ᠭᠣᠣᠯ ᠰᠡᠳᠦᠪᠲᠦ ᠮᠡᠳᠡᠭᠡᠯᠡᠯ > ᠶᠡᠷᠦᠩᠬᠡᠢ ᠱᠦᠵᠢ ᠠᠷᠠᠳ ᠲᠦᠮᠡᠨ ᠲᠠᠢ᠎ᠪᠠᠨ ᠬᠠᠮᠤᠭ᠎ᠤ᠋ᠨ ᠳᠣᠲᠣᠨᠣ

2022-07-16 20:37:59

ᠵᠣᠬᠢᠶᠠᠭ᠍ᠴᠢ᠄ ᠭᠦᠸᠧ ᠵᠢᠩ ᠳ᠋ᠠᠨ ᠦ᠋ ᠵᠧᠨ ᠳ᠋ᠦᠩ ᠣᠩᠱᠢᠭ᠍ᠰᠠᠨ ᠣᠳᠠᠭ᠎ᠠ᠄ 3

2020 ᠣᠨ᠎ᠤ 6 ᠰᠠᠷ᠎ᠠ᠎ᠳᠤ᠂ ᠹᠦᠳᠠᠨ ᠶᠡᠬᠡ ᠰᠤᠷᠭᠠᠭᠤᠯᠢ᠎ᠶ᠋ᠢᠨ《ᠡᠪ ᠬᠠᠮᠲᠤ ᠨᠠᠮ᠎ᠤᠨ ᠲᠤᠩᠬᠠᠭ》᠎ᠤ᠋ᠨ ᠦᠵᠡᠭᠦᠯᠭᠡ᠎ᠶ᠋ᠢᠨ ᠣᠷᠳᠣᠨ᠎ᠤ ᠨᠠᠮ᠎ᠤᠨ ᠭᠡᠱᠢᠭᠦᠨ᠎ᠦ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢᠨ ᠪᠥᠬᠥ᠌ ᠭᠡᠱᠢᠭᠦᠳ ᠶᠡᠷᠦᠩᠬᠡᠶ ᠱᠦᠵᠢ ᠰᠢ ᠵᠢᠨ ᠫᠢᠩ᠎ᠳᠦ ᠵᠠᠬᠢᠳᠠᠯ ᠪᠢᠴᠢᠵᠦ᠍᠂ ᠰᠠᠢᠨ ᠳᠤᠷ᠎ᠠ᠎ᠶ᠋ᠢᠨ ᠲᠠᠢᠯᠤᠮᠵᠢ᠎ᠶ᠋ᠢᠨ ᠦᠶ᠋ᠯᠡᠴᠢᠯᠡᠭᠡ᠎ᠳᠦ ᠣᠷᠣᠯᠴᠠᠭ᠍ᠰᠠᠨ ᠥᠩᠭᠡᠷᠡᠯᠲᠡ ᠪᠠ ᠲᠥᠷᠥᠭ᠌ᠳᠡᠯ᠎ᠢᠶᠡᠨ ᠬᠠᠷᠢᠭᠤ ᠮᠡᠳᠡᠭᠦᠯᠪᠡ᠃ ᠶᠡᠷᠦᠩᠬᠡᠢ ᠱᠦᠵᠢ ᠰᠢ ᠵᠢᠨ ᠫᠢᠩ ᠲᠤᠰ ᠰᠠᠷ᠎ᠠ᠎ᠳᠤ ᠬᠠᠷᠢᠭᠤ ᠵᠠᠬᠢᠳᠠᠯ ᠢᠯᠡᠭᠡᠵᠦ᠍ ᠲᠡᠳᠡᠨ᠎ᠢ ᠬᠦᠰᠡᠯᠡᠩ ᠢᠲᠡᠭᠡᠯ ᠪᠢᠱᠢᠷᠡᠯ᠎ᠦᠨ ᠦᠯᠢᠭᠡᠷ᠎ᠢ ᠦᠷᠭᠦᠯᠵᠢᠯᠡᠨ ᠰᠠᠢᠲᠤᠷ ᠶᠠᠷᠢᠬᠤ᠎ᠶ᠋ᠢ ᠵᠣᠷᠢᠭ᠍ᠵᠢᠭᠤᠯᠤᠭ᠍ᠰᠠᠨ ᠪᠥᠭᠡᠳ ᠪᠦᠬᠦ᠌ ᠤᠯᠤᠰ᠎ᠤᠨ ᠥᠷᠭᠡᠨ ᠤᠯᠠᠨ ᠨᠠᠮ᠎ᠤᠨ ᠭᠡᠱᠢᠭᠦᠨ ᠢᠯᠠᠩᠭᠤᠶ᠎ᠠ ᠵᠠᠯᠠᠭᠤ ᠨᠠᠮ᠎ᠤᠨ ᠭᠡᠱᠢᠭᠦᠳ ᠲᠤ᠌ ᠴᠢᠩ ᠰᠡᠳᠭᠢᠯ᠎ᠦᠨ ᠬᠦᠰᠡᠯ ᠨᠠᠢᠳᠠᠯᠭ᠎ᠠ ᠳᠤᠷᠠᠳᠤᠭᠰᠠᠨ ᠪᠠᠢᠨ᠎ᠠ᠃ ᠤᠢ᠍ᠢᠷ᠎ᠠ᠎ᠳᠤ᠂ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠵᠠᠬᠢᠳᠠᠯ ᠪᠢᠴᠢᠬᠦ᠌᠎ᠳᠦ ᠣᠷᠣᠯᠴᠠᠵᠤ ᠥᠩᠭᠡᠷᠡᠭ᠌ᠰᠡᠨ ᠭᠡᠱᠢᠭᠦᠨ ᠵᠶ᠋ᠢ ᠮᠢᠩ ᠼᠸᠨ᠎ᠢ ᠰᠤᠷᠪᠤᠯᠵᠢᠯᠠᠵᠤ᠂ ᠲᠡᠭᠦᠨ᠎ᠦ ᠵᠠᠬᠢᠳᠠᠯ ᠪᠢᠴᠢᠬᠦ᠌ ᠦᠶ᠎ᠡ ᠵᠢᠨ ᠠᠯᠢ ᠤᠯᠠᠨ ᠨᠠᠷᠢᠨ ᠵᠦᠢᠯᠡᠰ ᠪᠣᠯᠤᠨ ᠶᠡᠷᠦᠩᠬᠡᠢ ᠱᠦᠵᠢ᠎ᠶ᠋ᠢᠨ ᠵᠣᠷᠢᠭ᠍ᠵᠢᠭᠤᠯᠤᠯ᠎ᠢ ᠣᠯᠤᠭ᠍ᠰᠠᠨ᠎ᠤ ᠳᠠᠷᠠᠭᠠᠬᠢ ᠠᠵᠢᠯᠯᠠᠭ᠎ᠠ᠎ᠪᠠᠨ ᠶᠠᠷᠢᠬᠤ᠎ᠶ᠋ᠢ ᠰᠣᠨᠣᠰᠪᠠ —

2018 ᠣᠨ᠎ᠤ 5 ᠰᠠᠷ᠎ᠠ᠎ᠳᠤ᠂ ᠮᠠᠷᠺᠰ᠎ᠤᠨ ᠮᠡᠨᠳᠦᠯᠡᠭ᠌ᠰᠡᠨ 200 ᠵᠢᠯ᠎ᠦᠨ ᠤᠢ ᠶ᠋ᠢᠨ ᠡᠮᠦᠨᠡᠬᠡᠨ᠂ ᠰᠤᠷᠭᠠᠭᠤᠯᠢ ᠡᠴᠡ ᠰᠤᠷᠭᠠᠭᠤᠯᠢ᠎ᠶ᠋ᠢᠨ ᠠᠬᠠᠮᠠᠳ ᠵᠠᠬᠢᠷᠤᠯ ᠴᠧᠨ ᠸᠠᠩ ᠳ᠋ᠤᠤ ᠠᠪᠤᠭᠠᠢ᠎ᠶ᠋ᠢᠨ ᠬᠠᠭᠤᠴᠢᠨ ᠰᠠᠭᠤᠴᠠ᠎ᠶ᠋ᠢ ᠵᠠᠰᠠᠵᠤ᠂ 《ᠢᠲᠡᠭᠡᠯ ᠪᠢᠱᠢᠷᠡᠯ᠎ᠦᠨ ᠡᠬᠢ ᠡᠭᠦᠰᠦᠯ》ᠪᠡᠷ ᠭᠣᠣᠯ ᠰᠡᠳᠦᠪ ᠪᠣᠯᠭᠠᠨ《ᠡᠪ ᠬᠠᠮᠲᠤ ᠨᠠᠮ᠎ᠤᠨ ᠲᠤᠩᠬᠠᠭ》᠎ᠤ᠋ᠨ ᠦᠵᠡᠭᠦᠯᠭᠡ᠎ᠶ᠋ᠢᠨ ᠣᠷᠳᠣᠨ᠎ᠢ ᠪᠠᠢᠭᠤᠯᠬᠤ᠎ᠶ᠋ᠢᠨ ᠬᠠᠮᠲᠤ ᠵᠠᠯᠠᠭᠤ ᠪᠠᠭ᠍ᠰᠢ ᠰᠤᠷᠤᠬ᠍ᠴᠢ ᠨᠠᠮ᠎ᠤᠨ ᠭᠡᠱᠢᠭᠦᠳ᠎ᠢᠶᠡᠷ ᠭᠣᠣᠯ ᠴᠣᠭ᠍ᠴᠠ ᠪᠣᠯᠭᠠᠭ᠍ᠰᠠᠨ《ᠤᠴᠢ》ᠨᠠᠮ᠎ᠤᠨ ᠭᠡᠱᠢᠭᠦᠨ᠎ᠦ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢ ᠪᠠᠢᠭᠤᠯᠪᠠ᠂ ᠪᠢ ᠵᠣᠯ᠎ᠢᠶᠠᠷ ᠦᠢᠯᠡᠴᠢᠯᠡᠭᠡᠨ᠎ᠦ ᠠᠩᠬᠢ᠎ᠶ᠋ᠢᠨ ᠨᠢᠭᠡ ᠭᠡᠱᠢᠭᠦᠨ ᠪᠣᠯᠤᠭ᠍ᠰᠠᠨ᠎ᠳᠠᠭᠠᠨ ᠪᠠᠶᠠᠷᠯᠠᠵᠤ ᠪᠠᠢᠨ᠎ᠠ᠃

