2022-03-18 16:21:56
ᠪᠤᠯᠤᠩ ᠨᠡᠭᠡᠭᠡᠬᠦ᠌ ᠦᠭᠡ᠄ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ ᠪᠠ ᠵᠣᠬᠢᠶᠠᠨ ᠪᠠᠢᠭᠤᠯᠬᠤ ᠠᠵᠢᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠪᠦᠬᠦ᠌ ᠣᠷᠣᠨ᠎ᠤ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠠᠴᠠ᠂ ᠡᠨᠡ ᠵᠢᠯ᠎ᠦᠨ ᠪᠦᠬᠦ᠌ ᠣᠷᠣᠨ᠎ᠤ ᠵᠣᠬᠢᠶᠠᠨ ᠪᠠᠢᠭᠤᠯᠬᠤ ᠠᠵᠢᠯ ᠨᠢ 《ᠨᠠᠮ ᠤᠨ ᠬᠣᠷᠢᠳᠤᠭᠠᠷ ᠶᠡᠬᠡ ᠬᠤᠷᠠᠯ᠎ᠢ ᠤᠭ᠍ᠲᠤᠵᠤ᠂ ᠪᠦᠬᠦ᠌ ᠲᠠᠯ᠎ᠠ᠎ᠪᠠᠷ ᠰᠢᠯᠢᠳᠡᠭ ᠪᠣᠯᠬᠤ᠎ᠪᠠᠷ ᠴᠢᠷᠮᠠᠢᠬᠤ》 ᠪᠡᠷ ᠭᠣᠣᠯ ᠰᠡᠳᠦᠪ ᠪᠣᠯᠭᠠᠵᠤ᠂ 《ᠲᠤᠩᠬᠠᠭ ᠨᠡᠢᠲᠡᠯᠡᠵᠦ ᠰᠡᠳᠦᠪ ᠳᠠᠭᠠᠭᠠᠴᠢᠯᠠᠭᠤᠯᠬᠤ》ᠵᠢ ᠬᠡᠷᠡᠭ᠌ᠵᠢᠭᠦᠯᠵᠦ᠍᠂ ᠠᠵᠢᠯ᠎ᠤᠨ ᠬᠦᠴᠢᠷ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠵᠣᠬᠢᠶᠠᠨ ᠪᠠᠢᠭᠤᠯᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠪᠠ᠃ ᠲᠣᠰ ᠡᠳᠦᠷ᠎ᠡᠴᠡ ᠡᠬᠢᠯᠡᠨ᠂ ᠲᠤᠰ ᠰᠣᠨᠢᠨ《ᠲᠤᠩᠬᠠᠭ ᠨᠡᠢᠲᠡᠯᠡᠵᠦ ᠰᠡᠳᠦᠪ ᠳᠠᠭᠠᠭᠠᠴᠢᠯᠠᠭᠤᠯᠵᠤ ᠪᠥᠬᠥ᠌ ᠲᠠᠯ᠎ᠠ᠎ᠪᠠᠷ ᠰᠢᠯᠢᠳᠡᠭ ᠪᠤᠯᠬᠤ ᠪᠡᠷ ᠴᠢᠷᠮᠠᠢᠨ᠎ᠠ》 ᠬᠡᠮᠡᠬᠦ ᠲᠤᠰᠭᠠᠶ ᠪᠤᠯᠤᠩ ᠨᠡᠭᠡᠭᠡᠵᠦ᠍᠂ ᠪᠥᠬᠥ᠌ ᠣᠷᠣᠨ᠎ᠤ ᠵᠣᠬᠢᠶᠠᠨ ᠪᠠᠢᠭᠤᠯᠬᠤ ᠠᠵᠢᠯ᠎ᠤᠨ ᠱᠢᠨ᠎ᠡ᠎ᠶ᠋ᠢ ᠡᠭᠦᠳᠦᠭ᠌ᠰᠡᠨ ᠦᠶ᠋ᠯᠡᠳᠦᠯᠭᠡ᠂ ᠣᠨᠴᠠᠯᠢᠭ ᠪᠥᠬᠥᠶ ᠬᠢᠯᠠᠰ ᠴᠡᠭ ᠪᠠ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠢᠳᠡᠪᠬᠢᠲᠡᠶ ᠤᠬᠠᠭᠤᠯᠵᠤ᠂ ᠪᠥᠬᠥ᠌ ᠣᠷᠣᠨ᠎ᠤ ᠵᠣᠬᠢᠶᠠᠨ ᠪᠠᠢᠭᠤᠯᠬᠤ ᠱᠢᠰᠲ᠋ᠧᠮ᠎ᠦᠨ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ ᠠᠵᠢᠯ᠎ᠢ ᠲᠦᠪᠯᠡᠷᠡᠭᠦᠯᠦᠨ ᠲᠤᠰᠬᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠠᠯᠲᠠ᠎ᠲᠠᠶ ᠬᠤᠷᠠᠯᠳᠤᠭ᠍ᠤ ᠵᠢ ᠤᠭᠲᠤᠬᠤ ᠠᠮᠢᠳᠤᠯᠢᠭ ᠦᠶ᠋ᠯᠡᠳᠦᠯᠭᠡᠪᠤᠯᠭᠠᠨᠠ᠃
ᠪᠦᠬᠦ᠌ ᠤᠯᠤᠰ᠎ᠤᠨ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠣᠬᠢᠶᠠᠨ ᠪᠠᠢᠭᠤᠯᠬᠤ ᠠᠵᠢᠯ᠎ᠤᠨ ᠭᠣᠣᠯᠳᠠᠯᠭ᠎ᠠ᠎ᠲᠠᠶ ᠬᠦᠴᠢᠷ ᠠᠰᠠᠭᠤᠳᠠᠯ᠎ᠢ ᠬᠦᠴᠦᠯᠡᠨ ᠰᠤᠳᠤᠯᠤᠨ ᠱᠢᠢᠳᠪᠦᠷᠢᠯᠡᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠡᠴᠡ ᠪᠦᠬᠦ᠌ ᠣᠷᠣᠨ᠎ᠤ ᠵᠤᠬᠢᠶᠠᠨ ᠪᠠᠢᠭᠤᠯᠬᠤ ᠱᠢᠰᠲᠸᠮ ᠳ᠋ᠸ᠋《ᠲᠤᠩᠬᠠᠭ ᠨᠡᠢᠲᠡᠯᠡᠵᠦ ᠰᠡᠳᠦᠪ ᠳᠠᠭᠠᠭᠠᠴᠢᠯᠠᠭᠤᠯᠬᠤ》ᠠᠵᠢᠯ᠎ᠢ ᠪᠠᠢᠷᠢᠯᠠᠭᠤᠯᠤᠨ ᠥᠷᠨᠢᠭᠦᠯᠵᠦ᠍᠂ ᠵᠣᠬᠢᠶᠠᠨ ᠪᠠᠢᠭᠤᠯᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠱᠢᠨ᠎ᠡ ᠬᠠᠭᠤᠴᠢᠨ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠪᠡᠷ ᠪᠦᠬᠦᠢᠯᠡ ᠠᠵᠢᠯ᠎ᠤᠨ ᠲᠦᠪᠱᠢᠨ᠎ᠦ ᠳᠡᠭᠡᠭ᠌ᠰᠢᠯᠡᠯᠲᠡ᠎ᠶ᠋ᠢ ᠳᠠᠢᠴᠢᠯᠠᠬᠤ᠎ᠪᠠᠷ ᠴᠢᠷᠮᠠᠢᠵᠥ ᠪᠤᠢ᠃
ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠳᠤ ᠠᠩᠬᠠᠷᠤᠯ ᠵᠢᠡᠨ ᠲᠦᠪᠯᠡᠷᠡᠭᠦᠯᠦᠨ《ᠰᠡᠳᠦᠪ ᠲᠤᠭᠳᠠᠭᠠᠨ᠎ᠠ》᠃ ᠶᠠᠮᠠᠷ ᠠᠰᠠᠭᠤᠳᠠᠯ ᠪᠠᠢᠪᠠᠯ ᠲᠡᠷᠡ ᠠᠰᠠᠭᠤᠳᠠᠯ᠎ᠢ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠶᠠᠮᠠᠷ ᠠᠰᠠᠭᠤᠳᠠᠯ ᠲᠤᠪᠤᠢ᠌ᠮ᠎ᠠ ᠪᠠᠢᠪᠠᠯ ᠲᠡᠷᠡ ᠠᠰᠠᠭᠤᠳᠠᠯ᠎ᠢ ᠭᠠᠷᠳᠠᠨ ᠱᠢᠢᠳᠪᠦᠷᠢᠯᠡᠨ᠎ᠠ᠃ 《ᠤᠯᠤᠰ᠎ᠤᠨ ᠶᠡᠬᠡ ᠶᠠᠪᠤᠳᠠᠯ》᠂ ᠣᠷᠣᠨ᠎ᠤ ᠴᠢᠬᠤᠯᠠ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠦᠬᠦ᠌ ᠤᠯᠤᠰ᠎ᠤᠨ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠺᠠᠳ᠋ᠷ᠎ᠤᠨ ᠤᠯᠤᠰ ᠲᠦᠷᠦ᠍᠎ᠶ᠋ᠢᠨ ᠬᠡᠪ ᠴᠢᠨᠠᠷ᠎ᠢ ᠣᠨᠣᠪᠴᠢᠲᠠᠢ ᠱᠢᠯᠭᠠᠵᠤ ᠪᠣᠳᠠᠲᠠᠢ ᠱᠢᠯᠭᠠᠬᠤ᠂ ᠱᠢᠯᠢᠳᠡᠭ ᠵᠠᠯᠠᠭᠤ ᠺᠠᠳ᠋ᠷ᠎ᠢ ᠬᠥᠮᠦᠵᠢᠭᠦᠯᠵᠦ᠍ ᠱᠢᠯᠢᠨ ᠳᠡᠪᠱᠢᠭᠦᠯᠬᠦ᠌ ᠪᠠᠢ᠌ᠩᠭᠤᠵᠢᠭ᠍ᠰᠠᠨ ᠠᠵᠢᠯ᠎ᠤᠨ ᠲᠣᠭ᠍ᠲᠡᠴᠡ᠎ᠶ᠋ᠢ ᠪᠦᠷᠢᠨᠱᠢᠬᠦᠯᠬᠦ᠌᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠠᠵᠢᠯ ᠣᠯᠭᠣᠯᠲᠠ᠎ᠶ᠋ᠢᠨ ᠬᠥᠮᠦᠰ᠎ᠦᠨ ᠨᠠᠮ᠎ᠤᠨ ᠪᠠᠢᠭᠤᠯᠤᠯᠲᠠ ᠵᠡᠷᠭᠡ 5 ᠠᠰᠠᠭᠤᠳᠠᠯ᠎ᠢ 《ᠵᠠᠪᠠᠯ ᠬᠠᠷᠢᠭᠤᠯᠬᠤ ᠰᠡᠳᠦᠪ》ᠪᠣᠯᠭᠠᠵᠤ᠂ ᠬᠦᠴᠦ᠍᠎ᠪᠡᠨ ᠲᠥᠪᠯᠡᠷᠡᠭᠦᠯᠦᠨ ᠱᠢᠢᠳᠪᠦᠷᠢᠯᠡᠨ᠎ᠠ᠃ ᠡᠨᠡ ᠬᠦ᠌ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠤᠨ ᠺᠠᠳ᠋ᠷ᠎ᠤᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠨᠠᠮ᠎ᠤᠨ ᠪᠠᠢᠭᠤᠯᠤᠯᠲᠠ᠎ᠶ᠋ᠢ ᠠᠳᠭᠤᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠵᠡᠷᠭᠡ 7 《ᠥᠪᠡᠰᠦᠪᠡᠨ ᠰᠣᠩᠭᠣᠬᠤ ᠰᠡᠳᠦᠪ》᠎ᠢ᠋ ᠳᠤᠷᠠᠳᠴᠤ᠂ 12 ᠭᠤᠤᠯᠳᠠᠯᠭ᠎ᠠ᠎ᠲᠠᠶ ᠠᠰᠠᠭᠤᠳᠠᠯ᠎ᠢ ᠡᠮᠬᠢᠯᠡᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠲᠥᠷᠥᠯ ᠵᠦᠶ᠋ᠯ᠎ᠦᠨ ᠪᠢᠴᠢᠭ ᠪᠣᠯᠭᠠᠨ ᠪᠦᠷᠢᠯᠳᠦᠭᠦᠯᠵᠦ᠍᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠲᠦ ᠱᠢᠶ᠋ᠳᠪᠦᠷᠢᠯᠡᠬᠦ᠌ ᠴᠢᠬᠤᠯᠠᠲᠠᠶ ᠭᠤᠤᠯᠳᠠᠯᠭ᠎ᠠ᠎ᠲᠠᠶ ᠠᠰᠠᠭᠤᠳᠠᠯ ᠪᠠ ᠨᠥᠬᠥᠪᠥᠷᠢᠯᠡᠬᠦ᠌ ᠳᠤᠲᠠᠭᠤᠳᠠᠯ ᠪᠠᠭᠤᠷᠠᠶ ᠲᠠᠯ᠎ᠠ ᠵᠢ ᠨᠢ ᠲᠣᠳᠣᠷᠬᠠᠶ ᠮᠡᠳᠡᠭᠦᠯᠦᠨ᠎ᠠ᠃
