨ ᠵᠠᠰᠠᠬᠤ ᠠᠵᠢᠯᠴᠢᠨ ᠪᠠᠰᠠ ᠥᠨᠳᠥᠷ ᠲᠤ᠌ ᠭᠠᠷᠴᠤ ᠲᠤᠰᠠᠯᠠᠬᠤ ᠠᠵᠢᠯ ᠬᠢᠬᠦ᠌ ᠬᠡᠷᠡᠭ᠌ᠲᠡᠶ᠂ ᠮᠠᠰᠢ ᠵᠦᠳᠡᠷᠡᠯᠲᠡᠶ ᠮᠥᠷᠲᠡᠭᠡᠨ ᠠᠶᠤᠯᠲᠠᠶ᠃ ᠨᠠᠩ ᠣᠶᠤᠨᠯᠢᠭ᠂ ᠨᠠᠩ ᠬᠥᠩᠭᠡᠨ ᠲᠦᠭᠦᠮ ᠬᠠᠷᠠᠯᠲᠠ᠎ᠶ᠋ᠢ ᠵᠣᠷᠢᠵᠤ᠂ ᠪᠢᠳᠡ ᠲᠤᠷᠱᠢᠯᠲᠠ᠎ᠶ᠋ᠢᠨ ᠲᠠᠰᠤᠭ᠎ᠲᠠᠭᠠᠨ ᠪᠤᠴᠠᠵᠤ᠂ ᠴᠠᠬᠢᠯᠭᠠᠨ ᠳᠤᠤᠷ᠎ᠲᠦ ᠢᠵᠢ ᠪᠦᠷᠢᠳᠦᠭᠦᠯᠦᠭᠰᠡᠨ ᠴᠠᠬᠢᠯᠭᠠᠨ᠎ᠲᠠᠶ ᠪᠡᠷ ᠠᠵᠢᠯᠯᠠᠬᠤ ᠮᠠᠱᠢᠨ ᠬᠥᠮᠦᠨ᠎ᠢ ᠰᠤᠳᠤᠯᠬᠤ ᠰᠤᠳᠤᠯᠭᠠᠨ᠎ᠤ ᠣᠷᠭᠢᠯ᠎ᠳᠤ ᠦᠷᠭᠦᠯᠵᠢᠯᠡᠨ ᠠᠪᠠᠷᠢᠬᠰᠠᠨ ᠪᠠᠢᠨ᠎ᠠ᠃
ᠬᠦᠴᠢᠷ ᠪᠡᠷᠬᠡᠱᠢᠶᠡᠯ ᠪᠠ ᠳᠠᠷᠤᠯᠲᠠ ᠲᠤᠯᠭᠠᠷᠠᠬᠤ ᠪᠦᠷᠢ ᠪᠢ ᠶᠡᠷᠦ ᠨᠢ ᠶᠡᠷᠦᠩᠬᠡᠶ ᠱᠦᠵᠢ᠎ᠶ᠋ᠢᠨ ᠱᠠᠭᠠᠷᠳᠠᠯᠭ᠎ᠠ ᠪᠠ ᠵᠣᠷᠢᠭ᠍ᠵᠢᠭᠤᠯᠤᠯ᠎ᠢ ᠪᠤᠳᠤᠵᠤ ᠣᠯᠳᠠᠭ᠃ ᠳᠠᠬᠢᠨ ᠳᠠᠪᠲᠠᠨ ᠲᠤᠷᠱᠢᠯᠲᠠ ᠬᠢᠵᠦ᠍ ᠵᠠᠰᠠᠯᠳᠠ ᠣᠷᠣᠭᠤᠯᠬᠤ᠎ᠪᠠᠷ ᠳᠡᠮᠵᠢᠨ᠂ ᠪᠢᠳᠡ ᠡᠴᠦᠰ᠎ᠲᠡᠬᠡᠨ ᠳᠥᠷᠪᠡᠳᠦᠭᠡᠷ ᠦᠶ᠎ᠡ᠎ᠶ᠋ᠢᠨ ᠮᠠᠱᠢᠨ ᠬᠥᠮᠦᠨ᠎ᠢ ᠦᠢᠯᠡᠳᠦᠨ ᠭᠠᠷᠭᠠᠵᠤ᠂ ᠪᠦᠷᠢᠨ ᠠᠦ᠋ᠲ᠋ᠣ᠋ ᠠᠵᠢᠯᠯᠠᠭᠤᠯᠬᠤ ᠪᠣᠯᠭᠠᠵᠣ᠂ ᠡᠵᠡᠯᠡᠬᠦᠨ᠎ᠨᠢ ᠨᠠᠩ ᠪᠠᠭ᠎ᠠ᠂ ᠦᠷ᠎ᠡ ᠪᠦᠲᠦᠮᠵᠢ᠎ᠨᠢ ᠨᠠᠩ ᠥᠨᠳᠥᠷ ᠪᠣᠯᠵᠣ᠂ ᠱᠠᠯᠠᠪᠳᠠᠨ ᠵᠠᠰᠠᠬᠤ ᠠᠵᠢᠯᠴᠢᠨ᠎ᠤ ᠥᠨᠳᠥᠷ ᠲᠤ᠌ ᠭᠠᠷᠴᠤ ᠠᠵᠢᠯᠯᠠᠬᠤ ᠬᠡᠮᠵᠢᠶ᠎ᠡ᠎ᠶ᠋ᠢ ᠶᠡᠬᠡᠪᠡᠷ ᠪᠠᠭᠠᠰᠭᠠᠪᠠ᠃ ᠮᠠᠨ᠎ᠤ ᠮᠠᠱᠢᠨ ᠬᠥᠮᠦᠨ ᠪᠠᠰᠠ ᠲᠤᠷᠱᠢᠯᠲᠠ᠎ᠶ᠋ᠢᠨ ᠲᠠᠰᠤᠭ᠎ᠡᠴᠡ ᠭᠠᠷᠴᠤ᠌ ᠠᠵᠤ ᠦᠢᠯᠡᠰᠵᠢᠯᠲᠡ᠎ᠶ᠋ᠢ ᠪᠡᠶᠡᠯᠡᠭᠦᠯᠵᠦ᠍᠂ 20 ᠮᠤᠵᠢ᠎ᠳᠤ ᠲᠦᠭᠡᠮᠡᠯᠵᠢᠯᠡᠭᠳᠡᠪᠡ᠃
ᠪᠢᠳᠠ ᠬᠣᠱᠢᠭᠤᠷᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠨᠢᠭᠡᠳᠦᠭᠡᠷ ᠹᠷᠣᠨᠲ᠎ᠤᠨ ᠠᠵᠢᠯᠴᠢᠨ᠎ᠤ ᠤᠶᠤᠨ ᠤᠬᠠᠭᠠᠨ᠎ᠢ ᠤᠶᠠᠯᠳᠤᠭᠤᠯᠵᠤ᠂ ᠮᠠᠱᠢᠨ ᠬᠥᠮᠦᠨ᠎ᠢ ᠨᠡᠩ ᠰᠠᠢ᠌ᠨ《ᠬᠠᠷᠠᠭᠠᠨ ᠰᠡᠷᠡᠯ》 ᠪᠣᠯᠤᠨ 《ᠬᠦᠷᠦᠯᠴᠡᠬᠦ᠌ ᠰᠡᠷᠡᠯ》᠎ᠲᠠᠢ ᠪᠣᠯᠭᠠᠵᠤ᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠰᠠᠭᠤᠳᠠᠯ᠎ᠤᠨ ᠮᠠᠱᠢᠨ ᠲᠡᠷᠭᠡᠨ᠎ᠦ ᠬᠦᠷᠢᠶᠡᠨ᠎ᠳᠡᠬᠢ ᠤᠯᠠᠨ ᠠᠵᠢᠯ᠎ᠤᠨ ᠪᠠᠢᠷᠢ ᠪᠦᠬᠦᠢ ᠠᠦ᠋ᠲ᠋ᠣ᠋ ᠴᠠᠬᠢᠯᠭᠠᠨ ᠴᠡᠨᠡᠭ᠌ᠯᠡᠬᠦ᠌ ᠮᠠᠱᠢᠨ ᠬᠥᠮᠦᠨ᠎ᠢ ᠨᠡᠭᠡᠭᠡᠨ ᠬᠥᠭ᠌ᠵᠢᠭᠦᠯᠵᠦ᠍᠂ ᠰᠡᠷᠡᠯ᠂ ᠣᠷᠣᠨ ᠪᠠᠢᠷᠢ᠂ ᠴᠠᠬᠢᠯᠭᠠᠨ ᠴᠡᠨᠡᠭ᠌ᠯᠡᠬᠦ᠌᠎ᠶ᠋ᠢ ᠨᠢᠭᠡ ᠯᠡ ᠲᠡᠭᠡᠷ᠎ᠡ ᠪᠡᠶᠡᠯᠡᠭᠦᠯᠬᠦ ᠪᠤᠯᠭᠠᠪᠠ᠃
ᠡᠨᠡ ᠬᠡᠳᠦᠨ ᠵᠢᠯ᠂ ᠪᠢ ᠨᠢᠭᠡ ᠪᠦᠯᠦᠭ ᠵᠠᠯᠠᠭᠤ ᠱᠠᠪᠢ ᠳᠠᠭᠠᠭᠤᠯᠤᠨ ᠬᠥᠮᠥᠵᠢᠭᠦᠯᠪᠡ᠂ ᠲᠡᠳᠡ ᠨᠢᠭᠡ ᠨᠢᠭᠡ᠎ᠪᠡᠷ᠎ᠢᠶᠡᠨ ᠮᠡᠷᠭᠡᠵᠢᠯ᠎ᠦᠨ ᠴᠢᠳᠠᠪᠤᠷᠢᠲᠠᠨ ᠪᠤᠯᠵᠤ᠂ ᠨᠢᠭᠡᠳᠦᠭᠡᠷ ᠹᠷᠣᠨᠲ᠎ᠲᠤ ᠦᠨᠳᠦᠰᠦᠯᠡᠨ ᠪᠠᠴᠢᠮᠳᠠᠵᠤ ᠰᠠᠨᠳᠤᠷᠬᠤ ᠦᠭᠡᠢ ᠪᠠᠢᠵᠤ᠂ ᠠᠵᠤ ᠠᠬᠤᠢᠯᠠᠯ᠎ᠤᠨ ᠢᠷᠡᠭᠡᠳᠦᠢ᠎ᠶ᠋ᠢᠨ ᠨᠢᠷᠤᠭᠤ ᠲᠤᠯᠭᠠᠭᠤᠷᠢ ᠪᠣᠯᠬᠤ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠪᠣᠯᠵᠠᠢ᠃ ᠠᠵᠢᠯ᠎ᠤᠨ ᠴᠢᠯᠥᠭᠡ ᠪᠡᠷ᠂ ᠮᠢᠨᠦ᠍ ᠳᠠᠭᠠᠭᠤᠯᠤᠭ᠍ᠰᠠᠨ ᠡᠪ ᠬᠠᠮᠲᠤ ᠨᠠᠮ᠎ᠤᠨ ᠭᠡᠱᠢᠭᠦᠨ᠎ᠦ ᠦᠢᠯᠡᠴᠢᠯᠡᠭᠡᠨ᠎ᠦ ᠠᠩᠭᠢ ᠲᠠᠰᠤᠷᠠᠯᠲᠠ ᠦᠭᠡᠢ ᠬᠦᠴᠦᠷᠬᠡᠭᠵᠢᠨ ᠪᠤᠵᠠᠭᠠᠢᠷᠠᠵᠤ᠂ ᠤᠰᠤ ᠴᠠᠬᠢᠯᠭᠠᠨ ᠬᠡᠢ ᠲᠤᠯᠠᠭᠠᠯᠠᠭ᠎ᠠ ᠶ᠋ᠢᠨ ᠦᠢᠯᠡᠴᠢᠯᠡᠭᠡᠨ᠎ᠦ ᠬᠣᠯᠪᠣᠭ᠎ᠠ ᠪᠣᠯᠤᠨ ᠬᠥᠭ᠌ᠵᠢᠵᠦ᠍᠂ ᠵᠡᠭᠡᠯᠢ ᠭᠤᠳᠤᠮᠵᠢ ᠪᠠᠷ ᠶᠠᠪᠤᠵᠤ ᠤᠯᠠᠨ ᠲᠦᠮᠡᠨ᠎ᠳᠦ ᠡᠨᠧᠷᠭᠢ ᠬᠡᠷᠡᠭ᠌ᠯᠡᠬᠦ᠌ ᠰᠡᠯᠪᠢᠨ ᠵᠠᠰᠠᠬᠤ ᠬᠦᠴᠢᠷ ᠠᠰᠠᠭᠤᠳᠠᠯ᠎ᠢ ᠱᠢᠢᠳᠪᠦᠷᠢᠯᠡᠨ ᠥᠭ᠌ᠴᠦ᠂ 《ᠦᠦᠷ᠎ᠦᠨ ᠭᠡᠭᠡ᠎ᠪᠡᠷ ᠮᠣᠷᠳᠠᠵᠤ ᠲᠦᠮᠡᠨ ᠡᠷᠦᠬᠡ᠎ᠶ᠋ᠢ ᠬᠡᠷᠡᠯᠳᠦᠭᠦᠯᠦᠶᠡ》 ᠭᠡᠬᠦ᠌ ᠤᠷᠢᠶ᠎ᠠ᠎ᠵᠢ ᠨᠡᠩ ᠬᠠᠩᠭᠢᠨᠠᠭᠤᠯᠤᠯᠠ᠃
ᠬᠤᠪᠢᠰᠬᠠᠯ᠎ᠤᠨ ᠳᠠᠭᠤᠤ᠎ᠶ᠋ᠢ ᠲᠠᠭᠤᠯᠠᠬᠰᠠᠨ ᠰᠢᠬ ᠵᠢᠡᠷ ᠮᠠᠨ᠎ᠤ ᠠᠵᠢᠯᠴᠢᠨ ᠢᠳᠡ ᠬᠦᠴᠦᠨ᠎ᠲᠡᠶ! ᠶᠡᠷᠦᠩᠬᠡᠶ ᠱᠦᠵᠢ᠂ ᠲᠠ ᠰᠠᠨᠠᠭ᠎ᠠ ᠠᠮᠤᠷ ᠪᠠᠢᠭᠠᠷᠠᠶ! ᠪᠢ ᠦᠷᠭᠦᠯᠵᠢᠯᠡᠨ ᠨᠢᠭᠡᠳᠦᠭᠡᠷ ᠹᠷᠣᠨᠲ᠎ᠲᠤ ᠦᠨᠳᠦᠰᠦᠯᠡᠵᠦ᠍ ᠱᠢᠨ᠎ᠡ᠎ᠶ᠋ᠢ ᠡᠭᠦᠳᠴᠦ᠍᠂ ᠤᠯᠤᠰ᠎ᠤᠨ ᠬᠥᠭ᠌ᠵᠢᠯᠲᠡ᠎ᠳᠦ ᠨᠡᠩ ᠤᠯᠠᠨ ᠠᠵᠢᠯᠴᠢᠨ᠎ᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ᠃
(ᠰᠢᠨᠬᠤᠸᠠ ᠬᠤᠷᠢᠶᠠᠨ᠎ᠤ ᠲᠢᠶᠠᠨᠵᠢᠨ᠎ᠤ 5 ᠰᠠᠷ᠎ᠠ᠎ᠵᠢᠨ 18᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