ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-05-28 20:55:07

ᠵᠣᠬᠢᠶᠠᠭ᠍ᠴᠢ᠄ ᠸᠠᠩ ᡁᠢ ᠣᠩᠱᠢᠭ᠍ᠰᠠᠨ ᠣᠳᠠᠭ᠎ᠠ᠄ 3

《 ᠶᠡᠷᠦᠩᠬᠡᠢ ᠱᠦᠵᠢ᠎ᠶ᠋ᠢᠨ ᠡᠨᠡ ᠦᠭᠡ ᠨᠢ ᠨᠤᠲᠠᠯᠠᠯᠲᠠ ᠪᠤᠯᠬᠤ ᠪᠥᠭᠡᠳ ᠨᠡᠩ ᠴᠤ᠌ ᠬᠦᠰᠡᠯ ᠨᠠᠢᠳᠠᠯᠭ᠎ᠠ ᠪᠣᠯᠤᠨ᠎ᠠ 》

ᠶᠡᠷᠦᠩᠬᠡᠢ ᠱᠦᠵᠢ ᠰᠢ ᠵᠢᠨ ᠫᠢᠩ 2013 ᠣᠨ᠎ᠤ 11 ᠰᠠᠷ᠎ᠠ᠎ᠶ᠋ᠢᠨ 27᠎ᠤ᠋ ᠡᠳᠦᠷ ᠱᠠᠨᠳᠦ᠋ᠩ᠎ᠳᠦ ᠱᠢᠨᠵᠢᠯᠡᠨ ᠪᠠᠢᠴᠠᠭᠠᠬᠤ ᠬᠤᠭᠤᠴᠠᠭᠠᠨ᠎ᠳᠠᠭᠠᠨ᠂ ᠵᠢᠨᠠᠨ ᠬᠤᠳᠠ᠎ᠶ᠋ᠢᠨ ᠭᠠᠳᠠᠨ᠎ᠠ᠎ᠡᠴᠡ ᠢᠷᠡᠭ᠌ᠰᠡᠨ ᠬᠥᠯᠥᠰᠥᠨ ᠠᠵᠢᠯᠴᠢᠨ᠎ᠤ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠲᠥᠪ᠎ᠲᠦ ᠬᠦᠷᠴᠦ᠍᠂ ᠴᠤᠩᠬᠤᠪᠴᠢ᠎ᠶ᠋ᠢᠨ ᠠᠵᠢᠯᠳᠠᠨ ᠪᠣᠯᠤᠨ ᠬᠥᠯᠥᠰᠥᠨ ᠲᠠᠷᠢᠶᠠᠴᠢᠨ᠎ᠲᠠᠶ ᠳᠣᠲᠣᠨᠣ᠎ᠪᠠᠷ ᠶᠠᠷᠢᠯᠴᠠᠪᠠ᠃ ᠲᠤᠬᠠᠢ᠎ᠶ᠋ᠢᠨ ᠦᠶ᠎ᠡ᠎ᠳᠦ᠂ ᠨᠢᠭᠡ ᠪᠦᠯᠦᠭ ᠭᠡᠷ᠎ᠦᠨ ᠶᠠᠪᠤᠳᠠᠯ᠎ᠤᠨ ᠦᠢᠯᠡᠴᠢᠯᠡᠭᠡ ᠬᠢᠳᠡᠭ 《ᠬᠠᠯᠠᠭᠤᠨ ᠰᠡᠳᠬᠢᠯᠲᠦ ᠡᠭᠡᠴᠢ 》 ᠨᠠᠷ ᠶᠡᠷᠦᠩᠬᠡᠢ ᠱᠦᠵᠢ᠎ᠵᠢ ᠬᠦᠷᠢᠶᠡᠯᠡᠨ ᠠᠪᠴᠤ ᠮᠡᠨᠳᠦᠴᠢᠯᠡᠬᠦ᠌᠎ᠳᠦ᠂ ᠵᠦᠸᠸ ᠴᠠᠩ ᠯᠢ ᠲᠡᠳᠡ ᠨᠠᠷ᠎ᠤᠨ ᠳᠤᠮᠳᠠ ᠪᠠᠢᠪᠠ᠃ ᠳᠤᠤᠷᠠᠬᠢ ᠪᠣᠯ ᠲᠡᠭᠦᠨ᠎ᠦ ᠥᠪᠡᠷ᠎ᠦᠨ ᠲᠤᠭᠠᠴᠢᠯᠲᠠ ᠪᠠ ᠰᠡᠳᠭᠢᠯ᠎ᠦᠨ ᠳᠠᠭᠤᠨ ᠪᠤᠯᠤᠨ᠎ᠠ —

ᠪᠢ ᠦᠨᠭᠭᠡᠷᠡᠭᠰᠡᠨ᠎ᠳᠤ ᠨᠢᠭᠡᠨ ᠠᠵᠢᠯ᠎ᠤᠨ ᠪᠠᠢᠷᠢ ᠡᠴᠡ ᠪᠠᠨ ᠪᠠᠭᠤᠭᠰᠠᠨ ᠡᠮᠡᠭ᠌ᠲᠡᠶ ᠠᠵᠢᠯᠴᠢᠨ ᠪᠠᠢᠭ᠍ᠰᠠᠨ᠂ ᠰᠡᠭᠦᠯᠡᠷ ᠨᠢ ᠡᠭᠡᠴᠢ ᠳᠡᠭᠦᠦ᠍᠎ᠨᠡᠷ᠎ᠲᠡᠶ᠎ᠪᠡᠨ ᠬᠠᠮᠲᠤ ᠭᠡᠷ᠎ᠦᠨ ᠶᠠᠪᠤᠳᠠᠯ᠎ᠤᠨ ᠦᠶ᠋ᠯᠡᠴᠢᠯᠡᠭᠡ᠎ᠪᠡᠷ ᠳᠠᠮᠵᠢᠨ ᠳᠠᠬᠢᠨ ᠠᠵᠢᠯ ᠣᠯᠵᠠᠢ᠃ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠨᠢᠭᠤᠷᠳᠡᠨ ᠰᠣᠨᠣᠰᠤᠨ᠎ᠠ ᠭᠡᠵᠦ ᠮᠢᠨᠦ ᠵᠡᠭᠦᠳᠦᠨ᠎ᠳᠦ ᠴᠦ᠍ ᠤᠷᠤᠭᠰᠠᠨ ᠦᠭᠡᠢ᠃

ᠶᠡᠷᠦᠩᠬᠡᠶ ᠱᠦᠵᠢ ᠪᠢᠳᠡᠨ᠎ᠳᠦ᠄ 《ᠬᠡᠷ᠎ᠦᠨ ᠶᠠᠪᠤᠳᠠᠯ᠎ᠤᠨ ᠦᠶ᠋ᠯᠡᠴᠢᠯᠡᠭᠡ ᠵᠢᠨ ᠲᠠᠯ᠎ᠡ ᠪᠡᠷ ᠶᠡᠬᠡᠬᠡᠨ ᠠᠵᠢᠯ ᠶᠠᠪᠤᠳᠠᠯ ᠪᠦᠳᠦᠭᠡᠵᠤ ᠪᠤᠯᠤᠨ᠎ᠠ᠂ ᠦᠨᠡᠨᠴᠢ ᠢᠲᠡᠭᠡᠮᠵᠢ᠎ᠪᠡᠷ ᠦᠨᠳᠦᠰᠦ ᠪᠣᠯᠭᠠᠬᠤ᠎ᠶ᠋ᠢ ᠪᠠᠷᠢᠮᠲᠠᠯᠠᠵᠤ᠂ ᠠᠵᠢᠯ ᠮᠡᠷᠭᠡᠵᠢᠯ᠎ᠤᠨ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠪᠤᠰᠤᠳ᠎ᠲᠤ ᠲᠥᠬᠥᠮ ᠦᠵᠡᠭᠦᠯᠵᠦ᠍᠂ ᠥᠪᠡᠷ᠎ᠦᠨ ᠪᠡᠶ᠎ᠡ᠎ᠳᠡᠭᠡᠨ ᠲᠥᠬᠥᠮ ᠦᠵᠡᠭᠦᠯᠬᠦ᠌ ᠬᠡᠷᠡᠭ᠌ᠲᠡᠶ》 ᠭᠡᠵᠦ᠍ ᠬᠡᠯᠡᠭ᠌ᠰᠡᠨ ᠨᠢ ᠮᠢᠨᠦ᠍ ᠰᠡᠳᠭᠢᠯ᠎ᠢ ᠨᠢᠭᠡ ᠯᠡ ᠳᠤᠤᠷ᠎ᠠ ᠳᠤᠯᠠᠭᠠᠨ ᠰᠠᠨᠠᠭᠳᠠᠭᠤᠯᠪᠠ᠃

