ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-07-07 09:02:42

ᠵᠣᠬᠢᠶᠠᠭ᠍ᠴᠢ᠄ ᠶ᠋ᠢᠨ ᠾᠧ ᠣᠩᠱᠢᠭ᠍ᠰᠠᠨ ᠣᠳᠠᠭ᠎ᠠ᠄ 3

2016 ᠣᠨ᠎ᠤ 7 ᠰᠠᠷ᠎ᠠ᠎ᠶ᠋ᠢᠨ 19 ᠎ᠤ᠋ ᠡᠳᠦᠷ᠂ ᠨᠢᠩᠱᠢᠶᠠ᠎ᠳᠤ ᠱᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠢᠷᠭᠠᠢ ᠬᠤᠳᠠ᠎ᠶ᠋ᠢᠨ ᠶᠦᠩ ᠨᠢᠩ ᠱᠢᠶᠠᠨ᠎ᠤ ᠮᠢᠨ ᠨᠢᠩ ᠪᠠᠯᠭᠠᠰᠤ᠎ᠶ᠋ᠢᠨ ᠶᠤᠸᠠᠨ ᠯᠦᠩ ᠲᠣᠰᠭᠣᠨ᠎ᠳᠤ ᠨᠡᠭᠦᠳᠡᠯ ᠠᠷᠠᠳ᠎ᠤᠨ ᠤᠯᠠᠨ ᠲᠦᠮᠡᠨ᠎ᠢ ᠡᠷᠬᠢᠨ ᠦᠵᠡᠭ᠌ᠰᠡᠨ ᠪᠥᠭᠡᠳ ᠪᠠᠰᠠ ᠲᠣᠰᠭᠣᠨ᠎ᠤ ᠠᠷᠠᠳ᠎ᠤᠨ ᠲᠦᠯᠦᠭᠡᠯᠡᠭᠴᠢ᠎ᠲᠠᠶ ᠶᠠᠷᠢᠯᠴᠠᠵᠠᠢ᠂ ᠲᠡᠳᠡ ᠨᠠᠷ᠎ᠤᠨ ᠲᠤᠮᠳᠠ ᠱᠢᠶ᠍ᠸ ᠱᠢᠩ ᠴᠠᠩ ᠪᠠᠭᠳᠠᠨ᠎ᠠ᠃ ᠣᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠱᠢᠶ᠍ᠸ ᠱᠢᠩ ᠴᠠᠩ᠎ᠢ ᠡᠷᠭᠢᠵᠦ ᠰᠤᠷᠪᠤᠯᠵᠢᠯᠠᠪᠠ᠂ ᠪᠢᠳᠡ ᠬᠠᠮᠲᠤ᠎ᠪᠠᠷ ᠲᠡᠭᠦᠨ᠎ᠦ ᠨᠤᠲᠤᠭ ᠤᠰᠤᠨ᠎ᠤ ᠬᠡᠷᠬᠢᠨ ᠡᠳᠦᠷ ᠡᠴᠡ ᠡᠳᠦᠷ ᠰᠢᠨᠡᠳᠦᠨ ᠬᠦᠭᠵᠢᠬᠰᠡᠨ ᠲᠤᠬᠠᠢ ᠶᠠᠷᠢᠭᠰᠠᠨ ᠎ᠢ ᠰᠣᠨᠤᠰᠤᠶ᠎ᠠ —

ᠮᠠᠨ᠎ᠤ ᠡᠨᠡ ᠬᠦ᠌ ᠠᠮᠢ ᠠᠬᠤᠶ᠎ᠶ᠋ᠢᠨ ᠨᠡᠭᠦᠳᠡᠯ ᠠᠷᠠᠳ᠎ᠤᠨ ᠴᠡᠭ᠎ᠢ ᠪᠣᠯ ᠶᠡᠷᠦᠩᠬᠡᠶ ᠱᠦᠵᠢ ᠰᠢ ᠵᠢᠨ ᠫᠢᠩ 20 ᠭᠠᠷᠤᠶ ᠵᠢᠯ᠎ᠦᠨ ᠡᠮᠦᠨ᠎ᠡ᠂ ᠹᠦᠵᠢᠶᠠᠨ ᠪᠣᠯᠤᠨ ᠨᠢᠩᠱᠢᠶᠠ ᠬᠠᠮᠲᠤ᠎ᠪᠠᠷ ᠪᠥᠲᠥᠭᠡᠨ ᠪᠠᠢᠭᠤᠯᠬᠤ ᠵᠢ ᠦᠪᠡᠷ᠎ᠤᠨ ᠪᠡᠶ᠎ᠡ ᠪᠡᠷ᠎ᠢᠶᠡᠨ ᠳᠤᠷᠠᠳᠤᠨ ᠭᠠᠷᠭᠠᠭ᠍ᠰᠠᠨ ᠶᠤᠮ᠃

