2023-03-27 11:58:57
ᠬᠠᠪᠤᠷ ᠤᠨ ᠭᠤᠷᠪᠠᠨ ᠰᠠᠷ᠎ᠠ ᠪᠣᠯ ᠶᠠᠭ ᠠᠯᠠᠱᠠ ᠪᠠᠷᠠᠭᠤᠨ ᠬᠣᠱᠢᠭᠤᠨ ᠤ ᠠᠯᠳᠠᠨᠴᠣᠭ ᠰᠤᠮᠤᠨ ᠤ ᠮᠠᠯᠴᠢᠨ ᠲᠠᠷᠢᠶᠠᠴᠢᠳ ᠤᠨ ᠶᠠᠭᠠᠷᠠᠤ ᠤᠯᠠᠷᠢᠯ ᠪᠣᠯᠤᠨ᠎ᠠ᠂ ᠮᠥᠨ ᠴᠦ᠍ ᠲᠤᠰ ᠰᠤᠮᠤ ᠶ᠋ᠢᠨ ᠨᠠᠮ ᠤᠨ ᠬᠣᠷᠢᠶᠠᠨ ᠤ ᠱᠦᠵᠢ ᠸᠠᠩ ᠴᠢᠶᠠᠩ ᠶᠤᠸᠠᠨ ᠤ ᠬᠠᠮᠤᠭ ᠤᠨ ᠶᠠᠭᠠᠷᠠᠯᠲᠠᠢ ᠦᠶ᠎ᠡ ᠪᠣᠯᠤᠨ᠎ᠠ᠃ ᠡᠨᠡ ᠬᠡᠳᠦᠨ ᠡᠳᠦᠷ᠂ ᠸᠠᠩ ᠴᠢᠶᠠᠩ ᠶᠤᠸᠠᠨ ᠭᠠᠴᠠᠭᠠᠨ ᠳᠤ ᠬᠦᠷᠴᠦ᠍ ᠮᠠᠯᠴᠢᠨ ᠲᠠᠷᠢᠶᠠᠴᠢᠳ ᠤᠨ ᠦᠶ᠋ᠯᠡᠳᠪᠦᠷᠢᠯᠡᠯ ᠠᠮᠢᠳᠤᠷᠠᠯ ᠤᠨ ᠪᠠᠢᠳᠠᠯ ᠢ ᠣᠢᠯᠠᠭᠠᠵᠠᠶ᠃ 《ᠮᠠᠯᠴᠢᠨ ᠲᠠᠷᠢᠶᠠᠴᠢᠨ ᠤᠯᠠᠨ ᠲᠦᠮᠡᠨ ᠢ ᠰᠡᠳᠭᠢᠯᠳᠡᠭᠡᠨ ᠪᠤᠳᠤᠵᠤ ᠂ ᠲᠡᠳᠡᠨ ᠦ ᠱᠢᠢᠳᠪᠦᠷᠢᠯᠡᠬᠦ᠌ ᠭᠡᠵᠦ᠍ ᠪᠠᠢᠭ᠎ᠠ ᠪᠣᠳᠠᠲᠠᠢ ᠬᠦᠴᠢᠷᠳᠡᠯ ᠢ ᠨᠡᠪᠲᠡ ᠣᠢᠯᠠᠭᠠᠪᠠᠯ ᠰᠠᠶᠢ ᠪᠦᠬᠦ᠌ ᠰᠤᠮᠤᠨ ᠤ ᠠᠵᠢᠯ ᠢ ᠨᠡᠩ ᠰᠠᠢ᠌ᠨ ᠦᠷ᠎ᠡ ᠪᠦᠲᠦᠮᠵᠢ ᠲᠡᠶ ᠪᠣᠯᠭᠠᠵᠤ ᠴᠢᠳᠠᠨ᠎ᠠ》 ᠭᠡᠵᠦ᠍ ᠸᠠᠩ ᠴᠢᠶᠠᠩ ᠶᠤᠸᠠᠨ ᠬᠡᠯᠡᠨ᠎ᠡ᠃
ᠸᠠᠩ ᠴᠢᠶᠠᠩ ᠶᠤᠸᠠᠨ 2019 ᠣᠨ ᠳᠤ ᠠᠯᠲᠠᠨᠴᠣᠭ ᠰᠤᠮᠤ ᠳᠤ ᠲᠤᠱᠢᠶᠠᠯ ᠡᠭᠦᠷᠭᠡᠯᠡᠭ᠌ᠰᠡᠨ ᠡᠴᠡ ᠨᠠᠭᠠᠰᠢ᠂ 1/3 ᠶ᠋ᠢᠨ ᠠᠵᠢᠯ ᠤᠨ ᠠᠷᠭ᠎ᠠ ᠶ᠋ᠢ ᠪᠠᠷᠢᠮᠲᠠᠯᠠᠵᠤ᠂《ᠪᠠᠢᠴᠠᠭᠠᠯᠲᠠ ᠬᠢᠬᠦ᠌ ᠥᠬᠡᠶ ᠪᠣᠯ ᠦᠭᠡ ᠬᠡᠯᠡᠬᠦ᠌ ᠡᠷᠬᠡ ᠥᠬᠡᠶ》 ᠭᠡᠳᠡᠭ ᠢ ᠪᠠᠲᠤ ᠢᠲᠡᠭᠡᠵᠦ᠍᠂ ᠰᠠᠯᠬᠢ ᠱᠢᠭᠤᠷᠭᠠ ᠳᠡᠭ᠌ᠳᠡᠭ᠌ᠰᠡᠨ ᠵᠡᠷᠭᠡ ᠠᠭᠤᠷ ᠠᠮᠢᠰᠭᠤᠯ ᠮᠠᠭᠤ ᠡᠳᠦᠷ ᠭᠡᠰᠡᠨ ᠥᠬᠡᠶ ᠂ ᠠᠵᠢᠯᠯᠠᠬᠤ ᠴᠠᠭ ᠤᠨ ᠭᠤᠷᠪᠠᠨ ᠤ ᠨᠢᠭᠡ ᠬᠤᠪᠢ ᠵᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠠᠷᠠᠳ ᠤᠨ ᠪᠠᠢᠳᠠᠯ ᠢ ᠣᠢᠯᠠᠭᠠᠬᠤ ᠳᠤ ᠵᠠᠷᠤᠴᠠᠭᠤᠯᠵᠤ ᠂ ᠪᠣᠢᠳᠠ ᠪᠦᠭ᠌ᠯᠡᠭᠦᠦ ᠬᠦᠴᠢᠷ ᠪᠡᠷᠬᠡ ᠲᠡᠢ ᠮᠠᠯᠵᠢᠬᠤ ᠲᠠᠷᠢᠶᠠᠯᠠᠬᠤ ᠣᠷᠣᠨ ᠳᠤ ᠬᠦᠷᠴᠦ᠍ ᠮᠠᠯᠴᠢᠨ ᠲᠠᠷᠢᠶᠠᠴᠢᠨ ᠤ ᠳᠤᠮᠳᠠ ᠠᠴᠠ ᠦᠨᠡᠨ ᠪᠣᠳᠠᠲᠠᠶ ᠪᠠᠢᠳᠠᠯ ᠢ ᠣᠢᠯᠠᠭᠠᠵᠤ ᠂ ᠣᠢᠯᠠᠭᠠᠭ᠍ᠰᠠᠨ ᠡᠯ᠎ᠡ ᠲᠥᠷᠥᠯ ᠦᠨ ᠠᠰᠠᠭᠤᠳᠠᠯ ᠢ ᠬᠤᠷᠢᠶᠠᠩᠭᠤᠢᠯᠠᠨ ᠲᠥᠷᠥᠯ ᠬᠤᠪᠢᠶᠠᠵᠤ ᠂ ᠲᠡᠷᠡ ᠳᠠᠷᠤᠶ ᠳᠤᠨᠢ ᠬᠠᠷᠢᠭᠤ ᠳᠤᠰᠬᠠᠯ ᠦᠭᠳᠡᠭ; ᠡᠭᠦᠨ ᠦ ᠬᠠᠮᠲᠤ ᠮᠠᠯᠴᠢᠨ ᠲᠠᠷᠢᠶᠠᠴᠢᠳ ᠤᠨ ᠬᠡᠷᠡᠭ᠌ᠴᠡᠭᠡ ᠱᠠᠭᠠᠷᠳᠠᠯᠭ᠎ᠠ ᠶ᠋ᠢ ᠦᠨᠳᠦᠰᠦᠯᠡᠨ ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠥᠴᠡᠯ ᠢ ᠤᠯᠠᠮ ᠴᠢᠨᠠᠭᠰᠢᠲᠠ ᠳᠡᠭᠡᠭ᠌ᠰᠢᠯᠡᠭᠦᠯᠪᠡ᠃ ᠸᠠᠩ ᠴᠢᠶᠠᠩ ᠶᠤᠸᠠᠨ ᠤ ᠳᠠᠭᠠᠭᠤᠯᠤᠭ᠍ᠰᠠᠨ ᠰᠤᠮᠤᠨ ᠤ ᠨᠠᠮ ᠤᠨ ᠭᠡᠱᠢᠭᠦᠨ᠂ ᠡᠪᠯᠡᠯ ᠦᠨ ᠭᠡᠱᠢᠭᠦᠨ ᠵᠠᠯᠠᠭᠤᠴᠤᠳ ᠵᠡᠷᠭᠡ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠠᠩᠭᠢ ᠶ᠋ᠢᠨ ᠬᠠᠮᠲᠤ ᠶ᠋ᠢᠨ ᠴᠢᠷᠮᠠᠢᠯᠭ᠎ᠠ ᠪᠠᠷ ᠂ ᠨᠢᠭᠡ ᠪᠦᠯᠦᠭ ᠮᠠᠯᠴᠢᠨ ᠲᠠᠷᠢᠶᠠᠴᠢᠨ ᠤ ᠦᠶ᠋ᠯᠡᠳᠪᠦᠷᠢᠯᠡᠯ ᠪᠠ ᠠᠮᠢᠳᠤᠷᠠᠯ ᠤᠨ ᠳᠤᠮᠳᠠᠬᠢ ᠰᠠᠨᠠᠭᠠᠱᠢᠷᠠᠯ ᠵᠣᠪᠠᠨᠢᠯ ᠢ ᠱᠢᠶ᠋ᠳᠪᠦᠷᠢᠯᠡᠵᠦ᠍ ᠂ ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠂ ᠲᠤᠤᠷ ᠰᠦᠯᠵᠢᠶ᠎ᠡ ᠴᠠᠬᠢᠯᠭᠠᠨ ᠨᠡᠪᠲᠡᠷᠡᠭᠦᠯᠬᠦ᠌ ᠂ ᠵᠠᠮ ᠵᠠᠰᠠᠬᠤ ᠵᠡᠷᠭᠡ 50 ᠭᠠᠷᠤᠢ ᠵᠦᠢᠯᠤᠨ ᠪᠣᠳᠠᠲᠤ ᠶᠠᠪᠤᠳᠠᠯ ᠬᠢᠵᠦ᠍ ᠂ ᠡᠯ᠎ᠡ ᠲᠥᠷᠥᠯ ᠦᠨ ᠰᠠᠢᠨ ᠳᠤᠷ᠎ᠠ ᠶ᠋ᠢᠨ ᠦᠶ᠋ᠯᠡᠴᠢᠯᠡᠭᠡ ᠶ᠋ᠢ 100 ᠭᠠᠷᠤᠶ ᠤᠳᠠᠭ᠎ᠠ ᠥᠷᠨᠢᠭᠦᠯᠵᠦ᠍᠂ 1200 ᠭᠠᠷᠤᠶ ᠬᠥᠮᠦᠨ ᠳᠤ ᠠᠱᠢᠭ ᠭᠥᠷᠳᠡᠭᠡᠵᠦ᠍᠂ ᠰᠠᠢᠨ ᠳᠤᠷ᠎ᠠ ᠶ᠋ᠢᠨ ᠦᠶ᠋ᠯᠡᠴᠢᠯᠡᠭᠡᠨᠢ ᠮᠠᠯᠴᠢᠨ ᠲᠠᠷᠢᠶᠠᠴᠢᠨ ᠤ ᠰᠡᠳᠭᠢᠯ ᠢ ᠳᠤᠯᠠᠭᠠᠴᠠᠭᠤᠯᠵᠤ᠂ ᠮᠠᠯᠴᠢᠨ ᠲᠠᠷᠢᠶᠠᠴᠢᠨ ᠤ ᠮᠠᠭ᠍ᠲᠠᠭᠠᠯ ᠰᠠᠢᠱᠢᠶᠠᠯ ᠢ ᠣᠯᠤᠭ᠍ᠰᠠᠨ ᠪᠠᠢᠨ᠎ᠠ᠃
《ᠸᠠᠩ ᠱᠦᠵᠢ ᠪᠣᠯ ᠮᠠᠨ ᠤ ᠮᠠᠯᠴᠢᠨ ᠲᠠᠷᠢᠶᠠᠴᠢᠨ ᠤ〈ᠳᠣᠲᠣᠨᠣ ᠬᠥᠮᠦᠨ〉᠂〈ᠠᠮᠢᠳᠤ ᠯᠸᠢ ᠹᠸᠩ〉 ᠮᠥᠨ ᠂ ᠣᠢᠷ᠎ᠠ ᠶ᠋ᠢᠨ ᠵᠢᠯ ᠳᠤ ᠲᠡᠷᠡ ᠪᠢᠳᠡᠨ ᠳᠦ ᠮᠠᠰᠢ ᠣᠯᠠᠨ ᠰᠠᠢᠨ ᠶᠠᠪᠤᠳᠠᠯ ᠬᠢᠵᠦ᠍ ᠥᠭ᠌ᠴᠡᠶ᠃ ᠭᠠᠴᠠᠭᠠᠨ ᠳᠤ ᠲᠤᠤᠷ ᠰᠦᠯᠵᠢᠶ᠎ᠡ ᠴᠠᠬᠢᠯᠭᠠᠨ ᠨᠡᠪᠲᠡᠷᠡᠭᠦᠯᠦᠭ᠌ᠰᠡᠨ ᠢᠶᠡᠷ ᠠᠪᠴᠤ᠌ ᠬᠡᠯᠡᠪᠡᠯ ᠂ ᠴᠠᠬᠢᠯᠭᠠᠨ ᠨᠡᠪᠲᠡᠷᠡᠭ᠌ᠰᠡᠨ ᠡᠴᠡ ᠨᠠᠭᠠᠰᠢ ᠂ ᠮᠠᠨ ᠤ ᠠᠮᠢᠳᠤᠷᠠᠯ ᠤᠨ ᠶᠠᠰᠤ ᠴᠢᠨᠠᠷ ᠢ ᠰᠠᠢᠵᠢᠷᠠᠭᠤᠯᠤᠭ᠍ᠰᠠᠨ ᠢᠶᠠᠷ ᠪᠠᠷᠠᠬᠤ ᠥᠬᠡᠶ ᠂ ᠦᠶ᠋ᠯᠡᠳᠪᠦᠷᠢᠯᠡᠯ ᠦᠨ ᠥᠪᠡᠷ ᠦᠨ ᠥᠷᠲᠡᠭ ᠢ ᠴᠦ᠍ ᠪᠠᠭᠤᠷᠠᠭᠤᠯᠵᠤ ᠂ ᠮᠠᠯᠴᠢᠨ ᠲᠠᠷᠢᠶᠠᠴᠢᠨ ᠤ ᠡᠷᠴᠢ ᠵᠣᠷᠢᠭ ᠢ ᠴᠤ᠌ ᠬᠥᠪᠴᠢᠯᠡᠵᠡᠶ 》 ᠭᠡᠵᠦ᠍ ᠠᠯᠲᠠᠨᠴᠣᠭ ᠰᠤᠮᠤᠨ ᠤ ᠬᠥᠬᠡᠠᠭᠤᠯᠠ ᠭᠠᠴᠠᠭᠠᠨ ᠤ ᠮᠠᠯᠴᠢᠨ ᠪᠦᠬᠡᠳᠥ᠋ᠭᠦᠷᠡᠩ ᠬᠡᠯᠡᠨ᠎ᠡ᠃