2020 ᠣᠨ ᠪᠣᠯ ᠴᠧᠨ ᠸᠠᠩ ᠳ᠋ᠤᠤ᠎ᠶ᠋ᠢᠨ ᠣᠷᠴᠢᠭᠤᠯᠤᠭ᠍ᠰᠠᠨ《ᠡᠪ ᠬᠠᠮᠲᠤ ᠨᠠᠮ ᠎ᠤᠨ ᠲᠤᠩᠬᠠᠭ》 ᠎ᠤ᠋ᠨ ᠠᠩᠬᠠᠳᠠᠭ᠍ᠴᠢ ᠬᠢᠲᠠᠳ ᠬᠡᠯᠡᠨ᠎ᠦ ᠪᠦᠷᠢᠨ ᠣᠷᠴᠢᠭᠤᠯᠭ᠎ᠠ᠎ᠶ᠋ᠢᠨ ᠳᠡᠪᠲᠡᠷ ᠬᠡᠪᠯᠡᠭ᠌ᠳᠡᠭ᠌ᠰᠡᠨ 100 ᠵᠢᠯ᠎ᠦᠨ ᠤᠢ ᠪᠣᠯᠤᠨ᠎ᠠ᠃ ᠡᠨᠡ ᠬᠦ᠌ ᠣᠨᠴᠠᠭᠠᠢ ᠣᠨ ᠵᠢᠯ᠎ᠳᠦ᠂ ᠮᠠᠨ᠎ᠤ ᠤᠳᠠᠭ᠎ᠠ ᠪᠦᠷᠢ᠎ᠶ᠋ᠢᠨ ᠲᠠᠢᠯᠪᠤᠷᠢᠯᠠᠯᠲᠠ ᠨᠢ ᠴᠥᠮ ᠨᠠᠮ ᠪᠠᠢᠭᠤᠯᠤᠭ᠍ᠰᠠᠨ ᠬᠣᠱᠢᠭᠤᠴᠢ ᠬᠤᠪᠢᠰᠬᠠᠯᠴᠢ᠎ᠲᠠᠶ ᠴᠠᠭ ᠬᠤᠭᠤᠴᠠᠭ᠎ᠠ ᠪᠠ ᠣᠷᠣᠨ ᠵᠠᠢ ᠠᠯᠤᠰᠯᠠᠭ᠍ᠰᠠᠨ ᠶᠠᠷᠢᠯᠴᠠᠭ᠎ᠠ ᠬᠢᠵᠤ ᠪᠠᠢᠭ᠎ᠠ ᠱᠢᠭ᠋ ᠪᠠᠢᠵᠤ᠂ ᠦᠨᠡᠨ ᠶᠣᠰᠣᠨ᠎ᠤ ᠠᠩᠬᠢᠯᠤᠮ᠎ᠠ ᠦᠨᠦᠷ᠎ᠤᠨ ᠠᠮᠲᠠᠯᠢᠭ ᠰᠠᠢᠬᠠᠨ᠎ᠢ ᠨᠡᠩ ᠭᠦᠨᠵᠡᠭᠡᠢ ᠮᠡᠳᠡᠷᠡᠳᠡᠭ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 99 ᠨᠠᠰᠤᠨ᠎ᠤ ᠲᠥᠷᠥᠭ᠌ᠰᠡᠨ ᠡᠳᠦᠷ᠎ᠦᠨ ᠪᠠᠶᠠᠷ ᠬᠦᠷᠴᠦ᠍ ᠢᠷᠡᠬᠦ᠌᠎ᠶ᠋ᠢ ᠳᠠᠭᠠᠯᠳᠤᠨ᠂ ᠭᠠᠯ ᠬᠠᠯᠠᠭᠤᠨ ᠰᠡᠳᠭᠢᠯᠭᠡ ᠮᠠᠨ᠎ᠤ ᠰᠡᠳᠭᠢᠯ᠎ᠳᠦ ᠣᠷᠭᠢᠯᠤᠨ ᠪᠠᠳᠠᠷᠠᠵᠠᠢ᠃

2012 ᠣᠨ᠎ᠤ 11 ᠰᠠᠷ᠎ᠠ᠎ᠶ᠋ᠢᠨ 29 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ《ᠰᠡᠷᠭᠦᠨ ᠮᠠᠨᠳᠤᠯᠲᠠ᠎ᠶ᠋ᠢᠨ ᠵᠠᠮ》ᠭᠡᠬᠦ᠌ ᠦᠵᠡᠰᠭᠦᠯᠡᠩ᠎ᠢ ᠲᠣᠭᠣᠷᠢᠨ ᠦᠵᠡᠬᠦ᠌᠎ᠳᠡᠭᠡᠨ᠂ 《ᠦᠨᠡᠨ ᠶᠣᠰᠣᠨ᠎ᠤ ᠦᠨᠦᠷ ᠠᠮᠲᠠ》 ᠭᠡᠬᠦ᠌ ᠦᠯᠢᠭᠡᠷ᠎ᠢ ᠠᠮᠢᠳᠤᠯᠢᠭ᠎ᠢᠶᠠᠷ ᠶᠠᠷᠢᠵᠠᠢ — 《ᠨᠢᠭᠡ ᠡᠳᠦᠷ᠂ ᠨᠢᠭᠡ ᠵᠠᠯᠠᠭᠤ ᠭᠡᠷ᠎ᠲᠡᠬᠡᠨ ᠶᠠᠭᠠᠷᠠᠯᠲᠠᠢ ᠨᠤᠮ ᠪᠢᠴᠢᠵᠦ᠍ ᠪᠠᠢᠬᠤ᠎ᠳᠤ᠂ ᠡᠵᠢ ᠨᠢ ᠭᠠᠳᠠᠨ᠎ᠠ ᠡᠴᠡ᠄〈ᠽᠦᠩᠽᠢ ᠢᠳᠡᠬᠦ᠌᠎ᠳᠡᠭᠡᠨ ᠪᠤᠷᠠᠮ᠎ᠲᠠᠶ ᠤᠰᠤ ᠬᠢᠭᠡᠷᠡᠢ᠂ ᠢᠳᠡᠴᠢᠬᠡᠪᠡ ᠦᠦ?〉 