ᠦᠷᠢᠰᠦᠯᠳᠦᠭᠦᠯᠦᠨ《ᠰᠡᠳᠦᠪ ᠳᠠᠭᠠᠭᠠᠴᠢᠯᠠᠭᠤᠯᠬᠤ》ᠵᠢ ᠬᠡᠷᠡᠭᠵᠢᠭᠦᠯᠦᠨ᠎ᠠ᠃ ᠰᠡᠳᠦᠪ ᠤ᠋ᠨ《ᠳᠠᠭᠠᠭᠠᠴᠢᠯᠠᠯᠲᠠ ᠵᠠᠷᠯᠠᠬᠤ᠂ ᠦᠷᠢᠰᠦᠯᠳᠦᠭᠦᠯᠦᠨ ᠰᠡᠳᠦᠪ ᠳᠠᠭᠠᠭᠠᠴᠢᠯᠠᠭᠤᠯᠬᠤ ᠵᠢ ᠪᠠᠷᠢᠮᠳᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠲᠦᠷᠦᠯ ᠵᠦᠢᠯ᠎ᠦᠨ ᠪᠢᠴᠢᠭ᠎ᠢ ᠴᠠᠭ ᠲᠤᠬᠠᠢᠳᠤᠨᠢ ᠨᠡᠢᠲᠡᠯᠡᠵᠦ᠍᠂ ᠬᠡᠯᠳᠡᠰ ᠤ᠋ᠨ ᠤᠳᠤᠷᠢᠳᠤᠯᠭ᠎ᠠ᠂ ᠬᠡᠯᠳᠡᠰ ᠤ᠋ᠨ ᠪᠠᠢᠭᠤᠯᠭ᠎ᠠ᠎ᠶ᠋ᠢᠨ ᠡᠯ᠎ᠡ ᠭᠠᠵᠠᠷ ᠲᠠᠰᠤᠭ ᠪᠣᠯᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠬᠢᠨ ᠰᠠᠢ᠌ᠨ ᠳᠤᠷ᠎ᠠ᠎ᠡᠴᠡ᠎ᠪᠠᠨ ᠭᠤᠶᠤᠴᠢᠯᠠᠨ ᠮᠡᠳᠡᠭᠦᠯᠵᠦ᠍᠂ ᠰᠠᠨᠠᠭᠠᠴᠢᠯᠠᠭ᠎ᠠ᠎ᠡᠴᠡ᠎ᠪᠠᠨ ᠰᠡᠳᠦᠪ ᠳᠠᠭᠠᠭᠠᠴᠢᠯᠠᠵᠤ᠂ ᠢᠳᠡᠪᠬᠢᠲᠡᠢ᠎ᠪᠡᠷ ᠰᠡᠳᠦᠪ ᠱᠢᠢᠳᠪᠦᠷᠢᠯᠡᠨ᠎ᠠ᠃ ᠬᠡᠯᠳᠡᠰ ᠤ᠋ᠨ ᠭᠤᠤᠯ ᠤᠳᠤᠷᠢᠳᠭᠤ ᠨᠥᠬᠥᠳ ᠲᠦᠷᠦᠭᠦᠯᠡᠨ ᠰᠡᠳᠦᠪ ᠳᠠᠭᠠᠭᠠᠴᠢᠯᠠᠵᠤ᠂ ᠬᠡᠯᠳᠡᠰ ᠤ᠋ᠨ ᠤᠳᠤᠷᠢᠳᠬᠤ ᠪᠠᠭ᠎ᠤᠨ ᠪᠦᠷᠢᠯᠳᠦᠬᠦᠨ᠂ ᠲᠤᠬᠠᠢᠯᠠᠭ᠍ᠰᠠᠨ ᠠᠵᠢᠯ᠎ᠤᠨ ᠭᠠᠵᠠᠷ ᠲᠠᠰᠤᠭᠪᠦᠬᠦᠨ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠲᠥᠷᠥᠯ ᠵᠦᠶ᠋ᠯ᠎ᠢ ᠭᠤᠶᠤᠴᠢᠯᠠᠨ ᠳᠠᠭᠠᠭᠠᠴᠢᠯᠠᠵᠤ᠂ ᠠᠰᠠᠭᠤᠳᠠᠯ᠎ᠢ ᠱᠢᠶ᠋ᠳᠪᠦᠷᠢᠯᠡᠬᠦ᠌ ᠳ᠋ᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠦᠮᠦᠨ ᠪᠦᠷᠢ ᠡᠭᠦᠷᠭᠡ ᠭᠦᠢᠴᠡᠳᠭᠡᠬᠦ ᠵᠢ ᠪᠡᠶᠡᠯᠡᠭᠦᠯᠪᠡ᠃ ᠪᠥᠬᠥ᠌ ᠣᠷᠣᠨ᠎ᠤ 12 ᠠᠢᠮᠠᠭ ᠬᠣᠲᠠ᠎ᠶ᠋ᠢᠨ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯᠯᠠᠬᠤ ᠬᠣᠷᠢᠶ᠎ᠠ ᠵᠡᠷᠭᠡ 4 ᠨᠠᠮ(ᠠᠵᠢᠯᠯᠠᠬᠤ ᠬᠣᠷᠢᠶ᠎ᠠ)᠎ᠤ᠋ᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ 30 ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢᠨ᠎ᠬᠢᠨ ᠦᠪᠡᠰᠦᠪᠡᠨ ᠡᠭᠦᠷᠭᠡ ᠠᠪᠴᠤ᠂ ᠵᠣᠬᠢᠶᠠᠨ ᠪᠠᠢᠭᠤᠯᠬᠤ ᠠᠵᠢᠯ᠎ᠤᠨ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠦᠶ᠋ᠯᠡᠳᠦᠯᠭᠡ᠎ᠳᠦ ᠢᠳᠡᠪᠬᠢᠲᠡᠶ ᠣᠷᠣᠯᠴᠠᠪᠠ᠃
ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠪᠡᠷ《ᠠᠰᠠᠭᠤᠳᠠᠯ᠎ᠢ ᠰᠢᠢᠳᠪᠦᠷᠢᠯᠡᠬᠦ》 ᠵᠢ ᠪᠠᠷᠢᠮᠳᠠᠯᠠᠨ᠎ᠠ᠃ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠵᠢᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠭᠤᠤᠯ ᠱᠢᠪᠲᠤᠯᠤᠯᠲᠠ᠎ᠶ᠋ᠢᠨ ᠴᠢᠭ᠌ᠯᠡᠯ ᠪᠠ ᠬᠦᠴᠦᠲᠡᠶ ᠭᠠᠷᠳᠠᠴᠠ ᠪᠣᠯᠭᠠᠵᠤ᠂ ᠠᠰᠠᠭᠤᠳᠠᠯ᠎ᠳᠤ ᠴᠢᠭ᠌ᠯᠡᠭᠦᠯᠦᠨ᠂ ᠠᠰᠠᠭᠤᠳᠠᠯ᠎ᠢ ᠠᠩᠬᠠᠷᠤᠨ ᠰᠠᠢᠵᠢᠷᠠᠭᠤᠯᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠬᠦᠴᠢᠷ᠎ᠢ ᠳᠤᠭᠤᠯᠤᠨ ᠪᠡᠷᠬᠡ᠎ᠶ᠋ᠢ ᠲᠠᠪᠠᠨ᠎ᠠ᠃ ᠴᠢᠩᠭ᠎ᠠ ᠬᠦᠴᠦᠲᠡᠢ ᠪᠡᠷ《ᠰᠡᠳᠦᠪ᠎ᠢ ᠰᠢᠢᠳᠪᠦᠷᠢᠯᠡᠬᠦ》ᠵᠢ ᠪᠠᠷᠢᠮᠳᠠᠯᠠᠨ᠎ᠠ᠂ ᠵᠢᠱ᠌ᠢᠶᠡᠯᠡᠪᠡᠯ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ᠎ᠶ᠋ᠢᠨ ᠲᠣᠭᠣᠷᠢᠨ᠎ᠳᠤ᠂ ᠲᠤᠰᠭᠠᠶ ᠶᠠᠷᠢᠯᠴᠠᠭ᠎ᠠ ᠥᠷᠨᠢᠭᠦᠯᠵᠦ᠍᠂ ᠲᠤᠰᠭᠠᠶ ᠬᠢᠨᠠᠨ ᠱᠢᠯᠭᠠᠯᠲᠠ᠎ᠶ᠋ᠢ ᠬᠡᠷᠡᠭ᠌ᠵᠢᠭᠦᠯᠦᠨ᠂ ᠲᠤᠰᠭᠠᠶ ᠨᠠᠷᠢᠨ ᠲᠠᠩᠰᠠ᠎ᠶ᠋ᠢ ᠪᠦᠷᠢᠯᠳᠦᠭᠦᠯᠵᠦ᠍᠂ ᠴᠠᠭ ᠲᠤᠬᠠᠶ᠎ᠳᠤᠨᠢ ᠢᠯᠡᠷᠡᠭᠦᠯᠵᠦ᠍᠂ ᠴᠠᠭ ᠲᠤᠬᠠᠶ᠎ᠳᠤᠨᠢ ᠬᠡᠷᠡᠭ᠌ᠯᠡᠵᠦ᠍᠂ ᠴᠠᠭ ᠲᠤᠬᠠᠶ᠎ᠳᠤᠨᠢ ᠱᠠᠩᠨᠠᠨ᠎ᠠ᠂ ᠡᠨᠡ ᠵᠢᠯ ᠪᠥᠬᠥ᠌ ᠣᠷᠣᠨ᠎ᠳᠤ《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠰᠠᠢᠨ ᠺᠠᠳ᠋ᠷ》᠎ᠢ ᠱᠢᠯᠭᠠᠷᠠᠭᠤᠯᠬᠤ ᠪᠣᠯᠤᠨ᠎ᠠ᠃ ᠨᠠᠷᠢᠯᠢᠭ ᠣᠨᠣᠴᠠᠲᠠᠢ᠎ᠪᠠᠷ 《ᠠᠰᠠᠭᠤᠳᠠᠯ᠎ᠢ ᠱᠢᠢᠳᠪᠦᠷᠢᠯᠡᠬᠦ᠌》 ᠶ᠋ᠢ ᠪᠠᠷᠢᠮᠳᠠᠯᠠᠨ᠎ᠠ᠂ ᠵᠢᠱ᠌ᠢᠶᠡᠯᠡᠪᠡᠯ᠂ ᠱᠢᠯᠢᠳᠡᠭ ᠵᠠᠯᠠᠭᠤ ᠺᠠᠳ᠋ᠷ᠎ᠢ ᠬᠥᠮᠦᠵᠢᠭᠦᠯᠵᠦ᠍ ᠰᠣᠩᠭᠣᠨ ᠳᠡᠪᠱᠢᠭᠦᠯᠬᠦ᠌ ᠪᠠᠢ᠌ᠨᠭᠭᠤᠵᠢᠬ᠍ᠰᠠᠨ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠬᠦ᠌ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠨᠠᠷᠢᠯᠢᠭ ᠣᠨᠣᠴᠠᠲᠠᠢ᠎ᠪᠠᠷ ᠠᠵᠢᠯᠯᠠᠨ᠂ ᠪᠦᠬᠦ᠌ ᠤᠯᠤᠰ᠎ᠤᠨ ᠨᠠᠮ ᠵᠠᠰᠠᠭ᠎ᠤᠨ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢᠨ《ᠲᠥᠯᠥᠪᠵᠢᠭᠦᠯᠭᠡ᠎ᠶ᠋ᠢᠨ ᠲᠣᠪᠴᠢ》ᠲᠠᠶ ᠬᠠᠷᠢᠴᠠᠭᠤᠯᠤᠨ ᠨᠠᠷᠢᠯᠢᠭ ᠣᠨᠣᠴᠠᠲᠠᠢ᠎ᠪᠠᠷ ᠲᠥᠰᠦᠭᠡᠯᠡᠨ ᠪᠤᠳᠤᠵᠤ᠂ ᠴᠠᠭ ᠲᠤᠬᠠᠢᠳᠤᠨᠢ ᠤᠷᠢᠳᠴᠢᠯᠠᠨ ᠰᠡᠷᠡᠮᠵᠢᠯᠡᠭᠦᠯᠵᠦ᠍᠂ ᠵᠠᠯᠠᠭᠤ ᠺᠠᠳ᠋ᠷ᠎ᠢ ᠲᠤᠬᠢᠷᠠᠭᠤᠯᠬᠤ ᠱᠠᠭᠠᠷᠳᠠᠯᠭ᠎ᠠ᠎ᠶ᠋ᠢ ᠭᠠᠵᠠᠷ ᠣᠷᠣᠨ ᠨᠢᠭᠡᠪᠦᠷᠢ᠂ ᠨᠢᠭᠡᠴᠢ ᠨᠢᠭᠡᠪᠦᠷᠢ᠂ ᠤᠳᠤᠷᠢᠳᠭᠤ ᠪᠠᠭ ᠨᠢᠭᠡᠪᠦᠷᠢ᠎ᠳᠦ ᠨᠠᠢᠳᠠᠪᠤᠷᠢᠵᠢᠭᠤᠯᠤᠨ᠂ ᠰᠠᠷ᠎ᠠ᠎ᠪᠠᠷ ᠵᠠᠳᠠᠯᠵᠤ᠂ ᠤᠯᠠᠷᠢᠯ᠎ᠢᠶᠠᠷ ᠵᠠᠷᠯᠠᠨ ᠮᠡᠳᠡᠭ᠌ᠳᠡᠵᠦ᠍᠂ ᠬᠤᠭᠤᠴᠠᠭ᠎ᠠ ᠰᠣᠯᠢᠬᠤ ᠠᠵᠢᠯ ᠨᠢ ᠬᠣᠲᠠ ᠱᠢᠶᠠᠨ ᠱᠢᠶᠠᠩ᠎ᠤᠨ ᠤᠳᠤᠷᠢᠳᠭᠤ ᠪᠠᠭ᠎ᠤᠨ ᠨᠠᠰᠤᠨ᠎ᠤ ᠪᠦᠲᠦᠴᠡ ᠨᠢ ᠢᠯᠡᠳᠲᠡ ᠱᠢᠯᠢᠳᠡᠭ᠌ᠵᠢᠭᠦᠯᠬᠦ᠌᠎ᠶ᠋ᠢ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ᠂ ᠪᠠᠢᠭᠤᠯᠭ᠎ᠠ᠂ ᠠᠵᠢᠯ ᠦᠢᠯᠡᠰ᠎ᠦᠨ ᠨᠢᠭᠡᠴᠢ᠎ᠶ᠋ᠢᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠺᠠᠳ᠋ᠷ᠎ᠤᠨ ᠡᠩᠨᠡᠭᠡᠨ᠎ᠦ ᠪᠦᠬᠦᠯᠢ ᠴᠣᠭ᠍ᠴᠠ᠎ᠶ᠋ᠢᠨ ᠠᠮᠢᠳᠤᠯᠢᠭ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠨ᠎ᠠ᠃ ᠨᠡᠭᠡᠭᠡᠯᠲᠡ ᠲᠠᠢ ᠪᠡᠷ《ᠠᠰᠠᠭᠤᠳᠠᠯ᠎ᠢ ᠱᠢᠢᠳᠪᠦᠷᠢᠯᠡᠬᠦ᠌》 ᠶ᠋ᠢ ᠪᠠᠷᠢᠮᠳᠠᠯᠠᠨ᠎ᠠ᠂ ᠵᠢᠱ᠌ᠢᠶᠡᠯᠡᠪᠡᠯ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠠᠵᠢᠯ ᠣᠯᠭᠣᠯᠲᠠ᠎ᠶ᠋ᠢᠨ ᠪᠦᠯᠬᠦᠮ ᠨᠢᠭᠡᠴᠢ ᠵᠢᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠲᠠᠶ ᠤᠶᠠᠯᠳᠤᠭᠤᠯᠤᠨ᠂ ᠦᠨᠳᠦᠰᠦᠨ ᠱᠠᠲᠤᠨ᠎ᠤ ᠶᠡᠬᠡ ᠪᠠᠢᠴᠠᠭᠠᠨ ᠰᠤᠳᠤᠯᠤᠯᠲᠠ᠎ᠶ᠋ᠢ ᠲᠥᠪᠯᠡᠷᠡᠭᠦᠯᠦᠨ ᠥᠷᠨᠢᠭᠦᠯᠵᠦ᠍᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠱᠢᠨ᠎ᠡ ᠪᠠᠢᠳᠠᠯ ᠱᠢᠨ᠎ᠡ ᠠᠰᠠᠭᠤᠳᠠᠯ᠎ᠢ ᠡᠵᠡᠮᠱᠢᠬᠦ᠌᠎ᠶ᠋ᠢᠨ ᠬᠠᠮᠲᠤ ᠠᠵᠤ ᠠᠬᠤᠶ ᠬᠥᠭ᠌ᠵᠢᠭ᠌ᠰᠡᠨ ᠮᠤᠵᠢ ᠣᠷᠣᠨ᠎ᠳᠤ ᠰᠠᠨᠠᠭᠠᠴᠢᠯᠠᠭ᠎ᠠ᠎ᠠᠴᠠ᠎ᠪᠠᠨ ᠬᠦᠷᠴᠦ᠍ ᠲᠤᠷᠱᠢᠯᠭ᠎ᠠ ᠰᠤᠷᠤᠯᠴᠠᠨ ᠯᠠᠪᠯᠠᠯᠲᠠ ᠪᠣᠯᠭᠠᠵᠤ᠂ ᠨᠠᠮ᠎ᠤᠨ ᠱᠢᠨ᠎ᠡ᠎ᠪᠡᠷ ᠬᠥᠭ᠌ᠵᠢᠭ᠌ᠰᠡᠨ ᠬᠦᠷᠢᠶᠡᠨ᠎ᠳᠡᠬᠢ ᠤᠷᠢᠶᠠᠯᠠᠬᠤ ᠬᠦᠴᠦᠨ ᠨᠢᠭ᠍ᠲᠠᠷᠠᠯ᠎ᠤᠨ ᠬᠦᠴᠦᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠥᠬᠡᠶ ᠥᠷᠭᠡᠳᠭᠡᠨ᠎ᠡ᠃
ᠬᠠᠷᠢᠭᠤᠴᠠᠯᠭ᠎ᠠ᠎ᠶ᠋ᠢ ᠴᠢᠩᠭᠠᠳᠬᠠᠵᠤ《ᠠᠰᠠᠭᠤᠳᠠᠯ᠎ᠢ ᠰᠢᠢᠳᠪᠦᠷᠢᠯᠡᠬᠦ》᠎ᠶ᠋ᠢ ᠨᠠᠢᠳᠠᠪᠦᠷᠢᠵᠢᠭᠤᠯᠤᠨᠠ᠃ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠶ᠋ᠢ ᠠᠵᠢᠯ᠎ᠢᠶᠠᠨ ᠥᠷᠨᠢᠭᠦᠯᠬᠦ᠌ ᠭᠣᠣᠯ ᠠᠷᠭ᠎ᠠ ᠬᠡᠯᠪᠡᠷᠢ ᠪᠣᠯᠭᠠᠬᠤ᠎ᠶ᠋ᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ《ᠲᠤᠩᠬᠠᠭ ᠨᠡᠢᠳᠡᠯᠡᠵᠦ ᠰᠡᠳᠦᠪ᠎ᠢ ᠰᠢᠢᠳᠪᠦᠷᠢᠯᠡᠬᠦ》 ᠵᠢ ᠠᠬᠢᠭᠤᠯᠤᠨ᠎ᠠ᠃ ᠳᠡᠭᠡᠳᠦ ᠱᠠᠲᠤᠨ᠎ᠠᠴᠠ ᠠᠬᠢᠭᠤᠯᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠡᠴᠡ《ᠲᠤᠩᠬᠠᠭ ᠨᠡᠢᠲᠡᠯᠡᠵᠦ᠍ ᠰᠡᠳᠦᠪ᠎ᠢ ᠰᠢᠢᠳᠪᠦᠷᠢᠯᠡᠬᠦ》 ᠵᠢ ᠣᠨ᠎ᠤ ᠭᠣᠣᠯᠳᠠᠯᠭ᠎ᠠ᠎ᠲᠠᠶ ᠠᠵᠢᠯ ᠪᠣᠯᠭᠠᠵᠤ᠂ ᠲᠤᠰᠭᠠᠢ ᠪᠠᠢᠷᠢᠯᠠᠭᠤᠯᠵᠤ᠂ ᠲᠤᠰᠭᠠᠢ ᠠᠩᠬᠢ ᠬᠠᠷᠢᠭᠤᠴᠠᠵᠤ᠂ ᠲᠤᠰᠭᠠᠢ ᠳᠦᠷᠦᠯ᠎ᠢᠶᠡᠷ ᠠᠬᠢᠭᠤᠯᠤᠨ᠎ᠠ᠃ ᠲᠥᠷᠥᠯ ᠵᠦᠢᠯᠵᠢᠭᠦᠯᠦᠨ ᠠᠬᠢᠭᠤᠯᠬᠤ᠎ᠶ᠋ᠢ ᠬᠡᠷᠡᠭ᠌ᠵᠢᠭᠦᠯᠵᠦ᠍᠂ ᠲᠥᠷᠥᠯ ᠵᠦᠢᠯ ᠨᠢᠭᠡᠪᠦᠷᠢ᠎ᠳᠦ ᠴᠥᠮ ᠲᠦᠷᠦᠭᠦᠯᠡᠨ ᠬᠢᠬᠦ᠌ ᠬᠡᠯᠲᠡᠰ᠎ᠦᠨ ᠤᠳᠤᠷᠢᠳᠤᠯᠭ᠎ᠠ᠂ ᠬᠠᠷᠢᠭᠤᠴᠠᠯᠭ᠎ᠠ᠎ᠶ᠋ᠢᠨ ᠭᠠᠵᠠᠷ ᠲᠠᠰᠤᠭ᠂ ᠰᠡᠳᠦᠪ ᠲᠠᠭᠠᠭᠠᠴᠢᠯᠠᠭᠰᠠᠨ ᠰᠠᠯᠠᠭ᠎ᠠ ᠮᠥᠴᠢᠷ ᠨᠢᠭᠡᠴᠢ᠎ᠶ᠋ᠢ ᠲᠣᠳᠣᠷᠬᠠᠢᠯᠠᠨ᠂ ᠠᠬᠢᠭᠤᠯᠬᠤ ᠠᠷᠭ᠎ᠠ ᠬᠡᠮᠵᠢᠶ᠎ᠡ ᠪᠠ ᠠᠵᠢᠯ᠎ᠤᠨ ᠬᠠᠷᠠᠯᠲᠠ᠎ᠶ᠋ᠢ ᠲᠣᠳᠣᠷᠬᠠᠢᠯᠠᠵᠤ᠂ ᠠᠵᠢᠯ᠎ᠤᠨ ᠡᠬᠡ ᠳᠠᠩᠰᠠ᠎ᠶ᠋ᠢ ᠲᠣᠭ᠍ᠲᠠᠭᠠᠨ᠂ ᠰᠠᠷ᠎ᠠ᠎ᠪᠠᠷ ᠲᠣᠬᠢᠷᠠᠭᠤᠯᠤᠯᠲᠠ ᠬᠢᠵᠦ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠵᠠᠷᠯᠠᠨ᠎ᠠ᠃ ᠠᠵᠢᠯ᠎ᠤᠨ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠪᠤᠢ ᠪᠦᠬᠦᠢ ᠰᠡᠳᠦᠪ ᠲᠠᠭᠠᠭᠠᠴᠢᠯᠠᠭᠰᠠᠨ ᠰᠠᠯᠠᠭ᠎ᠠ ᠮᠥᠴᠢᠷ ᠨᠢᠭᠡᠴᠢ᠎ᠳᠦ ᠡᠭᠦᠷᠭᠡ᠎ᠶ᠋ᠢᠨ ᠪᠢᠴᠢᠭ ᠣᠯᠭᠣᠵᠤ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌《ᠪᠠᠲᠤᠯᠠᠭ᠎ᠠ᠎ᠶ᠋ᠢᠨ ᠪᠢᠴᠢᠭ》ᠲᠣᠭ᠍ᠲᠠᠭᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠦᠷ᠎ᠡ ᠪᠦᠲᠦᠮᠵᠢ᠎ᠶ᠋ᠢ ᠮᠥᠷᠳᠡᠨ ᠠᠰᠠᠭᠤᠵᠤ᠂ ᠦᠢᠯᠡᠳᠦᠯᠭᠡ ᠪᠠ ᠳᠦᠷᠢᠮ᠎ᠦᠨ ᠦᠷ᠎ᠡ ᠪᠦᠲᠦᠭᠡᠯ᠎ᠢ ᠴᠢᠷᠮᠠᠢᠨ ᠣᠯᠵᠤ᠂ 《ᠠᠰᠠᠭᠤᠳᠠᠯ᠎ᠢ ᠰᠢᠢᠳᠪᠦᠷᠢᠯᠡᠬᠦ》 ᠬᠠᠨᠤᠮᠵᠢᠲᠠᠢ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ᠎ᠶ᠋ᠢ ᠪᠠᠲᠤᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