2022-06-03 20:47:40
2021 ᠣᠨ᠎ᠤ 2 ᠰᠠᠷ᠎ᠠ᠎ᠶ᠋ᠢᠨ 3 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠭᠦᠢᠵᠧᠦ ᠮᠤᠵᠢ᠎ᠳᠤ ᠱᠢᠨᠵᠢᠯᠡᠨ ᠪᠠᠢᠴᠠᠭᠠᠪᠠ᠃ ᠦᠵᠢᠶᠠᠩ ᠮᠥᠷᠡᠨ᠎ᠦ ᠯᠢᠦ ᠴᠥᠩ ᠾᠧ ᠭᠣᠣᠯ᠎ᠤᠨ ᠬᠡᠰᠡᠭ᠎ᠦᠨ ᠬᠤᠸᠠ ᠡᠦ ᠭᠠᠷᠠᠮ᠎ᠳᠤ᠂ ᠲᠡᠷᠡ ᠠᠵᠢᠯᠲᠠᠳ᠎ᠤᠨ ᠤᠰᠤᠨ᠎ᠤ ᠴᠢᠨᠠᠷ᠎ᠢ ᠬᠢᠨᠠᠨ ᠬᠡᠮᠵᠢᠭ᠌ᠰᠡᠨ ᠦᠷ᠎ᠡ ᠳ᠋ᠦᠩ᠎ᠢ ᠪᠠᠢᠴᠠᠭᠠᠨ ᠦᠵᠡᠪᠡ᠃ ᠭᠦᠶ᠋ᠵᠧᠸ᠋ ᠮᠤᠵᠢ᠎ᠶ᠋ᠢᠨ ᠠᠮᠢ ᠠᠬᠤᠶ᠎ᠣᠷᠴᠢᠨ ᠲᠣᠭᠣᠷᠢᠨ᠎ᠢ ᠬᠢᠨᠠᠨ ᠬᠡᠮᠵᠢᠬᠦ᠌ ᠲᠥᠪ᠎ᠦᠨ ᠤᠰᠤᠨ ᠲᠠᠰᠤᠭ᠎ᠤᠨ ᠬᠠᠷᠢᠭᠤᠴᠠᠯᠭᠠᠲᠠᠨ ᠹᠦ᠋ ᠴᠧᠩ ᠴᠧᠩ ᠲᠤᠬᠠᠶ᠎ᠶ᠋ᠢᠨ ᠲᠠᠯᠠᠪᠠᠶ᠎ᠳᠤ ᠪᠠᠢᠪᠠ᠃ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠤᠢ᠍ᠢᠷ᠎ᠠ᠎ᠳᠤ ᠹᠦ᠋ ᠴᠧᠩ ᠴᠧᠩ᠎ᠢ ᠡᠷᠭᠢᠵᠦ ᠰᠤᠷᠪᠤᠯᠵᠢᠯᠠᠪᠠ᠂ ᠳᠣᠣᠷᠠᠬᠢ ᠪᠣᠯ ᠲᠡᠭᠦᠨ᠎ᠦ ᠥᠪᠡᠷ᠎ᠦᠨ ᠲᠤᠭᠠᠴᠢᠯᠲᠠ ᠬᠢᠭᠡᠳ ᠰᠡᠳᠭᠢᠯ᠎ᠦᠨ ᠳᠠᠭᠤᠨ ᠪᠤᠯᠤᠨ᠎ᠠ —
ᠲᠡᠷᠡ ᠡᠳᠦᠷ᠂ ᠪᠢᠳᠡ ᠶᠠᠭ ᠮᠥᠷᠡᠨ᠎ᠦ ᠬᠥᠪᠡᠭᠡᠨ᠎ᠳᠦ ᠦᠵᠢᠶᠠᠩ᠎ᠤᠨ ᠤᠰᠤᠨ᠎ᠤ ᠴᠢᠨᠠᠷ᠎ᠢ ᠬᠢᠨᠠᠨ ᠬᠡᠮᠵᠢᠵᠦ᠍ ᠵᠠᠳᠠᠯᠤᠯᠲᠠ ᠬᠢᠭ᠌ᠰᠡᠨ ᠦᠷ᠎ᠡ ᠳ᠋ᠦᠩ᠎ᠢ ᠪᠠᠢᠴᠠᠭᠠᠵᠤ ᠪᠠᠢᠬᠤ᠎ᠳᠤ ᠶᠡᠷᠦᠩᠬᠡᠢ ᠱᠦᠵᠢ ᠬᠦᠷᠴᠦ᠍ ᠢᠷᠡᠭᠡᠳ ᠪᠢᠳᠠᠨ᠎ᠲᠡᠶ ᠳᠣᠲᠣᠨᠣ᠎ᠪᠠᠷ ᠶᠠᠷᠢᠯᠴᠠᠪᠠ᠂ ᠲᠤᠬᠠᠢ᠎ᠶ᠋ᠢᠨ ᠦᠶ᠎ᠡ᠎ᠶ᠋ᠢᠨ ᠪᠠᠢᠳᠠᠯ ᠤᠳᠤ ᠪᠣᠯᠲᠠᠯ᠎ᠠ ᠮᠢᠨᠦ᠍ ᠲᠠᠷᠢᠬᠢᠨ᠎ᠳᠤ ᠬᠠᠳᠠᠩᠱᠢᠭ᠍ᠰᠠᠭᠠᠷ ᠪᠠᠢᠨ᠎ᠠ᠃
ᠪᠢᠳᠡ ᠲᠤᠬᠠᠶ᠎ᠶ᠋ᠢᠨ ᠲᠠᠯᠠᠪᠠᠢ᠎ᠡᠴᠡ ᠴᠤᠭ᠍ᠯᠠᠭᠤᠯᠤᠭ᠍ᠰᠠᠨ ᠤᠰᠤᠨ᠎ᠤ ᠥᠯᠢᠭᠡᠷ᠎ᠢ ᠶᠡᠷᠦᠩᠬᠡᠶ ᠱᠦᠵᠢ᠎ᠳᠦ ᠳᠠᠮᠵᠢᠭᠤᠯᠬᠤ᠎ᠶ᠋ᠢᠨ ᠬᠠᠮᠲᠤ ᠲᠡᠭᠦᠨ᠎ᠳᠦ ᠬᠠᠷᠢᠭᠤ ᠮᠡᠳᠡᠭᠦᠯᠪᠡ᠄ ᠪᠠᠢᠴᠠᠭᠠᠯᠲᠠ᠎ᠪᠠᠷ ᠳᠡᠮᠵᠢᠨ ᠤᠰᠤᠨ᠎ᠤ ᠴᠢᠨᠠᠷ᠎ᠨᠢ ᠨᠢᠭᠡᠳᠦᠭᠡᠷ ᠲᠥᠷᠥᠯ᠎ᠳᠦ ᠬᠥᠷᠪᠡ᠃ ᠶᠡᠷᠦᠩᠬᠡᠢ ᠱᠦᠵᠢ᠄ 《ᠳᠡᠭᠡᠳᠦ ᠤᠷᠤᠰᠭᠠᠯ᠎ᠤᠨ ᠵᠠᠰᠠᠯᠲᠠᠰᠠᠢ᠌ᠨ ᠪᠠᠢᠬᠤ᠎ᠶ᠋ᠢ ᠬᠠᠷᠠᠭᠤᠯᠵᠤ ᠪᠠᠢᠨ᠎ᠠ》ᠭᠡᠵᠦ ᠪᠠᠶᠠᠷᠲᠠᠢᠬᠠᠨ ᠬᠡᠯᠡᠪᠡ᠃ ᠭᠠᠷᠠᠮ ᠳᠡᠭᠡᠷ᠎ᠡ ᠵᠢᠭᠡᠭᠦᠨ ᠰᠠᠯᠬᠢ ᠰᠠᠯᠬᠢᠯᠠᠵᠤ ᠲᠡᠰᠭᠢᠮ᠎ᠡ ᠬᠦᠢᠳᠡᠨ ᠰᠠᠨᠠᠭᠳᠠᠭᠤᠯᠵᠤ ᠪᠠᠢᠭᠰᠠᠨ ᠴᠤ᠌᠂ ᠶᠡᠷᠦᠩᠬᠡᠢ ᠱᠦᠵᠢ᠎ᠶ᠋ᠢᠨ ᠨᠤᠲᠠᠯᠠᠯᠲᠠ ᠨᠢ ᠮᠠᠨᠤᠰ᠎ᠤᠨ ᠰᠡᠳᠭᠢᠯ᠎ᠢ ᠳᠤᠯᠠᠭᠠᠴᠡᠭᠤᠯᠪᠠ᠃