ᠲᠤᠬᠠᠶ᠎ᠶ᠋ᠢᠨ ᠵᠢᠯ᠎ᠦᠨ 《ᠣᠭ᠍ᠲᠠᠷᠭᠤᠶ᠎ᠳᠤᠨᠢ ᠱᠢᠪᠠᠭᠤᠨ᠎ᠤ ᠰᠡᠬᠦᠳᠡᠷ ᠥᠬᠡᠶ᠂ ᠭᠠᠵᠠᠷ᠎ᠲᠡᠭᠡᠷ᠎ᠡ ᠨᠢ ᠬᠠᠮᠠᠷ ᠬᠠᠳᠬᠤᠬᠤ ᠡᠪᠡᠰᠦ ᠥᠬᠡᠶ》 ᠬᠠᠭᠤᠷᠠᠶ ᠡᠯᠡᠰᠦᠨ ᠲᠠᠩ ᠪᠠᠢᠬᠰᠨᠨ᠎ᠡᠴᠡ ᠣᠲᠣ ᠵᠢᠨ ᠠᠮᠢ ᠠᠬᠤᠢ ᠣᠷᠴᠢᠨ ᠲᠤᠭᠤᠷᠢᠨ ᠦᠵᠡᠰᠭᠦᠯᠡᠩᠲᠦ ᠰᠠᠢᠬᠠᠨ᠂ ᠠᠷᠠᠳ᠎ᠤᠨ ᠠᠮᠢᠳᠤᠷᠠᠯ ᠪᠠᠶᠠᠨ ᠴᠢᠨᠡᠭᠡᠯᠢᠭ ᠰᠢᠵᠢᠷ ᠠᠯᠲᠠᠨ ᠡᠯᠡᠰᠦᠨ ᠲᠠᠩ ᠪᠤᠯᠵᠤ ᠬᠤᠪᠢᠷᠠᠬᠤ ᠬᠦᠷᠳᠡᠯ᠎ᠡ᠂ ᠨᠡᠭᠦᠳᠡᠯ ᠠᠷᠠᠳ᠎ᠢ ᠨᠡᠭᠦᠯᠭᠡᠭᠰᠡᠨ ᠨᠢ ᠮᠠᠨ᠎ᠤ ᠡᠪᠦᠭᠡ ᠲᠡᠭᠡᠳᠦᠰ᠎ᠤᠨ ᠦᠶ᠎ᠡ᠎ᠡᠴᠡ ᠶᠠᠳᠠᠭᠤ ᠬᠣᠭᠣᠰᠣᠨ ᠶᠠᠪᠤᠵᠤ ᠢᠷᠡᠭᠰᠡᠨ ᠬᠤᠪᠢ ᠵᠠᠶᠠᠭ᠎ᠠ᠎ᠶ᠋ᠢ ᠬᠤᠪᠢᠷᠠᠭᠤᠯᠤᠭ᠍ᠰᠠᠨ ᠪᠠᠢᠨ᠎ᠠ!

ᠪᠢ ᠶᠡᠷᠦᠩᠬᠡᠢ ᠱᠦᠵᠢ ᠰᠢ ᠵᠢᠨ ᠫᠢᠩ᠎ᠲᠡᠶ ᠠᠭᠤᠯᠵᠠᠭ᠍ᠰᠠᠨ ᠲᠡᠷᠡ ᠡᠳᠦᠷ ᠎ᠢᠶᠡᠨ ᠦᠷᠭᠦᠯᠵᠢ ᠡᠷᠭᠢᠴᠡᠭᠦᠯᠤᠨ ᠰᠠᠨᠠᠭᠠᠯᠵᠠᠳᠠᠭ᠄ ᠮᠠᠨ᠎ᠤ ᠨᠢᠭᠡ ᠭᠡᠷ᠎ᠢᠶᠡᠷ᠎ᠢᠶᠡᠨ ᠰᠢ ᠬᠠᠢ ᠭᠦ᠋᠎ᠶ᠋ᠢᠨ ᠶᠡᠬᠡ ᠠᠭᠤᠯᠠᠨ ᠭᠤᠤ᠎ᠡᠴᠡ ᠡᠨᠳᠡ ᠨᠡᠭᠦᠵᠦ᠍ ᠢᠷᠡᠭᠡᠳ 20 ᠱᠢᠬᠠᠮ ᠵᠢᠯ ᠪᠤᠯᠪᠡ᠂ ᠡᠨᠳᠡ ᠡᠳᠦᠷ ᠪᠦᠷᠢ ᠱᠢᠨ᠎ᠡ ᠬᠤᠪᠢᠷᠠᠯᠲᠠ ᠲᠠᠢ᠂ ᠡᠪ ᠬᠠᠮᠲᠤ ᠨᠠᠮ᠎ᠤᠨ ᠡᠨᠡ ᠠᠴᠢ ᠡᠨᠡᠷᠢᠯ᠎ᠢ ᠭᠤᠷᠪᠠᠨ ᠰᠥᠨᠢ ᠭᠤᠷᠪᠠᠨ ᠡᠳᠦᠷ ᠶᠠᠷᠢᠭ᠍ᠰᠠᠨ ᠴᠤ᠌ ᠪᠠᠷᠠᠬᠤ ᠦᠭᠡᠢ ᠭᠡᠵᠦ᠍ ᠪᠢ ᠰᠡᠳᠬᠢᠯ ᠳᠣᠭ᠍ᠳᠣᠯᠤᠨ ᠶᠠᠷᠢᠵᠤ ᠦᠭᠭᠦᠭᠰᠡᠨ ᠶᠤᠮ᠃

ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠨᠡᠢᠭᠡᠮ ᠵᠢᠷᠤᠮ᠎ᠤᠨ ᠶᠡᠬᠡ ᠭᠡᠷ ᠪᠦᠯᠢ ᠠᠷᠠᠳ ᠲᠦᠮᠡᠨ᠎ᠳᠦ ᠴᠠᠭ ᠢᠮᠠᠭ᠍ᠲᠠ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠮᠡᠳᠡᠷᠡᠭᠦᠯᠬᠦ᠌ ᠬᠡᠷᠡᠭ᠌ᠲᠡᠢ᠃ ᠡᠨᠳᠡᠬᠢ ᠨᠡᠭᠦᠳᠡᠯ ᠠᠷᠠᠳ᠎ᠤᠨ ᠱᠢᠨ᠎ᠡ ᠲᠣᠰᠭᠣᠨ᠎ᠢ ᠮᠠᠰᠢ ᠡᠮᠬᠢ ᠴᠡᠭ᠌ᠴᠡ᠎ᠲᠡᠶ᠂ ᠮᠠᠰᠢ ᠭᠤᠶᠤ ᠪᠠᠢᠭᠤᠯᠤᠭ᠍ᠰᠠᠨ᠎ᠢ ᠦᠵᠡᠭᠡᠳ᠂ ᠪᠠᠰᠠ ᠤᠯᠠᠨ᠎ᠢᠶᠠᠷ᠎ᠢᠶᠠᠨ ᠥᠩᠭᠡᠷᠡᠭ᠌ᠰᠡᠨ᠎ᠦ ᠶᠠᠳᠠᠭᠤ ᠬᠦᠴᠢᠷᠳᠡᠯᠲᠡᠢ ᠠᠮᠢᠳᠤᠷᠠᠯ᠎ᠡᠴᠡ ᠠᠩᠭᠢᠵᠢᠷᠠᠭ᠍ᠰᠠᠨ᠎ᠳᠤ ᠪᠢ ᠮᠠᠰᠢ ᠪᠠᠶᠠᠷᠯᠠᠵᠤ ᠪᠠᠢᠨ᠎ᠠ》 ᠭᠡᠵᠦ ᠬᠡᠯᠡᠪᠡ᠃

ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠠᠯᠠᠮᠵᠢᠯᠠᠯ ᠨᠢ ᠬᠥᠮᠦᠰ᠎ᠦᠨ ᠰᠡᠳᠭᠢᠯ᠎ᠢ ᠳᠤᠯᠠᠭᠠᠴᠠᠭᠤᠯᠪᠠ᠃ ᠪᠢ ᠲᠡᠭᠦᠨ᠎ᠦ ᠰᠡᠳᠭᠢᠯ ᠪᠣᠯᠤᠨ ᠪᠢᠳᠡᠨ᠎ᠦ ᠰᠡᠳᠭᠢᠯ ᠡᠬᠡᠨᠡᠭᠳᠡ ᠨᠢᠭ᠍ᠲᠠ ᠬᠣᠯᠪᠣᠯᠳᠤᠵᠤ ᠪᠠᠢᠬᠤ᠎ᠶ᠋ᠢ ᠮᠡᠳᠡᠷᠡᠵᠦ᠍ ᠳᠡᠢᠯᠦᠨ᠎ᠡ᠃

