2023-02-22 10:39:17
— ᠨᠠᠢ᠍ᠮᠠᠳᠤᠭᠠᠷ ᠪᠦᠯᠦᠭ᠎ᠦᠨ ᠪᠦᠬᠦ᠌ ᠣᠷᠣᠨ᠎ᠤ ᠠᠵᠢᠯ᠎ᠤᠨ ᠪᠠᠢᠷᠢ᠎ᠲᠡᠭᠡᠷ᠎ᠡ ᠪᠡᠨ ᠯᠸᠢ ᠹᠸᠩ᠎ᠡᠴᠡ ᠰᠤᠷᠤᠯᠴᠠᠭ᠍ᠰᠠᠨ ᠵᠢᠱ᠌ᠢᠶᠡᠴᠢ ᠸᠠᠩ ᠢᠦᠶ ᠴᠢᠩ᠎ᠢ ᠲᠡᠮᠳᠡᠭᠯᠡᠪᠡ
ᠪᠤᠯᠤᠩ ᠨᠡᠬᠡᠬᠡᠬᠦ ᠦᠭᠡ ᠄
ᠡᠨᠡ ᠵᠢᠯ ᠪᠣᠯ ᠮᠠᠤ ᠽᠸ ᠳ᠋ᠦᠩ ᠵᠡᠷᠭᠡ ᠠᠬᠠᠮᠠᠳ ᠨᠢᠭᠡ ᠦᠶ᠎ᠡ ᠶ᠋ᠢᠨ ᠬᠤᠪᠢᠰᠭᠠᠯᠴᠢᠳ ᠡᠴᠡ ᠯᠸᠢ ᠹᠸᠩ ᠨᠥᠬᠥᠷ᠎ᠲᠦ ᠪᠢᠴᠢᠭᠡᠰᠦ ᠪᠢᠴᠢᠵᠦ᠍ ᠥᠭ᠌ᠭᠦᠭ᠌ᠰᠡᠨ 60 ᠵᠢᠯ᠎ᠦᠨ ᠣᠶ ᠪᠤᠯᠤᠨ᠎ᠠ᠃ 60 ᠵᠢᠯ᠎ᠢ ᠡᠷᠬᠢᠴᠡᠬᠦᠯᠭᠦᠶᠡ ᠳᠤᠮᠳᠠᠳᠤ᠎ᠶ᠋ᠢᠨ ᠪᠣᠯᠪᠠᠰᠤᠨ᠎ᠤ ᠤᠷᠲᠤ ᠠᠶᠠᠨ᠎ᠳᠤ ᠶᠡᠷᠦ᠍᠎ᠡᠴᠡ ᠰᠠᠢᠨ ᠬᠥᠮᠦᠨ ᠪᠠ ᠰᠠᠢᠨ ᠦᠢᠯᠡ ᠠᠵᠢᠯᠯᠠᠭ᠎ᠠ ᠲᠤᠳᠠᠬᠳᠠᠵᠤ ᠦᠩᠭᠡᠷᠡᠭᠰᠡᠨ ᠦᠭᠡᠶ᠃ ᠯᠧᠢ ᠹᠧᠩ᠎ᠡᠴᠡ ᠰᠤᠷᠤᠯᠴᠠᠬᠤ ᠠᠵᠢᠯᠯᠠᠭ᠎ᠠ᠎ᠶ᠋ᠢ ᠭᠦᠨᠵᠡᠭᠡᠢ ᠥᠷᠨᠢᠬᠦᠯᠬᠦ᠎ᠶ᠋ᠢ ᠤᠯᠠᠮ ᠨᠢᠭᠡ ᠠᠯᠬᠤᠮ ᠠᠬᠢᠭᠤᠯᠵᠦ᠂ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠰᠣᠩᠭᠣᠨ ᠤᠬᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠂ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢᠨ ᠵᠣᠷᠢᠭ ᠰᠠᠨᠠᠭᠠᠨ᠎ᠤ ᠬᠥᠲᠥᠯᠥᠨ ᠳᠠᠭᠠᠭᠤᠯᠬᠤ ᠪᠠ ᠵᠢᠱ᠌ᠢᠶ᠎ᠡ ᠦᠵᠡᠭᠦᠯᠦᠨ ᠳᠠᠢᠴᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ ᠵᠢᠨ ᠲᠦᠯᠦᠭᠡ᠂ ᠲᠤᠰ ᠰᠣᠨᠢᠨ ᠥᠨᠥᠳᠦᠷ᠎ᠡᠴᠡ ᠡᠬᠢᠯᠡᠨ 《ᠮᠠᠨ᠎ᠤ ᠲᠡᠷᠭᠡᠳᠡᠬᠢ ᠯᠸᠢ ᠹᠸᠩ》 ᠬᠡᠬᠦ ᠲᠤᠰᠭᠠᠶ ᠪᠤᠯᠤᠩ ᠨᠡᠭᠡᠭᠡᠵᠦ᠂ ᠨᠠᠶ᠋ᠮᠠᠳᠤᠭᠠᠷ ᠪᠦᠯᠦᠭ᠎ᠦᠨ ᠪᠥᠬᠥ᠌ ᠣᠷᠣᠨ᠎ᠤ ᠯᠸᠢ ᠹᠸᠩ᠎ᠠᠴᠠ ᠰᠤᠷᠤᠯᠴᠠᠬᠤ ᠠᠵᠢᠯᠯᠠᠭ᠎ᠠ᠎ᠶ᠋ᠢᠨ ᠵᠢᠱ᠌ᠢᠶ᠎ᠡ ᠦᠵᠡᠭᠦᠯᠬᠦ᠌ ᠴᠡᠭ ᠪᠠ ᠠᠵᠢᠯ᠎ᠤᠨ ᠪᠠᠢᠷᠢᠳ᠋ᠡᠬᠢ ᠯᠸᠢ ᠹᠸᠩ᠎ᠠᠴᠠ ᠰᠤᠷᠤᠯᠴᠠᠭᠰᠠᠨ ᠵᠢᠱ᠌ᠢᠶᠡᠴᠢ᠎ᠶ᠋ᠢᠨ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠳᠡᠯᠭᠡᠨ ᠦᠵᠡᠭᠦᠯᠵᠦ᠍᠂ ᠯᠸᠢ ᠹᠸᠩ᠎ᠠᠴᠠ ᠰᠤᠷᠤᠯᠴᠠᠬᠤ ᠠᠵᠢᠯᠯᠠᠭ᠎ᠠ᠎ᠶ᠋ᠢ ᠪᠠᠢᠩᠭᠤᠵᠢᠭᠤᠯᠬᠤ᠂ ᠣᠯᠠᠨ ᠶᠠᠨᠭᠵᠤᠴᠢᠯᠠᠬᠤ᠂ ᠪᠣᠳᠠᠲᠠᠢᠵᠢᠭᠤᠯᠬᠤ ᠵᠢ ᠠᠬᠢᠭᠤᠯᠵᠤ᠂ ᠰᠢᠨ᠎ᠡ ᠴᠠᠭ ᠦᠶ᠎ᠡ ᠳ᠋ᠤ ᠯᠸᠢ ᠹᠸᠩ᠎ᠤᠨ ᠵᠣᠷᠢᠭ ᠰᠠᠨᠠᠭ᠎ᠠ᠎ᠶ᠋ᠢ ᠦᠷᠬᠦᠯᠵᠢᠯᠡᠨ ᠪᠠᠳᠠᠷᠠᠭᠤᠯᠬᠤ ᠪᠤᠯᠤᠯ᠎ᠠ᠃
2 ᠰᠠᠷ᠎ᠠ᠎ᠶ᠋ᠢᠨ 19 ᠤ᠋ ᠡᠳᠦᠷ᠎ᠦᠨ ᠥᠷᠯᠥᠭᠡ᠎ᠶ᠋ᠢᠨ 8 ᠴᠠᠭ᠎ᠲᠤ᠂ ᠤᠯᠠᠭᠠᠨᠬᠠᠳᠠ ᠬᠣᠲᠠ᠎ᠶ᠋ᠢᠨ ᠶᠤᠸᠠᠨ ᠪᠦᠦ ᠱᠠᠨ ᠲᠣᠭᠣᠷᠢᠭ᠎ᠤᠨ 《ᠲᠠᠯ᠎ᠠ ᠨᠤᠲᠤᠭ᠎ᠤᠨ ᠬᠥᠬᠡ ᠬᠠᠳᠠᠬ》 ᠨᠠᠰᠤᠲᠠᠨ᠎ᠢ ᠬᠦᠨᠳᠦᠯᠡᠵᠦ᠍ ᠵᠡᠮᠳᠡᠭ᠌ᠴᠦᠳ᠎ᠢ ᠲᠤᠰᠠᠯᠠᠬᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠨᠡᠢᠭᠡᠮᠯᠢᠭ᠎ᠦᠨ ᠳᠠᠷᠤᠭ᠎ᠠ ᠸᠠᠩ ᠢᠦᠶ ᠴᠢᠩ ᠤᠳᠠᠯ ᠥᠬᠡᠶ ᠥᠷᠨᠢᠭᠦᠯᠬᠦ᠌᠎ᠪᠡᠷ ᠪᠠᠢᠭ᠎ᠠ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠰᠤᠷᠭᠠᠭᠤᠯᠢ᠎ᠶ᠋ᠢᠨ ᠭᠠᠳᠠᠨᠠᠬᠢ ᠵᠢᠯᠣᠭᠣᠳᠣᠯᠭ᠎ᠠ᠎ᠶ᠋ᠢᠨ ᠲᠥᠰᠦᠯᠵᠢᠡᠨ ᠲᠡᠭᠦᠯᠳᠡᠷᠵᠢᠭᠦᠯᠬᠦ᠌᠂ ᠶᠠᠪᠤᠴᠠ᠎ᠶ᠋ᠢ ᠨᠠᠷᠢᠯᠢᠬ᠍ᠵᠢᠭᠤᠯᠬᠤ᠎ᠪᠠᠷ ᠶᠠᠭᠠᠷᠠᠵᠤ ᠪᠠᠢᠯ᠎ᠠ᠃ 《ᠸᠠᠩ ᠢᠦᠢ ᠴᠢᠩ ᠠᠪᠤᠭᠠᠢ! ᠲᠠᠨ᠎ᠢ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠬᠢᠮᠢ ᠪᠣᠯᠤᠨ ᠮᠠᠲ᠋ᠧᠷᠢᠶᠠᠯ᠎ᠤᠨ ᠳᠡᠭᠡᠳᠦ ᠰᠤᠷᠭᠠᠭᠤᠯᠢ᠎ᠶ᠋ᠢᠨ ᠤᠶᠤᠲᠠᠳ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ ᠬᠢᠭᠡᠳ ᠱᠢᠨ᠎ᠡ᠎ᠶ᠋ᠢ ᠡᠬᠦᠳᠴᠦ ᠦᠢᠯᠡᠰ ᠪᠤᠰᠭᠠᠬᠤ ᠲᠦᠷᠦᠯ ᠵᠦᠢᠯ᠎ᠦᠨ ᠰᠤᠷᠭᠠᠭᠤᠯᠢ᠎ᠶ᠋ᠢᠨ ᠭᠠᠳᠠᠨᠠᠬᠢ ᠵᠢᠯᠤᠭᠤᠳᠤᠬ᠍ᠴᠢ ᠪᠠᠭ᠍ᠰᠢ᠎ᠪᠠᠷ ᠤᠷᠢᠵᠤ ᠪᠠᠢᠨ᠎ᠠ ᠁》 ᠭᠡᠬᠦ ᠪᠢᠴᠢᠭᠡᠰᠦᠳᠡᠢ ᠤᠷᠢᠯᠭ᠎ᠠ᠎ᠶ᠋ᠢᠨ ᠪᠢᠴᠢᠭ ᠲᠡᠬᠦᠨ᠎ᠤ ᠪᠢᠴᠢᠭ᠎ᠤᠨ ᠬᠤᠷᠭᠤᠨ ᠳ᠋ᠤ ᠢᠯᠡ ᠲᠠᠯᠪᠢᠭᠠᠰᠤᠳᠠᠢ ᠪᠠᠢᠯ᠎ᠠ᠃
《ᠤᠷᠢᠯᠭ᠎ᠠ᠎ᠶ᠋ᠢᠨ ᠪᠢᠴᠢᠭ᠎ᠢ ᠣᠯᠤᠭ᠍ᠰᠠᠨ᠎ᠤ ᠳᠠᠷᠠᠭ᠎ᠠ᠂ ᠱᠢᠨ᠎ᠡ ᠡᠬᠦᠷᠭᠡ ᠲᠤᠰᠢᠶᠠᠯ᠎ᠲᠡᠶ ᠪᠣᠯᠵᠤ᠂ ᠮᠥᠷᠥᠨ ᠳᠡᠭᠡᠷ᠎ᠡ ᠪᠠᠰᠠ ᠨᠢᠭᠡᠨ ᠬᠦᠨᠳᠦ ᠬᠠᠷᠢᠭᠤᠴᠠᠯᠭ᠎ᠠ ᠨᠡᠮᠡᠭ᠌ᠳᠡᠵᠡᠢ᠂ ᠪᠢ ᠴᠢᠳᠠᠯ᠎ᠤᠨ ᠵᠢᠡᠨ ᠬᠢᠷᠢ ᠪᠡᠷ ᠰᠤᠷᠤᠭ᠍ᠴᠢᠳ᠎ᠲᠤ ᠵᠢᠯᠣᠭᠣᠳᠣᠯᠭ᠎ᠠ ᠪᠠ ᠲᠡᠮᠵᠢᠯᠭᠡ ᠬᠠᠩᠭᠠᠨ᠎ᠠ》ᠬᠡᠵᠦ ᠸᠠᠩ ᠢᠦᠢ ᠴᠢᠩ ᠰᠤᠷᠪᠤᠯᠵᠢᠯᠠᠭ᠍ᠴᠢ᠎ᠳᠤ ᠬᠡᠯᠡᠨ᠎ᠡ᠃ 1977 ᠣᠨ᠎ᠤ 1 ᠰᠠᠷ᠎ᠠ᠎ᠳᠤ ᠴᠡᠷᠢᠭ᠎ᠲᠦ ᠣᠷᠣᠬᠤ ᠦᠶ᠎ᠡ᠎ᠳ᠋ᠡᠭᠡᠨ᠂ ᠲᠡᠷᠡ ᠨᠢᠭᠡᠨ ᠰᠠᠢ᠌ᠨ ᠴᠡᠷᠢᠭ᠂ ᠵᠢᠱ᠌ᠢᠶᠡᠴᠢ ᠳᠠᠭᠤᠷᠢᠶᠠᠯ ᠪᠣᠯᠬᠤ᠎ᠪᠠᠷ ᠵᠣᠷᠢᠭ ᠱᠢᠭᠤᠳᠤᠭ᠍ᠰᠠᠨ ᠪᠥᠭᠡᠳ ᠮᠦᠨ ᠲᠡᠷᠡ ᠦᠶ᠎ᠡ᠎ᠡᠴᠡ ᠡᠬᠢᠯᠡᠨ ᠯᠸᠢ ᠹᠸᠩ᠎ᠢᠶᠡᠷ ᠳᠠᠭᠤᠷᠢᠶᠠᠯ ᠪᠣᠯᠭᠠᠨ᠂ ᠲᠤᠬᠠᠢᠯᠠᠬᠰᠠᠨ ᠠᠵᠢᠯ ᠵᠢᠡᠨ ᠬᠠᠢᠷᠠᠯᠠᠵᠤ᠂ ᠲᠤᠬᠠᠢᠯᠠᠬᠰᠠᠨ ᠠᠵᠢᠯ ᠳ᠋ᠠᠭᠠᠨ ᠮᠡᠷᠭᠡᠰᠢᠵᠦ᠂ 8 ᠵᠢᠯ ᠳ᠋ᠤ ᠳ᠋ᠢᠸᠢᠽᠢ᠂ ᠬᠣᠷᠢᠢ᠎ᠠ᠎ᠶ᠋ᠢᠨ ᠡᠯ᠎ᠡ ᠵᠦᠢᠯ᠎ᠦᠨ ᠢᠷᠠᠭᠤ ᠠᠯᠳᠠᠷ᠎ᠢ ᠤᠷᠢᠳ ᠬᠣᠵᠢᠳ 17 ᠤᠳᠠᠭ᠎ᠠ ᠬᠦᠷᠳᠡᠵᠦ ᠦᠩᠭᠡᠷᠡᠭᠰᠡᠨ ᠪᠠᠢᠯ᠎ᠠ᠃ ᠴᠡᠷᠢᠭ᠎ᠡᠴᠡ ᠬᠠᠯᠠᠬᠳᠠᠬᠰᠠᠨᠤ ᠪᠡᠨ ᠳᠠᠷᠠᠭ᠎ᠠ᠂ ᠰᠠᠢᠨ ᠳᠤᠷ᠎ᠡ ᠵᠢᠨ ᠦᠢᠯᠡᠴᠢᠯᠡᠭᠴᠢ ᠪᠤᠯᠤᠬᠰᠠᠨ᠎ᠤ ᠬᠤᠪᠢ ᠳ᠋ᠦ᠂ ᠲᠡᠷᠡ ᠪᠦᠯᠬᠦᠮ᠎ᠢᠶᠡᠨ ᠳᠠᠭᠠᠭᠤᠯᠤᠨ ᠣᠯᠠᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠲᠦᠷᠦᠯ ᠵᠦᠢᠯ ᠢ ᠬᠡᠷᠡᠭ᠌ᠵᠢᠭᠦᠯᠵᠦ᠂ ᠤᠷᠢᠳ ᠬᠣᠵᠢᠳ 10 ᠭᠠᠷᠤᠶ ᠲᠦᠮᠡᠨ ᠬᠥᠮᠦᠨ᠎ᠳᠦ ᠠᠱᠢᠭ ᠬᠦᠷᠲᠡᠭᠡᠵᠡᠶ ᠁ ᠡᠳᠡᠭᠡᠷ ᠲᠣᠭ᠎ᠠ ᠪᠠᠷᠢᠮᠲᠠ ᠨᠢ ᠲᠡᠭᠦᠨ᠎ᠦ ᠥᠩᠭᠡᠷᠡᠯᠲᠡ᠎ᠶ᠋ᠢ ᠶᠡᠬᠡ ᠲᠥᠯᠥᠪ ᠵᠢᠷᠤᠭ᠍ᠯᠠᠭ᠍ᠰᠠᠨ ᠪᠣᠯᠪᠠᠴᠤ᠌ ᠲᠡᠬᠦᠨ᠎ᠤ ᠬᠡᠴᠢᠨᠡᠨ ᠤᠯᠠᠨ ᠴᠠᠭ ᠪᠠ ᠬᠦᠴᠦ᠍ ᠬᠥᠯᠥᠰᠥ ᠪᠠᠨ ᠵᠠᠷᠤᠴᠠᠭᠤᠯᠵᠤ ᠬᠠᠷᠠᠮ ᠦᠭᠡᠶ ᠵᠢᠳᠬᠦᠭ᠌ᠰᠡᠨ ᠦᠯᠢᠭᠡᠷ᠎ᠢ ᠨᠢᠭᠡᠳ ᠨᠢᠭᠡ ᠪᠡᠷ ᠲᠤᠭᠠᠴᠢᠬᠤᠶᠠ ᠪᠡᠷᠭᠡ᠃
2015 ᠣᠨ᠎ᠳᠤ᠂ ᠸᠠᠩ ᠢᠦᠢ ᠴᠢᠩ ᠰᠦᠩᠱᠠᠨ ᠲᠣᠭᠣᠷᠢᠭ᠎ᠲᠤ ᠬᠦᠷᠴᠦ᠍ ᠂ 93 ᠨᠠᠰᠤᠲᠠᠢ ᠨᠢᠭᠡᠨ ᠠᠬᠠᠮᠠᠳ ᠴᠡᠷᠢᠭ᠎ᠢ ᠪᠤᠯᠭᠤᠭᠠᠨ ᠦᠵᠡᠪᠡ᠃ ᠬᠤᠷᠢᠮᠯᠠᠬᠤᠦᠶᠡ ᠳ᠋ᠡᠭᠡᠨ ᠬᠤᠷᠢᠮ᠎ᠤᠨ ᠰᠡᠭᠦᠳᠡᠷ ᠲᠠᠲᠠᠭᠤᠯᠵᠤ ᠳᠡᠢᠯᠦᠭ᠌ᠰᠡᠨ ᠦᠭᠡᠢ ᠨᠢ ᠨᠠᠰᠤᠳᠠᠨ᠎ᠤ ᠨᠢᠭᠡ ᠶᠡᠭᠡ ᠬᠠᠷᠠᠮᠰᠠᠯ ᠪᠠᠢᠬᠤ ᠵᠢ ᠮᠡᠳᠡᠭᠡᠳ ᠸᠠᠩ ᠢᠤᠢ ᠴᠢᠩ ᠦᠷ᠎ᠡ ᠬᠡᠦᠬᠡᠳ᠎ᠲᠠᠢ ᠪᠠᠨ ᠬᠠᠮᠳᠤ ᠨᠠᠰᠤᠳᠠᠨ᠎ᠤ ᠳ᠋ᠤ ᠤᠴᠢᠵᠤ᠂ ᠨᠠᠰᠤᠲᠠᠨ᠎ᠢ ᠵᠠᠰᠠᠵᠤ ᠴᠢᠮᠡᠨ᠂ ᠬᠤᠷᠢᠮ᠎ᠤᠨ ᠰᠡᠭᠦᠳᠡᠷ ᠨᠥᠬᠥᠵᠦ᠍ ᠲᠠᠳᠠᠭᠤᠯᠵᠤ ᠦᠭᠬᠦᠭᠰᠡᠨ ᠪᠠᠢᠵᠠᠢ᠃
ᠶᠠᠷᠢᠯᠴᠠᠬᠤ ᠳᠤᠮᠳᠠ ᠸᠠᠩ ᠢᠦᠢ ᠴᠢᠩ ᠠᠬᠠᠮᠠᠳ ᠴᠡᠷᠢᠭ᠎ᠤᠨ ᠦᠯᠢᠭᠡᠷ᠎ᠢ ᠰᠤᠨᠤᠰᠤᠭᠠᠳ ᠮᠠᠰᠢ ᠬᠦᠨ ᠲᠦᠷᠦᠭᠳᠡᠯ ᠲᠠᠢ ᠪᠤᠯᠪᠠ᠃ 《ᠮᠠᠰᠢ ᠤᠯᠠᠨ ᠠᠬᠠᠮᠠᠳ ᠴᠡᠷᠢᠭ ᠨᠢᠭᠡᠨᠲᠡ 90 ᠭᠠᠷᠤᠢ ᠨᠠᠰᠤᠯᠠᠴᠢᠬᠠᠵᠠᠢ᠂ ᠲᠡᠳᠡᠨ᠎ᠦ ᠥᠩᠭᠡᠷᠡᠯᠲᠡ᠎ᠶ᠋ᠢ ᠲᠡᠮᠳᠡᠭ᠌ᠯᠡᠵᠦ᠍ ᠳᠡᠢᠯᠦᠭ᠌ᠰᠡᠨ ᠦᠭᠡᠢ ᠨᠢ ᠨᠢᠭᠡ ᠵᠦᠢᠯ᠎ᠦᠨ ᠬᠣᠬᠢᠷᠠᠯ ᠪᠣᠯᠤᠨ᠎ᠠ᠃ ᠥᠨᠥᠳᠦᠷ᠎ᠦᠨ ᠵᠣᠯ ᠵᠢᠷᠭᠠᠯᠲᠤ ᠠᠮᠢᠳᠤᠷᠠᠯ ᠮᠠᠨᠢ ᠲᠡᠳᠡᠨ᠎ᠦ ᠬᠠᠳᠠᠭᠤᠵᠢᠯᠳᠠᠢ ᠲᠡᠮᠡᠴᠡᠯ᠎ᠡᠴᠡ ᠰᠠᠯᠵᠤ ᠴᠢᠳᠠᠰᠢ ᠦᠭᠡᠢ᠂ ᠲᠡᠳᠡᠨ᠎ᠳᠦ ᠨᠡᠢᠭᠡᠮ᠎ᠦᠨ ᠬᠠᠢᠷ᠎ᠠ ᠬᠠᠯᠠᠮᠵᠢ᠎ᠶ᠋ᠢ ᠬᠦᠷᠳᠡᠭᠡᠪᠡᠯ ᠵᠣᠬᠢᠨ᠎ᠠ》 ᠭᠡᠵᠦ ᠲᠡᠷᠡ ᠬᠡᠯᠡᠨ᠎ᠡ᠃ ᠡᠭᠦᠨ᠎ᠡᠴᠡ ᠡᠬᠢᠯᠡᠨ᠂ ᠸᠠᠩ ᠢᠦᠢ ᠴᠢᠩ ᠠᠬᠠᠮᠠᠳ ᠴᠡᠷᠢᠭ᠎ᠢ ᠬᠠᠢᠷᠠᠯᠠᠨ ᠬᠠᠯᠠᠮᠵᠢᠯᠠᠬᠤ ᠰᠠᠢ᠌ᠨ ᠳᠤᠷ᠎ᠠ᠎ᠶ᠋ᠢᠨ ᠠᠵᠢᠯᠯᠠᠭ᠎ᠠ ᠵᠢ ᠥᠷᠨᠢᠭᠦᠯᠦᠭᠡᠳ ᠨᠢᠭᠡᠨᠳᠡ 8 ᠵᠢᠯ ᠪᠤᠯᠵᠠᠢ᠃
ᠮᠥᠨ ᠡᠨᠡ ᠵᠢᠯ᠂ ᠸᠠᠩ ᠢᠦᠢ ᠴᠢᠩ ᠲᠠᠯ᠎ᠠ ᠨᠤᠲᠤᠭ᠎ᠤᠨ ᠬᠦᠬᠡ ᠬᠠᠳᠠᠭ ᠨᠠᠰᠤᠲᠠᠢᠴᠤᠳ᠎ᠢ ᠬᠦᠨᠳᠦᠯᠡᠵᠦ᠍ ᠵᠡᠮᠳᠡᠭ᠌ᠴᠦᠳ᠎ᠢ ᠲᠤᠰᠠᠯᠠᠬᠤ ᠰᠠᠢ᠌ᠨ ᠲᠤᠷᠠᠴᠤᠳ᠎ᠤᠨ ᠨᠡᠢᠭᠡᠮᠯᠢᠭ᠎ᠢ ᠳᠠᠩᠰᠠᠯᠠᠭᠤᠯᠤᠨ ᠪᠠᠢᠭᠤᠯᠵᠤ᠂ ᠨᠢᠭᠡ ᠪᠦᠯᠦᠭ ᠬᠠᠯᠠᠭᠤᠨ ᠰᠡᠳᠭᠢᠯ᠎ᠳᠦ ᠰᠠᠢ᠌ᠨ ᠲᠤᠷᠠᠴᠤᠳ᠎ᠢ ᠵᠣᠬᠢᠶᠠᠨ ᠪᠠᠢᠭᠤᠯᠤᠨ ᠳᠠᠭᠠᠭᠤᠯᠵᠤ ᠨᠡᠢᠭᠡᠮ ᠨᠡᠢᠳᠡ ᠳ᠋ᠤ ᠦᠪᠡᠷᠮᠢᠴᠡ ᠬᠤᠪᠢ ᠨᠡᠮᠡᠷᠢ ᠪᠡᠨ ᠬᠠᠷᠠᠮ ᠦᠭᠡᠢ ᠵᠤᠷᠢᠭᠤᠯᠵᠤ ᠢᠷᠡᠪᠡ᠃
2021 ᠣᠨ᠎ᠤ 8 ᠰᠠᠷ᠎ᠠ᠎ᠶ᠋ᠢᠨ 1 ᠤ᠋ ᠡᠳᠦᠷ᠂ ᠸᠠᠩ ᠢᠦᠢ ᠴᠢᠩ ᠰᠠᠢ᠌ᠨ ᠳᠤᠷᠠᠴᠤᠳ᠎ᠤᠨ ᠨᠡᠢᠭᠡᠮᠯᠢᠭ᠎ᠦᠨ ᠵᠦᠢᠷᠡᠢ ᠬᠡᠦᠬᠡᠳ ᠼᠦᠢ ᠶᠦᠨ ᠰᠦᠩ᠂ ᠼᠦᠢ ᠶᠦᠨ ᠾᠧ᠎ᠶ᠋ᠢ ᠳᠠᠭᠠᠭᠤᠯᠤᠨ ᠪᠤᠷᠴᠠᠭ᠎ᠤᠨ ᠲᠤᠰᠤ᠂ ᠲᠤᠲᠤᠷᠭ᠎ᠠ ᠵᠡᠷᠭᠡ ᠡᠳ᠋ ᠪᠣᠳᠠᠰ᠎ᠢ ᠠᠪᠴᠤ᠌ ᠠᠬᠠᠮᠠᠳ ᠴᠡᠷᠢᠭ ᠯᠢᠦ ᠵᠧᠨ ᠹᠠ᠎ᠶ᠋ᠢ ᠪᠣᠯᠭᠣᠭᠠᠨ ᠲᠤᠬᠤᠨᠢᠭᠤᠯᠬᠤ ᠪᠡᠷ ᠪᠤᠯᠪᠠ᠃ ᠡᠨᠡ ᠴᠢᠮᠡᠭᠡ᠎ᠶ᠋ᠢ ᠲᠤᠭᠤᠯᠤᠭᠰᠠᠨ ᠰᠠᠢ᠌ᠨ ᠳᠤᠷᠠᠴᠤᠳ᠎ᠤᠨ ᠨᠡᠢᠭᠡᠮᠯᠢᠭ᠎ᠦᠨ ᠵᠠᠩ ᠵᠢᠶᠠ ᠨᠠᠨ ᠂ ᠯᠢ ᠬᠣᠩ ᠶᠠᠨ᠂ ᠢᠦᠢ ᠱᠢᠨ ᠶᠤᠸᠠᠢ ᠵᠡᠷᠭᠡ ᠰᠠᠢ᠌ᠨ ᠳᠤᠷᠠᠴᠤᠳ ᠪᠠᠰᠠ ᠬᠦᠷᠤᠯᠴᠡᠨ ᠢᠷᠡᠵᠦ ᠰᠠᠢᠨ ᠲᠤᠷ᠎ᠠ ᠡᠴᠡ ᠪᠠᠨ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠳ᠋ᠤ ᠤᠷᠤᠯᠴᠠᠪᠠ᠃ ᠯᠢᠦ ᠵᠧᠨ ᠹᠠ ᠲᠡᠳᠡ ᠨᠠᠷ᠎ᠤᠨ ᠭᠠᠷ᠎ᠢ ᠠᠳᠭᠤᠵᠤ᠄ 《 ᠮᠠᠨ᠎ᠤ ᠭᠡᠷ᠎ᠦᠨ ᠠᠮᠢᠳᠤᠷᠠᠯ ᠮᠠᠰᠢ ᠰᠠᠢ᠌ᠨ ᠪᠠᠢᠨ᠎ᠠ᠂ ᠲᠠᠨᠠᠷ᠎ᠲᠤ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠨ᠎ᠠ》 ᠬᠡᠵᠤ ᠰᠡᠳᠬᠢᠯ ᠲᠤᠬᠳᠤᠯᠤᠨ ᠶᠠᠷᠢᠪᠠ᠃