ᠶᠡᠷᠦᠩᠬᠡᠶ ᠱᠦᠵᠢ ᠮᠥᠷᠡᠨ ᠳᠠᠭᠠᠤ ᠶᠠᠪᠠᠭᠠᠨ᠎ᠢᠶᠠᠷ ᠦᠵᠢᠶᠠᠩ ᠮᠥᠷᠡᠨ᠎ᠦ ᠠᠮᠢ ᠠᠬᠤᠶ ᠣᠷᠴᠢᠨ ᠲᠣᠭᠣᠷᠢᠨ ᠪᠠ ᠤᠰᠤᠨ᠎ᠤ ᠴᠢᠨᠠᠷ᠎ᠤᠨ ᠪᠠᠢᠳᠠᠯ᠎ᠢ ᠪᠠᠢᠴᠠᠭᠠᠨ ᠦᠵᠡᠵᠦ᠍᠂ ᠭᠤᠤᠯ ᠤᠷᠤᠭᠤ ᠪᠣᠬᠢᠷᠲᠤᠯ ᠭᠠᠳᠠᠭ᠍ᠰᠢᠯᠠᠭᠤᠯᠬᠤ ᠠᠮᠠ᠎ᠶ᠋ᠢᠨ ᠬᠠᠮᠢᠶᠠᠷᠤᠯᠲᠠ ᠪᠠ ᠤᠰᠤᠨ᠎ᠤ ᠴᠢᠨᠠᠷ᠎ᠢ ᠬᠢᠨᠠᠨ ᠬᠡᠮᠵᠢᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠬᠤ ᠠᠷᠭ᠎ᠠ ᠬᠢᠳᠡᠯ᠎ᠢ ᠨᠤᠲᠠᠯᠠᠪᠠ᠃ ᠲᠡᠷᠡ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠬᠥᠭ᠌ᠵᠢᠯᠲᠡ ᠪᠣᠯᠤᠨ ᠠᠮᠢ ᠠᠬᠤᠢ᠎ᠶ᠋ᠢᠨ ᠬᠣᠶᠠᠷ ᠬᠣᠷᠢᠭ᠎ᠠ ᠱᠤᠭᠤᠮ᠎ᠢ ᠰᠠᠬᠢᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠭ᠍ᠰᠠᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠴᠢᠷᠮᠠᠢᠨ ᠵᠠᠮᠨᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠶᠡᠷᠦᠩᠬᠡᠢ ᠱᠦᠵᠢ᠎ᠶ᠋ᠢᠨ ᠦᠭᠡ᠎ᠶ᠋ᠢ ᠰᠣᠨᠣᠰᠤᠭᠠᠳ ᠪᠢᠳᠡᠨ᠎ᠤ ᠡᠷᠴᠢ ᠵᠣᠷᠢᠭ ᠬᠥᠪᠴᠢᠯᠡᠭ᠌ᠳᠡᠭᠰᠡᠨ ᠪᠦᠭᠡᠳ ᠮᠦᠷᠦᠨ ᠲᠡᠭᠡᠷᠡᠬᠢ ᠡᠭᠦᠷᠭᠡ ᠨᠡᠩ ᠬᠦᠨᠳᠦ ᠰᠠᠨᠠᠭᠳᠠᠯ᠎ᠠ᠃
