2022-03-24 14:21:35
— ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ᠎ᠤᠨ ᠠᠷᠠᠳ ᠵᠡᠭᠡᠯᠢ ᠭᠤᠳᠤᠮᠵᠢ ᠶ᠋ᠢᠨ ᠬᠡᠷᠡᠭ ᠡᠷᠬᠢᠯᠡᠬᠦ᠌ ᠭᠠᠵᠠᠷ ᠤᠨ ᠤᠯᠠᠭᠠᠨ ᠨᠡᠢᠭᠡᠮ ᠲᠣᠭᠣᠷᠢᠭ ᠢ᠋ ᠲᠡᠮᠳᠡᠭᠯᠡᠪᠡ
ᠬᠠᠪᠴᠢᠭᠤᠷ᠂ ᠬᠥᠱᠢᠭᠦᠷ ᠁ ᠬᠠᠷ᠎ᠠ ᠥᠷᠯᠥᠭᠡᠬᠦᠷ 77 ᠨᠠᠰᠤᠳᠠᠢ ᠠᠬᠠᠮᠠᠳ ᠨᠠᠮ᠎ᠤᠨ ᠭᠡᠱᠢᠭᠦᠨ ᠰᠦᠨ ᠱᠧᠦ ᠱᠧᠩ ᠪᠠᠭᠠᠵᠢ ᠬᠡᠷᠡᠭ᠌ᠰᠡᠯ᠎ᠦᠨ ᠪᠣᠭ᠍ᠴᠣ᠎ᠪᠠᠨ ᠪᠠᠢᠴᠠᠭᠠᠵᠤ ᠦᠵᠡᠭᠡᠳ ᠭᠠᠳᠠᠬᠰᠢ ᠭᠠᠷᠤᠯ᠎ᠠ᠃ ᠪᠤᠰᠤᠳ᠎ᠲᠠᠶ ᠠᠳᠠᠯᠢ ᠦᠭᠡᠢ ᠲᠠᠯ᠎ᠠ ᠭᠡᠪᠡᠯ᠂ ᠰᠦᠨ ᠱᠧᠤ ᠱᠧᠩ ᠨᠡᠩ ᠴᠤ᠌ 《 ᠲᠣᠭᠣᠷᠢᠨ ᠪᠠᠢᠴᠠᠭᠠᠵᠤ 》 ᠪᠠᠢᠬᠤ ᠱᠢᠭ᠋ ᠪᠠᠢᠵᠤ᠂ ᠬᠠᠮᠢᠭ᠎ᠠ ᠪᠠᠭ᠎ᠠ ᠰᠠᠭ᠎ᠠ ᠵᠠᠰᠠᠵᠤ ᠰᠡᠯᠪᠢᠬᠦ ᠴᠢᠬᠤᠯᠠᠲᠠᠢ ᠭᠠᠵᠠᠷ ᠪᠠᠢᠪᠠᠯ᠂ ᠲᠡᠷᠡ ᠲᠡᠨᠳᠡ ᠤᠴᠢᠵᠤ ᠬᠠᠪᠰᠤᠷᠳᠠᠬ᠃
ᠡᠨᠡ ᠦᠶ᠎ᠡ᠎ᠳᠦ᠂ ᠮᠥᠨ ᠡᠷᠳᠡᠯᠡᠨ ᠪᠣᠰᠤᠭ᠍ᠰᠠᠨ ᠼᠦᠢ ᠬᠦᠢ ᠧ ᠂ ᠯᠢ ᠱᠢᠤ ᠹᠠᠩ ᠰᠠᠭᠤᠯᠠᠭ᠎ᠠ ᠪᠣᠯᠤᠨ ᠵᠦᠯᠭᠦᠭᠦᠷ᠎ᠢᠶᠡᠨ ᠳᠡᠭᠦᠵᠢᠯᠡᠨ ᠨᠡᠢᠭᠡᠮ ᠲᠣᠭᠣᠷᠢᠭ᠎ᠤᠨ ᠠᠭᠤᠳᠠᠮ ᠲᠠᠯᠠᠪᠠᠢ ᠳᠡᠭᠡᠷᠡᠬᠢ ᠪᠡᠶ᠎ᠡ ᠴᠢᠭᠢᠷᠠᠭ᠍ᠵᠢᠭᠤᠯᠬᠤ ᠪᠠᠭᠠᠵᠢ ᠬᠡᠷᠡᠭ᠌ᠰᠡᠯ ᠵᠡᠷᠬᠡ ᠵᠢ ᠵᠦᠯᠬᠦᠵᠦ ᠴᠡᠪᠡᠷᠯᠡᠨ᠎ᠡ᠃