ᠪᠢ ᠪᠤᠯ ᠲᠤᠬᠠᠶ᠎ᠶ᠋ᠢᠨ ᠵᠢᠯ᠎ᠳᠤ ᠡᠨᠳᠡ ᠨᠡᠭᠦᠵᠦ᠍ ᠢᠷᠡᠭ᠌ᠰᠡᠨ ᠠᠩᠬᠠᠨ᠎ᠤ ᠨᠡᠭᠦᠳᠡᠯ ᠠᠷᠠᠳ᠂ ᠮᠢᠨ ᠨᠢᠩ ᠪᠠᠯᠭᠠᠰᠤᠨ᠎ᠤ ᠬᠥᠭ᠌ᠵᠢᠯᠲᠡ᠎ᠶ᠋ᠢ ᠪᠡᠶ᠎ᠡ᠎ᠪᠡᠷ᠎ᠢᠶᠡᠨ ᠭᠡᠷᠡᠴᠢᠯᠡᠭᠰᠡᠨ ᠶᠤᠮ᠃

ᠮᠢᠨ ᠨᠢᠩ ᠪᠠᠯᠭᠠᠰᠤ ᠬᠠᠮᠤᠭ᠎ᠤᠨ ᠡᠷᠲᠡ᠎ᠳᠡᠭᠡᠨ ᠮᠢᠨ ᠨᠢᠩ ᠲᠣᠰᠭᠣᠨ ᠪᠠᠢᠵᠠᠢ᠃ ᠨᠡᠬᠦᠳᠡᠯ ᠠᠷᠠᠳ᠎ᠤᠨ ᠰᠢᠨ᠎ᠠ ᠲᠤᠰᠬᠤᠨ᠎ᠢ ᠪᠦᠳᠦᠬᠡᠨ ᠪᠠᠢᠭᠤᠯᠬᠤ ᠪᠠᠷᠢᠯᠭ᠎ᠠ ᠵᠢᠨ ᠰᠠᠭᠤᠷᠢ ᠲᠠᠯᠪᠢᠬᠤ ᠲᠡᠷᠡ ᠡᠳᠦᠷ᠂ ᠲᠤᠬᠠᠢ᠎ᠶ᠋ᠢᠨ ᠦᠶ᠎ᠡ᠎ᠳᠦ ᠹᠦᠵᠢᠶᠠᠨ ᠮᠤᠵᠢ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠹᠦᠵᠢᠶᠠᠨ ᠮᠤᠵᠢ᠎ᠶ᠋ᠢᠨ ᠠᠵᠢᠯ ᠲᠦᠷᠦᠯ᠎ᠢᠶᠡᠷ᠎ᠢᠶᠡᠨ ᠨᠢᠩᠱᠢᠶᠠ᠎ᠶ᠋ᠢ ᠬᠠᠪᠰᠤᠷᠤᠨ ᠲᠡᠳᠬᠦᠬᠦ᠌ ᠤᠳᠤᠷᠢᠳᠭᠤ ᠳᠤᠭᠤᠢᠯᠠᠩ᠎ᠤᠨ ᠳᠠᠷᠤᠭ᠎ᠠ ᠪᠠᠢᠭ᠍ᠰᠠᠨ ᠰᠢ ᠵᠢᠨ ᠫᠢᠩ ᠪᠠᠶᠠᠷ᠎ᠤᠨ ᠵᠠᠬᠢᠳᠠᠯ ᠢᠷᠡᠭᠦᠯᠵᠡᠢ᠃ ᠪᠢ ᠲᠠᠢᠰᠠᠨ ᠳᠣᠣᠷ᠎ᠠ ᠵᠣᠭ᠍ᠰᠣᠵᠤ ᠵᠠᠬᠢᠳᠠᠯ ᠎ᠢ ᠤᠩᠱᠢᠬᠤ᠎ᠶ᠋ᠢ ᠰᠣᠨᠣᠰᠤᠭᠠᠳ᠂ ᠠᠷᠭ᠎ᠠ ᠦᠭᠡᠢ ᠰᠡᠳᠬᠢᠯ ᠳᠣᠭ᠍ᠳᠣᠯᠤᠭ᠍ᠰᠠᠨ ᠨᠢ ᠦᠨᠡᠨ᠃ ᠬᠡᠳᠦᠢᠪᠡᠷ ᠲᠤᠬᠠᠢ ᠵᠢᠨ ᠦᠶ᠎ᠡ ᠳ᠋ᠤ ᠮᠢᠨ ᠨᠢᠩ ᠮᠦᠨ ᠡᠯᠦᠶ ᠬᠤᠯᠤᠶ ᠡᠵᠡᠬᠦᠢ ᠵᠠᠯᠢᠬᠦᠳ ᠪᠠᠢᠭ᠍ᠰᠠᠨ ᠪᠣᠯᠪᠠᠴᠤ᠌᠂ ᠪᠢ ᠠᠭᠤᠯᠠᠨ ᠭᠤᠤ᠎ᠡᠴᠡ ᠨᠡᠭᠦᠵᠦ᠍ ᠭᠠᠷᠪᠠᠯ ᠯᠠᠪᠲᠠᠶ ᠬᠦᠰᠡᠯ ᠡᠷᠡᠮᠡᠯᠵᠡᠯ᠎ᠲᠡᠷᠭᠡᠯᠰᠢᠬᠦ ᠶᠤᠮ ᠭᠡᠵᠦ ᠢᠳᠡᠬᠡᠵᠤ ᠪᠠᠢᠵᠠᠢ ᠁