《ᠬᠡᠷ᠎ᠦᠨ ᠶᠠᠪᠤᠳᠠᠯ᠎ᠤᠨ ᠦᠶ᠋ᠯᠡᠴᠢᠯᠡᠭᠡ ᠵᠢᠨ ᠲᠠᠯ᠎ᠡ ᠪᠡᠷ ᠶᠡᠬᠡᠬᠡᠨ ᠠᠵᠢᠯ ᠶᠠᠪᠤᠳᠠᠯ ᠪᠦᠳᠦᠭᠡᠵᠤ ᠪᠤᠯᠤᠨ᠎ᠠ》 — ᠭᠡᠳᠡᠭ᠎ᠨᠢ ᠨᠤᠲᠠᠯᠠᠯᠲᠠ ᠪᠦᠭᠡᠳ ᠨᠡᠩ ᠴᠤ᠌ ᠬᠦᠰᠡᠯ ᠨᠠᠢᠳᠠᠯᠭ᠎ᠠ ᠪᠤᠯᠤᠨ᠎ᠠ᠃

ᠥᠩᠭᠡᠷᠡᠭ᠌ᠰᠡᠨ᠎ᠳᠦ᠂ ᠭᠡᠷ ᠦ᠋ᠨ ᠶᠠᠪᠤᠳᠠᠯ᠎ᠤᠨ ᠦᠢᠯᠡᠴᠢᠯᠡᠭ᠌ᠴᠢ ᠪᠣᠯ 《ᠠᠰᠠᠷᠠᠭ᠍ᠴᠢ》᠂ ᠴᠢᠨᠠᠭ᠍ᠰᠢᠯᠠᠪᠠᠯ ᠪᠤᠰᠤᠳ᠎ᠡᠴᠡ ᠳᠣᠣᠷ᠎ᠠ ᠪᠠᠢᠳᠠᠭ ᠭᠡᠵᠦ᠍ ᠨᠡᠢᠭᠡᠮ ᠨᠡᠢᠲᠡ᠎ᠪᠡᠷ᠎ᠢᠶᠡᠨ ᠦᠵᠡᠵᠦ᠍ ᠪᠠᠢᠵᠠᠶ᠃ ᠶᠡᠷᠦᠩᠬᠡᠶ ᠱᠦᠵᠢ᠎ᠶ᠋ᠢᠨ ᠦᠭᠡ ᠨᠢ ᠪᠢᠳᠡᠨ᠎ᠦ ᠠᠵᠢᠯ ᠬᠢᠬᠦ᠌ ᠦᠵᠡᠯᠲᠡ᠎ᠶ᠋ᠢ ᠬᠤᠪᠢᠷᠠᠭᠤᠯᠪᠠ᠃

