2023-03-02 11:03:37
2013 ᠣᠨ ᠤ᠋ 11 ᠰᠠᠷ᠎ᠠ ᠳ᠋ᠤ 《ᠲᠡᠨᠦᠭᠦᠯ ᠠᠮᠢᠲᠠᠨ ᠢ᠋ ᠠᠪᠤᠷᠠᠨ ᠲᠤᠰᠠᠯᠠᠬᠤ》 ᠨᠡᠢᠲᠡ ᠵᠢᠨ ᠠᠰᠠᠷᠠᠮᠵᠢ ᠵᠢᠨ ᠠᠵᠢᠯᠯᠠᠭ᠎ᠠ ᠥᠷᠨᠢᠭᠦᠯᠪᠡ᠃ ᠨᠢᠭᠡ ᠭᠠᠷᠠᠭ ᠪᠤᠯᠤᠭ᠎ᠠ ᠦᠭᠡᠢ᠎ᠪᠠᠷ᠂ ᠬᠠᠯᠠᠭᠤᠨ ᠰᠡᠳᠭᠢᠯᠲᠦ ᠬᠥᠮᠦᠰ ᠤ᠋ᠨ ᠬᠠᠨᠳᠢᠪᠯᠠᠭ᠍ᠰᠠᠨ 5 ᠲᠦᠮᠡ ᠭᠠᠷᠤᠶ ᠲᠥᠭᠥᠷᠢᠭ ᠤ᠋ᠨ ᠡᠳ᠋ ᠪᠣᠳᠠᠰ ᠢ᠋ ᠬᠣᠷᠢᠶᠠᠨ ᠣᠯᠵᠤ᠂ ᠮᠢᠩᠭ᠎ᠠ ᠭᠠᠷᠤᠶ ᠬᠥᠮᠦᠨ ᠡᠨᠡ ᠬᠦ᠌ ᠠᠵᠢᠯᠯᠠᠭ᠎ᠠ ᠳ᠋ᠤ ᠤᠷᠤᠯᠴᠠᠭᠰᠠᠨ ᠪᠠᠢᠨ᠎ᠠ᠃
2014 ᠣᠨ ᠤ᠋ 4 ᠰᠠᠷᠠᠳᠤ᠂ ᠪᠤᠭᠤᠲᠤ ᠵᠢᠨ ᠷᠠᠳᠢᠣ᠋ ᠲᠸᠯᠸᠢᠰ ᠬᠣᠷᠢᠶᠠᠲᠠᠶ ᠬᠠᠮᠲᠤᠷᠠᠨ 《ᠪᠤᠭᠤᠲᠤ ᠵᠢᠨ ᠨᠡᠢᠲᠡ ᠵᠢᠨ ᠠᠰᠠᠷᠠᠮᠵᠢ》 ᠬᠡᠬᠦ ᠫᠷᠤᠭ᠌ᠷᠠᠮ ᠦᠶ᠋ᠯᠡᠳᠴᠦ ᠨᠡᠪᠲᠡᠷᠡᠭᠦᠯᠦᠭ᠌ᠰᠡᠨᠦ ᠳᠠᠷᠠᠭ᠎ᠠ᠂ ᠴᠥᠭᠡᠨ ᠪᠤᠰᠤ ᠬᠣᠲᠠ ᠵᠢᠨ ᠠᠷᠠᠳ ᠡᠯ᠎ᠡ ᠲᠥᠷᠥᠯ ᠤ᠋ᠨ ᠨᠡᠢᠲᠡ ᠵᠢᠨ ᠠᠰᠠᠷᠠᠮᠵᠢ ᠵᠢᠨ ᠵᠣᠬᠢᠶᠠᠨ ᠪᠠᠢᠭᠤᠯᠤᠯᠲᠠ ᠶ᠋ᠢ ᠡᠷᠢᠨ ᠰᠤᠷᠠᠭᠯᠠᠵᠤ᠂ ᠨᠡᠢᠲᠡ ᠵᠢᠨ ᠠᠰᠠᠷᠠᠮᠵᠢ ᠵᠢᠨ ᠠᠵᠢᠯᠯᠠᠭ᠎ᠠ ᠳ᠋ᠤ ᠢᠳᠡᠪᠬᠢᠲᠡᠶ ᠤᠷᠤᠯᠴᠠᠵᠠᠭᠠᠪᠠ᠃