ᠡᠳᠡᠭᠡᠷ ᠵᠢᠯ᠎ᠦᠳ᠎ᠲᠦ᠂ ᠮᠦᠭᠦ᠌ ᠲᠠᠷᠢᠬᠤ᠂ ᠦᠵᠦᠮ ᠲᠠᠷᠢᠬᠤ᠂ ᠴᠢᠨᠣ᠎ᠠ᠎ᠶ᠋ᠢᠨ ᠬᠠᠷᠮᠠᠭ ᠲᠠᠷᠢᠬᠤ᠂ ᠮᠢᠬᠠᠨ᠎ᠤ ᠦᠬᠡᠷ ᠲᠡᠵᠢᠭᠡᠵᠦ ᠁ ᠪᠦᠯᠦᠭ ᠪᠦᠯᠦᠭ ᠨᠡᠭᠦᠳᠡᠯ ᠠᠷᠠᠳ ᠡᠨᠳᠡ ᠦᠢᠯᠡᠰ ᠪᠤᠰᠭᠠᠨ ᠠᠲᠠᠷ ᠬᠠᠭᠠᠯᠪᠤᠷᠢᠯᠠᠵᠤ᠂ ᠠᠵᠤ ᠦᠢᠯᠡᠰ᠎ᠢᠶᠡᠨ ᠬᠥᠭ᠌ᠵᠢᠭᠦᠯᠵᠦ᠍᠂ ᠬᠡᠳᠦᠨ ᠮᠢᠩᠭᠠᠨ ᠬᠥᠮᠦᠨ᠎ᠲᠡᠶ ᠮᠢᠨ ᠨᠢᠩ ᠲᠣᠰᠭᠣᠨ᠎ᠡᠴᠡ ᠤᠳᠤ ᠪᠣᠯᠲᠠᠯ᠎ᠠ 6 ᠲᠦᠮᠡ ᠭᠠᠷᠤᠢ ᠬᠥᠮᠦᠨ᠎ᠠᠮᠠ ᠲᠡᠶ ᠮᠢᠨ ᠨᠢᠩ ᠪᠠᠯᠭᠠᠰᠤ᠎ᠶ᠋ᠢ ᠠᠯᠬᠤᠮ ᠠᠯᠬᠤᠮ᠎ᠢᠶᠠᠷ ᠪᠦᠳᠦᠬᠡᠨ ᠪᠠᠢᠭᠤᠯᠵᠤ ᠪᠠᠢᠨ᠎ᠠ᠃

ᠶᠡᠷᠦᠩᠬᠡᠢ ᠱᠦᠵᠢ ᠮᠠᠨ᠎ᠤ ᠲᠣᠰᠭᠣᠨ᠎ᠳᠤ ᠱᠢᠨᠵᠢᠯᠡᠨ ᠪᠠᠢᠴᠠᠭᠠᠬᠤ᠎ᠳᠠᠭᠠᠨ᠂《ᠮᠢᠨ ᠨᠢᠩ ᠪᠠᠯᠭᠠᠰᠤ ᠨᠢᠭᠡᠨ ᠰᠠᠷᠠᠭᠤᠯ ᠳᠠᠷᠳᠠᠩ ᠵᠠᠮ᠎ᠢ ᠰᠦᠪᠡᠭ᠌ᠴᠢᠯᠡᠵᠦ᠍ ᠭᠠᠷᠭᠠᠪᠠ》᠂ 《ᠨᠡᠢᠲᠡᠯᠢᠭ ᠲᠤᠷᠱᠢᠯᠭ᠎ᠠ᠎ᠶ᠋ᠢ ᠳ᠋ᠦᠩᠨᠡᠨ ᠳᠡᠯᠭᠡᠷᠡᠭᠦᠯᠵᠦ᠍᠂ ᠨᠡᠭᠦᠳᠡᠯ ᠠᠷᠠᠳ᠎ᠢ ᠨᠡᠭᠦᠯᠭᠡᠨ ᠶᠠᠳᠠᠭᠤ᠎ᠡᠴᠡ ᠠᠩᠭᠢᠵᠢᠷᠠᠭᠤᠯᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ》᠂ 《ᠨᠤᠲᠤᠭ᠎ᠤᠨ ᠠᠬ᠎ᠠ ᠳᠡᠭᠦᠦ᠍᠎ᠨᠡᠷ᠎ᠦᠨ ᠠᠮᠢᠳᠤᠷᠠᠯ ᠶᠠᠪᠤᠬᠤ ᠲᠤᠳᠤᠮ ᠰᠠᠢᠵᠢᠷᠠᠬᠤ᠎ᠶ᠋ᠢ ᠬᠦᠰᠡᠨ ᠵᠥᠩᠨᠡᠵᠦ᠍ ᠪᠠᠢᠨ᠎ᠠ》 ᠭᠡᠵᠦ᠍ ᠪᠢᠳᠡᠨ᠎ᠳᠤ ᠬᠡᠯᠡᠪᠡ᠃