ᠢᠯᠠᠩᠭᠤᠶ᠎ᠠ ᠡᠲᠡᠭᠡᠷ ᠵᠢᠯ᠎ᠦᠳ᠎ᠲᠦ᠂ 《ᠠᠵᠢᠯ ᠮᠡᠷᠭᠡᠵᠢᠯ᠎ᠦᠨ ᠲᠦᠪᠱᠢᠨ᠎ᠢ ᠳᠡᠭᠡᠭ᠌ᠰᠢᠯᠡᠭᠦᠯᠬᠦ᠌》᠎ᠶ᠋ᠢᠨ ᠲᠥᠯᠥᠭᠡ᠂ ᠪᠢᠳᠡ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠂ ᠠᠵᠢᠯ ᠮᠡᠷᠭᠡᠵᠢᠯ᠎ᠦᠨ ᠳᠤᠮᠳᠠᠳᠤ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢ᠎ᠶ᠋ᠢ ᠡᠭᠦᠳᠦᠨ ᠪᠠᠢᠭᠤᠯᠤᠭ᠍ᠰᠠᠨ᠎ᠢᠶᠠᠷ ᠪᠠᠷᠠᠬᠤ ᠥᠬᠡᠶ᠂ ᠪᠠᠰᠠ ᠪᠥᠬᠥ᠌ ᠤᠯᠤᠰ᠎ᠤᠨ 800 ᠭᠠᠷᠤᠶ ᠶᠡᠬᠡ ᠳᠡᠭᠡᠳᠦ ᠰᠤᠷᠭᠠᠭᠤᠯᠢ᠎ᠲᠠᠶ ᠬᠠᠮᠲᠤᠷᠠᠨ᠂ ᠰᠤᠷᠭᠠᠭᠤᠯᠢ᠎ᠳᠤ ᠪᠠᠢᠭ᠎ᠠ ᠤᠶᠤᠲᠠᠳ᠎ᠢ ᠵᠣᠬᠢᠶᠠᠨ ᠪᠠᠢᠭᠤᠯᠵᠤ ᠲᠤᠰᠭᠠᠶ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠰᠤᠷᠤᠯᠴᠠᠭᠤᠯᠪᠠ᠃ ᠳᠡᠭᠡᠳᠦ ᠳᠤᠮᠳᠠ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢ ᠲᠡᠭᠦᠰᠦᠭ᠌ᠰᠡᠳ ᠬᠡᠷ ᠦ᠋ᠨ ᠶᠠᠪᠤᠳᠠᠯ᠎ᠤᠨ ᠦᠶ᠋ᠯᠡᠴᠢᠯᠡᠭᠡᠨ᠎ᠦ ᠦᠶ᠋ᠯᠡᠰ ᠡᠷᠭᠢᠯᠡᠬᠦ᠌᠎ᠨᠢ ᠲᠡᠳᠡᠨ᠎ᠦ ᠠᠵᠢᠯ ᠤᠯᠬᠤ ᠠᠰᠠᠭᠤᠳᠠᠯ᠎ᠢ ᠱᠢᠶ᠋ᠳᠪᠦᠷᠢᠯᠡᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠱᠢᠨ᠎ᠡ ᠰᠣᠷᠭᠣᠭ 《ᠴᠢᠰᠤ》᠎ᠶ᠋ᠢ ᠶᠡᠬᠦᠯᠡᠵᠤ᠂ ᠠᠵᠢᠯ ᠲᠥᠷᠥᠯ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠤᠭ᠍ᠰᠠᠨ ᠪᠠᠢᠨ᠎ᠠ᠃

ᠣᠳᠣᠬᠠᠨ᠎ᠳᠤ 《ᠬᠠᠯᠠᠭᠤᠨ ᠰᠡᠳᠬᠢᠯᠲᠦ ᠡᠭᠡᠴᠢ》 ᠨᠢᠭᠡᠨᠲᠡ ᠵᠢᠨᠠᠨ᠎ᠡᠴᠡ ᠪᠦᠬᠦ᠌ ᠤᠯᠤᠰ᠎ᠲᠤ ᠲᠦᠭᠡᠵᠤ᠂ ᠭᠡᠷ᠎ᠦᠨ ᠶᠠᠪᠤᠳᠠᠯ᠎ᠤᠨ ᠦᠢᠯᠡᠴᠢᠯᠡᠭ᠌ᠴᠢ᠎ᠶ᠋ᠢᠨ ᠡᠩᠨᠡᠭᠡ ᠬᠥᠭ᠌ᠵᠢᠭᠡᠳ 7 ᠲᠦᠮᠡ ᠭᠠᠷᠤᠶ ᠬᠥᠮᠦᠨ᠎ᠲᠡᠶ ᠪᠣᠯᠵᠤ᠂ ᠬᠡᠪᠴᠢᠶ᠎ᠡ ᠨᠢ 2013 ᠣᠨ᠎ᠤ ᠬᠢ᠎ᠡᠴᠡ 3 ᠳᠠᠬᠢᠨ ᠢᠯᠡᠭᠦᠦ ᠪᠣᠯᠵᠠᠶ᠃ ᠮᠠᠰᠢ ᠣᠯᠠᠨ ᠳᠡᠭᠡᠳᠦ ᠵᠡᠷᠭᠡ᠎ᠶ᠋ᠢᠨ ᠬᠡᠷ᠎ᠦᠨ ᠶᠠᠪᠤᠳᠠᠯ᠎ᠤᠨ ᠦᠶ᠋ᠯᠡᠴᠢᠯᠡᠭ᠌ᠴᠢ ᠨᠢᠯᠬ᠎ᠠ ᠬᠡᠦᠬᠡᠳ ᠰᠠᠭᠠᠲᠠᠭᠤᠯᠤᠭ᠍ᠴᠢ᠂ ᠱᠢᠮ᠎ᠡ ᠲᠡᠵᠢᠭᠡᠯ᠎ᠤᠨ ᠮᠡᠷᠭᠡᠵᠢᠯᠲᠡᠨ ᠵᠡᠷᠭᠡ ᠬᠢᠷᠢ ᠬᠡᠮ᠎ᠦᠨ ᠦᠨᠡᠮᠯᠡᠯ᠎ᠢ ᠱᠢᠯᠭᠠᠨ ᠣᠯᠵᠤ᠂ ᠦᠨᠡᠨ ᠬᠦ᠌ 《 ᠮᠡᠷᠭᠡᠵᠢᠯ᠎ᠦᠨ ᠠᠵᠢᠯ》 ᠬᠢᠵᠦ᠍ ᠡᠬᠢᠯᠡᠵᠡᠶ᠃ ᠢᠯᠠᠩᠭᠤᠶ᠎ᠠ ᠨᠠᠳᠠ᠎ᠵᠢ ᠤᠮᠤᠭᠰᠢᠯᠲᠠᠢ ᠰᠠᠨᠠᠭᠳᠠᠭᠤᠯᠳᠠᠭ ᠨᠢ ᠪᠤᠯ᠂ ᠮᠠᠰᠢ ᠤᠯᠠᠨ ᠠᠵᠢᠯ᠎ᠤᠨ ᠪᠠᠢᠷᠢ᠎ᠡᠴᠡ᠎ᠪᠠᠨ ᠪᠠᠭᠤᠭ᠍ᠰᠠᠨ ᠡᠮᠡᠭ᠌ᠲᠡᠶ ᠠᠵᠢᠯᠴᠢᠳ᠂ ᠬᠣᠵᠢᠮ ᠨᠢ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠡᠷ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠵᠢᠯ ᠮᠡᠷᠭᠡᠵᠢᠯ᠎ᠦᠨ ᠴᠣᠭ ᠵᠢᠪᠬᠤᠭ᠎ᠠ᠎ᠶ᠋ᠢᠨ ᠤᠷᠤᠯᠳᠤᠭᠠᠨ᠎ᠳᠤ ᠮᠠᠩᠯᠠᠢᠯᠠᠵᠤ᠂ ᠪᠥᠬᠥ᠌ ᠤᠯᠤᠰ᠎ᠤᠨ ᠡᠮᠡᠭ᠌ᠲᠡᠢᠴᠦᠳ᠎ᠦᠨ ᠭᠠᠪᠢᠶ᠎ᠠ ᠪᠠᠢᠭᠤᠯᠤᠭ᠍ᠰᠠᠨ ᠵᠢᠱ᠌ᠢᠶᠡᠴᠢ᠎ᠶ᠋ᠢᠨ ᠢᠷᠠᠭᠤ ᠠᠯᠳᠠᠷ᠎ᠢ ᠭᠥᠷᠳᠡᠭᠰᠡᠨ ᠶᠠᠪᠤᠳᠠᠯ ᠪᠤᠯᠤᠨ᠎ᠠ᠃

ᠪᠢ ᠶᠡᠷᠦᠩᠬᠡᠶ ᠱᠦᠵᠢ᠎ᠲᠡᠶ ᠠᠭᠤᠯᠵᠠᠭ᠍ᠰᠠᠨ ᠲᠡᠷᠡ ᠡᠳᠦᠷ᠎ᠦᠨ ᠡᠮᠦᠰᠦᠭ᠌ᠰᠡᠨ ᠵᠦᠷᠵᠢ᠎ᠶ᠋ᠢᠨ ᠤᠯᠠᠭᠠᠨ ᠠᠵᠢᠯ᠎ᠤᠨ ᠬᠤᠪᠴᠠᠰᠤ ᠪᠠᠨ ᠬᠠᠳᠠᠭᠠᠯᠠᠭ᠍ᠰᠠᠭᠠᠷ ᠪᠠᠢᠨ᠎ᠠ᠃ ᠮᠢᠨᠦ᠍ ᠰᠡᠳᠭᠢᠯ᠎ᠳᠦ᠂ ᠲᠡᠷᠡ ᠨᠢ ᠥᠨᠭᠭᠡᠷᠡᠭᠰᠡᠨ᠎ᠳᠤ ᠡᠮᠦᠰᠦᠭᠡᠳ ᠭᠠᠷᠪᠠᠯ 《ᠨᠢᠭᠤᠷ ᠪᠠᠷᠠᠬᠤ᠎ᠡᠴᠡ ᠠᠶᠤᠬᠤ》 ᠠᠵᠢᠯ᠎ᠤᠨ ᠬᠤᠪᠴᠠᠰᠤ ᠪᠠᠢᠭ᠍ᠰᠠᠨ᠂ ᠤᠳᠤ ᠪᠢ ᠡᠨᠡ ᠠᠵᠢᠯ᠎ᠤᠨ ᠦᠨ᠎ᠡ ᠥᠷᠲᠡᠭ ᠪᠠ ᠢᠷᠠᠭᠤ ᠠᠯᠳᠠᠷ᠎ᠤᠨ ᠲᠥᠷᠥᠭ᠌ᠳᠡᠯ᠎ᠲᠡᠶ ᠪᠤᠯᠤᠭᠰᠠᠨ᠃