2014 ᠣᠨ ᠤ᠋ 10 ᠰᠠᠷᠠᠳᠤ᠂ ᠵᠠᠯᠠᠭᠤ ᠲᠠᠭᠤᠴᠢᠨ ᠶᠦᠨ ᠹᠸᠢ ᠲᠠᠢ ᠬᠠᠮᠵᠢᠯᠴᠠᠵᠦ᠂ ᠬᠠᠮᠲᠤ ᠪᠡᠷ ᠴᠢᠰᠤ ᠴᠠᠢᠬᠤ ᠡᠪᠡᠳᠴᠢᠨᠲᠡᠶ ᠬᠡᠦᠬᠡᠳᠲᠦ ᠬᠠᠨᠳᠢᠪ ᠡᠷᠭᠦᠬᠦ ᠠᠵᠢᠯᠯᠠᠭ᠎ᠠ ᠡᠷᠬᠢᠯᠡᠵᠡᠢ᠃
2016 ᠣᠨ ᠤ᠋ 6 ᠰᠠᠷᠠᠳᠤ᠂ ᠪᠤᠭᠤᠲᠤ ᠬᠣᠲᠠ ᠵᠢᠨ ᠬᠤᠪᠢ ᠵᠢᠨ ᠮᠠᠰᠢᠨ ᠲᠡᠷᠭᠡ ᠲᠠᠢ ᠬᠦᠮᠤᠰᠢ ᠤᠷᠢᠶᠠᠯᠠᠨ ᠬᠠᠮᠲᠤᠪᠠᠷ ᠬᠡᠦᠬᠡᠳ ᠤ᠋ᠨ ᠠᠮᠤᠷ ᠲᠦᠪᠱᠢᠨᠢ ᠬᠠᠮᠠᠭᠠᠯᠠᠬᠤ ᠲᠤᠰᠠᠯᠠᠮᠵᠢ ᠵᠢᠨ ᠲᠠᠪᠴᠠᠩ ᠢ᠋ ᠪᠠᠢᠭᠤᠯᠪᠠ᠃ ᠣᠳᠣᠬᠠᠨ ᠳ᠋ᠤ᠂ ᠪᠥᠬᠥ᠌ ᠪᠤᠭᠤᠲᠤ ᠬᠣᠲᠠ ᠳ᠋ᠤ ᠨᠢᠭᠡᠨᠲᠡ 6000 ᠱᠢᠬᠠᠮ ᠬᠤᠪᠢ ᠵᠢᠨ ᠮᠠᠰᠢᠨ ᠲᠡᠷᠭᠡ ᠪᠣᠯᠤᠨ 500 ᠱᠢᠬᠠᠮ ᠰᠠᠢᠨ ᠲᠤᠷᠠᠴᠤᠤᠯ ᠲᠣᠰ ᠠᠵᠢᠯᠯᠠᠭ᠎ᠠ ᠳ᠋ᠤ ᠣᠷᠣᠯᠴᠠᠵᠤ᠂ ᠨᠠᠰᠤᠨ ᠳ᠋ᠤ ᠥᠯᠥ᠍ ᠬᠦᠷᠦᠭ᠌ᠰᠡᠳ ᠤ᠋ᠨ ᠭᠠᠳᠠᠭ᠍ᠰᠢ ᠭᠠᠷᠬᠤ ᠠᠵᠢᠯᠯᠠᠭ᠎ᠠ ᠳ᠋ᠤ ᠠᠮᠤᠷ ᠲᠦᠪᠱᠢᠨᠦ ᠲᠤᠰᠠᠯᠠᠮᠵᠢ ᠭᠤᠶᠤᠴᠢᠯᠠᠬᠤ ᠲᠤᠤᠷ ᠰᠦᠯᠵᠢᠶ᠎ᠡ ᠶ᠋ᠢ ᠪᠠᠢᠭᠤᠯᠵᠤ ᠥᠭ᠌ᠴᠡᠶ᠃