ᠭᠡᠰᠡᠨ᠎ᠳᠤ᠂ ᠲᠡᠷᠡ ᠵᠠᠯᠠᠭᠤ᠄ 〈ᠢᠳᠡᠯ᠎ᠡ ᠢᠳᠡᠯ᠎ᠡ᠂ ᠮᠠᠰᠢ ᠱᠢᠬᠢᠷᠯᠢᠭ〉 ᠭᠡᠵᠦ ᠬᠡᠯᠡᠪᠡ᠃ ᠭᠡᠲᠡᠯ᠎ᠡ ᠡᠵᠢ ᠨᠢ ᠣᠷᠣᠵᠤ ᠢᠷᠡᠭᠡᠳ ᠡᠨᠡ ᠵᠠᠯᠠᠭᠤ ᠵᠢᠨ ᠲᠣᠯᠣᠭᠠᠶ ᠳᠠᠷᠤᠨ ᠨᠣᠮ ᠪᠢᠴᠢᠵᠦ᠍᠂ ᠠᠮᠠᠨ ᠳᠡᠭᠡᠷ᠎ᠡ᠎ᠪᠡᠨ ᠪᠦᠷ ᠬᠠᠷ᠎ᠠ ᠪᠤᠳᠤᠭ ᠲᠠᠢ ᠪᠤᠯᠤᠬᠰᠠᠨ᠎ᠢ ᠤᠯᠵᠤ ᠦᠵᠡᠪᠡ᠃ ᠳᠡᠯᠭᠡᠨ ᠦᠵᠡᠭᠦᠯᠬᠦ᠌ ᠬᠣᠷᠭᠣᠨ᠎ᠳᠠᠬᠢ《ᠡᠪ ᠬᠠᠮᠲᠤ ᠨᠠᠮ᠎ᠤᠨ ᠲᠤᠩᠬᠠᠭ》᠎ᠤ᠋ᠨ ᠬᠢᠲᠠᠳ ᠬᠡᠯᠡᠨ᠎ᠦ ᠣᠷᠴᠢᠭᠤᠯᠭ᠎ᠠ᠎ᠶ᠋ᠢᠨ ᠳᠡᠪᠲᠡᠷ᠎ᠢ ᠵᠢᠭᠠᠵᠤ᠂ ᠶᠡᠷᠦᠩᠬᠡᠢ ᠱᠦᠵᠢ᠄ 《ᠡᠨᠡ ᠬᠥᠮᠦᠨ ᠬᠡᠨ ᠪᠤᠢ? ᠳᠠᠷᠤᠶ ᠴᠧᠨ ᠸᠠᠩ ᠳ᠋ᠤᠤ᠂ ᠳᠠᠷᠤᠶ ᠡᠨᠡ ᠨᠣᠮ᠎ᠢ ᠪᠢᠴᠢᠵᠡᠢ》 ᠭᠡᠵᠦ ᠬᠡᠯᠡᠪᠡ᠃

《ᠶᠡᠷᠦᠩᠬᠡᠢ ᠱᠦᠵᠢ ᠰᠢ ᠵᠢᠨ ᠫᠢᠩ ᠴᠧᠨ ᠸᠠᠩ ᠳ᠋ᠤᠤ᠎ᠶ᠋ᠢᠨ〈ᠡᠪ ᠬᠠᠮᠲᠤ ᠨᠠᠮ᠎ᠤᠨ ᠲᠤᠩᠬᠠᠭ〉᠎ᠢ᠋ ᠣᠷᠴᠢᠭᠤᠯᠤᠭ᠍ᠰᠠᠨ ᠦᠯᠢᠭᠡᠷ᠎ᠢ ᠶᠠᠷᠢᠵᠤ ᠥᠩᠭᠡᠷᠡᠵᠡᠢ᠂ ᠪᠢᠳᠡ ᠶᠡᠷᠦᠩᠬᠡᠢ ᠱᠦᠵᠢ᠎ᠳᠦ ᠪᠢᠳᠡᠨ᠎ᠦ ᠪᠤᠳᠤᠵᠤ ᠰᠠᠨᠠᠭ᠍ᠰᠠᠨ᠎ᠢᠶᠠᠨ ᠬᠠᠷᠢᠭᠤ ᠮᠡᠳᠡᠭᠦᠯᠦᠨ᠎ᠡ》᠃ ᠡᠳᠡᠭᠡᠷ᠎ᠢ ᠪᠣᠳᠣᠭᠠᠳ ᠠᠩᠭᠢ᠎ᠶ᠋ᠢᠨ ᠭᠡᠱᠢᠭᠦᠳ ᠴᠥᠮ ᠮᠠᠰᠢ ᠳᠣᠭ᠍ᠳᠣᠯᠪᠠ᠃

ᠪᠢᠳᠠ ᠵᠠᠬᠢᠳᠠᠯ᠎ᠳᠠᠭᠠᠨ ᠶᠡᠷᠦᠩᠬᠡᠢ ᠱᠦᠵᠢ ᠰᠢ ᠵᠢᠨ ᠫᠢᠩ᠎ᠳᠦ《ᠡᠪ ᠬᠠᠮᠲᠤ ᠨᠠᠮ᠎ᠤᠨ ᠲᠤᠩᠬᠠᠭ》 ᠎ᠤ᠋ᠨ ᠦᠵᠡᠭᠦᠯᠭᠡ᠎ᠶ᠋ᠢᠨ ᠣᠷᠳᠣᠨ᠎ᠤ ᠰᠠᠢ᠌ᠨ ᠳᠤᠷ᠎ᠠ᠎ᠶ᠋ᠢᠨ ᠲᠠᠢᠯᠤᠮᠵᠢ ᠬᠢᠬᠦ ᠦᠢᠯᠡᠴᠢᠯᠡᠭᠡ᠎ᠳᠦ ᠣᠷᠣᠯᠴᠠᠭ᠍ᠰᠠᠨ ᠥᠩᠭᠡᠷᠡᠯᠲᠡ ᠪᠠ ᠲᠦᠷᠦᠭ᠌ᠳᠡᠯ᠎ᠢᠶᠡᠨ ᠬᠠᠷᠢᠭᠤ ᠮᠡᠳᠡᠭᠦᠯᠪᠡ᠃ ᠪᠢᠳᠡ᠄ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢ ᠪᠠᠨ《ᠤᠴᠢ》 ᠭᠡᠵᠦ᠍ ᠨᠡᠷᠡᠯᠡᠭ᠌ᠰᠡᠨ᠎ᠦ ᠤᠴᠢᠷ ᠭᠡᠪᠡᠯ᠂ 《ᠴᠤᠬᠯᠠᠷᠠᠪᠠᠯ ᠲᠦᠷᠡᠯᠵᠡᠭᠰᠡᠨ ᠭᠠᠯ ᠮᠡᠳᠦ᠂ ᠲᠠᠷᠬᠠᠪᠠᠯ ᠲᠡᠭᠷᠢ ᠵᠢᠨ ᠤᠳᠤᠳ ᠮᠡᠳᠦ》 ᠪᠣᠯᠤᠨ᠎ᠠ᠂ ᠮᠠᠨ᠎ᠤ ᠭᠡᠱᠢᠭᠦᠨ ᠨᠢᠭᠡ ᠪᠦᠷᠢ ᠴᠥᠮ 《ᠤᠴᠢ》 ᠪᠣᠯᠬᠤ᠎ᠪᠠᠷ ᠵᠣᠷᠢᠭ ᠱᠢᠭᠤᠳᠴᠤ᠌᠂ ᠴᠢᠳᠠᠯ᠎ᠤᠨ ᠬᠢᠷᠢ᠎ᠪᠡᠷ᠎ᠢᠶᠡᠨ 《ᠡᠪ ᠬᠠᠮᠲᠤ ᠨᠠᠮ᠎ᠤᠨ ᠲᠤᠩᠬᠠᠭ》 ᠎ᠤ᠋ᠨ ᠢᠯᠡᠷᠡᠭᠦᠯᠦᠭ᠌ᠰᠡᠨ 《ᠦᠨᠡᠨ ᠶᠣᠰᠣᠨ᠎ᠤ ᠭᠡᠷᠡᠯ》᠂ 《ᠢᠲᠡᠭᠡᠯ ᠪᠢᠱᠢᠷᠡᠯ᠎ᠦᠨ ᠡᠬᠢ ᠰᠤᠷᠪᠤᠯᠵᠢ》᠎ᠵᠢ ᠤᠯᠠᠮᠵᠢᠯᠠᠨ᠎ᠠ᠃

《ᠶᠡᠷᠦᠩᠬᠡᠢ ᠱᠦᠵᠢ ᠬᠠᠷᠢᠭᠤ ᠵᠠᠬᠢᠳᠠᠯ ᠢᠷᠡᠭᠦᠯᠪᠡ!》 — ᠡᠨᠡ ᠴᠢᠮᠡᠭᠡ᠎ᠶ᠋ᠢ ᠰᠣᠨᠣᠰᠤᠭ᠍ᠰᠠᠨ ᠲᠡᠷᠡ ᠭᠱᠠᠨ ᠳ᠋ᠡᠬᠢ ᠰᠡᠳᠭᠢᠯᠭᠡ᠎ᠪᠠᠨ ᠪᠢ ᠦᠭᠡ ᠬᠡᠯᠡ᠎ᠪᠡᠷ ᠢᠯᠡᠳᠭᠡᠬᠦ᠎ᠵᠢᠨ ᠠᠷᠭ᠎ᠠ ᠦᠭᠡᠢ᠃ ᠰᠤᠷᠭᠠᠭᠤᠯᠢ᠎ᠶ᠋ᠢᠨ ᠤᠳᠤᠷᠢᠳᠤᠯᠭ᠎ᠠ ᠪᠢᠳᠡᠨ᠎ᠳᠦ ᠬᠠᠷᠢᠭᠤ ᠵᠠᠬᠢᠳᠠᠯ᠎ᠤᠨ ᠠᠭᠤᠯᠭ᠎ᠠ᠎ᠶ᠋ᠢ ᠤᠩᠱᠢᠵᠤ ᠥᠭ᠌ᠭᠦ ᠳ᠋ᠸ᠋᠂ ᠨᠠᠢᠵᠠ᠎ᠨᠠᠷ᠎ᠤᠨ ᠨᠢᠳᠦᠨ ᠳ᠋ᠸ᠋ ᠴᠤᠭ ᠪᠠᠳᠠᠷᠠᠵᠤ ᠪᠠᠢᠭᠰᠠᠨ᠎ᠢ ᠯᠡ ᠴᠡᠭᠡᠵᠢᠯᠡᠵᠦ ᠪᠠᠢᠨ᠎ᠠ᠃

《ᠲᠠ᠎ᠨᠠᠷ ᠰᠤᠷᠭᠠᠭᠤᠯᠢ᠎ᠶ᠋ᠢᠨ ᠠᠬᠠᠮᠠᠳ ᠵᠠᠬᠢᠷᠤᠯ ᠴᠧᠨ ᠸᠠᠩ ᠳ᠋ᠤᠤ ᠨᠥᠬᠥᠷ᠎ᠦᠨ ᠦᠨᠡᠨ ᠶᠣᠰᠣ᠎ᠶ᠋ᠢ ᠡᠷᠢᠯᠬᠢᠯᠡᠭ᠌ᠰᠡᠨ ᠦᠯᠢᠭᠡᠷ᠎ᠢ ᠢᠳᠡᠪᠬᠢᠲᠡᠢ ᠤᠬᠠᠭᠤᠯᠤᠨ ᠲᠠᠢᠯᠪᠤᠷᠢᠯᠠᠬᠤ ᠬᠡᠷᠡᠭᠲᠡᠢ᠂ ᠮᠠᠷᠺᠰ᠎ᠤᠨ ᠦᠵᠡᠯ᠎ᠦᠨ ᠤᠨᠤᠯ᠎ᠢ ᠤᠯᠠᠮᠵᠢᠯᠠᠬᠤ ᠪᠣᠯ ᠮᠠᠰᠢ ᠶᠡᠬᠡ ᠠᠴᠢ ᠬᠣᠯᠪᠣᠭ᠍ᠳᠠᠯ᠎ᠲᠠᠶ ᠶᠠᠪᠤᠳᠠᠯ ᠪᠣᠯᠤᠨ᠎ᠠ᠃ ᠲᠠ᠎ᠨᠠᠷ ᠦᠷᠭᠦᠯᠵᠢᠯᠡᠨ ᠬᠢᠵᠦ᠍᠂ ᠨᠡᠩ ᠰᠠᠢ᠌ᠨ ᠬᠢᠬᠦ᠌᠎ᠶ᠋ᠢ ᠬᠦᠰᠡᠵᠦ᠍ ᠪᠠᠢᠨ᠎ᠠ》᠃ ᠶᠡᠷᠦᠩᠬᠡᠢ ᠱᠦᠵᠢ ᠰᠢ ᠵᠢᠨ ᠫᠢᠩ᠎ᠦᠨ ᠬᠠᠯᠠᠭᠤᠨ ᠳᠤᠯᠠᠭᠠᠨ ᠦᠭᠡ ᠶᠠᠷᠢᠶ᠎ᠠ ᠨᠢ ᠮᠠᠨ᠎ᠤ ᠠᠵᠢᠯ᠎ᠢ ᠨᠤᠲᠠᠯᠠᠵᠤ ᠪᠠᠢᠬᠤ᠎ᠪᠠᠷ ᠪᠠᠷᠠᠬᠤ ᠦᠭᠡᠢ ᠨᠡᠩ ᠴᠤ᠌ ᠵᠠᠯᠠᠭᠤᠴᠤᠳ ᠎ᠤᠨ ᠦᠰᠦᠨ ᠪᠣᠢᠵᠢᠯᠲᠠ᠎ᠶ᠋ᠢ ᠵᠣᠷᠢᠭ᠍ᠵᠢᠭᠤᠯᠵᠤ ᠪᠠᠢᠨ᠎ᠠ᠃

《ᠨᠡᠩ ᠰᠠᠢ᠌ᠨ ᠬᠢᠵᠦ》 ᠬᠦᠰᠡᠯᠡᠩ ᠢᠲᠡᠭᠡᠯ ᠪᠢᠰᠢᠷᠡᠯ᠎ᠤᠨ ᠦᠯᠢᠭᠡᠷ᠎ᠢ ᠰᠠᠢᠲᠤᠷ ᠶᠠᠷᠢᠶ᠎ᠠ ᠭᠡᠪᠡᠯ ᠭᠠᠭ᠍ᠴᠠ ᠬᠦ᠌ ᠬᠤᠪᠢ ᠲᠠᠬᠢᠨ ᠴᠢᠷᠮᠠᠢᠨ ᠰᠤᠷᠤᠯᠴᠠᠬᠤ ᠬᠡᠷᠡᠭ᠌ᠲᠡᠢ᠃ ᠶᠡᠷᠦᠩᠬᠡᠶ ᠱᠦᠵᠢ ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠥᠷᠭᠡᠨ ᠣᠯᠠᠨ ᠨᠠᠮ᠎ᠤᠨ ᠭᠡᠱᠢᠭᠦᠨ ᠢᠯᠠᠩᠭᠤᠶ᠎ᠠ ᠵᠠᠯᠠᠭᠤ ᠨᠠᠮ᠎ᠤᠨ ᠭᠡᠱᠢᠭᠦᠳ ᠮᠠᠷᠺᠰ᠎ᠤᠨ ᠦᠵᠡᠯ᠎ᠦᠨ ᠣᠨᠣᠯ᠎ᠢ ᠨᠠᠷᠢᠨ ᠬᠢᠨᠠᠮᠠᠭᠠᠶ ᠰᠤᠷᠤᠯᠴᠠᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢ ᠰᠤᠷᠤᠯᠴᠠᠬᠤ ᠲᠠᠶ ᠤᠶᠠᠯᠳᠤᠭᠤᠯᠵᠤ᠂ ᠰᠤᠷᠤᠯᠴᠠᠬᠤ ᠰᠡᠳᠭᠢᠬᠦ ᠦᠶ᠋ᠯᠡᠳᠦᠯᠭᠡᠵᠢᠭᠦᠯᠬᠦ ᠤᠬᠠᠬᠤ ᠳᠤᠮᠳᠠ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠡᠷᠡᠮᠡᠬᠡᠢᠯᠡᠨ ᠲᠡᠮᠡᠴᠡᠵᠦ᠍ ᠵᠢᠳᠬᠦᠯ ᠴᠢᠷᠮᠠᠢᠯᠭ᠎ᠠ ᠭᠠᠷᠭᠠᠬᠤ ᠳᠤᠮᠳᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠵᠦ᠍᠂ 《ᠬᠤᠤᠰ ᠵᠠᠭᠤᠨ ᠵᠢᠯ》 ᠎ᠤ᠋ᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃ ᠶᠡᠷᠦᠩᠬᠡᠶ ᠱᠦᠵᠢ᠎ᠶ᠋ᠢᠨ ᠨᠠᠢᠳᠠᠯᠭ᠎ᠠ ᠨᠢ ᠪᠢᠳᠡᠨ᠎ᠦ ᠰᠤᠷᠤᠯᠴᠠᠨ ᠰᠤᠳᠤᠯᠬᠤ᠎ᠳᠤ ᠨᠠᠩ ᠲᠣᠳᠣᠷᠬᠠᠶ ᠴᠢᠭ᠌ᠯᠡᠯ ᠬᠠᠩᠭᠠᠪᠠ᠃ ᠪᠢᠳᠠ ᠡᠨᠡ ᠬᠦ᠌ ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠵᠦ᠍᠂ ᠡᠳᠦᠷ ᠲᠤᠳᠤᠮ᠎ᠤᠨ ᠤᠨᠤᠯ᠎ᠤᠨ ᠰᠤᠷᠤᠯᠴᠠᠯᠭ᠎ᠠ᠂ ᠠᠮᠠᠷᠠᠯᠲᠠ᠎ᠶ᠋ᠢᠨ ᠬᠤᠭᠤᠴᠠᠭᠠᠨ᠎ᠤ ᠲᠥᠪᠯᠡᠷᠡᠩᠭᠦᠢ ᠪᠣᠯᠪᠠᠰᠤᠷᠠᠯ᠂ ᠳᠤᠭᠤᠢᠯᠠᠩ᠎ᠤᠨ ᠬᠠᠮᠲᠤ᠎ᠵᠢᠨ ᠰᠤᠳᠤᠯᠤᠨ ᠰᠤᠷᠤᠯᠴᠠᠯᠭ᠎ᠠ ᠵᠡᠷᠭᠡ ᠬᠡᠯᠪᠡᠷᠢ᠎ᠪᠡᠷ 《ᠲᠦᠷᠪᠡᠨ ᠲᠡᠦᠬᠡ》 ᠵᠢ ᠭᠦᠨᠵᠡᠭᠡᠢ ᠰᠤᠷᠤᠯᠴᠠᠵᠤ᠂ ᠬᠦᠰᠡᠯᠡᠩ ᠢᠲᠡᠭᠡᠯ ᠪᠢᠱᠢᠷᠡᠯ᠎ᠢᠶᠡᠨ ᠨᠡᠩ ᠪᠠᠲᠤᠳᠭᠠᠪᠠ᠃

ᠰᠠᠢᠨ ᠰᠤᠷᠴᠤ ᠭᠦᠨᠵᠡᠭᠡᠢ ᠰᠤᠷᠤᠭᠰᠠᠨ ᠪᠤᠯ ᠲᠠᠢᠯᠤᠮᠵᠢ ᠨᠢ ᠨᠡᠩ ᠨᠡᠪᠲᠡᠷᠬᠡᠢ ᠪᠦᠭᠡᠳ ᠠᠮᠢᠳᠤᠯᠢᠭ ᠪᠣᠯᠤᠨ᠎ᠠ᠃ ᠵᠠᠷᠢᠮ ᠲᠣᠭᠣᠷᠢᠨ ᠦᠵᠡᠭ᠌ᠴᠢ ᠪᠢᠳᠡᠨ᠎ᠢ《ᠦᠷᠭᠦᠯᠵᠢ ᠶᠠᠷᠢᠵᠤ ᠠᠭᠤᠯᠭ᠎ᠠ ᠪᠠᠨ ᠦᠷᠭᠦᠯᠵᠢ ᠰᠢᠨᠡᠳᠭᠡᠵᠦ》᠂《ᠤᠳᠠᠭ᠎ᠠ ᠪᠦᠷᠢ ᠰᠣᠨᠣᠰᠤᠭ᠍ᠰᠠᠨ᠎ᠤ ᠳᠠᠷᠠᠭ᠎ᠠ ᠪᠦᠷ ᠱᠢᠨ᠎ᠡ ᠲᠥᠷᠥᠭ᠌ᠳᠡᠯ᠎ᠲᠡᠶ》 ᠭᠡᠵᠦ᠍ ᠮᠠᠭ᠍ᠲᠠᠨ ᠰᠠᠢᠱᠢᠶᠠᠵᠤ ᠪᠠᠢᠨ᠎ᠠ᠃ ᠡᠢᠮᠦ᠍ ᠵᠣᠷᠢᠭ᠍ᠵᠢᠭᠤᠯᠤᠯ᠎ᠢ ᠰᠣᠨᠣᠰᠤᠭᠠᠳ᠂ ᠪᠢ ᠴᠢᠷᠮᠠᠢᠯᠭ᠎ᠠ ᠨᠠᠩ ᠤᠳᠭ᠎ᠠ ᠠᠭᠤᠯᠭ᠎ᠠ᠎ᠲᠠᠶ ᠭᠡᠵᠦ ᠪᠤᠳᠤᠳᠠᠭ ᠪᠤᠯᠪᠠ!