ᠮᠠᠯᠴᠢᠨ ᠲᠠᠷᠢᠶᠠᠴᠢᠨ ᠤᠯᠠᠨ ᠲᠦᠮᠡᠨ ᠦ ᠰᠠᠨᠠᠭᠠᠱᠢᠷᠠᠨ ᠵᠣᠪᠠᠵᠤ ᠪᠠᠢᠭ᠎ᠠ ᠶᠠᠪᠤᠳᠠᠯ ᠢ ᠬᠦᠴᠦᠯᠡᠨ ᠱᠢᠶ᠋ᠳᠪᠦᠷᠢᠯᠡᠬᠦ᠌ ᠶ᠋ᠢᠨ ᠬᠠᠮᠲᠤ ᠂ ᠸᠠᠩ ᠴᠢᠶᠠᠩ ᠶᠤᠸᠠᠨ ᠰᠤᠮᠤᠨ ᠤ ᠮᠠᠯᠴᠢᠨ ᠲᠠᠷᠢᠶᠠᠴᠢᠨ ᠂ ᠶᠠᠳᠠᠭᠤ ᠬᠦᠴᠢᠷᠳᠡᠯᠲᠡᠶ ᠡᠷᠦᠬᠡ ᠶ᠋ᠢᠨ ᠣᠷᠣᠯᠭ᠎ᠠ ᠶ᠋ᠢ ᠲᠣᠭ᠍ᠲᠠᠭᠤᠨ ᠢᠶᠠᠷ ᠨᠡᠮᠡᠭ᠌ᠳᠡᠭᠦᠯᠬᠦ᠌ ᠶ᠋ᠢ ᠪᠡᠶᠡᠯᠡᠭᠦᠯᠬᠦ᠌ ᠶ᠋ᠢᠨ ᠲᠥᠯᠥᠭᠡ ᠂ ᠰᠤᠮᠤᠨ ᠤ ᠪᠣᠳᠠᠲᠤ ᠪᠠᠢᠳᠠᠯ ᠪᠣᠯᠤᠨ ᠲᠡᠮᠡᠭᠡᠨᠤ ᠠᠵᠤ ᠦᠶ᠋ᠯᠡᠰ ᠦᠨ ᠰᠠᠭᠤᠷᠢᠨ ᠳᠤ ᠲᠦᠱᠢᠭ᠌ᠯᠡᠨ ᠂ ᠲᠡᠮᠡᠭᠡᠨᠤ ᠠᠵᠤ ᠦᠶ᠋ᠯᠡᠰ ᠦᠨ ᠰᠠᠭᠤᠷᠢᠨ ᠳᠤ《ᠨᠠᠮ ᠤᠨ ᠵᠣᠬᠢᠶᠠᠨ ᠪᠠᠢᠭᠤᠯᠤᠯᠲᠠ + ᠬᠣᠷᠱᠢᠶᠠ + ᠮᠠᠯᠵᠢᠬᠤ ᠲᠠᠷᠢᠶᠠᠯᠠᠬᠤ ᠡᠷᠦᠬᠡ》 ᠵᠢᠨ ᠨᠠᠮ ᠤᠨ ᠪᠠᠢᠭᠤᠯᠤᠯᠲᠠ ᠪᠠᠷ ᠠᠷᠠᠳ ᠢ ᠪᠠᠶᠠᠵᠢᠭᠤᠯᠬᠤ ᠵᠠᠭ᠍ᠪᠤᠷ ᠢ ᠬᠡᠷᠡᠭ᠌ᠵᠢᠭᠦᠯᠵᠦ᠍ ᠂ ᠮᠠᠯᠴᠢᠨ ᠲᠠᠷᠢᠶᠠᠴᠢᠨ ᠳᠤ ᠠᠵᠢᠯ ᠣᠯᠭᠣᠬᠤ ᠠᠵᠢᠯ ᠤᠨ ᠪᠠᠢᠷᠢ᠂ ᠮᠡᠷᠭᠡᠵᠢᠯ ᠦᠨ ᠵᠢᠯᠣᠭᠣᠳᠣᠯᠭ᠎ᠠ ᠬᠠᠩᠭᠠᠵᠤ᠂ ᠠᠵᠤ ᠦᠶ᠋ᠯᠡᠰ ᠢᠶᠡᠷ ᠬᠠᠪᠰᠤᠷᠤᠨ ᠲᠡᠳᠬᠦᠬᠦ᠌ ᠶ᠋ᠢ ᠳᠤᠷᠠᠳᠤᠭ᠍ᠰᠠᠨ ᠪᠥᠭᠡᠳ《 ᠲᠡᠮᠡᠭᠡ ᠶ᠋ᠢ ᠳᠠᠰᠭᠠᠬᠤ》᠂《ᠱᠢᠭᠤᠳ ᠨᠠᠢᠳᠠᠨ ᠬᠠᠮᠢᠶᠠᠷᠤᠭᠤᠯᠬᠤ》᠂ 《ᠲᠡᠮᠡᠭᠡ + ᠬᠥᠮᠦᠨ ᠦ ᠬᠦᠴᠦᠨ》ᠵᠡᠷᠭᠡ ᠠᠱᠢᠭ ᠬᠤᠪᠢᠶᠠᠬᠤ ᠬᠡᠯᠪᠡᠷᠢ ᠪᠡᠷ ᠮᠠᠯᠴᠢᠨ ᠲᠠᠷᠢᠶᠠᠴᠢᠨ ᠪᠣᠯᠤᠨ ᠶᠠᠳᠠᠭᠤ ᠬᠦᠴᠢᠷᠳᠡᠯᠲᠡᠶ ᠡᠷᠦᠬᠡ ᠶ᠋ᠢ ᠳᠠᠢᠴᠢᠯᠠᠨ ᠬᠠᠮᠲᠤ ᠪᠠᠷ ᠪᠠᠶᠠᠵᠢᠪᠠ; ᠪᠠᠰᠠ ᠡᠯ᠎ᠡ ᠭᠠᠴᠠᠭᠠᠨ ᠤ ᠬᠠᠮᠲᠤ ᠶ᠋ᠢᠨ ᠠᠵᠤ ᠠᠬᠤᠢ ᠵᠢᠴᠢ ᠮᠠᠯᠴᠢᠨ ᠲᠠᠷᠢᠶᠠᠴᠢᠨ ᠤ ᠣᠷᠣᠯᠭ᠎ᠠ ᠶ᠋ᠢ ᠨᠡᠮᠡᠭ᠌ᠳᠡᠭᠦᠯᠦᠭ᠌ᠰᠡᠨ ᠪᠠᠢᠳᠠᠯ ᠢ ᠬᠠᠮᠲᠤ ᠳᠤᠨᠢ ᠬᠠᠷᠠᠭᠠᠯᠵᠠᠵᠤ᠂ ᠪᠦᠬᠦ᠌ ᠰᠤᠮᠤᠨ ᠤ 77 ᠳᠠᠩᠰᠠᠯᠠᠵᠤ ᠺᠠᠷᠲ᠋ᠯᠠᠭ᠍ᠰᠠᠨ ᠶᠠᠳᠠᠭᠤ ᠬᠦᠴᠢᠷᠳᠡᠯᠲᠡᠢ ᠡᠷᠦᠬᠡᠲᠡᠶ《ᠠᠵᠤ ᠦᠢᠯᠡᠰ ᠢᠶᠡᠷ ᠳᠠᠢᠴᠢᠯᠠᠬᠤ ᠬᠡᠯᠡᠯᠴᠡᠭᠡᠷ》ᠲᠣᠭ᠍ᠲᠠᠵᠤ ᠂ ᠮᠠᠯᠴᠢᠨ ᠲᠠᠷᠢᠶᠠᠴᠢᠨ ᠢ ᠵᠣᠬᠢᠶᠠᠨ ᠪᠠᠢᠭᠤᠯᠤᠨ ᠲᠡᠵᠢᠭᠡᠨ ᠦᠷᠡᠵᠢᠭᠦᠯᠬᠦ᠌ ᠲᠤᠰᠭᠠᠢ ᠮᠡᠷᠭᠡᠵᠢᠯ ᠦᠨ ᠮᠡᠳᠡᠯᠭᠡ ᠶ᠋ᠢ ᠰᠤᠷᠤᠯᠴᠠᠭᠤᠯᠵᠤ ᠂ ᠮᠡᠷᠭᠡᠵᠢᠯ ᠴᠢᠳᠠᠪᠤᠷᠢ ᠶ᠋ᠢ ᠡᠵᠡᠮᠱᠢᠭᠦᠯᠵᠦ᠍ ᠂ ᠣᠨᠴᠠᠯᠢᠭ᠍ᠲᠤ ᠠᠵᠤ ᠦᠢᠯᠡᠰ ᠦᠨ ᠪᠡᠶ᠎ᠡ ᠪᠡᠨ ᠳᠠᠭᠠᠭᠠᠵᠤ ᠦᠢᠯᠡᠰ ᠪᠣᠰᠭᠠᠨ ᠪᠠᠶᠠᠵᠢᠬᠤ ᠶ᠋ᠢ ᠬᠦᠴᠦᠯᠡᠨ ᠳᠠᠮᠵᠢᠵᠤ ᠂ ᠪᠦᠬᠦ᠌ ᠰᠤᠮᠤᠨ ᠤ ᠨᠡᠢᠭᠡᠮ ᠦᠨ ᠦᠷ᠎ᠡ ᠠᠱᠢᠭ ᠪᠠ ᠠᠵᠤ ᠠᠬᠤᠢ ᠶ᠋ᠢᠨ ᠦᠷ᠎ᠡ ᠠᠱᠢᠭ ᠤᠨ ᠬᠣᠣᠰ ᠡᠯᠪᠡᠭ ᠬᠤᠷᠢᠶᠠᠯᠲᠠ ᠶ᠋ᠢ ᠪᠡᠶᠡᠯᠡᠭᠦᠯᠪᠡ᠃
