2022-06-08 10:22:05
2021 ᠣᠨ᠎ᠤ 3 ᠰᠠᠷ᠎ᠠ᠎ᠶ᠋ᠢᠨ 22᠎ᠤ᠋ᠨ ᠡᠳᠦᠷ᠂ ᠶᠠᠭ ᠰᠠᠶ᠍ᠢᠬᠠᠨ ᠹᠦᠵᠢᠶᠠᠨ᠎ᠳᠤ ᠱᠢᠨᠵᠢᠯᠡᠨ ᠪᠠᠢᠴᠠᠭᠠᠵᠤ ᠪᠠᠢᠭ᠍ᠰᠠᠨ ᠶᠡᠷᠦᠩᠬᠡᠢ ᠱᠦᠵᠢ ᠰᠢ ᠵᠢᠨ ᠫᠢᠩ ᠦ᠋ ᠢ ᠱᠠᠨ ᠬᠤᠳᠠ ᠶ᠋ᠢᠨ ᠱᠢᠩ ᠼᠦᠨ ᠪᠠᠯᠭᠠᠰᠤ᠎ᠶ᠋ᠢᠨ ᠶᠠᠨ ᠽᠢ ᠺᠸ ᠠᠮᠢ ᠠᠬᠤᠢ᠎ᠶ᠋ᠢᠨ ᠴᠠᠢ᠎ᠶ᠋ᠢᠨ ᠬᠦᠷᠢᠶᠡᠯᠡᠩ᠎ᠳᠦ ᠬᠦᠷᠴᠦ᠍᠂ ᠬᠠᠪᠤᠷ᠎ᠤᠨ ᠴᠠᠢ᠎ᠶ᠋ᠢᠨ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠵᠦ᠍᠂ ᠲᠤᠬᠠᠢ ᠶ᠋ᠢᠨ ᠭᠠᠵᠠᠷ᠎ᠤᠨ ᠴᠠᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠠᠢᠳᠠᠯ᠎ᠢ ᠣᠢᠯᠠᠭᠠᠪᠠ᠃ ᠴᠠᠢ᠎ᠶ᠋ᠢᠨ ᠬᠦᠷᠢᠶᠡᠯᠡᠩ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠴᠢ᠂ ᠹᠦᠵᠢᠶᠠᠨ᠎ᠤ ᠲᠠᠷᠢᠶᠠᠯᠠᠩ ᠤᠢ ᠱᠢᠭᠤᠢ᠎ᠶ᠋ᠢᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠯᠢᠶᠣᠤ ᠬᠣᠩ ᠶᠡᠷᠦᠩᠬᠡᠢ ᠱᠦᠵᠢ᠎ᠳᠦ ᠲᠡᠳᠡᠨ᠎ᠦ ᠪᠦᠯᠬᠦᠮ᠎ᠦᠨ ᠳᠡᠯᠭᠡᠷᠡᠭᠦᠯᠦᠨ ᠬᠢᠵᠤ ᠪᠠᠢᠭ᠎ᠠ 《ᠥᠨᠳᠥᠷ ᠪᠦᠲᠦᠮᠵᠢᠲᠡᠢ ᠠᠮᠢ ᠠᠬᠤᠢ᠎ᠶ᠋ᠢᠨ ᠴᠠᠢ᠎ᠶ᠋ᠢᠨ ᠬᠦᠷᠢᠶᠡᠯᠡᠩ᠎ᠦᠨ ᠪᠦᠳᠦᠭᠡᠨ ᠪᠠᠢᠭᠤᠯᠤᠯᠲᠠ᠎ᠶ᠋ᠢᠨ ᠲᠥᠰᠦᠯ》᠎ᠤ᠋ᠨ ᠲᠤᠬᠠᠢ ᠬᠠᠷᠢᠭᠤ ᠮᠡᠳᠡᠭᠦᠯᠪᠡ᠃ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠤᠢ᠍ᠢᠷ᠎ᠠ᠎ᠳᠤ ᠯᠢᠶᠣᠤ ᠬᠣᠩ᠎ᠢ ᠡᠷᠭᠢᠵᠦ ᠰᠤᠷᠪᠤᠯᠵᠢᠯᠠᠪᠠ᠂ ᠳᠣᠣᠷᠠᠬᠢ ᠪᠣᠯ ᠲᠡᠭᠦᠨ᠎ᠦ ᠥᠪᠡᠷ᠎ᠦᠨ ᠲᠤᠭᠠᠴᠢᠯᠲᠠ ᠪᠠ ᠰᠡᠳᠭᠢᠯ᠎ᠦᠨ ᠳᠠᠭᠤᠨ ᠪᠣᠯᠤᠨ᠎ᠠ —
ᠶᠡᠷᠦᠩᠬᠡᠶ ᠱᠦᠵᠢ ᠰᠢ ᠵᠢᠨ ᠫᠢᠩ ᠬᠦᠷᠴᠦ᠍ ᠢᠷᠡᠬᠦ᠌ ᠦᠶ᠎ᠡ᠎ᠳᠦ᠂ ᠨᠣᠮᠢᠨ ᠨᠣᠭᠣᠭᠠᠨ ᠴᠠᠶ᠎ᠶ᠋ᠢᠨ ᠮᠣᠳᠣᠨ᠎ᠤ ᠳᠤᠮᠳᠠ ᠠᠯᠲᠠᠨ ᠱᠢᠷᠭᠠᠯ ᠱᠢᠯᠢᠮᠳᠡᠭ᠎ᠤᠨ ᠴᠡᠴᠡᠭ ᠳᠡᠯᠭᠡᠷᠡᠵᠦ ᠪᠠᠢᠵᠠᠢ᠃ ᠪᠢ ᠶᠡᠷᠦᠩᠬᠡᠶ ᠱᠦᠵᠢ᠎ᠳᠦ᠂ ᠴᠠᠶ᠎ᠶ᠋ᠢᠨ ᠮᠣᠳᠣᠨ᠎ᠤ ᠬᠣᠭᠣᠷᠣᠨᠳᠣ ᠱᠢᠷ᠎ᠠ ᠪᠤᠷᠴᠠᠭ ᠪᠣᠯᠤᠨ ᠱᠢᠯᠢᠮᠳᠡᠭᠢ ᠠᠯᠠᠬᠯᠠᠨ ᠳᠠᠷᠢᠬᠤ᠎ᠪᠠᠷ ᠳᠡᠮᠵᠢᠨ ᠬᠥᠷᠥᠰᠥ᠍ ᠱᠢᠷᠣᠶ᠎ᠳᠤ ᠬᠦᠴᠦ ᠱᠢᠮ᠎ᠡ ᠨᠥᠬᠥᠪᠥᠷᠢᠯᠡᠵᠦ᠍ ᠴᠢᠳᠠᠬᠤ᠎ᠪᠠᠷ ᠪᠠᠷᠠᠬᠤ ᠥᠬᠡᠶ᠂ ᠪᠠᠰᠠ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠪᠦᠲᠦᠮᠵᠢᠲᠡᠶ ᠰᠡᠷᠭᠡᠢᠯᠡᠨ ᠵᠠᠰᠠᠵᠤ᠂ ᠴᠠᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠴᠢᠳᠠᠨ᠎ᠠ᠂ ᠡᠨᠡ ᠪᠣᠯ ᠮᠠᠨ᠎ᠤ ᠥᠪᠡᠷᠮᠢᠴᠡ ᠪᠦᠲᠦᠭᠡᠯᠴᠢ ᠠᠷᠭ᠎ᠠ ᠬᠢᠳᠡᠯ ᠪᠣᠯᠤᠨ᠎ᠠ ᠭᠡᠵᠦ᠍ ᠲᠠᠨᠢᠯᠴᠠᠭᠤᠯᠪᠠ᠃ ᠶᠡᠷᠦᠩᠬᠡᠶ ᠱᠦᠵᠢ ᠡᠭᠦᠨ᠎ᠢ ᠨᠤᠲᠠᠯᠠᠵᠤ ᠪᠠᠢᠬᠤ᠎ᠪᠠᠨ ᠢᠯᠡᠳᠭᠡᠵᠦ᠍᠂ ᠪᠢᠳᠡᠨ᠎ᠳᠦ 《ᠥᠭᠦᠯᠡᠯ ᠢᠶᠡᠨ ᠬᠥᠳᠡᠭᠡ ᠬᠡᠭᠡᠷ᠎ᠡ᠎ᠶᠢᠨ ᠠᠭᠤᠳᠠᠮ ᠬᠦᠷᠦᠰᠦᠨ᠎ᠳᠤ ᠪᠢᠴᠢᠭᠯᠡᠬᠦ ᠬᠡᠷᠡᠭ᠌ᠲᠡᠶ》 ᠭᠡᠵᠦ᠍ ᠵᠠᠬᠢᠪᠠ᠃
ᠣᠢᠷ᠎ᠠ᠎ᠶ᠋ᠢᠨ ᠵᠢᠯ᠎ᠦᠳ᠎ᠲᠦ ᠮᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ᠎ᠤᠨ ᠪᠦᠯᠬᠦᠮ᠎ᠦᠨ ᠵᠢᠯᠣᠭᠣᠳᠣᠯᠭ᠎ᠠ ᠳᠤᠤᠷ᠎ᠠ᠂ ᠴᠠᠶ᠎ᠶ᠋ᠢᠨ ᠬᠦᠷᠢᠶᠡᠯᠡᠩ ᠠᠮᠢ ᠠᠬᠤᠶ᠎ᠶ᠋ᠢᠨ ᠲᠠᠷᠢᠮᠠᠯ᠎ᠢ ᠳᠣᠪᠣᠢᠯᠭᠠᠵᠤ᠂ ᠴᠠᠶ᠎ᠶ᠋ᠢᠨ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠦᠭ᠌ᠰᠡᠨᠢ ᠰᠣᠨᠣᠰᠤᠭᠠᠳ ᠶᠡᠷᠦᠩᠬᠡᠶ ᠱᠦᠵᠢ ᠰᠢ ᠵᠢᠨ ᠫᠢᠩ ᠮᠠᠰᠢ ᠪᠠᠶᠠᠷᠯᠠᠪᠠ᠃ ᠲᠡᠷᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ᠎ᠤᠨ ᠲᠦᠷᠢᠮ᠎ᠦᠨ ᠲᠤᠷᠱᠢᠯᠭ᠎ᠠ᠎ᠶ᠋ᠢ ᠰᠠᠢᠲᠤᠷ ᠳ᠋ᠦᠩᠨᠡᠵᠦ᠍᠂ ᠦᠷᠭᠦᠯᠵᠢᠯᠡᠨ ᠲᠡᠭᠦᠯᠳᠡᠷᠵᠢᠭᠦᠯᠵᠦ᠍᠂ ᠪᠡᠬᠢᠵᠢᠭᠦᠯᠵᠦ᠍᠂ ᠪᠠᠷᠢᠮᠲᠠᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠪᠢ 2019 ᠣᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ᠎ᠤᠨ ᠡᠩᠨᠡᠭᠡᠨ᠎ᠳᠦ ᠣᠷᠣᠯᠴᠠᠭ᠍ᠰᠠᠨ ᠶᠤᠮ᠃ ᠡᠨᠡ ᠬᠦ᠌ ᠲᠦᠷᠢᠮ ᠨᠢ ᠹᠦᠵᠢᠶᠠᠨ᠎ᠤ ᠨᠠᠨᠫᠢᠩ ᠡᠴᠡ ᠡᠭᠦᠰᠦᠯ᠎ᠲᠡᠶ᠂ ᠰᠢ ᠵᠢᠨ ᠫᠢᠩ ᠨᠥᠬᠥᠷ ᠹᠦᠵᠢᠶᠠᠨ᠎ᠳᠤ ᠠᠵᠢᠯᠯᠠᠵᠤ ᠪᠠᠢᠬᠤ᠎ᠳᠠᠭᠠᠨ ᠶᠡᠬᠡᠪᠡᠷ ᠳᠡᠯᠭᠡᠷᠡᠭᠦᠯᠦᠭ᠌ᠰᠡᠨ ᠠᠵᠢᠯ᠎ᠤᠨ ᠲᠣᠭ᠍ᠲᠡᠴᠡ ᠪᠣᠯᠤᠨ᠎ᠠ᠃ 20 ᠭᠠᠷᠤᠶ ᠵᠢᠯ᠎ᠦᠨ ᠲᠤᠷᠰᠢ᠂ ᠲᠡᠷᠡ ᠡᠨᠡ ᠬᠦ᠌ ᠡᠩᠨᠡᠭᠡ᠎ᠶ᠋ᠢ ᠢᠮᠠᠭ᠍ᠲᠠ ᠬᠠᠯᠠᠮᠵᠢᠯᠠᠭ᠍ᠰᠠᠭᠠᠷ ᠢᠷᠡᠵᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠴᠢ᠎ᠶ᠋ᠢᠨ ᠲᠦᠷᠢᠮ᠎ᠢ ᠬᠡᠷᠡᠭ᠌ᠵᠢᠭᠦᠯᠦᠭ᠌ᠰᠡᠨ 20 ᠵᠢᠯ᠎ᠦᠨ ᠣᠶ᠎ᠳᠤ᠂ ᠶᠡᠷᠦᠩᠬᠡᠶ ᠱᠦᠵᠢ ᠰᠢ ᠵᠢᠨ ᠫᠢᠩ ᠴᠢᠬᠤᠯᠠ ᠵᠢᠭᠠᠪᠤᠷᠢ ᠥᠭ᠌ᠴᠦ᠂ ᠥᠷᠭᠡᠨ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠴᠢ ᠣᠭ ᠰᠠᠨᠠᠭ᠎ᠠ᠎ᠪᠠᠨ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠶᠠᠳᠠᠭᠤ᠎ᠡᠴᠡ ᠠᠩᠭᠢᠵᠢᠷᠠᠭᠤᠯᠤᠨ ᠪᠣᠭᠣᠮᠲᠠ ᠱᠢᠪᠲᠤᠯᠬᠤ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠳᠤᠮᠳᠠ ᠲᠠᠰᠤᠷᠠᠯᠲᠠ ᠥᠬᠡᠶ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠤᠯᠠᠨ᠎ᠢᠶᠠᠷ᠎ᠢᠶᠠᠨ ᠪᠦᠷ ᠡᠭᠦᠷᠭᠡ ᠬᠠᠷᠢᠭᠤᠴᠠᠯᠭᠠᠪᠢᠳᠡᠨᠤ ᠮᠦᠷᠦᠨ ᠳᠡᠭᠡᠷ᠎ᠡ ᠪᠠᠢᠵᠤ᠂ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠵᠦ᠍ ᠪᠣᠯᠬᠤ ᠦᠭᠡᠢ ᠭᠡᠵᠦ᠍ ᠴᠢᠷᠮᠠᠢᠵᠠᠭᠠᠵᠤ ᠪᠤᠢ᠃
ᠡᠦ ᠢ ᠱᠠᠨ ᠠᠭᠤᠯᠠᠨ᠎ᠳᠤ᠂ ᠲᠤᠬᠠᠢ᠎ᠶ᠋ᠢᠨ ᠭᠠᠵᠠᠷ᠎ᠤᠨ ᠲᠠᠷᠢᠶᠠᠴᠢᠳ ᠴᠠᠢ᠎ᠪᠠᠨ ᠰᠠᠢ᠌ᠨ ᠲᠠᠷᠢᠶ᠎ᠠ ᠭᠡᠵᠦ᠍ ᠶᠡᠬᠡ ᠰᠠᠨᠠᠵᠤ ᠪᠠᠢᠭ᠍ᠰᠠᠨ ᠪᠣᠯᠪᠠᠴᠤ᠌ ᠴᠥᠭᠡᠨ ᠪᠤᠰᠤ ᠠᠰᠠᠭᠤᠳᠠᠯ ᠤᠷᠤᠰᠢᠵᠤ ᠪᠠᠢᠪᠠ᠃ ᠵᠠᠷᠢᠮ ᠴᠠᠢ᠎ᠵᠢᠨ ᠲᠠᠷᠢᠶᠠᠴᠢᠨ ᠪᠢᠳᠡᠨ᠎ᠢ ᠡᠷᠢᠵᠦ᠍ ᠢᠷᠡᠭᠡᠳ᠂ ᠥᠪᠡᠷ ᠢ᠎ᠪᠡᠨ ᠣᠯᠠᠨ ᠵᠢᠯ ᠴᠠᠢ ᠲᠠᠷᠢᠭ᠍ᠰᠠᠨ ᠭᠡᠨ᠎ᠡ᠂ ᠭᠡᠲᠡᠯ᠎ᠡ ᠴᠠᠢ᠎ᠶ᠋ᠢᠨ ᠠᠮᠲᠠ ᠨᠢ ᠵᠢᠯ ᠵᠢᠯ᠎ᠢᠶᠡᠨ ᠬᠦᠷᠬᠦ᠌ ᠦᠭᠡᠢ᠃ ᠵᠠᠷᠢᠮ ᠨᠢ ᠴᠠᠶ᠎ᠶ᠋ᠢ ᠰᠠᠢᠨ ᠳᠠᠷᠢᠭ᠍ᠰᠠᠨ ᠥᠬᠡᠶ ᠮᠥᠷᠲᠡᠭᠡᠨ ᠪᠠᠰᠠ ᠬᠥᠷᠥᠰᠥ᠍ ᠱᠢᠷᠣᠶ᠎ᠶ᠋ᠢ ᠬᠦᠴᠢᠯᠵᠢᠭᠦᠯᠬᠦ᠌᠂ ᠬᠥᠷᠥᠰᠥ᠍ ᠱᠢᠷᠣᠶ᠎ᠶ᠋ᠢ ᠢᠳᠡᠭ᠌ᠳᠡᠭᠦᠯᠬᠦ᠌ ᠵᠡᠷᠭᠡ ᠠᠰᠠᠭᠤᠳᠠᠯ ᠢᠯᠡᠷᠡᠵᠡᠶ᠃
ᠡᠳᠡᠭᠡᠷ ᠠᠰᠠᠭᠤᠳᠠᠯ᠎ᠳᠤ ᠴᠢᠭ᠌ᠯᠡᠭᠦᠯᠦᠨ᠂ ᠮᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠴᠢ ᠡᠴᠡ《ᠠᠮᠢ ᠠᠬᠤᠢ᠎ᠶ᠋ᠢᠨ ᠴᠠᠢ᠎ᠶ᠋ᠢᠨ ᠬᠦᠷᠢᠶᠡᠯᠡᠩ》 ᠤ᠋ᠨ ᠵᠠᠭ᠍ᠪᠤᠷ᠎ᠢ ᠦ᠋ ᠢ ᠱᠠᠨ᠎ᠤ ᠮᠠᠰᠢ ᠤᠯᠠᠨ ᠴᠠᠢ᠎ᠶ᠋ᠢᠨ ᠲᠠᠷᠢᠶᠠᠨ᠎ᠳᠤ ᠳᠡᠯᠭᠡᠷᠡᠭᠦᠯᠪᠡ᠃ ᠡᠬᠢᠯᠡᠩᠭᠦᠳᠡ ᠲᠠᠷᠢᠶᠠᠴᠢᠳ ᠢᠲᠡᠭᠡᠵᠦ ᠶᠠᠳᠠᠨ᠄ ᠱᠢᠷ᠎ᠠ ᠪᠤᠷᠴᠠᠭ᠎ᠢ ᠠᠯᠠᠬᠯᠠᠵᠤ ᠲᠠᠷᠢᠭᠠᠳ ᠶᠠᠭᠠᠬᠢᠵᠤ ᠬᠢᠮᠢ᠎ᠶ᠋ᠢᠨ ᠪᠤᠷᠳᠤᠭᠤᠷ᠎ᠢ ᠣᠷᠣᠯᠠᠭᠤᠯᠬᠤ ᠪᠤᠢ᠂ ᠲᠠᠷᠢᠶᠠᠨ ᠡᠮ ᠬᠡᠷᠡᠭ᠌ᠯᠡᠬᠦ᠌ ᠦᠭᠡᠢ ᠪᠣᠯ ᠪᠠᠰᠠ ᠬᠣᠷᠣᠬᠠᠢᠲᠤᠬᠤᠶ᠋ᠢ ᠰᠡᠷᠭᠡᠢᠯᠡᠵᠦ᠍ ᠴᠢᠳᠠᠨ᠎ᠠ᠎ᠤᠤ? ᠡᠨᠡ ᠦᠶ᠎ᠠ ᠳ᠋ᠤ ᠬᠡᠰᠡᠭ ᠵᠢᠱ᠌ᠢᠶ᠎ᠡ ᠦᠵᠡᠭᠦᠯᠬᠦ᠌ ᠲᠠᠷᠢᠶ᠎ᠠ ᠢᠯᠡᠳᠲᠡ ᠦᠷ᠎ᠡ ᠪᠦᠲᠦᠮᠵᠢ ᠤᠯᠬᠤ᠎ᠶ᠋ᠢ ᠳᠠᠭᠠᠯᠳᠤᠨ᠂ ᠨᠡᠩ ᠣᠯᠠᠨ ᠲᠠᠷᠢᠶᠠᠴᠢᠳ ᠬᠠᠵᠠᠭᠤ ᠡᠴᠡ ᠬᠠᠷᠠᠵᠤ ᠪᠠᠢᠭ᠍ᠰᠠᠨ᠎ᠡᠴᠡ᠎ᠪᠠᠨ ᠲᠤᠷᠱᠢᠵᠤ ᠦᠵᠡᠬᠦ᠌ ᠪᠣᠯᠵᠤ᠂ ᠳᠠᠬᠢᠨ ᠢᠳᠡᠪᠬᠢᠲᠡᠶ ᠣᠷᠣᠯᠴᠠᠬᠤ ᠪᠣᠯᠵᠤ᠂ ᠱᠢᠨᠵᠢᠯᠡᠬᠦ᠌ ᠤᠬᠠᠭᠠᠨᠴᠢ᠎ᠪᠠᠷ ᠳᠠᠷᠢᠭ᠍ᠰᠠᠨ ᠪᠠᠢᠨ᠎ᠠ᠃
ᠬᠠᠮᠤᠭ᠎ᠤᠨ ᠡᠬᠢᠨ᠎ᠳᠡᠭᠡᠨ ᠪᠢ ᠵᠥᠪᠬᠡᠨ ᠲᠤᠷᠱᠢᠯᠲᠠ᠎ᠶ᠋ᠢᠨ ᠲᠠᠰᠤᠭ᠎ᠤᠨ ᠪᠠᠭ᠍ᠰᠢ ᠰᠤᠷᠤᠭ᠍ᠴᠢ᠎ᠪᠠᠨ ᠳᠠᠭᠠᠭᠤᠯᠤᠨ ᠬᠥᠳᠡᠭᠡ ᠪᠠᠭᠤᠵᠤ ᠪᠠᠢᠵᠠᠢ᠂ ᠨᠢᠳᠤᠨᠤᠨ ᠪᠢ ᠪᠡᠶ᠎ᠠ ᠪᠡᠷ᠎ᠢᠶᠡᠨ ᠲᠠᠭᠠᠭᠤᠯᠵᠤ ᠨᠢᠭᠡᠨ ᠡᠩᠨᠡᠭᠡ᠎ᠶ᠋ᠢ ᠵᠣᠬᠢᠶᠠᠨ ᠪᠠᠢᠭᠤᠯᠪᠠ᠂ ᠡᠩᠨᠡᠭᠡ᠎ᠶ᠋ᠢᠨ ᠳᠣᠲᠣᠷ᠎ᠠ ᠲᠤᠬᠠᠢ ᠶ᠋ᠢᠨ ᠭᠠᠵᠠᠷ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠴᠢ᠂ ᠡᠦ ᠢ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢ ᠪᠠᠢᠵᠤ᠂ ᠴᠢᠨᠠᠭ᠍ᠰᠢᠯᠠᠪᠠᠯ ᠪᠠᠰᠠ ᠣᠷᠣᠨ ᠨᠤᠲᠤᠭ᠎ᠤᠨ《ᠨᠤᠲᠤᠭ᠎ᠤᠨ ᠮᠡᠷᠭᠡᠵᠢᠯᠲᠡᠨ》᠂《ᠲᠠᠷᠢᠶᠠᠨ᠎ᠤ ᠴᠢᠳᠠᠪᠤᠷᠢᠲᠠᠨ》 ᠢ᠋ ᠡᠯᠰᠡᠨ ᠠᠪᠴᠠᠢ᠃ ᠤᠯᠠᠨ᠎ᠤ ᠬᠦᠴᠦᠨ᠎ᠳᠦ ᠤᠪᠤᠭ᠎ᠠ ᠪᠣᠰᠤᠨ᠎ᠠ ᠭᠡᠳᠡᠭ᠎ᠢᠶᠡᠷ ᠤᠳᠤ ᠰᠤᠷᠤᠭ᠍ᠴᠢᠳ ᠨᠠᠮ᠎ᠠ ᠵᠢ ᠲᠠᠭᠠᠵᠤ ᠴᠠᠢ᠎ᠶ᠋ᠢᠨ ᠠᠭᠤᠯᠠᠨ᠎ᠳᠤ ᠣᠷᠣᠵᠤ ᠲᠤᠷᠱᠢᠯᠲᠠ ᠬᠢᠬᠦ ᠪᠤᠯᠤᠬᠰᠠᠨ᠂《ᠨᠤᠲᠤᠭ᠎ᠤᠨ ᠮᠡᠷᠭᠡᠵᠢᠯᠲᠡᠨ》 ᠲᠠᠷᠢᠶᠠᠴᠢᠳ᠎ᠲᠤ 《ᠬᠢᠴᠢᠶᠡᠯ ᠣᠷᠣᠨ᠎ᠠ》᠃ ᠤᠯᠠᠨ᠎ᠢᠶᠡᠷ᠎ᠢᠶᠡᠨ《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠴᠢ》 ᠦᠨᠡᠬᠡᠷ ᠰᠠᠢᠨ᠂ ᠬᠡᠵᠢᠶ᠎ᠡ ᠳᠠᠭᠤᠳᠠᠪᠠᠯ ᠬᠡᠵᠢᠶ᠎ᠡ ᠢᠷᠡᠨ᠎ᠡ ᠭᠡᠵᠦ᠍ ᠬᠡᠯᠡᠵᠤ ᠪᠤᠢ᠃
ᠶᠡᠷᠦᠩᠬᠡᠶ ᠱᠦᠵᠢ ᠢᠷᠡᠬᠦ᠌᠎ᠡᠴᠡ ᠡᠮᠦᠨ᠎ᠡ᠂ ᠮᠠᠨ᠎ᠤ ᠠᠮᠢ ᠠᠬᠤᠶ᠎ᠶ᠋ᠢᠨ ᠴᠠᠶ᠎ᠶ᠋ᠢᠨ ᠬᠦᠷᠢᠶᠡᠯᠡᠩ ᠵᠥᠪᠬᠡᠨ ᠬᠣᠶᠠᠷ ᠭᠤᠷᠪᠠᠨ ᠮᠢᠩᠭᠠᠨ ᠮᠥ᠍ ᠵᠢᠨ ᠬᠡᠪᠴᠢᠶ᠎ᠡ᠎ᠲᠡᠶ ᠪᠠᠢᠵᠤ᠂ ᠣᠲᠣ ᠨᠢᠭᠡᠨᠲᠡ ᠬᠣᠶᠠᠷ ᠲᠦᠮᠡᠨ ᠮᠤ᠌ᠶ᠋ᠢ ᠳᠠᠪᠠᠭ᠍ᠰᠠᠨ ᠪᠠᠢᠨ᠎ᠠ᠃ ᠠᠮᠢ ᠠᠬᠤᠶ᠎ᠶ᠋ᠢᠨ ᠴᠠᠢ᠎ᠶ᠋ᠢᠨ ᠬᠦᠷᠢᠶᠡᠯᠡᠩ ᠨᠠᠩ ᠣᠯᠠᠨ ᠴᠠᠢ᠎ᠵᠢᠨ ᠲᠠᠷᠢᠶᠠᠴᠢᠨ᠎ᠳᠤ ᠪᠣᠳᠠᠲᠤ ᠠᠱᠢᠭ ᠬᠦᠷᠲᠡᠭᠡᠪᠡ᠃ ᠱᠢᠨ᠎ᠡ ᠮᠡᠷᠭᠡᠵᠢᠯ᠎ᠢ ᠬᠡᠷᠡᠭ᠌ᠯᠡᠭ᠌ᠰᠡᠨᠦ ᠳᠠᠷᠠᠭ᠎ᠠ᠂ ᠴᠠᠶ ᠨᠡᠩ ᠠᠮᠲᠠᠲᠠᠶ ᠪᠣᠯᠵᠠᠶ᠂ ᠥᠩᠭᠡᠷᠡᠭ᠌ᠰᠡᠨ᠎ᠳᠦ ᠴᠠᠶ ᠪᠠᠨ《ᠬᠤᠳᠠᠯᠳᠤᠵᠤ ᠭᠠᠷᠬᠤ ᠦᠬᠡᠢ ᠵᠣᠪᠠᠵᠤ》 ᠪᠠᠢᠪᠠ᠂ ᠡᠨᠡ ᠵᠢᠯ ᠬᠠᠷᠢᠨ ᠬᠤᠳᠠᠯᠳᠤᠨ ᠠᠪᠤᠬᠴᠢᠳ ᠬᠡᠷ᠎ᠲᠦ ᠬᠦᠷᠴᠦ᠍ ᠢᠷᠡᠬᠡᠳ《ᠪᠤᠯᠢᠶᠠᠯᠳᠤᠨ ᠠᠪᠬᠤ》 ᠪᠤᠯᠵᠠᠢ! ᠣᠳᠣ ᠶᠠᠨ ᠽᠢ ᠺᠸᠳ᠋ᠤ ᠣᠴᠢᠪᠠᠯ᠂ ᠡᠷᠦᠬᠡ ᠪᠣᠯᠭᠠᠨ ᠪᠢᠳᠡᠨ᠎ᠢ ᠳᠣᠲᠣᠨᠣ ᠬᠥᠮᠦᠨ᠎ᠢᠶᠡᠷ ᠦᠵᠡᠨ᠎ᠡ᠃
ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠢᠳᠡ ᠥᠭᠦᠯᠡᠯ᠎ᠢᠶᠡᠨ ᠬᠥᠳᠡᠭᠡ ᠬᠡᠭᠡᠷ᠎ᠡ ᠪᠢᠴᠢᠵᠦ᠍᠂ ᠦᠷᠭᠦᠯᠵᠢᠯᠡᠨ ᠲᠠᠷᠢᠶᠠᠴᠢᠳ᠎ᠢ ᠳᠠᠭᠠᠭᠤᠯᠤᠨ ᠠᠵᠢᠯᠯᠠᠵᠤ᠂ ᠲᠠᠷᠢᠶᠠᠴᠢᠳ᠎ᠢ ᠬᠠᠪᠰᠤᠷᠤᠨ ᠵᠣᠭᠣᠰ ᠣᠯᠵᠤ ᠦᠭᠴᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠬᠥᠷᠥᠰᠥᠨ᠎ᠳᠦ ᠦᠨᠳᠦᠰᠦᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠬᠦᠳᠡᠬᠡ ᠬᠡᠭᠡᠷ᠎ᠡ ᠢᠳᠡ ᠬᠦᠴᠦᠨ᠎ᠢ ᠨᠢ ᠪᠠᠳᠠᠷᠠᠭᠤᠯᠤᠨ᠎ᠠ᠃ (ᠰᠢᠨᠬᠤᠸᠠ ᠬᠤᠷᠢᠶᠠᠨ᠎ᠤ ᠹᠦᠵᠸᠦᠶᠢᠨ 6 ᠰᠠᠷ᠎ᠠ᠎ᠶᠢᠨ 6᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