ᠡᠲᠡᠭᠡᠷ ᠬᠠᠯᠠᠭᠤᠨ ᠰᠡᠳᠭᠢᠯᠲᠦ ᠬᠥᠮᠦᠰ ᠪᠣᠯ ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ᠎ᠤᠨ ᠠᠷᠠᠳ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠤᠯᠠᠭᠠᠨ ᠨᠡᠢᠭᠡᠮ ᠲᠣᠭᠣᠷᠢᠭ᠎ᠤᠨ ᠡᠩ᠎ᠦᠨ ᠰᠠᠭᠤᠭᠠᠯᠢ ᠠᠷᠠᠳ ᠪᠣᠯᠤᠨ᠎ᠠ᠃ 2015 ᠣᠨ᠎ᠳᠤ ᠲᠥᠪ᠎ᠦᠨ ᠤᠬᠠᠭᠤᠯᠬᠤ ᠬᠡᠯᠲᠡᠰ᠎ᠡᠴᠡ ᠤᠯᠠᠭᠠᠨ ᠨᠡᠢᠭᠡᠮ ᠲᠣᠭᠣᠷᠢᠭ᠎ᠲᠤ《ᠪᠥᠬᠥ᠌ ᠤᠯᠤᠰ᠎ᠤᠨ ᠯᠧᠢ ᠹᠧᠩ᠎ᠡᠴᠡ ᠰᠤᠷᠤᠯᠴᠠᠬᠤ ᠵᠢᠱ᠌ᠢᠶ᠎ᠡ ᠦᠵᠡᠭᠦᠯᠬᠦ᠌ ᠴᠡᠭ》 ᠤ᠋ᠨ ᠢᠷᠠᠭᠤ ᠠᠯᠳᠠᠷ᠎ᠤᠨ ᠴᠣᠯᠠ ᠣᠯᠭᠣᠪᠠ᠃
《 ᠨᠠᠳᠠ ᠲᠠᠢ ᠬᠠᠮᠲᠤ ᠶᠠᠪᠤᠵᠦ ᠪᠠᠷᠠᠭᠤᠨ ᠡᠭᠦᠳᠡᠨ᠎ᠦ ᠭᠠᠳᠠᠨᠠᠬᠢ ᠬᠠᠮᠲᠤ᠎ᠪᠠᠷ ᠡᠳ᠋ᠯᠡᠬᠦ᠌ ᠳᠤᠭᠤᠢ ᠲᠡᠷᠭᠡ᠎ᠶ᠋ᠢ ᠲᠡᠭ᠌ᠰᠢᠯᠡᠵᠦ ᠲᠠᠯᠪᠢᠶ᠎ᠠ》 ᠬᠡᠵᠦ ᠰᠠᠢ᠌ᠨ ᠲᠤᠷ᠎ᠡ ᠵᠢᠨ ᠠᠵᠢᠯᠯᠠᠬᠴᠢ ᠰᠦᠨ ᠰᠧ ᠬᠤᠸᠠᠨ ᠤᠷᠢᠶᠠᠯᠠᠮᠠᠬᠴᠠ ᠨᠡᠢᠭᠡᠮ ᠲᠣᠭᠣᠷᠢᠭ᠎ᠤᠨ 20 ᠭᠠᠷᠤᠢ ᠬᠦᠮᠦᠨ ᠳᠠᠷᠤᠢᠬᠠᠨ ᠴᠤᠤᠷᠢᠶᠠᠲᠤᠨ ᠲᠠᠭᠠᠪᠠ᠃
《 ᠮᠠᠨ᠎ᠤ ᠡᠨᠳᠡᠬᠢ ᠬᠦᠮᠦᠨ ᠪᠤᠯᠭᠠᠨ ᠰᠠᠢᠨ ᠳᠤᠷ᠎ᠠ᠎ᠶ᠋ᠢᠨ ᠠᠵᠢᠯᠯᠠᠭ᠍ᠴᠢ ᠮᠥᠨ᠂ ᠬᠥᠮᠦᠨ ᠪᠦᠬᠦᠨ ᠴᠥᠮ ᠠᠮᠢᠳᠤ ᠯᠸᠢ ᠹᠸᠩ ᠮᠥᠨ》ᠬᠡᠵᠦ ᠤᠯᠠᠭᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ᠂ ᠡᠷᠬᠢᠯᠡᠭ᠌ᠴᠢ ᠲᠢᠶᠠᠨ ᠶᠢᠩ ᠮᠠᠰᠢ ᠣᠮᠣᠭ᠍ᠰᠢᠵᠤ ᠶᠠᠷᠢᠨ᠎ᠠ᠃