ᠶᠡᠷᠦᠩᠬᠡᠶ ᠱᠦᠵᠢ᠎ᠶ᠋ᠢᠨ ᠶᠠᠷᠢᠶ᠎ᠠ ᠨᠢ ᠪᠢᠳᠡᠨ᠎ᠢ ᠤᠷᠮᠠᠱᠢᠭᠤᠯᠵᠤ᠂ ᠣᠯᠠᠨ᠎ᠤ ᠢᠲᠡᠭᠡᠯ ᠵᠣᠷᠢᠭ ᠪᠠ ᠡᠷᠴᠢ ᠵᠣᠷᠢᠭ᠎ᠢ ᠬᠥᠪᠴᠢᠯᠡᠪᠡ᠃

ᠡᠨᠡ ᠬᠡᠳᠦᠨ ᠵᠢᠯ᠎ᠳᠦ ᠮᠢᠨ ᠨᠢᠩ ᠪᠠᠯᠭᠠᠰᠤᠨ᠎ᠳᠤ ᠪᠠᠰᠠ ᠮᠠᠰᠢ ᠤᠯᠠᠨ ᠱᠢᠨ᠎ᠡ ᠬᠤᠪᠢᠷᠠᠯᠲᠠ ᠭᠠᠷᠴᠠᠢ᠃ ᠵᠠᠰᠠᠮᠠᠯ ᠵᠠᠮ᠂ ᠡᠷᠡᠭᠦᠯ ᠬᠠᠮᠠᠭᠠᠯᠠᠯ᠎ᠤᠨ ᠬᠣᠷᠢᠶ᠎ᠠ᠂ ᠰᠤᠷᠭᠠᠭᠤᠯᠢ ᠵᠡᠷᠭᠡ ᠰᠠᠭᠤᠷᠢ ᠲᠥᠬᠥᠭᠡᠷᠦᠮᠵᠢ᠎ᠶ᠋ᠢᠨ ᠨᠥᠬᠥᠴᠡᠯ ᠶᠠᠪᠤᠬᠤ ᠲᠤᠳᠤᠮ ᠰᠠᠢᠵᠢᠷᠠᠵᠤ᠂ ᠠᠮᠢᠳᠤᠷᠠᠯ ᠶᠠᠪᠤᠬᠤ ᠲᠤᠳᠤᠮ ᠲᠦᠬᠦᠮ ᠪᠤᠯᠵᠤ᠂ ᠣᠷᠴᠢᠨ ᠠᠬᠤᠢ᠎ᠶ᠋ᠢᠨ ᠡᠷᠡᠭᠦᠯ ᠬᠠᠮᠠᠭᠠᠯᠠᠯ᠂ ᠨᠣᠭᠣᠭᠠᠷᠠᠭᠤᠯᠤᠯᠲᠠ᠎ᠶ᠋ᠢᠨ ᠲᠦᠪᠱᠢᠨ ᠴᠦ᠍ ᠢᠯᠡᠳᠲᠡ ᠳᠡᠭᠡᠭ᠌ᠰᠢᠯᠡᠪᠡ᠃