ᠡᠨᠡ ᠪᠣᠯ ᠪᠤᠭᠤᠲᠤ ᠬᠣᠲᠠ ᠵᠢᠨ ᠠᠯᠪᠠᠨ ᠵᠢᠷᠤᠮ ᠤ᠋ᠨ ᠠᠵᠢᠯᠴᠢᠨ ᠤ᠋ ᠬᠣᠯᠪᠣᠭᠠᠲᠤ ᠬᠤᠷᠠᠯ ᠤ᠋ᠨ ᠳᠡᠳ᠋ ᠳᠠᠷᠤᠭ᠎ᠠ ᠬᠤ᠌ ᠯᠢ ᠸᠧᠶ ᠵᠢᠨ ᠣᠢᠷ᠎ᠠ ᠵᠢᠨ ᠬᠡᠳᠦᠨ ᠵᠢᠯ ᠤ᠋ᠨ ᠦᠷᠨᠢᠬᠦᠯᠦᠭᠰᠡᠨ ᠨᠡᠢᠲᠡ ᠵᠢᠨ ᠠᠰᠠᠷᠠᠮᠵᠢ ᠵᠢᠨ ᠬᠢᠷᠢ ᠪᠦᠲᠦᠮᠵᠢ ᠵᠢᠨ ᠬᠠᠭᠤᠳᠠᠰᠤ ᠪᠣᠯᠤᠨ᠎ᠠ᠃
ᠣᠬᠣᠷᠬᠠᠨ ᠬᠡᠳᠦᠬᠡᠨ ᠵᠢᠯ ᠤ᠋ᠨ ᠬᠤᠭᠤᠴᠠᠭᠠᠨᠳᠤ᠂ ᠲᠡᠷᠡ ᠣᠷᠴᠢᠨ ᠲᠤᠭᠤᠷᠢᠨ ᠤ᠋ ᠬᠠᠮᠠᠭᠠᠯᠠᠯᠲᠠ᠂ ᠠᠮᠢᠲᠠᠨ ᠤ᠋ ᠬᠠᠮᠠᠭᠠᠯᠠᠯᠲᠠ᠂ ᠡᠷᠡᠭᠦᠯ ᠮᠡᠨᠳᠦ᠍ ᠵᠢᠨ ᠦᠶ᠋ᠯᠡᠴᠢᠯᠡᠭᠡ᠂ ᠰᠡᠳᠭᠢᠴᠡ ᠵᠢᠨ ᠵᠥᠪᠯᠡᠯᠭᠡ᠂ ᠨᠠᠰᠤᠲᠠᠨ ᠢ᠋ ᠬᠦᠨᠳᠦᠯᠡᠵᠦ᠍ ᠵᠡᠮᠳᠡᠭ᠌ᠴᠦᠳ ᠢ᠋ ᠲᠤᠰᠠᠯᠠᠬᠤ᠂ ᠵᠠᠯᠠᠭᠤᠴᠤᠳ ᠪᠠᠭᠠᠴᠤᠳ ᠤ᠋ᠨ ᠬᠥᠭ᠌ᠵᠢᠯᠲᠡ ᠵᠡᠷᠭᠡ 16 ᠦᠶ᠋ᠯᠡᠴᠢᠯᠡᠭᠡᠨᠦ ᠱᠢᠷᠢᠰ ᠠᠵᠢᠯᠯᠠᠭ᠎ᠠ ᠬᠢᠬᠡᠳ 50 ᠭᠠᠷᠤᠶ ᠦᠶ᠋ᠯᠡᠴᠢᠯᠡᠭᠡᠨᠦ ᠵᠦᠶ᠋ᠯᠡᠰ (ᠲᠦᠷᠦᠯ) ᠢ᠋ ᠪᠠᠭ᠍ᠲᠠᠭᠠᠭ᠍ᠰᠠᠨ ᠡᠯ᠎ᠡ ᠵᠦᠶ᠋ᠯ ᠤ᠋ᠨ ᠰᠠᠢᠨ ᠳᠤᠷ᠎ᠠ ᠵᠢᠨ ᠦᠶ᠋ᠯᠡᠴᠢᠯᠡᠭᠡᠨᠦ ᠠᠵᠢᠯᠯᠠᠭ᠎ᠠ ᠶ᠋ᠢ ᠣᠯᠠᠨ ᠤᠳᠠᠭ᠎ᠠ ᠵᠣᠬᠢᠶᠠᠨ ᠪᠠᠢᠭᠤᠯᠵᠤ᠂ ᠨᠡᠢᠲᠡ 4870 ᠭᠠᠷᠤᠢ ᠴᠠᠭᠤᠨ ᠰᠠᠢᠨ ᠳᠤᠷ᠎ᠠ ᠵᠢᠨ ᠦᠶ᠋ᠯᠡᠴᠢᠯᠡᠭᠡ ᠥᠷᠨᠢᠭᠦᠯᠦᠯ᠎ᠡ᠃
