2022-03-17 09:50:23
— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠴᠢᠯᠡᠬᠡᠨ᠎ᠤ ᠰᠠᠯᠠᠭ᠎ᠠ᠎ᠶ᠋ᠢ ᠲᠡᠮᠳᠡᠭᠯᠡᠪᠡ
ᠤᠯᠠᠨ ᠵᠢᠯ᠎ᠤᠨ ᠳᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠴᠢᠯᠡᠬᠡᠨ᠎ᠤ ᠰᠠᠯᠠᠭ᠎ᠠ ᠵᠢᠨ ᠬᠢᠨ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠤᠯᠠᠨ ᠲᠦᠮᠡᠨ᠎ᠳᠤ ᠬᠠᠷᠠᠮ ᠦᠭᠡᠢ ᠦᠢᠯᠡᠴᠢᠯᠡᠵᠦ᠂ ᠯᠸᠢ ᠹᠸᠩ᠎ᠡᠴᠡ ᠰᠤᠷᠤᠯᠴᠠᠬᠤ ᠵᠢ ᠢᠮᠠᠬᠳᠠ ᠪᠠᠷᠢᠮᠳᠠᠯᠠᠬᠰᠠᠭᠠᠷ ᠢᠷᠡᠭᠰᠡᠨ ᠪᠦᠭᠡᠳ ᠢᠯᠠᠩᠭᠤᠶ᠎ᠠ ᠬᠢᠵᠢᠭ ᠳᠠᠢ ᠳᠡᠮᠡᠴᠡᠬᠦ ᠬᠠᠳᠠᠭᠤ ᠳᠠᠢᠯᠠᠯᠳᠤᠭᠠᠨ᠎ᠤ ᠡᠮᠦᠨ᠎ᠡ᠂ ᠠᠷᠠᠳ ᠲᠦᠮᠡᠨ᠎ᠤ ᠡᠷᠡᠭᠦᠯ ᠮᠡᠨᠳᠤ ᠪᠠ ᠠᠮᠢ ᠨᠠᠰᠤᠨ᠎ᠤ ᠦᠨᠡᠨᠴᠢ ᠬᠠᠮᠠᠭᠠᠯᠠᠬᠴᠢ ᠪᠤᠯᠤᠬᠰᠠᠨ ᠪᠠᠢᠨ᠎ᠠ᠃
2 ᠰᠠᠷ᠎ᠠ ᠶ᠋ᠢᠨ 28᠎ᠤ᠋ ᠡᠳᠦᠷ᠂ ᠲᠦᠷᠭᠡᠨ ᠠᠪᠤᠷᠠᠯᠳᠠ᠎ᠶ᠋ᠢᠨ ᠲᠡᠷᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠴᠢᠯᠡᠬᠡᠨ᠎ᠤ ᠰᠠᠯᠠᠭᠠᠨ᠎ᠤ ᠡᠭᠦᠳᠡᠨ ᠡᠮᠦᠨ᠎ᠡ ᠲᠤᠷᠮᠤᠰᠯᠠᠨ ᠵᠣᠭ᠍ᠰᠣᠪᠠ᠃ ᠪᠢᠳᠡᠬᠦᠮᠵᠢᠯᠡᠵᠦ ᠪᠠᠢᠭ᠎ᠠ ᠰᠠᠭᠤᠭᠠᠯᠢ ᠠᠷᠠᠳ᠎ᠤᠨ ᠲᠣᠭᠣᠷᠢᠭ᠎ᠤᠨ ᠨᠢᠭᠡᠨ ᠡᠪᠡᠳᠴᠢᠲᠡᠨ᠎ᠢ ᠲᠦᠷᠭᠡᠨ ᠠᠪᠤᠷᠠᠯᠳᠠ᠎ᠶ᠋ᠢᠨ ᠲᠡᠷᠭᠡ ᠪᠡᠷ ᠡᠮᠨᠡᠯᠭᠡ ᠶ᠋ᠢᠨ ᠬᠣᠷᠢᠶᠠᠨ᠎ᠳᠤ ᠬᠦᠷᠭᠡᠭᠰᠡᠨ ᠨᠢ ᠡᠨᠡ ᠪᠠᠢᠵᠠᠢ᠃ ᠡᠪᠡᠳᠴᠢᠲᠡᠨ ᠦ ᠴᠢᠷᠠᠶ ᠨᠢ ᠬᠤᠵᠢᠢᠵᠤ᠂ ᠶᠡᠬᠡ ᠬᠥᠯᠥᠰᠥ᠍ ᠠᠰᠭᠠᠷᠠᠨ᠂ ᠤᠷᠤᠭᠤᠯ ᠠᠮᠠ ᠨᠢ ᠬᠥᠬᠡᠷᠡᠵᠦ᠍᠂ ᠠᠮᠢᠰᠭᠤᠯ ᠨᠢ ᠬᠦᠴᠢᠷᠳᠡᠵᠦ᠍ ᠪᠠᠢᠯ᠎ᠠ ᠁
《ᠵᠢᠷᠦᠬᠡᠨ᠎ᠤ ᠲᠦᠭᠰᠢᠯᠲᠡ ᠨᠢ ᠭᠡᠨᠡᠳᠲᠡ ᠵᠣᠭ᠍ᠰᠣᠬᠤ ᠠᠶᠤᠯ ᠲᠠᠢ᠂ ᠰᠠᠭᠠᠳ ᠦᠭᠡᠶ ᠨᠡᠪᠲᠡᠷᠡᠬᠦ᠌ ᠵᠠᠮ᠎ᠢ ᠨᠡᠭᠡᠭᠡᠬᠦ ᠴᠢᠬᠤᠯᠠᠲᠠᠢ》 ᠭᠡᠵᠦ᠍ ᠤᠭ᠍ᠲᠤᠨ ᠠᠪᠤᠬᠰᠠᠨ ᠡᠮᠴᠢᠨᠡᠷ ᠲᠦᠷᠭᠡᠨ ᠮᠠᠭᠠᠳᠯᠠᠯᠲᠠ ᠬᠢᠪᠡ᠃
ᠵᠢᠷᠦᠬᠡᠨ᠎ᠤ ᠪᠠᠢᠴᠠᠭᠠᠯᠲᠠ ᠪᠡᠷ ᠬᠢᠨᠠᠨ ᠦᠵᠡᠬᠦ᠂ ᠲᠦᠷᠭᠡᠨ ᠠᠪᠤᠷᠠᠬᠤ᠂ ᠪᠥᠭᠡᠮ ᠬᠦᠴᠢᠯ᠎ᠤᠨ ᠪᠠᠢᠴᠠᠭᠠᠯᠲᠠ ᠬᠢᠬᠦ᠂ 30 ᠮᠢᠨᠦ᠋ᠲ᠎ᠦᠨ ᠳᠣᠲᠣᠷ᠎ᠠ ᠱᠢᠭᠢᠳᠦᠭᠡᠰᠦᠶ᠋ᠢ ᠬᠠᠢᠯᠤᠭᠤᠯᠬᠤ ᠵᠡᠷᠭᠡ ᠡᠮᠴᠢᠯᠡᠭᠡ ᠬᠢᠭᠰᠡᠨ᠎ᠤ ᠳᠠᠷᠠᠭ᠎ᠠ᠂ ᠡᠪᠡᠳᠴᠢᠲᠡᠨ᠎ᠢ ᠮᠡᠰᠡ ᠵᠠᠰᠠᠯ᠎ᠤᠨ ᠲᠠᠰᠤᠭ᠎ᠲᠤ ᠱᠢᠯᠵᠢᠭᠦᠯᠦᠨ ᠲᠢᠲᠢᠮᠯᠢᠭ ᠯᠤᠭ᠍ᠰᠢᠭᠤᠨ ᠰᠤᠳᠠᠯ᠎ᠤᠨ ᠵᠠᠰᠠᠯᠭ᠎ᠠ ᠬᠢᠪᠡ᠃ ᠲᠡᠷᠡ ᠦᠶ᠎ᠡ᠎ᠳᠦ ᠡᠪᠡᠳᠴᠢᠲᠡᠨ᠎ᠦ ᠪᠥᠭᠡᠮ ᠬᠦᠴᠢᠯ ᠦᠨ ᠪᠠᠢᠴᠠᠭᠠᠯᠲᠠ ᠶ᠋ᠢᠨ ᠮᠡᠳᠡᠭᠦᠯᠦᠯᠲᠡ ᠶ᠋ᠢ ᠭᠠᠷᠭᠠᠵᠦ ᠠᠮᠵᠢᠭᠠᠲᠤᠢ᠂ ᠡᠮᠨᠡᠯᠭᠡ ᠳᠦ ᠰᠠᠭᠤᠬᠤ ᠭᠠᠷ ᠭᠦᠢᠴᠡᠳᠭᠡᠯ᠎ᠢ ᠴᠦ᠍ ᠰᠤᠪᠢᠯᠠᠭ᠍ᠴᠢ᠎ᠶ᠋ᠢᠨ ᠬᠠᠪᠰᠤᠷᠤᠯᠭ᠎ᠠ᠎ᠪᠠᠷ ᠭᠦᠢᠴᠡᠳᠭᠡᠨ᠎ᠡ᠂ ᠦᠬᠦᠵᠦ᠍ ᠰᠡᠭᠡᠬᠦ᠌᠎ᠶ᠋ᠢᠨ ᠭᠱᠠᠨ ᠵᠠᠭᠤᠷ᠎ᠠ ᠴᠠᠭ ᠮᠥᠴᠡ ᠲᠠᠢ ᠤᠷᠤᠯᠳᠤᠨ ᠲᠡᠮᠡᠴᠡᠨ᠎ᠡ᠃
《ᠪᠢᠳᠡᠨ᠎ᠳᠦ ᠲᠤᠯᠭᠠᠷᠠᠵᠤ ᠪᠠᠢᠭ᠎ᠠ ᠡᠪᠡᠳᠴᠢᠲᠡᠨ ᠪᠣᠯ ᠴᠥᠮ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ ᠪᠤᠯᠬᠤ ᠶᠤᠮ᠂ ᠬᠡᠳᠦᠨ ᠮᠢᠨᠦ᠋ᠲ ᠰᠠᠭᠠᠲᠠᠪᠠᠯ ᠬᠠᠮᠤᠭ ᠤᠨ ᠰᠠᠢᠨ ᠡᠮᠴᠢᠯᠡᠭᠡᠨ᠎ᠦ ᠴᠠᠭ ᠲᠣᠬᠢᠶᠠᠯ ᠢ ᠠᠯᠳᠠᠵᠤ ᠮᠡᠳᠡᠨ᠎ᠡ᠂ ᠡᠨᠡ ᠬᠦ᠌ ᠪᠠᠢᠳᠠᠯ᠎ᠳᠤ ᠲᠡᠭᠦᠨ᠎ᠢ ᠬᠠᠯᠠᠭᠤᠷᠠᠯ᠎ᠤᠨ ᠡᠭᠦᠳᠡᠨ ᠡᠮᠨᠡᠯᠭᠡ᠎ᠳᠦ ᠱᠢᠯᠵᠢᠭᠦᠯᠵᠦ᠍ ᠠᠮᠵᠢᠬᠤ ᠦᠭᠡᠢ᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ ᠢ ᠴᠦ᠍ ᠬᠦᠯᠢᠶᠡᠵᠦ᠍ ᠠᠮᠵᠢᠬᠤ ᠦᠭᠡᠢ᠂ ᠪᠢᠳᠡ ᠤᠷᠢᠳ᠎ᠢᠶᠠᠷ ᠡᠪᠡᠳᠴᠢᠲᠡᠨ ᠢ ᠲᠤᠰᠠᠭᠠᠷᠯᠠᠬᠤ ᠥᠷᠥᠭᠡᠨ᠎ᠳᠦ ᠬᠦᠷᠭᠡᠨ ᠱᠢᠭᠢᠳᠦᠭᠡᠰᠦᠶ᠋ᠢ ᠨᠢ ᠠᠭᠤᠰᠭᠠᠵᠤ ᠡᠮᠨᠡᠨ ᠵᠠᠰᠠᠵᠤ᠂ ᠲᠡᠭᠦᠨ᠎ᠢ ᠠᠮᠢ ᠨᠠᠰᠤᠨ᠎ᠤ ᠠᠶᠤᠯ ᠲᠦᠭ᠌ᠰᠢᠭᠦᠷᠢ᠎ᠡᠴᠡ ᠨᠢ ᠮᠤᠯᠲᠤᠷᠠᠭᠤᠯᠬᠤ᠎ᠶ᠋ᠢᠨ ᠬᠠᠮᠲᠤ ᠳᠠᠷᠤᠢᠬᠠᠨ ᠮᠡᠰᠡ ᠵᠠᠰᠠᠯ᠎ᠤᠨ ᠲᠠᠰᠤᠭ᠎ᠲᠠᠶ ᠬᠠᠷᠢᠯᠴᠠᠵᠤ᠂ ᠲᠤᠰᠭᠠᠶ ᠴᠠᠬᠢᠯᠭᠠᠨ ᠱᠠᠲᠤ᠎ᠪᠠᠷ ᠰᠠᠭᠠᠳ ᠦᠭᠡᠢ ᠨᠡᠪᠲᠡᠷᠡᠬᠦ᠌ ᠵᠠᠮ᠎ᠢᠶᠠᠷ ᠬᠦᠷᠭᠡᠵᠦ᠍ ᠮᠡᠰᠡ ᠵᠠᠰᠠᠯ ᠬᠢᠯᠭᠡᠬᠦ ᠴᠢᠬᠤᠯᠠᠲᠠᠢ》 ᠭᠡᠵᠦ᠍ ᠲᠦᠷᠭᠡᠨ ᠡᠮᠴᠢᠯᠡᠬᠡᠨ᠎ᠤ ᠰᠠᠯᠠᠭᠠᠨ᠎ᠤ ᠰᠤᠪᠢᠯᠠᠭ᠍ᠴᠢ᠎ᠶ᠋ᠢᠨ ᠳᠠᠷᠤᠭ᠎ᠠ ᠵᠢᠨ ᠱᠢᠶᠠ ᠬᠡᠯᠡᠨ᠎ᠡ᠃
ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ᠂ ᠲᠦᠷᠭᠡᠨ ᠡᠮᠴᠢᠯᠡᠭᠡᠨ᠎ᠤ ᠰᠠᠯᠠᠭ᠎ᠠ ᠪᠣᠯ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠬᠠᠷᠠᠭᠤᠯ ᠪᠤᠯᠵᠦ᠂ ᠨᠠᠩ ᠴᠤ᠌ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠦ ᠠᠮᠢ ᠨᠠᠰᠤᠨ᠎ᠤ ᠪᠠᠲᠤᠯᠠᠭ᠎ᠠ᠎ᠶ᠋ᠢᠨ ᠨᠢᠭᠡᠳᠦᠭᠡᠷ ᠵᠠᠮ ᠪᠤᠯᠤᠬᠰᠠᠨ ᠪᠠᠢᠨ᠎ᠠ᠃ 2021 ᠣᠨ᠎ᠠᠴᠠ ᠨᠠᠭᠠᠰᠢ᠂ ᠲᠦᠷᠭᠡᠨ ᠡᠮᠴᠢᠯᠡᠬᠡᠨᠤᠠᠨᠠᠭᠠᠬᠤ ᠤᠬᠠᠭᠠᠨ᠎ᠤ ᠰᠠᠯᠠᠭ᠎ᠠ᠎ᠠᠴᠠ ᠤᠷᠢᠳ ᠬᠣᠵᠢᠳ ᠠᠷᠪᠠᠨ ᠬᠡᠳᠦᠨ ᠡᠮᠴᠢ ᠰᠤᠪᠢᠯᠠᠭ᠍ᠴᠢ᠎ᠶ᠋ᠢ ᠡᠵᠡᠨ᠎ᠡ ᠬᠣᠱᠢᠭᠤ᠂ ᠮᠠᠨᠵᠤᠤᠷ ᠬᠤᠳᠠ᠂ ᠲᠣᠭ᠍ᠲᠠᠮᠠᠯ ᠴᠡᠭ᠎ᠦᠨ ᠡᠮᠨᠡᠯᠭᠡ᠎ᠶ᠋ᠢᠨ ᠬᠣᠷᠢᠶ᠎ᠠ᠎ᠳᠤ ᠲᠣᠮᠢᠯᠠᠨ ᠣᠴᠢᠭᠤᠯᠵᠤ ᠬᠦᠨᠳᠦ ᠡᠪᠡᠳᠴᠢᠲᠡᠨ᠎ᠢ ᠲᠦᠷᠭᠡᠨ ᠠᠪᠤᠷᠠᠬᠤ ᠠᠵᠢᠯ ᠬᠢᠯᠭᠡᠪᠡ᠃
《ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠪᠠᠢᠩᠭᠤᠵᠢᠭᠤᠯᠤᠭ᠍ᠰᠠᠨ ᠪᠠᠢᠳᠠᠯ ᠳᠣᠸ᠋ᠷ᠎ᠠ᠂ ᠡᠮᠴᠢ ᠰᠤᠪᠢᠯᠠᠭ᠍ᠴᠢ ᠨᠢᠭᠡ ᠪᠦᠷᠢ ᠴᠥᠮ ᠨᠢᠭᠡ᠎ᠳᠦ ᠮᠡᠷᠭᠡᠰᠢᠵᠦ ᠣᠯᠠᠨ᠎ᠳᠤ ᠴᠠᠭᠠᠷᠠᠬᠰᠠᠨ ᠪᠠᠢᠬᠤ᠎ᠶᠢ ᠴᠢᠬᠤᠯᠠᠴᠢᠯᠠᠳᠠᠭ!》 ᠭᠡᠵᠦ ᠲᠦᠷᠭᠡᠨ ᠡᠮᠴᠢᠯᠡᠬᠡᠨ᠎ᠤ ᠰᠠᠯᠠᠭᠠᠨ᠎ᠤ ᠰᠤᠪᠢᠯᠠᠭ᠍ᠴᠢ ᠶ᠋ᠢᠨ ᠳᠠᠷᠤᠭ᠎ᠠ ᠵᠢᠨ ᠱᠢᠶᠠ ᠬᠡᠯᠡᠨ᠎ᠡ᠃
ᠵᠢᠯ ᠪᠦᠷᠢ᠎ᠶ᠋ᠢᠨ ᠯᠸᠢ ᠹᠸᠩ᠎ᠠᠴᠠ ᠰᠤᠷᠤᠯᠴᠠᠬᠤ ᠡᠳᠦᠷ ᠪᠠ ᠤᠯᠤᠰ᠎ᠤᠨ ᠲᠦᠷᠭᠡᠨ ᠠᠪᠤᠷᠠᠯᠳᠠ᠎ᠶ᠋ᠢᠨ ᠡᠳᠦᠷ᠎ᠲᠤ᠂ ᠠᠭᠤᠳᠠᠮ ᠲᠠᠯᠠᠪᠠᠶ᠂ ᠨᠡᠢᠭᠡᠮ ᠲᠣᠭᠣᠷᠢᠭ᠎ᠲᠤ ᠡᠢᠮᠦ᠍ ᠨᠢᠭᠡ ᠪᠦᠯᠦᠭ ᠡᠮᠴᠢ ᠰᠤᠪᠢᠯᠠᠭ᠍ᠴᠢ ᠵᠢ ᠣᠯᠵᠤ ᠬᠠᠷᠠᠳᠠᠭ᠂ ᠲᠡᠳᠡᠨ᠎ᠦ ᠵᠠᠷᠢᠮ ᠨᠢ ᠡᠪᠤᠳᠥᠭᠯᠡᠵᠥ᠂ ᠬᠣᠶᠠᠷ ᠭᠠᠷᠢᠶᠡᠷᠢᠶᠡᠨ ᠳᠠᠭᠤᠷᠢᠶᠠᠮᠠᠯ ᠬᠥᠮᠦᠨ᠎ᠦ ᠴᠡᠭᠡᠵᠢᠨ᠎ᠳᠦ ᠳᠠᠷᠤᠯᠲᠠ ᠥᠭ᠌ᠴᠦ᠂ ᠵᠢᠷᠦᠬᠡ ᠠᠭᠤᠰᠭᠢᠨ᠎ᠤ ᠰᠡᠷᠭᠦᠭᠡᠯᠲᠡ ᠬᠢᠬᠦᠵᠢᠱ᠌ᠢᠶᠡ ᠦᠵᠡᠭᠦᠯᠵᠦ᠍ ᠪᠠᠢᠳᠠᠭ ᠁ ᠡᠬᠦᠨ ᠡᠴᠡ ᠭᠠᠳᠠᠨ᠎ᠠ᠂ ᠨᠡᠢᠲᠡ᠎ᠶ᠋ᠢᠨ ᠠᠰᠠᠷᠠᠮᠵᠢ᠎ᠶ᠋ᠢᠨ ᠪᠣᠯᠪᠠᠰᠤᠷᠠᠯ᠎ᠤᠨ ᠲᠠᠯ᠎ᠠ ᠪᠡᠷ᠂ 2021 ᠣᠨ᠎ᠳᠤ᠂ ᠲᠦᠷᠭᠡᠨ ᠡᠮᠴᠢᠯᠡᠬᠡᠨᠤᠠᠨᠠᠭᠠᠬᠤ ᠤᠬᠠᠭᠠᠨ ᠤ ᠰᠠᠯᠠᠭᠠᠨ᠎ᠤ ᠯᠸᠢ ᠹᠸᠩ ᠡᠴᠡ ᠰᠤᠷᠤᠯᠴᠠᠬᠤ ᠰᠠᠢᠨ ᠳᠤᠷ᠎ᠠ᠎ᠶ᠋ᠢᠨ ᠠᠵᠢᠯᠯᠠᠭ᠍ᠴᠢ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠂ ᠥᠪᠥᠷ ᠮᠣᠩᠭᠣᠯ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠂ ᠭᠠᠯ ᠤᠨᠲᠠᠷᠠᠭᠠᠬᠤ ᠶᠡᠷᠦᠩᠬᠡᠶ ᠠᠩᠭᠢ ᠵᠡᠷᠭᠡ ᠨᠢᠭᠡᠴᠢ᠎ᠳᠦ ᠬᠦᠷᠴᠦ᠍᠂ 5 ᠤᠳᠠᠭ᠎ᠠ᠎ᠶᠢᠨ ᠵᠢᠷᠦᠬᠡ ᠠᠭᠤᠰᠭᠢ᠎ᠶ᠋ᠢᠨ ᠰᠡᠷᠭᠦᠭᠡᠯᠲᠡ ᠬᠢᠬᠦ ᠨᠡᠢᠲᠡ᠎ᠶ᠋ᠢᠨ ᠠᠰᠠᠷᠠᠮᠵᠢ᠎ᠶ᠋ᠢᠨ ᠪᠣᠯᠪᠠᠰᠤᠷᠠᠯ ᠦᠷᠨᠢᠬᠦᠯᠪᠡ᠃
2021 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠴᠢᠯᠡᠬᠡᠨ᠎ᠤ ᠰᠠᠯᠠᠭ᠎ᠠ ᠨᠢ ᠪᠦᠬᠦ᠌ ᠤᠯᠤᠰ᠎ᠤᠨ ᠯᠸᠢ ᠹᠸᠩ᠎ᠡᠴᠡ ᠰᠤᠷᠤᠯᠴᠠᠬᠤ ᠵᠢᠱ᠌ᠢᠢ᠎ᠡ ᠦᠵᠡᠭᠦᠯᠬᠦ᠌ ᠴᠡᠭ᠎ᠢᠶᠡᠷ ᠲᠣᠭ᠍ᠲᠠᠭᠠᠬᠳᠠᠬᠰᠠᠨ ᠪᠥᠭᠡᠳ ᠢᠮᠠᠭ᠍ᠲᠠ ᠠᠷᠠᠳ ᠲᠦᠮᠡᠨ᠎ᠳᠦ ᠦᠢᠯᠡᠴᠢᠯᠡᠬᠦ᠌ ᠶᠠᠪᠤᠴᠠ᠎ᠳᠤ ᠡᠮᠴᠢᠨᠡᠷᠦᠨ ᠬᠠᠯᠠᠭᠤᠨ ᠬᠠᠢᠷ᠎ᠠ ᠪᠠᠨ ᠨᠡᠢᠭᠡᠮ ᠨᠡᠢᠲᠡ᠎ᠳᠤ ᠦᠷᠬᠦᠯᠵᠢᠯᠡᠨᠵᠤᠷᠢᠭᠤᠯᠵᠦ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