ᠠᠵᠤ ᠦᠢᠯᠡᠰ ᠨᠡᠩ ᠴᠤ᠌ ᠱᠢᠨ᠎ᠡ ᠬᠥᠭ᠌ᠵᠢᠯᠲᠡ᠎ᠲᠡᠶ ᠪᠣᠯᠪᠠ᠃ ᠪᠠᠯᠭᠠᠰᠤᠨ᠎ᠤ ᠦᠵᠦᠮ᠂ ᠴᠢᠨᠣ᠎ᠠ᠎ᠶ᠋ᠢᠨ ᠬᠠᠷᠮᠠᠭ᠂ ᠡᠯᠧᠺᠲ᠋ᠷᠣᠨ ᠬᠤᠳᠠᠯᠳᠤᠭ᠎ᠠ ᠵᠡᠷᠭᠡ ᠠᠵᠤ ᠦᠶ᠋ᠯᠡᠰ᠎ᠦᠨ ᠬᠥᠭ᠌ᠵᠢᠯᠲᠡ ᠬᠥᠷ ᠬᠥᠭ᠌ᠵᠢᠶᠡᠨ᠎ᠲᠡᠶ ᠪᠠᠢᠵᠤ᠂ ᠹᠦᠵᠢᠶᠠᠨ᠎ᠤ ᠠᠵᠤ ᠠᠬᠤᠢᠯᠠᠯ ᠵᠠᠯᠭᠠᠭ᠎ᠠ᠎ᠪᠠᠷ ᠪᠠᠯᠠ ᠣᠷᠣᠭᠤᠯᠵᠤ ᠦᠶ᠋ᠯᠡᠳᠪᠦᠷᠢ ᠡᠷᠭᠢᠯᠡᠪᠡ᠃ ᠪᠦᠭᠦᠳᠡᠭᠡᠷ᠎ᠢᠶᠡᠨ ᠬᠦᠯᠦᠰᠦᠨ ᠠᠵᠢᠯ ᠬᠢᠬᠦ᠎ᠳᠤ ᠴᠤ᠌ ᠨᠠᠩ ᠳᠥᠭᠥᠮ ᠪᠣᠯᠵᠦ᠂ ᠤᠢᠷ᠎ᠠ ᠬᠠᠪᠢ᠎ᠳᠠᠭᠠᠨ ᠠᠵᠢᠯ ᠬᠢᠵᠦ ᠤᠷᠤᠯᠭ᠎ᠠ ᠤᠯᠵᠤ ᠭᠡᠷ ᠪᠦᠯᠢ᠎ᠪᠡᠨ ᠬᠠᠷᠠᠭᠠᠯᠵᠠᠬᠤ᠎ᠶ᠋ᠢ ᠪᠦᠷ ᠰᠠᠭᠠᠲᠠᠭᠠᠬᠤ ᠦᠭᠡᠢ ᠪᠤᠯᠤᠬᠰᠠᠨ ᠶᠤᠮ᠃

ᠨᠡᠭᠦᠳᠡᠯ ᠠᠷᠠᠳ᠎ᠤᠨ ᠰᠢᠨ᠎ᠠ ᠲᠤᠰᠬᠤᠨ᠎ᠤ ᠨᠡᠭᠡᠭᠡᠨ ᠬᠥᠭ᠌ᠵᠢᠭᠦᠯᠦᠯᠳᠡ ᠠᠩᠬ᠎ᠠ ᠡᠬᠢᠯᠡᠬᠦ ᠦᠶ᠎ᠡ᠎ᠳᠦ᠂ ᠮᠠᠨ᠎ᠤ ᠡᠨᠳᠡᠬᠢ ᠪᠥᠬᠥ᠌ ᠵᠢᠯ᠎ᠦᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ ᠵᠥᠪᠬᠡᠨ 500 ᠲᠥᠭᠥᠷᠢᠭ ᠣᠷᠴᠢᠮ ᠪᠠᠢᠵᠤ᠂ 2016 ᠣᠨ᠎ᠳᠤ 1 ᠲᠦᠮᠡᠨ ᠲᠥᠭᠥᠷᠢᠭ ᠣᠷᠴᠢᠮ ᠪᠣᠯᠤᠨ ᠨᠡᠮᠡᠭ᠌ᠳᠡᠵᠦ᠍᠂ ᠨᠢᠳᠤᠨᠤᠨ ᠪᠥᠬᠥ᠌ ᠪᠠᠯᠭᠠᠰᠤᠨ᠎ᠤ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 1.6 ᠲᠦᠮᠡᠨ ᠲᠥᠭᠥᠷᠢᠭ᠎ᠢ ᠳᠠᠪᠠᠪᠠ᠃