ᠬᠤ᠌ ᠯᠢ ᠸᠧᠶ ᠶᠡᠬᠡ ᠰᠤᠷᠭᠠᠭᠤᠯᠢᠪᠠᠨ ᠲᠡᠭᠦᠰᠦᠭ᠌ᠰᠡᠨᠦ ᠳᠠᠷᠠᠭ᠎ᠠ ᠠᠵᠤ ᠠᠬᠤᠢᠯᠠᠯ ᠤ᠋ᠨ ᠬᠠᠮᠢᠶᠠᠷᠤᠯᠲᠠ ᠵᠢᠨ ᠠᠵᠢᠯ ᠢ᠋ ᠬᠢᠭ᠌ᠰᠡᠭᠡᠷ ᠢᠷᠡᠵᠠᠢ᠃ 《2013 ᠣᠨ ᠤ᠋ ᠨᠢᠭᠡ ᠤᠳᠠᠭᠠᠨ ᠤ᠋ ᠭᠡᠨᠡᠳᠲᠡ ᠵᠢᠨ ᠲᠣᠬᠢᠶᠠᠯᠳᠤᠯ ᠵᠢᠡᠷ ᠪᠢ ᠨᠡᠢᠲᠡ ᠵᠢᠨ ᠠᠰᠠᠷᠠᠮᠵᠢ ᠵᠢᠨ ᠠᠵᠢᠯᠯᠠᠭᠠᠲᠠᠶ ᠨᠦᠬᠦᠷᠯᠡᠭᠰᠡᠨ ᠡᠴᠡ᠂ ᠮᠢᠨᠦ ᠠᠮᠢᠳᠤᠷᠠᠯ ᠳ᠋ᠤ ᠪᠠᠭ᠎ᠠ ᠪᠤᠰᠤ ᠪᠠᠶᠠᠷ ᠪᠠᠶᠠᠰᠤᠯ ᠠᠪᠴᠢᠷᠠᠯ᠎ᠠ᠃ ᠨᠡᠢᠲᠡ ᠵᠢᠨ ᠠᠰᠠᠷᠠᠮᠵᠢ ᠵᠢᠨ ᠦᠢᠯᠡᠰ ᠤ᠋ᠨ ᠲᠤᠬᠠᠶ ᠬᠢᠵᠠᠭᠠᠯᠠᠰᠢ ᠥᠬᠡᠶ ᠬᠠᠯᠠᠭᠤᠨ ᠰᠡᠳᠭᠢᠯᠭᠡ ᠶ᠋ᠢ ᠡᠪᠦᠷᠯᠡᠨ᠂ ᠥᠨᠳᠥᠷ ᠴᠠᠯᠢᠩ ᠲᠠᠢ ᠠᠵᠢᠯ ᠵᠢᠡᠨ ᠦᠴᠦᠬᠡᠨ ᠴᠤ᠌ ᠡᠷᠡᠭᠡᠯᠵᠡᠯ ᠦᠭᠡᠢ ᠬᠠᠶᠠᠵᠤ᠂ ᠨᠢᠭᠡᠨ ᠪᠦᠷᠢᠨ ᠲᠤᠱᠢᠶᠠᠯᠲᠤ ᠠᠯᠪᠠᠨ ᠵᠢᠷᠤᠮ ᠤ᠋ᠨ ᠠᠵᠢᠯᠴᠢᠨ ᠪᠣᠯᠵᠣ᠂ 〈ᠪᠥᠬᠥ᠌ ᠠᠷᠠᠳ ᠤ᠋ᠨ ᠨᠡᠢᠲᠡ ᠵᠢᠨ ᠠᠰᠠᠷᠠᠮᠵᠢ〉〈ᠪᠥᠬᠥ᠌ ᠠᠷᠠᠳ ᠤ᠋ᠨ ᠢᠳᠡᠪᠬᠢ ᠬᠦᠴᠦᠨ〉 ᠤ᠋ ᠠᠵᠢᠯ ᠦᠶ᠋ᠯᠡᠰ ᠢ᠋ ᠡᠴᠦᠰᠲᠦᠨᠢ ᠲᠤᠯᠲᠠᠯ᠎ᠠ ᠬᠢᠬᠦ᠌ᠪᠡᠷ ᠵᠣᠷᠢᠭ ᠱᠢᠭᠤᠳᠴᠠᠶ》 ᠬᠡᠵᠦ ᠬᠤ᠌ ᠯᠢ ᠸᠧᠶ ᠶᠠᠷᠢᠵᠦ ᠪᠠᠢᠯ᠎ᠠ᠃
ᠨᠡᠢᠲᠡ ᠵᠢᠨ ᠠᠰᠠᠷᠠᠮᠵᠢ ᠵᠢᠨ ᠠᠵᠢᠯ ᠳ᠋ᠤ ᠣᠷᠣᠯᠴᠠᠭ᠍ᠰᠠᠨ 10 ᠵᠢᠯ ᠤ᠋ᠨ ᠲᠤᠷᠰᠢ᠂ ᠬᠤ᠌ ᠯᠢ ᠸᠧᠢ ᠥᠪᠡᠷ ᠵᠢᠡᠨ ᠯᠸᠢ ᠹᠸᠩ ᠡᠴᠡ ᠳᠠᠭᠠᠨ ᠰᠤᠷᠤᠯᠴᠠᠬᠤ ᠵᠢᠨ ᠬᠠᠮᠲᠤ᠂ ᠨᠠᠮ ᠤ᠋ᠨ ᠭᠡᠱᠢᠭᠦᠨᠦ ᠵᠢᠱ᠌ᠢᠶᠡᠴᠢ ᠳᠠᠭᠠᠭᠤᠯᠬᠤ ᠦᠢᠯᠡᠳᠦᠯ ᠢ᠋ ᠭᠦᠢᠴᠡᠳ ᠪᠠᠳᠠᠷᠠᠭᠤᠯᠵᠤ᠂ ᠳᠡᠷᠭᠡᠳᠡᠬᠢ ᠨᠡᠩ ᠤᠯᠠᠨ ᠬᠥᠮᠦᠰ ᠤ᠋ᠨ ᠯᠸᠢ ᠹᠸᠩ ᠡᠴᠡ ᠳᠠᠭᠠᠨ ᠰᠤᠷᠤᠯᠴᠠᠬᠤ ᠶ᠋ᠢ ᠢᠳᠡᠪᠬᠢᠲᠡᠢ ᠬᠦᠳᠦᠯᠦᠨ ᠳᠠᠭᠠᠭᠤᠯᠵᠤ ᠳᠠᠢᠴᠢᠯᠠᠬᠤ ᠵᠢᠨ ᠬᠠᠮᠲᠤ ᠠᠭᠠᠵᠢᠮ ᠵᠢᠡᠷ ᠬᠠᠯᠠᠭᠤᠨ ᠰᠡᠳᠭᠢᠯᠲᠦ ᠬᠥᠮᠦᠰ᠂ ᠠᠵᠤ ᠠᠬᠤᠢᠯᠠᠯ᠂ ᠲᠤᠰᠠᠯᠠᠮᠵᠢ ᠦᠵᠡᠭᠦᠯᠬᠦ᠌ ᠡᠲᠡᠭᠡᠳ ᠭᠤᠷᠪᠠᠨ ᠲᠠᠯ᠎ᠠ ᠵᠢᠨ ᠬᠣᠭᠣᠷᠣᠨᠳᠣᠬᠢ ᠲᠣᠭ᠍ᠲᠠᠴᠠ ᠨᠢ ᠨᠡᠩ ᠲᠡᠭᠦᠯᠳᠡᠷᠵᠢᠭ᠌ᠰᠡᠨ ᠲᠠᠪᠴᠠᠩ ᠢ᠋ ᠪᠠᠢᠭᠤᠯᠵᠤ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌᠂ ᠪᠣᠯᠪᠠᠰᠤᠨ ᠬᠤᠳᠠ ᠶ᠋ᠢ ᠡᠭᠦᠳᠦᠨ ᠪᠠᠢᠭᠤᠯᠬᠤ᠂ ᠬᠦᠴᠢᠷᠳᠡᠯᠲᠡᠢ ᠡᠷᠦᠬᠡ ᠶ᠋ᠢ ᠬᠠᠪᠰᠤᠷᠤᠨ ᠲᠡᠳᠬᠦᠬᠦ᠌᠂ ᠵᠣᠵᠢᠭ ᠡᠪᠡᠳᠴᠢᠨᠲᠡᠶ ᠬᠡᠦᠬᠡᠳ ᠢ᠋ ᠬᠠᠯᠠᠮᠵᠢᠯᠠᠨ ᠬᠠᠢᠷᠠᠯᠠᠬᠤ ᠵᠡᠷᠭᠡ ᠡᠯ᠎ᠡ ᠲᠦᠷᠦᠯ ᠤ᠋ᠨ ᠯᠸᠢ ᠹᠸᠩ ᠡᠴᠡ ᠳᠠᠭᠠᠨ ᠰᠤᠷᠤᠯᠴᠠᠬᠤ ᠰᠠᠢ᠌ᠨ ᠳᠤᠷ᠎ᠠ ᠵᠢᠨ ᠦᠢᠯᠡᠴᠢᠯᠡᠭᠡᠨᠦ ᠠᠵᠢᠯᠯᠠᠭ᠎ᠠ ᠶ᠋ᠢ ᠬᠡᠳᠦᠨ ᠵᠠᠭᠤᠨ ᠲᠠᠯᠠᠪᠤᠷ ᠢᠳᠡᠪᠬᠢᠲᠠᠢ ᠥᠷᠨᠢᠭᠦᠯᠵᠦ᠍᠂ 150 ᠭᠠᠷᠤᠢ ᠲᠦᠮᠡᠨ ᠲᠥᠭᠥᠷᠢᠭ ᠤ᠋ᠨ ᠬᠠᠨᠳᠢᠪᠤᠨ ᠵᠣᠭᠣᠰ ᠮᠥᠩᠭᠥ᠌ ᠡᠳ᠋ ᠪᠣᠳᠠᠰ ᠴᠤᠭᠯᠠᠭᠤᠯᠤᠭᠰᠠᠨ ᠪᠠᠢᠨ᠎ᠠ᠃
《ᠬᠤᠢᠰᠢᠳᠠ ᠪᠢ ᠨᠡᠩ ᠤᠯᠠᠨ ᠬᠥᠮᠦᠨ ᠢ᠋ ᠳᠠᠢ᠌ᠴᠢᠯᠠᠨ ᠨᠡᠢᠲᠡ ᠵᠢᠨ ᠠᠰᠠᠷᠠᠮᠵᠢ ᠵᠢᠨ ᠦᠢᠯᠡᠴᠢᠯᠡᠭᠡ ᠳ᠋ᠤ ᠣᠷᠣᠯᠴᠠᠭᠤᠯᠵᠤ᠂ ᠯᠧᠢ ᠹᠧᠩ ᠤ᠋ᠨ ᠵᠣᠷᠢᠭ ᠰᠠᠨᠠᠭ᠎ᠠ ᠶ᠋ᠢ ᠦᠢᠯᠡᠳᠦᠯᠭᠡᠵᠢᠭᠦᠯᠦᠨ᠎ᠡ》 ᠭᠡᠵᠦ᠍ ᠬᠤ᠌ ᠯᠢ ᠸᠧᠢ ᠰᠤᠷᠪᠤᠯᠵᠢᠯᠠᠭ᠍ᠴᠢ ᠳ᠋ᠤ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