2018 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠱᠠᠨᠳᠦ᠋ᠩ᠎ᠦᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃ ᠪᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ ᠠᠵᠠ᠎ᠪᠡᠷ ᠶᠡᠷᠦᠩᠬᠡᠢ ᠱᠦᠵᠢ᠎ᠳᠦ 《ᠬᠠᠯᠠᠭᠤᠨ ᠰᠡᠳᠬᠢᠯᠲᠦ ᠡᠭᠡᠴᠢ》 ᠨᠠᠷ᠎ᠤᠨ ᠤᠢ᠍ᠢᠷ᠎ᠠ᠎ᠶ᠋ᠢᠨ ᠵᠢᠯ᠎ᠦᠨ ᠬᠥᠭ᠌ᠵᠢᠯᠲᠡ᠎ᠶ᠋ᠢᠨ ᠪᠠᠢᠳᠠᠯ᠎ᠢ ᠬᠠᠷᠢᠭᠤ ᠮᠡᠳᠡᠭᠦᠯᠪᠡ᠃ ᠲᠡᠷᠡ ᠡᠳᠦᠷ᠂ ᠪᠢ ᠳᠠᠬᠢᠨᠲᠠ ᠵᠦᠷᠵᠢ᠎ᠶ᠋ᠢᠨ ᠤᠯᠠᠭᠠᠨ ᠥᠩᠭᠡ᠎ᠲᠡᠶ ᠠᠵᠢᠯ᠎ᠤᠨ ᠬᠤᠪᠴᠠᠰᠤ᠎ᠪᠠᠨ ᠡᠮᠦᠰᠦᠭᠰᠡᠨ ᠶᠤᠮ᠃