ᠬᠣᠶᠠᠷ ᠵᠢᠯ ᠭᠠᠷᠤᠶ᠎ᠶ᠋ᠢᠨ ᠲᠤᠷᠰᠢ᠂ ᠠᠩᠭᠢ᠎ᠶ᠋ᠢᠨ ᠨᠥᠬᠥᠳ ᠦᠵᠡᠭᠦᠯᠭᠡ᠎ᠶ᠋ᠢᠨ ᠣᠷᠳᠣᠨ᠎ᠡᠴᠡ ᠪᠠᠨ ᠠᠵᠤ ᠠᠬᠤᠢᠯᠠᠯ᠂ ᠪᠠᠢᠭᠤᠯᠭ᠎ᠠ᠂ ᠨᠡᠢᠭᠡᠮ ᠲᠣᠭᠣᠷᠢᠭ᠎ᠲᠤ ᠬᠦᠷᠴᠦ᠍ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠭᠦᠯᠵᠦ᠂ ᠲᠡᠦᠬᠡ᠎ᠶ᠋ᠢᠨ ᠬᠥᠮᠦᠵᠢᠯ᠂ ᠣᠨᠣᠯ᠎ᠤᠨ ᠲᠠᠢᠯᠪᠤᠷᠢᠯᠠᠯᠲᠠ᠂ ᠥᠷᠲᠡᠭ᠎ᠦᠨ ᠵᠢᠯᠣᠭᠣᠳᠤᠮᠵᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠢᠳᠡᠪᠬᠢᠲᠡᠶ ᠡᠭᠦᠷᠭᠡᠯᠡᠪᠡ᠃ ᠣᠲᠣ ᠪᠢᠳᠡ ᠦᠵᠡᠯ ᠰᠠᠨᠠᠭ᠎ᠠ ᠤᠯᠤᠰ ᠲᠥᠷᠥ᠎ᠶ᠋ᠢᠨ《ᠠᠯᠲᠠᠨ ᠬᠢᠴᠢᠶᠡᠯ》 ᠎ᠢ᠋ 10 ᠭᠠᠷᠤᠶ ᠲᠥᠷᠥᠯ ᠪᠠᠢᠭᠤᠯᠬᠤ᠎ᠪᠠᠷ ᠴᠢᠷᠮᠠᠢᠵᠤ ᠪᠠᠢᠨ᠎ᠠ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠶᠣᠰᠣ ᠮᠣᠷᠠᠯ᠎ᠤᠨ ᠬᠥᠮᠦᠵᠢᠯ᠎ᠢ ᠨᠢᠭᠡ ᠴᠤᠭ᠍ᠴᠠᠵᠢᠭᠤᠯᠬᠤ ᠳ᠋ᠥ᠍ ᠬᠦᠴᠦᠨ ᠨᠡᠮᠡᠷᠢᠯᠡᠬᠦ᠌᠎ᠪᠡᠷ ᠳᠠᠮᠵᠢᠭᠤᠯᠤᠨ᠂ ᠨᠠᠩ ᠣᠯᠠᠨ ᠬᠡᠦᠬᠡᠳ᠎ᠦᠨ ᠰᠡᠳᠭᠢᠯ᠎ᠳᠡᠬᠢ ᠢᠲᠡᠭᠡᠯ ᠪᠢᠱᠢᠷᠡᠯ᠎ᠦᠨ ᠣᠴᠢ᠎ᠶ᠋ᠢ ᠭᠡᠷᠡᠯᠲᠦᠭᠦᠯᠬᠦ᠌᠎ᠶ᠋ᠢ ᠬᠦᠰᠡᠵᠦ᠍ ᠪᠠᠢᠨ᠎ᠠ᠃

ᠢᠷᠠᠭᠤ ᠠᠯᠳᠠᠷᠲᠤ 《ᠤᠴᠢ》ᠠᠩᠬᠢ᠎ᠶ᠋ᠢᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠢᠷᠡᠭᠡᠳᠦᠢ᠎ᠳᠦ ᠪᠢᠳᠡ ᠬᠠᠮᠢᠭ᠎ᠠ ᠬᠦᠷᠦᠭ᠌ᠰᠡᠨ ᠴᠦ᠍ ᠴᠥᠮ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ᠃ (ᠱᠢᠨᠬᠤᠸᠠ ᠬᠣᠷᠢᠶᠠᠨ᠎ᠤ ᠱᠠᠩᠬᠠᠢ᠎ᠶ᠋ᠢᠨ 7 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面