ᠡᠢᠮᠦᠷᠬᠦᠦ ᠰᠡᠳᠬᠢᠯ᠎ᠢ ᠲᠤᠯᠠᠭᠠᠴᠠᠭᠤᠯᠤᠮ᠎ᠠ ᠦᠯᠢᠭᠡᠷ ᠦᠢᠯᠡ ᠮᠠᠰᠢ ᠣᠯᠠᠨ ᠪᠤᠢ᠃ ᠬᠠᠬᠢᠷ ᠬᠦᠶ᠋ᠲᠡᠨ ᠠᠭᠠᠬᠢᠮ᠎ᠠ ᠬᠠᠯᠠᠭᠤᠨ᠂ ᠬᠣᠯᠠ ᠠᠶᠠᠨ ᠣᠢᠷ᠎ᠠ ᠵᠠᠮ ᠭᠡᠰᠡᠨ ᠥᠬᠡᠶ᠂ ᠬᠠᠮᠢᠭ᠎ᠠ ᠬᠡᠷᠡᠭ᠌ᠴᠡᠭᠡ᠎ᠲᠡᠶ ᠪᠣᠯ᠂ ᠰᠠᠢᠨ ᠲᠤᠷᠠᠴᠤᠳ ᠨᠢᠭᠡ ᠬᠤᠪᠢ ᠵᠢᠨ ᠬᠠᠢᠷ᠎ᠠ ᠬᠠᠯᠠᠮᠵᠢ ᠪᠡᠨ ᠬᠦᠷᠭᠡᠵᠦ᠍᠂ ᠨᠢᠭᠡ ᠬᠤᠪᠢ ᠵᠢᠨ ᠬᠦᠴᠦᠨ ᠴᠢᠳᠠᠯ᠎ᠢᠶᠠᠨ ᠡᠷᠭᠦᠨ᠎ᠡ᠃ 8 ᠵᠢᠯ᠎ᠦᠨ ᠲᠤᠷᠰᠢ᠂ ᠸᠠᠩ ᠢᠦᠢ ᠴᠢᠩ ᠪᠣᠯᠤᠨ ᠲᠡᠭᠦᠨ᠎ᠦ ᠪᠦᠯᠬᠦᠮ ᠤᠷᠢᠳ ᠬᠣᠵᠢᠳ 15 ᠨᠠᠰᠤᠲᠠᠨ᠎ᠢ ᠬᠦᠨᠳᠦᠯᠡᠵᠦ᠍ ᠵᠡᠮᠳᠡᠭ᠌ᠴᠦᠳ᠎ᠢ ᠲᠤᠰᠠᠯᠠᠬᠤ ᠲᠦᠷᠦᠯ ᠵᠦᠢᠯ᠎ᠢ ᠬᠡᠷᠡᠭ᠌ᠵᠢᠭᠦᠯᠵᠦ᠍᠂ ᠠᠮᠢᠳᠤᠷᠠᠯ᠎ᠳᠠᠭᠠᠨ ᠢᠲᠡᠭᠡᠯ ᠠᠯᠳᠠᠭ᠍ᠰᠠᠨ ᠨᠢᠭᠡ ᠪᠦᠯᠦᠭ ᠵᠡᠮᠳᠡᠭ᠌ ᠬᠦᠮᠦᠰ᠎ᠢ ᠦᠪᠡᠷ᠎ᠢ ᠪᠠᠨ ᠢᠳᠡᠭᠡᠵᠦ ᠦᠪᠡᠷ᠎ᠢ ᠪᠠᠨ ᠬᠦᠴᠦᠷᠬᠡᠭ᠌ᠵᠢᠬᠦᠯᠬᠦ ᠵᠣᠯ ᠵᠢᠷᠭᠠᠯᠲᠤ ᠵᠠᠮ᠎ᠢᠶᠠᠷ ᠵᠠᠮᠨᠠᠭᠤᠯᠪᠠ᠃
ᠸᠠᠩ ᠢᠦᠶ ᠴᠢᠩ ᠶᠤᠸᠠᠨ ᠪᠦᠦ ᠱᠠᠨ ᠲᠣᠭᠣᠷᠢᠭ᠎ᠤᠨ ᠵᠡᠮᠳᠡᠭ᠌ᠴᠦᠳ᠎ᠦᠨ ᠬᠣᠯᠪᠣᠭ᠎ᠠ᠎ᠲᠠᠶ ᠬᠠᠷᠢᠯᠴᠠᠵᠤ᠂ ᠨᠡᠢᠭᠡᠮᠯᠢᠭ ᠡᠴᠡ 《ᠢᠳᠡᠭᠡᠨ᠎ᠦ ᠲᠤᠪᠶᠤᠭ ᠭᠠᠷᠭᠠᠬᠤ》᠂ ᠵᠡᠮᠳᠡᠭ᠌ᠴᠤᠳ《ᠬᠤᠭᠤᠯᠠ ᠪᠤᠳᠠᠭ᠎ᠠ ᠵᠠᠬᠢᠶᠠᠯᠠᠬᠤ》᠂ ᠲᠤᠰᠭᠠᠶ ᠮᠡᠷᠭᠡᠵᠢᠯ᠎ᠦᠨ ᠰᠠᠢᠨ ᠳᠤᠷᠠᠴᠤᠳ 《ᠲᠣᠭᠣᠭᠠᠴᠢ ᠪᠤᠯᠬᠤ》 《ᠵᠠᠬᠢᠶᠠᠯᠠᠭ᠎ᠠ ᠵᠢᠨ ᠮᠠᠶᠢᠭ》 ᠤ᠋ᠨ ᠠᠩᠭᠢ ᠡᠷᠭᠢᠯᠡᠬᠦ᠌ ᠵᠠᠭ᠍ᠪᠤᠷ᠎ᠢ ᠠᠪᠴᠤ᠌᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠬᠠᠪᠠ᠃ 2015 ᠣᠨ᠎ᠤ 11 ᠰᠠᠷ᠎ᠠ᠎ᠠᠴᠠ ᠣᠲᠣ ᠪᠣᠯᠲᠠᠯ᠎ᠠ᠂ ᠨᠡᠢᠲᠡ 26 ᠬᠤᠭᠤᠴᠠᠭ᠎ᠠ ᠠᠩᠭᠢ ᠡᠷᠭᠢᠯᠡᠵᠦ᠍᠂ 1650 ᠵᠡᠮᠳᠡᠭ᠌ᠴᠦᠳ᠎ᠲᠦ ᠴᠥᠮ 1 ᠡᠴᠠ 2 ᠵᠦᠶ᠋ᠯ᠎ᠦᠨ ᠬᠡᠷᠡᠭ᠌ᠯᠡᠭᠡᠨ᠎ᠦ ᠮᠡᠷᠭᠡᠵᠢᠯ ᠡᠵᠡᠮᠱᠢᠭᠦᠯᠵᠦ᠍᠂ 66 ᠲᠦᠮᠡᠨ ᠲᠥᠭᠥᠷᠢᠭ᠎ᠦᠨ ᠪᠠᠯᠠ ᠮᠥᠩᠭᠥ᠌ ᠴᠤᠭ᠍ᠯᠠᠭᠤᠯᠵᠤ᠂ 150 ᠵᠡᠮᠳᠡᠭ᠌ᠴᠦᠳ᠎ᠦᠨ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ᠎ᠳᠤ ᠬᠦᠴᠦᠨ ᠨᠡᠮᠡᠷᠢᠯᠡᠪᠡ᠃
ᠬᠠᠳᠠᠭᠤᠵᠢᠯᠳᠠᠢ ᠴᠢᠷᠮᠠᠢᠯᠭ᠎ᠠ ᠬᠠᠳᠠᠨ ᠵᠤᠷᠢᠭᠳᠠᠨᠢ ᠬᠦᠰᠡᠷᠳᠡᠬᠦᠯᠳᠡᠭ ᠦᠭᠡᠢ ᠭᠡᠳᠡᠭᠴᠢᠯᠡᠨ᠂ ᠸᠠᠩ ᠢᠦᠶ ᠴᠢᠩ᠎ᠦᠨ ᠵᠣᠬᠢᠶᠠᠨ ᠪᠠᠢᠭᠤᠯᠵᠤ ᠬᠡᠷᠡᠭ᠌ᠵᠢᠭᠦᠯᠦᠭ᠌ᠰᠡᠨ 15 ᠲᠥᠷᠥᠯ ᠵᠦᠶ᠋ᠯ ᠨᠢ 29 ᠤᠳᠠᠭ᠎ᠠ ᠤᠯᠤᠰ᠂ ᠥᠪᠡᠷᠲᠡᠭᠡᠨ ᠵᠠᠰᠠᠬᠤ ᠣᠷᠣᠨ᠎ᠤ ᠱᠠᠩᠨᠠᠯ᠎ᠢ ᠭᠥᠷᠳᠡᠪᠡ᠃ ᠲᠡᠷᠡ ᠤᠷᠢᠳ ᠬᠣᠵᠢᠳ 《ᠥᠪᠥᠷ ᠮᠣᠩᠭᠣᠯ᠎ᠤᠨ ᠠᠷᠪᠠᠨ ᠱᠢᠯᠢᠳᠡᠭ ᠰᠠᠢᠨ ᠳᠤᠷᠠᠴᠤᠤᠯ》᠂ 《ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠴᠡᠷᠢᠭ᠎ᠡᠴᠡ ᠬᠠᠯᠠᠭ᠍ᠳᠠᠭ᠍ᠰᠠᠳ》 ᠵᠡᠷᠭᠡ ᠢᠷᠠᠭᠤ ᠠᠯᠳᠠᠷ᠎ᠢ ᠭᠥᠷᠳᠡᠪᠡ᠃
《ᠮᠢᠨᠦ᠍ ᠦᠵᠡᠬᠦ᠌᠎ᠪᠡᠷ᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠪᠣᠯ ᠰᠠᠨᠠᠭᠤᠯᠤᠮᠠᠷ ᠴᠢᠬᠤᠯᠠ ᠥᠬᠡᠶ ᠤᠬᠠᠮᠰᠠᠷᠲᠤ ᠠᠵᠢᠯᠯᠠᠭ᠎ᠠ ᠮᠥᠨ᠂ ᠴᠢᠰᠤ ᠮᠢᠬᠠᠨ᠎ᠳᠤ ᠠᠭᠤᠰᠭᠤ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ ᠮᠥᠨ》 ᠬᠡᠵᠤ ᠸᠠᠩ ᠢᠦᠢ ᠴᠢᠩ ᠡᠷᠡᠰ ᠪᠠᠲᠤᠶᠠᠷᠢᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