ᠭᠣᠣᠯ ᠰᠡᠳᠦᠪᠲᠦ ᠮᠡᠳᠡᠭᠡᠯᠡᠯ > ᠲᠤᠩᠬᠠᠭ ᠨᠡᠢᠲᠡᠯᠡᠵᠦ ᠰᠡᠳᠦᠪ ᠳᠠᠭᠠᠭᠠᠴᠢᠯᠠᠭᠤᠯᠵᠤ ᠪᠦᠬᠦ ᠲᠠᠯ᠎ᠠ᠎ᠪᠠᠷ ᠰᠢᠯᠢᠳᠡᠭ ᠪᠣᠯᠬᠤ᠎ᠪᠠᠷ ᠴᠢᠷᠮᠠᠢᠶ᠎ᠠ

2022-07-06 10:03:28

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

《ᠪᠢ ᠡᠮᠦᠨ᠎ᠠ ᠪᠢᠨ ᠾᠧ ᠨᠡᠢᠭᠡᠮ ᠲᠣᠭᠣᠷᠢᠭ ᠪᠣᠯᠤᠨ ᠬᠣᠩ ᠲᠦᠩ ᠨᠡᠢᠭᠡᠮ ᠲᠣᠭᠣᠷᠢᠭ᠎ᠤᠨ ᠬᠣᠣᠷ ᠴᠠᠭᠠᠵᠠᠯᠠᠬᠤ ᠤᠬᠠᠭᠤᠯᠭ᠎ᠠ᠂ ᠢᠷᠭᠡᠨ᠎ᠦ ᠬᠠᠤᠯᠢ᠎ᠶ᠋ᠢᠨ ᠪᠢᠴᠢᠭ᠎ᠦᠨ ᠬᠠᠤᠯᠢ ᠲᠦᠭᠡᠮᠡᠯᠵᠢᠭᠦᠯᠬᠦ᠌ ᠬᠥᠮᠦᠵᠢᠯ᠎ᠦᠨ ᠲᠦᠷᠦᠯ ᠵᠦᠢᠯ᠎ᠢ ᠬᠦᠯᠢᠶᠡᠨ ᠠᠪᠴᠡᠢ᠃ ᠬᠣᠢᠱᠢᠳᠠ ᠤᠯᠠᠨ ᠲᠦᠮᠡᠨ᠎ᠦ ᠬᠠᠤᠯᠢ ᠴᠠᠭᠠᠵᠠ᠎ᠶ᠋ᠢᠨ ᠤᠬᠠᠮᠰᠠᠷ ᠪᠣᠯᠤᠨ ᠬᠠᠤᠯᠢᠵᠢᠯ᠎ᠤᠨ ᠦᠵᠡᠯᠲᠡ᠎ᠶ᠋ᠢ ᠲᠡᠭᠡᠭᠰᠢᠯᠡᠬᠦᠯᠬᠦ ᠳ᠋ᠤ ᠬᠦᠴᠤᠨ ᠴᠢᠳᠠᠯ᠎ᠵᠢᠡᠨ ᠨᠠᠮᠠᠷᠢᠯᠡᠨ᠎ᠠ᠃》 ᠭᠡᠵᠤ ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠾᠧ ᠫᠢᠩ ᠵᠡᠭᠡᠯᠢ᠎ᠶ᠋ᠢᠨ《ᠪᠣᠯᠪᠠᠰᠤᠨ ᠢ᠋ ᠦᠶ᠋ᠯᠡᠳᠦᠯᠭᠡᠵᠢᠭᠦᠯᠵᠦ᠍᠂ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠥᠷᠥᠯ ᠵᠦᠶ᠋ᠯ᠎ᠢ ᠲᠥᠪᠯᠡᠷᠡᠭᠦᠯᠦᠨ ᠬᠦᠯᠢᠶᠡᠵᠤ ᠠᠪᠬᠤ ᠰᠠᠷ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠎ᠤᠨ ᠠᠬᠤᠢ ᠲᠠᠯᠠᠪᠠᠶ᠎ᠳᠤ ᠡᠮᠦᠨ᠎ᠡ ᠪᠢᠨ ᠾᠧ ᠨᠡᠢᠭᠡᠮ ᠲᠣᠭᠣᠷᠢᠭ᠎ᠤᠨ ᠬᠠᠮᠲᠤ᠎ᠪᠠᠷ ᠪᠠᠢᠭᠤᠯᠬᠤ ᠨᠢᠭᠡᠴᠢ᠎ᠶ᠋ᠢᠨ ᠲᠥᠯᠥᠭᠡᠯᠡᠭ᠌ᠴᠢ᠂ ᠲᠦᠮᠡᠯᠵᠢ ᠠᠯᠪᠠᠳᠠᠯᠭ᠎ᠠ᠎ᠪᠠᠷ ᠬᠤᠤᠷ ᠲᠠᠢᠯᠤᠭᠤᠯᠬᠤ ᠭᠠᠵᠠᠷ᠎ᠤᠨ ᠬᠥᠮᠦᠵᠢᠭᠦᠯᠵᠤ ᠵᠠᠯᠠᠷᠠᠭᠤᠯᠬᠤ ᠲᠥᠪ᠎ᠦᠨ ᠡᠷᠬᠢᠯᠡᠭ᠌ᠴᠢ ᠸᠠᠩ ᠸᠧᠶ ᠨᠡᠢᠭᠡᠮ ᠲᠣᠭᠣᠷᠢᠭ᠎ᠤᠨ ᠠᠵᠢᠯᠲᠠᠨ᠎ᠲᠠᠶ 《ᠭᠡᠷ᠎ᠡ ᠲᠣᠭ᠍ᠲᠠᠪᠠ》᠃

ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠥᠷᠥᠯ ᠵᠦᠶ᠋ᠯ᠎ᠢ ᠲᠥᠪᠯᠡᠷᠡᠭᠦᠯᠦᠨ ᠬᠦᠯᠢᠶᠡᠵᠤ ᠠᠪᠬᠤ ᠰᠠᠷ᠎ᠠ ᠵᠢᠨ ᠠᠵᠢᠯᠯᠠᠭ᠎ᠠ᠎ᠶ᠋ᠢ ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠾᠧ ᠫᠢᠩ ᠵᠡᠭᠡᠯᠢ᠎ᠶ᠋ᠢᠨ 《ᠤᠯᠠᠭᠠᠨ ᠠᠨᠠᠷ ᠨᠠᠮ᠎ᠤᠨ ᠪᠠᠢᠭᠤᠯᠤᠯᠲᠠ᠎ᠶ᠋ᠢᠨ ᠬᠣᠯᠪᠣᠭ᠎ᠠ》 ᠡᠴᠡ ᠡᠬᠢᠯᠡᠬᠦᠯᠵᠤ᠂ ᠠᠵᠢᠯᠯᠠᠭ᠎ᠠ ᠡᠬᠢᠯᠡᠭ᠌ᠰᠡᠨ ᠲᠤᠬᠠᠶ᠎ᠶ᠋ᠢᠨ ᠡᠳᠦᠷ 184 ᠬᠣᠯᠪᠣᠭᠠᠨ᠎ᠤ ᠨᠢᠭᠡᠴᠢ ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠠᠷᠢᠯᠴᠠᠨ ᠬᠣᠯᠪᠣᠭᠠᠯᠠᠵᠤ ᠬᠠᠮᠲᠤ᠎ᠪᠠᠷ ᠪᠠᠢᠭᠤᠯᠬᠤ 531ᠲᠦᠷᠦᠯ ᠵᠦᠢᠯ ᠢ᠋ ᠬᠦᠯᠢᠶᠡᠵᠤ ᠠᠪᠤᠪᠠ᠃

《ᠪᠢᠳᠠ ᠵᠡᠭᠡᠯᠢ ᠭᠤᠳᠤᠮᠵᠢ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠪᠠᠷ ᠲᠡᠩᠭᠡᠯᠢᠭ ᠪᠣᠯᠭᠠᠨ᠂ ᠬᠤᠳᠠ᠎ᠶ᠋ᠢᠨ ᠬᠦᠷᠢᠶᠡᠨ᠎ᠳᠡᠬᠢ ᠪᠤᠢ ᠪᠦᠬᠦᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠬᠠᠮᠤᠷᠴᠤ᠌᠂ 〈ᠪᠦᠬᠦ᠌ ᠣᠷᠣᠨ ᠪᠦᠰᠡ᠎ᠶ᠋ᠢᠨ ᠬᠠᠷᠢᠯᠴᠠᠨ ᠬᠣᠯᠪᠣᠭᠠᠯᠠᠵᠤ ᠬᠠᠮᠲᠤ᠎ᠪᠠᠷ ᠪᠠᠢᠭᠤᠯᠬᠤ〉 ᠠᠵᠢᠯᠯᠠᠭ᠎ᠠ ᠥᠷᠨᠢᠭᠦᠯᠵᠦ᠍ ᠂ ᠰᠠᠭᠤᠭᠠᠯᠢ ᠠᠷᠠᠳ᠎ᠲᠤ ᠨᠠᠷᠢᠯᠢᠬ᠂ ᠣᠨᠣᠪᠴᠢᠲᠠᠢ ᠦᠢᠯᠡᠴᠢᠯᠡᠭᠡ ᠬᠦᠷᠲᠡᠭᠡᠵᠤ ᠪᠤᠢ᠃》 ᠬᠡᠵᠤ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ ᠳ᠋ᠦ᠋ ᠱᠢᠨ ᠭᠡᠯᠡᠨ᠎ᠠ᠃ ᠲᠠᠷᠠ᠂ 《ᠡᠭᠦᠷᠭᠡ ᠬᠦᠯᠢᠶᠡᠨ ᠠᠪᠬᠤ》 ᠠᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢ ᠬᠢᠩᠭᠠᠨ ᠠᠢᠮᠠᠭ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ᠎ᠪᠡᠷ ᠤᠳᠤᠷᠢᠳᠤᠮᠵᠢ ᠪᠣᠯᠭᠠᠬᠤ ᠶ᠋ᠢ ᠬᠠᠷᠢᠯᠴᠠᠨ ᠨᠢᠭᠡᠳᠭᠡᠬᠦ᠌᠎ᠶ᠋ᠢ ᠪᠠᠷᠢᠮᠲᠠᠯᠠᠵᠤ᠂ ᠠᠵᠢᠯ᠎ᠢ ᠲᠥᠷᠥᠯ ᠵᠦᠢᠯᠵᠢᠬᠦᠯᠬᠦ᠂ ᠲᠥᠷᠥᠯ ᠵᠦᠶ᠋ᠯ᠎ᠢ ᠨᠠᠷᠢᠨ ᠳᠠᠡᠭᠰᠠᠵᠢᠭᠤᠯᠬᠤ᠂ ᠨᠠᠷᠢᠨ ᠲᠠᠩᠰᠠ᠎ᠢ᠋ᠢ ᠵᠠᠩᠭᠢᠶᠠᠰᠤᠵᠢᠭᠤᠯᠬᠤ᠂ ᠵᠠᠩᠭᠢᠶᠠᠰᠤ ᠶ᠋ᠢ ᠬᠠᠷᠢᠴᠠᠭᠤᠯᠭᠠᠵᠢᠭᠤᠯᠬᠤ ᠢ᠋ᠢ ᠬᠡᠷᠡᠭᠵᠢᠭᠦᠯᠦᠭᠰᠡᠨ ᠶᠤᠮ᠂《ᠪᠥᠬᠥ᠌ ᠣᠷᠣᠨ ᠪᠦᠰᠡ᠎ᠶ᠋ᠢᠨ ᠬᠠᠷᠢᠯᠴᠠᠨ ᠬᠣᠯᠪᠣᠭᠠᠯᠠᠵᠤ ᠬᠠᠮᠲᠤ᠎ᠪᠠᠷ ᠪᠠᠢᠭᠤᠯᠬᠤ》 ᠪᠣᠯ ᠳᠠᠷᠤᠶ 《ᠡᠭᠦᠷᠭᠡ ᠬᠦᠯᠢᠶᠡᠨ ᠠᠪᠬᠤ》 ᠠᠵᠢᠯ ᠪᠣᠳᠠᠲᠤ ᠠᠬᠢᠯᠲᠠ᠎ᠲᠠᠶ ᠪᠣᠯᠤᠭ᠍ᠰᠠᠨ ᠪᠣᠳᠠᠲᠤ ᠵᠢᠱ᠌ᠢᠶ᠎ᠡ ᠪᠣᠯᠤᠨ᠎ᠠ ᠭᠡᠯ᠎ᠠ᠃

ᠰᠡᠳᠬᠢᠴᠠ᠎ᠵᠢᠨ ᠲᠠᠯ᠎ᠠ᠎ᠪᠠᠷ᠂ ᠬᠢᠩᠭᠠᠨ ᠠᠢᠮᠠᠭ᠎ᠤᠨ ᠨᠠᠮ᠎ᠤᠨ ᠬᠤᠷᠢᠶ᠎ᠠ ᠢ᠋ᠢᠨ ᠵᠣᠬᠢᠶᠠᠨ ᠪᠠᠢᠭᠤᠯᠬᠤ ᠬᠡᠯᠲᠡᠰ ᠤᠷᠢᠳ ᠬᠣᠵᠢᠳ ᠬᠡᠯᠲᠡᠰ ᠤ᠋ᠨ ᠳᠠᠷᠤᠭ᠎ᠠ᠎ᠨᠠᠷ᠎ᠤᠨ ᠠᠯᠪᠠᠨ ᠠᠵᠢᠯ᠎ᠤᠨ ᠬᠤᠷᠠᠯ᠂ ᠬᠡᠯᠲᠡᠰ ᠤ᠋ᠨ ᠶᠠᠪᠤᠳᠠᠯ᠎ᠤᠨ(ᠥᠷᠭᠡᠳᠭᠡᠭ᠌ᠰᠡᠨ) ᠬᠤᠷᠠᠯ᠂ ᠪᠠᠢᠭᠤᠯᠭ᠎ᠠ᠎ᠶ᠋ᠢᠨ ᠺᠠᠳ᠋ᠷᠴᠤᠳ᠎ᠤᠨ ᠶᠡᠬᠡ ᠬᠤᠷᠠᠯ᠂ ᠲᠣᠬᠢᠷᠠᠭᠤᠯᠤᠨ ᠠᠬᠢᠭᠤᠯᠬᠤ ᠬᠤᠷᠠᠯ ᠵᠡᠷᠭᠡ᠎ᠶ᠋ᠢ ᠬᠤᠷᠠᠯᠳᠤᠭᠤᠯᠵᠤ᠂ 10 ᠵᠦᠶ᠋ᠯ᠎ᠦᠨ ᠡᠭᠦᠷᠭᠡ ᠪᠠ ᠠᠬᠢᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠵᠤ᠂ ᠠᠰᠠᠭᠤᠳᠠᠯ᠎ᠤᠨ ᠮᠥᠨ ᠴᠢᠨᠠᠷ᠎ᠢ ᠣᠨᠣᠪᠴᠢᠲᠠᠶ ᠡᠵᠡᠮᠳᠡᠨ᠂ ᠠᠵᠢᠯ᠎ᠤᠨ ᠰᠡᠳᠭᠢᠮᠵᠢ ᠪᠡᠨ ᠲᠣᠳᠣᠷᠬᠠᠶ ᠪᠣᠯᠭᠠᠪᠠ; ᠠᠴᠢᠶᠠᠯᠠᠪᠤᠷᠢ᠎ᠶ᠋ᠢᠨ ᠰᠣᠩᠭᠣᠯᠲᠠ᠎ᠶ᠋ᠢᠨ ᠲᠠᠯ᠎ᠠ᠎ᠪᠠᠷ᠂ ᠬᠦᠴᠢᠷ ᠠᠰᠠᠭᠤᠳᠠᠯ᠂ ᠭᠤᠤᠯᠳᠠᠯᠭ᠎ᠠ ᠲᠠᠢ ᠵᠦᠢᠯᠡᠰ᠂ ᠬᠢᠯᠠᠰ ᠴᠡᠭ 《ᠭᠤᠷᠪᠠᠨ ᠨᠠᠷᠢᠨ ᠲᠠᠩᠰᠠ》 ᠢ᠋ᠢ ᠲᠣᠭ᠍ᠲᠠᠭᠠᠨ ᠨᠡᠢᠲᠡᠯᠡᠵᠦ᠍᠂ 12《ᠡᠭᠦᠷᠭᠡ ᠬᠦᠯᠢᠶᠡᠨ ᠠᠪᠬᠤ》 ᠬᠦᠴᠢᠷ ᠠᠰᠠᠭᠤᠳᠠᠯ ᠢ᠋ ᠠᠬᠢᠭᠤᠯᠬᠤ 53 ᠠᠷᠭ᠎ᠠ ᠬᠡᠮᠵᠢᠶ᠎ᠡ᠂ 14 ᠭᠤᠤᠯᠳᠠᠯᠭ᠎ᠠ᠎ᠲᠠᠶ ᠠᠵᠢᠯ᠎ᠢ ᠠᠬᠢᠭᠤᠯᠬᠤ 91 ᠠᠷᠭ᠎ᠠ ᠬᠡᠮᠵᠢᠶ᠎ᠠ ᠪᠠ 12 ᠬᠢᠯᠠᠰ ᠴᠡᠭ᠎ᠦᠨ ᠠᠵᠢᠯ᠎ᠢ ᠨᠠᠷᠢᠯᠢᠭᠵᠢᠭᠤᠯᠪᠠ; ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ᠂ 12 ᠰᠡᠳᠦᠪ᠎ᠦᠨ ᠳᠤᠭᠤᠢᠯᠠᠩ ᠪᠠᠢᠭᠤᠯᠵᠤ᠂ ᠬᠠᠷᠠᠯᠲᠠ ᠡᠭᠦᠷᠭᠡ᠂ ᠠᠬᠢᠭᠤᠯᠬᠤ ᠠᠷᠭ᠎ᠠ ᠬᠡᠮᠵᠢᠶ᠎ᠡ᠂ ᠬᠠᠷᠢᠭᠤᠴᠠᠯᠭᠠᠲᠤ ᠤᠳᠤᠷᠢᠳᠤᠯᠭ᠎ᠠ ᠪᠣᠯᠤᠨ ᠲᠦᠷᠦᠭᠦᠯᠡᠬᠦ᠌ ᠰᠠᠯᠠᠭ᠎ᠠ ᠲᠠᠰᠤᠭ᠎ᠢ ᠲᠣᠳᠣᠷᠬᠠᠢᠯᠠᠨ᠂ ᠲᠤᠰᠭᠠᠶ ᠰᠡᠳᠦᠪ ᠬᠤᠪᠢᠶᠠᠨ ᠶᠠᠷᠢᠯᠴᠠᠨ ᠰᠤᠳᠤᠯᠵᠤ᠂ ᠰᠠᠷ᠎ᠠ ᠪᠦᠷᠢ ᠨᠢᠭᠡ ᠤᠳᠠᠭ᠎ᠠ ᠲᠣᠬᠢᠷᠠᠭᠤᠯᠬᠤ᠂ ᠤᠯᠠᠷᠢᠯ ᠪᠦᠷᠢ ᠨᠢᠭᠡ ᠤᠳᠠᠭ᠎ᠠ ᠵᠠᠷᠯᠠᠬᠤ ᠶ᠋ᠢ ᠬᠡᠷᠡᠭ᠌ᠵᠢᠭᠦᠯᠵᠦ᠍᠂ ᠡᠭᠦᠷᠭᠡ᠂ ᠱᠠᠭᠠᠷᠳᠠᠯᠭ᠎ᠠ᠂ ᠠᠬᠢᠴᠠ᠂ ᠦᠷ᠎ᠡ ᠪᠦᠲᠦᠮᠵᠢ᠎ᠶ᠋ᠢ ᠵᠣᠬᠢᠴᠠᠭᠤᠯᠬᠤ᠎ᠶ᠋ᠢ ᠠᠬᠢᠭᠤᠯᠪᠠ᠃

《ᠡᠭᠦᠷᠭᠡ ᠬᠦᠯᠢᠶᠡᠨ ᠠᠪᠬᠤ》ᠭᠣᠣᠯᠳᠠᠯᠭ᠎ᠠ᠎ᠲᠠᠶ ᠬᠦᠴᠢᠷ ᠠᠰᠠᠭᠤᠳᠠᠯ᠎ᠢ ᠱᠢᠢᠳᠪᠦᠷᠢᠯᠡᠬᠦ ᠳ᠋ᠤ ᠦᠵᠡᠯ ᠰᠠᠨᠠᠭ᠎ᠠ᠎ᠪᠠᠨ ᠴᠢᠯᠥᠭᠡᠯᠡᠬᠦ᠌ ᠪᠣᠯ ᠤᠷᠢᠳᠠᠯ ᠪᠣᠯᠤᠨ᠎ᠠ᠃ ᠭᠠᠭ᠍ᠴᠠ ᠬᠦ᠌ ᠦᠵᠡᠯ ᠰᠠᠨᠠᠭ᠎ᠠ ᠪᠡᠨ ᠬᠤᠪᠢᠷᠠᠭᠤᠯᠵᠤ᠂ ᠴᠢᠳᠠᠪᠤᠷᠢ ᠪᠡᠨ ᠳᠡᠭᠡᠭᠰᠢᠯᠡᠭᠦᠯᠪᠡᠯ ᠰᠠᠶᠢ ᠠᠵᠢᠯ ᠎ᠳᠠᠭᠠᠨ ᠰᠤᠷᠮᠠᠭᠠᠢ ᠪᠣᠯᠵᠤ ᠴᠢᠳᠠᠨ᠎ᠠ᠃

ᠬᠢᠩᠭᠠᠨ ᠠᠢᠮᠠᠭ ᠺᠠᠳ᠋ᠷ᠎ᠤᠨ ᠬᠥᠮᠦᠵᠢᠯ ᠪᠣᠯᠪᠠᠰᠤᠷᠠᠯ᠎ᠢ᠋ ᠴᠢᠬᠤᠯᠠᠴᠢᠯᠡᠵᠤ᠂ ᠠᠷᠠᠯᠵᠢᠶᠠᠴᠢᠨ ᠤᠷᠢᠵᠤ ᠪᠡᠯᠡ ᠮᠦᠡᠭᠬᠦ ᠣᠷᠣᠭᠤᠯᠤᠨ ᠠᠪᠴᠢᠷᠠᠬᠤ᠂ ᠠᠵᠤ ᠦᠢᠯᠡᠳᠪᠦᠷᠢ᠎ᠶ᠋ᠢᠨ ᠠᠵᠤ ᠠᠬᠤᠶ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠠᠮᠢ ᠠᠬᠤᠶ᠎ᠶ᠋ᠢᠨ ᠪᠣᠯᠪᠠᠰᠤᠨ᠂ ᠦᠨᠳᠦᠰᠦᠨ ᠱᠠᠲᠤᠨ᠎ᠤ ᠵᠠᠰᠠᠯᠲᠠ᠂ ᠣᠳᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠡᠭ᠂ ᠤᠳᠤ ᠦᠶ᠎ᠡ᠎ᠶ᠋ᠢᠨ ᠵᠢᠭᠤᠯᠴᠢᠯᠠᠯ᠎ᠤᠨ ᠦᠢᠯᠡᠰ ᠵᠡᠷᠭᠡ 10 ᠲᠠᠯ᠎ᠠ ᠳ᠋ᠤ ᠠᠩᠬᠠᠷᠤᠯ᠎ᠢᠶᠠᠨ ᠲᠥᠪᠯᠡᠷᠡᠭᠦᠯᠵᠤ᠂ ᠱᠢᠨ᠎ᠡ᠎ᠪᠡᠷ ᠲᠤᠱᠢᠶᠠᠯ ᠡᠭᠦᠷᠭᠡᠯᠡᠭ᠌ᠰᠡᠨ ᠵᠠᠭᠤᠨ ᠤᠳᠤᠷᠢᠳᠭᠤ ᠺᠠᠳ᠋ᠷ᠂ ᠰᠠᠯᠠᠭᠠᠨ ᠲᠡᠰ᠎ᠤᠨ ᠺᠠᠳ᠋ᠷ᠂ ᠦᠨᠳᠦᠰᠦᠨ ᠱᠠᠲᠤᠨ᠎ᠤ ᠺᠠᠳ᠋ᠷ᠎ᠲᠤ᠌ ᠱᠢᠰᠲ᠋ᠧᠮᠴᠢᠯᠡᠭᠰᠡᠨ᠂ ᠤᠯᠡᠠ ᠡᠱᠢᠵᠢᠭᠰᠡᠨ᠂ ᠪᠦᠬᠦ᠌ ᠲᠠᠯ᠎ᠠ ᠶ᠋ᠢᠨ ᠪᠣᠯᠪᠠᠰᠤᠷᠠᠯ ᠬᠦᠷᠲᠡᠭᠡᠪᠠ᠃ ᠪᠠᠰᠠ 《ᠴᠢᠨᠠᠷ ᠰᠠᠢᠲᠠᠢ ᠬᠥᠭ᠌ᠵᠢᠯᠲᠡ᠎ᠶ᠋ᠢᠨ ᠶᠠᠷᠢᠶᠠᠨ᠎ᠤ ᠲᠠᠩᠬᠢᠮ》᠂ 《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠶᠠᠷᠢᠶᠠᠨ᠎ᠤ ᠲᠠᠩᠬᠢᠮ》᠂ ᠬᠤᠭᠤᠴᠠᠭ᠎ᠠ ᠰᠣᠯᠢᠭ᠍ᠰᠠᠨ᠎ᠤ ᠳᠠᠷᠠᠭᠠᠬᠢ ᠬᠣᠱᠢᠭᠤ ᠱᠢᠶᠠᠨ ᠬᠤᠳᠠ᠎ᠶ᠋ᠢᠨ ᠺᠠᠳ᠋ᠷ᠎ᠤᠨ ᠤᠯᠤᠰ ᠲᠦᠷᠦ᠍᠎ᠶ᠋ᠢᠨ ᠴᠢᠳᠠᠪᠤᠷᠢ ᠢ᠋ᠢ ᠳᠡᠭᠡᠭ᠌ᠰᠢᠯᠡᠭᠦᠯᠵᠦ᠍ ᠲᠤᠱᠢᠶᠠᠯ ᠭᠦᠢᠴᠡᠳᠭᠡᠬᠦ᠌ ᠴᠢᠳᠠᠪᠤᠷᠢ᠎ᠶ᠋ᠢᠨ ᠪᠣᠯᠪᠠᠰᠤᠷᠠᠯ᠂ 《ᠵᠣᠬᠢᠶᠠᠨ ᠪᠠᠢᠭᠤᠯᠬᠤ ᠠᠵᠢᠯ᠎ᠤᠨ ᠶᠠᠷᠢᠶᠠᠨ᠎ᠤ ᠲᠠᠩᠬᠢᠮ》 ᠵᠡᠷᠭᠡ ᠪᠡᠷ ᠳᠠᠮᠵᠢᠭᠤᠯᠵᠤ ᠪᠦᠬᠦ᠌ ᠠᠢᠮᠠᠭ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠯ ᠤ᠋ᠨ ᠬᠦᠴᠦᠨ᠎ᠢ ᠨᠢᠭ᠍ᠲᠠᠷᠠᠭᠤᠯᠪᠠ᠃

ᠤᠢᠷ᠎ᠡ᠎ᠳᠦ᠂ ᠬᠢᠩᠭᠠᠨ ᠠᠢᠮᠠᠭ᠎ᠤᠨ ᠨᠠᠮ ᠵᠠᠰᠠᠭ᠎ᠤᠨ ᠲᠣᠮᠣ ᠠᠰᠠᠷ᠎ᠤᠨ ᠮᠡᠳᠡᠭᠦᠯᠦᠯᠲᠡ᠎ᠶ᠋ᠢᠨ ᠲᠢᠩᠬᠢᠮ᠎ᠳᠦ 6 ᠬᠣᠱᠢᠭᠤ ᠱᠢᠶᠠᠨ ᠬᠣᠲᠠ᠂ ᠠᠢᠮᠠᠭ᠎ᠤᠨ ᠨᠡᠭᠡᠭᠡᠯᠲᠡ ᠶ᠋ᠢᠨ ᠲᠣᠭᠣᠷᠢᠭ᠂ ᠬᠢᠩᠭᠠᠨ ᠠᠢᠮᠠᠭ ᠤ᠋ᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ ᠪᠣᠯᠤᠨ ᠠᠢᠮᠠᠭ᠎ᠤᠨ 20 ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠭᠤᠤᠯ ᠬᠠᠷᠢᠭᠤᠴᠠᠯᠭᠠᠲᠠᠳ ᠨᠢᠭᠡ ᠨᠢᠭᠡ᠎ᠪᠡᠷ ᠲᠦᠷᠦᠬᠦᠤ ᠤᠯᠠᠷᠢᠯ᠎ᠤᠨ ᠭᠤᠤᠯᠳᠠᠯᠭ᠎ᠠ᠎ᠲᠠᠶ ᠠᠵᠢᠯ᠎ᠢ ᠪᠡᠶᠡᠯᠡᠭᠦᠯᠦᠭ᠌ᠰᠡᠨ ᠪᠠᠢᠳᠠᠯ᠎ᠤ᠋ᠨ ᠲᠠᠯ᠎ᠠ ᠪᠡᠷ ᠪᠥᠬᠥ᠌ ᠲᠠᠯ᠎ᠠ᠎ᠶ᠋ᠢᠨ ᠪᠥᠭᠡᠳ ᠭᠦᠨᠵᠡᠭᠡᠶ ᠠᠵᠢᠯ᠎ᠤᠨ ᠮᠡᠳᠡᠭᠦᠯᠦᠯᠲᠡ ᠬᠢᠪᠠ᠃

ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠵᠠᠩᠭᠢᠯᠠᠭ᠎ᠠ ᠨᠢ ᠬᠥᠮᠦᠨ᠎ᠳᠦ ᠪᠤᠢ᠂ ᠺᠠᠳ᠋ᠷ᠎ᠲᠤ ᠪᠤᠢ᠃ ᠬᠢᠩᠭᠠᠨ ᠠᠢᠮᠠᠭ ᠤ᠋ᠨ ᠬᠢᠨ《ᠠᠵᠢᠯ ᠤ᠋ᠨ ᠪᠦᠲᠦᠮᠵᠢ᠎ᠶ᠋ᠢ ᠱᠢᠯᠭᠠᠵᠤ ᠬᠡᠪ ᠰᠤᠷᠲᠡᠯ ᠢ᠋ ᠴᠡᠭᠴᠡᠯᠡᠵᠤ ᠬᠠᠷᠢᠭᠤᠴᠠᠯᠭ᠎ᠠ ᠡᠭᠦᠷᠭᠡᠯᠡᠬᠦ᠌》ᠲᠤᠰᠭᠠᠶ ᠠᠵᠢᠯᠯᠠᠭ᠎ᠠ᠎ᠦᠷᠨᠢᠭᠦᠯᠵᠤ᠂ ᠤᠯᠠᠷᠢᠯ᠎ᠤ᠋ᠨ ᠠᠵᠢᠯ᠎ᠤᠨ ᠮᠡᠳᠡᠭᠦᠯᠦᠯᠲᠡ ᠢ᠋ᠢᠨ ᠦᠨᠡᠯᠡᠯᠲᠡ ᠢ᠋ᠢ ᠬᠡᠷᠡᠭᠵᠢᠭᠦᠯᠵᠤ ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠨᠠᠷᠢᠯᠢᠭ᠍ᠵᠢᠭᠤᠯᠤᠨ ᠱᠢᠯᠢᠳᠡᠭ᠌ᠵᠢᠭᠦᠯᠵᠦ᠂ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠬᠢᠨᠠᠨ ᠱᠢᠯᠭᠠᠬᠤ ᠱᠢᠨ᠎ᠡ ᠵᠠᠭ᠍ᠪᠤᠷ᠎ᠢ ᠬᠠᠢᠨ ᠰᠦᠪᠡᠭ᠌ᠴᠢᠯᠡᠵᠤ᠂ 《ᠠᠳᠠᠯᠢ ᠲᠥᠷᠥᠯ ᠢ᠋ ᠬᠥᠨᠳᠡᠯᠡᠨ ᠢ᠋ᠢᠡᠷ ᠠᠳᠠᠯᠢᠳᠬᠠᠬᠤ᠂ ᠠᠳᠠᠯᠢ ᠠᠵᠢᠯ᠎ᠤᠨ ᠪᠠᠢᠷᠢ᠎ᠢ᠋ᠢ ᠭᠤᠯᠳᠤ ᠪᠡᠷ ᠠᠳᠠᠯᠢᠳᠬᠠᠬᠤ᠂ ᠠᠳᠠᠯᠢ ᠱᠠᠭᠠᠷᠳᠠᠯᠭ᠎ᠠ᠎ᠢ᠋ᠢ ᠬᠠᠷᠢᠯᠴᠠᠨ ᠠᠳᠠᠯᠢᠳᠭᠠᠬᠤ》 ᠵᠠᠷᠴᠢᠮ ᠶᠤᠰᠤᠭᠠᠷ᠂ ᠺᠠᠳ᠋ᠷ᠎ᠤᠨ ᠣᠶᠤᠨ ᠰᠠᠨᠠᠭᠠᠨ᠎ᠤ ᠪᠠᠢᠳᠠᠯ᠂ ᠠᠵᠢᠯ᠎ᠤᠨ ᠰᠤᠷᠲᠠᠯ ᠪᠣᠯᠤᠨ ᠠᠵᠢᠯ᠎ᠤᠨ ᠪᠣᠳᠠᠲᠤ ᠪᠦᠲᠦᠮᠵᠢ᠎ᠶ᠋ᠢ ᠬᠢᠨᠠᠨ ᠱᠢᠯᠭᠠᠵᠤ᠂ ᠬᠠᠷᠢᠭᠤᠴᠠᠯᠭ᠎ᠠ ᠡᠭᠦᠷᠭᠡᠯᠡᠵᠦ᠍ ᠵᠢᠳᠬᠦᠯ ᠴᠢᠷᠮᠠᠢᠯᠭ᠎ᠠ ᠭᠠᠷᠭᠠᠬᠤ ᠵᠣᠬᠢᠴᠠᠩᠭᠤᠶ ᠳᠡᠰ ᠳᠠᠷᠠᠭᠠᠯᠠᠯ᠎ᠢ ᠶᠡᠷᠦᠩᠬᠡᠢᠯᠡᠨ ᠰᠤᠳᠤᠯᠵᠤ ᠦᠨᠡᠯᠡᠨ ᠲᠣᠭ᠍ᠲᠠᠭᠠᠵᠤ᠂ ᠴᠠᠭ ᠲᠤᠬᠠᠢ᠎ᠳᠤᠨᠢ ᠢᠯᠡᠷᠡᠭᠦᠯᠵᠤ᠂ ᠴᠠᠭ ᠲᠤᠬᠠᠶ᠎ᠳᠤᠨᠢ ᠬᠡᠷᠡᠭ᠌ᠯᠡᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠭ᠍ᠰᠠᠨ ᠺᠠᠳ᠋ᠷ᠎ᠢ ᠴᠠᠭ ᠲᠤᠬᠠᠶ᠎ᠳᠤᠨᠢ ᠬᠥᠬᠢᠭᠦᠯᠵᠤ᠂ ᠪᠣᠳᠠᠲᠠᠶ ᠠᠵᠢᠯᠯᠠᠵᠤ ᠪᠣᠳᠠᠲᠤ ᠦᠷ᠎ᠡ ᠪᠦᠲᠦᠮᠵᠢ ᠭᠠᠷᠭᠠᠬᠤ ᠢᠯᠡ ᠲᠣᠳᠣ ᠤᠳᠤᠷᠢᠳᠤᠮᠵᠢ᠎ᠶ᠋ᠢ ᠪᠠᠲᠤᠳᠬᠠᠵᠡᠢ᠃