《ᠲᠠᠷᠠᠭᠠᠴᠢ ᠶ᠋ᠢᠨ ᠠᠯᠬᠤᠮ ᠳᠤ ᠂ ᠪᠢ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠱᠢᠨ᠎ᠡ ᠴᠠᠭ ᠦᠶ᠎ᠡ ᠶ᠋ᠢᠨ ᠯᠸᠢ ᠹᠸᠩ ᠤᠨ ᠵᠣᠷᠢᠭ ᠰᠠᠨᠠᠭᠠᠨ ᠤ ᠭᠦᠨᠵᠡᠭᠡᠶ ᠠᠭᠤᠯᠤᠭ᠍ᠳᠠᠬᠤᠨ ᠢ ᠰᠠᠢᠲᠤᠷ ᠲᠠᠢᠯᠪᠤᠷᠢᠯᠠᠵᠤ ᠂〈ᠮᠠᠯᠴᠢᠨ ᠲᠠᠷᠢᠶᠠᠴᠢᠨ ᠤ ᠶᠠᠪᠤᠳᠠᠯ ᠪᠣᠯ ᠳᠠᠷᠤᠶ ᠮᠢᠨᠦ᠍ ᠶᠠᠪᠤᠳᠠᠯ ᠮᠥᠨ〉 ᠭᠡᠬᠦ᠌ ᠵᠣᠷᠢᠯᠲᠠ ᠪᠠᠷ ᠂ ᠬᠦᠯᠢᠴᠡᠩᠭᠦᠶ ᠨᠠᠷᠢᠨ ᠨᠢᠮᠪᠠᠶ ᠠᠵᠢᠯ ᠤᠨ ᠰᠤᠷᠲᠠᠯ ᠂ ᠴᠥᠬᠥᠷᠡᠰᠢ ᠥᠬᠡᠶ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭᠠᠪᠠᠷ ᠂ ᠰᠤᠮᠤᠨ ᠤ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠥᠷᠨᠢᠭᠦᠨ ᠬᠥᠭ᠌ᠵᠢᠯᠲᠡ ᠶ᠋ᠢ ᠲᠠᠰᠤᠷᠠᠯᠲᠠ ᠥᠬᠡᠶ ᠠᠬᠢᠭᠤᠯᠵᠤ ᠂ ᠮᠠᠯᠴᠢᠨ ᠲᠠᠷᠢᠶᠠᠴᠢᠨ ᠤ ᠵᠣᠯ ᠵᠢᠷᠭᠠᠯᠲᠤ ᠠᠮᠢᠳᠤᠷᠠᠯ ᠢ ᠡᠳᠦᠷ ᠡᠴᠡ ᠡᠳᠦᠷ ᠥᠭᠡᠳᠡᠯᠡᠭᠦᠯᠦᠨᠡ!》 ᠭᠡᠵᠦ᠍ ᠸᠠᠩ ᠴᠢᠶᠠᠩ ᠶᠤᠸᠠᠨ ᠶᠠᠷᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