ᠶᠡᠷᠦᠩᠬᠡᠶ ᠱᠦᠵᠢ ᠰᠣᠨᠣᠰᠤᠭ᠍ᠰᠠᠨ᠎ᠤ ᠳᠠᠷᠠᠭ᠎ᠠ᠄ 《ᠬᠡᠷ᠎ᠤᠨ ᠶᠠᠪᠤᠳᠠᠯ᠎ᠤᠨ ᠦᠶ᠋ᠯᠡᠰ᠎ᠨᠢ ᠶᠠᠭ 〈ᠬᠠᠯᠠᠭᠤᠨ ᠰᠡᠳᠬᠢᠯᠲᠦ ᠡᠭᠡᠴᠢ〉ᠭᠡᠬᠦ᠌ ᠨᠡᠷ᠎ᠡ᠎ᠲᠡᠶ ᠠᠳᠠᠯᠢ᠎ᠪᠠᠷ ᠥᠭᠡᠳᠡᠷᠬᠡᠭ ᠠᠵᠤ ᠦᠶ᠋ᠯᠡᠰ ᠪᠠᠢᠵᠤ᠂ ᠬᠥᠳᠡᠭᠡ ᠲᠣᠰᠭᠣᠨ᠎ᠡᠴᠡ ᠬᠣᠲᠠ ᠣᠷᠣᠵᠤ ᠬᠥᠯᠥᠰᠥᠨ ᠠᠵᠢᠯ ᠬᠢᠭ᠌ᠰᠡᠳ᠎ᠦᠨ ᠠᠵᠢᠯ ᠤᠯᠬᠤ ᠬᠡᠷᠡᠭ᠌ᠴᠡᠭᠡ᠎ᠶ᠋ᠢ ᠬᠠᠩᠭᠠᠭ᠍ᠰᠠᠨ ᠮᠥᠷᠲᠡᠭᠡᠨ ᠪᠠᠰᠠ ᠬᠣᠲᠠ᠎ᠶ᠋ᠢᠨ ᠬᠡᠷ ᠪᠦᠯᠢ᠎ᠶ᠋ᠢᠨ ᠬᠡᠦᠬᠡᠳ᠎ᠢᠶᠡᠨ ᠬᠥᠮᠥᠵᠢᠭᠦᠯᠦᠨ ᠨᠠᠰᠤᠲᠠᠨ᠎ᠢᠶᠡᠨ ᠠᠰᠠᠷᠠᠬᠤ ᠪᠣᠳᠠᠲᠤ ᠬᠡᠷᠡᠭ᠌ᠴᠡᠭᠡ᠎ᠶ᠋ᠢ ᠬᠠᠩᠭᠠᠭ᠍ᠰᠠᠨ ᠪᠠᠢᠨ᠎ᠠ᠂ ᠡᠨᠡ ᠬᠦ᠌ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌ ᠠᠵᠢᠯ᠎ᠢ ᠪᠣᠳᠠᠲᠠᠶ ᠰᠠᠢᠲᠤᠷ ᠬᠢᠵᠦ᠍᠂ ᠬᠠᠢᠷ᠎ᠠ ᠬᠠᠯᠠᠮᠵᠢ᠎ᠶ᠋ᠢᠨ ᠢᠨᠵᠧᠨᠧᠷᠢᠩ ᠪᠣᠯᠭᠠᠨ ᠡᠷᠭᠢᠯᠡᠬᠦ᠌ ᠬᠡᠷᠡᠭ᠌ᠲᠡᠶ》 ᠭᠡᠵᠦ ᠪᠠᠶᠠᠷᠲᠠᠢᠬᠠᠨ ᠬᠡᠯᠡᠪᠡ᠃

ᠬᠣᠶᠠᠷ ᠤᠳᠠᠭ᠎ᠠ ᠶᠡᠷᠦᠩᠬᠡᠢ ᠱᠦᠵᠢ᠎ᠲᠡᠶ ᠰᠠᠨᠠᠯ᠎ᠢᠶᠠᠨ ᠰᠣᠯᠢᠯᠴᠠᠭᠰᠠᠨ᠎ᠢᠶᠡᠨ ᠪᠢ ᠨᠠᠰᠤᠨ ᠲᠤᠷᠱᠢᠳᠠ ᠮᠠᠷᠲᠠᠬᠤ ᠦᠭᠡᠢ᠃ ᠪᠢ ᠲᠡᠭᠦᠨ᠎ᠳᠦ᠄ 《ᠶᠡᠷᠦᠩᠬᠡᠢ ᠱᠦᠵᠢ᠂ ᠲᠠ ᠪᠢᠳᠡᠨ᠎ᠢ ᠭᠡᠷ᠎ᠦᠨ ᠶᠠᠪᠤᠳᠠᠯ᠎ᠤᠨ ᠦᠢᠯᠡᠴᠢᠯᠡᠭᠡ᠎ᠵᠢ ᠨᠢᠭᠡᠨ ᠬᠤᠪᠢ ᠠᠵᠢᠯ ᠦᠢᠯᠡᠰ ᠪᠣᠯᠭᠠᠨ ᠬᠢᠭᠡᠷᠡᠢ ᠭᠡᠵᠦ᠍ ᠨᠠᠢᠳᠠᠪᠠ᠂ ᠪᠢᠳᠡ ᠯᠠᠪᠲᠠᠢ ᠪᠠᠲᠤ ᠴᠡᠭᠡᠵᠢᠯᠡᠵᠦ᠍᠂ ᠬᠢᠬᠦ᠌ ᠲᠤᠳᠤᠮ ᠡᠷᠴᠢ ᠬᠦᠴᠦᠨ᠎ᠲᠡᠶ ᠪᠣᠯᠤᠨ᠎ᠠ! 》 ᠭᠡᠵᠦ ᠬᠡᠯᠡᠶ᠎ᠡ᠃

(ᠰᠢᠨᠬᠤᠸᠠ ᠬᠤᠷᠢᠶᠠᠨ᠎ᠤ ᠵᠢᠨᠠᠨ᠎ᠤ 5 ᠰᠠᠷ᠎ᠠ᠎ᠵᠢᠨ 23᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面