ᠦᠵᠢᠶᠠᠩ ᠮᠥᠷᠡᠨ ᠪᠣᠯ ᠭᠦᠢᠵᠧᠦ ᠮᠤᠵᠢ᠎ᠶ᠋ᠢᠨ ᠨᠢᠭᠡᠳᠦᠭᠡᠷ ᠶᠡᠬᠡ ᠭᠣᠣᠯ ᠪᠠᠢᠵᠤ᠂ ᠬᠥᠬᠡᠮᠥ᠋ᠷᠡᠨ᠎ᠦ ᠳᠡᠭᠡᠳᠦ ᠤᠷᠤᠰᠭᠠᠯ᠎ᠤᠨ ᠪᠠᠷᠠᠭᠤᠨ ᠡᠷᠭᠢ᠎ᠶ᠋ᠢᠨ ᠬᠠᠮᠤᠭ᠎ᠤᠨ ᠶᠡᠬᠡ ᠰᠠᠯᠪᠤᠷᠢ ᠤᠷᠤᠰᠭᠠᠯ ᠪᠣᠯᠤᠨ᠎ᠠ᠃ ᠪᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ᠌ ᠠᠵᠢᠯ᠎ᠢ ᠬᠢᠭᠡᠳ 10 ᠵᠢᠯ ᠪᠣᠯᠵᠤ ᠪᠠᠢᠨ᠎ᠠ᠂ ᠦᠵᠢᠶᠠᠩ ᠮᠥᠷᠡᠨ᠎ᠦ ᠰᠠᠪᠠ ᠭᠠᠵᠠᠷ᠎ᠤᠨ ᠠᠮᠢ ᠠᠬᠤᠢ᠎ᠣᠷᠴᠢᠨ ᠲᠣᠭᠣᠷᠢᠨ᠎ᠤ ᠬᠤᠪᠢᠷᠠᠯᠲᠠ᠎ᠶ᠋ᠢ ᠨᠢᠳᠦ᠍᠎ᠪᠡᠷ᠎ᠢᠶᠡᠨ ᠬᠠᠷᠠᠯ᠎ᠠ᠃
ᠥᠩᠭᠡᠷᠡᠭ᠌ᠰᠡᠨ ᠨᠢᠭᠡ ᠬᠤᠭᠤᠴᠠᠭᠠᠨ᠎ᠳᠤ᠂ ᠡᠷᠭᠢ ᠳᠠᠭᠠᠤ᠎ᠶ᠋ᠢᠨ ᠠᠵᠤ ᠦᠢᠯᠡᠳᠪᠦᠷᠢ ᠵᠢᠨ ᠠᠵᠤ ᠠᠬᠤᠢᠯᠠᠯ᠎ᠤᠨ ᠡᠵᠡᠩᠨᠡᠯᠲᠡ ᠪᠦᠳᠦᠭᠦᠯᠢᠭ᠂ ᠭᠣᠣᠯ ᠳᠠᠭᠠᠤ ᠲᠤᠤᠷᠯᠢᠭ ᠲᠦᠷᠪᠡᠯᠵᠢ ᠳ᠋ᠦ ᠲᠡᠵᠢᠭᠡᠨ ᠦᠷᠡᠵᠢᠭᠦᠯᠬᠦ᠌ ᠠᠵᠢᠯ ᠳᠠᠭᠠᠭᠠᠴᠡ᠎ᠡᠴᠡ ᠬᠡᠲᠦᠷᠡᠵᠦ᠂ ᠬᠣᠶᠠᠷ ᠡᠷᠬᠢ᠎ᠵᠢᠨ ᠪᠣᠬᠢᠷ ᠤᠰᠤ᠎ᠶ᠋ᠢ ᠱᠢᠢᠳᠪᠦᠷᠢᠯᠡᠬᠦ᠌ ᠠᠵᠢᠯ ᠬᠤᠵᠢᠮᠳᠠᠭᠰᠠᠨ ᠵᠡᠷᠭᠡ ᠱᠢᠯᠲᠠᠭᠠᠨ᠎ᠡᠴᠡ ᠪᠤᠯᠵᠤ᠂ ᠦᠵᠢᠶᠠᠩ ᠮᠥᠷᠡᠨ᠎ᠦ ᠰᠠᠪᠠ ᠭᠠᠵᠠᠷ ᠬᠦᠨᠳᠦ ᠨᠤᠴᠢᠳᠠᠢ ᠪᠤᠬᠢᠷᠳᠤᠵᠤ᠂ ᠨᠢᠭᠡᠨ ᠦᠶ᠎ᠡ ᠬᠥᠮᠦᠰ᠎ᠲᠦ 《ᠪᠣᠬᠢᠷᠲᠤᠭ᠍ᠰᠠᠨ ᠮᠥᠷᠡᠨ》 ᠬᠡᠮᠡᠭ᠌ᠳᠡᠪᠡ᠃ ᠡᠨᠡ ᠬᠡᠳᠦᠨ ᠵᠢᠯ᠎ᠳᠦ᠂ ᠮᠤᠵᠢ᠎ᠡᠴᠡ 《 ᠬᠠᠲᠠᠭᠤ ᠴᠢᠩᠭ᠎ᠠ ᠠᠷᠭ᠎ᠠ ᠬᠡᠮᠵᠢᠢ᠎ᠡ 》 ᠪᠡᠷ ᠪᠣᠬᠢᠷᠲᠤᠯ᠎ᠢ ᠵᠠᠰᠠᠭᠰᠠᠨ᠎ᠢᠶᠡᠷ ᠦᠵᠢᠶᠠᠩ ᠮᠥᠷᠡᠨ᠎ᠦ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠮᠡᠳᠡᠭ᠌ᠳᠡᠮ᠎ᠡ ᠰᠠᠢᠵᠢᠷᠠᠵᠤ᠂ ᠤᠰᠤᠨ᠎ᠤ ᠴᠢᠨᠠᠷ ᠱᠢᠯᠢᠳᠡᠭ ᠰᠠᠢ᠌ᠨ ᠪᠠᠢᠬᠤ ᠨᠤᠷᠮ᠎ᠠ ᠲᠣᠭ᠍ᠲᠠᠭᠤᠨ᠎ᠤ ᠳᠤᠮᠳᠠ ᠳᠡᠭᠡᠭ᠌ᠰᠢᠯᠡᠪᠡ᠃
ᠶᠡᠷᠦᠩᠬᠡᠢ ᠱᠦᠵᠢ᠄ ᠭᠦᠢᠵᠧᠦ ᠦᠨᠡᠬᠡᠷ ᠠᠭᠤᠯᠠ ᠤᠰᠤ ᠰᠠᠢ᠌ᠬᠠᠨ᠂ ᠡᠨᠡ ᠬᠡᠰᠡᠭ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠵᠠᠪᠠᠯ ᠰᠠᠢᠲᠤᠷ ᠬᠠᠮᠠᠭᠠᠯᠠᠬᠤ ᠬᠡᠷᠡᠭ᠌ᠲᠡᠢ ᠭᠡᠵᠦ᠍ ᠬᠡᠯᠡᠪᠡ᠃ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠢ ᠵᠠᠪᠠᠯ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ᠌ ᠠᠵᠢᠯ᠎ᠢ ᠰᠠᠢᠲᠤᠷ ᠬᠢᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠷᠠᠭᠤᠯ᠎ᠤᠨ ᠴᠡᠷᠢᠭ ᠪᠣᠯᠤᠨ᠎ᠠ᠃ ᠪᠢᠳᠡᠨ᠎ᠦ ᠡᠳᠦᠷ ᠪᠦᠷᠢ᠎ᠶ᠋ᠢᠨ ᠠᠵᠢᠯ᠎ᠤᠨ ᠨᠢᠭᠡᠳᠦᠭᠡᠷ ᠶᠠᠪᠤᠳᠠᠯ ᠪᠣᠯ ᠳᠠᠷᠤᠶ ᠪᠥᠬᠥ᠌ ᠮᠤᠵᠢ᠎ᠶ᠋ᠢᠨ ᠡᠯ᠎ᠡ ᠭᠠᠵᠠᠷ᠎ᠤᠨ ᠤᠰᠤᠨ᠎ᠤ ᠴᠢᠨᠠᠷ᠎ᠢ ᠬᠢᠨᠠᠨ ᠬᠡᠮᠵᠢᠭ᠌ᠰᠡᠨ ᠲᠣᠭ᠎ᠠ ᠪᠠᠷᠢᠮᠲᠠ᠎ᠶ᠋ᠢ ᠪᠠᠢᠴᠠᠭᠠᠬᠤ᠎ᠶ᠋ᠢᠨ ᠬᠠᠮᠲᠤ ᠬᠡᠪ᠎ᠦᠨ ᠪᠤᠰᠤ ᠲᠣᠭ᠎ᠠ ᠪᠠᠷᠢᠮᠲᠠ᠎ᠳᠤ ᠵᠠᠳᠠᠯᠤᠯᠲᠠ ᠬᠢᠵᠦ᠍ ᠰᠤᠳᠤᠯᠤᠨ ᠮᠠᠭᠠᠳᠯᠠᠯᠲᠠ ᠬᠢᠬᠦ᠌ ᠶᠠᠪᠤᠳᠠᠯ ᠪᠣᠯᠤᠨ᠎ᠠ᠃ ᠨᠢᠳᠤᠨᠤᠨ ᠵᠤᠨ᠂ ᠤᠯᠤᠰ᠎ᠡᠴᠡ ᡂᠢ ᠱᠦᠢ ᠾᠧ ᠭᠣᠣᠯ᠎ᠤᠨ ᠪᠣᠬᠢᠷᠲᠤᠯ ᠭᠠᠳᠠᠭ᠍ᠰᠢᠯᠠᠭᠤᠯᠬᠤ ᠠᠮᠠᠰᠠᠷ᠎ᠢ ᠪᠠᠢᠴᠠᠭᠠᠬᠤ ᠠᠵᠢᠯ᠎ᠳᠤ ᠬᠠᠮᠵᠢᠯᠴᠠᠵᠤ᠂ ᠪᠢ ᠬᠠᠮᠲᠤ ᠠᠵᠢᠯᠯᠠᠭ᠍ᠰᠠᠳ᠎ᠲᠠᠶ᠎ᠪᠠᠨ ᠬᠠᠯᠠᠭᠤᠨ ᠨᠠᠷᠠᠨ᠎ᠤ ᠳᠤᠤᠷ᠎ᠠ᠂ ᠬᠣᠶᠠᠷ ᠡᠳᠦᠷ ᠬᠠᠭᠠᠰ᠎ᠤᠨ ᠴᠠᠭ ᠬᠡᠷᠡᠭᠰᠡᠵᠦ ᡂᠢ ᠱᠦᠢ ᠾᠧ ᠭᠣᠣᠯ᠎ᠤᠨ ᠨᠢᠭᠡ ᠭᠣᠣᠯ᠎ᠤᠨ ᠬᠡᠰᠡᠭ᠎ᠦᠨ 35 ᠵᠤᠷᠪᠤᠰ ᠨᠢᠭᠡᠳᠦᠭᠡᠷ ᠳᠡᠰ᠎ᠤᠨ ᠰᠠᠯᠪᠤᠷᠢ ᠤᠷᠤᠰᠭᠠᠯ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠰᠤᠷᠪᠤᠯᠵᠢᠯᠠᠵᠤ᠂ ᠲᠣᠭ᠎ᠠ ᠪᠠᠷᠢᠮᠲᠠ᠎ᠶ᠋ᠢᠨ ᠵᠠᠳᠠᠯᠤᠯᠲᠠ ᠰᠤᠳᠤᠯᠤᠯᠲᠠ᠎ᠶ᠋ᠢ ᠪᠡᠶᠡᠯᠡᠭᠦᠯᠵᠦ᠍᠂ ᠬᠦᠵᠦᠭᠦᠦ ᠪᠠᠨ ᠪᠤᠷᠤᠯᠠᠳᠠᠯᠠ ᠰᠢᠷᠠᠭᠳᠠᠪᠠ᠃ ᠬᠠᠯᠠᠭᠤᠨ ᠨᠠᠷᠠᠨ᠎ᠳᠤ ᠬᠡᠳᠦᠢ ᠱᠢᠷᠠᠭ᠍ᠳᠠᠭ᠍ᠰᠠᠨ ᠴᠤ᠌ ᠬᠢᠨᠠᠨ ᠬᠡᠮᠵᠢᠬᠦ᠌ ᠠᠵᠢᠯ᠎ᠢ ᠰᠠᠭᠠᠲᠠᠭᠠᠵᠤ ᠪᠣᠯᠬᠤ ᠦᠭᠡᠢ ᠭᠡᠵᠦ ᠬᠠᠮᠲᠤ ᠠᠵᠢᠯᠲᠠᠳᠮᠠᠨᠢ ᠶᠠᠷᠢᠬᠤ ᠶᠤᠮ᠂᠃
ᠪᠢᠳᠡᠨ᠎ᠦ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ᠌ ᠴᠢᠳᠠᠪᠤᠷᠢ ᠪᠠᠰᠠ ᠳᠡᠭᠡᠭ᠌ᠰᠢᠯᠡᠵᠦ᠍ ᠪᠠᠢᠨ᠎ᠠ᠃ ᠨᠢᠳᠤᠨᠤᠨ᠎ᠤ 10 ᠰᠠᠷ᠎ᠠ᠎ᠳᠤ᠂ ᠭᠦᠶ᠋ᠵᠧᠤ᠎ᠶ᠋ᠢᠨ ᠬᠥᠬᠡᠮᠥ᠋ᠷᠡᠨ᠎ᠦ ᠠᠵᠤ ᠠᠬᠤᠶ᠎ᠶ᠋ᠢᠨ ᠪᠦᠰᠡ᠎ᠶ᠋ᠢᠨ ᠤᠰᠤᠨ᠎ᠤ ᠴᠢᠨᠠᠷ᠎ᠤᠨ ᠠᠦ᠋ᠲ᠋ᠣ᠋ ᠬᠢᠨᠠᠨ ᠬᠡᠮᠵᠢᠯᠲᠡ᠎ᠶ᠋ᠢᠨ 65 ᠥᠷᠲᠡᠭᠡ ᠤᠯᠤᠰ᠎ᠤᠨ ᠱᠢᠯᠭᠠᠨ ᠪᠠᠢᠴᠠᠭᠠᠯᠲᠠ᠎ᠶ᠋ᠢ ᠤᠷᠤᠭ᠍ᠰᠢᠲᠠᠶ ᠥᠩᠭᠡᠷᠡᠭᠡᠵᠦ᠍᠂ ᠥᠩᠭᠡᠷᠡᠭ᠌ᠰᠡᠨ᠎ᠦ ᠭᠠᠷᠵᠢᠡᠷ ᠬᠢᠨᠠᠨ ᠬᠡᠮᠵᠢᠬᠦ ᠦᠶᠡᠯᠡᠯ᠎ᠦᠨ ᠬᠤᠭᠤᠴᠠᠭ᠎ᠠ ᠣᠷᠳᠣ᠂ ᠤᠰᠤᠨ᠎ᠤ ᠴᠢᠨᠠᠷ᠎ᠤᠨ ᠠᠮᠤᠷ ᠲᠦᠪᠱᠢᠨ᠎ᠦ ᠳᠠᠯᠳᠠ ᠬᠡᠮ᠎ᠢ ᠴᠠᠭ ᠲᠤᠬᠠᠶ᠎ᠳᠤᠨᠢ ᠢᠯᠡᠷᠡᠭᠦᠯᠵᠦ᠍ ᠳᠡᠢᠯᠬᠦ᠌ ᠥᠬᠡᠶ ᠪᠠᠢᠭ᠍ᠰᠠᠨ ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃
ᠬᠥᠮᠦᠰ ᠬᠥᠬᠡᠮᠳᠦᠭ ᠠᠭᠤᠯᠠ᠎ᠶ᠋ᠢ ᠬᠥᠰᠡᠷᠳᠡᠭᠦᠯᠬᠦ᠌ ᠦᠭᠡᠢ ᠪᠤᠯ ᠬᠥᠬᠡᠮᠳᠦᠭ ᠠᠭᠤᠯᠠ ᠬᠥᠮᠦᠰ᠎ᠢ ᠯᠠᠪ ᠬᠥᠰᠡᠷᠳᠡᠭᠦᠯᠬᠦ᠌ ᠦᠭᠡᠢ ᠶᠤᠮ᠃ ᠦᠵᠢᠶᠠᠩ ᠮᠥᠷᠡᠨ᠂ ᠴᠢᠩ ᠱᠦᠢ ᠵᠢᠶᠠᠩ ᠮᠥᠷᠡᠨ᠂ ᠤ᠋ᠤᠢ ᠱᠦᠢ ᠾᠧ ᠭᠣᠣᠯ᠎ᠡᠴᠡ ᠯᠢᠦ ᡁᠢ ᠾᠧ ᠭᠣᠣᠯ᠂ ᠰᠦᠩ ᠲᠤᠤ ᠾᠧ ᠭᠣᠣᠯ᠂ ᠼᠤᠤ ᠬᠠᠢ ᠭᠤᠤᠯ ᠬᠦᠷᠲᠡᠯ᠎ᠡ᠂ ᠮᠠᠨ᠎ᠤ ᠠᠵᠢᠯ᠎ᠤᠨ ᠬᠦᠷᠦᠭ᠌ᠰᠡᠨ ᠭᠠᠵᠠᠷ ᠪᠤᠯᠭᠠᠨ ᠳ᠋ᠦ ᠶᠡᠷᠦ᠎ᠨᠢ ᠲᠤᠬᠠᠢ᠎ᠶ᠋ᠢᠨ ᠭᠠᠵᠠᠷ᠎ᠤᠨ ᠬᠥᠮᠦᠰ᠎ᠦᠨ ᠢᠩᠭᠢᠵᠦ᠍ ᠬᠡᠯᠡᠬᠦ᠌᠎ᠶ᠋ᠢ ᠣᠯᠵᠤ ᠰᠣᠨᠣᠰᠳᠠᠭ ᠄ ᠤᠰᠤ ᠨᠡᠩ ᠲᠤᠩᠭᠠᠯᠠᠭᠰᠢᠨ᠂ ᠵᠢᠭᠠᠰᠤ ᠨᠡᠩ ᠤᠯᠠᠰᠢᠷᠠᠨ᠂ ᠮᠠᠨ ᠤ᠋ ᠨᠤᠲᠤᠭ ᠨᠡᠩ ᠭᠤᠶᠤ ᠪᠤᠯᠵᠠᠢ᠃ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ ᠪᠣᠳᠠᠲᠤ ᠠᠬᠤᠢ ᠪᠤᠯᠵᠤ᠂ ᠨᠤᠲᠤᠭ ᠤᠰᠤ ᠤᠯᠠᠮ᠎ᠡᠴᠡ ᠤᠯᠠᠮ ᠦᠵᠡᠰᠭᠦᠯᠡᠩᠲᠦ ᠰᠠᠢᠬᠠᠨ ᠪᠤᠯᠵᠤ ᠪᠠᠢᠬᠤ᠎ᠶ᠋ᠢ ᠬᠠᠷᠠᠭᠠᠳ ᠪᠢ ᠮᠠᠰᠢ ᠪᠠᠶᠠᠷᠯᠠᠵᠤ᠂ ᠮᠠᠰᠢ ᠣᠮᠣᠭ᠍ᠰᠢᠵᠤ ᠪᠠᠢᠨ᠎ᠠ᠃
(ᠰᠢᠨᠬᠤᠸᠠ ᠬᠤᠷᠢᠶᠠᠨ᠎ᠤ ᠭᠦᠢᠶᠠᠩ᠎ᠤᠨ 5 ᠰᠠᠷ᠎ᠠ᠎ᠶᠢᠨ 31᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