ᠮᠢᠨ ᠨᠢᠩ᠎ᠳᠦ ᠢᠷᠡᠭᠡᠳ ᠪᠢ ᠦᠷᠬᠦᠯᠵᠢ ᠵᠡᠭᠦᠳᠦᠯᠡᠵᠦ ᠪᠠᠢᠬᠤ ᠰᠢᠬ ᠰᠠᠨᠠᠭᠳᠠᠳᠠᠭ᠃ ᠮᠢᠨᠦ ᠭᠡᠷ ᠪᠠᠢᠰᠢᠩ 4 ᠤᠳᠠᠭ᠎ᠠ《ᠱᠢᠨᠡᠳᠦᠨ ᠰᠣᠯᠢᠭ᠍ᠳᠠᠵᠤ》᠂ ᠱᠢᠪᠠᠷ ᠪᠠᠢᠱᠢᠩ᠂ ᠲᠣᠭᠣᠰᠭᠠᠨ ᠪᠠᠢᠱᠢᠩ᠂ ᠲᠡᠭᠰᠢ ᠤᠷᠤᠢ ᠲᠠᠢ ᠪᠠᠢᠱᠢᠩ᠎ᠡᠴᠡ ᠤᠳᠤ ᠵᠢᠵᠢᠭ ᠬᠦᠷᠢᠶ᠎ᠡ᠎ᠲᠡᠶ ᠵᠢᠵᠢᠭ ᠬᠣᠶᠠᠷ ᠲᠠᠪᠬᠤᠷᠭ᠎ᠠ ᠵᠢᠨ ᠠᠰᠠᠷ ᠪᠤᠯᠵᠤ ᠬᠤᠪᠢᠷᠠᠪᠠ᠃ 5 ᠬᠡᠦᠬᠡᠳ᠎ᠤᠨ 4 ᠨᠢ ᠶᠡᠬᠡ ᠰᠤᠷᠭᠠᠭᠤᠯᠢ᠎ᠳᠤ ᠰᠤᠷᠤᠯᠴᠠᠵᠤ᠂ 1 ᠨᠢ ᠠᠵᠢᠯ ᠮᠡᠷᠭᠡᠵᠢᠯ᠎ᠦᠨ ᠰᠤᠷᠭᠠᠭᠤᠯᠢ᠎ᠳᠤ ᠰᠤᠷᠤᠯᠴᠠᠵᠤ᠂ ᠪᠠᠰᠠ ᠠᠢᠯ ᠭᠡᠷ ᠪᠣᠯᠵᠤ ᠠᠳᠠᠯ ᠪᠣᠰᠭᠠᠵᠠᠢ᠃

ᠣᠳᠣ ᠨᠡᠩ ᠤᠯᠠᠨ ᠬᠦᠮᠦᠨ ᠮᠢᠨ ᠨᠢᠩ ᠪᠠᠯᠭᠠᠰᠤ ᠵᠢ ᠮᠡᠳᠡᠵᠦ᠂ ᠪᠠᠯᠭᠠᠰᠤᠨ᠎ᠤ ᠰᠣᠶᠣᠯ ᠪᠠ ᠵᠢᠭᠤᠯᠴᠢᠯᠠᠯ᠎ᠤᠨ ᠦᠶ᠋ᠯᠡᠰ᠎ᠴᠦ ᠬᠥᠭ᠌ᠵᠢᠵᠦ ᠡᠬᠢᠯᠡᠪᠡ᠃ ᠨᠢᠬᠡᠨ ᠠᠬᠠᠮᠠᠳ ᠨᠠᠰᠤᠨ᠎ᠤ ᠨᠡᠭᠦᠳᠡᠯ ᠠᠷᠠᠳ ᠪᠣᠯᠤᠭ᠍ᠰᠠᠨ᠎ᠤ ᠬᠤᠪᠢ᠎ᠳᠤ᠂ ᠪᠢ ᠪᠠᠯᠭᠠᠰᠤᠨ᠎ᠤ ᠲᠡᠦᠬᠡ ᠎ᠶ᠋ᠢᠨ ᠣᠷᠳᠣᠨ᠎ᠳᠤ ᠵᠢᠭᠤᠯᠴᠢᠯᠠᠭᠰᠠᠳ᠎ᠲᠤ ᠠᠯᠪᠠᠨ ᠵᠢᠷᠤᠮ᠎ᠤᠨ ᠲᠠᠢᠯᠤᠮᠵᠢ ᠬᠢᠵᠤ ᠦᠭᠳᠡᠭ᠂ ᠮᠠᠰᠢ ᠣᠯᠠᠨ ᠵᠢᠭᠤᠯᠴᠢᠯᠠᠭᠰᠠᠳ᠎ᠮᠢᠨ ᠨᠢᠩ ᠪᠠᠯᠭᠠᠰᠤᠨ᠎ᠤ ᠬᠥᠭ᠌ᠵᠢᠯᠲᠡ ᠪᠣᠯ ᠨᠢᠭᠡᠨ ᠭᠠᠢᠬᠠᠮᠱᠢᠭ ᠭᠡᠵᠦ ᠮᠠᠬᠳᠠᠳᠠᠭ᠃

(ᠱᠢᠨᠬᠤᠸᠠ ᠬᠣᠷᠢᠶᠠᠨ᠎ᠤ ᠢᠷᠭᠠᠢ ᠎ᠶ᠋ᠢᠨ 6 ᠰᠠᠷ᠎ᠠ᠎ᠶ᠋ᠢᠨ 13 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面