ᠠᠯᠢ ᠡᠷᠲᠡ 2014 ᠣᠨ᠎ᠳᠤ ᠤᠯᠠᠭᠠᠨ ᠨᠡᠢᠭᠡᠮ ᠲᠣᠭᠣᠷᠢᠭ᠎ᠤᠨ ᠬᠢᠨ ᠤᠯᠠᠭᠠᠨ ᠦᠩᠬᠡᠳᠤ ᠨᠡᠢᠲᠡ᠎ᠶ᠋ᠢᠨ ᠠᠰᠠᠷᠠᠮᠵᠢ᠎ᠶ᠋ᠢᠨ ᠬᠦᠴᠢᠷᠳᠡᠯ᠎ᠢ ᠬᠠᠪᠰᠤᠷᠤᠨ ᠲᠤᠰᠠᠯᠠᠬᠤ᠂ ᠤᠯᠠᠪᠤᠷ ᠥᠩᠭᠡᠳᠤ ᠵᠠᠯᠠᠭᠤᠴᠤᠳ ᠪᠠᠭᠠᠴᠤᠳ᠎ᠢ ᠬᠠᠯᠠᠮᠵᠢᠯᠠᠬᠤ᠂ ᠱᠢᠷ᠎ᠠ ᠥᠩᠭᠡᠳᠤ ᠠᠮᠤᠷ᠎ᠢ ᠬᠠᠮᠠᠭᠠᠯᠠᠬᠤ ᠲᠣᠭᠣᠷᠢᠨ ᠴᠠᠭ᠍ᠳᠠᠬᠤ᠂ ᠨᠤᠭᠤᠭᠠᠨ ᠦᠩᠬᠡᠳᠤ ᠣᠷᠴᠢᠨ ᠲᠣᠭᠣᠷᠢᠨ᠎ᠢ ᠬᠠᠮᠠᠭᠠᠯᠠᠬᠤ ᠂ ᠬᠥᠬᠡ ᠥᠩᠭᠡᠳᠤ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠂ ᠪᠣᠷᠣ ᠥᠩᠭᠡᠳᠤ ᠡᠷᠡᠭᠦᠯ ᠬᠠᠮᠠᠭᠠᠯᠠᠯ ᠡᠷᠡᠭᠦᠯᠵᠢᠯ᠂ ᠬᠥᠬᠡ ᠥᠩᠭᠡᠳᠤ ᠰᠣᠶᠣᠯ ᠪᠡᠶ᠎ᠡ᠎ᠶ᠋ᠢᠨ ᠲᠠᠮᠢᠷ ᠂ ᠶᠠᠭᠠᠨ ᠥᠩᠭᠡᠳᠤ ᠰᠡᠳᠭᠢᠴᠡ᠎ᠶ᠋ᠢᠨ ᠵᠥᠪᠯᠡᠯᠭᠡ ᠥᠭ᠌ᠬᠦ 8 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢ ᠵᠣᠬᠢᠶᠠᠨ ᠪᠠᠢᠭᠤᠯᠤᠬᠰᠠᠨ ᠶᠤᠮ ᠬᠡᠵᠦ ᠲᠢᠶᠠᠨ ᠶᠢᠩ ᠲᠠᠨᠢᠯᠴᠠᠭᠤᠯᠤᠨ᠎ᠡ᠃
ᠤᠯᠠᠨ ᠵᠢᠯ᠎ᠦᠨ ᠲᠤᠷᠰᠢ᠂ ᠡᠨᠡ 8 ᠰᠠᠯᠠᠭ᠎ᠠ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ ᠨᠢ ᠬᠥᠨᠳᠡᠯᠡᠨ ᠲᠣᠭᠣᠷᠢᠭ ᠡᠴᠡ ᠰᠠᠨᠠᠭᠠᠴᠢᠯᠠᠭ᠍ᠰᠠᠨ《ᠪᠦᠬᠦ᠌ ᠠᠷᠠᠳ᠎ᠤᠨ ᠨᠡᠢᠲᠡ᠎ᠶ᠋ᠢᠨ ᠠᠰᠠᠷᠠᠮᠵᠢ᠂ ᠪᠦᠬᠦ᠌ ᠵᠢᠯ᠎ᠦᠨ ᠨᠡᠢᠲᠡ᠎ᠶ᠋ᠢᠨ ᠠᠰᠠᠷᠠᠮᠵᠢ》ᠵᠢᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠣᠢᠯᠠᠭᠠᠭ᠍ᠳᠠᠬᠤᠨ ᠶᠣᠰᠣᠭᠠᠷ ᠂ ᠵᠡᠮᠳᠡᠭ᠌ᠴᠦᠳ᠎ᠢ ᠲᠡᠳᠬᠦᠵᠦ᠍ ᠬᠦᠴᠢᠷᠳᠡᠯᠲᠡᠢ ᠬᠥᠮᠦᠰ᠎ᠢ ᠲᠤᠰᠠᠯᠠᠬᠤ᠂ ᠣᠷᠴᠢᠨ ᠲᠣᠭᠣᠷᠢᠨ᠎ᠢ ᠴᠡᠪᠡᠷᠯᠡᠬᠦ᠌ ᠂ ᠰᠡᠳᠭᠢᠴᠡ᠎ᠶ᠋ᠢᠨ ᠵᠥᠪᠯᠡᠯᠭᠡ ᠥᠭ᠌ᠬᠦ᠂ ᠨᠠᠰᠤᠲᠠᠢᠴᠤᠳ ᠪᠣᠯᠤᠨ ᠵᠠᠯᠠᠭᠤᠴᠤᠳ ᠪᠠᠭᠠᠴᠤᠳ᠎ᠢ ᠬᠠᠯᠠᠮᠵᠢᠯᠠᠬᠤ ᠵᠡᠷᠭᠡ ᠯᠸᠢ ᠹᠸᠩ ᠡᠴᠡ ᠰᠤᠷᠤᠯᠴᠠᠬᠤ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠦᠢᠯᠡᠴᠢᠯᠡᠭᠡᠨ᠎ᠦ ᠠᠭᠤᠯᠭ᠎ᠠ ᠨᠢ ᠰᠠᠭᠤᠭᠠᠯᠢ ᠠᠷᠠᠳ᠎ᠤᠨ ᠡᠳᠦᠷ ᠲᠤᠳᠤᠮ᠎ᠤᠨ ᠬᠡᠷᠡᠭ᠌ᠴᠡᠭᠡ᠎ᠶ᠋ᠢ ᠦᠨᠳᠦᠰᠦᠨ ᠳ᠋ᠡᠬᠡᠨ ᠬᠠᠮᠤᠷᠴᠠᠢ᠃
ᠳᠡᠭᠡᠷ᠎ᠡ ᠵᠠᠭᠤᠨ᠎ᠤ ᠶᠡᠷᠡᠭᠡᠳ ᠣᠨ᠎ᠳᠤ ᠪᠦᠳᠦᠭᠡᠨ ᠪᠠᠢᠭᠤᠯᠤᠭ᠍ᠰᠠᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠪᠣᠯᠤᠭ᠍ᠰᠠᠨ᠎ᠤ ᠬᠤᠪᠢ᠎ᠳᠤ᠂ ᠤᠯᠠᠭᠠᠨ ᠨᠡᠢᠭᠡᠮ ᠲᠣᠭᠣᠷᠢᠭ᠎ᠤᠨ 2766 ᠪᠠᠢᠩᠭᠤ ᠰᠠᠭᠤᠭ᠎ᠠ ᠡᠷᠤᠬᠡ ᠵᠢᠨ ᠲᠤᠳᠤᠷ᠎ᠠ ᠨᠠᠰᠤᠲᠠᠢᠴᠤᠳᠤᠯᠠᠩᠬᠢ ᠵᠢ ᠡᠵᠡᠯᠡᠳᠡᠭ᠃ ᠭᠠᠭ᠍ᠴᠠᠭᠠᠷ ᠰᠠᠭᠤᠭ᠎ᠠ ᠨᠠᠩ ᠣᠯᠠᠨ ᠨᠠᠰᠤᠲᠠᠢᠴᠤᠳ᠎ᠢ ᠬᠠᠯᠠᠮᠵᠢᠯᠠᠨ ᠬᠠᠷᠠᠭᠠᠯᠵᠠᠬᠤ᠎ᠶ᠋ᠢᠨ ᠲᠥᠯᠥᠭᠡ᠂ ᠤᠯᠠᠭᠠᠨ ᠨᠡᠢᠭᠡᠮ ᠲᠣᠭᠣᠷᠢᠭ᠎ᠨᠢ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠱᠢᠨ᠎ᠡ ᠵᠠᠭ᠍ᠪᠤᠷ ᠢ᠋ ᠡᠭᠦᠳᠴᠦ᠍ ᠂ 《 ᠵᠣᠯ ᠵᠢᠷᠭᠠᠯᠲᠤ ᠲᠣᠭᠣᠷᠢᠭ 》 ᠂ 《 ᠪᠤᠭᠤᠲᠤ᠎ᠶ᠋ᠢᠨ ᠠᠯᠪᠠᠨ ᠵᠢᠷᠤᠮ᠎ᠤᠨ ᠠᠵᠢᠯᠯᠠᠬᠴᠢ 》 ᠵᠡᠷᠭᠡ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢ ᠢᠳᠡᠪᠬᠢᠲᠡᠶ᠎ᠪᠡᠷ ᠱᠢᠩᠭᠡᠭᠡᠨ ᠠᠪᠴᠤ᠌᠂ ᠨᠡᠢᠭᠡᠮ ᠲᠣᠭᠣᠷᠢᠭ᠎ᠤᠨ ᠨᠠᠰᠤᠲᠠᠢᠴᠤᠳ᠎ᠲᠤ ᠢᠳᠡᠵᠦ᠍ ᠤᠤᠭᠤᠬᠤ ᠶᠠᠪᠤᠵᠤ ᠰᠠᠭᠤᠬᠤ ᠵᠡᠷᠭᠡ ᠲᠠᠯ᠎ᠠ ᠪᠡᠷ ᠲᠤᠰᠭᠠᠢᠵᠢᠭ᠍ᠰᠠᠨ᠂ ᠣᠨᠣᠴᠠᠳᠠᠢ ᠦᠶ᠋ᠯᠡᠴᠢᠯᠡᠭᠡ ᠬᠠᠩᠭᠠᠪᠠ᠃
60 ᠨᠠᠰᠤᠲᠠᠢ ᠨᠠᠰᠤᠲᠠᠢᠴᠤᠳ᠎ᠢ ᠦᠨ᠎ᠡ ᠦᠷᠳᠡᠭ᠎ᠲᠡᠶ ᠠᠮᠢᠳᠤᠷᠠᠭᠤᠯᠵᠤ ᠂ 80 ᠨᠠᠰᠤᠲᠠᠢ ᠨᠠᠰᠤᠲᠠᠢᠴᠤᠳ᠎ᠢ ᠨᠡᠷ᠎ᠡ ᠬᠦᠨᠳᠦ᠍᠎ᠲᠡᠶ ᠠᠮᠢᠳᠤᠷᠠᠭᠤᠯᠵᠤ᠂ ᠵᠠᠯᠠᠭᠤᠴᠤᠳ ᠪᠠᠭᠠᠴᠤᠳ᠎ᠢ ᠡᠷᠡᠭᠦᠯ ᠴᠢᠭᠢᠷᠠᠭ᠎ᠢᠶᠠᠷ ᠦᠰᠦᠨ ᠪᠣᠢᠵᠢᠭᠤᠯᠵᠤ᠂ ᠬᠥᠷᠰᠢ ᠵᠡᠷᠭᠡᠯᠡᠳᠡᠭᠡ᠎ᠪᠡᠨ ᠨᠡᠩ ᠡᠶ᠎ᠡ ᠨᠠᠢᠷᠲᠠᠢ ᠪᠣᠯᠭᠠᠵᠤ᠂ ᠨᠡᠢᠭᠡᠮ ᠲᠣᠭᠣᠷᠢᠭ᠎ᠤᠨ ᠬᠥᠮᠦᠰ᠎ᠦᠨ ᠰᠡᠳᠭᠢᠯ᠎ᠢ ᠨᠡᠩ ᠢᠯᠡᠭᠦᠦ ᠨᠢᠬᠳᠠᠷᠠᠭᠤᠯᠤᠨ᠎ᠠ ᠁ ᠤᠢ᠍ᠢᠷ᠎ᠠ᠎ᠶ᠋ᠢᠨ ᠵᠢᠯ᠎ᠡᠴᠡ ᠤᠯᠠᠭᠠᠨ ᠨᠡᠢᠭᠡᠮ ᠲᠣᠭᠣᠷᠢᠭ ᠨᠢ ᠡᠩᠨᠡᠭᠡ᠎ᠪᠡᠨ ᠪᠠᠢᠭᠤᠯᠬᠤ ᠪᠠ ᠲᠣᠭ᠍ᠲᠠᠴᠠ᠎ᠪᠠᠨ ᠪᠦᠷᠢᠨᠱᠢᠬᠦᠯᠬᠦ᠌ ᠲᠠᠯ᠎ᠠ᠎ᠪᠠᠷ ᠬᠦᠴᠦ᠍ ᠣᠷᠣᠭᠤᠯᠵᠤ᠂ ᠯᠸᠢ ᠹᠸᠩ ᠡᠴᠡ ᠰᠤᠷᠤᠯᠴᠠᠬᠤ ᠠᠵᠢᠯᠯᠠᠭ᠎ᠠ᠎ᠶ᠋ᠢ ᠪᠠᠢᠩᠭᠤᠵᠢᠭᠤᠯᠬᠤ᠎ᠶ᠋ᠢ ᠠᠬᠢᠭᠤᠯᠪᠠ᠃ ᠲᠣᠣᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠱᠢᠨ᠎ᠡ ᠬᠡᠪ ᠵᠠᠭ᠍ᠪᠤᠷ᠎ᠢ ᠠᠱᠢᠭ᠍ᠯᠠᠨ᠂ ᠨᠡᠢᠭᠡᠮ ᠲᠣᠭᠣᠷᠢᠭ ᠡᠴᠨ ᠡᠯᠰᠡᠬᠦ᠌ ᠪᠠ ᠣᠯᠠᠨ ᠲᠦᠮᠡᠨ ᠰᠠᠢᠨ ᠳᠤᠷ᠎ᠠ ᠡᠴᠨ ᠪᠠᠨ ᠣᠷᠣᠯᠴᠠᠬᠤ ᠬᠣᠶᠠᠷ ᠵᠦᠢᠯ ᠤ᠋ᠨ ᠠᠷᠭ᠎ᠠ᠎ᠶ᠋ᠢ ᠠᠪᠴᠤ᠌ ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠡᠩᠨᠡᠭᠡ᠎ᠶ᠋ᠢ ᠲᠠᠰᠤᠷᠠᠯᠲᠠ ᠤᠢ᠍ᠭᠡᠢ ᠪᠤᠵᠠᠭᠠᠢᠷᠠᠭᠤᠯᠪᠠ᠃ ᠪᠤᠭᠤᠳᠤ ᠬᠣᠲᠠ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠮᠡᠳᠡᠭᠡ ᠵᠠᠩᠭᠢ᠎ᠶ᠋ᠢᠨ ᠲᠠᠪᠴᠠᠩ᠎ᠳᠤ ᠲᠦᠱᠢᠭ᠌ᠯᠡᠨ᠂ ᠬᠦᠰᠡᠯ ᠡᠷᠡᠮᠡᠯᠵᠡᠯ᠎ᠲᠡᠶ᠂ ᠡᠭᠦᠷᠭᠡᠯᠡᠵᠦ᠍ ᠳᠡᠢᠯᠬᠦ᠌ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠢ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡᠨ᠎ᠳᠦ ᠣᠷᠣᠭᠤᠯᠤᠨ ᠠᠪᠴᠢᠷᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢᠨ ᠬᠡᠪᠴᠢᠶ᠎ᠡ᠎ᠶ᠋ᠢ ᠦᠷᠭᠡᠳᠭᠡᠪᠡ᠃ ᠡᠨᠳᠡᠬᠢ ᠬᠦᠮᠦᠨ ᠪᠤᠯᠭᠠᠨ ᠰᠠᠢᠨ ᠲᠤᠷᠠᠴᠤᠳ ᠪᠤᠯᠬᠤ ᠪᠡᠷ ᠴᠢᠷᠮᠠᠢᠵᠤ᠂ ᠬᠦᠮᠦᠨ ᠪᠦᠬᠦᠨ ᠪᠦᠷ ᠯᠸᠢ ᠹᠸᠩ ᠤ᠋ᠨ ᠵᠤᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