《ᠲᠠᠷᠠᠭᠠᠴᠢ᠎ᠶ᠋ᠢᠨ ᠠᠯᠬᠤᠮ᠎ᠳᠤ ᠪᠢᠳᠡ 〈ᠲᠤᠰᠭᠠᠶ ᠮᠡᠷᠭᠡᠵᠢᠯ〉 ᠤ᠋ᠨ ᠲᠠᠯ᠎ᠠ᠎ᠪᠠᠷ ᠦᠷᠭᠦᠯᠵᠢᠯᠡᠨ ᠬᠦᠴᠦ᠍ ᠤᠷᠤᠭᠤᠯᠵᠤ᠂ ᠠᠳᠠᠯᠢ ᠪᠤᠰᠤ ᠲᠠᠰ ᠳᠠᠪᠬᠤᠷᠭ᠎ᠠ᠂ ᠠᠳᠠᠯᠢ ᠪᠤᠰᠤ ᠠᠵᠢᠯ᠎ᠤᠨ ᠪᠠᠢᠷᠢ᠂ ᠠᠳᠠᠯᠢ ᠪᠤᠰᠤ ᠬᠦᠷᠢᠶ᠎ᠡ᠎ᠶ᠋ᠢ ᠢᠯᠭᠠᠨ᠂ ᠵᠦᠷᠢᠶᠡᠴᠢᠯᠡᠭ᠌ᠰᠡᠨ ᠬᠠᠷᠢᠭᠤᠴᠠᠯᠭ᠎ᠠ ᠡᠭᠦᠷᠭᠡᠯᠡᠬᠦ᠌ ᠨᠠᠷᠢᠨ ᠲᠠᠩᠰᠠ᠎ᠶ᠋ᠢ ᠳᠤᠷᠠᠳᠴᠤ᠌᠂ ᠤᠳᠤᠷᠢᠳᠭᠤ ᠪᠠᠭ᠂ ᠺᠠᠳ᠋ᠷ ᠨᠢᠭᠡ ᠪᠦᠷᠢ ᠢ᠋ᠢᠨ ᠬᠠᠷᠢᠭᠤᠴᠠᠯᠭ᠎ᠠ ᠡᠭᠦᠷᠭᠡᠯᠡᠬᠦ᠌ ᠲᠤᠰᠭᠠᠶ ᠨᠠᠷᠢᠨ ᠲᠠᠩᠰᠠ᠎ᠶ᠋ᠢ ᠪᠠᠢᠭᠤᠯᠬᠤ᠎ᠶ᠋ᠢᠨ ᠬᠠᠮᠲᠤ ᠴᠠᠭ ᠲᠤᠨᠢ ᠳᠣᠭᠢᠷᠠᠭᠤᠯᠤᠨ ᠲᠤᠰᠭᠠᠶ ᠬᠢᠨᠠᠯᠲᠠ ᠪᠠᠢᠴᠠᠭᠠᠯᠲᠠ ᠬᠢᠨ᠎ᠠ》 ᠭᠡᠵᠤ ᠪᠦᠬᠦ᠌ ᠣᠷᠣᠨ᠎ᠤ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ 《ᠭᠤᠷᠪᠠᠨ ᠲᠤᠰᠭᠠᠢ ᠲᠦᠷᠦᠯ》 ᠤ᠋ᠨ ᠪᠠᠢᠴᠠᠭᠠᠨ ᠰᠤᠳᠤᠯᠵᠤ ᠰᠣᠯᠢᠯᠴᠠᠬᠤ ᠬᠤᠷᠠᠯ ᠳᠡᠭᠡᠷ᠎ᠡ ᠬᠢᠩᠭᠠᠨ ᠠᠢᠮᠠᠭ᠎ᠤᠨ ᠨᠠᠮ᠎ᠤᠨ ᠬᠤᠷᠢᠶ᠎ᠠ ᠢ᠋ᠢᠨ ᠵᠣᠬᠢᠶᠠᠨ ᠪᠠᠢᠭᠤᠯᠬᠤ ᠬᠡᠯᠲᠡᠰ᠎ᠦᠨ ᠬᠢᠨᠠᠨ ᠱᠢᠯᠭᠠᠬᠤ ᠠᠵᠢᠯ᠎ᠤᠨ ᠰᠠᠯᠠᠭᠠᠨ᠎ᠤ ᠳᠠᠷᠤᠭ᠎ᠠ ᠴᠧᠨ ᠯᠢ ᠭᠦᠸᠧ ᠬᠡᠯᠡᠪᠡ᠃

ᠬᠦᠴᠢᠷ᠎ᠢ ᠰᠦᠷᠦᠨ ᠵᠤᠷᠢᠭᠲᠠᠢ ᠪᠡᠷ ᠡᠭᠦᠷᠭᠡᠯᠡᠵᠤ᠂ ᠬᠠᠷᠠᠯᠲᠠᠲᠤ ᠴᠢᠨᠠᠷᠲᠠᠢ ᠪᠡᠷ ᠬᠦᠴᠦᠯᠡᠨ ᠰᠢᠯᠢᠳᠡᠭ ᠠᠮᠵᠢᠯᠲᠠ ᠤᠯᠬᠤ ᠪᠡᠷ ᠴᠢᠷᠮᠠᠢᠨ᠎ᠠ᠃ ᠬᠢᠩᠭᠠᠨ ᠠᠢᠮᠠᠭ ᠤ᠋ᠨ ᠬᠢᠨ ᠦᠷᠭᠦᠯᠵᠢᠯᠡᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠡᠭᠦᠷᠭᠡ ᠬᠦᠯᠢᠶᠡᠨ ᠠᠪᠬᠤ ᠱᠢᠨ᠎ᠡ ᠠᠷᠭ᠎ᠠ ᠵᠠᠮ᠎ᠢ ᠰᠦᠪᠡᠭ᠌ᠴᠢᠯᠡᠵᠦ᠍᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面