ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-02-28 17:06:18

ᠵᠣᠬᠢᠶᠠᠭ᠍ᠴᠢ᠄ ​ᠬᠤᠩ ᠰᠢᠶᠠ ᠣᠩᠱᠢᠭ᠍ᠰᠠᠨ ᠣᠳᠠᠭ᠎ᠠ᠄ 3

ᠤᠢᠷ᠎ᠡ᠎ᠳᠦ ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠯᠸᠢ ᠹᠸᠩ᠎ᠤᠨ ᠰᠠᠢᠨ ᠲᠤᠷ᠎ᠠ ᠵᠢᠨ ᠦᠢᠯᠡᠴᠢᠯᠡᠭᠡᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠦ᠂ ᠨᠡᠢᠭᠡᠮ ᠵᠢᠷᠤᠮ᠎ᠤᠨ ᠭᠣᠣᠯᠯᠠᠭᠴᠢ ᠥᠷᠲᠡᠭ᠎ᠦᠨ ᠦᠵᠡᠯᠲᠡ᠎ᠶ᠋ᠢ ᠶᠡᠬᠡ᠎ᠪᠡᠷ ᠪᠣᠢᠵᠢᠭᠤᠯᠬᠤ᠎ᠶ᠋ᠢᠨ ᠲᠥᠯᠥᠭᠡ᠂ ᠬᠦᠬᠡᠬᠤᠳᠠ ᠵᠢᠨ ᠰᠠᠢᠬᠠᠨ ᠲᠣᠭᠣᠷᠢᠭ᠎ᠤᠨ ᠡᠪᠯᠡᠯ᠎ᠦᠨ ᠬᠣᠷᠢᠶ᠎ᠠ᠂ ᠥᠪᠥᠷ ᠮᠣᠩᠭᠣᠯ᠎ᠤᠨ ᠵᠠᠯᠠᠭᠤ ᠰᠠᠢᠨ ᠳᠤᠷᠠᠴᠤᠳ᠎ᠤᠨ ᠨᠡᠢᠭᠡᠮᠯᠢᠭ᠂ ᠬᠦᠬᠡᠬᠤᠳᠠ ᠵᠢᠨ ᠰᠠᠢᠬᠠᠨ ᠲᠣᠭᠣᠷᠢᠭ᠎ᠤᠨ ᠤᠯᠤᠰ ᠲᠥᠷᠥ᠎ᠶ᠋ᠢᠨ ᠵᠥᠪᠯᠡᠯᠭᠡᠨ ᠬᠠᠮᠲᠤᠷᠠᠨ᠂ ᠬᠦᠬᠡᠬᠤᠳᠠ ᠵᠢᠨ ᠰᠠᠢᠬᠠᠨ ᠲᠣᠭᠣᠷᠢᠭ᠎ᠤᠨ ᠬᠠᠰᠢᠶᠠᠲᠤ ᠲᠣᠰᠭᠣᠨ᠎ᠳᠤ ᠬᠦᠷᠴᠤ᠂ ᠯᠸᠢ ᠹᠸᠩ᠎ᠡᠴᠡ ᠰᠤᠷᠤᠯᠴᠠᠬᠤ ᠠᠯᠪᠠᠨ ᠵᠢᠷᠦᠮ᠎ᠤᠨ ᠡᠮᠴᠢᠯᠡᠭᠡ᠂ ᠠᠯᠪᠠᠨ ᠵᠢᠷᠤᠮ᠎ᠤᠨ ᠦᠰᠦ ᠵᠠᠰᠠᠬᠤ ᠰᠠᠢᠨ ᠳᠤᠷ᠎ᠠ᠎ᠶ᠋ᠢᠨ ᠠᠵᠢᠯᠯᠠᠭ᠎ᠠ ᠥᠷᠨᠢᠭᠦᠯᠪᠡ᠃


QQ截图20230228170807.png


ᠰᠠᠢᠨ ᠲᠤᠷ᠎ᠠ ᠵᠢᠨ ᠡᠮᠴᠢᠯᠡᠬᠡ ᠬᠢᠵᠦ ᠪᠠᠢᠭ᠎ᠠ ᠨᠢ


ᠬᠠᠷᠢᠶ᠎ᠠ ᠣᠷᠣᠨ᠎ᠤ ᠰᠠᠭᠤᠭᠠᠯᠢ ᠠᠷᠠᠳ ᠲᠣᠰᠭᠣᠨ᠎ᠤ ᠠᠷᠠᠳ᠎ᠤᠨ ᠵᠥᠪᠯᠡᠯ᠎ᠦᠨ ᠬᠦᠷᠢᠶᠡᠨ᠎ᠳ᠋ᠤ ᠴᠤᠬᠯᠠᠷᠠᠨ᠂ ᠰᠠᠢ᠌ᠨ ᠳᠤᠷᠠᠴᠤᠳ ᠡᠴᠡ ᠰᠠᠭᠤᠭᠠᠯᠢ ᠠᠷᠠᠳ᠎ᠢ ᠬᠦᠳᠦᠯᠦᠨ ᠵᠢᠯᠣᠭᠣᠳᠴᠤ᠌᠂ ᠡᠮᠬᠢ ᠲᠢᠭᠯᠢᠮ ᠲᠡᠢ ᠪᠤᠯᠪᠠᠰᠤᠨ ᠰᠠᠢᠬᠠᠨ ᠠᠯᠪᠠᠨ ᠵᠢᠷᠤᠮ᠎ᠤᠨ ᠡᠮᠴᠢᠯᠡᠭᠡ ᠵᠢᠨ ᠤᠷᠴᠢᠨ ᠲᠤᠭᠤᠷᠢᠨ᠎ᠢ ᠪᠠᠳᠤᠯᠠᠵᠤ ᠪᠠᠢᠯ᠎ᠠ᠃ ᠡᠮᠴᠢ ᠡᠴᠡ ᠡᠳᠦᠷ ᠲᠤᠲᠤᠮ᠎ᠤᠨ ᠠᠮᠢᠳᠤᠷᠠᠯ᠎ᠤᠨ ᠳᠠᠳᠭᠠᠯ ᠵᠡᠷᠭᠡ ᠡᠯ᠎ᠡ ᠲᠠᠯ᠎ᠠ᠎ᠠᠴᠠ ᠰᠠᠭᠤᠷᠢ ᠡᠪᠡᠳᠴᠢᠨ᠎ᠢ ᠤᠷᠢᠳᠴᠢᠯᠠᠨ ᠰᠡᠷᠭᠡᠢᠯᠡᠬᠦ᠌ ᠪᠠ ᠡᠷᠡᠭᠦᠯᠵᠢᠯ᠎ᠤᠨ ᠬᠠᠮᠢᠶ᠎ᠠ ᠪᠦᠬᠦᠢ ᠮᠡᠳᠡᠯᠭᠡ᠎ᠶ᠋ᠢ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠬᠤ᠎ᠶ᠋ᠢᠨ ᠬᠠᠮᠲᠤ᠂ ᠰᠠᠭᠤᠭᠠᠯᠢ ᠠᠷᠠᠳ᠎ᠤᠨ ᠳᠤᠷᠠᠳᠤᠭ᠍ᠰᠠᠨ ᠠᠰᠠᠭᠤᠳᠠᠯ᠎ᠳᠤ ᠨᠠᠷᠢᠯᠢᠭ ᠲᠣᠳᠣᠷᠬᠠᠢ ᠬᠠᠷᠢᠭᠤᠯᠲᠠ ᠪᠠ ᠵᠦᠢ ᠵᠣᠬᠢᠰᠲᠠᠢ ᠰᠠᠨᠠᠭᠤᠯᠭ᠎ᠠ ᠥᠭ᠌ᠴᠦ ᠪᠠᠢᠯ᠎ᠠ᠃ ᠤᠮᠠᠷᠠᠲᠤ ᠬᠢᠯᠢ᠎ᠶ᠋ᠢᠨ ᠰᠠᠢᠨ ᠳᠤᠷᠠᠴᠤᠳ ᠦᠰᠦ᠎ᠵᠠᠰᠠᠭᠤᠯᠬᠤ᠎ᠪᠠᠷ ᠢᠷᠡᠭ᠌ᠰᠡᠨ ᠠᠬᠠᠮᠠᠳ ᠨᠠᠰᠤᠲᠠᠳ᠎ᠢ ᠬᠠᠯᠠᠭᠤᠨ ᠵᠢᠡᠷ ᠤᠬᠳᠤᠵᠤ᠂ ᠲᠤᠳᠤᠨᠤ ᠦᠢᠯᠡᠴᠢᠯᠡᠭᠡ ᠬᠠᠩᠭᠠᠪᠠ᠃

ᠲᠣᠰ ᠤᠳᠠᠭᠠᠨ᠎ᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠨᠢ ᠪᠣᠳᠠᠲᠤ ᠠᠵᠢᠯᠯᠠᠭ᠎ᠠ᠎ᠪᠠᠷ᠎ᠢᠶᠠᠨ ᠨᠠᠰᠤᠲᠠᠢᠴᠤᠳ᠎ᠲᠤ ᠨᠠᠩ ᠳᠥᠭᠥᠮ ᠳᠥᠲᠡ ᠦᠶ᠋ᠯᠡᠴᠢᠯᠡᠭᠡ ᠬᠠᠩᠭᠠᠵᠤ᠂ ᠰᠠᠢᠨ ᠳᠤᠷ᠎ᠠ᠎ᠶ᠋ᠢᠨ ᠵᠣᠷᠢᠭ ᠰᠠᠨᠠᠭ᠎ᠠ᠎ᠶ᠋ᠢ ᠠᠷᠠᠳ ᠣᠯᠠᠨ᠎ᠤ ᠠᠮᠢᠳᠤᠷᠠᠯ᠎ᠳᠤ ᠠᠭᠤᠰᠭᠠᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠪᠠ᠃ ᠳᠠᠷᠠᠭᠠᠴᠢ ᠪᠡᠷ᠂ ᠬᠦᠬᠡᠬᠤᠳᠠ ᠵᠢᠨ ᠰᠠᠢᠬᠠᠨ ᠲᠣᠭᠣᠷᠢᠭ᠎ᠤᠨ ᠡᠪᠯᠡᠯ᠎ᠦᠨ ᠬᠣᠷᠢᠢ᠎ᠠ ᠡᠢᠮᠦᠷᠭᠦᠦ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠦᠢᠯᠡᠴᠢᠯᠡᠭᠡ ᠪᠠᠨ ᠨᠠᠷᠢᠯᠢᠬ᠍ᠵᠢᠭᠤᠯᠤᠨ ᠪᠤᠳᠠᠳᠠᠢᠵᠢᠭᠤᠯᠵᠤ᠂ ᠡᠷᠡᠭᠦᠯ ᠰᠠᠷᠠᠭᠤᠯ᠂ ᠳᠥᠭᠥᠮ ᠳᠥᠲᠡ᠂ ᠵᠣᠯ ᠵᠢᠷᠭᠠᠯ᠎ᠢ ᠰᠠᠭᠤᠭᠠᠯᠢ ᠠᠷᠠᠳ ᠲᠸ᠋ ᠬᠦᠷᠭᠡᠨ᠂ ᠰᠠᠭᠤᠭᠠᠯᠢ ᠠᠷᠠᠳ᠎ᠤᠨ ᠬᠦᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠦ ᠲᠦᠷᠦᠭ᠌ᠳᠡᠯ᠎ᠢ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠠᠵᠢᠯ᠎ᠤᠨ ᠯᠠᠪᠳᠠᠭᠤᠨ᠎ᠢᠶᠠᠷ ᠶᠠᠪᠤᠭ᠍ᠳᠠᠬᠤ᠎ᠶ᠋ᠢ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面